ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠢᠱ᠌ᠢᠯᠲᠡ᠎ᠪᠠᠷ 2 ᠰᠠᠷ᠎ᠠ ᠵᠢᠨ 13᠎ᠤ ᠡᠳᠦᠷ ᠮᠠᠨ᠎ᠤ ᠣᠷᠣᠨ᠎ᠤ ᠬᠢᠯᠢ᠎ᠳᠠᠬᠢ ᠬᠠᠲᠤᠨ ᠭᠣᠤᠯ ᠡᠬᠢᠯᠡᠵᠦ ᠭᠡᠰᠦᠨ᠎ᠡ
ᠨᠡᠶ᠋ᠢᠲᠡᠯᠡᠭᠰᠡᠨ ᠴᠠᠭ᠄ 2021-05-18

      ᠮᠡᠳᠡᠭᠡ ᠵᠠᠩᠭᠢ ᠵᠢᠨ ᠢᠷᠡᠯᠲᠡ᠄ ᠦᠪᠦᠷ ᠮᠤᠨᠭ᠌ᠭᠤᠯ᠎ᠤᠨ ᠤᠰᠤᠨ ᠠᠰᠢᠭᠯᠠᠯᠳᠠ ᠵᠢᠨ ᠲᠢᠩᠬᠢᠮ
      ᠨᠢᠭᠡ᠂ 2021 ᠣᠨ᠎ᠤ ᠭᠣᠣᠯ   ᠭᠡᠰᠬᠦ ᠪᠠᠶ᠋ᠢᠳᠠᠯ᠎ᠤᠨ ᠲᠤᠬᠠᠶ ᠵᠠᠳᠠᠯᠤᠯᠲᠠ
      ᠦᠪᠦᠷ ᠮᠤᠨᠭ᠌ᠭᠤᠯ᠎ᠤᠨ ᠴᠠᠭ ᠠᠭᠤᠷ᠎ᠤᠨ ᠰᠠᠯᠠᠭ᠎ᠠ ᠮᠥᠴᠢᠷ᠎ᠠᠴᠠ ᠬᠠᠩᠭ᠋ᠠᠭᠰᠠᠨ ᠮᠡᠳᠡᠭᠡ ᠵᠠᠩᠭᠢ ᠵᠢ ᠦᠨᠳᠦᠰᠦᠯᠡᠪᠡᠯ᠂ 1 ᠳ᠋ᠤᠭᠡᠷ ᠰᠠᠷ᠎ᠠ ᠵᠢᠨ 28᠎ᠤ ᠡᠳᠦᠷ᠎ᠠᠴᠠ 3 ᠳ᠋ᠤᠭ᠋ᠠᠷ ᠰᠠᠷ᠎ᠠ ᠵᠢᠨ 8᠎ᠤ ᠡᠳᠦᠷ ᠪᠣᠯᠲᠠᠯ᠎ᠠ᠂ ᠮᠠᠨ᠎ᠤ ᠣᠷᠣᠨ᠎ᠤ ᠬᠠᠳᠤᠨ ᠭᠣᠣᠯ ᠳᠠᠭ᠋ᠠᠤ ᠭᠠᠵᠠᠷ ᠣᠷᠣᠨ ᠪᠤᠯᠬᠤ ᠪᠠᠶᠠᠨᠨᠠᠭᠤᠷ ᠬᠤᠳᠠ᠂ ᠤᠷᠳᠤᠰ ᠬᠤᠳᠠ᠂ ᠦᠬᠠᠢ ᠬᠣᠲᠠ ᠪᠣᠯᠤᠨ ᠠᠯᠠᠱ᠌ᠠ ᠠᠢ᠍ᠢ᠍ᠮᠠᠭ᠎ᠤᠨ ᠳᠤᠮᠳᠠᠴᠢ ᠠᠭ᠋ᠠᠷ᠎ᠤᠨ ᠳᠤᠯᠠᠭ᠋ᠠᠨ᠎ᠨᠢ ᠡᠩ᠎ᠤᠨ ᠵᠢᠯ᠎ᠤᠨ᠎ᠬᠢ᠎ᠠᠴᠠ 1~2℃ ᠥᠨᠳᠥᠷ ᠪᠠᠢ᠍ᠢ᠍ᠵᠤ᠂ ᠪᠤᠰᠤᠳ ᠭᠠᠵᠠᠷ ᠣᠷᠣᠨ᠎ᠨᠢ ᠡᠩ᠎ᠤᠨ ᠵᠢᠯ᠎ᠤᠨ᠎ᠬᠢ᠎ᠠᠴᠠ 0~1℃ ᠥᠨᠳᠥᠷ ᠪᠠᠶ᠋ᠢᠳᠠᠭ᠃
      ᠠᠭ᠋ᠠᠷ᠎ᠤᠨ ᠳᠤᠯᠠᠭ᠋ᠠᠨ᠎ᠤ ᠳᠡᠭᠡᠭᠰᠢᠯᠡᠬᠦ ᠵᠢ ᠳᠠᠭ᠋ᠠᠯᠳᠤᠨ᠂ ᠬᠠᠲᠤᠨ ᠭᠣᠤᠯ᠎ᠤᠨ ᠨᠢᠩᠰᠢᠶᠠ ᠵᠢᠨ ᠬᠡᠰᠡᠭ᠎ᠤᠨ ᠭᠤᠤᠯ ᠭᠡᠰᠬᠦ ᠬᠤᠷᠳᠤᠴᠠ ᠲᠦᠷᠭᠡᠰᠪᠡ᠃ ᠴᠠᠭ ᠠᠭᠤᠷ᠎ᠤᠨ ᠰᠠᠯᠠᠭ᠎ᠠ ᠮᠥᠴᠢᠷ᠎ᠤᠨ ᠵᠢᠱ᠌ᠢᠯᠲᠡ ᠵᠢ ᠦᠨᠳᠦᠰᠦᠯᠡᠪᠡᠯ᠂ ᠬᠠᠲᠤᠨ ᠭᠣᠤᠯ᠎ᠤᠨ ᠳᠡᠭᠡᠳᠦ ᠤᠷᠤᠰᠬᠠᠯ᠎ᠤᠨ ᠤᠰᠤᠨ᠎ᠤ ᠪᠠᠶ᠋ᠢᠳᠠᠯ᠂ ᠮᠥᠰᠥᠲᠦᠯᠭᠡ ᠵᠢᠨ ᠪᠠᠶ᠋ᠢᠳᠠᠯ ᠵᠢᠴᠢ ᠠᠭ᠋ᠠᠷ᠎ᠤᠨ ᠳᠤᠯᠠᠭ᠋ᠠᠨ ᠵᠡᠷᠭᠡ ᠬᠦᠴᠦᠨ ᠵᠦᠢ᠍ᠯ ᠎ᠤᠨ ᠵᠠᠳᠠᠯᠤᠯᠲᠠ᠎ᠲᠠᠢ ᠤᠶᠠᠯᠳᠤᠭᠤᠯᠤᠨ᠂ ᠵᠢᠱ᠌ᠢᠯᠲᠡ᠎ᠪᠠᠷ 2 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠣᠷᠴᠢᠮ ᠵᠶ᠋ᠠᠷ᠎ᠤᠨ ᠮᠠᠨ᠎ᠤ ᠣᠷᠣᠨ᠎ᠤ ᠬᠢᠯᠢ᠎ᠳᠠᠬᠢ ᠬᠠᠲᠤᠨ ᠭᠣᠤᠯ ᠡᠬᠢᠯᠡᠵᠦ ᠭᠡᠰᠬᠦ ᠪᠣᠯᠤᠨ᠎ᠠ᠃
      ᠬᠣᠶᠠᠷ᠂ 2020 — 2021 ᠬᠠᠳᠤᠨ ᠭᠣᠣᠯ᠎ᠤᠨ ᠦᠪᠦᠷ ᠮᠤᠨᠭ᠌ᠭᠤᠯ ᠬᠡᠰᠡᠭ᠎ᠤᠨ ᠭᠣᠣᠯ ᠬᠦᠯᠳᠡᠭᠰᠡᠨᠨ ᠪᠠᠶ᠋ᠢᠳᠠᠯ
     2020 ᠣᠨ᠎ᠤ 12 ᠰᠠᠷ᠎ᠠ ᠵᠢᠨ 4᠎ᠤ ᠡᠳᠦᠷ᠎ᠤᠨ 09 ᠴᠠᠭ 30 ᠮᠢᠨᠦ᠋ᠲ᠎ᠲᠤ ᠦᠪᠦᠷ ᠮᠤᠨᠭ᠌ᠭᠤᠯ᠎ᠳᠠᠬᠢ ᠬᠠᠨᠳᠣᠨ ᠭᠣᠤᠯ᠎ᠤᠨ ᠬᠡᠰᠡᠭ᠎ᠤᠨ ᠪᠤᠭᠤᠳᠤ ᠵᠢᠨ ᠤᠰᠤᠨ ᠰᠢᠨᠵᠢᠯᠡᠭᠡᠨ᠎ᠤ ᠥᠷᠲᠡᠭᠡ ᠵᠢᠨ ᠳᠡᠭᠡᠳᠦ ᠤᠷᠤᠰᠬᠠᠯ᠎ᠤᠨ 17 ᠺᠢᠯᠣᠮᠧᠲᠷ᠎ᠤᠨ ᠭᠠᠵᠠᠷ᠎ᠲᠤ ᠠᠩᠬ᠎ᠠ ᠤᠳᠠᠭ᠎ᠠ ᠡᠬᠢᠯᠡᠨ ᠭᠤᠤᠯ ᠬᠦᠯᠳᠡᠭᠰᠡᠨ ᠦᠵᠡᠭᠳᠡᠯ ᠢᠯᠡᠷᠡᠭᠰᠡᠨ ᠪᠠᠢ᠍ᠢ᠍ᠨ᠎ᠠ᠃ 12 ᠰᠠᠷ᠎ᠠ ᠵᠢᠨ 8᠎ᠤ ᠡᠳᠦᠷ ᠪᠤᠭᠤᠳᠤ ᠵᠢᠨ ᠣᠭᠲᠣᠯᠤᠭ᠋ᠠᠰᠤ ᠵᠢᠨ ᠳᠡᠭᠡᠳᠦ ᠤᠷᠤᠰᠬᠠᠯ᠎ᠤᠨ 1 ᠺᠢᠯᠣᠮᠧᠲᠷ᠂ ᠳᠣᠣᠷᠠᠳᠤ ᠤᠷᠤᠰᠬᠠᠯ᠎ᠤᠨ 7 ᠺᠢᠯᠣᠮᠧᠲᠷ ᠵᠠᠶ᠋ᠢᠲᠠᠶ ᠭᠠᠵᠠᠷ ᠡᠬᠢᠯᠡᠨ ᠬᠦᠯᠳᠡᠵᠡᠢ᠃ 12 ᠰᠠᠷ᠎ᠠ ᠵᠢᠨ 14᠎ᠤ ᠡᠳᠦᠷ᠎ᠤᠨ 8 ᠴᠠᠭ᠎ᠲᠤ᠂ ᠰᠠᠨ ᠬᠤ᠌ ᠭᠣᠣᠯ᠎ᠤᠨ ᠠᠮᠠ᠂ ᠳᠧᠦ ᠳ᠋ᠤᠤ ᠭᠤᠸᠠᠢ ᠵᠢᠨ ᠤᠰᠤᠨ ᠰᠢᠨᠵᠢᠯᠡᠭᠡᠨ᠎ᠤ ᠣᠭᠲᠣᠯᠤᠭ᠋ᠠᠰᠤ ᠬᠥᠯᠳᠡᠪᠡ᠃ 12 ᠰᠠᠷ᠎ᠠ ᠵᠢᠨ 29᠎ᠤ ᠡᠳᠦᠷ ᠪᠠᠶᠠᠨᠭᠤᠤᠯ᠎ᠤᠨ ᠤᠰᠤᠨ ᠵᠦᠶ ᠵᠢᠨ ᠣᠭᠲᠣᠯᠤᠭ᠋ᠠᠰᠤ ᠬᠦ᠍ᠯᠳᠡᠪᠡ᠃ 2021 ᠣᠨ᠎ᠤ 1 ᠰᠠᠷ᠎ᠠ ᠵᠢᠨ 6᠎ᠤ ᠡᠳᠦᠷ᠎ᠤᠨ 8 ᠴᠠᠭ᠎ᠲᠤ᠂ ᠱ᠌ᠢ ᠽᠦᠶ ᠱᠠᠨ ᠠᠭᠤᠯᠠ ᠵᠢᠨ ᠣᠭᠲᠣᠯᠤᠭ᠋ᠠᠰᠤ ᠵᠢᠨ ᠳᠡᠭᠡᠳᠦ ᠤᠷᠤᠰᠬᠠᠯ᠎ᠤᠨ 2 ᠺᠢᠯᠣᠮᠧᠲᠷ᠂ ᠳᠣᠤᠷᠠᠳᠤ ᠤᠷᠤᠰᠬᠠᠯ᠎ᠤᠨ 8 ᠺᠢᠯᠣᠮᠧᠲᠷ᠎ᠤᠨ ᠬᠡᠰᠡᠭ ᠬᠥᠯᠳᠡᠪᠡ᠃
     1 ᠰᠠᠷ᠎ᠠ ᠵᠢᠨ 7᠎ᠤ ᠡᠳᠦᠷ᠎ᠤᠨ 11 ᠴᠠᠭ᠎ᠲᠤ ᠬᠠᠲᠤᠨ ᠭᠣᠤᠯ᠎ᠤᠨ ᠬᠦᠯᠳᠡᠭᠰᠡᠨ ᠭᠣᠤᠯ᠎ᠤᠨ ᠪᠠᠷᠠᠭᠤᠨ ᠡᠷᠭᠢ᠎ᠨᠢ ᠨᠢᠭᠡᠨᠲᠡ ᠦᠪᠦᠷ ᠮᠤᠨᠭ᠌ᠭᠤᠯ ᠪᠣᠯᠤᠨ ᠨᠢᠩᠰᠢᠶᠠ ᠵᠢᠨ ᠠᠭᠤᠯᠵᠠᠷ᠎ᠲᠠᠬᠢ ᠺᠦ᠋ ᠱᠦᠢ ᠭ᠋ᠸᠤ ᠵᠢᠨ ᠬᠠᠲᠤᠨ ᠭᠣᠤᠯ᠎ᠳᠤ ᠴᠢᠳᠬᠤᠬᠤ ᠬᠡᠰᠡᠭ᠎ᠲᠤ ᠬᠦᠷᠴᠦ᠂ ᠬᠠᠲᠤᠨ ᠭᠣᠤᠯ᠎ᠤᠨ ᠦᠪᠦᠷ ᠮᠤᠨᠭ᠌ᠭᠤᠯ᠎ᠤᠨ ᠬᠡᠰᠡᠭ᠎ᠤᠨ 720 ᠺᠢᠯᠣᠮᠧᠲᠷ᠎ᠤᠨ ᠲᠣᠭᠲᠠᠩᠭᠤᠶ ᠬᠦᠯᠳᠡᠭᠰᠡᠨ ᠭᠣᠤᠯ᠎ᠤᠨ ᠬᠡᠰᠡᠭ (ᠬᠠᠢ᠍ᠢ᠍ᠷᠤᠪ᠎ᠤᠨ ᠪᠤᠯᠤᠩ᠎ᠤᠨ ᠤᠰᠤᠨ ᠠᠰᠢᠭᠯᠠᠯᠲᠠ ᠵᠢᠨ ᠬᠦᠶᠰᠦ ᠬᠠᠰᠢᠯᠭ᠎ᠠ᠎ᠠᠴᠠ ᠲᠤᠷᠤᠭᠰᠢᠬᠢ 27 ᠺᠢᠯᠣᠮᠧᠲᠷ᠎ᠢ ᠭᠠᠷᠭ᠋ᠠᠪᠠᠯ)᠎ᠨᠢ ᠪᠥᠬᠥ ᠱᠤᠭᠤᠮ ᠵᠶ᠋ᠠᠷ ᠵᠶ᠋ᠠᠨ ᠬᠦᠯᠳᠡᠪᠡ᠃ 35 ᠡᠳᠦᠷ ᠲᠠᠷᠠᠭ᠋ᠠᠯᠠᠨ ᠬᠦᠯᠳᠡᠵᠦ᠂ ᠬᠥᠯᠳᠡᠭᠦᠦ ᠭᠣᠣᠯ᠎ᠤᠨ ᠬᠡᠰᠡᠭ᠎ᠲᠤ ᠪᠠᠰᠠ ᠬᠦᠯᠳᠡᠭᠡᠳᠦᠢ ᠤᠷᠤᠰᠬᠠᠯ᠎ᠲᠠᠢ ᠪᠠᠢ᠍ᠢ᠍ᠪᠠ᠃ ᠨᠢᠩᠰᠢᠶᠠ ᠵᠢᠨ ᠬᠡᠰᠡᠭ᠎ᠤᠨ ᠬᠦᠯᠳᠡᠭᠰᠡᠨ ᠭᠤᠤᠯ᠎ᠤᠨ ᠣᠷᠳᠣ᠎ᠨᠢ 146 ᠺᠢᠯᠣᠮᠧᠲᠷ ᠪᠣᠯᠤᠨ᠎ᠠ᠃ ᠨᠢᠩᠰᠢᠶᠠ ᠥᠪᠥᠷ ᠮᠣᠩᠭᠣᠯ᠎ᠤᠨ ᠬᠡᠰᠡᠭ᠎ᠤᠨ ᠬᠦᠯᠳᠡᠭᠰᠡᠨ ᠭᠣᠤᠯ᠎ᠤᠨ ᠪᠥᠬᠥ ᠣᠷᠳᠣ᠎ᠨᠢ 826 ᠺᠢᠯᠣᠮᠧᠲᠷ ᠪᠠᠶ᠋ᠢᠵᠤ᠂ ᠨᠢᠳᠤᠨᠤᠨ᠎ᠤ᠎ᠬᠢ (636 ᠺᠢᠯᠣᠮᠧᠲᠷ)᠎ᠠᠴᠠ 190 ᠺᠢᠯᠣᠮᠧᠲᠷ   ᠤᠷᠲᠤ       ᠪᠠᠶ᠋ᠢᠨ᠎ᠠ᠃
      ᠭᠤᠷᠪᠠ᠂ ᠬᠠᠲᠤᠨ ᠭᠣᠤᠯ ᠳᠠᠭ᠋ᠠᠤ ᠵᠢᠨ ᠭᠠᠵᠠᠷ ᠣᠷᠣᠨ᠎ᠤ ᠠᠭ᠋ᠠᠷ᠎ᠤᠨ ᠳᠤᠯᠠᠭ᠋ᠠᠨ ᠵᠢᠴᠢ ᠮᠥᠰᠥᠲᠦᠯᠭᠡ ᠵᠢᠨ ᠪᠠᠶ᠋ᠢᠳᠠᠯ
     1. ᠡᠯ᠎ᠡ ᠣᠭᠲᠣᠯᠤᠭ᠋ᠠᠰᠤ ᠵᠢᠨ ᠤᠷᠤᠰᠴᠠ ᠵᠢᠨ ᠪᠠᠶ᠋ᠢᠳᠠᠯ
     2021 ᠣᠨ᠎ᠤ 2 ᠰᠠᠷ᠎ᠠ ᠵᠢᠨ 9᠎ᠤ ᠡᠳᠦᠷ ᠪᠣᠯᠲᠠᠯ᠎ᠠ᠂ ᠬᠠᠲᠤᠨ ᠭᠣᠤᠯ᠎ᠤᠨ ᠦᠪᠦᠷ ᠮᠤᠨᠭ᠌ᠭᠤᠯ ᠎ᠤᠨ ᠬᠡᠰᠡᠭ᠎ᠤᠨ ᠱ᠌ᠢ ᠽᠦᠶ ᠱᠠᠨ᠂ ᠪᠠᠶᠠᠨᠭᠤᠣᠯ᠂ ᠰᠠᠨ ᠬᠤ᠌ ᠭᠤᠤᠯ᠎ᠤᠨ ᠠᠮᠠ᠂ ᠪᠤᠭᠤᠳᠤ᠂ ᠳᠧᠦ ᠳ᠋ᠤᠤ ᠭᠤᠸᠠᠶ ᠤᠰᠤᠨ ᠰᠢᠨᠵᠢᠯᠡᠭᠡᠨ᠎ᠤ ᠥᠷᠲᠡᠭᠡ ᠵᠢᠨ 8 ᠴᠠᠭ᠎ᠤᠨ ᠤᠷᠤᠰᠬᠠᠯ᠎ᠤᠨ ᠬᠡᠮᠵᠢᠶ᠎ᠡ᠎ᠨᠢ ᠲᠣᠰ ᠲᠣᠰ ᠰᠧᠺᠦ᠋ᠨ᠋ᠳ᠋ ᠪᠦᠷᠢ 753᠂ 730᠂ 780᠂ 750᠂ 755 ᠪᠣᠰᠣᠭ᠎ᠠ ᠳᠥᠷᠪᠡᠯᠵᠢᠨ ᠮᠧᠲᠷ᠎ᠲᠤ ᠬᠦᠷᠴᠡᠶ᠃ ᠤᠷᠤᠰᠬᠠᠯ᠎ᠤᠨ ᠬᠡᠮᠵᠢᠶ᠎ᠡ᠎ᠨᠢ ᠥᠩᠭᠡᠷᠡᠭᠰᠡᠨ ᠵᠢᠯ᠎ᠤᠳ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠪᠠᠬᠠᠨ ᠶᠡᠬᠡ ᠪᠠᠢ᠍ᠢ᠍ᠨ᠎ᠠ᠃
      ᠬᠠᠲᠤᠨ ᠭᠣᠤᠯ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠲᠣᠬᠢᠷᠠᠭᠤᠯᠤᠯᠲᠠ ᠵᠢᠨ ᠲᠥᠰᠦᠯ ᠶᠣᠰᠣᠭ᠋ᠠᠷ᠄ ᠯᠢᠦ ᠵᠢᠶᠠ ᠰᠢᠶᠠ ᠤᠰᠤᠨ ᠴᠥᠭᠥᠷᠥᠮ᠎ᠤᠨ 2021 ᠣᠨ᠎ᠤ 2 ᠰᠠᠷ᠎ᠠ ᠵᠢᠨ ᠳᠤᠮᠳᠠᠴᠢ ᠦᠶ᠎ᠡ ᠵᠢᠨ ᠤᠷᠤᠰᠬᠠᠯ᠎ᠤᠨ ᠬᠡᠮᠵᠢᠶ᠎ᠡ ᠵᠢ ᠰᠧᠺᠦ᠋ᠨ᠋ᠳ᠋ ᠪᠦᠷᠢ 480 ᠪᠣᠰᠣᠭ᠎ᠠ ᠳᠥᠷᠪᠡᠯᠵᠢᠨ ᠮᠧᠲᠷ ᠵᠶ᠋ᠠᠷ ᠬᠢᠵᠠᠭ᠋ᠠᠷᠯᠠᠵᠤ᠂ ᠰᠡᠭᠦᠯᠴᠢ ᠵᠢᠨ ᠦᠶ᠎ᠡ ᠵᠢᠨ ᠤᠷᠤᠰᠬᠠᠯ᠎ᠤᠨ ᠬᠡᠮᠵᠢᠶ᠎ᠡ ᠵᠢ ᠰᠧᠺᠦ᠋ᠨ᠋ᠳ᠋ ᠪᠦᠷᠢ 400 ᠪᠣᠰᠣᠭ᠎ᠠ ᠳᠥᠷᠪᠡᠯᠵᠢᠨ ᠮᠧᠲᠷ ᠪᠠᠶ᠋ᠢᠯᠭ᠋ᠠᠨ᠎ᠠ᠃
     2. ᠮᠥᠰᠥ ᠵᠤᠵᠠᠭ᠋ᠠᠷᠠᠭᠰᠠᠨ ᠪᠠᠶ᠋ᠢᠳᠠᠯ
     2 ᠰᠠᠷ᠎ᠠ ᠵᠢᠨ 7᠎ᠤ ᠡᠳᠦᠷ ᠪᠣᠯᠲᠠᠯ᠎ᠠ᠂ ᠪᠠᠶᠠᠨᠭᠤᠤᠯ᠎ᠤᠨ ᠤᠰᠤᠨ ᠰᠢᠨᠵᠢᠯᠡᠭᠡᠨ᠎ᠤ ᠥᠷᠲᠡᠭᠡ ᠵᠢᠨ ᠣᠭᠲᠣᠯᠤᠭ᠋ᠠᠰᠤ ᠵᠢᠨ ᠮᠥᠰᠥ᠎ᠨᠢ 50 ᠰᠠᠨᠲ᠋ᠢᠮᠧᠲᠷ ᠵᠤᠵᠠᠭ᠋ᠠᠨ ᠪᠠᠶ᠋ᠢᠵᠤ᠂ ᠨᠢᠳᠤᠨᠤᠨ᠎ᠤ ᠬᠠᠮᠤᠭ᠎ᠤᠨ ᠶᠡᠬᠡ ᠮᠥᠰᠥ᠎ᠠᠴᠠ 10 ᠰᠠᠨᠲ᠋ᠢᠮᠧᠲᠷ ᠵᠤᠵᠠᠭ᠋ᠠᠨ  ; ᠰᠠᠨ ᠬᠤ᠌ ᠭᠣᠤᠯ᠎ᠤᠨ ᠠᠮᠠ ᠵᠢᠨ ᠤᠰᠤᠨ ᠰᠢᠨᠵᠢᠯᠡᠭᠡᠨ᠎ᠤ ᠥᠷᠲᠡᠭᠡ ᠵᠢᠨ ᠣᠭᠲᠣᠯᠤᠭ᠋ᠠᠰᠤ ᠵᠢᠨ ᠡᠷᠭᠢ ᠵᠢᠨ ᠮᠥᠰᠥ᠎ᠨᠢ 60 ᠵᠤᠵᠠᠭ᠋ᠠᠨ ᠪᠠᠶ᠋ᠢᠵᠤ᠂ ᠨᠢᠳᠤᠨᠤᠨ᠎ᠤ ᠬᠠᠮᠤᠭ᠎ᠤᠨ ᠶᠡᠬᠡ ᠮᠥᠰᠥᠨ᠎ᠤ ᠵᠤᠵᠠᠭ᠋ᠠᠨ᠎ᠠᠴᠠ 2 ᠰᠠᠨᠲ᠋ᠢᠮᠧᠲᠷ ᠢᠯᠡᠭᠦᠤ; ᠪᠤᠭᠤᠳᠤ ᠵᠢᠨ ᠤᠰᠤᠨ ᠰᠢᠨᠵᠢᠯᠡᠭᠡᠨ᠎ᠤ ᠥᠷᠲᠡᠭᠡᠨ᠎ᠤ ᠣᠭᠲᠣᠯᠤᠭ᠋ᠠᠰᠤ ᠵᠢᠨ ᠮᠥᠰᠥ 58 ᠰᠠᠨᠲ᠋ᠢᠮᠧᠲᠷ ᠵᠤᠵᠠᠭ᠋ᠠᠨ ᠪᠠᠢ᠍ᠢ᠍ᠵᠤ᠂ ᠨᠢᠳᠤᠨᠤᠨ᠎ᠤ ᠬᠠᠮᠤᠭ᠎ᠤᠨ ᠶᠡᠬᠡ ᠮᠥᠰᠥᠨ᠎ᠤ ᠵᠤᠵᠠᠭ᠋ᠠᠨ᠎ᠠᠴᠠ 1 ᠰᠠᠨᠲ᠋ᠢᠮᠧᠲᠷ ᠳᠤᠲᠠᠭᠤ; ᠳᠧᠦ ᠳ᠋ᠤᠤ ᠭᠤᠸᠠᠢ ᠵᠢᠨ ᠤᠰᠤᠨ ᠰᠢᠨᠵᠢᠯᠡᠭᠡᠨ᠎ᠤ ᠥᠷᠲᠡᠭᠡᠨ᠎ᠤ ᠣᠭᠲᠣᠯᠤᠭ᠋ᠠᠰᠤ ᠵᠢᠨ ᠡᠷᠭᠢ ᠵᠢᠨ ᠮᠥᠰᠥ᠎ᠨᠢ 62 ᠰᠠᠨᠲ᠋ᠢᠮᠧᠲᠷ ᠵᠤᠵᠠᠭ᠋ᠠᠨ ᠪᠠᠶ᠋ᠢᠵᠤ᠂ ᠨᠢᠳᠤᠨᠤᠨ᠎ᠤ ᠬᠠᠮᠤᠭ᠎ᠤᠨ ᠶᠡᠬᠡ ᠮᠥᠰᠥᠨ᠎ᠤ ᠵᠤᠵᠠᠭ᠋ᠠᠨ᠎ᠠᠴᠠ 21 ᠰᠠᠨᠲ᠋ᠢᠮᠧᠲᠷ ᠳᠤᠲᠠᠭᠤ  ᠃
     3. ᠦᠪᠦᠷ ᠮᠤᠨᠭ᠌ᠭᠤᠯ᠎ᠤᠨ ᠬᠡᠰᠡᠭ᠎ᠤᠨ ᠬᠣᠩᠭᠢᠯ᠎ᠤᠨ ᠤᠰᠤ ᠬᠠᠳᠠᠭ᠋ᠠᠯᠠᠬᠤ ᠨᠡᠮᠡᠭᠳᠡᠯ᠎ᠤᠨ ᠬᠡᠮᠵᠢᠶ᠎ᠡ
     2020 — 2021 ᠣᠨ᠎ᠤ ᠪᠠᠶᠠᠨᠭᠤᠤᠯ᠎ᠠᠴᠠ ᠳᠧᠦ ᠳ᠋ᠤᠤ ᠭᠤᠸᠠᠢ᠎ᠳᠤ ᠬᠥᠷᠬᠥ ᠬᠤᠨᠭ᠌ᠬᠢᠯ᠎ᠤᠨ ᠤᠰᠤ ᠬᠠᠳᠠᠭ᠋ᠠᠯᠠᠬᠤ ᠬᠡᠮᠵᠢᠶ᠎ᠡ᠎ᠨᠢ ᠬᠠᠮᠤᠭ ᠶᠡᠬᠡ᠎ᠳᠡᠭᠡᠨ 7.79 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ (1 ᠰᠠᠷ᠎ᠠ ᠵᠢᠨ 18᠎ᠤ ᠡᠳᠦᠷ ᠢᠯᠡᠷᠡᠵᠡᠶ) ᠪᠠᠶ᠋ᠢᠵᠤ᠂ ᠨᠢᠳᠤᠨᠤᠨ᠎ᠤ ᠬᠠᠮᠤᠭ᠎ᠤᠨ ᠶᠡᠬᠡ ᠬᠡᠮᠵᠢᠶ᠎ᠡ᠎ᠠᠴᠠ 1.61 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠳᠤᠲᠠᠭᠤ ᠪᠣᠯᠵᠠᠶ᠃ 2 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ᠂ ᠪᠠᠶᠠᠨᠭᠤᠤᠯ᠎ᠠᠴᠠ ᠳᠧᠦ ᠳ᠋ᠤᠤ ᠭᠤᠸᠠᠢ ᠬᠥᠷᠬᠥ ᠬᠤᠨᠭ᠌ᠬᠢᠯ᠎ᠤᠨ ᠤᠰᠤ ᠬᠠᠳᠠᠭ᠋ᠠᠯᠠᠬᠤ ᠬᠡᠮᠵᠢᠶ᠎ᠡ᠎ᠨᠢ 5.971 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠪᠦᠷ ᠮᠤᠨᠭ᠌ᠭᠤᠯ᠎ᠤᠨ ᠬᠢᠯᠢ᠎ᠳᠠᠬᠢ ᠬᠠᠳᠤᠨ ᠭᠤᠤᠯ᠎ᠤᠨ ᠤᠰᠤ ᠡᠬᠢᠯᠡᠨ ᠭᠡᠰᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠳᠠ ᠵᠢᠨ ᠲᠢᠩᠬᠢᠮ ᠲᠥᠪ᠎ᠤᠨ ᠲᠣᠭᠣᠷᠢᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠢᠴᠢ ᠬᠠᠲᠤᠨ ᠭᠣᠤᠯ᠎ᠤᠨ ᠭᠤᠯᠳᠤᠷᠢᠯ᠎ᠤᠨ ᠬᠣᠯᠪᠣᠭᠳᠠᠯ ᠪᠥᠬᠥᠶ ᠠᠰᠠᠭᠤᠳᠠᠯ᠎ᠢ ᠴᠡᠭᠴᠡᠯᠡᠨ ᠵᠠᠰᠠᠵᠤ ᠨᠠᠶ᠋ᠢᠳᠠᠪᠤᠷᠢᠵᠢᠭᠤᠯᠬᠤ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠪᠠ
ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ 2021 ᠣᠨ᠎ᠤ ᠪᠥᠬᠥ ᠮᠤᠵᠢ ᠵᠢᠨ ᠤᠰᠤᠨ ᠠᠰᠢᠭᠯᠠᠯᠲᠠ ᠵᠢᠨ ᠬᠢᠨᠠᠯᠲᠠ ᠲᠠᠯᠪᠢᠬᠤ ᠠᠵᠢᠯ ᠵᠶ᠋ᠠᠨ ᠪᠠᠢ᠌ᠷᠢᠯᠠᠭᠤᠯᠪᠠ
ᠬᠥᠬᠡᠨᠠᠭᠤᠷ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
 
            