ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
ᠨᠡᠶ᠋ᠢᠲᠡᠯᠡᠭᠰᠡᠨ ᠴᠠᠭ᠄ 2021-04-22

      4 ᠳ᠋ᠤᠭᠡᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠲᠡᠤᠬᠡ ᠵᠢᠨ   ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠯᠧᠺᠲ᠋ᠣᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭ᠋ᠠᠭᠤᠯᠢ ᠵᠢᠨ ᠨᠠᠮ᠎ᠤᠨ ᠲᠡᠤᠬᠡ ᠨᠠᠮ᠎ᠤᠨ ᠪᠠᠶ᠋ᠢᠭᠤᠯᠤᠯᠲᠠ ᠵᠢᠨ ᠵᠢᠭ᠋ᠠᠨ ᠰᠤᠳᠤᠯᠬᠤ ᠬᠡᠯᠲᠡᠰ᠎ᠤᠨ ᠳᠡᠳ᠋   ᠫᠷᠤᠹᠧᠰᠰᠤᠷ ᠵᠣᠣ ᠱᠤ᠌ ᠯᠦ᠍ ᠵᠢ ᠤᠷᠢᠵᠤ ᠲᠤᠰᠬᠠᠶ ᠰᠡᠳᠦᠪᠲᠦ ᠤᠬᠠᠭᠤᠯᠭ᠎ᠠ ᠲᠠᠢ᠌ᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠵᠥᠩ ᠦ᠋ ᠬᠤᠷᠠᠯ ᠡᠷᠭᠢᠯᠡᠪᠡ᠃



      ᠮᠡᠳᠡᠭᠦᠯᠦᠯᠲᠡ ᠵᠢᠨ ᠬᠤᠷᠠᠯ ᠳᠡᠭᠡᠷ᠎ᠡ᠂ ᠵᠣᠣ ᠱᠤ᠌ ᠯᠦ᠍ 《ᠨᠠᠮ᠎ᠤᠨ ᠵᠠᠭᠤᠨ ᠵᠢᠯ᠎ᠤᠨ ᠲᠡᠦᠬᠡ᠎ᠠᠴᠠ ᠰᠢᠨ᠎ᠡ ᠭᠠᠷᠣᠭ᠋ᠠᠨ᠎ᠤ ᠣᠶᠤᠨ ᠤᠬᠠᠭ᠋ᠠᠨ ᠪᠠ ᠬᠦᠴᠦᠨ ᠴᠢᠳᠠᠯ᠎ᠢ ᠰᠢᠩᠭᠡᠭᠡᠨ ᠠᠪᠬᠤ》᠎ᠪᠠᠷ ᠭᠣᠣᠯ ᠰᠡᠳᠦᠪ ᠪᠣᠯᠭ᠋ᠠᠵᠤ᠂ ᠲᠤᠰ ᠲᠤᠰ 《ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ》 ᠵᠢᠨ ᠲᠤᠰᠬᠠᠶ ᠰᠡᠳᠦᠪᠲᠦ ᠲᠠᠢ᠌ᠯᠤᠮᠵᠢ᠂ 《ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠦᠶ᠎ᠡ ᠵᠢᠨ ᠲᠡᠦᠬᠡ》 ᠵᠢᠨ ᠲᠤᠰᠬᠠᠶ ᠰᠡᠳᠦᠪᠲᠦ   ᠲᠠᠢ᠌ᠯᠤᠮᠵᠢ ᠬᠢᠵᠦ᠂ ᠳᠤᠮᠳᠠᠳᠤ ᠤᠯᠤᠰ᠎ᠤᠨ ᠣᠷᠴᠢᠨ ᠦᠶ᠎ᠡ ᠵᠢᠨ ᠲᠡᠦᠬᠡᠨ᠎ᠳᠠᠬᠢ ᠬᠣᠯᠪᠣᠭᠳᠠᠯ ᠪᠦᠬᠦᠢ ᠴᠢᠬᠤᠯᠠ ᠶᠡᠬᠡ ᠲᠡᠦᠬᠡᠨ ᠬᠡᠷᠡᠭ ᠶᠠᠪᠤᠳᠠᠯ ᠢᠯᠠᠩᠭᠤᠶ᠎ᠠ ᠦᠶ᠎ᠡ ᠦᠶ᠎ᠡ ᠵᠢᠨ ᠴᠢᠩ ᠵᠤᠷᠢᠬᠳᠠᠨ᠎ᠤ ᠤᠯᠤᠰ ᠭᠡᠷ ᠠᠷᠠᠳ ᠲᠥᠮᠡᠨ ᠵᠶ᠋ᠠᠨ ᠠᠪᠤᠷᠠᠬᠤ ᠵᠢᠨ ᠲᠥᠯᠥᠭᠡ ᠥᠷᠨᠢᠭᠦᠯᠦᠭᠰᠡᠨ ᠠᠯᠢ ᠤᠯᠠᠨ ᠬᠠᠶ᠋ᠢᠨ ᠰᠦᠪᠡᠭᠴᠢᠯᠡᠯᠳᠡ ᠪᠠ ᠦᠢ᠍ᠯᠡᠳᠦᠯᠭᠡ ᠵᠢ ᠰᠢᠰᠲ᠋ᠧᠮ᠎ᠲᠠᠢ ᠡᠮᠬᠢᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠲᠡᠦᠬᠡ ᠪᠠ ᠠᠷᠠᠳ ᠲᠦᠮᠡᠨ᠎ᠤ ᠰᠣᠩᠭᠣᠯᠲᠠ ᠵᠢᠨ ᠵᠠᠶ᠋ᠢᠯᠠᠰᠢ ᠦᠭᠡᠢ ᠴᠢᠨᠠᠷ ᠮᠥᠨ ᠭᠡᠳᠡᠭ᠎ᠢ ᠭᠦᠨᠵᠡᠭᠡᠢ ᠲᠣᠳᠣᠷᠬᠠᠶ᠋ᠢᠯᠠᠨ   ᠲᠠᠢ᠌ᠯᠪᠤᠷᠢᠯᠠᠵᠠᠢ; ᠨᠡᠶ᠋ᠢᠭᠡᠮ ᠵᠢᠷᠤᠮ᠎ᠤᠨ ᠬᠤᠪᠢᠰᠬᠠᠯ ᠪᠣᠯᠤᠨ ᠪᠦᠳᠦᠭᠡᠨ ᠪᠠᠶ᠋ᠢᠭᠤᠯᠤᠯᠲᠠ ᠵᠢᠨ ᠱᠠᠲᠤᠨ᠎ᠳᠤ ᠪᠦᠷᠢᠯᠳᠦᠭᠰᠡᠨ ᠵᠢᠩ ᠭᠠᠩ ᠱᠠᠨ᠎ᠤ ᠵᠣᠷᠢᠭ ᠰᠠᠨᠠᠭ᠎ᠠ᠂ ᠤᠷᠳᠤ ᠵᠠᠮ᠎ᠤᠨ ᠠᠶᠠᠨ ᠲᠠᠢ᠍ᠢ᠍ᠨ᠎ᠤ ᠵᠣᠷᠢᠭ ᠰᠠᠨᠠᠭ᠎ᠠ᠂   ᠽᠦᠨᠶᠢ ᠵᠢᠨ ᠬᠤᠷᠠᠯ᠎ᠤᠨ ᠵᠣᠷᠢᠭ ᠰᠠᠨᠠᠭ᠎ᠠ᠂ ᠶᠠᠨ ᠠᠨ᠎ᠤ ᠵᠣᠷᠢᠭ ᠰᠠᠨᠠᠭ᠎ᠠ᠂ ᠰᠢ ᠪᠠᠢ ᠫᠦᠸᠸ ᠵᠢᠨ ᠵᠣᠷᠢᠭ ᠰᠠᠨᠠᠭ᠎ᠠ᠂ ᠠᠮᠧᠷᠢᠺᠠ ᠵᠢ ᠡᠰᠡᠷᠭᠦᠴᠡᠨ ᠰᠣᠯᠣᠩᠭᠣᠰ᠎ᠢ ᠲᠤᠰᠠᠯᠠᠬᠤ ᠵᠣᠷᠢᠭ ᠰᠠᠨᠠᠭ᠎ᠠ᠂ 《ᠬᠣᠶᠠᠷ ᠪᠥᠮᠪᠥᠭᠡ ᠨᠢᠭᠡ ᠤᠳᠤ》 ᠵᠢᠨ ᠵᠣᠷᠢᠭ ᠰᠠᠨᠠᠭ᠎ᠠ ᠵᠡᠷᠭᠡ ᠠᠭᠤᠤ ᠶᠡᠬᠡ ᠵᠣᠷᠢᠭ ᠰᠠᠨᠠᠭ᠎ᠠ ᠵᠢ ᠰᠢᠰᠲ᠋ᠧᠮ᠎ᠲᠠᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠤᠳᠤᠷᠢᠳᠤᠨ ᠬᠤᠪᠢᠰᠬᠠᠯ ᠪᠣᠯᠤᠨ ᠪᠦᠳᠦᠭᠡᠨ ᠪᠠᠶ᠋ᠢᠭᠤᠯᠤᠯᠲᠠ ᠬᠢᠭᠰᠡᠨ ᠠᠮᠵᠢᠯᠲᠠ᠎ᠲᠠᠢ ᠦᠢ᠍ᠯᠡᠳᠦᠯᠭᠡ ᠪᠣᠯᠤᠨ ᠲᠤᠷᠰᠢᠯᠭ᠎ᠠ ᠵᠢᠨ ᠰᠡᠩᠬᠡᠷᠡᠭᠦᠯᠦᠯ᠎ᠢ ᠭᠦᠨᠵᠡᠭᠡᠢ ᠲᠠᠶ᠋ᠢᠯᠪᠤᠷᠢᠯᠠᠵᠠᠢ᠃ ᠪᠦᠬᠦᠶ᠋ᠢᠯᠡ ᠲᠠᠶ᠋ᠢᠯᠤᠮᠵᠢ ᠵᠢᠨ ᠭᠣᠣᠯᠳᠠᠯᠭ᠎ᠠ᠎ᠨᠢ ᠲᠤᠪᠤᠢ᠍ᠢ᠍ᠮ᠎ᠠ᠂ ᠠᠭᠤᠯᠭ᠎ᠠ᠎ᠨᠢ ᠪᠠᠶᠠᠯᠢᠭ᠂ ᠭᠦᠨᠵᠡᠭᠡᠢ ᠪᠥᠭᠡᠳ ᠣᠶ᠋ᠢᠯᠠᠭ᠋ᠠᠮᠵᠢᠲᠠᠢ᠂ ᠲᠠᠲᠠᠬᠤ ᠬᠦᠴᠦᠨ ᠵᠶ᠋ᠡᠷ ᠴᠢᠩᠭ᠎ᠠ ᠪᠠᠶ᠋ᠢᠵᠤ᠂ ᠨᠠᠮ᠎ᠤᠨ ᠭᠡᠰᠢᠭᠦᠨ ᠺᠠᠳ᠋ᠷᠴᠤᠳ᠎ᠲᠤ ᠭᠦᠨ ᠰᠡᠩᠬᠡᠷᠡᠭᠦᠯᠦᠯ ᠪᠠ ᠬᠥᠮᠦᠵᠢᠯ ᠬᠦᠷᠲᠡᠭᠡᠵᠦ᠂ ᠨᠠᠮ᠎ᠤᠨ ᠵᠠᠭᠤᠨ ᠵᠢᠯ᠎ᠤᠨ ᠲᠡᠦᠬᠡ ᠵᠢ   ᠡᠷᠭᠢᠴᠡᠬᠦᠯᠦᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠳᠣᠳᠬᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠬᠦᠴᠦᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠬᠦ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠪᠡ᠃



      ᠵᠣᠣ ᠵᠥᠩ ᠦ᠋ ᠳ᠋ᠦᠩᠨᠡᠯᠲᠡ᠎ᠳᠡᠭᠡᠨ ᠴᠢᠬᠤᠯᠠᠴᠢᠯᠠᠭᠰᠠᠨ᠎ᠨᠢ᠂   ᠲᠢᠩᠭᠢᠮ᠎ᠤᠨ ᠬᠠᠷᠢᠶ᠎ᠠ ᠡᠯ᠎ᠡ ᠦᠨᠳᠦᠰᠦᠨ ᠱᠠᠳᠣᠨ᠎ᠤ ᠨᠠᠮ᠎ᠤᠨ ᠵᠤᠬᠢᠶᠠᠨ ᠪᠠᠢ᠌ᠭᠤᠯᠤᠯᠲᠠ᠎ᠨᠢ ᠲᠥᠪᠯᠡᠷᠡᠬᠦᠯᠦᠨ ᠰᠣᠷᠣᠯᠴᠠᠬᠤ ᠪᠠ ᠪᠡᠶ᠎ᠡ᠎ᠪᠠᠨ ᠲᠠᠭ᠋ᠠᠭ᠋ᠠᠵᠤ ᠰᠤᠷᠤᠯᠴᠠᠬᠤ ᠵᠢ ᠤᠶᠠᠯᠳᠣᠭᠤᠯᠤᠨ᠂   ᠰᠡᠳᠬᠢᠯ ᠲᠥᠪᠯᠡᠷᠡᠬᠦᠯᠦᠨ ᠦᠪᠡᠷ ᠵᠶ᠋ᠡᠨ ᠰᠣᠷᠣᠯᠴᠠᠬᠤ ᠪᠠ ᠬᠠᠮᠲᠤ᠎ᠪᠠᠷ ᠰᠣᠳᠣᠯᠣᠨ ᠰᠣᠷᠣᠯᠴᠠᠬᠤ ᠵᠢ ᠤᠶᠠᠯᠳᠣᠭᠤᠯᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠢ ᠰᠠᠢ᠌ᠨ ᠠᠳᠬᠤᠵᠤ᠂ ᠲᠤᠰᠬᠠᠢ ᠰᠡᠳᠦᠪᠲᠦ ᠰᠣᠷᠣᠯᠴᠠᠯᠠᠭ᠎ᠠ ᠰᠣᠳᠣᠯᠣᠨ ᠶᠠᠷᠢᠯᠴᠠᠬᠤ ᠠᠵᠢᠯᠯᠠᠭ᠎ᠠ ᠵᠢ ᠴᠢᠨᠠᠷᠯᠢᠭ ᠵᠤᠬᠢᠶᠠᠨ ᠪᠠᠢ᠌ᠭᠤᠯᠬᠤ ᠬᠡᠷᠡᠭᠲᠡᠢ᠃ ᠡᠯ᠎ᠡ ᠱᠠᠲᠣᠨ᠎ᠤ ᠤᠳᠤᠷᠢᠳᠬᠤ ᠪᠠᠭ᠎ᠤᠨ ᠪᠦᠷᠢᠯᠳᠦᠬᠦᠨ ᠨᠦᠬᠦᠳ ᠵᠢᠱ᠌ᠢᠶᠡᠴᠢ   ᠲᠠᠭ᠋ᠠᠭᠤᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂   ᠬᠤᠪᠢ ᠪᠡᠶ᠎ᠡ ᠵᠢᠨ   ᠰᠤᠷᠤᠯᠴᠠᠯᠭ᠎ᠠ ᠪᠠ ᠬᠠᠮᠲᠤ ᠵᠢᠨ   ᠰᠤᠷᠤᠯᠴᠠᠯᠭ᠎ᠠ ᠵᠢ   ᠬᠢᠨᠠᠮᠠᠭ᠋ᠠᠢ ᠦᠷᠨᠢᠭᠦᠯᠵᠦ᠂ ᠤᠨᠴᠠᠭ᠋ᠠᠢ᠌ᠯᠠᠨ  《  ᠡᠳᠦᠷ ᠪᠦᠷᠢ ᠨᠢᠭᠡ ᠰᠣᠷᠣᠯᠴᠠᠬᠤ》 ᠠᠷᠭ᠎ᠠ ᠵᠢ ᠠᠪᠴᠤ᠂ ᠦᠷᠭᠡᠨ ᠣᠯᠠᠨ ᠨᠠᠮ᠎ᠤᠨ ᠭᠡᠰᠢᠬᠦᠨ ᠺᠠᠳ᠋ᠷᠴᠣᠳ᠎ᠢ ᠭᠦᠳᠦᠯᠦᠨ ᠲᠠᠭ᠋ᠠᠭᠤᠯᠵᠤ ᠨᠠᠮ᠎ᠤᠨ ᠲᠡᠦᠬᠡ ᠵᠢᠨ ᠰᠣᠷᠣᠯᠴᠠᠯᠭ᠎ᠠ᠎ᠪᠠᠨ ᠲᠠᠰᠣᠷᠠᠯ ᠦᠬᠡᠢ ᠭᠦᠨᠵᠡᠭᠡᠢ᠌ᠷᠡᠭᠦᠯᠦᠨ ᠪᠤᠳᠠᠳᠠᠢ᠌ᠵᠢᠭᠤᠯᠬᠤ ᠬᠡᠷᠡᠭᠲᠡᠢ᠃ ᠦᠷᠭᠡᠨ ᠣᠯᠠᠨ ᠨᠠᠮ᠎ᠤᠨ ᠭᠡᠰᠢᠬᠦᠨ   ᠺᠠᠳ᠋ᠷ  ᠎ᠨᠢ ᠠᠵᠢᠯ   ᠰᠤᠷᠤᠯᠴᠠᠯᠭ᠎ᠠ ᠵᠢᠨ ᠬᠠᠷᠢᠴᠠᠭ᠎ᠠ᠎ᠪᠠᠨ ᠪᠦᠳᠦᠮᠵᠢᠳᠡᠢ ᠰᠢᠢ᠍ᠳᠪᠦᠷᠢᠯᠡᠨ᠂   ᠰᠤᠷᠤᠯᠴᠠᠯᠭ᠎ᠠ ᠵᠢᠨ ᠴᠠᠭ᠂   ᠰᠤᠷᠤᠯᠴᠠᠯᠭ᠎ᠠ ᠵᠢᠨ ᠶᠠᠰᠤ ᠴᠢᠨᠠᠷ᠎ᠢ ᠪᠠᠳᠣᠯᠠᠨ᠂ ᠬᠡᠯᠪᠡᠷᠢᠴᠢ ᠦᠵᠡᠯ᠂ ᠨᠤᠶᠠᠨᠴᠢ ᠰᠤᠷᠲᠠᠯ᠎ᠢ ᠡᠷᠡᠰ ᠲᠡᠪᠴᠢᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠵᠢ ᠲᠤᠷᠰᠢᠯᠭ᠎ᠠ᠎ᠪᠠᠨ ᠳ᠋ᠦᠩᠨᠡᠬᠦ᠂   ᠪᠣᠳᠠᠳᠠᠢ ᠵᠢ ᠬᠠᠷᠠᠭ᠋ᠠᠯᠵᠠᠬᠤ᠂ ᠠᠵᠢᠯ ᠵᠶ᠋ᠠᠨ ᠠᠬᠢᠭᠤᠯᠬᠤ᠎ᠲᠠᠢ ᠤᠶᠠᠯᠳᠣᠭᠤᠯᠵᠤ᠂   ᠰᠣᠷᠣᠯᠴᠠᠵᠤ ᠰᠡᠳᠬᠢᠵᠤ ᠬᠡᠷᠡᠭᠯᠡᠬᠦ ᠵᠢ ᠨᠡᠪᠲᠡᠷᠡᠬᠦᠯᠦᠨ᠂   ᠣᠢ᠌ᠯᠭ᠋ᠠᠵᠤ ᠢᠳᠡᠭᠡᠵᠦ ᠠᠵᠢᠯᠯᠠᠬᠤ ᠵᠢ ᠨᠢᠭᠡᠳᠦᠯᠳᠡᠢ   ᠪᠠᠢ᠌ᠯᠭ᠋ᠠᠬᠤ ᠵᠢ ᠪᠡᠶᠡᠯᠡᠬᠦᠯᠦᠨ᠂   ᠰᠤᠷᠤᠯᠴᠠᠯᠭ᠎ᠠ ᠬᠦᠮᠦᠵᠢᠯ᠎ᠤᠨ ᠦᠷ᠎ᠡ ᠪᠦᠲᠦᠮᠵᠢ ᠵᠢ ᠲᠡᠭᠡᠭᠰᠢᠯᠡᠬᠦᠯᠬᠦ ᠬᠡᠷᠡᠭᠳᠡᠢ᠃



      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ   ᠲᠢᠩᠭᠢᠮ ᠎ᠳᠡᠭᠡᠨ ᠪᠠᠢ᠌ᠭ᠎ᠠ ᠤᠳᠤᠷᠢᠳᠤᠯᠭ᠎ᠠ᠂   ᠪᠠᠢ᠌ᠭᠤᠯᠭ᠎ᠠ ᠵᠢᠨ ᠪᠦᠬᠦ ᠠᠵᠢᠯᠳᠠᠨ᠂ ᠲᠢᠩᠬᠢᠮ᠎ᠤᠨ ᠬᠠᠷᠢᠶ᠎ᠠ ᠡᠯ᠎ᠡ ᠨᠢᠭᠡᠴᠡ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠬᠡᠰᠡᠭ ᠨᠠᠮ᠎ᠤᠨ ᠭᠡᠰᠢᠭᠦᠨ ᠺᠠᠳ᠋ᠷ ᠤᠬᠠᠭᠤᠯᠭ᠎ᠠ ᠲᠠᠢ᠌ᠯᠤᠮᠵᠢ ᠵᠢᠨ ᠮᠡᠳᠡᠭᠦᠯᠦᠯᠲᠡ ᠵᠢᠨ ᠬᠤᠷᠠᠯ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤ ᠲᠠᠲᠠᠬᠤ ᠲᠣᠪᠴᠢᠶᠠᠨ᠎ᠤ ᠨᠠᠮ᠎ᠤᠨ ᠬᠣᠷᠢᠶ᠎ᠠ ᠰᠢᠶᠠᠩᠱ᠌ᠠᠨ᠎ᠤ ᠬᠤᠪᠢᠰᠬᠠᠯ᠎ᠤᠨ ᠳᠤᠷᠠᠰᠬᠠᠯ᠎ᠤᠨ ᠭᠠᠵᠠᠷ᠎ᠲᠤ ᠬᠦᠷᠴᠦ 《ᠬᠤᠪᠢᠰᠬᠠᠯ᠎ᠤᠨ ᠲᠡᠦᠬᠡ ᠵᠢ ᠳᠠᠬᠢᠨ ᠡᠷᠭᠢᠴᠡᠭᠦᠯᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤᠳᠬᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠮᠦᠽᠧᠶ ᠵᠢᠨ ᠨᠠᠮ᠎ᠤᠨ ᠬᠣᠷᠢᠶ᠎ᠠ᠎ᠨᠢ ᠰᠢᠨ᠎ᠡ ᠠᠷᠠᠳᠴᠢᠯᠠᠭᠰᠠᠨ ᠬᠤᠪᠢᠰᠬᠠᠯ᠎ᠢ ᠎ᠤᠨ ᠦᠶ᠎ᠡ᠂ ᠨᠡᠢ᠌ᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ ᠪᠠᠢ᠌ᠭᠤᠯᠤᠯᠲᠠ ᠵᠢᠨ ᠦᠶ᠎ᠡ ᠎ᠤᠨ ᠲᠤᠬᠠᠢ ᠲᠤᠰᠬᠠᠶ ᠰᠡᠳᠦᠪ ᠵᠶ᠋ᠡᠷ ᠰᠤᠷᠤᠯᠴᠠᠨ ᠰᠤᠳᠤᠯᠪᠠ
ᠳᠤᠮᠳᠠᠳᠤ ᠤᠯᠤᠰ᠎ᠤᠨ ᠰᠦᠯᠵᠢᠶ᠎ᠡ᠄ ᠳᠤᠮᠳᠠᠳᠤ ᠤᠯᠤᠰ᠎ᠤᠨ ᠮᠡᠳᠡᠭᠡᠯᠡᠯ 2020 ᠣᠨ᠎ᠳᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠢᠭᠰᠡᠨ ᠡᠲᠡᠭᠡᠷ ᠶᠠᠪᠤᠳᠠᠯ᠎ᠠᠴᠠ ᠮᠠᠰᠢ ᠣᠯᠠᠨ ᠎ᠨᠢ ᠲᠠᠨ᠎ᠤ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ
ᠹᠦᠵᠢᠶᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠨᠡᠮ
ᠾᠧᠨᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠤᠳᠤᠷᠢᠳᠤᠮᠵᠢ ᠵᠢ ᠣᠨᠣᠪᠴᠢᠲᠠᠶ ᠡᠵᠡᠮᠳᠡᠨ᠂ ᠤᠰᠤᠨ᠎ᠤ ᠳᠥᠷᠪᠡᠨ ᠳᠦᠷᠦᠯ᠎ᠤᠨ ᠠᠰᠠᠭᠤᠳᠠᠯ᠎ᠢ ᠵᠡᠷᠭᠡᠪᠡᠷ ᠵᠠᠰᠠᠵᠦ᠂ ᠳᠤᠲᠠᠭᠤᠳᠠᠯ ᠵᠶ᠋ᠡᠨ ᠨᠥᠬᠥᠪᠥᠷᠢᠯᠡᠨ᠎ᠡ
 
            