ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠢᠨᠠᠨ ᠬᠠᠮᠢᠶᠠᠷᠴᠤ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
ᠨᠡᠶ᠋ᠢᠲᠡᠯᠡᠭᠰᠡᠨ ᠴᠠᠭ᠄ 2021-03-05

      ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠢᠦ ᠸᠠᠨ ᠬᠤᠸᠠ

      ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠠᠯᠢ ᠤᠯᠠᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠬᠢᠵᠡᠢ᠃ ᠰᠢ ᠵᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ      ᠎ᠳᠠᠭᠠᠨ᠂ ᠬᠦᠮᠦᠨ᠎ᠤ ᠠᠮᠢ ᠨᠠᠰᠤ ᠲᠠᠶ᠋ᠢᠱ᠌ᠠᠨ ᠠᠭᠤᠯᠠᠨ᠎ᠠᠴᠠ ᠬᠦᠨᠳᠦ ᠪᠠᠶ᠋ᠢᠳᠠᠭ ᠪᠣᠯᠬᠣᠷ ᠠᠶᠤᠯ ᠦᠭᠡᠢ ᠦᠢ᠍ᠯᠡᠳᠪᠦᠷᠢᠯᠡᠯ ᠎ᠢ ᠡᠷᠬᠡᠪᠰᠢ ᠴᠢᠬᠤᠯᠠ ᠪᠠᠶ᠋ᠢᠷᠢᠨ᠎ᠳᠤ ᠲᠠᠯᠪᠢᠵᠤ  ᠂ ᠠᠮᠤᠷ ᠲᠦᠪᠰᠢᠨ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠵᠤ  ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠤᠨ  ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ  ᠂ ᠡᠨᠳᠡᠯ᠎ᠤᠨ ᠳᠠᠯᠳᠠ ᠬᠡᠮ᠎ᠢ ᠦᠨᠳᠦᠰᠦᠨ᠎ᠠᠴᠠ᠎ᠨᠢ ᠠᠷᠢᠯᠭ᠋ᠠᠵᠤ  ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠪᠦᠲᠦᠮᠵᠢᠲᠡᠶ᠎ᠪᠠᠷ ᠬᠣᠷᠢᠭᠯᠠᠬᠤ ᠬᠡᠷᠡᠭᠲᠡᠶ ᠭᠡᠵᠡᠶ᠃ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠶᠡᠷᠦᠩᠬᠡᠶ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠢᠨᠵᠧᠨᠧᠷᠢᠩ ᠵᠶ᠋ᠡᠷ ᠳᠤᠲᠠᠭᠤᠳᠠᠯ᠎ᠢ ᠨᠥᠬᠥᠪᠥᠷᠢᠯᠡᠵᠦ  ᠂ ᠠᠵᠢᠯ ᠲᠥᠷᠥᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠬᠢᠨᠠᠮᠠᠭ᠋ᠠᠶ       ᠨᠠᠢ᠌ᠳᠠᠪᠤᠷᠢᠵᠢᠭᠤᠯᠤᠨ᠂ 《ᠪᠥᠲᠥᠭᠡᠨ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡᠪᠡᠷ ᠴᠢᠬᠤᠯᠠᠴᠢᠯᠠᠬᠤ》 ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠦᠨᠡᠨ ᠬᠦ᠌ ᠴᠢᠩᠭ᠋ᠠᠷᠠᠭᠤᠯᠤᠨ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠴᠢᠷᠮᠠᠶ᠋ᠢᠨ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠬᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ  ᠃
     2019 ᠣᠨ᠎ᠠᠴᠠ ᠨᠠᠰᠢ  ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠵᠥᠷᠢᠶ᠎ᠡ ᠪᠣᠯᠤᠨ ᠬᠦᠷᠦᠯᠴᠡᠬᠦ ᠥᠭᠡᠢ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠭᠤᠷᠠᠶ ᠭᠣᠭᠴᠣᠭ᠎ᠠ ᠵᠢ ᠬᠦᠴᠦᠯᠡᠨ ᠴᠢᠩᠭ᠋ᠠᠷᠠᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠲᠣᠭᠣᠷᠢᠨ ᠪᠠᠶ᠋ᠢᠴᠠᠭ᠋ᠠᠵᠤ ᠬᠢᠨᠠᠨ ᠬᠠᠮᠢᠶᠠᠷᠬᠤ ᠡᠷᠴᠢᠮ᠎ᠢ ᠨᠡᠮᠡᠭᠳᠡᠭᠦᠯᠦᠨ᠂ ᠮᠡᠳᠡᠭᠡ ᠵᠠᠩᠭᠢᠵᠢᠭᠤᠯᠬᠤ ᠠᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠨ᠂ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠲᠠᠰᠤᠷᠠᠯᠳᠠ ᠥᠭᠡᠢ ᠪᠡᠬᠢᠵᠢᠭᠦᠯᠵᠦ᠂ ᠠᠶᠤᠯ ᠥᠭᠡᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠵᠦ᠂ ᠦᠢ᠍ᠯᠡᠳᠪᠦᠷᠢᠯᠡᠯ᠎ᠤᠨ ᠠᠶᠤᠯ ᠥᠭᠡᠢ ᠵᠢᠨ ᠡᠨᠳᠡᠯ᠎ᠢ ᠪᠦᠲᠦᠮᠵᠢᠲᠡᠶ ᠰᠡᠷᠭᠡᠶ᠋ᠢᠯᠡᠵᠦ᠂ ᠠᠷᠠᠳ ᠲᠦᠮᠡᠨ᠎ᠤ ᠠᠮᠢ ᠨᠠᠰᠤ ᠡᠳ᠋ ᠬᠥᠷᠦᠩᠭᠡ᠎ᠤᠨ ᠠᠮᠤᠷ ᠲᠦᠪᠰᠢᠨ᠎ᠢ ᠬᠦᠴᠦᠲᠡᠶ ᠪᠠᠲᠤᠯᠠᠵᠤ᠂ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠢ᠍ᠢ᠍ᠬᠤ ᠵᠢ ᠬᠠᠮᠠᠭ᠋ᠠᠯᠠᠨ᠎ᠠ᠃
      ᠨᠢᠭᠡ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠎ᠤᠨ ᠤᠬᠠᠮᠰᠠᠷ ᠪᠣᠯᠤᠨ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠂ ᠶᠡᠷᠦᠩᠬᠡᠢ ᠰᠠᠶ᠋ᠢᠳ ᠯᠢ ᠺᠸ ᠴᠢᠶᠠᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠪᠣᠯᠤᠨ ᠨᠠᠮ ᠊ᠤ᠋ᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠂ ᠤᠰᠤᠨ ᠠᠰᠢᠭᠯᠠᠯᠳᠠ ᠵᠢᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠲᠡᠷᠡ ᠳᠠᠷᠤᠢ᠎ᠳᠤᠨᠢ ᠤᠯᠠᠮᠵᠢᠯᠠᠨ ᠰᠤᠷᠤᠯᠴᠠᠵᠤ᠂ ᠰᠤᠳᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ; ᠦᠢ᠍ᠷ᠎ᠠ ᠵᠢᠨ ᠵᠢᠯ᠎ᠳᠤ ᠪᠦᠬᠦ ᠤᠯᠤᠰ᠎ᠲᠤ ᠭᠠᠷᠤᠭᠰᠠᠨ ᠬᠦᠨᠳᠦ ᠣᠨᠴᠠ ᠶᠡᠬᠡ   ᠡᠨᠳᠡᠯ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠮᠡᠳᠡᠭᠳᠡᠭᠰᠡᠨ ᠠᠶᠤᠯ ᠦᠭᠡᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠡᠨᠳᠡᠯ᠎ᠠᠴᠠ ᠭᠦᠨᠵᠡᠭᠡᠶ ᠰᠤᠷᠭ᠋ᠠᠮᠵᠢ ᠠᠪᠴᠤ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠤ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠪᠠᠭᠤᠷᠠᠶ ᠭᠤᠭᠴᠤᠭ᠎ᠠ ᠵᠢ ᠰᠠᠶ᠋ᠢᠵᠢᠷᠠᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠠᠵᠢᠯ᠎ᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠡᠷᠬᠡ ᠵᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠰᠤᠳᠤᠯᠤᠨ ᠲᠣᠭᠲᠠᠭ᠋ᠠᠵᠤ᠂ ᠤᠰᠤᠨ ᠠᠰᠢᠭᠯᠠᠯᠲᠠ ᠵᠢᠨ ᠦᠢ᠍ᠯᠡᠳᠪᠤᠷᠢᠯᠡᠯ ᠡᠵᠡᠩᠨᠡᠯᠲᠡ ᠵᠢᠨ ᠨᠢᠭᠡᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢᠴᠢ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠶ᠋ᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠯᠡᠯ᠎ᠳᠤ ᠴᠠᠭ ᠲᠤᠬᠠᠶ᠎ᠳᠤ᠎ᠨᠢ ᠲᠤᠬᠢᠷᠠᠭᠤᠯᠤᠯᠳᠠ ᠬᠢᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠭᠣᠣᠯ ᠬᠠᠷᠢᠭᠤᠴᠠᠯᠭ᠋ᠠᠲᠠᠨ ᠵᠢᠴᠢ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠰᠠᠭᠤᠳᠠᠯ᠎ᠢ ᠴᠠᠭ ᠲᠤᠬᠠᠶ᠎ᠳᠤ᠎ᠨᠢ ᠰᠤᠳᠤᠯᠤᠨ   ᠰᠢᠢ᠍ᠳᠪᠤᠷᠢᠯᠡᠨ᠎ᠡ᠃ ᠲᠣᠭᠣᠷᠢᠨ ᠪᠠᠶ᠋ᠢᠴᠠᠭ᠋ᠠᠬᠤ ᠠᠷᠭ᠎ᠠ ᠬᠡᠯᠪᠡᠷᠢ ᠵᠢ ᠠᠪᠴᠤ᠂ ᠠᠶᠤᠯ ᠥᠭᠡᠢ ᠵᠢᠨ ᠲᠦᠭᠰᠢᠭᠦᠷᠢ ᠵᠢ ᠲᠡᠰ   ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ᠎ᠢ   ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠶᠠᠪᠤᠴᠠ᠎ᠳᠠᠬᠢ ᠬᠣᠯᠪᠣᠭᠳᠠᠯ ᠪᠥᠬᠥᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠭᠣᠣᠯᠳᠠᠯᠭ᠎ᠠ᠎ᠲᠠᠢ ᠲᠥᠯᠬᠢᠨ ᠠᠬᠢᠭᠤᠯᠵᠤ᠂ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠠᠶᠤᠯ ᠦᠭᠡᠢ ᠦᠢ᠍ᠯᠡᠳᠪᠦᠷᠢᠯᠡᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠋ᠠᠳᠤ ᠰᠠᠯᠠᠭ᠎ᠠ ᠮᠥᠴᠢᠷ ᠬᠢᠭᠡᠳ ᠠᠶᠤᠯ ᠦᠭᠡᠢ ᠦᠢ᠍ᠯᠡᠳᠪᠦᠷᠢᠯᠡᠯ᠎ᠢ ᠬᠢᠨᠠᠨ ᠬᠠᠮᠢᠶᠠᠷᠬᠤ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠨ᠎ᠠ᠃ ᠡᠨᠳᠡᠯ᠎ᠤᠨ ᠳᠠᠯᠳᠠ ᠬᠡᠮ᠎ᠢ   ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠪᠠ ᠲᠤᠰᠬᠠᠶ ᠵᠤᠢ᠌ᠯ ᠵᠶ᠋ᠡᠷ ᠴᠡᠭᠴᠡᠯᠡᠨ ᠵᠠᠰᠠᠬᠤ ᠠᠵᠢᠯ᠎ᠢ ᠪᠠᠶ᠋ᠢᠩᠭᠤᠵᠢᠭᠤᠯᠤᠨ ᠠᠬᠢᠭᠤᠯᠵᠤ  ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠭᠰᠠᠨ ᠥᠬᠡᠶ  ᠂ ᠳᠠᠯᠳᠠ ᠬᠡᠮ᠎ᠤᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠭᠰᠠᠨ᠎ᠨᠢ ᠪᠥᠬᠥ ᠲᠠᠯ᠎ᠠ ᠵᠢᠨ ᠪᠤᠰᠤ  ᠂   ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠭᠦᠭᠰᠡᠨ᠎ᠨᠢ ᠭᠦᠨᠵᠡᠭᠡᠶ ᠪᠤᠰᠤ ᠵᠡᠷᠭᠡ ᠬᠡᠯᠪᠡᠷᠢ ᠵᠢᠨ ᠦᠵᠡᠯ ᠪᠠ ᠨᠤᠶᠠᠨᠴᠢ ᠰᠤᠷᠳᠠᠯ ᠲᠣᠪᠣᠶ᠋ᠢᠮ᠎ᠠ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠬᠡᠨ᠎ᠡ  ᠃
      ᠬᠣᠶᠠᠷ᠎ᠲᠤ 《ᠰᠦᠯᠵᠢᠶᠡᠨ ᠳᠡᠭᠡᠷᠡᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠭᠠᠳᠠᠨᠠᠬᠢ ᠭᠤᠤᠯᠳᠠᠯᠭ᠎ᠠ᠎ᠲᠠᠢ ᠲᠣᠭᠣᠷᠢᠨ ᠪᠠᠶ᠋ᠢᠴᠠᠭ᠋ᠠᠯᠲᠠ》   ᠵᠢᠨ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠰᠢᠰᠲ᠋ᠧᠮᠵᠢ ᠵᠢ ᠬᠦᠴᠦᠯᠡᠨ ᠪᠠᠶ᠋ᠢᠭᠤᠯᠤᠨ᠎ᠠ᠃ 2019 ᠣᠨ᠎ᠠᠴᠠ ᠡᠬᠢᠯᠡᠨ᠂ ᠪᠢᠳᠡ ᠤᠰᠤᠨ ᠠᠰᠢᠭᠯᠠᠯᠳᠠ ᠵᠢᠨ ᠶᠠᠮᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠢᠨᠵᠧᠨᠧᠷᠢᠩ (ᠨᠢᠭᠡᠳᠦᠭᠡᠷ ᠬᠤᠭᠤᠴᠠᠭ᠎ᠠ)᠎ᠤᠨ ᠲᠥᠷᠥᠯ ᠵᠦᠢ᠍ᠯ᠎ᠳᠤ ᠲᠦᠰᠢᠭᠯᠡᠨ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠳᠤ 《ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ + ᠮᠡᠳᠡᠭᠡ ᠵᠠᠩᠭᠢᠵᠢᠯᠲᠠ》 ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠬᠥᠳᠡᠯᠦᠩᠭᠦᠶ ᠮᠡᠳᠡᠭᠡ ᠵᠠᠩᠭᠢ ᠴᠤᠭᠯᠠᠭᠤᠯᠬᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠶᠡᠷᠦᠩᠬᠡᠶ᠋ᠢᠯᠡᠨ ᠰᠢᠯᠭ᠋ᠠᠨ ᠦᠨᠡᠯᠡᠬᠦ ᠵᠢ ᠠᠯᠬᠤᠮ ᠠᠯᠬᠤᠮ ᠵᠶ᠋ᠠᠷ ᠬᠡᠷᠡᠭᠵᠢᠭᠦᠯᠵᠦ᠂ ᠰᠦᠯᠵᠢᠶᠡᠨ ᠭᠠᠳᠠᠨ᠎ᠠ ᠲᠣᠭᠣᠷᠢᠨ ᠪᠠᠶ᠋ᠢᠴᠠᠭ᠋ᠠᠬᠤ ᠵᠢ ᠴᠢᠩᠭ᠋ᠠᠳᠬᠠᠬᠤ ᠪᠠ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠬᠢᠨᠠᠨ ᠬᠠᠮᠢᠶᠠᠷᠴᠤ ᠳᠣᠭᠢᠷᠠᠭᠤᠯᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠦᠴᠦᠯᠡᠴᠡ ᠵᠢ ᠨᠡᠮᠡᠭᠳᠡᠬᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠳᠠᠶ᠋ᠢᠴᠢᠯᠠᠬᠤ ᠬᠡᠷᠡᠭᠲᠡᠶ᠃ ᠡᠳᠦᠷ ᠲᠤᠲᠤᠮ᠎ᠤᠨ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠪᠦᠬᠦ ᠣᠷᠣᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠵᠢ ᠥᠷᠨᠢᠭᠦᠯᠬᠦ ᠵᠢᠨ ᠵᠡᠷᠭᠡᠴᠡᠪᠡᠷ᠂ ᠡᠯ᠎ᠡ ᠭᠠᠵᠠᠷ ᠡᠯ᠎ᠡ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠬᠠᠷᠢᠶ᠎ᠠ ᠣᠷᠣᠨ᠎ᠳᠠᠬᠢ ᠬᠡᠪᠴᠢᠶ᠎ᠡ᠎ᠠᠴᠠ ᠳᠡᠭᠡᠭᠰᠢᠬᠢ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠡᠳᠦᠷ ᠲᠤᠳᠤᠮ᠎ᠤᠨ ᠠᠮᠤᠷ ᠲᠦᠪᠰᠢᠨ᠎ᠤ ᠲᠠᠯᠳᠠ ᠭᠡᠮ᠎ᠤᠨ ᠥᠪᠡᠷ᠎ᠤᠨ ᠪᠠᠶ᠋ᠢᠴᠠᠭ᠋ᠠᠯᠳᠠ ᠵᠢ ᠥᠷᠨᠢᠭᠦᠯᠵᠦ᠂ ᠮᠡᠳᠡᠭᠡ ᠵᠠᠩᠭᠢ ᠵᠢᠨ   ᠰᠢᠰᠲᠸᠮ ᠵᠶ᠋ᠡᠷ ᠳᠠᠮᠵᠢᠭᠤᠯᠤᠨ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠭᠰᠠᠨ ᠠᠰᠠᠭᠤᠳᠠᠯ ᠪᠣᠯᠤᠨ ᠲᠠᠯᠳᠠ ᠭᠡᠮ᠎ᠢ ᠰᠢᠢ᠍ᠳᠪᠤᠷᠢᠯᠡᠭᠰᠡᠨ ᠦᠷ᠎ᠡ ᠳ᠋ᠦᠩ᠎ᠢ ᠰᠠᠷ᠎ᠠ ᠪᠦᠷᠢ ᠮᠡᠳᠡᠭᠦᠯᠦᠨ ᠬᠦᠷᠭᠡᠵᠦ᠂ ᠠᠯᠤᠰ᠎ᠠᠴᠠ ᠬᠢᠨᠠᠯᠲᠠ ᠲᠠᠯᠪᠢᠬᠤ᠂ ᠲᠣᠬᠢᠷᠠᠭᠤᠯᠤᠨ ᠵᠢᠯᠣᠭᠣᠳᠬᠤ ᠵᠢ ᠪᠡᠶᠡᠯᠡᠭᠦᠯᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠶ᠃ ᠤᠰᠤᠨ ᠠᠰᠢᠭᠯᠠᠯᠲᠠ ᠵᠢᠨ ᠦᠢ᠍ᠯᠡᠳᠪᠤᠷᠢᠯᠡᠯ ᠡᠵᠡᠩᠨᠡᠯᠲᠡ ᠵᠢᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠡᠳᠦᠷ ᠲᠤᠲᠤᠮ᠎ᠤᠨ ᠲᠦᠭᠰᠢᠭᠦᠷᠢ ᠵᠢᠨ ᠳᠠᠯᠳᠠ ᠬᠡᠮ᠎ᠢ   ᠵᠢᠭᠰᠠᠭ᠋ᠠᠨ ᠪᠠᠶ᠋ᠢᠴᠠᠭ᠋ᠠᠬᠤ ᠵᠢ ᠥᠷᠨᠢᠭᠦᠯᠵᠦ᠂ ᠪᠥᠬᠥ ᠣᠷᠣᠨ᠎ᠤ 2047 ᠬᠠᠮᠢᠶᠠᠷᠤᠯᠲᠠ ᠵᠢᠨ ᠬᠡᠷᠡᠭᠯᠡᠭᠴᠢ᠎ᠳᠤ ᠨᠠᠷᠢᠨ ᠬᠠᠭᠤᠳᠠᠰᠤ ᠭᠠᠷᠭ᠋ᠠᠨ ᠥᠭᠴᠦ᠂ ᠨᠢᠭᠡ ᠨᠢᠭᠡ᠎ᠪᠠᠷ ᠵᠢᠭᠰᠠᠭ᠋ᠠᠨ ᠪᠠᠶ᠋ᠢᠴᠠᠭ᠋ᠠᠵᠤ ᠨᠠᠶ᠋ᠢᠳᠠᠪᠤᠷᠢᠵᠢᠭᠤᠯᠤᠨ᠂ ᠥᠨᠴᠥᠭ ᠪᠤᠯᠤᠩ ᠦᠯᠡᠳᠡᠭᠡᠯ ᠥᠬᠡᠶ᠂ ᠥᠴᠦᠬᠡᠨ ᠴᠦ᠍ ᠣᠷᠬᠢᠭᠳᠠᠭᠤᠯᠬᠤ ᠥᠬᠡᠶ ᠪᠠᠶ᠋ᠢᠯᠭ᠋ᠠᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠣᠭᠣᠷᠢᠨ ᠪᠠᠶ᠋ᠢᠴᠠᠭ᠋ᠠᠯᠲᠠ ᠵᠢ ᠥᠷᠨᠢᠭᠦᠯᠦᠨ᠎ᠡ᠃ ᠰᠦᠯᠵᠢᠶᠡᠨ ᠳᠡᠭᠡᠷ᠎ᠡ ᠣᠷᠳᠣ ᠬᠤᠭᠤᠴᠠᠭ᠎ᠠ᠎ᠪᠠᠷ 《ᠳᠠᠯᠳᠠ ᠬᠡᠮ᠎ᠤᠨ ᠪᠠᠢ᠍ᠢ᠍ᠳᠠᠯ》᠎ᠢ ᠳᠡᠭᠡᠭᠰᠢ ᠮᠡᠳᠡᠬᠦᠯᠬᠦ ᠭᠠᠵᠠᠷ ᠣᠷᠣᠨ ᠵᠶ᠋ᠡᠷ   ᠭᠤᠤᠯᠳᠠᠯᠭ᠎ᠠ ᠪᠣᠯᠭ᠋ᠠᠨ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠳᠥᠷᠪᠡᠨ ᠪᠢᠰᠢ ᠬᠣᠶᠠᠷ ᠰᠢᠯᠤᠭᠤᠨ》᠎ᠤ ᠠᠷᠭ᠎ᠠ ᠮᠠᠶᠢᠭ᠎ᠢ ᠬᠡᠷᠡᠭᠯᠡᠨ ᠲᠤᠰᠬᠠᠶ ᠵᠤᠢ᠌ᠯ ᠵᠶ᠋ᠡᠷ ᠲᠣᠭᠣᠷᠢᠨ ᠪᠠᠶ᠋ᠢᠴᠠᠭ᠋ᠠᠬᠤ ᠵᠢ ᠥᠷᠨᠢᠭᠦᠯᠬᠦ ᠵᠢᠨ ᠬᠠᠮᠲᠤ᠂ ᠴᠤᠤᠯ ᠭᠤᠤᠯ᠎ᠢ ᠲᠠᠲᠠᠵᠤ ᠯᠢᠶᠣᠤ ᠾᠧ   ᠭᠤᠤᠯ᠎ᠳᠤ ᠲᠤᠰᠠᠯᠠᠬᠤ᠂ ᠳ᠋ᠦᠩ᠎ᠲᠠᠢ ᠽᠢ ᠤᠰᠤᠨ ᠴᠥᠭᠥᠷᠥᠮ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ   ᠵᠤᠢ᠌ᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠎ᠠ ᠠᠩᠬᠠᠷᠴᠤ᠂ ᠪᠥᠬᠥ ᠶᠠᠪᠤᠴᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠷᠠᠭᠤᠯᠤᠨ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠨ᠎ᠠ  ᠃ 2019 ᠣᠨ᠎ᠠᠴᠠ ᠨᠠᠰᠢ᠂ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠲᠤᠰᠠᠯᠠᠬᠤ ᠢᠨᠵᠧᠨᠧᠷᠢᠩ᠎ᠢ 3 ᠤᠳᠠᠭ᠎ᠠ᠂   ᠳ᠋ᠦᠩ᠎ᠲᠠᠢ ᠽᠢ ᠤᠰᠤᠨ ᠴᠥᠭᠥᠷᠥᠮ᠎ᠢ 4 ᠤᠳᠠᠭ᠎ᠠ ᠬᠢᠨᠠᠨ ᠪᠠᠶ᠋ᠢᠴᠠᠭ᠋ᠠᠵᠤ᠂ ᠪᠤᠷᠤᠭᠤ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ ᠴᠠᠭ ᠲᠤᠬᠠᠶ᠎ᠳᠤᠨᠢ ᠵᠠᠯᠠᠷᠠᠭᠤᠯᠵᠤ᠂ ᠣᠯᠵᠤ ᠮᠡᠳᠡᠭᠰᠡᠨ ᠠᠰᠠᠭᠤᠳᠠᠯ᠎ᠳᠤ ᠴᠠᠭ ᠲᠤᠬᠠᠶ᠎ᠳᠤᠨᠢ ᠰᠠᠨᠠᠯ ᠵᠶ᠋ᠠᠨ ᠰᠣᠯᠢᠯᠴᠠᠬᠤ ᠵᠢᠨ ᠬᠠᠮᠲᠤ ᠬᠢᠨᠠᠯᠲᠠ ᠲᠠᠯᠪᠢᠵᠤ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ᠎ᠤᠨ ᠪᠢᠴᠢᠭ ᠪᠠᠭᠤᠯᠭ᠋ᠠᠪᠠ᠃ ᠲᠠᠪᠴᠠᠩ᠎ᠢ ᠢᠳᠡᠪᠬᠢᠲᠡᠶ᠎ᠪᠠᠷ ᠪᠠᠶ᠋ᠢᠭᠤᠯᠵᠤ᠂ ᠮᠡᠳᠡᠭᠡ ᠵᠠᠩᠭᠢ ᠵᠢᠨ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠡᠯ᠎ᠡ ᠠᠶ᠋ᠢᠮᠠᠭ ᠬᠤᠳᠠ᠂ ᠡᠯ᠎ᠡ ᠬᠣᠰᠢᠭᠤ ᠰᠢᠶᠠᠨ(ᠬᠤᠳᠠ᠂ ᠲᠣᠭᠣᠷᠢᠭ)᠂ ᠡᠯ᠎ᠡ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠲᠤᠰᠬᠠᠶ ᠬᠥᠮᠦᠨ ᠲᠣᠮᠢᠯᠠᠨ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢ ᠬᠠᠷᠢᠭᠤᠴᠠᠭᠤᠯᠵᠤ᠂ ᠠᠵᠢᠯ᠎ᠤᠨ ᠰᠣᠯᠢᠯᠴᠠᠭ᠎ᠠ ᠵᠢᠨ ᠪᠦᠯᠦᠭᠯᠡᠯ᠎ᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ ᠡᠯ᠎ᠡ ᠱᠠᠲᠤᠨ᠎ᠤ ᠲᠠᠪᠴᠠᠩ᠎ᠤᠨ ᠰᠢᠰᠲᠸᠮ᠎ᠤᠨ ᠠᠵᠢᠯᠯᠠᠭ᠎ᠠ ᠵᠢ ᠰᠠᠶ᠋ᠢᠲᠤᠷ ᠠᠳᠬᠤᠬᠤ ᠵᠢ ᠵᠢᠯᠣᠭᠣᠳᠴᠤ᠂ ᠦᠨᠳᠦᠰᠦᠨ ᠱᠠᠲᠤᠨ᠎ᠤ ᠮᠡᠷᠭᠡᠵᠢᠯ᠎ᠤᠨ ᠬᠦᠴᠦᠨ ᠪᠠᠭᠤᠷᠠᠶ ᠪᠠᠶ᠋ᠢᠭ᠎ᠠ ᠠᠰᠠᠭᠤᠳᠠᠯ᠎ᠢ ᠰᠢᠢ᠍ᠳᠪᠤᠷᠢᠯᠡᠵᠦ᠂ ᠮᠡᠳᠡᠭᠡ ᠵᠠᠩᠭᠢ ᠵᠢᠨ ᠰᠢᠰᠲᠸᠮ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠣᠯᠪᠠᠰᠤᠷᠠᠯ᠎ᠢ ᠢᠳᠡᠪᠬᠢᠲᠡᠶ ᠥᠷᠨᠢᠭᠦᠯᠵᠦ᠂ ᠡᠯ᠎ᠡ ᠱᠠᠲᠤᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ  ᠃
      ᠭᠤᠷᠪᠠ᠎ᠳᠤ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠤᠨ᠎ᠠ᠃ ᠪᠢᠳᠡ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠴᠢᠩᠭ᠎ᠠ ᠬᠢᠨᠠᠯᠲᠠ ᠬᠠᠮᠢᠶᠠᠷᠤᠯᠲᠠ ᠵᠢ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠴᠢᠩᠭ᠎ᠠ ᠬᠢᠨᠠᠯᠲᠠ ᠬᠠᠮᠢᠶᠠᠷᠤᠯᠲᠠ ᠵᠢ ᠠᠬᠢᠭᠤᠯᠬᠤ ᠵᠢᠨ ᠬᠣᠷᠢᠭ᠎ᠠ ᠱᠤᠭᠤᠮ ᠪᠠ ᠰᠠᠭᠤᠷᠢ ᠪᠣᠯᠭ᠋ᠠᠬᠤ ᠵᠢ ᠪᠠᠷᠢᠮᠲᠠᠯᠠᠵᠤ᠂ ᠪᠦᠬᠦ ᠣᠷᠣᠨ᠎ᠤ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠪᠠᠭᠤᠷᠠᠢ ᠭᠣᠭᠴᠣᠭ᠎ᠠ ᠵᠢ ᠴᠢᠩᠭ᠎ᠠ ᠠᠩᠬᠠᠷᠴᠤ᠂ ᠤᠰᠤᠨ ᠠᠰᠢᠭᠯᠠᠯᠲᠠ᠎ᠪᠠᠷ ᠶᠠᠳᠠᠭᠤ ᠵᠢ ᠲᠡᠳᠬᠦᠬᠦ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ᠂ 《ᠭᠤᠷᠪᠠᠨ ᠤᠰᠤ》 ᠵᠢᠨ ᠠᠰᠠᠭᠤᠳᠠᠯ᠎ᠢ ᠴᠡᠭᠴᠡᠯᠡᠨ ᠵᠠᠰᠠᠬᠤ ᠵᠡᠷᠭᠡ ᠠᠵᠢᠯ᠎ᠯᠤᠭ᠎ᠠ ᠨᠢᠭᠡ ᠴᠤᠭᠴᠠᠵᠢᠭᠤᠯᠤᠨ ᠠᠬᠢᠭᠤᠯᠵᠤ᠂ ᠲᠤᠰᠬᠠᠢ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠠᠬᠢᠭᠤᠯᠤᠨ᠎ᠠ᠃ ᠨᠢᠭᠡ ᠲᠠᠯ᠎ᠠ᠎ᠪᠠᠷ᠂ ᠤᠰᠤᠨ ᠴᠥᠭᠥᠷᠥᠮ᠎ᠤᠨ ᠠᠶᠤᠯᠭᠦᠶ ᠠᠵᠢᠯᠯᠠᠭ᠋ᠠᠨ᠎ᠤ ᠲᠤᠰᠬᠠᠶ ᠠᠵᠢᠯᠯᠠᠭ᠎ᠠ ᠵᠢ ᠬᠦᠴᠦᠯᠡᠨ ᠰᠠᠶ᠋ᠢᠲᠤᠷ ᠠᠳᠬᠤᠨ᠎ᠠ᠃ ᠽᠸᠩ ᠯᠦᠩ ᠴᠠᠩ ᠤᠰᠤᠨ ᠴᠥᠭᠥᠷᠥᠮ᠎ᠤᠨ ᠳᠡᠳ᠋ ᠬᠠᠰᠢᠯᠭ᠎ᠠ ᠵᠢᠨ ᠬᠠᠰᠢᠯᠭ᠎ᠠ ᠵᠢ ᠰᠡᠲᠡᠯᠦᠭᠰᠡᠨ ᠡᠨᠳᠡᠯ᠎ᠠᠴᠠ ᠬᠦᠨᠵᠡᠭᠡᠢ ᠰᠤᠷᠭ᠋ᠠᠮᠵᠢ ᠠᠪᠴᠤ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠳᠠᠯᠳᠠᠭᠤᠷ ᠰᠤᠷᠪᠤᠯᠵᠢᠯᠠᠵᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠢ ᠲᠣᠮᠢᠯᠠᠵᠤ᠂ ᠪᠡᠢ᠍ᠢ᠍ᠴᠡᠭ᠋ᠠᠬᠤ ᠲᠤᠭᠤᠢ᠍ᠢ᠍ᠯᠡᠡᠭ ᠠᠶ᠋ᠢᠮᠠᠭ ᠬᠣᠲᠠ᠎ᠳᠤ ᠭᠦᠨᠵᠡᠭᠡᠶ᠋ᠢᠷᠡᠨ ᠦᠶᠡᠷ᠎ᠠᠴᠠ ᠡᠮᠦᠨ᠎ᠡ ᠳᠠᠯᠳᠠᠭᠤᠷ ᠰᠤᠷᠪᠤᠯᠵᠢᠯᠠᠬᠤ᠂ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠤᠨ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠬᠡᠷᠡᠭᠲᠡᠢ  ᠃ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠵᠢᠯᠯᠠᠭ᠋ᠠᠨ᠎ᠢ ᠪᠠᠶ᠋ᠢᠩᠭᠤᠵᠢᠭᠤᠯᠤᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ 《ᠭᠤᠷᠪᠠᠨ ᠬᠠᠷᠢᠭᠤᠴᠠᠯᠭ᠋ᠠᠲᠠᠨ》᠂ 《ᠭᠤᠷᠪᠠᠨ ᠭᠤᠤᠯᠳᠠᠯᠭ᠎ᠠ᠎ᠲᠠᠢ ᠭᠣᠭᠴᠣᠭ᠎ᠠ》 ᠵᠢ ᠰᠢᠮᠳᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠪᠡ᠃ ᠤᠰᠤᠨ᠎ᠤ ᠪᠠᠶ᠋ᠢᠳᠠᠯ᠎ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠴᠥᠭᠥᠷᠥᠮ᠎ᠤᠨ ᠪᠠᠶ᠋ᠢᠳᠠᠯ᠎ᠳᠤᠨᠢ ᠳᠣᠭᠢᠷᠠᠭᠤᠯᠤᠨ ᠳᠣᠭᠢᠷᠠᠭᠤᠯᠬᠤ ᠠᠵᠢᠯᠯᠠᠭ᠋ᠠᠨ᠎ᠤ ᠲᠥᠰᠦᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠬᠤ ᠵᠢᠨ ᠬᠠᠮᠲᠤ ᠤᠷᠢᠳᠴᠢᠯᠠᠨ ᠰᠣᠷᠢᠯᠲᠠ ᠬᠢᠵᠦ᠂ ᠤᠰᠤᠨ ᠴᠥᠭᠥᠷᠥᠮ᠎ᠤᠨ ᠦᠶᠡᠷ᠎ᠤᠨ ᠬᠢᠵᠠᠭ᠋ᠠᠷ᠎ᠤᠨ ᠤᠰᠤᠨ ᠲᠦᠪᠰᠢᠨ᠎ᠤ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠤᠰᠠᠯᠠᠮᠵᠢ ᠵᠢᠨ ᠪᠠᠯᠠ ᠮᠥᠩᠭᠥ ᠵᠢ ᠳᠣᠭᠢᠷᠠᠭᠤᠯᠤᠨ᠂ ᠤᠰᠤᠨ ᠴᠥᠭᠥᠷᠥᠮ᠎ᠤᠨ ᠬᠠᠰᠢᠯᠭ᠎ᠠ ᠵᠢᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠥᠷᠨᠢᠭᠦᠯᠵᠦ᠂ ᠠᠮᠤᠷ ᠲᠦᠪᠰᠢᠨ᠎ᠤ ᠳᠠᠯᠳᠠ ᠬᠡᠮ᠎ᠢ ᠣᠯᠵᠤ ᠮᠡᠳᠡᠪᠡᠯ ᠲᠥᠷᠥᠯ ᠬᠤᠪᠢᠶᠠᠨ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠪᠠ ᠲᠡᠰ ᠪᠠᠭᠤᠷᠠᠭᠤᠯᠤᠨ ᠬᠡᠷᠡᠭᠯᠡᠭᠡᠨ᠎ᠠᠴᠠ ᠭᠠᠷᠭ᠋ᠠᠬᠤ ᠵᠡᠷᠭᠡ ᠵᠢ ᠬᠡᠷᠡᠭᠵᠢᠭᠦᠯᠦᠨ᠎ᠡ᠃ ᠡᠨᠡ ᠵᠢᠯ ᠪᠠᠰᠠ 210 ᠤᠰᠤᠨ ᠴᠥᠭᠥᠷᠥᠮ᠎ᠤᠨ ᠬᠠᠰᠢᠯᠭ᠎ᠠ᠎ᠳᠤ ᠠᠮᠤᠷ ᠲᠦᠪᠰᠢᠨ᠎ᠤ ᠰᠢᠯᠭ᠋ᠠᠨ ᠲᠤᠭᠳᠠᠭ᠋ᠠᠯᠳᠠ ᠬᠢᠵᠦ᠂ 39 ᠤᠰᠤᠨ ᠴᠦᠬᠦᠷᠦᠮ᠎ᠢ ᠬᠡᠷᠡᠭᠯᠡᠭᠡᠨ᠎ᠠᠴᠠ ᠭᠠᠷᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠶᠤᠯᠭᠦᠶ ᠠᠵᠢᠯᠯᠠᠭ᠋ᠠᠨ᠎ᠢ ᠴᠢᠩᠭ᠋ᠠᠳᠬᠠᠪᠠ᠃ ᠨᠥᠭᠥᠭᠡ ᠲᠠᠯ᠎ᠠ᠎ᠪᠠᠷ᠂ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠵᠢ ᠴᠢᠩᠭ᠎ᠠ ᠪᠦᠭᠡᠳ ᠪᠣᠳᠠᠲᠠᠶ᠎ᠪᠠᠷ ᠠᠳᠬᠤᠬᠤ ᠬᠡᠷᠡᠭᠲᠡᠶ  ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠬᠢᠷᠢ ᠬᠡᠮᠵᠢᠶ᠎ᠡ ᠵᠢ ᠲᠠᠰ ᠳᠡᠪᠰᠢᠭᠦᠯᠬᠦ ᠵᠢ ᠴᠢᠩᠭ᠎ᠠ ᠠᠳᠬᠤᠵᠤ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠥᠬᠥ ᠶᠠᠪᠤᠴᠠ ᠵᠢᠨ ᠶᠠᠰᠤ ᠴᠢᠨᠠᠷ᠎ᠤᠨ ᠪᠠᠶ᠋ᠢᠴᠠᠭ᠋ᠠᠬᠤ᠂ ᠲᠣᠭᠣᠷᠢᠨ ᠪᠠᠶ᠋ᠢᠴᠠᠭ᠋ᠠᠬᠤ᠂ ᠳᠠᠯᠳᠠᠭᠤᠷ ᠰᠤᠷᠪᠤᠯᠵᠢᠯᠠᠬᠤ ᠵᠢ ᠪᠠᠶ᠋ᠢᠩᠭᠤᠵᠢᠭᠤᠯᠤᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠡᠷᠴᠢᠮ᠎ᠢ ᠴᠢᠩᠭ᠋ᠠᠷᠠᠭᠤᠯᠤᠨ᠂ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠬᠣᠯᠪᠣᠭᠳᠠᠯ ᠪᠥᠬᠥᠶ ᠬᠠᠤᠯᠢ ᠴᠠᠭ᠋ᠠᠵᠠ   ᠬᠠᠤᠯᠢ ᠲᠣᠭᠲᠠᠭ᠋ᠠᠯ  ᠂ ᠮᠡᠷᠭᠡᠵᠢᠯ᠎ᠤᠨ ᠪᠠᠷᠢᠮᠵᠢᠶ᠎ᠠ ᠪᠠ ᠭᠡᠷ᠎ᠡ ᠵᠢᠨ ᠱᠠᠭ᠋ᠠᠷᠳᠠᠯᠭ᠎ᠠ ᠶᠣᠰᠣᠭ᠋ᠠᠷ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠤᠰᠤᠨ ᠠ᠋ᠠᠰᠢᠭᠯᠠᠯᠳᠠ ᠵᠢᠨ ᠲᠢᠩᠬᠢᠮ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠪᠠᠶ᠋ᠢᠴᠠᠭ᠋ᠠᠯᠲᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ᠂ ᠠᠶᠤᠯ ᠥᠭᠡᠢ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ᠂ ᠬᠢᠨᠠᠨ ᠪᠠᠶ᠋ᠢᠴᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠡᠷᠭᠡ ᠭᠤᠷᠪᠠᠨ ᠬᠥᠮᠥᠷᠭᠡ ᠵᠢ ᠨᠢᠭᠡᠳᠬᠡᠵᠦ᠂ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠡᠬᠢ ᠪᠠᠶᠠᠯᠢᠭ᠎ᠢ ᠬᠠᠮᠲᠤᠪᠠᠷ ᠬᠤᠪᠢᠶᠠᠯᠴᠠᠬᠤ ᠵᠢ ᠪᠡᠶᠡᠯᠡᠭᠦᠯᠦᠨ᠎ᠡ᠃ ᠶᠠᠰᠤ ᠴᠢᠨᠠᠷ ᠵᠶ᠋ᠠᠷ ᠰᠢᠯᠢᠳᠡᠭ᠎ᠢ ᠡᠭᠦᠳᠬᠦ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠤᠨ ᠮᠡᠳᠡᠭᠡ ᠵᠠᠩᠭᠢ ᠪᠠ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠢ ᠰᠢᠨᠡᠳᠬᠡᠨ ᠥᠭᠡᠷᠡᠴᠢᠯᠡᠵᠦ᠂ ᠬᠠᠮᠢᠶᠠᠷᠤᠯᠲᠠ ᠵᠢᠨ ᠰᠢᠰᠲ᠋ᠧᠮ᠎ᠤᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠦᠨ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠮᠥᠨ ᠴᠢᠨᠠᠷ᠎ᠤᠨ ᠠᠮᠤᠷ ᠲᠦᠪᠰᠢᠨ᠎ᠢ ᠲᠦᠯᠬᠢᠨ ᠠᠬᠢᠭᠤᠯᠤᠨ᠎ᠠ᠃
      ᠲᠦᠷᠪᠡ᠎ᠳᠤ ᠦᠨᠳᠦᠰᠦᠨ ᠱᠠᠲᠤᠨ᠎ᠤ ᠰᠠᠭᠤᠷᠢ ᠵᠢ ᠲᠠᠰᠤᠷᠠᠯᠳᠠ ᠦᠭᠡᠢ   ᠪᠡᠬᠢᠵᠢᠬᠦᠯᠦᠨ᠎ᠡ᠃ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠨᠥᠯᠥᠭᠡᠯᠡᠨ ᠬᠢᠵᠠᠭ᠋ᠠᠷᠯᠠᠵᠤ ᠪᠠᠶ᠋ᠢᠭ᠎ᠠ ᠰᠠᠭᠤᠷᠢ ᠴᠢᠨᠠᠷᠲᠠᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠦᠷᠢᠮ ᠲᠣᠭᠲᠠᠴᠠ᠂ ᠬᠥᠮᠦᠵᠢᠯ ᠪᠣᠯᠪᠠᠰᠤᠷᠠᠯ ᠵᠡᠷᠭᠡ ᠣᠯᠠᠨ ᠲᠠᠯ᠎ᠠ᠎ᠠᠴᠠ ᠭᠠᠷᠳᠠᠬᠤ ᠵᠢ ᠪᠠᠷᠢᠮᠲᠠᠯᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠪᠠᠲᠤᠳᠬᠠᠨ᠎ᠠ᠃ 《ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠤᠯᠠᠭ᠋ᠠᠨ ᠬᠠᠷ᠎ᠠ ᠳᠠᠩᠰᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ  ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠬᠦᠯᠦᠨ᠂ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠠ ᠬᠢᠨᠠᠯᠲᠠ ᠬᠠᠮᠢᠶᠠᠷᠤᠯᠲᠠ ᠵᠢᠨ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠪᠥᠬᠥ ᠣᠷᠣᠨ᠎ᠤ ᠬᠡᠪᠴᠢᠶᠡᠨ᠎ᠳᠤ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠭᠡᠷ᠎ᠡ᠎ᠪᠠᠨ ᠬᠦᠢ᠍ᠴᠡᠳᠭᠡᠭᠰᠡᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠢ ᠦᠷᠭᠦᠯᠵᠢᠯᠡᠨ ᠲᠥᠯᠬᠢᠨ ᠠᠬᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠂ ᠠᠶᠤᠯ ᠥᠭᠡᠢ ᠵᠢᠨ ᠬᠠᠮᠢᠶᠠᠷᠤᠯᠲᠠ(ᠦᠶᠡᠷ ᠰᠡᠷᠭᠡᠶ᠋ᠢᠯᠡᠬᠦ) ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠦᠭᠯᠡᠭᠦᠷ᠎ᠲᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠪᠣᠢ ᠪᠥᠬᠥᠢ ᠤᠰᠤᠨ ᠴᠥᠭᠥᠷᠥᠮ᠎ᠤᠨ ᠠᠶᠤᠯ ᠥᠭᠡᠢ ᠵᠢᠨ ᠬᠠᠮᠢᠶᠠᠷᠤᠯᠲᠠ(ᠦᠶᠡᠷ ᠰᠡᠷᠭᠡᠶ᠋ᠢᠯᠡᠬᠦ) ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠢ ᠦᠨᠡᠨ ᠬᠦ᠌ ᠪᠠᠲᠤᠯᠠᠨ᠎ᠠ᠃ ᠴᠤᠤᠯ ᠭᠣᠣᠯ᠎ᠤᠨ ᠤᠰᠤ ᠵᠢ ᠯᠢᠶᠣᠤ ᠾᠧ ᠭᠣᠣᠯ᠎ᠳᠤ ᠣᠷᠣᠭᠤᠯᠬᠤ᠂ ᠳ᠋ᠦᠩ᠎ᠲᠠᠢ ᠽᠢ ᠵᠢᠨ ᠢᠨᠵᠧᠨᠧᠷᠢᠩ ᠵᠡᠷᠭᠡ ᠴᠢᠬᠤᠯᠠ ᠶᠡᠬᠡ ᠲᠦᠷᠦᠯ ᠵᠦᠢ᠍ᠯ᠎ᠢ ᠱᠠᠯᠠᠪᠳᠠᠭᠤᠯᠵᠤ᠂ ᠡᠯ᠎ᠡ ᠢᠨᠵᠧᠨᠧᠷᠢᠩ᠎ᠤᠨ ᠣᠨᠴᠠᠯᠢᠭ᠎ᠲᠠᠢ ᠤᠶᠠᠯᠳᠤᠭᠤᠯᠵᠤ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠭᠠᠯ ᠰᠡᠷᠭᠡᠶ᠋ᠢᠯᠡᠬᠦ ᠠᠮᠤᠷ ᠲᠦᠪᠰᠢᠨ ᠪᠣᠯᠤᠨ ᠨᠦᠬᠡᠨ ᠵᠠᠮ᠎ᠤᠨ ᠨᠤᠷᠠᠬᠤ ᠵᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠦᠨ᠎ᠡ᠃ 《ᠠᠶᠤᠯ ᠦᠭᠡᠢ ᠦᠢ᠍ᠯᠡᠳᠪᠦᠷᠢᠯᠡᠯ ᠎ᠤᠨ   ᠬᠠᠤᠯᠢ》 《ᠤᠰᠤᠨ ᠴᠥᠭᠥᠷᠥᠮ᠎ᠤᠨ ᠬᠠᠰᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ   ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ  ᠂ 《ᠠᠶᠤᠯ ᠦᠭᠡᠢ ᠦᠢ᠍ᠯᠡᠳᠪᠦᠷᠢᠯᠡᠯ᠎ᠤᠨ           ᠰᠠᠷ᠎ᠠ》 《ᠠᠶᠤᠯ ᠦᠭᠡᠢ ᠦᠢ᠍ᠯᠡᠳᠪᠦᠷᠢᠯᠡᠯ ᠎ᠤᠨ ᠲᠦᠮᠡᠨ ᠭᠠᠵᠠᠷ᠎ᠤᠨ ᠠᠶᠠᠯᠠᠯ》 《ᠠᠶᠤᠯ ᠦᠭᠡᠢ ᠦᠢ᠍ᠯᠡᠳᠪᠦᠷᠢᠯᠡᠯ ᠎ᠤᠨ ᠬᠠᠤᠯᠢ ᠵᠢᠨ ᠤᠬᠠᠭᠤᠯᠭ᠎ᠠ ᠵᠢᠨ ᠭᠠᠷᠠᠭ》 ᠵᠡᠷᠭᠡ ᠭᠤᠤᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠣᠨᠢᠨ᠂ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ᠎ᠢ ᠬᠦᠢ᠍ᠴᠡᠳ ᠠᠰᠢᠭᠯᠠᠨ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠵᠦ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠮᠡᠳᠡᠯᠭᠡ ᠵᠢᠨ ᠰᠦᠯᠵᠢᠶᠡᠨ ᠤᠷᠤᠯᠳᠤᠭ᠋ᠠᠨ᠎ᠢ       ᠥᠷᠨᠢᠭᠦᠯᠦᠨ᠎ᠡ᠃ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠰᠢᠯᠭ᠋ᠠᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠳᠤ᠂ 2019 ᠣᠨ᠎ᠠᠴᠠ ᠨᠠᠰᠢ᠂ ᠪᠥᠬᠥ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠣᠯᠪᠠᠰᠤᠷᠠᠯ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠠᠶᠤᠯ ᠦᠭᠡᠢ ᠦᠢ᠍ᠯᠡᠳᠪᠦᠷᠢᠯᠡᠯ ᠠᠵᠢᠯ᠎ᠤᠨ ᠪᠣᠯᠪᠠᠰᠤᠷᠠᠯ  ᠂ ᠲᠢᠩᠬᠢᠮ ᠪᠠᠶ᠋ᠢᠭᠤᠯᠭ᠎ᠠ ᠵᠢᠴᠢ ᠠᠰᠠᠷ᠎ᠲᠤ ᠰᠠᠭᠤᠭ᠎ᠠ ᠨᠢᠭᠡᠴᠢ ᠵᠢᠨ ᠭᠠᠯ ᠤᠨᠲᠠᠷᠠᠭ᠋ᠠᠬᠤ ᠮᠡᠳᠡᠯᠭᠡ ᠵᠢᠨ ᠲᠤᠰᠬᠠᠶ ᠰᠡᠳᠦᠪᠲᠦ ᠪᠣᠯᠪᠠᠰᠤᠷᠠᠯ ᠵᠡᠷᠭᠡ ᠣᠯᠠᠨ ᠬᠤᠭᠤᠴᠠᠭ᠋ᠠᠨ᠎ᠤ ᠪᠤᠯᠪᠡᠰᠦᠷᠡᠯ᠎ᠤᠨ ᠠᠡᠭᠬᠢ ᠵᠢ ᠤᠷᠢᠳ ᠬᠣᠵᠢᠳ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠡᠷᠭᠡᠵᠢᠯ᠎ᠤᠨ ᠭᠤᠤᠯ ᠬᠦᠴᠦᠨ᠎ᠢ 500 ᠰᠢᠬᠠᠮ ᠬᠥᠮᠦᠨ ᠤᠳᠠᠭ᠎ᠠ ᠪᠣᠯᠪᠠᠰᠤᠷᠠᠭᠤᠯᠪᠠ᠃ ᠪᠣᠯᠪᠠᠰᠤᠷᠠᠯ᠎ᠤᠨ ᠳᠤᠮᠳᠠ ᠲᠤᠷᠰᠢᠯᠭ᠎ᠠ᠎ᠪᠠᠨ ᠰᠣᠯᠢᠯᠴᠠᠨ ᠳ᠋ᠦᠩᠨᠡᠬᠦ ᠵᠢ ᠴᠢᠬᠤᠯᠠᠴᠢᠯᠠᠵᠤ᠂ ᠪᠠᠶ᠋ᠢᠩᠭᠤ ᠬᠠᠮᠢᠶᠠᠷᠴᠤ ᠪᠠᠶ᠋ᠢᠩᠭᠤ ᠰᠢᠨ᠎ᠡ ᠵᠢ ᠡᠭᠦᠳᠬᠦ ᠵᠢ ᠪᠡᠶᠡᠯᠡᠭᠦᠯᠵᠡᠢ; ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠤᠢ᠌ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ       ᠬᠠᠮᠢᠶᠠᠷᠤᠭᠴᠢ᠂ ᠬᠠᠮᠢᠶᠠᠷᠬᠤ ᠠᠵᠢᠯᠲᠠᠳ ᠵᠡᠷᠭᠡ 《ᠭᠤᠷᠪᠠᠨ ᠲᠥᠷᠥᠯ᠎ᠤᠨ ᠠᠵᠢᠯᠲᠠᠨ》᠎ᠤ ᠠᠶᠤᠯ ᠦᠭᠡᠢ ᠦᠢ᠍ᠯᠡᠳᠪᠦᠷᠢᠯᠡᠯ᠎ᠢ ᠰᠢᠯᠭ᠋ᠠᠨ ᠬᠢᠨᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠨ᠎ᠠ᠃ ᠡᠭᠦᠨ᠎ᠤ ᠬᠠᠮᠲᠤ᠂ ᠪᠠᠯᠠ ᠮᠥᠩᠭᠥ᠂ ᠺᠠᠳ᠋ᠷ᠎ᠤᠨ ᠡᠩᠨᠡᠭᠡ ᠵᠢᠨ ᠪᠥᠲᠥᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠥᠷᠨᠢᠯᠲᠡ ᠵᠢ ᠪᠠᠲᠤᠯᠠᠬᠤ ᠵᠢ ᠴᠢᠬᠤᠯᠠᠴᠢᠯᠠᠵᠤ᠂ ᠬᠦᠢ᠍ᠴᠡᠳ ᠲᠣᠭ᠋ᠠᠨ᠎ᠤ ᠵᠠᠷᠤᠳᠠᠯ᠎ᠢ ᠨᠠᠶ᠋ᠢᠳᠠᠪᠤᠷᠢᠵᠢᠭᠤᠯᠤᠨ᠂ ᠬᠠᠮᠢᠶ᠎ᠠ ᠪᠥᠬᠥᠶ ᠭᠠᠵᠠᠷ ᠲᠠᠰᠤᠭ᠂ ᠨᠢᠭᠡᠴᠢ᠎ᠳᠤ ᠠᠵᠢᠯ᠎ᠤᠨ ᠬᠡᠷᠡᠭᠴᠡᠭᠡ ᠵᠢ ᠬᠠᠩᠭ᠋ᠠᠬᠤ ᠠᠵᠢᠯᠲᠠᠨ᠎ᠢ ᠪᠦᠷᠢᠨ ᠳᠣᠭᠢᠷᠠᠭᠤᠯᠵᠤ ᠥᠭᠭᠦᠨ᠎ᠡ  ᠃
      ᠶᠡᠷᠦᠩᠬᠡᠶ᠎ᠳᠤᠨᠢ ᠠᠪᠴᠤ ᠦᠵᠡᠪᠡᠯ  ᠂ ᠣᠶ᠋ᠢᠷ᠎ᠠ ᠵᠢᠨ ᠬᠣᠶᠠᠷ ᠵᠢᠯ᠎ᠳᠤ ᠦᠪᠦᠷ ᠮᠤᠩᠭᠤᠯ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠬᠤ᠎ᠪᠠᠷ ᠭᠤᠤᠯ ᠬᠦᠭ ᠠᠶᠠᠰ ᠪᠤᠯᠭ᠋ᠠᠵᠤ᠂ ᠤᠰᠤᠨ ᠠᠰᠢᠭᠯᠠᠯᠲᠠ ᠵᠢᠨ ᠦᠢ᠍ᠯᠡᠳᠪᠤᠷᠢᠯᠡᠯ᠎ᠤᠨ ᠠᠮᠤᠷ ᠲᠦᠪᠰᠢᠨ᠎ᠤ ᠡᠯ᠎ᠡ ᠵᠤᠢ᠌ᠯ᠎ᠤᠨ ᠠᠵᠢᠯ᠎ᠢ ᠦᠷᠭᠦᠯᠵᠢᠯᠡᠨ ᠬᠦᠴᠦᠯᠡᠨ ᠠᠬᠢᠭᠤᠯᠵᠤ᠂ ᠦᠨᠡᠬᠡᠷ ᠵᠣᠬᠢᠬᠤ ᠦᠷ᠎ᠡ ᠪᠦᠲᠦᠮᠵᠢ ᠣᠯᠤᠭᠰᠠᠨ ᠪᠠᠢ᠍ᠢ᠍ᠨ᠎ᠠ᠃ ᠭᠡᠪᠡᠴᠦ ᠡᠭᠦᠨ᠎ᠤ ᠵᠡᠷᠭᠡ᠎ᠳᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠴᠢᠳᠠᠪᠤᠷᠢ ᠵᠡᠷᠭᠡ ᠲᠠᠯ᠎ᠠ᠎ᠪᠠᠷ ᠮᠥᠨ ᠴᠥᠭᠡᠨ ᠪᠤᠰᠤ ᠳᠤᠲᠠᠭᠤᠳᠠᠯ ᠣᠷᠣᠰᠢᠵᠤ  ᠂ ᠵᠠᠷᠢᠮ ᠣᠮᠲᠣᠭ᠋ᠠᠶ᠋ᠢᠯᠠᠵᠤ ᠪᠣᠯᠤᠰᠢ ᠥᠬᠡᠶ ᠠᠰᠠᠭᠤᠳᠠᠯ ᠣᠷᠣᠰᠢᠵᠤ ᠪᠠᠶ᠋ᠢᠭ᠎ᠠ ᠪᠣᠯᠬᠣᠷ ᠡᠷᠬᠡᠪᠰᠢ ᠣᠷᠳᠣ ᠬᠤᠭᠤᠴᠠᠭ᠎ᠠ᠎ᠪᠠᠷ ᠴᠢᠷᠮᠠᠶ᠋ᠢᠨ᠂ ᠰᠠᠶ᠋ᠢᠵᠢᠷᠠᠭᠤᠯᠬᠤ ᠪᠠ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠠᠵᠢᠯ᠎ᠢ ᠣᠷᠳᠣ ᠬᠤᠭᠤᠴᠠᠭ᠎ᠠ᠎ᠪᠠᠷ ᠰᠠᠶ᠋ᠢᠲᠤᠷ ᠠᠳᠬᠤᠬᠤ ᠬᠡᠷᠡᠭᠲᠡᠶ᠃ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠵᠢ ᠪᠠᠶ᠋ᠢᠩᠭᠤᠵᠢᠭᠤᠯᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠦᠷᠭᠡᠳᠬᠡᠨ ᠠᠬᠢᠭᠤᠯᠬᠤ ᠪᠠ ᠳᠡᠯᠡᠬᠡᠶ ᠵᠢᠨ ᠣᠨᠴᠠᠭ᠋ᠠᠶ ᠪᠠᠶ᠋ᠢᠳᠠᠯ᠎ᠤᠨ ᠳᠣᠣᠷ᠎ᠠ᠂ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠨᠢ ᠶᠡᠷᠦ ᠪᠤᠰᠤ ᠵᠢᠨ ᠠᠴᠢ ᠬᠣᠯᠪᠣᠭᠳᠠᠯ᠎ᠲᠠᠢ ᠶᠤᠮ᠃ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ ᠎ᠤ ᠤᠰᠤᠨ ᠠ᠋ᠠᠰᠢᠭᠯᠠᠯᠳᠠ ᠵᠢᠨ ᠲᠢᠩᠬᠢᠮ ᠤᠰᠤᠨ ᠠᠰᠢᠭᠯᠠᠯᠳᠠ ᠵᠢᠨ ᠶᠠᠮᠤᠨ ᠎ᠤ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ᠎ᠳᠤ ᠳᠡᠭᠡᠳᠦ   ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠠᠶᠤᠯ ᠦᠭᠡᠢ ᠦᠢ᠍ᠯᠡᠳᠪᠦᠷᠢᠯᠡᠯ ᠭᠡᠬᠦ ᠡᠨᠡᠬᠦ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ ᠎ᠤᠨ ᠠᠵᠢᠯ᠎ᠤᠨ ᠰᠢᠨ᠎ᠡ ᠳᠡᠭᠲᠡᠷ᠎ᠲᠤ ᠭᠠᠷᠴᠤ ᠰᠢᠨ᠎ᠡ ᠲᠦᠪᠰᠢᠨ᠎ᠳᠤ ᠬᠦᠷᠬᠦ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ ᠎ᠤᠨ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠳᠤᠯᠠᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠬᠢᠵᠤ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
ᠬᠣᠷᠢᠭ᠎ᠠ ᠱᠤᠭᠤᠮ᠎ᠢ ᠴᠢᠩᠭ᠎ᠠ ᠰᠠᠬᠢᠵᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠰᠢᠨ᠎ᠡ ᠪᠠᠶ᠋ᠢᠳᠠᠯ ᠳᠣᠣᠷᠠᠬᠢ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠲᠡᠢ
《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》᠎ᠪᠠᠷ ᠠᠵᠠ ᠲᠣᠬᠢᠶᠠᠯ ᠪᠣᠯᠭ᠋ᠠᠵᠤ ᠪᠥᠬᠥ ᠠᠶ᠋ᠢᠮᠠᠭ᠎ᠤᠨ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠤᠨ᠎ᠠ
ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠳ᠋ᠦᠩᠨᠡᠵᠥ ᠬᠦᠬᠢᠬᠦᠯᠦᠨ ᠰᠠᠶ᠋ᠢᠰᠢᠶᠠᠬᠤ ᠶᠡᠭᠡ ᠬᠤᠷᠠᠯ ᠪᠡᠬᠡᠵᠢᠩ᠎ᠳᠤ ᠦᠪᠡᠳᠡᠭᠰᠢ ᠶᠡᠭᠡ᠎ᠪᠠᠷ ᠬᠤᠷᠠᠯᠳᠤᠪᠠ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠤᠨ ᠵᠢᠱ᠌ᠢᠶᠠᠴᠢ ᠵᠢᠨ ᠢᠷᠠᠭᠤ ᠠᠯᠳᠠᠷ᠎ᠤᠨ ᠴᠤᠯᠠ ᠬᠦᠷᠳᠡᠭᠰᠡᠳ ᠵᠡᠷᠬᠡ᠎ᠳᠤ ᠱᠠᠩᠨᠠᠯ ᠤᠯᠭᠤᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ
ᠵᠢᠱ᠌ᠢᠯᠲᠡ᠎ᠪᠠᠷ 2 ᠰᠠᠷ᠎ᠠ ᠵᠢᠨ 13᠎ᠤ ᠡᠳᠦᠷ ᠮᠠᠨ᠎ᠤ ᠣᠷᠣᠨ᠎ᠤ ᠬᠢᠯᠢ᠎ᠳᠠᠬᠢ ᠬᠠᠲᠤᠨ ᠭᠣᠤᠯ ᠡᠬᠢᠯᠡᠵᠦ ᠭᠡᠰᠦᠨ᠎ᠡ
 
            