ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ ᠠᠮᠤᠷ ᠲᠦᠪᠰᠢᠨ᠎ᠤ ᠤᠯᠠᠭ᠋ᠠᠨ ᠱᠤᠭᠤᠮ᠎ᠢ ᠪᠠᠲᠤ ᠰᠠᠬᠢᠵᠤ ᠴᠢᠩᠭ᠎ᠠ ᠬᠦᠴᠦᠲᠡᠢ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠪᠡᠬᠢᠵᠢᠭᠦᠯᠦᠨ᠎ᠡ
ᠨᠡᠶ᠋ᠢᠲᠡᠯᠡᠭᠰᠡᠨ ᠴᠠᠭ᠄ 2021-03-05

      ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠠᠲᠤᠨ ᠭᠣᠣᠯ᠎ᠤᠨ ᠢᠨᠵᠧᠨᠧᠷᠢᠩ᠎ᠤᠨ ᠬᠠᠮᠢᠶᠠᠷᠤᠯᠲᠠ ᠵᠢᠨ ᠲᠣᠪᠴᠢᠶᠠᠨ᠎ᠤ ᠳᠠᠷᠤᠭ᠎ᠠ ᠴᠧᠨ ᠰᠢᠨ ᠵᠦᠩ

      ᠠᠮᠤᠷ ᠲᠦᠪᠰᠢᠨ ᠪᠣᠯ ᠣᠷᠣᠰᠢᠨ ᠲᠣᠭᠲᠠᠨᠢᠬᠤ ᠵᠢᠨ ᠰᠠᠭᠤᠷᠢ᠂ ᠬᠥᠭᠵᠢᠯᠲᠡ ᠵᠢᠨ ᠴᠢᠬᠤᠯᠠ ᠡᠭᠦᠷᠭᠡ ᠮᠥᠨ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠴᠢᠩᠭ᠎ᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠦᠭ ᠠᠶᠠᠰ᠎ᠢ ᠨᠠᠶ᠋ᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ 《ᠡᠨᠳᠡᠯ᠎ᠤᠨ ᠲᠠᠯᠳᠠ ᠭᠡᠮ᠎ᠢ ᠠᠷᠢᠯᠭ᠋ᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠬᠦ》 ᠵᠢ ᠪᠡᠶᠡᠯᠡᠭᠦᠯᠬᠦ ᠵᠢᠨ ᠴᠢᠬᠤᠯᠠ ᠠᠷᠭ᠎ᠠ ᠵᠠᠮ ᠪᠣᠯᠤᠨ᠎ᠠ᠃ ᠰᠢᠨ᠎ᠡ ᠪᠠᠶ᠋ᠢᠳᠠᠯ ᠳᠣᠣᠷᠠᠬᠢ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠬᠠᠷᠢᠭᠤᠴᠠᠯᠭ᠎ᠠ ᠵᠢᠨ ᠲᠦᠷᠢᠮ ᠭᠡᠬᠦ ᠡᠨᠡᠬᠦ ᠵᠠᠩᠭᠢᠯᠠᠭ᠎ᠠ ᠵᠢ ᠴᠢᠩᠭ᠎ᠠ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠪᠡᠷᠢᠮᠵᠢᠶᠡᠵᠢᠯᠳᠠ ᠵᠢᠨ ᠪᠦᠳᠤᠬᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠶᠤᠯ ᠲᠦᠭᠰᠢᠭᠦᠷᠢ ᠵᠢᠨ ᠬᠡᠮ ᠰᠣᠭᠣᠭ᠎ᠢ ᠡᠷᠡᠰ ᠰᠡᠷᠭᠡᠶ᠋ᠢᠯᠡᠨ ᠠᠷᠢᠯᠭ᠋ᠠᠬᠤ ᠪᠠ ᠬᠠᠮᠢᠶᠠᠷᠤᠨ ᠡᠵᠡᠮᠳᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠰᠡᠷᠭᠡᠶ᠋ᠢᠯᠡᠨ ᠡᠵᠡᠮᠳᠡᠬᠦ ᠲᠣᠣᠷ᠎ᠢ ᠨᠢᠭᠳᠠ ᠴᠢᠩᠭ᠎ᠠ ᠰᠦᠯᠵᠢᠬᠦ ᠬᠡᠷᠡᠭᠲᠡᠢ᠃ ᠤᠳᠤ ᠬᠠᠮᠢᠶᠠᠷᠤᠯᠲᠠ ᠵᠢᠨ ᠲᠣᠪᠴᠢᠶ᠎ᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠰᠢᠨ᠎ᠡ ᠪᠠᠶ᠋ᠢᠳᠠᠯ ᠲᠤᠤᠷ᠎ᠠ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠴᠢᠩᠭ᠎ᠠ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠵᠠᠷᠢᠮ ᠪᠣᠳᠣᠯ ᠪᠠ ᠰᠡᠳᠬᠢᠮᠵᠢ᠎ᠪᠠᠨ ᠶᠠᠷᠢᠶ᠎ᠠ᠃

      ᠨᠢᠭᠡ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠵᠢᠨ ᠦᠵᠡᠯᠳᠡ ᠵᠢ ᠪᠠᠲᠤ ᠪᠤᠢ ᠪᠣᠯᠭ᠋ᠠᠬᠤ ᠬᠡᠷᠡᠭᠲᠡᠢ

     (ᠨᠢᠭᠡ) ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠶ᠋ᠢᠯ᠎ᠤᠨ ᠴᠢᠬᠤᠯᠠ ᠴᠢᠨᠠᠷ ᠎ᠢ ᠭᠦᠨᠵᠡᠭᠡᠶ ᠲᠠᠨᠢᠬᠤ ᠬᠡᠷᠡᠭᠲᠡᠶ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ᠎ᠠᠴᠠ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠳᠡᠭᠡᠳᠦ   ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠰᠢ ᠵᠢᠨ ᠫᠢᠩ ᠶᠡᠷᠦᠩᠬᠡᠶ ᠱᠦᠵᠢ᠄《ᠬᠥᠭᠵᠢᠯᠲᠡ᠎ᠨᠢ ᠠᠮᠤᠷ ᠲᠦᠪᠰᠢᠨ᠎ᠢ ᠦᠷᠡᠭᠳᠡᠭᠦᠯᠬᠦ᠎ᠪᠠᠷ ᠦᠨ᠎ᠡ ᠲᠥᠯᠥᠪᠦᠷᠢ ᠪᠣᠯᠭ᠋ᠠᠵᠤ ᠶᠠᠭ᠋ᠠᠬᠢᠭᠰᠠᠨ ᠴᠤ᠌ ᠪᠣᠯᠬᠤ ᠦᠭᠡᠢ᠂ ᠡᠨᠡ ᠪᠣᠯ ᠶᠠᠭ᠋ᠠᠬᠢᠭᠰᠠᠨ ᠴᠤ᠌ ᠳᠠᠪᠠᠵᠤ ᠪᠣᠯᠤᠰᠢ ᠦᠭᠡᠢ ᠤᠯᠠᠭ᠋ᠠᠨ ᠱᠤᠭᠤᠮ ᠮᠥᠨ》 ᠭᠡᠵᠦ ᠣᠯᠠᠨᠲᠠ ᠴᠢᠬᠤᠯᠠᠴᠢᠯᠠᠨ ᠵᠢᠭ᠋ᠠᠵᠤ ᠭᠠᠷᠭ᠋ᠠᠵᠠᠶ᠃ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠡᠭᠡᠨ᠂ ᠠᠮᠤᠷ ᠲᠦᠪᠰᠢᠨ ᠬᠥᠭᠵᠢᠯᠲᠡ ᠵᠢᠨ ᠦᠵᠡᠯᠳᠡ ᠵᠢ ᠪᠤᠢ ᠪᠣᠯᠭ᠋ᠠᠵᠤ᠂ ᠠᠮᠢ ᠨᠠᠰᠤ ᠵᠢ       ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠦᠵᠡᠯ ᠰᠠᠨᠠᠭ᠎ᠠ ᠵᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠶ ᠰᠠᠶ᠋ᠢᠳ ᠯᠢ ᠺᠸ ᠴᠢᠶᠠᠩ ᠵᠢᠭ᠋ᠠᠵᠤ ᠭᠠᠷᠭ᠋ᠠᠭᠰᠠᠨ᠎ᠨᠢ  ᠂ 《ᠠᠶᠤᠯ ᠦᠭᠡᠢ ᠦᠢ᠍ᠯᠡᠳᠪᠦᠷᠢᠯᠡᠯ ᠪᠣᠯ ᠬᠥᠮᠦᠨ᠎ᠤ ᠠᠮᠢ ᠨᠠᠰᠤᠨ᠎ᠳᠤ ᠬᠣᠯᠪᠣᠭᠳᠠᠬᠤ ᠶᠡᠬᠡ ᠶᠠᠪᠤᠳᠠᠯ ᠮᠥᠨ᠂ ᠲᠠᠪᠠᠵᠤ ᠦᠯᠦ ᠪᠤᠯᠬᠤ ᠤᠯᠠᠭ᠋ᠠᠨ ᠱᠤᠭᠤᠮ ᠮᠦᠨ》 ᠭᠡᠵᠡᠶ᠃ ᠡᠳᠡᠭᠡᠷ ᠨᠤᠲᠠᠯᠠᠯᠲᠠ᠎ᠨᠢ ᠨᠠᠮ ᠪᠠ ᠠᠷᠠᠳ ᠲᠦᠮᠡᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠵᠦ᠂ ᠬᠥᠮᠦᠨ ᠵᠶ᠋ᠡᠷ ᠦᠨᠳᠦᠰᠦ ᠪᠣᠯᠭ᠋ᠠᠬᠤ᠂ ᠠᠷᠠᠳ᠎ᠤᠨ ᠲᠥᠯᠥᠭᠡ ᠲᠦᠷᠦ ᠪᠠᠷᠢᠬᠤ ᠣᠶ᠋ᠢᠯᠠᠭ᠋ᠠᠭᠳᠠᠬᠤᠨ᠎ᠢ ᠭᠦᠢ᠍ᠴᠡᠳ ᠢᠯᠡᠷᠡᠭᠦᠯᠦᠭᠰᠡᠨ ᠪᠠᠶ᠋ᠢᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠤᠰᠤ ᠵᠠᠰᠠᠬᠤ ᠭᠣᠣᠯ ᠵᠥᠷᠢᠴᠡᠯ᠎ᠳᠤ ᠨᠢᠭᠡᠨᠲᠡ ᠭᠦᠨᠵᠡᠭᠡᠢ ᠬᠤᠪᠢᠷᠠᠯᠲᠠ ᠭᠠᠷᠴᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠨᠢᠭᠡᠨᠲᠡ ᠤᠯᠤᠰ᠎ᠤᠨ ᠪᠠᠶ᠋ᠢᠯᠳᠤᠬᠤ ᠪᠤᠳᠤᠯᠭ᠎ᠠ᠎ᠳᠤ ᠣᠷᠣᠭᠤᠯᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠨᠢ ᠤᠰᠤᠨ ᠠᠰᠢᠭᠯᠠᠯᠲᠠ ᠵᠢᠨ ᠦᠢ᠍ᠯᠡᠰ᠎ᠤᠨ ᠠᠯᠤᠰ ᠬᠡᠳᠤ ᠵᠢᠨ ᠬᠥᠭᠵᠢᠯᠲᠡ᠎ᠲᠠᠢ ᠬᠣᠯᠪᠣᠭᠳᠠᠨ᠎ᠠ᠃ ᠪᠢᠳᠡ ᠶᠡᠷᠦᠩᠬᠡᠶ ᠱᠦᠵᠢ ᠰᠢ ᠵᠢᠨ ᠫᠢᠩ ᠪᠣᠯᠤᠨ ᠶᠡᠷᠦᠩᠬᠡᠶ ᠰᠠᠶ᠋ᠢᠳ ᠯᠢ ᠺᠸ ᠴᠢᠶᠠᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠭᠦᠨᠵᠡᠭᠡᠶ ᠣᠶ᠋ᠢᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ   ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠰᠢᠨ᠎ᠡ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ᠂ ᠤᠯᠤᠰ ᠲᠥᠷᠥ ᠵᠢ ᠡᠷᠬᠢᠮᠯᠡᠬᠦ ᠦᠨᠳᠦᠷᠴᠡ᠎ᠠᠴᠠ ᠰᠠᠨ ᠱᠧᠩ ᠬᠥᠩ ᠤᠰᠤᠨ ᠠᠰᠢᠭᠯᠠᠯᠲᠠ ᠵᠢᠨ ᠬᠦᠢ᠍ᠰᠦ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠡᠯ᠎ᠡ ᠵᠤᠢ᠌ᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃ ᠭᠣᠣᠯ ᠢᠨᠵᠧᠨᠧᠷᠢᠩ᠎ᠨᠢ ᠪᠣᠷᠣᠲᠣᠬᠣᠢ ᠵᠢᠨ ᠤᠰᠤᠯᠠᠯᠲᠠ ᠵᠢᠨ ᠣᠷᠣᠨ᠂ ᠡᠮᠦᠨ᠎ᠡ ᠡᠷᠭᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠤᠰᠤᠯᠠᠯᠲᠠ ᠪᠣᠯᠤᠨ ᠤᠯᠠᠭ᠋ᠠᠨᠪᠤᠬ᠎ᠠ ᠵᠢᠨ ᠡᠯᠡᠰᠦ᠂ ᠬᠥᠪᠴᠢ ᠵᠢᠨ ᠡᠯᠡᠰᠦ᠂ ᠤᠯᠠᠭ᠋ᠠᠨᠰᠤᠬᠠᠢ ᠵᠢᠨ ᠠᠮᠢ ᠠᠬᠤᠢ ᠵᠢᠨ ᠤᠰᠤ ᠨᠥᠬᠥᠪᠥᠷᠢᠯᠡᠬᠦ ᠡᠬᠦᠷᠭᠡ ᠵᠢ ᠡᠭᠦᠷᠭᠡᠯᠡᠵᠦ ᠪᠤᠢ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠣᠯᠤᠨ ᠤᠯᠤᠰ᠎ᠤᠨ ᠴᠢᠬᠤᠯᠠ ᠠᠮᠢ ᠠᠬᠤᠢ ᠵᠢᠨ ᠬᠡᠪᠡᠷᠡᠭ ᠣᠷᠣᠨ ᠪᠣᠯᠤᠨ ᠴᠢᠳᠠᠮᠵᠢᠳᠦ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠠᠰᠠᠭᠤᠳᠠᠯ᠎ᠳᠤ ᠬᠣᠯᠪᠣᠭᠳᠠᠵᠤ᠂ 110 ᠤᠯᠤᠰ᠎ᠤᠨ ᠵᠠᠮ᠎ᠤᠨ ᠬᠠᠳᠤᠨ ᠭᠣᠣᠯ᠎ᠢ ᠰᠤᠨᠳᠠᠯᠠᠭᠰᠠᠨ ᠵᠠᠮ ᠬᠠᠷᠢᠯᠴᠠᠭ᠎ᠠ᠂ ᠪᠤᠭᠤᠲᠤ ᠵᠢᠨ ᠪᠤᠯᠤᠳ ᠲᠡᠮᠤᠷ᠎ᠤᠨ ᠠᠵᠤ ᠦᠢ᠍ᠯᠡᠳᠪᠦᠷᠢ ᠵᠢᠨ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ᠂ ᠵᠢᠭᠤᠯᠴᠢᠯᠠᠯ᠎ᠨᠢ ᠭᠠᠵᠠᠷ ᠣᠷᠤᠨ᠎ᠤ ᠠᠵᠤ ᠠᠬᠤᠢ ᠵᠢᠨ ᠨᠡᠶ᠋ᠢᠭᠡᠮ᠎ᠤᠨ ᠬᠥᠭᠵᠢᠯᠲᠡ᠎ᠲᠠᠢ ᠬᠣᠯᠪᠣᠭᠳᠠᠵᠤ᠂ ᠬᠦᠢ᠍ᠰᠦ ᠵᠢᠨ ᠢᠨᠵᠧᠨᠧᠷᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯᠯᠠᠭ᠋ᠠᠨ᠎ᠨᠢ ᠲᠤᠶ᠋ᠢᠯ᠎ᠤᠨ ᠴᠢᠬᠤᠯᠠ ᠪᠠᠢ᠌ᠷᠢᠨ᠎ᠳᠤ ᠪᠠᠢ᠌ᠳᠠᠭ᠃ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠪᠠᠷᠢᠮᠲᠠᠯᠠᠨ ᠭᠦᠨᠵᠡᠭᠡᠶ᠋ᠢᠷᠡᠭᠦᠯᠬᠦ᠎ᠳᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠡᠷᠬᠡᠪᠰᠢ ᠪᠠᠲᠤ ᠲᠠᠯᠪᠢᠵᠤ᠂ ᠶᠠᠭ᠋ᠠᠬᠢᠭᠰᠠᠨ ᠴᠤ᠌ ᠤᠳᠠᠭ᠋ᠠᠰᠢᠷᠠᠭᠤᠯᠵᠤ ᠪᠣᠯᠬᠤ ᠦᠭᠡᠢ᠂ ᠨᠡᠩ ᠴᠤ᠌ ᠳᠤᠲᠠᠭᠤᠳᠠᠯ᠎ᠲᠠᠢ ᠪᠣᠯᠭ᠋ᠠᠵᠤ ᠪᠣᠯᠬᠤ ᠦᠭᠡᠢ᠃

     (ᠬᠣᠶᠠᠷ) 《ᠭᠤᠷᠪᠠ ᠵᠢ ᠬᠠᠮᠢᠶᠠᠷᠴᠤ ᠭᠤᠷᠪᠠ ᠵᠢ ᠡᠷᠬᠡᠪᠰᠢ ᠠᠳᠬᠤᠬᠤ》 ᠠᠵᠢᠯ᠎ᠤᠨ ᠴᠢᠩᠭ᠎ᠠ ᠱᠠᠭ᠋ᠠᠷᠳᠠᠯᠭ᠎ᠠ ᠥᠨᠳᠥᠷ ᠪᠠᠷᠢᠮᠵᠢᠶ᠎ᠠ ᠵᠢ ᠣᠨᠣᠪᠴᠢᠲᠠᠢ ᠡᠵᠡᠮᠳᠡᠬᠦ ᠬᠡᠷᠡᠭᠲᠡᠢ᠃ ᠰᠢ ᠵᠢᠨ ᠫᠢᠩ ᠶᠡᠷᠦᠩᠬᠡᠶ       ᠱᠦᠵᠢ᠄《ᠠᠶᠤᠯ ᠦᠭᠡᠢ ᠦᠢ᠍ᠯᠡᠳᠪᠤᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠎ᠳᠠᠭᠠᠨ᠂ ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠦᠢ᠍ᠯᠡᠳᠪᠦᠷᠢᠯᠡᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ ᠵᠢ ᠪᠠᠷᠢᠮᠲᠠᠯᠠᠬᠤ ᠬᠡᠷᠡᠭᠲᠡᠶ ᠪᠥᠭᠡᠳ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠶ᠋ᠢᠵᠤ᠂ ᠨᠢᠭᠡ ᠠᠵᠢᠯ᠎ᠤᠨ ᠪᠠᠶ᠋ᠢᠷᠢ᠎ᠳᠤ ᠬᠣᠶᠠᠷ ᠬᠠᠷᠢᠭᠤᠴᠠᠯᠭ᠎ᠠ᠎ᠲᠠᠢ ᠪᠠᠶ᠋ᠢᠵᠤ᠂ ᠴᠤᠭᠭ᠋ᠠᠷ ᠠᠳᠬᠤᠨ ᠬᠠᠮᠲᠤ᠎ᠪᠠᠷ ᠬᠠᠮᠢᠶᠠᠷᠴᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ》 ᠭᠡᠵᠦ ᠲᠣᠳᠣᠷᠬᠠᠶ ᠳᠤᠷᠠᠳᠤᠨ ᠭᠠᠷᠭ᠋ᠠᠵᠠᠶ᠃ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠵᠢᠴᠢ 《ᠭᠤᠷᠪᠠ ᠵᠢ ᠬᠠᠮᠢᠶᠠᠷᠬᠤ ᠭᠤᠷᠪᠠ ᠵᠢ ᠡᠷᠬᠡᠪᠰᠢ ᠬᠡᠷᠡᠭᠵᠢᠭᠦᠯᠬᠦ》 ᠠᠵᠢᠯ᠎ᠨᠢ ᠤᠳᠤᠷᠢᠳᠬᠤ ᠺᠠᠳ᠋ᠷᠴᠤᠳ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ᠎ᠳᠤ ᠴᠢᠩᠭ᠎ᠠ ᠱᠠᠭ᠋ᠠᠷᠳᠠᠯᠭ᠎ᠠ ᠪᠠ ᠦᠨᠳᠦᠷ ᠪᠠᠷᠢᠮᠵᠢᠶ᠎ᠠ ᠵᠢ ᠳᠤᠷᠠᠳᠤᠭᠰᠠᠨ ᠪᠠᠶ᠋ᠢᠨ᠎ᠠ᠃ ᠠᠮᠤᠷ ᠲᠦᠪᠰᠢᠨ ᠪᠣᠯ ᠴᠢᠬᠤᠯᠠ ᠬᠥᠭᠵᠢᠯᠲᠡ ᠵᠢᠨ ᠠᠰᠠᠭᠤᠳᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠴᠢᠬᠤᠯᠠ ᠶᠡᠬᠡ ᠤᠯᠤᠰ ᠲᠦᠷᠦ ᠵᠢᠨ ᠠᠰᠠᠭᠤᠳᠠᠯ ᠪᠣᠯᠤᠨ᠎ᠠ᠂ ᠮᠦᠨ ᠴᠤ᠌ ᠨᠢᠭᠡᠨ ᠬᠣᠷᠢᠭ᠎ᠠ ᠱᠤᠭᠤᠮ᠂ ᠤᠯᠠᠭ᠋ᠠᠨ ᠱᠤᠭᠤᠮ ᠪᠣᠯᠤᠨ᠎ᠠ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠳᠤ ᠬᠣᠯᠪᠣᠭᠳᠠᠬᠤ ᠡᠲᠡᠭᠡᠳ ᠤᠯᠠᠨ᠂ ᠠᠮᠤᠷ ᠲᠦᠪᠰᠢᠨ᠎ᠤ ᠬᠠᠮᠢᠶᠠᠷᠤᠯᠲᠠ᠎ᠳᠤ ᠬᠣᠯᠪᠣᠭᠳᠠᠬᠤ ᠬᠡᠪᠴᠢᠶ᠎ᠡ ᠥᠷᠭᠡᠨ᠂ ᠲᠠᠯᠳᠠ ᠭᠡᠮ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠᠶ᠋ᠢᠳᠠᠯ ᠪᠤᠳᠤᠯᠢᠶᠠᠨᠲᠠᠶ ᠪᠠᠶ᠋ᠢᠨ᠎ᠠ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠠᠵᠢᠯ᠎ᠢ ᠰᠠᠶ᠋ᠢᠲᠤᠷ ᠬᠢᠬᠦ᠎ᠳᠤ᠂ ᠠᠮᠤᠷ ᠲᠦᠪᠰᠢᠨ ᠵᠶ᠋ᠡᠷ ᠬᠥᠭᠵᠢᠭᠦᠯᠬᠦ ᠦᠵᠡᠯᠳᠡ ᠵᠢ ᠪᠠᠲᠤ ᠪᠠᠬᠢ ᠪᠣᠶ ᠪᠣᠯᠭ᠋ᠠᠵᠤ᠂ ᠨᠠᠮ᠎ᠤᠨ ᠲᠥᠪ ᠬᠣᠷᠢᠶ᠎ᠠ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ   ᠵᠤᠢ᠌ᠯ᠎ᠤᠨ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠷᠠᠯᠲᠠ ᠪᠠ ᠤᠳᠤᠷᠢᠳᠤᠮᠵᠢ ᠵᠢᠨ ᠠᠰᠠᠭᠤᠳᠠᠯ᠎ᠢ ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤᠨᠢ ᠬᠠᠷᠠᠭ᠋ᠠᠯᠵᠠᠵᠤ᠂ ᠭᠤᠤᠯᠳᠠᠯᠭ᠎ᠠ ᠵᠢ ᠳᠣᠪᠣᠶ᠋ᠢᠯᠭ᠋ᠠᠨ᠂ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠬᠦᠯᠵᠦ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠬᠡᠮᠵᠢᠶ᠎ᠡ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ 《ᠭᠤᠷᠪᠠ ᠵᠢ ᠬᠠᠮᠢᠶᠠᠷᠬᠤ ᠭᠤᠷᠪᠠ ᠵᠢ ᠡᠷᠬᠡᠪᠰᠢ ᠬᠢᠬᠦ》 ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠬᠤ᠎ᠳᠤ᠂ ᠭᠤᠤᠯ ᠬᠠᠷᠢᠭᠤᠴᠠᠯᠭ᠋ᠠᠲᠠᠨ ᠪᠣᠯ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠲᠦᠷᠦᠭᠦᠯᠡᠨ ᠶᠡᠷᠦᠩᠬᠡᠶ ᠠᠵᠢᠯ᠎ᠢ ᠠᠳᠬᠤᠬᠤ ᠬᠡᠷᠡᠭᠲᠡᠶ; ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠨᠢ ᠵᠣᠬᠢᠶᠠᠨ ᠪᠠᠶ᠋ᠢᠭᠤᠯᠵᠤ ᠨᠠᠶ᠋ᠢᠳᠠᠪᠤᠷᠢᠵᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠰᠠᠭᠤᠷᠢ ᠪᠠᠲᠤᠯᠠᠭ᠎ᠠ ᠵᠢ ᠰᠠᠶ᠋ᠢᠲᠤᠷ ᠠᠳᠬᠤᠬᠤ ᠬᠡᠷᠡᠭᠲᠡᠢ; ᠤᠳᠤᠷᠢᠳᠬᠤ ᠪᠠᠭ᠎ᠤᠨ ᠪᠦᠷᠢᠯᠳᠦᠬᠦᠨ ᠨᠡᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠪᠦᠷᠢᠨᠰᠢᠬᠦᠯᠦᠨ ᠨᠠᠶ᠋ᠢᠳᠠᠪᠤᠷᠢᠵᠢᠭᠤᠯᠵᠤ᠂ ᠲᠤᠬᠠᠶ᠋ᠢᠯᠠᠭᠰᠠᠨ ᠠᠵᠢᠯ᠎ᠲᠠᠢ᠎ᠪᠠᠨ ᠵᠡᠷᠭᠡ᠎ᠪᠠᠷ ᠲᠣᠬᠢᠷᠠᠭᠤᠯᠵᠤ᠂ ᠵᠡᠷᠭᠡ᠎ᠪᠠᠷ ᠠᠬᠢᠭᠤᠯᠵᠤ᠂ ᠵᠡᠷᠭᠡ᠎ᠪᠠᠷ ᠪᠠᠶ᠋ᠢᠴᠠᠭ᠋ᠠᠬᠤ ᠬᠡᠷᠡᠭᠲᠡᠶ᠃ ᠪᠣᠳᠠᠲᠠᠶ ᠠᠵᠢᠯ᠎ᠤᠨ ᠳᠤᠮᠳᠠ᠂ ᠬᠦᠨᠳᠦ ᠣᠨᠴᠠ ᠶᠡᠬᠡ ᠡᠨᠳᠡᠯ᠎ᠢ ᠰᠡᠷᠭᠡᠶ᠋ᠢᠯᠡᠬᠦ᠂ ᠨᠡᠯᠢᠶᠡᠳ ᠶᠡᠬᠡ ᠪᠠ ᠡᠩ᠎ᠤᠨ ᠡᠨᠳᠡᠯ᠎ᠢ ᠪᠠᠭ᠋ᠠᠰᠬᠠᠬᠤ᠎ᠪᠠᠷ ᠬᠠᠷᠠᠯᠲᠠ ᠪᠣᠯᠭ᠋ᠠᠨ᠂ ᠦᠨᠳᠦᠰᠦᠨ᠎ᠠᠴᠠ᠎ᠨᠢ ᠵᠠᠰᠠᠬᠤ᠂ ᠶᠠᠪᠤᠴᠠ ᠵᠢ ᠡᠵᠡᠮᠳᠡᠬᠦ᠂ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠶᠡᠷᠦᠩᠬᠡᠶ᠋ᠢᠯᠡᠨ ᠵᠠᠰᠠᠬᠤ ᠵᠢ ᠪᠠᠷᠢᠮᠲᠠᠯᠠᠨ᠂ ᠠᠮᠤᠷ ᠲᠦᠪᠰᠢᠨ᠎ᠤ ᠰᠠᠭᠤᠷᠢ ᠪᠠᠲᠤᠯᠠᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠲᠠᠰᠤᠷᠠᠯᠳᠠ ᠥᠭᠡᠢ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠰᠡᠷᠭᠡᠶ᠋ᠢᠯᠡᠨ ᠵᠠᠰᠠᠬᠤ ᠴᠢᠳᠠᠪᠤᠷᠢ ᠵᠢ ᠦᠨᠡᠨ ᠬᠦ᠌ ᠨᠡᠮᠡᠭᠳᠡᠭᠦᠯᠵᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠤᠯᠠᠮ ᠨᠢᠭᠡ ᠠᠯᠬᠤᠮ ᠲᠥᠯᠬᠢᠨ ᠠᠬᠢᠭᠤᠯᠬᠤ᠎ᠳᠤ ᠪᠠᠲᠤ ᠪᠡᠬᠢ ᠠᠮᠤᠷ ᠲᠦᠪᠰᠢᠨ᠎ᠤ ᠪᠠᠲᠤᠯᠠᠭ᠎ᠠ ᠵᠢ ᠬᠠᠩᠭ᠋ᠠᠬᠤ ᠬᠡᠷᠡᠭᠲᠡᠶ᠃

    ᠬᠣᠶᠠᠷ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ᠎ᠪᠠᠷ ᠠᠮᠤᠷ ᠲᠦᠪᠰᠢᠨ᠎ᠤ ᠠᠵᠢᠯ᠎ᠢ ᠰᠠᠢ᠍ᠢ᠍ᠳᠤᠷ ᠬᠢᠵᠦ ᠬᠢᠨᠠᠨ ᠬᠠᠮᠢᠶᠠᠷᠤᠯᠳᠠ᠎ᠪᠠᠨ ᠴᠢᠨᠭ᠌ᠭ᠋ᠠᠳᠬᠠᠬᠤ ᠬᠡᠷᠡᠭᠲᠡᠢ

      ᠬᠦᠢ᠍ᠰᠦ ᠵᠢᠨ ᠢᠨᠵᠧᠨᠧᠷᠢᠩ᠎ᠤᠨ ᠬᠠᠷᠢᠶ᠎ᠠ ᠣᠷᠣᠨ᠎ᠨᠢ 53.8 ᠺᠢᠯᠤᠮᠸᠲᠷ᠂ ᠶᠡᠷᠦᠨᠭᠬᠡᠢ ᠲᠠᠯᠠᠪᠠᠢ᠎ᠨᠢ 129 ᠲᠡᠭᠰᠢ ᠳᠥᠷᠪᠡᠯᠵᠢᠨ ᠺᠢᠯᠤᠮᠸᠲᠷ ᠪᠠᠶ᠋ᠢᠵᠤ᠂ ᠣᠷᠣᠨ ᠪᠦᠰᠡ᠎ᠨᠢ ᠬᠣᠶᠠᠷ ᠬᠤᠳᠠ ᠨᠢᠭᠡ ᠠᠶ᠋ᠢᠮᠠᠭ ᠭᠤᠷᠪᠠᠨ ᠬᠣᠰᠢᠭᠤ ᠨᠢᠭᠡ ᠰᠢᠶᠠᠨ᠎ᠳᠤ ᠬᠣᠯᠪᠣᠭᠳᠠᠵᠤ᠂ ᠠᠮᠤᠷ ᠲᠦᠪᠰᠢᠨ᠎ᠤ ᠬᠢᠨᠠᠨ ᠬᠠᠮᠢᠶᠠᠷᠤᠯᠲᠠ ᠵᠢᠨ ᠠᠵᠢᠯ᠎ᠤᠨ ᠬᠡᠪᠴᠢᠶ᠎ᠡ ᠥᠷᠭᠡᠨ᠂ ᠴᠢᠭ ᠤᠯᠠᠨ᠂ ᠱᠤᠭᠤᠮ᠎ᠨᠢ ᠤᠷᠳᠤ ᠪᠠᠶ᠋ᠢᠳᠠᠭ᠃ ᠠᠶᠤᠯ ᠦᠭᠡᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢ ᠴᠢᠩᠭ᠋ᠠᠳᠬᠠᠬᠤ᠎ᠳᠤ᠂ ᠲᠤᠪᠴᠢᠶᠠᠨ᠎ᠳᠤ ᠬᠠᠷᠢᠶᠠᠯᠠᠭᠳᠠᠬᠤ ᠭᠤᠷᠪᠠᠨ ᠲᠦᠷᠦᠯ᠎ᠤᠨ ᠨᠢᠭᠡᠴᠢ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠨᠢᠭᠡᠳᠦᠭᠡᠷ ᠲᠦᠷᠦᠯ᠎ᠨᠢ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠪᠣᠯᠤᠨ᠎ᠠ᠂ ᠵᠢᠱ᠌ᠢᠶᠡᠯᠡᠪᠡᠯ ᠶᠡᠷᠦᠩᠬᠡᠶ ᠭᠣᠣᠯ ᠰᠤᠪᠠᠭ᠎ᠤᠨ ᠬᠠᠮᠢᠶᠠᠷᠤᠯᠲᠠ ᠵᠢᠨ ᠭᠠᠵᠠᠷ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠭᠣᠣᠯᠳᠠᠯᠭ᠎ᠠ᠎ᠨᠢ ᠭᠣᠣᠯᠳᠠᠭᠤ ᠤᠰᠤᠨ ᠬᠦᠴᠦᠨ᠎ᠤ ᠴᠠᠬᠢᠯᠭ᠋ᠠᠨ ᠭᠠᠷᠭ᠋ᠠᠯᠲᠠ ᠵᠢᠨ ᠠᠶᠤᠯ ᠦᠭᠡᠢ ᠪᠠᠶ᠋ᠢᠬᠤ ᠶᠠᠪᠤᠳᠠᠯ ᠪᠤᠯᠤᠨ᠎ᠠ; ᠬᠣᠶᠠᠳᠤᠭ᠋ᠠᠷ ᠲᠥᠷᠥᠯ᠎ᠨᠢ ᠢᠨᠵᠧᠨᠧᠷᠢᠩ᠎ᠤᠨ ᠬᠠᠮᠢᠶᠠᠷᠤᠯᠲᠠ ᠵᠢᠨ ᠨᠢᠭᠡᠴᠢ ᠪᠣᠯᠤᠨ᠎ᠠ  ᠂ ᠭᠤᠤᠯᠳᠠᠭᠤ ᠰᠥᠩ ᠬᠠᠯᠢᠶ᠎ᠠ ᠵᠢ ᠰᠡᠷᠭᠡᠶ᠋ᠢᠯᠡᠬᠦ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠤᠰᠤᠯᠠᠯᠲᠠ ᠵᠢᠨ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ ᠪᠠ ᠢᠨᠵᠧᠨᠧᠷᠢᠩ᠎ᠤᠨ ᠠᠵᠢᠯᠯᠠᠭ᠋ᠠᠨ᠎ᠤ ᠠᠮᠤᠷ ᠲᠦᠪᠰᠢᠨ᠎ᠢ ᠪᠠᠲᠤᠯᠠᠨ᠎ᠠ; ᠭᠤᠷᠪᠠᠳᠤᠭ᠋ᠠᠷ ᠲᠥᠷᠥᠯ᠎ᠨᠢ ᠲᠣᠪᠴᠢᠶ᠎ᠠ᠎ᠳᠤ ᠬᠠᠷᠢᠶᠠᠯᠠᠭᠳᠠᠬᠤ ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠪᠣᠯᠤᠨ᠎ᠠ  ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠭᠤᠤᠯᠳᠠᠯᠭ᠎ᠠ᠎ᠨᠢ ᠪᠠᠷᠢᠯᠭ᠎ᠠ ᠵᠢᠨ ᠲᠥᠷᠥᠯ ᠵᠤᠢ᠌ᠯ᠎ᠤᠨ ᠪᠥᠲᠥᠭᠡᠨ ᠪᠠᠶ᠋ᠢᠭᠤᠯᠤᠯᠲᠠ ᠵᠢᠴᠢ ᠪᠠᠷᠢᠯᠭ᠎ᠠ ᠵᠢᠨ ᠠᠮᠤᠷ ᠲᠦᠪᠰᠢᠨ᠂ ᠭᠠᠯ ᠰᠡᠷᠭᠡᠢ᠍ᠢ᠍ᠯᠡᠬᠦ ᠠᠮᠤᠷ ᠲᠦᠪᠰᠢᠨ ᠵᠢᠴᠢ ᠲᠡᠷᠭᠡ ᠬᠥᠰᠬᠡ᠂ ᠤᠰᠤᠨ᠎ᠳᠤ ᠬᠣᠯᠪᠣᠭᠳᠠᠬᠤ ᠬᠡᠰᠡᠭ᠎ᠤᠨ ᠠᠮᠤᠷ ᠲᠦᠪᠰᠢᠨ᠎ᠤ ᠬᠠᠮᠢᠶᠠᠷᠤᠯᠲᠠ᠎ᠶᠢ ᠰᠠᠶ᠋ᠢᠲᠤᠷ ᠬᠢᠬᠦ ᠶᠠᠪᠤᠳᠠᠯ ᠪᠣᠯᠤᠨ᠎ᠠ᠃

      ᠠᠶᠤᠯ ᠦᠭᠡᠢ ᠦᠢ᠍ᠯᠡᠳᠪᠦᠷᠢᠯᠡᠯ᠎ᠨᠢ ᠠᠷᠠᠳ ᠤᠯᠠᠨ᠎ᠤ ᠠᠮᠢ ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠲᠠᠢ ᠬᠣᠯᠪᠣᠭᠳᠠᠵᠤ ᠪᠠᠶ᠋ᠢᠳᠠᠭ᠃ ᠪᠢᠳᠡ ᠨᠠᠮ ᠊ᠤ᠋ᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠶ ᠡᠯ᠎ᠡ ᠵᠦᠢ᠍ᠯ᠎ᠤᠨ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠦᠭ ᠠᠶᠠᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠳᠠᠬᠢ ᠰᠢᠨ᠎ᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠡᠵᠡᠮᠳᠡᠵᠦ᠂ ᠨᠡᠩ ᠪᠣᠳᠠᠲᠠᠶ ᠵᠢ ᠡᠷᠬᠢᠮᠯᠡᠬᠦ ᠰᠤᠷᠲᠠᠯ ᠪᠣᠯᠤᠨ ᠨᠡᠩ ᠬᠦᠴᠦᠲᠡᠶ ᠠᠷᠭ᠎ᠠ ᠬᠡᠮᠵᠢᠶ᠎ᠡ᠎ᠪᠠᠷ ᠡᠯ᠎ᠡ ᠲᠦᠷᠦᠯ᠎ᠤᠨ ᠡᠨᠳᠡᠯ ᠭᠠᠷᠬᠤ᠎ᠠᠴᠠ ᠡᠷᠡᠰ ᠰᠡᠷᠭᠡᠶ᠋ᠢᠯᠡᠵᠦ᠂ ᠠᠶᠤᠯ ᠦᠭᠡᠢ ᠦᠢ᠍ᠯᠡᠳᠪᠦᠷᠢᠯᠡᠯ ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠬᠦ ᠲᠠᠯ᠎ᠠ ᠵᠢᠨ ᠠᠵᠢᠯ ᠦᠢ᠍ᠯᠡᠰ᠎ᠤᠨ ᠠᠮᠤᠷ ᠲᠦᠪᠰᠢᠨ ᠲᠣᠭᠲᠠᠭᠤᠨ ᠵᠶ᠋ᠡᠷ ᠬᠥᠭᠵᠢᠬᠦ ᠵᠢ ᠪᠦᠬᠦ ᠬᠦᠴᠦᠨ ᠵᠶ᠋ᠡᠷ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠳᠤ ᠲᠤᠯᠭ᠋ᠠᠭᠤᠷᠢᠯᠠᠯ ᠪᠠᠲᠤᠯᠠᠭ᠎ᠠ ᠵᠢ ᠰᠠᠶ᠋ᠢᠲᠤᠷ ᠬᠠᠩᠭ᠋ᠠᠬᠤ ᠬᠡᠷᠡᠭᠲᠡᠶ᠃

     (ᠨᠢᠭᠡ) ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠨ ᠪᠣᠳᠠᠲᠠᠶ᠋ᠢᠵᠢᠭᠤᠯᠤᠨ᠎ᠠ᠃ ᠮᠠᠨ᠎ᠤ ᠲᠣᠪᠴᠢᠶ᠎ᠠ ᠵᠢᠨ ᠬᠠᠷᠢᠶ᠎ᠠ ᠨᠢᠭᠡᠴᠢ ᠵᠢᠨ ᠠᠵᠢᠯ᠎ᠤᠨ ᠣᠨᠴᠠᠯᠢᠭ᠂ ᠲᠤᠰᠬᠠᠶ ᠮᠡᠷᠭᠡᠵᠢᠯ᠎ᠤᠨ ᠣᠨᠴᠠᠯᠢᠭ ᠪᠣᠯᠤᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠲᠠᠢ ᠨᠢᠭᠳᠠ ᠤᠶᠠᠯᠳᠤᠭᠤᠯᠤᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠥᠷᠢᠮ᠎ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠠᠵᠢᠯ᠎ᠤᠨ ᠪᠠᠶ᠋ᠢᠷᠢ ᠵᠢᠨ ᠠᠶᠤᠯ ᠥᠭᠡᠢ ᠵᠢᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠠᠯᠲᠠᠲᠤ ᠬᠠᠷᠢᠭᠤᠴᠠᠯᠭ᠎ᠠ ᠵᠢ ᠱᠠᠳᠤ ᠳᠠᠷᠠᠭ᠋ᠠᠯᠠᠨ ᠪᠣᠳᠠᠲᠠᠶ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠱᠠᠳᠤ ᠳᠠᠪᠬᠤᠷᠭ᠎ᠠ ᠨᠢᠭᠡᠪᠦᠷᠢ᠎ᠳᠤ ᠬᠦᠷᠲᠡᠯ᠎ᠡ ᠬᠤᠪᠢᠶᠠᠵᠤ᠂ ᠠᠵᠢᠯ᠎ᠤᠨ ᠪᠠᠶ᠋ᠢᠷᠢ ᠨᠢᠭᠡᠪᠦᠷᠢ᠂ ᠬᠥᠮᠦᠨ ᠨᠢᠭᠡᠪᠦᠷᠢ᠎ᠳᠤ ᠬᠦᠷᠲᠡᠯ᠎ᠡ       ᠨᠠᠶ᠋ᠢᠳᠠᠪᠤᠷᠢᠵᠢᠭᠤᠯᠤᠨ᠂ 《ᠨᠢᠭᠡ ᠠᠵᠢᠯ᠎ᠤᠨ ᠪᠠᠶ᠋ᠢᠷᠢ ᠨᠢᠭᠡ ᠬᠠᠷᠢᠭᠤᠴᠠᠯᠭ᠎ᠠ᠎ᠲᠠᠢ ᠪᠠᠶ᠋ᠢᠬᠤ᠂ ᠠᠵᠢᠯ᠎ᠤᠨ ᠪᠠᠶ᠋ᠢᠷᠢ ᠪᠠ ᠬᠠᠷᠢᠭᠤᠴᠠᠯᠭ᠎ᠠ ᠵᠢ ᠬᠠᠷᠢᠯᠴᠠᠨ ᠨᠡᠶ᠋ᠢᠴᠡᠭᠦᠯᠬᠦ》 ᠵᠢ ᠭᠦᠢ᠍ᠴᠡᠳᠬᠡᠬᠦ ᠬᠡᠷᠡᠭᠲᠡᠶ᠃ ᠣᠨᠴᠠ ᠵᠠᠷᠢᠮ ᠺᠠᠳ᠋ᠷ ᠠᠵᠢᠯᠲᠠᠨ᠎ᠳᠤ ᠣᠷᠣᠰᠢᠵᠤ ᠪᠠᠶ᠋ᠢᠭ᠎ᠠ 《ᠠᠮᠤᠷ ᠲᠦᠪᠰᠢᠨ᠎ᠢ ᠬᠠᠮᠢᠶᠠᠷᠬᠤ ᠳᠤᠷ᠎ᠠ ᠦᠭᠡᠶ᠂ ᠠᠮᠤᠷ ᠲᠦᠪᠰᠢᠨ᠎ᠢ ᠬᠠᠮᠢᠶᠠᠷᠬᠤ ᠵᠣᠷᠢᠭ ᠦᠭᠡᠶ᠂ ᠠᠮᠤᠷ ᠲᠦᠪᠰᠢᠨ᠎ᠢ ᠬᠠᠮᠢᠶᠠᠷᠴᠤ ᠴᠢᠳᠠᠬᠤ ᠦᠭᠡᠶ》ᠦᠵᠡᠭᠳᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠢᠨᠠᠨ ᠰᠢᠯᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠠ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ᠎ᠪᠠᠷ ᠭᠤᠤᠯ ᠪᠣᠯᠭ᠋ᠠᠭᠰᠠᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠣᠯᠵᠣᠨ ᠶᠠᠷᠢᠯᠴᠠᠵᠤ ᠮᠡᠳᠡᠭᠡᠯᠡᠬᠦ ᠲᠦᠷᠢᠮ ᠪᠠ ᠰᠢᠯᠭ᠋ᠠᠨ ᠬᠢᠨᠠᠵᠤ ᠱᠠᠩᠨᠠᠵᠤ ᠲᠣᠷᠭ᠋ᠠᠬᠤ ᠲᠣᠭᠲᠠᠴᠠ ᠵᠢ ᠪᠠᠶ᠋ᠢᠭᠤᠯᠬᠤ ᠵᠢᠨ ᠬᠠᠮᠲᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠲᠡᠷᠢᠭᠦᠨ᠎ᠤ᠎ᠬᠢ ᠵᠢ ᠰᠢᠯᠭ᠋ᠠᠷᠠᠭᠤᠯᠵᠤ ᠰᠢᠯᠢᠳᠡᠭ᠎ᠢ ᠰᠢᠯᠭ᠋ᠠᠷᠠᠭᠤᠯᠬᠤ᠂ ᠵᠡᠷᠭᠡ ᠲᠠᠰ ᠳᠡᠪᠰᠢᠭᠦᠯᠵᠦ ᠬᠡᠷᠡᠭᠯᠡᠬᠦ᠎ᠲᠠᠢ ᠬᠤᠯᠪᠤᠭᠳᠠᠭᠤᠯᠤᠨ᠂ ᠣᠨ᠎ᠤ ᠠᠮᠤᠷ ᠲᠦᠪᠰᠢᠨ᠎ᠤ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠥᠬᠡᠶ ᠨᠢᠭᠡᠴᠢ ᠪᠠ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠳᠤ ᠴᠥᠮ ᠰᠢᠯᠭ᠋ᠠᠨ ᠬᠢᠨᠠᠵᠤ ᠰᠢᠯᠢᠳᠡᠭ᠎ᠢ ᠰᠢᠯᠭ᠋ᠠᠷᠠᠭᠤᠯᠬᠤ᠎ᠳᠤ 《ᠨᠢᠭᠡ ᠪᠢᠯᠧᠲ ᠵᠶ᠋ᠡᠷ ᠦᠭᠡᠶ᠋ᠢᠰᠬᠡᠬᠦ》 ᠵᠢ ᠬᠡᠷᠡᠭᠵᠢᠭᠦᠯᠬᠦ ᠬᠡᠷᠡᠭᠲᠡᠶ᠃

     (ᠬᠣᠶᠠᠷ) ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠵᠢ ᠱᠠᠲᠤ ᠱᠠᠲᠤ᠎ᠪᠠᠷ ᠴᠢᠩᠭ᠎ᠠ ᠪᠤᠳᠠᠳᠠᠢ᠍ᠵᠢᠭᠤᠯᠤᠨ᠎ᠠ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠢ ᠪᠡᠷᠢᠮᠵᠢᠶᠡᠵᠢᠭᠤᠯᠬᠤ ᠪᠥᠳᠥᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ᠂ ᠬᠠᠳᠤᠨ ᠭᠤᠤᠯ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠡᠷᠬᠡ ᠵᠢᠨ ᠲᠣᠳᠣᠷᠬᠠᠶ ᠬᠠᠭᠤᠳᠠᠰᠤ ᠪᠠ ᠬᠠᠷᠢᠭᠤᠴᠠᠯᠭ᠎ᠠ ᠵᠢᠨ ᠲᠣᠳᠣᠷᠬᠠᠶ ᠬᠠᠭᠤᠳᠠᠰᠤ ᠵᠢ ᠰᠦᠪᠡᠭᠴᠢᠯᠡᠨ ᠲᠣᠭᠲᠠᠭ᠋ᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠣᠯ ᠬᠠᠷᠢᠭᠤᠴᠠᠯᠭ᠎ᠠ᠎ᠠᠴᠠ ᠬᠡᠯᠲᠦᠷᠢᠭᠦᠯᠬᠦ᠂ ᠬᠠᠷᠢᠭᠤᠴᠠᠯᠭ᠎ᠠ᠎ᠪᠠᠨ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ ᠵᠢ ᠪᠡᠶᠡᠯᠡᠭᠦᠯᠦᠨ᠎ᠡ᠃ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ》ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ (ᠤᠰᠤᠨ ᠎ᠤ ᠶᠠᠪᠤᠳᠠᠯ᠎ᠤᠨ ᠰᠠᠯᠠᠭ᠎ᠠ)᠎ᠠᠴᠠ ᠨᠢᠭᠡᠳᠦᠯᠲᠡᠶ ᠵᠣᠬᠢᠴᠠᠭᠤᠯᠬᠤ ᠪᠠ ᠲᠣᠬᠢᠷᠠᠭᠤᠯᠵᠤ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ᠎ᠤᠨ ᠪᠠᠶ᠋ᠢᠷᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠦᠭᠰᠢᠭᠦᠷᠢ ᠵᠢᠨ ᠴᠢᠭ ᠬᠢᠭᠡᠳ ᠶᠠᠪᠤᠴᠠ ᠵᠢᠨ ᠵᠢᠷᠤᠭ᠎ᠢ ᠨᠠᠶ᠋ᠢᠷᠠᠭᠤᠯᠤᠨ ᠵᠣᠬᠢᠶᠠᠵᠤ᠂ ᠠᠰᠠᠭᠤᠳᠠᠯ᠎ᠤᠨ ᠲᠣᠳᠣᠷᠬᠠᠶ ᠬᠠᠭᠤᠳᠠᠰᠤ ᠵᠢᠨ ᠬᠡᠯᠪᠡᠷᠢᠳᠦ ᠬᠢᠨᠠᠨ ᠪᠠᠢ᠍ᠢ᠍ᠴᠠᠭ᠋ᠠᠯᠳᠠ ᠵᠢ ᠥᠷᠨᠢᠭᠦᠯᠦᠨ᠂ ᠬᠠᠷᠢᠶ᠎ᠠ ᠣᠷᠣᠨ᠎ᠤ ᠳᠣᠲᠣᠷᠠᠬᠢ ᠲᠦᠭᠰᠢᠭᠦᠷᠢ ᠵᠢᠨ ᠡᠬᠢ ᠰᠤᠷᠪᠤᠯᠵᠢ ᠵᠢ ᠢᠯᠭ᠋ᠠᠨ ᠲᠠᠨᠢᠵᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠂ ᠲᠠᠯᠳᠠ ᠭᠡᠮ᠎ᠢ   ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ       ᠰᠠᠶ᠋ᠢᠵᠢᠷᠠᠭᠤᠯᠬᠤ 《ᠪᠢᠲᠡᠭᠦᠮᠵᠢ》 ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠭᠦᠨ᠎ᠤ ᠵᠡᠷᠭᠡᠴᠡᠪᠡᠷ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠱᠠᠳᠤ ᠳᠠᠷᠠᠭ᠋ᠠᠯᠠᠨ ᠪᠣᠳᠠᠲᠠᠶ᠋ᠢᠵᠢᠭᠤᠯᠵᠤ᠂ ᠨᠠᠷᠢᠨ ᠳᠠᠩᠰᠠᠴᠢᠯᠠᠨ  ᠂   ᠪᠡᠷᠢᠮᠵᠢᠶᠡᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠠᠯᠲᠠ ᠵᠢᠨ ᠬᠢᠨᠠᠨ ᠰᠢᠯᠭ᠋ᠠᠯᠲᠠ᠎ᠲᠠᠢ ᠤᠶᠠᠯᠳᠤᠭᠤᠯᠤᠨ᠂ ᠤᠳᠤᠷᠢᠳᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠤᠤᠱᠲᠠᠢ ᠪᠠᠶ᠋ᠢᠯᠭ᠋ᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ ᠡᠬᠦᠷᠭᠡ᠎ᠪᠠᠨ ᠭᠦᠢ᠍ᠴᠡᠳᠬᠡᠬᠦ ᠬᠡᠷᠡᠭᠲᠡᠶ᠃

     (ᠭᠤᠷᠪᠠ) ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠦᠷᠭᠦᠯᠵᠢᠯᠡᠨ ᠴᠢᠩᠭ᠋ᠠᠷᠠᠭᠤᠯᠤᠨ᠎ᠠ᠃ ᠶᠠᠭ ᠶᠠᠪᠤᠭᠳᠠᠵᠤ ᠪᠠᠶ᠋ᠢᠭ᠎ᠠ ᠤᠰᠤᠨ ᠳᠡᠭᠡᠷ᠎ᠡ ᠠᠵᠢᠯᠯᠠᠬᠤ᠂ ᠪᠠᠢ᠍ᠢ᠍ᠭᠤᠯᠵᠤ ᠪᠠᠢ᠍ᠢ᠍ᠭ᠎ᠠ ᠪᠠᠷᠢᠯᠭ᠎ᠠ ᠪᠠ ᠦᠶᠡᠷᠯᠡᠬᠦ ᠬᠤᠭᠤᠴᠠᠭ᠎ᠠ ᠵᠡᠷᠭᠡ ᠣᠨᠴᠠᠭ᠋ᠠᠢ ᠴᠠᠭ ᠬᠤᠭᠤᠴᠠᠭ᠋ᠠᠨ᠎ᠳᠠᠬᠢ ᠡᠯ᠎ᠡ ᠲᠤᠰᠬᠠᠶ   ᠵᠤᠢ᠌ᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠴᠡᠭᠴᠡᠯᠡᠨ ᠵᠠᠰᠠᠬᠤ ᠠᠵᠢᠯᠯᠠᠭ᠎ᠠ ᠵᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠨᠢᠭᠳᠠᠴᠠ ᠪᠠ ᠳᠠᠯᠳᠠ ᠬᠡᠮ᠎ᠤᠨ ᠠᠰᠠᠭᠤᠳᠠᠯ᠎ᠢ ᠰᠢᠮᠳᠠᠭᠤᠯᠤᠨ ᠰᠢᠢ᠍ᠳᠪᠤᠷᠢᠯᠡᠵᠦ ᠴᠡᠭᠴᠡᠯᠡᠨ ᠰᠠᠶ᠋ᠢᠵᠢᠷᠠᠭᠤᠯᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠡᠨᠳᠡᠯ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠢᠯᠠᠩᠭᠤᠶ᠎ᠠ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠪᠣᠯᠤᠨ ᠨᠢᠭᠡᠳᠦᠭᠡᠷ ᠹᠷᠣᠨᠲ᠎ᠤᠨ ᠨᠢᠭᠡᠴᠢ ᠵᠢ ᠰᠠᠶ᠋ᠢᠲᠤᠷ ᠠᠳᠬᠤᠵᠤ᠂ ᠪᠦᠬᠦ ᠠᠵᠢᠯᠳᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ 《ᠡᠴᠦᠰ᠎ᠤᠨ ᠨᠢᠭᠡ ᠺᠢᠯᠤᠮᠸᠲᠷ》  ᠎ᠢ ᠪᠣᠳᠠᠲᠠᠢ ᠴᠢᠩᠭ᠎ᠠ ᠠᠳᠬᠤᠬᠤ ᠬᠡᠷᠡᠭᠲᠡᠢ᠃ ᠠᠶᠤᠯ ᠦᠭᠡᠢ ᠦᠢ᠍ᠯᠡᠳᠪᠦᠷᠢᠯᠡᠯ᠎ᠤᠨ ᠪᠡᠷᠢᠮᠵᠢᠶᠡᠵᠢᠭᠤᠯᠳᠠ ᠵᠢᠨ ᠪᠦᠳᠤᠬᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠡᠨᠡ ᠵᠢᠯ᠎ᠤᠨ ᠳᠣᠲᠣᠷ᠎ᠠ ᠠᠶᠤᠯ ᠦᠭᠡᠢ ᠦᠢ᠍ᠯᠡᠳᠪᠦᠷᠢᠯᠡᠯ᠎ᠤᠨ ᠪᠡᠷᠢᠮᠵᠢᠶᠡᠵᠢᠭᠤᠯᠬᠤ ᠪᠠᠷᠢᠮᠵᠢᠶ᠎ᠠ᠎ᠳᠤ ᠬᠦᠷᠭᠡᠵᠦ ᠪᠦᠬᠦᠨ᠎ᠢ ᠪᠦᠷᠬᠦᠬᠦᠯᠬᠦ᠎ᠪᠠᠷ ᠴᠢᠷᠮᠠᠶ᠋ᠢᠵᠤ᠂ ᠬᠠᠷᠢᠶ᠎ᠠ ᠣᠷᠣᠨ᠎ᠤ ᠭᠣᠣᠯᠳᠠᠯᠭ᠎ᠠ᠎ᠲᠠᠢ ᠬᠦᠷᠢᠶ᠎ᠡ᠂ ᠵᠠᠩᠭᠢᠯᠠᠭ᠎ᠠ ᠵᠢᠨ ᠭᠣᠭᠴᠣᠭ᠎ᠠ᠂ ᠴᠢᠬᠤᠯᠠ ᠣᠷᠣᠨ᠎ᠤ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠢᠮᠠᠭᠲᠠ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

     (ᠳᠥᠷᠪᠡ) ᠠᠶᠤᠯ ᠦᠭᠡᠢ ᠦᠢ᠍ᠯᠡᠳᠪᠦᠷᠢᠯᠡᠯ᠎ᠤᠨ ᠰᠠᠭᠤᠷᠢ ᠵᠢ ᠪᠡᠬᠢᠵᠢᠭᠦᠯᠦᠨ᠎ᠡ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢᠨ ᠲᠠᠯ᠎ᠠ᠎ᠪᠠᠷ᠂ ᠠᠶᠤᠯ ᠦᠭᠡᠢ ᠦᠢ᠍ᠯᠡᠳᠪᠦᠷᠢᠯᠡᠯ ᠬᠢᠭᠡᠳ ᠲᠤᠬᠠᠶ᠋ᠢᠯᠠᠭᠰᠠᠨ ᠠᠵᠢᠯ᠎ᠢ ᠵᠡᠷᠭᠡ᠎ᠳᠤ᠎ᠨᠢ ᠪᠠᠶ᠋ᠢᠷᠢᠯᠠᠭᠤᠯᠬᠤ᠂ ᠵᠡᠷᠭᠡ᠎ᠳᠤ᠎ᠨᠢ ᠪᠠᠶ᠋ᠢᠴᠠᠭ᠋ᠠᠬᠤ᠂ ᠵᠡᠷᠭᠡ᠎ᠳᠤ᠎ᠨᠢ ᠬᠢᠨᠠᠨ ᠰᠢᠯᠭ᠋ᠠᠬᠤ ᠵᠢ ᠪᠠᠷᠢᠮᠲᠠᠯᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠳᠤᠮᠳᠠᠬᠢ ᠲᠠᠯᠳᠠ ᠭᠡᠮ᠎ᠤᠨ ᠢᠯᠡᠷᠡᠯ᠎ᠤᠨ ᠠᠰᠠᠭᠤᠳᠠᠯ᠎ᠢ ᠴᠠᠭ ᠲᠤᠬᠠᠶ᠎ᠳᠤ᠎ᠨᠢ ᠰᠤᠳᠤᠯᠤᠨ ᠰᠢᠢ᠍ᠳᠪᠤᠷᠢᠯᠡᠬᠦ ᠬᠡᠷᠡᠭᠲᠡᠶ᠃ ᠠᠮᠤᠷ ᠲᠦᠪᠰᠢᠨ᠎ᠤ ᠬᠥᠮᠦᠵᠢᠯ᠎ᠤᠨ ᠲᠠᠯ᠎ᠠ᠎ᠪᠠᠷ᠂ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠺᠠᠳ᠋ᠷ ᠠᠵᠢᠯᠳᠠᠨ᠎ᠤ ᠤᠯᠠᠭ᠋ᠠᠨ ᠱᠤᠭᠤᠮ᠎ᠤᠨ ᠤᠬᠠᠮᠰᠠᠷ᠂ ᠬᠣᠷᠢᠭ᠎ᠠ ᠱᠤᠭᠤᠮ᠎ᠤᠨ ᠰᠡᠳᠬᠢᠬᠦᠢ ᠵᠢ ᠴᠢᠩᠭ᠋ᠠᠳᠬᠠᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠯ᠎ᠢ ᠬᠠᠨᠳᠤᠯᠭ᠋ᠠᠳᠤ ᠴᠢᠨᠠᠷᠲᠠᠶ᠎ᠪᠠᠷ ᠥᠷᠨᠢᠭᠦᠯᠵᠦ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠤᠷᠢᠯᠡᠬᠦ ᠵᠡᠷᠭᠡ ᠠᠭᠤᠯᠭ᠎ᠠ ᠵᠢᠨ ᠲᠣᠭᠣᠷᠢᠨ᠎ᠳᠤ᠂ ᠠᠵᠢᠯᠲᠠᠨ ᠠᠵᠢᠯᠴᠢᠨ᠎ᠤ ᠠᠮᠤᠷ ᠲᠦᠪᠰᠢᠨ᠎ᠤ ᠲᠦᠭᠰᠢᠭᠦᠷᠢ ᠵᠢᠨ ᠦᠵᠡᠯ ᠤᠬᠠᠮᠰᠠᠷ ᠪᠠ ᠠᠮᠤᠷ ᠲᠦᠪᠰᠢᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠠᠯ᠎ᠠ᠎ᠪᠠᠷ᠂ ᠪᠡᠯᠡᠳᠬᠡᠯ ᠲᠥᠰᠦᠯ᠎ᠤᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠦᠨ᠂ ᠦᠨᠳᠦᠰᠦᠨ ᠱᠠᠲᠤᠨ᠎ᠤ ᠡᠭᠡᠯᠵᠢ ᠳᠤᠭᠤᠶ᠋ᠢᠯᠠᠩ᠎ᠤᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠤ ᠠᠵᠢᠯᠯᠠᠬᠤ ᠮᠠᠶᠢᠭ᠎ᠤᠨ᠂ ᠪᠣᠳᠠᠲᠤ ᠪᠠᠶ᠋ᠢᠯᠳᠤᠭ᠋ᠠᠨᠴᠢᠯᠠᠭᠰᠠᠨ ᠠᠩᠬᠠᠨ᠎ᠤ ᠬᠤᠭᠤᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠤᠷᠢᠯᠡᠬᠦ ᠰᠣᠷᠢᠯᠲᠠ ᠵᠢ ᠳᠣᠪᠣᠶ᠋ᠢᠯᠭ᠋ᠠᠵᠤ᠂ ᠠᠵᠢᠯᠲᠠᠨ ᠠᠵᠢᠯᠴᠢᠨ᠎ᠢ ᠬᠠᠪᠰᠤᠷᠤᠨ ᠴᠢᠬᠤᠯᠠ ᠪᠦᠬᠦᠢ ᠠᠶᠤᠯ᠎ᠠᠴᠠ ᠵᠠᠶ᠋ᠢᠯᠠᠬᠤ ᠮᠡᠳᠡᠯᠭᠡ ᠪᠠ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠡᠵᠡᠮᠰᠢᠭᠦᠯᠬᠦ ᠬᠡᠷᠡᠭᠲᠡᠶ᠃

      ᠭᠤᠷᠪᠠ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠠᠷᠢᠮᠲᠠᠯᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠪᠠᠲᠤᠯᠠᠬᠤ ᠬᠡᠷᠡᠭᠲᠡᠢ

      ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠬᠦᠢ᠍ᠰᠦ ᠪᠣᠯ ᠲᠠᠷᠢᠶᠠᠯᠠᠩ᠎ᠤᠨ ᠤᠰᠤᠯᠠᠯᠲᠠ ᠵᠢᠨ ᠤᠰᠤ ᠲᠠᠲᠠᠬᠤ᠂ ᠰᠥᠩ ᠬᠠᠯᠢᠶ᠎ᠠ ᠵᠢ ᠰᠡᠷᠭᠡᠶ᠋ᠢᠯᠡᠨ ᠦᠶᠡᠷ᠎ᠢ ᠰᠡᠷᠭᠡᠶ᠋ᠢᠯᠡᠬᠦ᠂ ᠠᠮᠢ ᠠᠬᠤᠶ ᠵᠢᠨ ᠵᠠᠰᠠᠯᠲᠠ ᠵᠢᠨ ᠤᠰᠤ ᠲᠣᠬᠢᠷᠠᠭᠤᠯᠬᠤ᠂ ᠵᠠᠮ ᠬᠠᠷᠢᠯᠴᠠᠭ᠎ᠠ᠂ ᠴᠠᠬᠢᠯᠭ᠋ᠠᠨ ᠭᠠᠷᠭ᠋ᠠᠬᠤ᠂ ᠵᠢᠭᠤᠯᠴᠢᠯᠠᠯ᠎ᠢ ᠨᠢᠭᠡ ᠴᠤᠭᠴᠠᠵᠢᠭᠤᠯᠤᠭᠰᠠᠨ ᠲᠤᠮᠤ ᠬᠡᠯᠪᠡᠷᠢ ᠵᠢᠨ ᠤᠰᠤᠨ ᠠᠰᠢᠭᠯᠠᠯᠲᠠ ᠵᠢᠨ ᠪᠠᠷᠢᠯᠭ᠎ᠠ ᠪᠣᠯᠬᠤ ᠪᠥᠭᠡᠳ ᠬᠠᠮᠢᠶᠠᠷᠤᠯᠲᠠ ᠵᠢᠨ ᠲᠣᠪᠴᠢᠶ᠎ᠠ ᠵᠢᠨ ᠡᠭᠦᠷᠭᠡᠯᠡᠵᠦ ᠪᠥᠬᠥᠢ ᠪᠠᠷᠢᠯᠭ᠎ᠠ ᠵᠢ ᠡᠵᠡᠮᠳᠡᠨ ᠬᠡᠷᠡᠭᠯᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠠ ᠪᠠᠶ᠋ᠢᠴᠠᠭ᠋ᠠᠵᠤ ᠠᠵᠢᠭᠯᠠᠨ ᠬᠡᠮᠵᠢᠬᠦ᠂ ᠪᠥᠳᠥᠭᠡᠨ ᠪᠠᠶ᠋ᠢᠭᠤᠯᠬᠤ ᠪᠠ ᠬᠠᠮᠢᠶᠠᠷᠬᠤ ᠪᠠᠷᠢᠯᠭ᠎ᠠ ᠤᠯᠠᠨ᠂ ᠤᠰᠤᠨ᠎ᠳᠤ ᠬᠣᠯᠪᠣᠭᠳᠠᠬᠤ ᠠᠵᠢᠯ ᠤᠯᠠᠨ ᠪᠠᠶ᠋ᠢᠵᠤ᠂ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠤ ᠲᠠᠷᠠᠭ᠎ᠠ᠂ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠳᠠᠯ ᠨᠡᠩ ᠬᠦᠨᠳᠦ ᠬᠡᠴᠡᠭᠦᠦ ᠪᠣᠯᠤᠭᠰᠠᠨ ᠪᠠᠶ᠋ᠢᠨ᠎ᠠ᠃ ᠢᠯᠠᠩᠭᠤᠶ᠎ᠠ 2018 ᠣᠨ᠎ᠠᠴᠠ 2019 ᠣᠨ ᠪᠣᠯᠲᠠᠯᠠᠬᠢ ᠢᠨᠵᠧᠨᠧᠷᠢᠩ᠎ᠤᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ᠎ᠪᠠᠷ ᠳᠡᠮᠵᠢᠨ᠂ ᠵᠠᠮ ᠬᠠᠷᠢᠯᠴᠠᠭ᠋ᠠᠨ᠎ᠤ ᠬᠥᠭᠥᠷᠭᠡ ᠵᠢᠨ ᠠᠵᠢᠯᠯᠠᠭ᠋ᠠᠨ᠎ᠤ ᠠᠮᠤᠷ ᠲᠦᠪᠰᠢᠨ᠎ᠳᠤ ᠳᠤᠲᠠᠭᠤᠳᠠᠯ ᠣᠷᠣᠰᠢᠵᠤ᠂ ᠨᠤᠷᠠᠭ᠋ᠠᠵᠤ ᠳᠠᠬᠢᠨ ᠪᠠᠶ᠋ᠢᠭᠤᠯᠵᠤ ᠰᠡᠯᠪᠢᠨ ᠵᠠᠰᠠᠵᠤ ᠪᠡᠬᠢᠵᠢᠭᠦᠯᠬᠦ ᠴᠢᠬᠤᠯᠠᠲᠠᠶ ᠪᠠᠶ᠋ᠢᠨ᠎ᠠ; ᠬᠦᠢ᠍ᠰᠦ ᠵᠢᠨ ᠠᠦᠲ᠋ᠣᠴᠢᠯᠠᠯᠲᠠ ᠵᠢᠨ ᠬᠡᠷᠡᠭᠯᠡᠭᠡᠨ᠎ᠤ ᠲᠦᠪᠰᠢᠨ᠎ᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶ᠋ᠢᠨ᠎ᠠ; ᠴᠥᠭᠥᠷᠥᠮ᠎ᠤᠨ ᠣᠷᠣᠨ᠎ᠤ ᠲᠠᠯᠠᠩ ᠬᠠᠰᠢᠯᠭ᠎ᠠ᠎ᠳᠤ ᠪᠠᠰᠠ ᠨᠡᠪᠴᠢᠵᠦ ᠭᠣᠭᠣᠵᠢᠬᠤ᠂ ᠬᠡᠰᠡᠭ ᠭᠠᠵᠠᠷ᠎ᠲᠤ ᠠᠩ ᠴᠠᠪᠠ ᠭᠠᠷᠬᠤ᠂ ᠲᠠᠷᠬᠠᠨ ᠨᠡᠪᠴᠢᠬᠦ ᠵᠡᠷᠭᠡ ᠠᠮᠤᠷ ᠲᠦᠪᠰᠢᠨ᠎ᠤ ᠲᠠᠯᠳᠠ ᠭᠡᠮ ᠣᠷᠣᠰᠢᠵᠤ ᠪᠠᠶ᠋ᠢᠬᠤ ᠪᠣᠯᠬᠣᠷ ᠬᠠᠰᠢᠯᠭ᠎ᠠ ᠵᠢ ᠪᠡᠬᠢᠯᠡᠬᠦ ᠪᠠᠷᠢᠯᠭ᠎ᠠ ᠪᠠᠴᠢᠮ ᠱᠠᠭ᠋ᠠᠷᠳᠠᠭᠳᠠᠵᠤ ᠪᠠᠶ᠋ᠢᠨ᠎ᠠ᠃ ᠪᠢᠳᠡ ᠢᠮᠠᠭᠲᠠ ᠠᠮᠢ ᠨᠠᠰᠤ ᠵᠢ       ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ᠂ ᠰᠡᠷᠡᠮᠵᠢ ᠵᠢᠨ ᠬᠤᠩᠬᠤ ᠵᠢ ᠪᠠᠶ᠋ᠢᠩᠭᠤ ᠳᠤᠤᠭ᠋ᠠᠷᠭ᠋ᠠᠬᠤ ᠵᠢ ᠪᠠᠷᠢᠮᠲᠠᠯᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠬᠠᠷᠢᠭᠤᠴᠠᠬᠤ᠂ ᠵᠣᠷᠢᠭᠲᠠᠢ᠎ᠪᠠᠷ   ᠭᠦ᠍ᠷᠭᠡᠯᠡᠬᠦ᠂ ᠡᠨᠳᠡᠯ᠎ᠢ ᠡᠵᠡᠮᠳᠡᠵᠦ ᠪᠣᠯᠬᠤ ᠰᠡᠷᠭᠡᠶ᠋ᠢᠯᠡᠵᠦ ᠪᠣᠯᠬᠤ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠬᠤ ᠬᠡᠷᠡᠭᠲᠡᠢ ᠮᠥᠷᠲᠡᠭᠡᠨ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ᠂ ᠤᠨᠢᠨ ᠳᠡᠭᠡᠷ᠎ᠡ᠎ᠨᠢ ᠬᠢᠨᠠᠨ ᠬᠠᠮᠢᠶᠠᠷᠬᠤ᠂ ᠴᠥᠬᠥᠷᠡᠰᠢ ᠦᠭᠡᠢ ᠪᠠᠶ᠋ᠢᠩᠭᠤ ᠠᠳᠬᠤᠬᠤ ᠵᠢ ᠪᠡᠶᠡᠯᠡᠭᠦᠯᠬᠦ ᠬᠡᠷᠡᠭᠲᠡᠢ᠃

     (ᠨᠢᠭᠡ) ᠪᠠᠷᠢᠯᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ 《ᠭᠤᠷᠪᠠᠨ ᠬᠠᠷᠢᠭᠤᠴᠠᠯᠭ᠋ᠠᠲᠠᠨ》᠎ᠤ ᠡᠭᠦᠷᠭᠡ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠢᠨᠵᠧᠨᠧᠷᠢᠩ᠎ᠤᠨ ᠠᠵᠢᠯᠯᠠᠭ᠋ᠠᠨ᠎ᠤ ᠪᠠᠶ᠋ᠢᠳᠠᠯ᠎ᠤᠨ ᠡᠳᠦᠷ ᠲᠤᠲᠤᠮ᠎ᠤᠨ ᠪᠠᠶ᠋ᠢᠴᠠᠭ᠋ᠠᠯᠲᠠ᠂ ᠠᠵᠢᠭᠯᠠᠯᠲᠠ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠰᠠᠶ᠋ᠢᠲᠤᠷ ᠬᠢᠵᠦ᠂ ᠤᠰᠤᠨ ᠵᠦᠶ ᠵᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠢᠨᠵᠧᠨᠧᠷᠢᠩ᠎ᠢ ᠳᠣᠭᠢᠷᠠᠭᠤᠯᠤᠨ ᠠᠵᠢᠯᠯᠠᠭᠤᠯᠬᠤ᠂ ᠦᠶᠡᠷ᠎ᠢ ᠰᠡᠷᠭᠡᠶ᠋ᠢᠯᠡᠬᠦ ᠪᠡᠯᠡᠳᠬᠡᠯ ᠲᠥᠰᠦᠯ ᠵᠡᠷᠭᠡ ᠭᠤᠷᠪᠠᠨ   ᠭᠤᠤᠯᠳᠠᠯᠭ᠎ᠠ᠎ᠲᠠᠢ ᠭᠣᠭᠴᠣᠭ᠎ᠠ ᠵᠢᠨ ᠠᠵᠢᠯ᠎ᠢ ᠴᠢᠩᠭ᠋ᠠᠳᠬᠠᠨ᠎ᠠ᠃ ᠡᠭᠦᠨ᠎ᠤ ᠬᠠᠮᠲᠤ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠪᠠᠷᠢᠯᠭ᠎ᠠ ᠵᠢᠨ ᠠᠮᠤᠷ ᠲᠦᠪᠰᠢᠨ᠎ᠤ ᠬᠡᠮ ᠰᠣᠭᠣᠭ᠎ᠢ ᠠᠷᠢᠯᠭ᠋ᠠᠨ ᠪᠡᠬᠢᠵᠢᠭᠦᠯᠵᠦ᠂ ᠬᠦᠢ᠍ᠰᠦ ᠵᠢᠨ ᠪᠠᠷᠢᠯᠭ᠎ᠠ ᠵᠢᠨ ᠠᠦᠲ᠋ᠣᠴᠢᠯᠠᠭᠰᠠᠨ ᠬᠡᠷᠡᠭᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠪᠠᠷᠢᠯᠭ᠎ᠠ ᠵᠢᠨ ᠣᠷᠳᠣ ᠬᠤᠭᠤᠴᠠᠭ᠎ᠠ᠎ᠪᠠᠷ ᠠᠮᠤᠷ ᠲᠦᠪᠰᠢᠨ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠳᠤᠯᠠᠬᠤ ᠬᠡᠷᠡᠭᠲᠡᠢ᠃ ᠣᠳᠣᠬᠠᠨ᠎ᠳᠤ᠂ ᠰᠠᠨ ᠱᠧᠩ ᠬᠥᠩ ᠤᠰᠤᠨ ᠠᠰᠢᠭᠯᠠᠯᠲᠠ ᠵᠢᠨ ᠬᠦᠢ᠍ᠰᠦ ᠵᠢᠨ ᠪᠡᠬᠢᠯᠡᠬᠦ ᠪᠠᠷᠢᠯᠭ᠎ᠠ (ᠠᠵᠢᠯ᠎ᠤᠨ ᠬᠥᠭᠥᠷᠭᠡ ᠪᠠ ᠬᠠᠰᠢᠯᠭ᠎ᠠ ᠵᠢ ᠪᠡᠬᠢᠵᠢᠭᠦᠯᠬᠦ᠂ ᠮᠡᠳᠡᠭᠡ ᠵᠠᠩᠭᠢᠵᠢᠯᠲᠠ ᠵᠢᠨ ᠪᠥᠲᠥᠭᠡᠨ ᠪᠠᠶ᠋ᠢᠭᠤᠯᠤᠯᠲᠠ) ᠵᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ 2020 ᠣᠨ ᠵᠢᠴᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠤᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠥᠯᠥᠪᠯᠡᠭᠡ᠎ᠳᠤ ᠣᠷᠣᠭᠤᠯᠬᠤ ᠵᠢᠨ ᠬᠠᠮᠲᠤ ᠴᠥᠭᠥᠷᠥᠮ᠎ᠤᠨ ᠣᠷᠣᠨ᠎ᠤ ᠬᠠᠰᠢᠯᠭ᠎ᠠ ᠵᠢ ᠬᠦᠷᠢᠶᠡᠯᠡᠨ ᠬᠠᠰᠢᠯᠭ᠎ᠠ ᠵᠢ ᠬᠠᠲᠠᠭᠤᠷᠠᠭᠤᠯᠬᠤ ᠢᠨᠵᠧᠨᠧᠷᠢᠩ᠎ᠢ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠶ᠋ᠢᠯᠡᠬᠦ ᠭᠤᠷᠪᠠᠳᠤᠭ᠋ᠠᠷ ᠬᠤᠭᠤᠴᠠᠭ᠋ᠠᠨ᠎ᠤ ᠲᠥᠷᠥᠯ ᠵᠤᠢ᠌ᠯ᠎ᠳᠤ ᠣᠷᠣᠭᠤᠯᠪᠠ᠃

     (ᠬᠣᠶᠠᠷ) ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠣᠳᠣᠬᠠᠨ᠎ᠳᠤ ᠶᠠᠭ ᠦᠶᠡᠷ᠎ᠤᠨ ᠭᠣᠣᠯ ᠬᠤᠭᠤᠴᠠᠭ᠋ᠠᠨ᠎ᠳᠤ ᠣᠷᠣᠬᠤ ᠭᠡᠵᠦ ᠪᠠᠶ᠋ᠢᠨ᠎ᠠ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠨᠢ ᠠᠶᠤᠯ ᠲᠦᠭᠰᠢᠭᠦᠷᠢ ᠶᠡᠬᠡᠲᠡᠢ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ᠂ ᠨᠡᠩ ᠴᠤ᠌ ᠤᠰᠤᠨ ᠠᠰᠢᠭᠯᠠᠯᠲᠠ ᠵᠢᠨ ᠢᠨᠵᠧᠨᠧᠷᠢᠩ᠎ᠤᠨ 《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》᠎ᠳᠤ ᠲᠤᠯᠭ᠋ᠠᠷᠠᠵᠤ ᠪᠠᠶ᠋ᠢᠭ᠎ᠠ ᠴᠢᠬᠤᠯᠠ ᠶᠡᠬᠡ ᠪᠣᠳᠠᠲᠤ ᠰᠢᠯᠭ᠋ᠠᠯᠲᠠ ᠵᠢᠨ ᠪᠣᠭᠣᠮᠲᠠ᠎ᠳᠤ ᠢᠷᠡᠭᠡᠳ ᠪᠠᠢ᠍ᠢ᠍ᠨ᠎ᠠ᠃ ᠪᠢᠳᠡ ᠤᠰᠤᠨ ᠰᠢᠨᠵᠢᠯᠡᠭᠡᠨ᠎ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ  ᠂ ᠢᠨᠵᠧᠨᠧᠷᠢᠩ᠎ᠢ ᠳᠣᠭᠢᠷᠠᠭᠤᠯᠤᠨ ᠠᠵᠢᠯᠯᠠᠭᠤᠯᠬᠤ ᠵᠢ       ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠬᠦ ᠲᠥᠰᠦᠯ ᠪᠠ ᠤᠰᠤᠨ ᠰᠢᠨᠵᠢᠯᠡᠭᠡᠨ᠎ᠤ ᠵᠥᠪᠳᠡᠯᠴᠡᠨ ᠵᠠᠳᠠᠯᠵᠤ ᠰᠤᠳᠤᠯᠤᠨ ᠮᠠᠭ᠋ᠠᠳᠯᠠᠬᠤ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠢ ᠰᠠᠶ᠋ᠢᠲᠤᠷ ᠬᠦᠢ᠍ᠴᠡᠳᠭᠡᠬᠦ ᠬᠡᠷᠡᠭᠲᠡᠢ᠃ ᠬᠦᠢ᠍ᠰᠦ ᠵᠢᠨ ᠢᠨᠵᠧᠨᠧᠷᠢᠩ᠂ ᠦᠶᠡᠷ᠎ᠤᠨ ᠬᠤᠭᠤᠴᠠᠭ᠋ᠠᠨ᠎ᠤ ᠠᠶᠤᠯ ᠦᠭᠡᠢ ᠦᠢ᠍ᠯᠡᠳᠪᠦᠷᠢᠯᠡᠯ᠂ ᠬᠥᠮᠦᠨ ᠬᠠᠷ᠎ᠠ ᠨᠢᠭᠳᠠᠷᠠᠨ ᠴᠤᠭᠯᠠᠷᠠᠭᠰᠠᠨ ᠭᠠᠵᠠᠷ ᠲᠠᠯᠠᠪᠤᠷ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠴᠢᠬᠤᠯᠠ ᠴᠠᠭ ᠬᠤᠭᠤᠴᠠᠭ᠎ᠠ ᠪᠠ ᠵᠠᠩᠭᠢᠯᠠᠭ᠎ᠠ ᠵᠢᠨ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠠᠮᠢᠶᠠᠷᠤᠨ ᠡᠵᠡᠮᠳᠡᠬᠦ ᠬᠠᠷᠢᠭᠤᠴᠠᠯᠭ᠋ᠠᠲᠠᠨ᠂ ᠴᠢᠬᠤᠯᠠ ᠣᠷᠣᠨ ᠪᠠᠶ᠋ᠢᠷᠢ ᠵᠢᠨ ᠬᠢᠨᠠᠨ ᠡᠵᠡᠮᠳᠡᠭᠴᠢ᠂   ᠭᠤᠤᠯᠳᠠᠯᠭ᠎ᠠ᠎ᠲᠠᠢ ᠭᠤᠤᠯ᠎ᠤᠨ ᠵᠠᠮ᠎ᠤᠨ ᠲᠣᠭᠣᠷᠢᠨ ᠪᠠᠶ᠋ᠢᠴᠠᠭ᠋ᠠᠭᠴᠢ ᠵᠢᠨ 《ᠬᠤᠤᠰ ᠭᠤᠤᠯ ᠴᠣᠭᠴᠠ》 ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠳᠠᠯᠳᠠ ᠬᠡᠮ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠠᠮᠤᠷ ᠲᠦᠪᠰᠢᠨ᠎ᠤ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ  ᠂ ᠴᠢᠩᠭ᠎ᠠ ᠬᠠᠮᠢᠶᠠᠷᠤᠯᠲᠠ ᠵᠢ ᠪᠠᠢ᠌ᠩᠭᠤᠵᠢᠭᠤᠯᠬᠤ ᠬᠡᠷᠡᠭᠲᠡᠶ᠃

     (ᠭᠤᠷᠪᠠ)ᠦᠢ᠍ᠯᠡᠳᠪᠦᠷᠢᠯᠡᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠠᠶᠤᠯ ᠦᠭᠡᠢ ᠦᠢ᠍ᠯᠡᠳᠪᠦᠷᠢᠯᠡᠯ᠎ᠢ ᠪᠡᠷᠢᠮᠵᠢᠶᠡᠵᠢᠭᠤᠯᠬᠤ ᠪᠥᠳᠥᠭᠡᠨ ᠪᠠᠶ᠋ᠢᠭᠤᠯᠤᠯᠲᠠ ᠵᠢ ᠶᠡᠬᠡᠪᠡᠷ ᠲᠥᠯᠬᠢᠨ ᠠᠬᠢᠭᠤᠯᠵᠤ᠂ ᠠᠶᠤᠯ ᠥᠭᠡᠢ ᠵᠢᠨ ᠬᠠᠮᠢᠶᠠᠷᠤᠯᠲᠠ ᠵᠢᠨ ᠵᠢᠷᠤᠮᠵᠢᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠲᠣᠪᠴᠢᠶ᠎ᠠ᠎ᠳᠤ ᠬᠠᠷᠢᠶᠠᠯᠠᠭᠳᠠᠬᠤ ᠨᠢᠭᠡᠴᠢ ᠵᠢᠨ ᠣᠨᠴᠠᠯᠢᠭ᠎ᠲᠠᠢ ᠤᠶᠠᠯᠳᠤᠭᠤᠯᠤᠨ᠂ ᠬᠠᠮᠢᠶᠠᠷᠤᠯᠲᠠ ᠵᠢᠨ ᠪᠠᠷᠢᠮᠵᠢᠶ᠎ᠠ᠂ ᠠᠵᠢᠯᠯᠠᠭ᠋ᠠᠨ᠎ᠤ ᠪᠠᠷᠢᠮᠵᠢᠶ᠎ᠠ᠂ ᠲᠤᠬᠠᠶ ᠵᠢᠨ ᠲᠠᠯᠠᠪᠤᠷ᠎ᠲᠤ ᠠᠵᠢᠯᠯᠠᠬᠤ ᠪᠠᠷᠢᠮᠵᠢᠶ᠎ᠠ᠎ᠪᠠᠷ ᠭᠤᠤᠯ ᠪᠣᠯᠭ᠋ᠠᠵᠤ᠂ ᠡᠯ᠎ᠡ   ᠵᠤᠢ᠌ᠯ᠎ᠤᠨ ᠠᠵᠢᠯᠯᠠᠬᠤ ᠳᠦᠷᠢᠮ ᠵᠢᠷᠤᠮᠵᠢᠯ᠎ᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠬᠤ ᠵᠢᠨ ᠬᠠᠮᠲᠤ᠂ ᠦᠷᠭᠦᠯᠵᠢᠯᠡᠨ ᠰᠠᠶ᠋ᠢᠵᠢᠷᠠᠭᠤᠯᠤᠨ ᠲᠡᠭᠦᠯᠳᠡᠷᠵᠢᠭᠦᠯᠵᠦ᠂ ᠳᠡᠭᠡᠭᠰᠢᠯᠡᠭᠦᠯᠵᠦ᠂ ᠠᠮᠤᠷ ᠲᠦᠪᠰᠢᠨ᠎ᠤ ᠬᠠᠮᠢᠶᠠᠷᠤᠯᠲᠠ᠎ᠳᠤ ᠵᠢᠷᠤᠮᠯᠠᠬᠤ ᠦᠨᠳᠦᠰᠦᠯᠡᠯ ᠬᠠᠩᠭ᠋ᠠᠬᠤ ᠬᠡᠷᠡᠭᠲᠡᠶ᠃ ᠪᠠᠷᠢᠮᠵᠢᠶ᠎ᠠ ᠲᠦᠷᠢᠮ ᠪᠠ ᠪᠣᠳᠠᠲᠠᠶ ᠱᠠᠭ᠋ᠠᠷᠳᠠᠯᠭ᠎ᠠ ᠵᠢ ᠱᠠᠲᠤ ᠳᠠᠷᠠᠭ᠋ᠠᠯᠠᠨ ᠠᠵᠢᠯᠲᠠᠨ ᠠᠵᠢᠯᠴᠢᠨ ᠨᠢᠭᠡᠪᠦᠷᠢ᠂ ᠠᠵᠢᠯᠯᠠᠬᠤ ᠠᠵᠢᠯ᠎ᠤᠨ ᠪᠠᠶ᠋ᠢᠷᠢ ᠨᠢᠭᠡᠪᠤᠷᠢ᠎ᠳᠤ ᠨᠠᠶ᠋ᠢᠳᠠᠪᠤᠷᠢᠵᠢᠭᠤᠯᠵᠤ᠂ ᠪᠦᠬᠦ ᠲᠡᠯ᠎ᠠ ᠵᠢᠨ ᠬᠠᠮᠢᠶᠠᠷᠤᠯᠲᠠ ᠶᠠᠪᠤᠭᠤᠯᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠪᠡᠷᠢᠮᠵᠢᠶᠡᠵᠢᠭᠤᠯᠬᠤ ᠬᠥᠳᠡᠯᠦᠩᠭᠦᠢ ᠬᠠᠮᠢᠶᠠᠷᠤᠯᠲᠠ ᠵᠢ ᠳᠥᠯᠭᠢᠨ ᠠᠬᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ᠎ᠠ᠃ ᠣᠳᠣᠬᠠᠨ᠎ᠳᠤ᠂ ᠬᠠᠮᠢᠶᠠᠷᠤᠯᠲᠠ ᠵᠢᠨ ᠲᠣᠪᠴᠢᠶ᠎ᠠ ᠶᠠᠭ ᠡᠭᠦᠳᠦᠨ ᠪᠠᠶ᠋ᠢᠭᠤᠯᠬᠤ ᠲᠥᠯᠥᠪᠯᠡᠭᠡ ᠪᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ ᠶᠣᠰᠣᠭ᠋ᠠᠷ᠂ ᠳᠠᠯᠳᠠ ᠬᠡᠮ᠎ᠢ ᠵᠠᠰᠠᠬᠤ ᠪᠠ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠯ᠎ᠢ ᠪᠡᠷᠢᠮᠵᠢᠶᠡᠵᠢᠭᠤᠯᠬᠤ ᠨᠢᠭᠡᠳᠦᠭᠡᠷ ᠳᠡᠰ᠎ᠤᠨ ᠪᠠᠷᠢᠮᠵᠢᠶ᠎ᠠ᠎ᠳᠤ ᠬᠦᠷᠭᠡᠬᠦ ᠡᠭᠦᠳᠦᠨ ᠪᠠᠶ᠋ᠢᠭᠤᠯᠬᠤ ᠠᠵᠢᠯ᠎ᠢ ᠡᠮᠬᠢ ᠵᠢᠷᠤᠮ᠎ᠲᠠᠢ ᠪᠥᠭᠡᠳ ᠬᠦᠴᠦᠲᠡᠶ ᠳᠥᠯᠭᠢᠨ ᠠᠬᠢᠭᠤᠯᠵᠤ᠂ ᠡᠨᠡ ᠵᠢᠯ᠎ᠤᠨ ᠳᠣᠲᠣᠷ᠎ᠠ ᠪᠠᠷᠢᠮᠵᠢᠶ᠎ᠠ᠎ᠳᠤ ᠬᠦᠷᠭᠡᠬᠦ ᠡᠭᠦᠳᠦᠨ ᠪᠠᠶ᠋ᠢᠭᠤᠯᠬᠤ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ᠃

     (ᠳᠥᠷᠪᠡ) ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠤᠰᠤᠨ ᠳᠡᠭᠡᠷ᠎ᠡ᠂ ᠤᠰᠤᠨ ᠳᠣᠣᠷ᠎ᠠ᠂ ᠦᠨᠳᠦᠷ ᠤᠭᠳᠠᠷᠭᠤᠢ ᠵᠢᠨ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠬᠢᠨᠠᠨ ᠬᠠᠮᠢᠶᠠᠷᠤᠯᠳᠠ ᠵᠢ ᠴᠢᠩᠭ᠋ᠠᠳᠬᠠᠨ᠂ ᠪᠠᠷᠢᠯᠭ᠎ᠠ ᠵᠢᠨ ᠣᠨᠴᠠᠯᠢᠭ᠎ᠢ ᠦᠨᠳᠦᠰᠦᠯᠡᠨ ᠬᠠᠮᠢᠶ᠎ᠠ ᠪᠦᠬᠦᠢ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠠᠷᠠᠯᠲᠠ ᠵᠢ ᠪᠠᠷᠢᠯᠭ᠎ᠠ ᠵᠢᠨ ᠠᠵᠢᠯ᠎ᠤᠨ ᠨᠢᠭᠡᠳᠦᠭᠡᠷ ᠹᠷᠣᠨᠲ᠎ᠤᠨ ᠠᠵᠢᠯᠳᠠᠨ ᠨᠢᠭᠡᠪᠦᠷᠢ᠎ᠳᠤ ᠱᠠᠳᠤ ᠱᠠᠳᠤ᠎ᠪᠠᠷ ᠤᠯᠠᠮᠵᠢᠯᠠᠵᠤ᠂ ᠡᠨᠳᠡᠯ ᠭᠠᠷᠬᠤ᠎ᠠᠴᠠ ᠰᠡᠷᠭᠡᠶ᠋ᠢᠯᠡᠨ᠎ᠡ᠃ ᠪᠠᠷᠢᠯᠭ᠎ᠠ ᠪᠠᠷᠢᠬᠤ ᠭᠡᠷ᠎ᠡ ᠵᠢᠨ ᠬᠠᠮᠢᠶᠠᠷᠤᠯᠳᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠭᠡᠷ᠎ᠠ᠎ᠳᠠᠬᠢ ᠠᠮᠤᠷ ᠲᠦᠪᠰᠢᠨ᠎ᠤ ᠠᠭᠤᠯᠭ᠎ᠠ ᠵᠢ ᠨᠠᠷᠢᠯᠢᠬ᠍ᠵᠢᠭᠤᠯᠤᠨ᠂ ᠳᠠᠭ᠋ᠠᠭ᠋ᠠᠴᠢᠯᠠᠯᠲᠠ ᠵᠠᠷᠯᠠᠬᠤ ᠱᠠᠳᠤ ᠦᠶ᠎ᠡ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠬᠡᠮᠵᠢᠶ᠎ᠡ ᠵᠢᠨ ᠵᠠᠷᠤᠳᠠᠯ᠎ᠢ ᠥᠷᠢᠰᠥᠯᠳᠦᠵᠦ ᠪᠣᠯᠬᠤ ᠦᠭᠡᠢ ᠵᠠᠷᠤᠳᠠᠯ᠎ᠳᠤ ᠣᠷᠣᠭᠤᠯᠵᠤ᠂ ᠪᠥᠬᠥᠨ᠎ᠢ ᠪᠠᠷᠢᠯᠭ᠎ᠠ ᠪᠠᠷᠢᠬᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠬᠡᠷᠡᠭᠰᠡᠯ ᠵᠢᠴᠢ ᠠᠮᠤᠷ ᠲᠦᠪᠰᠢᠨ᠎ᠤ ᠪᠡᠯᠡᠳᠬᠡᠮᠵᠢ ᠲᠦᠬᠦᠭᠡᠷᠦᠮᠵᠢ ᠬᠤᠳᠠᠯᠳᠤᠨ ᠠᠪᠴᠤ ᠰᠢᠨᠡᠳᠬᠡᠬᠦ ᠪᠠ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠢ ᠰᠠᠶ᠋ᠢᠵᠢᠷᠠᠭᠤᠯᠬᠤ᠎ᠳᠤ ᠬᠡᠷᠡᠭᠯᠡᠨ᠎ᠡ᠃ ᠠᠶᠤᠯ ᠦᠭᠡᠢ ᠦᠢ᠍ᠯᠡᠳᠪᠦᠷᠢᠯᠡᠯ᠎ᠤᠨ ᠵᠤᠷᠰᠢᠯ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠭᠤᠯᠤᠯ᠎ᠢ ᠥᠷᠨᠢᠭᠦᠯᠦᠨ᠂ ᠠᠮᠤᠷ ᠲᠦᠪᠰᠢᠨ᠎ᠤ ᠮᠡᠷᠭᠡᠵᠢᠯ᠎ᠢ ᠡᠵᠡᠮᠰᠢᠬᠦᠯᠬᠦ ᠵᠢ ᠰᠠᠶ᠋ᠢᠲᠤᠷ ᠬᠢᠬᠦ ᠬᠡᠷᠡᠭᠲᠡᠶ᠃ ᠪᠠᠷᠢᠯᠭ᠎ᠠ ᠵᠢᠨ ᠲᠥᠷᠥᠯ ᠵᠤᠢ᠌ᠯ᠎ᠳᠤ ᠭᠠᠷ᠎ᠤᠨ ᠥᠰᠥᠭ ᠵᠢᠷᠤᠬᠤ ᠲᠠᠰ ᠳᠠᠷᠠᠭ᠋ᠠᠯᠠᠯ᠎ᠢ ᠴᠢᠩᠳᠠᠯᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠷᠠᠭᠤᠯᠤᠨ᠂ ᠰᠢᠮᠳᠠᠭᠤᠯᠤᠨ ᠪᠠᠶ᠋ᠢᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠲᠤᠬᠠᠶ ᠵᠢᠨ ᠲᠠᠯᠠᠪᠤᠷ᠎ᠲᠤᠨᠢ ᠠᠰᠠᠭᠤᠳᠠᠯ᠎ᠢ ᠳᠤᠷᠠᠳᠴᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠴᠡᠭᠴᠡᠯᠡᠨ ᠰᠠᠶ᠋ᠢᠵᠢᠷᠠᠭᠤᠯᠬᠤ ᠴᠠᠭ ᠬᠤᠭᠤᠴᠠᠭ᠎ᠠ ᠵᠢ ᠲᠣᠭᠲᠠᠭ᠋ᠠᠬᠤ ᠬᠡᠷᠡᠭᠲᠡᠶ᠃

     (ᠲᠠᠪᠤ)ᠭᠠᠯ ᠰᠡᠷᠭᠡᠶ᠋ᠢᠯᠡᠯᠲᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠬᠠᠷᠢᠶᠠᠲᠤ ᠣᠷᠣᠨ᠎ᠤ ᠣᠶ ᠰᠢᠭᠤᠶ ᠡᠪᠡᠰᠦ ᠪᠡᠯᠴᠢᠭᠡᠷ᠎ᠤᠨ ᠪᠦᠷᠬᠦᠴᠡ ᠵᠢᠨ ᠨᠣᠷᠮ᠎ᠠ 52% ᠪᠠᠶ᠋ᠢᠵᠤ᠂ ᠣᠶ᠋ᠢᠷ᠎ᠠ ᠵᠢᠨ ᠵᠢᠯ᠎ᠤᠳ᠎ᠲᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠬᠤᠪᠠᠬᠠᠶ ᠡᠪᠡᠰᠦ ᠵᠢ ᠪᠢᠲᠡᠭᠦᠮᠵᠢᠯᠡᠨ ᠪᠣᠶ᠋ᠢᠵᠢᠭᠤᠯᠤᠭᠰᠠᠨ᠎ᠠᠴᠠ ᠪᠣᠯᠵᠣ᠂ ᠠᠮᠠᠷᠬᠠᠨ ᠰᠢᠳᠠᠬᠤ ᠪᠣᠳᠠᠰ ᠨᠡᠮᠡᠭᠳᠡᠵᠦ᠂ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠᠶ᠋ᠢᠳᠠᠯ ᠲᠤᠶ᠋ᠢᠯ᠎ᠤᠨ ᠬᠦᠨᠳᠦ ᠨᠣᠴᠢᠲᠠᠶ ᠪᠠᠶ᠋ᠢᠨ᠎ᠠ᠃ ᠭᠠᠯ᠎ᠤᠨ ᠠᠶᠤᠯ ᠡᠭᠦᠰᠦᠭᠰᠡᠨ ᠬᠤᠭᠤᠴᠠᠭ᠎ᠠ᠎ᠠᠴᠠ ᠦᠵᠡᠪᠡᠯ᠂ ᠤᠯᠠᠷᠢᠯ᠎ᠤᠨ ᠴᠢᠨᠠᠷᠲᠠᠶ ᠪᠠᠶ᠋ᠢᠵᠤ᠂ ᠭᠤᠤᠯᠳᠠᠭᠤ ᠭᠠᠩ ᠬᠠᠭᠤᠷᠠᠶ ᠲᠤᠨᠳᠠᠰᠤ ᠪᠠᠭ᠎ᠠ᠂ ᠰᠠᠯᠬᠢ ᠶᠡᠬᠡᠲᠡᠶ ᠤᠯᠠᠷᠢᠯ᠎ᠳᠤ ᠲᠥᠪᠯᠡᠷᠡᠵᠦ ᠪᠠᠶ᠋ᠢᠳᠠᠭ᠃ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠬᠡᠷᠬᠢᠨ ᠪᠦᠲᠦᠮᠵᠢᠲᠡᠶ ᠰᠠᠶ᠋ᠢᠲᠤᠷ ᠬᠢᠬᠦ᠎ᠳᠤ᠂ ᠳᠥᠷᠪᠡᠨ ᠲᠠᠯ᠎ᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠄ ᠨᠢᠭᠡ᠎ᠳᠤ ᠱᠠᠲᠤ ᠱᠠᠲᠤ᠎ᠪᠠᠷ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ 《ᠪᠢᠴᠢᠯ ᠬᠡᠯᠪᠡᠷᠢ ᠵᠢᠨ ᠭᠠᠯ ᠤᠨᠲᠠᠷᠠᠭ᠋ᠠᠬᠤ ᠥᠷᠲᠡᠭᠡ》 ᠪᠠ 《ᠭᠠᠯ ᠰᠡᠷᠭᠡᠶ᠋ᠢᠯᠡᠬᠦ ᠲᠤᠰᠠᠭ᠋ᠠᠷᠯᠠᠬᠤ ᠪᠦᠰᠡ》 ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠠᠷᠢᠶᠠᠲᠤ ᠣᠷᠣᠨ᠎ᠤ ᠣᠶ ᠰᠢᠭᠤᠶ ᠡᠪᠡᠰᠦ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠬᠣᠶᠠᠷ᠎ᠲᠤ᠂ ᠭᠤᠤᠯᠳᠠᠯᠭ᠎ᠠ᠎ᠲᠠᠢ ᠣᠷᠣᠨ ᠪᠠᠶ᠋ᠢᠷᠢ᠂ ᠭᠤᠤᠯᠳᠠᠯᠭ᠎ᠠ᠎ᠲᠠᠢ ᠴᠠᠭ ᠬᠤᠭᠤᠴᠠᠭ᠋ᠠᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠬᠡᠯᠡᠵᠦ ᠰᠠᠨᠠᠭᠤᠯᠬᠤ᠂ ᠤᠬᠠᠭᠤᠯᠭ᠎ᠠ ᠵᠢᠨ ᠫᠠᠶ᠋ᠢᠰᠠ ᠲᠡᠮᠳᠡᠭ ᠨᠡᠮᠡᠬᠦ ᠵᠡᠷᠭᠡ ᠬᠡᠯᠪᠡᠷᠢ ᠵᠢ ᠠᠪᠴᠤ᠂ ᠰᠡᠷᠡᠮᠵᠢ ᠵᠢᠨ ᠬᠣᠩᠬᠣ ᠵᠢ ᠪᠠᠶ᠋ᠢᠩᠭᠤ ᠲᠤᠤᠭ᠋ᠠᠷᠭ᠋ᠠᠵᠤ᠂ ᠤᠷᠢᠳᠴᠢᠯᠠᠨ ᠰᠡᠷᠭᠡᠶ᠋ᠢᠯᠡᠬᠦ ᠵᠢ ᠪᠡᠶᠡᠯᠡᠭᠦᠯᠦᠨ᠎ᠡ᠃ ᠭᠤᠷᠪᠠ᠎ᠳᠤ᠂ ᠨᠢᠭᠡᠴᠢ ᠵᠢᠨ       ᠬᠠᠷᠢᠭᠤᠴᠠᠯᠭ᠋ᠠᠲᠠᠨ᠂ ᠠᠮᠤᠷ ᠲᠦᠪᠰᠢᠨ᠎ᠤ ᠠᠵᠢᠯᠳᠠᠨ᠂ ᠲᠣᠭᠣᠷᠢᠨ ᠪᠠᠶ᠋ᠢᠴᠠᠭ᠋ᠠᠭᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠲᠣᠭᠣᠷᠢᠨ ᠪᠠᠶ᠋ᠢᠴᠠᠭ᠋ᠠᠬᠤ ᠪᠠ ᠭᠠᠯ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠭᠠᠯ ᠲᠦᠢ᠍ᠮᠡᠷ᠎ᠤᠨ ᠲᠡᠯᠳᠠ ᠠᠶᠤᠯ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃ ᠳᠥᠷᠪᠡ᠎ᠳᠤ ᠭᠠᠯ ᠰᠡᠷᠭᠡᠶ᠋ᠢᠯᠡᠬᠦ ᠰᠣᠷᠢᠯᠲᠠ ᠵᠢ ᠥᠷᠨᠢᠭᠦᠯᠵᠦ᠂ ᠺᠠᠳ᠋ᠷ ᠠᠵᠢᠯᠲᠠᠨ᠎ᠤ ᠠᠮᠤᠷ ᠲᠦᠪᠰᠢᠨ᠎ᠤ ᠤᠬᠠᠮᠰᠠᠷ ᠪᠠ ᠭᠠᠯ᠎ᠤᠨ ᠪᠠᠶ᠋ᠢᠳᠠᠯ᠎ᠢ ᠠᠷᠭ᠋ᠠᠴᠠᠬᠤ ᠲᠤᠰᠬᠠᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠭᠠᠯ ᠤᠨᠲᠠᠷᠠᠭ᠋ᠠᠭᠤᠷ᠎ᠢ ᠬᠡᠷᠡᠭᠯᠡᠬᠦ ᠠᠷᠭ᠎ᠠ ᠵᠢ ᠪᠣᠯᠪᠠᠰᠤᠷᠠᠩᠭᠤᠶ ᠡᠵᠡᠮᠰᠢᠵᠦ᠂ ᠭᠠᠯ᠎ᠤᠨ ᠪᠠᠶ᠋ᠢᠳᠠᠯ᠎ᠤᠨ ᠢᠯᠡᠷᠡᠯ ᠠ᠋ᠬᠦᠰᠦᠮᠡᠭᠴᠡ《ᠡᠷᠳᠡᠨ᠎ᠠᠴᠠ᠎ᠨᠢ᠂ ᠪᠠᠭ᠎ᠠ᠎ᠠᠴᠠ᠎ᠨᠢ ᠰᠢᠢ᠍ᠳᠪᠤᠷᠢᠯᠡᠬᠦ》 ᠵᠢ ᠦᠨᠡᠨ ᠬᠦ᠌ ᠪᠠᠲᠤᠯᠠᠬᠤ ᠬᠡᠷᠡᠭᠲᠡᠶ᠃

     (ᠵᠢᠷᠭᠤᠭ᠎ᠠ) ᠬᠠᠮᠢᠶᠠᠷᠤᠯᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠨᠢᠭᠡ᠎ᠳᠤ ᠬᠦᠢ᠍ᠰᠦ ᠵᠢᠨ ᠪᠠᠷᠢᠯᠭ᠎ᠠ᠎ᠳᠤ ᠬᠡᠷᠡᠭᠯᠡᠬᠦ ᠴᠠᠬᠢᠯᠭ᠋ᠠᠨ ᠬᠢᠭᠡᠳ ᠡᠵᠡᠩᠨᠡᠯᠲᠡ᠎ᠳᠤ ᠬᠡᠷᠡᠭᠯᠡᠬᠦ ᠴᠠᠬᠢᠯᠭ᠋ᠠᠨ᠎ᠤ ᠬᠡᠯᠬᠢᠶ᠎ᠡ ᠵᠢ ᠰᠠᠯᠭ᠋ᠠᠨ᠎ᠠ᠃ ᠴᠠᠬᠢᠯᠭ᠋ᠠᠨ᠎ᠤ ᠱᠤᠭᠤᠮ ᠪᠠ ᠲᠥᠬᠥᠭᠡᠷᠦᠮᠵᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ ᠰᠢᠯᠭ᠋ᠠᠵᠤ᠂ ᠴᠠᠬᠢᠯᠭ᠋ᠠᠨ᠎ᠤ ᠲᠥᠬᠥᠭᠡᠷᠦᠮᠵᠢ ᠪᠠ ᠴᠠᠬᠢᠯᠭ᠋ᠠᠨ ᠤᠳᠠᠰᠤᠨ᠎ᠤ ᠡᠪᠳᠡᠭᠳᠡᠵᠦ ᠦᠵᠢᠷᠡᠭᠰᠡᠨ᠎ᠢ ᠴᠠᠭ ᠲᠤᠬᠠᠶ᠎ᠳᠤᠨᠢ ᠰᠡᠯᠪᠢᠨ ᠵᠠᠰᠠᠬᠤ ᠪᠠ ᠰᠣᠯᠢᠵᠤ᠂ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃ ᠬᠣᠶᠠᠷ᠎ᠲᠤ ᠬᠠᠷᠢᠶ᠎ᠠ ᠣᠷᠣᠨ᠎ᠤ ᠳᠣᠲᠣᠷᠠᠬᠢ ᠵᠤᠬᠢᠶᠠᠮᠠᠯ ᠨᠡᠭᠤᠷ᠂ ᠨᠠᠭᠤᠷ ᠴᠥᠭᠥᠷᠥᠮ  ᠂ ᠤᠰᠤᠨ ᠣᠷᠣᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠤᠰᠤᠨ᠎ᠳᠤ ᠵᠢᠪᠦᠬᠦ ᠡᠨᠳᠡᠯ ᠭᠠᠷᠬᠤ᠎ᠠᠴᠠ ᠰᠡᠷᠭᠡᠶ᠋ᠢᠯᠡᠨ᠎ᠡ᠃ ᠭᠤᠷᠪᠠ᠎ᠳᠤ ᠦᠢ᠍ᠯᠡᠳᠪᠦᠷᠢ ᠵᠢᠨ ᠲᠣᠭᠣᠷᠢᠭ ᠪᠠ ᠠᠵᠢᠯᠯᠠᠬᠤ ᠲᠣᠭᠣᠷᠢᠭ᠎ᠲᠤ ᠭᠠᠯ ᠤᠨᠲᠠᠷᠠᠭ᠋ᠠᠭᠤᠷ᠂ ᠭᠠᠯ ᠤᠨᠲᠠᠷᠠᠭ᠋ᠠᠬᠤ ᠤᠰᠤᠨ ᠲᠠᠲᠠᠭ᠋ᠠᠯ᠂ ᠭᠠᠯ ᠤᠨᠲᠠᠷᠠᠭ᠋ᠠᠬᠤ ᠡᠯᠡᠰᠦᠨ ᠰᠠᠪᠠ ᠵᠡᠷᠭᠡ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠲᠣᠬᠢᠷᠠᠭᠤᠯᠵᠤ᠂ ᠠᠮᠤᠷ ᠲᠦᠪᠰᠢᠨ ᠬᠣᠩᠭᠢᠯ ᠵᠢᠴᠢ ᠠᠶᠤᠯᠭᠦᠶ ᠭᠠᠷᠬᠤ ᠡᠭᠦᠳᠡ ᠵᠢᠨ ᠢᠯᠡᠳᠬᠡᠮᠵᠢ ᠳᠡᠮᠳᠡᠭ ᠲᠠᠯᠪᠢᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠨ᠎ᠠ᠃ ᠲᠦᠷᠪᠡ᠎ᠳᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠠᠵᠢᠯᠳᠠᠨ ᠠᠵᠢᠯᠴᠢᠨ᠎ᠤ ᠶᠠᠪᠤᠵᠤ ᠰᠠᠭᠤᠬᠤ ᠠᠮᠤᠷ ᠲᠦᠪᠰᠢᠨ᠎ᠢ ᠪᠠᠲᠤᠯᠠᠨ᠎ᠠ᠃ ᠲᠠᠪᠤ᠎ᠳᠤ ᠰᠠᠬᠢᠯᠭ᠎ᠠ ᠪᠠᠲᠤ ᠵᠢ ᠴᠢᠩᠳᠠᠯᠠᠵᠤ᠂ ᠲᠦᠷᠢ ᠲᠥᠷᠬᠦ ᠵᠢ ᠪᠤᠢ ᠪᠣᠯᠭ᠋ᠠᠵᠤ᠂ ᠠᠷᠢᠬᠢ ᠤᠤᠭᠤᠭᠰᠠᠨ᠎ᠤ ᠲᠠᠷᠠᠭ᠎ᠠ ᠠᠵᠢᠯ᠎ᠤᠨ ᠪᠠᠶ᠋ᠢᠷᠢ᠎ᠳᠤ ᠭᠠᠷᠬᠤ ᠪᠠ ᠠᠵᠢᠯ᠎ᠤᠨ ᠡᠳᠦᠷ᠎ᠲᠤ ᠠᠷᠢᠬᠢ ᠤᠤᠭᠤᠬᠤ ᠵᠢ ᠴᠢᠩᠭ᠎ᠠ ᠴᠠᠭ᠋ᠠᠵᠠᠯᠠᠵᠤ᠂ ᠠᠵᠢᠯᠳᠠᠨ ᠠᠵᠢᠯᠴᠢᠨ᠎ᠤ ᠪᠡᠶ᠎ᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃
      ᠬᠥᠭᠵᠢᠯᠲᠡ᠎ᠨᠢ ᠠᠮᠤᠷ ᠲᠦᠪᠰᠢᠨ᠎ᠠᠴᠠ ᠰᠠᠯᠵᠤ ᠴᠢᠳᠠᠬᠤ ᠦᠭᠡᠢ᠂ ᠶᠠᠮᠠᠷᠪᠠ ᠦᠶ᠎ᠡ᠎ᠳᠤ ᠴᠦ᠍ ᠭᠡᠳ ᠥᠴᠦᠬᠡᠨ ᠴᠦ᠍ ᠴᠠᠯᠠᠭ᠋ᠠᠶ᠋ᠢᠷᠠᠬᠤ ᠪᠠ ᠬᠣᠶ᠋ᠢᠷᠭᠣᠰᠢᠵᠤ ᠪᠣᠯᠬᠤ ᠦᠭᠡᠢ᠃ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠮᠠᠨ᠎ᠤ ᠲᠣᠪᠴᠢᠶ᠎ᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠤᠨ ᠲᠣᠭᠣᠷᠢᠨ᠎ᠳᠤ᠂ ᠠᠮᠤᠷ ᠲᠦᠪᠰᠢᠨ᠎ᠤ ᠲᠤᠬᠠᠶ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ᠎ᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠠᠮᠤᠷ ᠲᠦᠪᠰᠢᠨ᠎ᠤ ᠤᠯᠠᠭ᠋ᠠᠨ ᠱᠤᠭᠤᠮ᠎ᠢ ᠪᠠᠲᠤ ᠰᠠᠬᠢᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠡᠮ ᠰᠣᠭᠣᠭ᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ ᠪᠣᠯᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶ᠋ᠢᠬᠤ ᠰᠠᠢ᠍ᠢ᠍ᠨ ᠰᠠᠶ᠋ᠢᠬᠠᠨ ᠪᠠᠶ᠋ᠢᠳᠠᠯ ᠵᠶ᠋ᠠᠷ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠪᠣᠯᠤᠨ ᠪᠦᠬᠦ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠨᠡᠩ ᠪᠠᠲᠤ ᠪᠡᠬᠢ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ!

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠨᠠᠨ ᠬᠠᠮᠢᠶᠠᠷᠴᠤ ᠲᠦᠭᠰᠢᠭᠦᠷᠢ ᠵᠢ ᠰᠡᠷᠭᠡᠶ᠋ᠢᠯᠡᠬᠦ ᠵᠢ ᠴᠢᠩᠭ᠋ᠠᠳᠬᠠᠵᠤ ᠤᠮᠠᠷᠠᠲᠤ ᠬᠢᠯᠢ ᠵᠢᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠰᠠᠭᠤᠷᠢ ᠵᠢ ᠪᠡᠬᠢᠵᠢᠭᠦᠯᠦᠨ᠎ᠡ
ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠬᠢᠵᠤ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ
ᠬᠣᠷᠢᠭ᠎ᠠ ᠱᠤᠭᠤᠮ᠎ᠢ ᠴᠢᠩᠭ᠎ᠠ ᠰᠠᠬᠢᠵᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠰᠢᠨ᠎ᠡ ᠪᠠᠶ᠋ᠢᠳᠠᠯ ᠳᠣᠣᠷᠠᠬᠢ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠲᠡᠢ
《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》᠎ᠪᠠᠷ ᠠᠵᠠ ᠲᠣᠬᠢᠶᠠᠯ ᠪᠣᠯᠭ᠋ᠠᠵᠤ ᠪᠥᠬᠥ ᠠᠶ᠋ᠢᠮᠠᠭ᠎ᠤᠨ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠤᠨ᠎ᠠ
ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠳ᠋ᠦᠩᠨᠡᠵᠥ ᠬᠦᠬᠢᠬᠦᠯᠦᠨ ᠰᠠᠶ᠋ᠢᠰᠢᠶᠠᠬᠤ ᠶᠡᠭᠡ ᠬᠤᠷᠠᠯ ᠪᠡᠬᠡᠵᠢᠩ᠎ᠳᠤ ᠦᠪᠡᠳᠡᠭᠰᠢ ᠶᠡᠭᠡ᠎ᠪᠠᠷ ᠬᠤᠷᠠᠯᠳᠤᠪᠠ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠤᠨ ᠵᠢᠱ᠌ᠢᠶᠠᠴᠢ ᠵᠢᠨ ᠢᠷᠠᠭᠤ ᠠᠯᠳᠠᠷ᠎ᠤᠨ ᠴᠤᠯᠠ ᠬᠦᠷᠳᠡᠭᠰᠡᠳ ᠵᠡᠷᠬᠡ᠎ᠳᠤ ᠱᠠᠩᠨᠠᠯ ᠤᠯᠭᠤᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ
 
            