— ᠪᠤᠤ ᠭᠤᠸᠠᠩ ᠬᠤᠸᠠ
ᠡᠨᠡ ᠵᠢᠯ᠎ᠤᠨ 6 ᠳ᠋ᠤᠭ᠋ᠠᠷ ᠰᠠᠷ᠎ᠠ ᠪᠣᠯ ᠠᠷᠪᠠ ᠶᠢᠰᠦᠳᠦᠭᠡᠷ ᠪᠥᠬᠥ ᠤᠯᠤᠰ᠎ᠤᠨ 《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》 ᠪᠣᠯᠤᠨ᠎ᠠ᠂ ᠭᠤᠤᠯ ᠰᠡᠳᠦᠪ᠎ᠨᠢ 《ᠡᠨᠳᠡᠯ᠎ᠤᠨ ᠳᠠᠯᠳᠠ ᠬᠡᠮ᠎ᠢ ᠠᠷᠢᠯᠭ᠋ᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠦᠨ᠎ᠡ᠃》 ᠠᠶᠤᠯ ᠦᠭᠡᠢ ᠦᠢ᠍ᠯᠡᠳᠪᠦᠷᠢᠯᠡᠯ ᠪᠣᠯ ᠠᠷᠠᠳ ᠲᠦᠮᠡᠨ᠎ᠤ ᠠᠵᠠ ᠵᠢᠷᠭ᠋ᠠᠯᠳᠤ ᠬᠣᠯᠪᠣᠭᠳᠠᠵᠤ᠂ ᠠᠵᠤ ᠠᠬᠤᠢ ᠵᠢᠨ ᠬᠥᠭᠵᠢᠯᠲᠡ ᠵᠢᠨ ᠶᠡᠬᠡ ᠲᠠᠯ᠎ᠠ᠎ᠳᠤ ᠬᠣᠯᠪᠣᠭᠳᠠᠵᠤ ᠪᠠᠶ᠋ᠢᠳᠠᠭ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠶᠡᠷᠦᠩᠬᠡᠶ ᠱᠦᠵᠢ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠤᠷᠢᠳ ᠡᠮᠦᠨ᠎ᠡ ᠪᠠᠶ᠋ᠢᠭ᠎ᠠ ᠥᠬᠡᠶ ᠴᠢᠬᠤᠯᠠᠴᠢᠯᠠᠨ ᠦᠵᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠴᠣᠬᠣᠯᠠᠪᠤᠷᠢ ᠬᠢᠭᠰᠡᠨ ᠪᠠᠶ᠋ᠢᠨ᠎ᠠ᠃ ᠰᠢᠨ᠎ᠡ ᠪᠠᠶ᠋ᠢᠳᠠᠯ ᠳᠣᠣᠷᠠᠬᠢ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠶᠡᠷᠦᠩᠬᠡᠶ᠋ᠢᠯᠡᠨ ᠵᠠᠰᠠᠬᠤ ᠵᠢ ᠪᠠᠷᠢᠮᠲᠠᠯᠠᠵᠤ᠂ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠬᠡᠷᠡᠭᠵᠢᠬᠦᠯᠬᠦ ᠡᠨᠡᠬᠦ ᠵᠠᠩᠭᠢᠯᠠᠭ᠎ᠠ ᠵᠢ ᠴᠢᠩᠭ᠎ᠠ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠡᠮ ᠰᠣᠭᠣᠭ᠎ᠢ ᠪᠠᠶ᠋ᠢᠴᠠᠭ᠋ᠠᠬᠤ ᠠᠵᠢᠯ᠎ᠢ ᠲᠦᠷᠭᠡᠨ ᠠᠬᠢᠭᠤᠯᠵᠤ᠂ ᠬᠦᠨᠳᠦ ᠶᠡᠬᠡ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠵᠤ᠂ ᠪᠦᠬᠦ ᠠᠶ᠋ᠢᠮᠠᠭ᠎ᠤᠨ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠨᠢᠭᠡ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠬᠠᠷᠢᠭᠤᠴᠠᠯᠭ᠎ᠠ ᠵᠢ ᠨᠠᠷᠢᠯᠢᠬ᠍ᠵᠢᠭᠤᠯᠤᠨ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠥᠷᠢᠮ᠎ᠢ ᠪᠥᠬᠥ ᠲᠠᠯ᠎ᠠ᠎ᠪᠠᠷ ᠨᠠᠢ᠍ᠢ᠍ᠳᠠᠪᠤᠷᠢᠵᠢᠭᠤᠯᠤᠨ᠎ᠠ
1. ᠠᠶᠤᠯ ᠦᠭᠡᠢ ᠦᠢ᠍ᠯᠡᠳᠪᠦᠷᠢᠯᠡᠯ᠎ᠢ ᠰᠠᠶ᠋ᠢᠲᠤᠷ ᠠᠳᠬᠤᠬᠤ᠎ᠳᠤ ᠬᠠᠮᠤᠭ᠎ᠤᠨ ᠵᠠᠩᠭᠢᠯᠠᠭ᠎ᠠ᠎ᠨᠢ ᠬᠠᠷᠢᠭᠤᠴᠠᠯᠭ᠎ᠠ ᠵᠢᠨ ᠲᠦᠷᠢᠮ᠎ᠢ ᠨᠠᠢ᠍ᠢ᠍ᠳᠠᠪᠤᠷᠢᠵᠢᠭᠤᠯᠬᠤ ᠶᠠᠪᠤᠳᠠᠯ ᠪᠣᠯᠤᠨ᠎ᠠ᠂ ᠮᠦᠨ ᠴᠤ᠌ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ ᠦᠨᠳᠦᠰᠦᠨ ᠪᠠᠲᠤᠯᠠᠭ᠎ᠠ ᠪᠣᠯᠤᠨ᠎ᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠤᠳᠤᠷᠢᠳᠬᠤ ᠺᠠᠳ᠋ᠷ᠂ ᠡᠯ᠎ᠡ ᠬᠣᠶᠠᠳᠤᠭ᠋ᠠᠷ ᠲᠡᠰ᠎ᠤᠨ ᠨᠢᠭᠡᠴᠢ ᠬᠢᠭᠡᠳ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠲᠡᠰᠦᠬ ᠵᠢᠴᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠡᠷᠬᠡᠪᠰᠢ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠤᠨ᠂ ᠨᠢᠭᠡ ᠵᠢ ᠴᠦ᠍ ᠬᠣᠭᠣᠰᠣᠨ ᠪᠠᠶ᠋ᠢᠯᠭ᠋ᠠᠬᠤ ᠥᠭᠡᠢ᠂ ᠨᠢᠭᠡ ᠮᠥᠴᠡ ᠴᠦ᠍ ᠰᠤᠯᠠᠷᠠᠭᠤᠯᠵᠤ ᠪᠣᠯᠬᠤ ᠥᠭᠡᠢ᠃
2. ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠱᠠᠲᠤ ᠱᠠᠲᠤ᠎ᠪᠠᠷ ᠴᠢᠩᠭ᠎ᠠ ᠪᠤᠳᠠᠳᠠᠢ᠍ᠢ᠍ᠵᠢᠭᠤᠯᠤᠨᠠ᠃ ᠠᠶᠤᠯ ᠦᠭᠡᠢ ᠦᠢ᠍ᠯᠡᠳᠪᠦᠷᠢᠯᠡᠯ᠎ᠤᠨ ᠰᠢᠨ᠎ᠡ ᠪᠠᠶ᠋ᠢᠳᠠᠯ ᠰᠢᠨ᠎ᠡ ᠡᠭᠦᠷᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠬᠤ᠎ᠳᠤ᠂ ᠡᠷᠬᠡᠪᠰᠢ ᠬᠢᠨᠠᠨ ᠬᠠᠮᠢᠶᠠᠷᠬᠤ ᠴᠢᠳᠠᠪᠤᠷᠢ ᠪᠣᠯᠤᠨ ᠲᠦᠪᠰᠢᠨ ᠵᠶ᠋ᠡᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠂ ᠴᠤᠭᠭ᠋ᠠᠷ ᠠᠳᠬᠤᠵᠤ ᠬᠠᠮᠲᠤ᠎ᠪᠠᠷ ᠬᠠᠮᠢᠶᠠᠷᠬᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ》ᠵᠠᠷᠴᠢᠮ ᠶᠣᠰᠣᠭ᠋ᠠᠷ᠂ 《ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ᠂ ᠲᠤᠬᠠᠶ᠋ᠢᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠮᠤᠷ ᠲᠦᠪᠰᠢᠨ᠎ᠢ ᠬᠠᠮᠢᠶᠠᠷᠬᠤ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠢᠮᠠᠭᠲᠠ ᠡᠴᠦᠰ᠎ᠲᠤᠨᠢ ᠲᠤᠯᠲᠠᠯ᠎ᠠ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ ᠡᠬᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠶ᠃ ᠬᠠᠷᠢᠭᠤᠴᠠᠯᠭ᠎ᠠ ᠵᠢ ᠲᠣᠳᠣᠷᠬᠠᠶ᠋ᠢᠯᠠᠨ ᠬᠠᠷᠢᠭᠤᠴᠠᠯᠭ᠎ᠠ ᠵᠢ ᠨᠤᠲᠠᠯᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠶ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠱᠠᠳᠤ ᠱᠠᠳᠤ᠎ᠪᠠᠷ ᠪᠣᠳᠠᠲᠠᠶ᠋ᠢᠵᠢᠭᠤᠯᠵᠤ᠂ ᠨᠠᠷᠢᠨ ᠳᠠᠩᠰᠠᠴᠢᠯᠠᠨ᠂ ᠪᠡᠷᠢᠮᠵᠢᠶᠡᠵᠢᠭᠤᠯᠵᠤ᠂ ᠮᠥᠷᠳᠡᠵᠦ ᠦᠨᠡᠯᠡᠨ ᠵᠢᠱ᠌ᠢᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ 《ᠪᠣᠳᠠᠲᠠᠶ᠋ᠢᠵᠢᠭᠤᠯᠬᠤ》 ᠬᠢᠨᠠᠨ ᠰᠢᠯᠭ᠋ᠠᠯᠳᠠ ᠵᠢ ᠴᠢᠩᠭ᠋ᠠᠳᠬᠠᠨ᠂ ᠳᠠᠩᠰᠠ ᠡᠪᠬᠡᠮᠡᠯ ᠬᠣᠭᠣᠰᠣᠳᠠᠬᠤ ᠪᠤᠶᠤ ᠲᠠᠰᠤᠯᠳᠠᠬᠤ᠎ᠠᠴᠠ ᠪᠣᠯᠣᠭᠰᠠᠨ ᠡᠬᠦᠷᠭᠡ ᠬᠠᠷᠢᠭᠤᠴᠠᠯᠭ᠎ᠠ ᠵᠢᠨ ᠤᠰᠤᠯᠳᠠᠯ ᠭᠠᠷᠬᠤ ᠵᠢ ᠡᠷᠡᠰ ᠬᠣᠷᠢᠭᠯᠠᠬᠤ ᠬᠡᠷᠡᠭᠲᠡᠶ᠃
3. ᠤᠰᠤᠨ ᠠᠰᠢᠭᠯᠠᠯᠲᠠ ᠵᠢᠨ ᠦᠢ᠍ᠯᠡᠳᠪᠤᠷᠢᠯᠡᠯ ᠡᠵᠡᠩᠨᠡᠯᠲᠡ ᠵᠢᠨ ᠨᠢᠭᠡᠴᠢ ᠵᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠭᠦᠯᠦᠨ ᠪᠣᠳᠠᠲᠠᠶ᠋ᠢᠵᠢᠭᠤᠯᠤᠨ᠎ᠠ᠃ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠪᠣᠯ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠭᠣᠣᠯ ᠴᠣᠭᠴᠠ᠂ ᠳᠣᠲᠣᠭ᠋ᠠᠳᠤ ᠰᠢᠯᠲᠠᠭ᠋ᠠᠨ ᠪᠠ ᠦᠨᠳᠦᠰᠦ ᠮᠥᠨ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠦᠭᠡᠢ ᠪᠣᠯ ᠠᠶᠤᠯ ᠦᠭᠡᠢ ᠦᠢ᠍ᠯᠡᠳᠪᠦᠷᠢᠯᠡᠯ᠎ᠨᠢ ᠪᠡᠶᠡᠯᠡᠭᠳᠡᠬᠦ᠎ᠳᠤ ᠪᠡᠷᠬᠡ ᠶᠤᠮ᠃ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ ᠭᠠᠷᠤᠭᠰᠠᠨ ᠰᠢᠯᠲᠠᠭ᠋ᠠᠨ᠎ᠢ ᠭᠦᠨᠵᠡᠭᠡᠢ ᠵᠠᠳᠠᠯᠤᠭᠰᠠᠨ᠎ᠠᠴᠠ ᠦᠵᠡᠪᠡᠯ᠂ ᠭᠣᠣᠯᠳᠠᠭᠤ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠭᠰᠠᠨ ᠦᠭᠡᠢ᠎ᠠᠴᠠ ᠪᠤᠯᠵᠦ᠂ ᠭᠦᠢ᠍ᠴᠡᠳᠬᠡᠬᠦ ᠶᠣᠰᠣᠲᠠᠢ ᠪᠠᠷᠢᠮᠵᠢᠶ᠎ᠠ ᠵᠢ ᠬᠡᠷᠡᠭᠵᠢᠭᠦᠯᠦᠭᠰᠡᠨ ᠦᠭᠡᠢ᠂ ᠠᠪᠬᠤ ᠶᠣᠰᠣᠲᠠᠢ ᠠᠷᠭ᠎ᠠ ᠬᠡᠮᠵᠢᠶ᠎ᠡ ᠵᠢ ᠠᠪᠤᠭᠰᠠᠨ ᠦᠭᠡᠢ᠎ᠠᠴᠠ ᠪᠣᠯᠵᠠᠢ᠃ ᠤᠰᠤᠨ ᠠᠰᠢᠭᠯᠠᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠰᠢᠮᠳᠠᠭᠤᠯᠬᠤ ᠲᠠᠯ᠎ᠠ᠎ᠪᠠᠷ ᠶᠡᠬᠡ ᠬᠦᠴᠦ ᠣᠷᠣᠭᠤᠯᠵᠤ᠂ ᠦᠨᠡᠨ ᠬᠦ᠌ ᠶᠠᠪᠤᠭᠳᠠᠭᠤᠰᠢᠲᠠᠶ᠂ ᠲᠤᠰᠠᠲᠠᠢ᠂ ᠪᠦᠲᠦᠮᠵᠢᠲᠡᠶ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ ᠢ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠲᠤᠷ ᠠᠳᠬᠤᠬᠤ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠨᠡᠮᠡᠭᠳᠡᠭᠦᠯᠦᠨ᠂ ᠳᠣᠲᠣᠭ᠋ᠠᠳᠤ ᠡᠵᠡᠮᠳᠡᠯ᠎ᠤᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠬᠤ ᠬᠡᠷᠡᠭᠲᠡᠶ᠃
4. ᠬᠢᠨᠠᠯᠲᠠ ᠲᠠᠯᠪᠢᠵᠤ ᠰᠢᠢ᠍ᠳᠬᠡᠨ ᠲᠣᠷᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ 《ᠴᠢᠩᠭ᠎ᠠ᠂ ᠪᠣᠳᠠᠲᠠᠢ᠂ ᠨᠠᠷᠢᠯᠢᠭ᠂ ᠬᠠᠲᠠᠭᠤ》 ᠬᠢᠨᠠᠯᠲᠠ ᠲᠠᠯᠪᠢᠬᠤ ᠠᠵᠢᠯ᠎ᠤᠨ ᠱᠠᠭ᠋ᠠᠷᠳᠠᠯᠭ᠎ᠠ ᠵᠢ ᠲᠤᠪᠤᠢ᠍ᠢ᠍ᠯᠭ᠋ᠠᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠦᠨᠳᠦᠷ ᠲᠠᠷᠤᠯᠳᠠᠳᠤ 《ᠴᠢᠩᠭ᠎ᠠ ᠬᠢᠨᠠᠨ ᠬᠠᠮᠢᠶᠠᠷᠬᠤ》 ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ᠃ 《ᠳᠥᠷᠪᠡᠨ ᠥᠬᠡᠶ ᠬᠣᠶᠠᠷ ᠰᠢᠭᠤᠳ》 ᠪᠠᠶ᠋ᠢᠴᠠᠭ᠋ᠠᠬᠤ ᠠᠵᠢᠯ᠎ᠢ ᠶᠡᠬᠡᠪᠡᠷ ᠳᠥᠯᠭᠢᠨ ᠠᠬᠢᠭᠤᠯᠵᠤ᠂ ᠲᠤᠰᠬᠠᠶ ᠮᠡᠷᠭᠡᠵᠢᠯᠲᠡᠳ᠎ᠤᠨ ᠣᠷᠣᠯᠴᠠᠬᠤ ᠲᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠠᠮᠤᠷ ᠲᠦᠪᠰᠢᠨ᠎ᠤ ᠬᠠᠤᠯᠢ ᠲᠣᠭᠲᠠᠭ᠋ᠠᠯ᠎ᠤᠨ ᠲᠦᠷᠢᠮ᠎ᠤᠨ ᠬᠠᠲᠠᠭᠤ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠤᠷ ᠲᠦᠪᠰᠢᠨ᠎ᠤ ᠬᠠᠤᠯᠢ ᠲᠣᠭᠲᠠᠭ᠋ᠠᠯ ᠪᠠ ᠲᠦᠷᠢᠮ᠎ᠢ 《ᠦᠨᠳᠦᠷ ᠲᠠᠷᠤᠯᠳᠠᠳᠤ ᠴᠠᠬᠢᠯᠭ᠋ᠠᠨ》 ᠪᠣᠯᠭ᠋ᠠᠨ᠎ᠠ᠃ ᠬᠠᠷᠢᠭᠤᠴᠠᠯᠭ᠎ᠠ ᠨᠡᠬᠡᠮᠵᠢᠯᠡᠵᠦ ᠰᠢᠢ᠍ᠳᠬᠡᠬᠦ᠎ᠳᠡᠭᠡᠨ ᠠᠮᠢᠨ ᠭᠠᠵᠠᠷ᠎ᠢ᠎ᠨᠢ ᠠᠳᠬᠤᠵᠤ᠂ ᠡᠮᠵᠡᠭ ᠭᠠᠵᠠᠷ᠎ᠲᠤᠨᠢ ᠴᠣᠬᠢᠯᠲᠠ ᠥᠭᠴᠦ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠭᠡᠳᠡᠷᠬᠦ ᠰᠢᠬᠠᠮᠳᠠᠭᠤᠯᠵᠤ ᠪᠠᠶ᠋ᠢᠭ᠋ᠠᠳ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ᠎ᠨᠢ ᠨᠠᠶ᠋ᠢᠳᠠᠪᠤᠷᠢᠵᠢᠭᠤᠯᠤᠨ᠂ ᠡᠨᠳᠡᠯ᠎ᠤᠨ ᠲᠠᠯᠳᠠ ᠭᠡᠮ᠎ᠢ ᠤᠬᠠᠮᠰᠠᠷ᠎ᠠᠴᠠ᠎ᠪᠠᠨ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ᠂ ᠬᠡᠯᠪᠡᠷᠢᠴᠢ ᠦᠵᠡᠯ᠂ ᠦᠩᠭᠡᠨ ᠲᠠᠯ᠎ᠠ ᠵᠢᠨ ᠪᠠ ᠬᠥᠳᠡᠯᠭᠡᠭᠡᠨ᠎ᠤ ᠮᠠᠶᠢᠭ᠎ᠤᠨ ᠪᠠᠶ᠋ᠢᠴᠠᠭ᠋ᠠᠯᠲᠠ ᠬᠢᠬᠦ ᠵᠢ ᠡᠷᠡᠰ ᠰᠡᠷᠭᠡᠶ᠋ᠢᠯᠡᠬᠦ ᠬᠡᠷᠡᠭᠲᠡᠶ᠃
ᠬᠣᠶᠠᠷ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠨᠠᠶ᠋ᠢᠳᠠᠪᠤᠷᠢᠵᠢᠭᠤᠯᠤᠯᠲᠠ ᠵᠢ ᠬᠦᠴᠦᠲᠡᠶ ᠠᠳᠬᠤᠵᠤ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠭᠦᠨᠵᠡᠭᠡᠶ᠋ᠢᠷᠡᠭᠦᠯᠦᠨ ᠨᠠᠷᠢᠯᠢᠬ᠍ᠵᠢᠭᠤᠯᠬᠤ ᠬᠡᠷᠡᠭᠲᠡᠶ
1. ᠠᠶᠤᠯ ᠦᠭᠡᠢ ᠦᠢ᠍ᠯᠡᠳᠪᠦᠷᠢᠯᠡᠯ᠎ᠢ ᠠᠳᠬᠤᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠦᠵᠦ ᠲᠥᠯᠥᠪᠯᠡᠭᠡ ᠵᠢ ᠰᠠᠶ᠋ᠢᠲᠤᠷ ᠬᠢᠬᠦ ᠮᠥᠷᠲᠡᠭᠡᠨ ᠪᠠᠰᠠ ᠭᠣᠣᠯᠳᠠᠯᠭ᠎ᠠ ᠵᠢ ᠲᠤᠪᠤᠢ᠍ᠢ᠍ᠯᠭ᠋ᠠᠬᠤ᠂ ᠵᠠᠩᠭᠢᠯᠠᠭ᠎ᠠ ᠵᠢ ᠠᠳᠬᠤᠬᠤ᠂ ᠭᠣᠣᠯᠳᠠᠯᠭ᠎ᠠ ᠵᠢ ᠠᠳᠬᠤᠬᠤ ᠵᠢ ᠴᠢᠬᠤᠯᠠᠴᠢᠯᠠᠵᠤ᠂ ᠴᠡᠭ ᠵᠶ᠋ᠡᠷ ᠨᠡᠶ᠋ᠢᠳᠡᠮ᠎ᠢ ᠲᠠᠢ᠍ᠢ᠍ᠴᠢᠯᠠᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠪᠡᠶᠡᠯᠡᠭᠦᠯᠬᠦ ᠬᠡᠷᠡᠭᠲᠡᠢ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠭᠣᠣᠯᠳᠠᠯᠭ᠎ᠠ᠎ᠲᠠᠢ ᠠᠵᠢᠯ᠎ᠢ ᠲᠤᠪᠤᠢ᠍ᠢ᠍ᠯᠭ᠋ᠠᠨ᠂ ᠭᠣᠣᠯᠳᠠᠯᠭ᠎ᠠ᠎ᠲᠠᠢ ᠨᠢᠭᠡᠴᠢ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠢ ᠴᠢᠩᠭ᠎ᠠ ᠠᠩᠬᠠᠷᠴᠤ᠂ ᠭᠣᠣᠯᠳᠠᠯᠭ᠎ᠠ᠎ᠲᠠᠢ ᠲᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ᠂ ᠰᠢᠰᠲᠸᠮᠳᠦ ᠬᠠᠮᠢᠶᠠᠷᠤᠯᠲᠠ ᠵᠢ ᠴᠢᠩᠭ᠋ᠠᠷᠠᠭᠤᠯᠤᠨ᠂ ᠥᠴᠦᠬᠡᠨ ᠴᠦ᠍ ᠠᠯᠳᠠᠰᠢ ᠭᠠᠷᠭ᠋ᠠᠬᠤ ᠥᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
2. ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠢ ᠪᠡᠷᠢᠮᠵᠢᠶᠡᠵᠢᠭᠤᠯᠬᠤ ᠪᠥᠳᠥᠭᠡᠨ ᠪᠠᠶ᠋ᠢᠭᠤᠯᠤᠯᠲᠠ ᠵᠢ ᠶᠡᠬᠡᠪᠡᠷ ᠲᠥᠯᠬᠢᠨ ᠠᠬᠢᠭᠤᠯᠵᠤ᠂ ᠠᠶᠤᠯ ᠥᠭᠡᠢ ᠵᠢᠨ ᠬᠠᠮᠢᠶᠠᠷᠤᠯᠲᠠ ᠵᠢᠨ ᠵᠢᠷᠤᠮᠵᠢᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠢ ᠪᠡᠷᠢᠮᠵᠢᠶᠡᠵᠢᠭᠤᠯᠬᠤ ᠪᠥᠳᠥᠭᠡᠨ ᠪᠠᠶ᠋ᠢᠭᠤᠯᠤᠯᠲᠠ ᠵᠢ ᠥᠷᠨᠢᠭᠦᠯᠬᠦ ᠪᠣᠯ ᠰᠢᠨ᠎ᠡ ᠪᠠᠶ᠋ᠢᠳᠠᠯ ᠳᠣᠣᠷᠠᠬᠢ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ ᠪᠠ ᠬᠥᠭᠵᠢᠭᠦᠯᠬᠦ ᠴᠢᠬᠤᠯᠠ ᠭᠠᠷᠳᠠᠴᠠ ᠪᠠ ᠬᠦᠴᠦᠲᠡᠶ ᠲᠤᠯᠭ᠋ᠠᠭᠤᠷᠢᠯᠠᠯ ᠪᠣᠯᠤᠨ᠎ᠠ᠃ ᠡᠯ᠎ᠡ ᠲᠥᠷᠥᠯ᠎ᠤᠨ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠎ᠨᠦᠭᠦᠳ ᠲᠤᠰ ᠲᠤᠰ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠬᠠᠮᠢᠶᠠᠷᠤᠯᠳᠠ ᠵᠢᠨ ᠪᠠᠷᠢᠮᠵᠢᠶ᠎ᠠ᠂ ᠠᠵᠢᠯᠯᠠᠬᠤ ᠪᠠᠷᠢᠮᠵᠢᠶ᠎ᠠ᠂ ᠲᠤᠬᠠᠶ ᠵᠢᠨ ᠲᠠᠯᠠᠪᠠᠢ᠎ᠳᠤ ᠠᠵᠢᠯᠯᠠᠬᠤ ᠪᠠᠷᠢᠮᠵᠢᠶ᠎ᠠ᠎ᠪᠠᠷ ᠭᠣᠣᠯ ᠪᠣᠯᠭ᠋ᠠᠨ᠂ ᠡᠯ᠎ᠡ ᠵᠦᠢ᠍ᠯ᠎ᠤᠨ ᠠᠵᠢᠯᠯᠠᠬᠤ ᠳᠦᠷᠢᠮ ᠢ ᠨᠠᠷᠢᠯᠢᠬ᠍ᠵᠢᠭᠤᠯᠬᠤ ᠪᠠ ᠪᠣᠳᠠᠲᠠᠶ᠋ᠢᠵᠢᠭᠤᠯᠬᠤ ᠵᠢᠨ ᠬᠠᠮᠲᠤ ᠦᠷᠭᠦᠯᠵᠢᠯᠡᠨ ᠰᠠᠶ᠋ᠢᠵᠢᠷᠠᠭᠤᠯᠵᠤ᠂ ᠲᠡᠭᠦᠯᠳᠡᠷᠵᠢᠭᠦᠯᠬᠦ ᠪᠠ ᠳᠡᠭᠡᠭᠰᠢᠯᠡᠭᠦᠯᠵᠦ᠂ ᠠᠶᠤᠯ ᠥᠭᠡᠢ ᠵᠢᠨ ᠬᠠᠮᠢᠶᠠᠷᠤᠯᠲᠠ᠎ᠳᠤ ᠵᠢᠷᠤᠮᠯᠠᠯ ᠪᠠ ᠦᠨᠳᠦᠰᠦᠯᠡᠯ ᠬᠠᠩᠭ᠋ᠠᠬᠤ ᠬᠡᠷᠡᠭᠲᠡᠶ᠃ ᠡᠭᠦᠨ᠎ᠤ ᠬᠠᠮᠲᠤ ᠪᠠᠷᠢᠮᠵᠢᠶ᠎ᠠ ᠲᠦᠷᠢᠮ᠂ ᠪᠣᠳᠠᠲᠠᠶ ᠱᠠᠭ᠋ᠠᠷᠳᠠᠯᠭ᠎ᠠ ᠵᠢ ᠠᠵᠢᠯ ᠡᠷᠭᠢᠯᠡᠭᠰᠡᠳ ᠨᠢᠭᠡᠪᠦᠷᠢ᠂ ᠠᠵᠢᠯᠯᠠᠬᠤ ᠠᠵᠢᠯ᠎ᠤᠨ ᠪᠠᠶ᠋ᠢᠷᠢ ᠨᠢᠭᠡᠪᠤᠷᠢᠳᠤᠪᠠᠨ ᠨᠠᠶ᠋ᠢᠳᠠᠪᠤᠷᠢᠵᠢᠭᠤᠯᠵᠤ᠂ ᠪᠥᠬᠥ ᠠᠵᠢᠯᠲᠠᠨ᠂ ᠪᠥᠬᠥ ᠶᠠᠪᠤᠴᠠ᠂ ᠪᠦᠬᠦ ᠲᠡᠯ᠎ᠠ᠎ᠳᠤ ᠬᠠᠮᠢᠶᠠᠷᠤᠯᠲᠠ ᠶᠠᠪᠤᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠬᠡᠷᠡᠭᠲᠡᠶ᠃ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠡᠷᠢᠮᠵᠢᠶᠡᠯᠠᠭᠰᠠᠨ ᠬᠥᠳᠡᠯᠦᠩᠭᠦᠢ ᠬᠠᠮᠢᠶᠠᠷᠤᠯᠲᠠ ᠵᠢ ᠲᠦᠯᠬᠢᠨ ᠠᠬᠢᠭᠤᠯᠤᠨ᠎ᠠ᠃
3. ᠳᠠᠪᠬᠤᠷ ᠰᠡᠷᠭᠡᠶ᠋ᠢᠯᠡᠯᠲᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠪᠦᠷᠢᠨᠰᠢᠭᠦᠯᠵᠦ᠂ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠪᠣᠭᠣᠮᠲᠠ ᠵᠢ ᠤᠷᠤᠭᠰᠢ ᠰᠢᠯᠵᠢᠭᠦᠯᠬᠦ ᠵᠢ ᠠᠬᠢᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠭᠤᠤᠯᠳᠠᠯᠭ᠎ᠠ᠎ᠨᠢ ᠠᠶᠤᠯ ᠲᠦᠭᠰᠢᠭᠦᠷᠢ ᠵᠢ ᠡᠵᠡᠮᠳᠡᠵᠦ᠂ ᠲᠠᠯᠳᠠ ᠭᠡᠮ᠎ᠢ ᠠᠷᠢᠯᠭ᠋ᠠᠬᠤ ᠶᠠᠪᠤᠳᠠᠯ ᠪᠤᠯᠤᠨ᠎ᠠ᠂ ᠵᠠᠩᠬᠢᠯᠠᠭ᠎ᠠ᠎ᠨᠢ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠡᠨᠳᠡᠯ ᠭᠠᠷᠬᠤ ᠵᠢ ᠦᠨᠳᠦᠰᠦᠨ᠎ᠠᠴᠠ᠎ᠨᠢ ᠰᠡᠷᠭᠡᠶ᠋ᠢᠯᠡᠵᠦ᠂ ᠠᠶᠤᠯ ᠲᠦᠭᠰᠢᠭᠦᠷᠢ ᠵᠢᠨ ᠤᠯᠠᠷᠢᠨ ᠬᠤᠪᠢᠷᠠᠬᠤ᠂ ᠲᠠᠯᠳᠠ ᠭᠡᠮ᠎ᠤᠨ ᠲᠡᠰ ᠳᠡᠪᠰᠢᠬᠦ ᠵᠢ ᠰᠡᠷᠭᠡᠶ᠋ᠢᠯᠡᠬᠦ᠎ᠳᠤ ᠪᠠᠶ᠋ᠢᠨ᠎ᠠ᠂ ᠡᠨᠡ ᠪᠣᠯ ᠳᠠᠪᠬᠤᠷ ᠤᠷᠢᠳᠴᠢᠯᠠᠨ ᠰᠡᠷᠭᠡᠶ᠋ᠢᠯᠡᠬᠦ ᠰᠢᠰᠲ᠋ᠧᠮ᠎ᠤᠨ ᠭᠣᠣᠯ ᠠᠭᠤᠯᠭ᠎ᠠ ᠮᠥᠨ᠃ ᠲᠠᠷᠠᠭ᠋ᠠᠴᠢ ᠵᠢᠨ ᠠᠯᠬᠤᠮ᠎ᠳᠤ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ ᠰᠢᠰᠲ᠋ᠧᠮ ᠵᠶ᠋ᠡᠨ ᠰᠠᠶ᠋ᠢᠵᠢᠷᠠᠭᠤᠯᠤᠨ ᠲᠡᠭᠦᠯᠳᠡᠷᠵᠢᠭᠦᠯᠵᠦ᠂ ᠪᠦᠳᠦᠭᠡᠨ ᠪᠠᠶ᠋ᠢᠭᠤᠯᠤᠯᠲᠠ ᠪᠠ ᠰᠢᠯᠭ᠋ᠠᠨ ᠠᠪᠬᠤ ᠦᠨᠡᠯᠡᠨ ᠲᠣᠭᠲᠠᠭ᠋ᠠᠬᠤ ᠠᠵᠢᠯ᠎ᠤᠨ ᠲᠤᠬᠠᠶ ᠰᠤᠳᠤᠯᠤᠯᠲᠠ ᠵᠢ ᠴᠢᠩᠭ᠋ᠠᠳᠬᠠᠨ᠎ᠠ᠃ 《ᠳᠠᠯᠳᠠ ᠬᠡᠮ ᠪᠣᠯ ᠳᠠᠷᠤᠶ ᠡᠨᠳᠡᠯ ᠮᠥᠨ》 ᠭᠡᠬᠦ ᠦᠵᠡᠯᠳᠡ ᠵᠢ ᠪᠣᠶ ᠪᠣᠯᠭ᠋ᠠᠵᠤ᠂ ᠬᠦᠨᠳᠦ ᠶᠡᠬᠡ ᠲᠦᠭᠰᠢᠭᠦᠷᠢ ᠵᠢᠨ ᠡᠬᠢ ᠰᠤᠷᠪᠤᠯᠵᠢ ᠪᠠ ᠭᠤᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠦᠢ᠍ᠯᠡᠳᠪᠤᠷᠢᠯᠡᠯ ᠡᠵᠡᠩᠨᠡᠯᠲᠡ ᠵᠢᠨ ᠨᠢᠭᠡᠴᠢ᠎ᠳᠤ ᠲᠠᠰᠤᠷᠠᠯᠲᠠ ᠥᠬᠡᠶ ᠵᠢᠭᠰᠠᠭ᠋ᠠᠨ ᠪᠠᠶ᠋ᠢᠴᠠᠭ᠋ᠠᠯᠲᠠ ᠬᠢᠵᠦ᠂ ᠡᠯ᠎ᠡ ᠲᠥᠷᠥᠯ᠎ᠤᠨ ᠳᠠᠯᠳᠠ ᠲᠦᠭᠰᠢᠭᠦᠷᠢ ᠵᠢ ᠡᠷᠢᠨ ᠭᠠᠷᠭ᠋ᠠᠵᠤ᠂ ᠰᠠᠶ᠋ᠢᠲᠤᠷ ᠬᠠᠮᠢᠶᠠᠷᠤᠨ ᠡᠵᠡᠮᠳᠡᠵᠦ᠂ ᠰᠠᠶ᠋ᠢᠲᠤᠷ ᠰᠡᠷᠭᠡᠶ᠋ᠢᠯᠡᠬᠦ ᠬᠡᠷᠡᠭᠲᠡᠶ᠃ ᠪᠠᠶ᠋ᠢᠴᠠᠭ᠋ᠠᠵᠤ ᠭᠠᠷᠭ᠋ᠠᠭᠰᠠᠨ ᠬᠡᠮ ᠰᠣᠭᠣᠭ᠎ᠲᠤ 《ᠥᠴᠦᠬᠡᠨ ᠴᠦ᠍ ᠢᠯᠳᠠᠷ ᠬᠠᠶᠠᠬᠤ ᠥᠬᠡᠶ》 ᠪᠠᠶ᠋ᠢᠬᠤ ᠵᠢ ᠪᠠᠷᠢᠮᠲᠠᠯᠠᠵᠤ᠂ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ ᠵᠢ ᠦᠷᠭᠦᠯᠵᠢᠯᠡᠨ ᠮᠥᠷᠳᠡᠵᠦ᠂ ᠪᠦᠬᠦᠨ᠎ᠢ ᠴᠡᠭᠴᠡᠯᠡᠨ ᠰᠠᠶ᠋ᠢᠵᠢᠷᠠᠭᠤᠯᠵᠤ ᠳ᠋ᠤᠭ᠋ᠠᠷ ᠬᠠᠰᠤᠬᠤ ᠪᠤᠯᠳᠠᠯ᠎ᠠ ᠢᠮᠠᠭᠳᠠ ᠠᠩᠬᠠᠷᠤᠯ ᠵᠶ᠋ᠡᠨ ᠬᠠᠨᠳᠤᠭᠤᠯᠬᠤ ᠬᠡᠷᠡᠭᠲᠡᠶ᠃
4. ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠡᠨᠡᠳᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠪᠣᠯ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ ᠵᠢᠨ ᠬᠠᠮᠤᠭ ᠡᠴᠦᠰ᠎ᠤᠨ ᠰᠡᠷᠭᠡᠶ᠋ᠢᠯᠡᠯᠲᠡ ᠵᠢᠨ ᠱᠤᠭᠤᠮ ᠪᠣᠯᠤᠨ᠎ᠠ᠃ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡᠨᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠵᠢ ᠲᠣᠬᠢᠶᠠᠯ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠵᠤ᠂ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠬᠦᠴᠦᠲᠡᠶ᠂ ᠡᠮᠬᠢ ᠵᠢᠷᠤᠮ᠎ᠲᠠᠢ᠂ ᠪᠦᠲᠦᠮᠵᠢᠲᠡᠶ᠎ᠪᠠᠷ ᠰᠡᠷᠭᠡᠶ᠋ᠢᠯᠡᠬᠦ ᠪᠠ ᠠᠪᠤᠷᠠᠨ ᠲᠤᠰᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ ᠬᠠᠷᠢᠯᠴᠠᠭ᠎ᠠ ᠵᠣᠬᠢᠴᠠᠭᠤᠯᠭ᠎ᠠ᠎ᠪᠠᠨ ᠡᠷᠴᠢᠮᠵᠢᠬᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠴᠢᠩᠭ᠋ᠠᠳᠬᠠᠵᠤ᠂ ᠰᠡᠷᠭᠡᠶ᠋ᠢᠯᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠲᠤᠭᠤᠰᠢᠯᠠᠭᠤᠯᠬᠤ ᠵᠢ ᠠᠬᠢᠭᠤᠯᠬᠤ ᠬᠡᠷᠡᠭᠲᠡᠢ᠃ ᠭᠠᠮᠰᠢᠭ᠎ᠤᠨ ᠡᠨᠳᠡᠯ ᠭᠠᠷᠤᠭᠰᠠᠨ᠎ᠤ ᠲᠠᠷᠠᠭ᠎ᠠ᠂ ᠡᠷᠴᠢᠮᠳᠡᠢ ᠵᠣᠬᠢᠴᠠᠭᠤᠯᠤᠨ ᠲᠣᠬᠢᠷᠠᠭᠤᠯᠵᠤ᠂ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠥᠷᠨᠢᠭᠦᠯᠵᠦ᠂ ᠡᠨᠳᠡᠯ᠎ᠤᠨ ᠦᠬᠦᠯ ᠰᠢᠷᠬᠠᠲᠤᠯ᠂ ᠡᠳ᠋ ᠬᠥᠷᠦᠩᠭᠡ ᠵᠢᠨ ᠬᠣᠬᠢᠷᠠᠯ ᠪᠠ ᠨᠡᠶ᠋ᠢᠭᠡᠮ᠎ᠤᠨ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭᠤᠷᠠᠭᠤᠯᠬᠤ ᠪᠠ ᠪᠠᠭ᠋ᠠᠰᠬᠠᠬᠤ ᠬᠡᠷᠡᠭᠲᠡᠶ᠃
5. 《ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ + ᠮᠡᠳᠡᠭᠡ ᠵᠠᠩᠭᠢᠵᠢᠯᠲᠠ》 ᠵᠢᠨ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠬᠤ ᠰᠢᠰᠲ᠋ᠧᠮ᠎ᠢ ᠥᠷᠭᠡᠨ ᠵᠶ᠋ᠡᠷ ᠬᠡᠷᠡᠭᠯᠡᠵᠦ᠂ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠬᠢᠭᠡᠳ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠵᠤ᠂ ᠠᠮᠤᠷ ᠲᠦᠪᠰᠢᠨ᠎ᠤ ᠲᠦᠭᠰᠢᠭᠦᠷᠢ ᠵᠢ ᠵᠠᠳᠠᠯᠬᠤ ᠪᠠ ᠰᠡᠷᠡᠮᠵᠢᠯᠡᠭᠦᠯᠬᠦ ᠵᠢ ᠴᠢᠩᠭ᠋ᠠᠷᠠᠭᠤᠯᠤᠨ᠂ ᠡᠯ᠎ᠡ ᠤᠰᠤᠨ ᠠᠰᠢᠭᠯᠠᠯᠲᠠ ᠵᠢᠨ ᠦᠢ᠍ᠯᠡᠳᠪᠤᠷᠢᠯᠡᠯ ᠡᠵᠡᠩᠨᠡᠯᠲᠡ ᠵᠢᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠤᠰᠤᠨ ᠠᠰᠢᠭᠯᠠᠯᠲᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠲᠠᠪᠴᠠᠩ᠎ᠢ ᠪᠦᠲᠦᠮᠵᠢᠲᠡᠶ ᠠᠰᠢᠭᠯᠠᠨ ᠠᠮᠤᠷ ᠲᠦᠪᠰᠢᠨ᠎ᠤ ᠳᠠᠯᠳᠠ ᠬᠡᠮ᠎ᠢ ᠥᠪᠡᠷ ᠵᠶ᠋ᠡᠨ ᠪᠠᠶ᠋ᠢᠴᠠᠭ᠋ᠠᠬᠤ᠂ ᠵᠠᠰᠠᠬᠤ ᠪᠠ ᠮᠡᠳᠡᠭᠡ ᠵᠠᠩᠭᠢ ᠵᠢ ᠬᠤᠭᠤᠴᠠᠭ᠎ᠠ ᠶᠣᠰᠣᠭ᠋ᠠᠷ ᠳᠡᠭᠡᠭᠰᠢ ᠮᠡᠳᠡᠭᠦᠯᠬᠦ ᠠᠵᠢᠯ ᠥᠷᠨᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠬᠢᠭᠡᠳ ᠮᠡᠳᠡᠭᠡ ᠵᠠᠩᠭᠢ ᠵᠢᠨ ᠰᠢᠰᠲ᠋ᠧᠮ᠎ᠤᠨ ᠬᠡᠷᠡᠭᠯᠡᠯᠲᠡ ᠵᠢᠨ ᠭᠦᠨᠵᠡᠭᠡᠶ ᠠᠭᠤᠰᠤᠯᠴᠠᠬᠤ ᠵᠢ ᠠᠬᠢᠭᠤᠯᠤᠨ᠎ᠠ᠃