ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠹᠦᠵᠢᠶᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠨᠡᠮ
ᠨᠡᠶ᠋ᠢᠲᠡᠯᠡᠭᠰᠡᠨ ᠴᠠᠭ᠄ 2021-05-26

      ᠹᠦᠵᠢᠶᠠᠨ᠎ᠤ ᠤᠰᠤᠨ ᠠᠰᠢᠭᠯᠠᠯᠲᠠ ᠵᠢᠨ ᠲᠢᠩᠭᠢᠮ᠎ᠨᠢ ᠥᠭᠡᠷᠡᠴᠢᠯᠡᠯᠲᠡ ᠬᠥᠭᠵᠢᠯᠲᠡ ᠵᠢᠨ ᠭᠣᠣᠯ ᠬᠦᠭ ᠠᠶᠠᠰ᠎ᠢ ᠡᠷᠡᠰ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠤᠰᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ᠎ᠳᠤ ᠬᠦᠴᠦ᠎ᠪᠠᠨ ᠲᠥᠪᠯᠡᠷᠡᠭᠦᠯᠵᠦ᠂ ᠲᠠᠰᠤᠷᠠᠯᠲᠠ ᠦᠭᠡᠢ ᠰᠢᠨ᠎ᠡ ᠵᠢ ᠰᠦᠪᠡᠭᠴᠢᠯᠡᠨ᠂   ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ  ᠎ᠪᠠᠨ ᠴᠢᠩᠭ᠋ᠠᠳᠬᠠᠬᠤ ᠵᠢ ᠢᠮᠠᠭᠲᠠ ᠪᠠᠷᠢᠮᠲᠠᠯᠠᠪᠠ᠃
      ᠨᠢᠭᠡ᠂ ᠲᠤᠳᠠᠭᠳᠠᠯ ᠵᠶ᠋ᠠᠨ ᠨᠦᠬᠦᠪᠦᠷᠢᠯᠡᠬᠦ ᠵᠢ ᠪᠤᠳᠠᠳᠠᠢ᠎ᠳᠤ ᠨᠠᠢ᠌ᠳᠠᠪᠤᠷᠢᠵᠢᠭᠤᠯᠤᠨ᠂ ᠤᠰᠤᠨ ᠠᠰᠢᠭᠯᠠᠯᠲᠠ ᠵᠢᠨ ᠶᠠᠮᠤᠨ᠎ᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠵᠢᠯᠯᠠᠬᠤ ᠵᠢᠨ ᠳᠠᠭ᠋ᠠᠤ ᠣᠢ᠌ᠯᠠᠭ᠋ᠠᠵᠤ᠂ ᠠᠵᠢᠯ ᠵᠶ᠋ᠠᠨ ᠠᠬᠢᠭᠤᠯᠬᠤ ᠳᠤᠮᠳᠠ ᠡᠩᠨᠡᠭᠡ᠎ᠪᠠᠨ ᠳᠠᠢ᠌ᠴᠢᠯᠠᠪᠠ᠃
      ᠭᠦᠢᠴᠡᠳᠬᠡᠬᠦ ᠬᠦᠴᠦᠨ᠎ᠢ ᠴᠢᠬᠤᠯᠠᠴᠢᠯᠠᠵᠤ᠂ ᠨᠠᠢ᠌ᠳᠠᠪᠤᠷᠢᠵᠢᠭᠤᠯᠤᠯᠲᠠ ᠵᠢ ᠠᠳᠬᠤᠨ᠂ ᠭᠣᠤᠯ ᠮᠥᠷᠡᠨ ᠨᠠᠭᠤᠷ ᠴᠥᠭᠥᠷᠥᠮ᠎ᠤᠨ ᠤᠰᠤᠨ ᠰᠢᠰᠲ᠋ᠧᠮ᠂ ᠤᠰᠤᠨ ᠠᠰᠢᠭᠯᠠᠯᠲᠠ ᠵᠢᠨ ᠢᠨᠵᠧᠨᠧᠷᠢᠩ᠂ ᠤᠰᠤᠨ᠎ᠤ ᠡᠬᠢ ᠪᠠᠶᠠᠯᠢᠭ᠂ ᠬᠥᠷᠥᠰᠥ ᠰᠢᠷᠣᠶ ᠵᠢᠨ ᠬᠠᠮᠠᠭ᠋ᠠᠯᠠᠯᠲᠠ᠂ ᠤᠰᠤᠨ ᠠᠰᠢᠭᠯᠠᠯᠲᠠ ᠵᠢᠨ ᠪᠠᠯᠠ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠪᠠ᠃ ᠨᠢᠭᠡ᠎ᠳᠤ᠂ ᠡᠭᠦᠷᠭᠡ ᠬᠠᠷᠢᠭᠤᠴᠠᠯᠭ᠎ᠠ ᠵᠢ ᠳᠤᠳᠤᠷᠬᠠᠢ᠌ᠯᠠᠨ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠠᠵᠠ ᠲᠣᠬᠢᠶᠠᠯ᠎ᠢ ᠠᠰᠢᠭᠯᠠᠵᠦ᠂ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠴᠢᠩᠭ᠋ᠠᠷᠠᠭᠤᠯᠬᠤ ᠵᠢᠨ ᠬᠠᠮᠲᠤ ᠰᠠᠯᠭ᠋ᠠᠵᠤ᠂ ᠬᠢᠨᠠᠯᠲᠠ ᠲᠠᠯᠪᠢᠬᠤ ᠭᠠᠵᠠᠷ᠎ᠢ ᠪᠠᠢ᠌ᠭᠤᠯᠪᠠ᠃ 《  ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠠᠵᠢᠯ᠎ᠤᠨ ᠤᠳᠤᠷᠢᠳᠬᠤ ᠳᠤᠭᠤᠢ᠌ᠯᠠᠩ ᠵᠢᠴᠢ ᠠᠯᠪᠠᠨ ᠭᠡᠷ᠎ᠢ ᠪᠠᠢ᠌ᠭᠤᠯᠵᠤ᠂ 33 ᠺᠠᠳ᠋ᠷ ᠲᠤᠬᠢᠷᠠᠭᠤᠯᠤᠨ ᠠᠵᠯᠯᠠᠭᠤᠯᠵᠦ᠂ ᠪᠦᠬᠦ ᠮᠤᠵᠢ ᠵᠢᠨ 《ᠬᠢᠨᠠᠨ ᠬᠠᠮᠢᠶᠠᠷᠤᠯᠲᠠ ᠵᠢ ᠴᠢᠩᠭ᠋ᠠᠳᠬᠠᠬᠤ》 ᠠᠵᠢᠯ᠎ᠢ ᠲᠦᠷᠦᠭᠦᠯᠡᠨ ᠠᠬᠢᠭᠤᠯᠪᠠ᠃ ᠬᠣᠶᠠᠷ᠎ᠲᠤ᠂ ᠠᠵᠢᠯᠳᠠᠨ ᠲᠠᠲᠠᠵᠤ᠂ ᠡᠯ᠎ᠡ ᠲᠠᠯ᠎ᠠ᠎ᠠᠴᠠ ᠢᠳᠡᠪᠬᠢᠲᠡᠢ᠎ᠪᠠᠷ ᠬᠥᠮᠦᠨ ᠠᠪᠴᠦ᠂ 《9 ᠲᠣᠭᠣᠷᠢᠭ ᠬᠤᠳᠠ᠎ᠳᠤ + 2 ᠬᠥᠳᠡᠯᠦᠩᠭᠦᠢ ᠱᠠᠭ᠋ᠠᠷᠳᠠᠨ ᠪᠠᠢ᠌ᠴᠠᠭ᠋ᠠᠬᠤ ᠠᠩᠬᠢ + 4 ᠬᠠᠮᠲᠤᠷᠠᠭᠰᠠᠨ ᠦᠢ᠍ᠯᠡᠴᠢᠯᠡᠭᠡᠨ᠎ᠤ ᠪᠠᠳᠤᠯᠠᠭ᠎ᠠ ᠵᠢᠨ ᠠᠩᠬᠢ ᠵᠢ ᠪᠠᠢ᠌ᠭᠤᠯᠬᠤ》 ᠪᠦᠲᠦᠴᠡ ᠵᠢ ᠲᠥᠯᠥᠪᠯᠡᠨ᠂ ᠪᠦᠬᠦ ᠮᠤᠵᠢ ᠵᠢᠨ ᠲᠤᠰᠢᠶᠠᠯ᠎ᠳᠤ ᠪᠠᠢ᠌ᠭ᠎ᠠ᠂ ᠠᠵᠢᠯ᠎ᠠᠴᠠ᠎ᠪᠠᠨ ᠠᠮᠠᠷᠠᠭᠰᠠᠨ ᠺᠠᠳ᠋ᠷ᠎ᠤᠨ ᠳᠤᠮᠳᠠ᠎ᠠᠴᠠ 800 ᠭᠠᠷᠤᠢ ᠨᠡᠷ᠎ᠡ ᠱᠠᠭ᠋ᠠᠷᠳᠠᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠢ ᠡᠯᠰᠡᠨ ᠤᠷᠢᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠎ᠠᠴᠠ 2000 ᠭᠠᠷᠤᠢ ᠱᠠᠭ᠋ᠠᠷᠳᠠᠨ ᠪᠠᠢ᠌ᠴᠠᠭ᠋ᠠᠬᠤ ᠰᠠᠢ᠍ᠢ᠍ᠨ ᠲᠤᠷᠠᠴᠤᠳ᠎ᠢ ᠡᠯᠰᠡᠵᠦ᠂ ᠲᠤᠰᠬᠠᠢ ᠪᠠ ᠲᠤᠰᠢᠶᠠᠯ ᠬᠠᠪᠰᠤᠷᠭ᠋ᠠᠬᠤ ᠵᠢ       ᠠᠭᠤᠰᠤᠯᠴᠠᠭᠤᠯᠤᠭᠰᠠᠨ᠂ ᠡᠩ᠎ᠤᠨ ᠦᠶ᠎ᠡ ᠪᠠ ᠭᠣᠣᠯ ᠦᠶ᠎ᠡ ᠵᠢ ᠤᠶᠠᠯᠳᠤᠭᠤᠯᠤᠭᠰᠠᠨ 《ᠴᠢᠩᠭ᠎ᠠ ᠬᠢᠨᠠᠯᠲᠠ ᠬᠠᠮᠢᠶᠠᠷᠤᠯᠲᠠ》 ᠵᠢᠨ ᠡᠩᠨᠡᠭᠡ ᠵᠢ ᠪᠠᠢ᠌ᠭᠤᠯᠪᠠ᠃ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠮᠲᠤᠷᠠᠭᠰᠠᠨ ᠲᠣᠭᠣᠷᠢᠨ ᠪᠠᠢ᠌ᠴᠠᠭ᠋ᠠᠬᠤ ᠠᠩᠭᠢ ᠵᠡᠷᠭᠡ ᠠᠷᠭ᠎ᠠ ᠠᠪᠴᠠᠯ᠎ᠢ ᠳᠡᠯᠭᠡᠷᠡᠭᠦᠯᠵᠦ᠂ ᠪᠤᠰᠤᠳ ᠰᠠᠯᠠᠭ᠎ᠠ ᠮᠥᠴᠢᠷ᠎ᠤᠨ ᠬᠦᠴᠦᠨ᠎ᠢ ᠨᠡᠢ᠌ᠯᠡᠭᠦᠯᠵᠦ ᠪᠠᠢ᠌ᠭ᠋ᠠᠳ ᠤᠰᠤᠨ ᠠᠰᠢᠭᠯᠠᠯᠲᠠ ᠵᠢᠨ 《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠠᠵᠢᠯ᠎ᠳᠤ ᠤᠷᠤᠭᠤᠯᠪᠠ᠃ ᠶᠠᠮᠤᠨ ᠮᠤᠵᠢ ᠬᠠᠮᠲᠤᠷᠠᠨ ᠱᠠᠭ᠋ᠠᠷᠳᠠᠨ ᠪᠠᠢ᠌ᠴᠠᠭ᠋ᠠᠬᠤ ᠠᠷᠭ᠎ᠠ ᠵᠢ ᠠᠪᠴᠤ᠂ ᠡᠯ᠎ᠡ ᠱᠠᠲᠤᠨ᠎ᠤ ᠬᠢᠨᠠᠯᠲᠠ ᠬᠠᠮᠢᠶᠠᠷᠤᠯᠲᠠ ᠵᠢᠨ ᠡᠬᠢ ᠪᠠᠶᠠᠯᠢᠭ᠎ᠢ ᠪᠦᠲᠦᠮᠵᠢᠲᠡᠶ ᠨᠡᠢ᠌ᠯᠡᠭᠦᠯᠬᠦ ᠵᠢ ᠪᠡᠶᠡᠯᠡᠬᠦᠯᠪᠡ᠃ ᠭᠤᠷᠪᠠ᠎ᠳᠤ᠂ ᠪᠠᠲᠤᠯᠠᠭ᠎ᠠ᠎ᠪᠠᠨ ᠨᠡᠮᠡᠭᠳᠡᠭᠦᠯᠦᠨ᠂ ᠵᠢᠯ ᠪᠦᠷᠢ 1000 ᠲᠦᠮᠡᠨ ᠲᠥᠭᠥᠷᠢᠭ᠎ᠤᠨ ᠲᠤᠰᠬᠠᠶ ᠵᠦᠢ᠍ᠯ᠎ᠤᠨ ᠪᠡᠯᠡ ᠮᠥᠩᠭᠥ ᠲᠣᠬᠢᠷᠠᠭᠤᠯᠵᠤ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠎ᠪᠠᠷ ᠳᠠᠮᠵᠢᠭᠤᠯᠤᠨ᠂ ᠭᠤᠷᠪᠠᠳᠠᠬᠢ ᠡᠲᠡᠭᠡᠳ᠎ᠤᠨ ᠪᠠᠢ᠌ᠭᠤᠯᠤᠮᠵᠢ ᠵᠢ ᠤᠷᠢᠵᠦ 《ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ》 ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠭᠦᠯᠪᠡ᠃ ᠲᠣᠭ᠋ᠠᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠵᠤ᠂ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠂ ᠸᠢᠳᠢᠣ᠋ ᠬᠢᠨᠠᠨ ᠡᠵᠡᠮᠳᠡᠯ᠂ ᠠᠵᠢᠯᠯᠠᠭ᠋ᠠᠨ᠎ᠤ ᠬᠠᠮᠢᠶᠠᠷᠤᠯᠲᠠ ᠵᠡᠷᠭᠡ 23 ᠲᠣᠭ᠋ᠠᠴᠢᠯᠠᠭᠰᠠᠨ ᠤᠰᠤᠨ ᠠᠰᠢᠭᠯᠠᠯᠲᠠ ᠵᠢᠨ ᠰᠢᠰᠲ᠋ᠧᠮ ᠪᠣᠯᠤᠨ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠲᠣᠭ᠎ᠠ ᠪᠠᠷᠢᠮᠲᠠ ᠵᠢᠨ ᠲᠥᠪ᠎ᠢ ᠪᠠᠢ᠌ᠭᠤᠯᠵᠤ᠂ ᠡᠯ᠎ᠡ ᠬᠦᠷᠢᠶᠡᠨ᠎ᠤ ᠲᠣᠭ᠎ᠠ ᠪᠠᠷᠢᠮᠲᠠ ᠵᠢ 10 ᠳ᠋ᠦᠩᠰᠢᠭᠤᠷ ᠭᠠᠷᠤᠶ ᠵᠤᠷᠪᠤᠰ ᠡᠮᠬᠢᠯᠡᠨ ᠨᠡᠢ᠌ᠯᠡᠭᠦᠯᠵᠦ᠂ 《ᠮᠡᠳᠡᠭᠡ ᠵᠠᠩᠭᠢ ᠵᠢ ᠪᠠᠢ᠌ᠴᠠᠭ᠋ᠠᠵᠤ ᠪᠣᠯᠬᠤ᠂ ᠲᠤᠬᠠᠶ ᠵᠢᠨ ᠲᠠᠯᠠᠪᠤᠷ᠎ᠲᠤ ᠦᠵᠡᠵᠦ ᠪᠣᠯᠬᠤ᠂ ᠵᠠᠷᠯᠢᠭ ᠵᠢᠭ᠋ᠠᠪᠤᠷᠢ᠎ᠳᠤ ᠬᠦᠷᠴᠦ ᠪᠠᠢ᠌ᠬᠤ᠂ ᠠᠵᠢᠯᠯᠠᠭ᠋ᠠᠨ᠎ᠢ ᠡᠵᠡᠮᠳᠡᠵᠦ   ᠪᠣᠯᠬᠤ》 ᠵᠢ ᠪᠡᠶᠡᠯᠡᠭᠦᠯᠪᠡ᠃
      ᠬᠣᠶᠠᠷ᠂ 《ᠰᠤᠭᠤᠴᠢᠨ ᠪᠠᠢ᠌ᠴᠠᠭ᠋ᠠᠬᠤ》᠎ᠠᠴᠠ ᠨᠡᠢ᠌ᠳᠡᠮ ᠪᠠᠢ᠌ᠴᠠᠭ᠋ᠠᠯᠲᠠ ᠬᠢᠬᠦ ᠬᠦᠷᠲᠡᠯ᠎ᠡ᠂ ᠭᠣᠤᠯᠳᠠᠯᠭ᠎ᠠ᠎ᠲᠠᠢ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠦᠢᠯᠡᠳᠦᠯᠭᠡᠵᠢᠭᠦᠯᠬᠦ ᠵᠢᠨ ᠳᠠᠭ᠋ᠠᠤ ᠲᠡᠭᠦᠯᠳᠡᠷᠵᠢᠭᠦᠯᠵᠦ᠂ ᠠᠰᠠᠭᠤᠳᠠᠯ᠎ᠢ ᠰᠢᠢᠳᠪᠦᠷᠢᠯᠡᠬᠦ ᠳᠤᠮᠳᠠ ᠳᠦᠷᠢᠮᠵᠢᠬᠦᠯᠪᠡ᠃
      ᠪᠦᠬᠦᠨ᠎ᠢ ᠬᠠᠮᠤᠷᠬᠤ ᠵᠢ ᠳᠣᠪᠣᠢ᠌ᠯᠭ᠋ᠠᠵᠤ᠂ ᠵᠠᠩᠭᠢᠯᠠᠭ᠎ᠠ ᠵᠢᠨ ᠭᠣᠭᠴᠣᠭ᠎ᠠ᠂ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠴᠢᠭᠯᠡᠭᠦᠯᠦᠨ᠂ ᠴᠡᠭ᠎ᠠᠴᠠ ᠰᠤᠭᠤᠴᠢᠨ ᠪᠠᠢ᠌ᠴᠠᠭ᠋ᠠᠬᠤ ᠵᠢ ᠪᠥᠬᠥ ᠲᠠᠯ᠎ᠠ᠎ᠪᠠᠷ ᠱᠠᠭ᠋ᠠᠷᠳᠠᠨ ᠪᠠᠢ᠌ᠴᠠᠭ᠋ᠠᠬᠤ ᠪᠣᠯᠭ᠋ᠠᠨ ᠬᠤᠪᠢᠷᠠᠭᠤᠯᠪᠠ᠃ ᠨᠢᠭᠡ᠎ᠳᠤ᠂ ᠶᠠᠮᠤᠨ᠂ ᠮᠤᠵᠢ᠂ ᠬᠣᠲᠠ᠂ ᠰᠢᠶᠠᠨ ᠪᠠ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠨᠢᠭᠡᠴᠡ ᠵᠢᠨ ᠲᠠᠪᠤᠨ ᠱᠠᠲᠤᠨ᠎ᠤ ᠬᠦᠴᠦᠨ᠎ᠢ ᠲᠥᠪᠯᠡᠷᠡᠭᠦᠯᠵᠦ᠂ 68 ᠱᠠᠭ᠋ᠠᠷᠳᠠᠨ ᠪᠠᠢ᠌ᠴᠠᠭ᠋ᠠᠬᠤ ᠳᠤᠭᠤᠢ᠌ᠯᠠᠩ᠎ᠤᠨ 226 ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ ᠲᠣᠰ ᠲᠣᠰ 82 ᠰᠢᠶᠠᠨ ᠲᠣᠭᠣᠷᠢᠭ᠎ᠤᠨ ᠲᠣᠰᠬᠣᠨ᠎ᠤ ᠴᠦᠬᠦᠷᠡᠮ᠎ᠳᠤ ᠤᠴᠢᠭᠤᠯᠵᠦ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠵᠢᠯᠯᠠᠭ᠋ᠠᠨ᠎ᠢ ᠱᠠᠭ᠋ᠠᠷᠳᠠᠨ ᠪᠠᠢ᠌ᠴᠠᠭ᠋ᠠᠪᠠ᠃ ᠬᠣᠶᠠᠷ᠎ᠲᠤ᠂ 600 ᠭᠠᠷᠤᠶ ᠠᠵᠢᠯᠯᠠᠬᠤ ᠠᠩᠭᠢ ᠵᠢᠨ 3000 ᠭᠠᠷᠤᠶ ᠺᠠᠳ᠋ᠷ᠎ᠢ ᠵᠣᠬᠢᠶᠠᠨ ᠪᠠᠢ᠌ᠭᠤᠯᠤᠨ ᠲᠣᠰᠬᠣᠨ᠎ᠳᠤ ᠣᠴᠢᠭᠤᠯᠤᠨ ᠡᠷᠦᠬᠡ᠎ᠳᠤ ᠭᠦᠨᠵᠡᠭᠡᠢ᠌ᠷᠡᠭᠦᠯᠵᠦ᠂ ᠪᠥᠬᠥ ᠮᠤᠵᠢ ᠵᠢᠨ ᠲᠠᠩᠰᠠ ᠪᠠ ᠺᠠᠷᠲ᠎ᠲᠠᠢ ᠶᠠᠳᠠᠭᠤ ᠬᠦᠴᠢᠷᠳᠡᠯᠲᠡᠶ 45.2 ᠲᠦᠮᠡᠨ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠢ 《ᠲᠣᠰᠬᠣᠨ ᠳᠠᠷᠠᠭ᠋ᠠᠯᠠᠨ ᠬᠢᠨᠠᠨ ᠲᠣᠭᠲᠠᠭ᠋ᠠᠵᠤ᠂ ᠡᠷᠦᠬᠡ ᠳᠠᠷᠠᠭ᠋ᠠᠯᠠᠨ ᠳ᠋ᠤᠭ᠋ᠠᠷ᠎ᠢ᠎ᠨᠢ ᠬᠠᠰᠤᠵᠤ》᠂ ᠳᠠᠷᠠᠭ᠋ᠠᠯᠠᠨ ᠪᠠᠢ᠌ᠴᠠᠭ᠋ᠠᠵᠤ ᠳᠠᠬᠢᠨ ᠬᠢᠨᠠᠬᠤ ᠵᠢ 100%᠂ ᠡᠷᠦᠬᠡ᠎ᠳᠤ ᠬᠦᠷᠴᠦ ᠦᠨᠡᠯᠡᠬᠦ ᠵᠢ 100%᠂ ᠠᠮᠤᠷ ᠲᠦᠪᠰᠢᠨ᠎ᠤ ᠪᠠᠲᠤᠯᠠᠭ᠎ᠠ ᠵᠢ 100%᠎ᠳᠤ ᠬᠦᠷᠭᠡᠪᠡ᠃ ᠭᠤᠷᠪᠠ᠎ᠳᠤ᠂ ᠲᠢᠩᠬᠢᠮ᠎ᠤᠨ ᠤᠳᠤᠷᠢᠳᠤᠯᠭ᠎ᠠ ᠬᠡᠰᠡᠭ ᠬᠤᠪᠢᠶᠠᠨ ᠳᠠᠭ᠋ᠠᠭ᠋ᠠᠴᠢᠯᠠᠭᠰᠠᠨ ᠭᠠᠵᠠᠷ ᠵᠶ᠋ᠠᠨ ᠣᠨᠴᠠ ᠲᠣᠭᠲᠠᠭᠰᠠᠨ ᠨᠢᠰᠬᠡᠯ ᠵᠶ᠋ᠡᠷ ᠪᠠᠢ᠌ᠴᠠᠭ᠋ᠠᠬᠤ᠂ ᠭᠠᠵᠠᠷ᠎ᠤᠨ ᠲᠠᠰ᠎ᠤᠨ ᠺᠠᠳ᠋ᠷ 《ᠨᠢᠭᠡ ᠬᠥᠮᠦᠨ ᠨᠢᠭᠡ ᠲᠥᠷᠥᠯ ᠵᠦᠢᠯ》᠎ᠢ ᠬᠣᠯᠪᠣᠭᠳᠠᠭᠤᠯᠤᠨ ᠬᠢᠨᠠᠨ ᠵᠢᠯᠣᠭᠣᠳᠬᠤ ᠪᠠ ᠪᠠᠷᠢᠯᠭ᠎ᠠ ᠵᠢᠨ ᠭᠠᠵᠠᠷ᠎ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ       ᠬᠢᠵᠦ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠣᠷᠬᠢᠭᠳᠠᠭᠤᠯᠤᠭᠰᠠᠨ ᠥᠬᠡᠶ ᠪᠠᠢ᠌ᠬᠤ ᠵᠢ ᠪᠡᠶᠡᠯᠡᠭᠦᠯᠪᠡ᠃ ᠡᠭᠦᠨ᠎ᠤ ᠬᠠᠮᠳᠤ᠂ ᠬᠠᠤᠯᠢ ᠲᠣᠭᠲᠠᠭ᠋ᠠᠯ ᠭᠠᠷᠭ᠋ᠠᠵᠦ᠂ ᠪᠠᠷᠢᠮᠵᠢᠶ᠎ᠠ ᠲᠤᠭᠳᠠᠭ᠋ᠠᠨ᠂ ᠵᠢᠷᠤᠮᠵᠢᠭᠰᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠢᠶᠠᠷᠤᠯᠲᠠ ᠵᠢ ᠬᠡᠷᠡᠭᠵᠢᠭᠦᠯᠬᠦ ᠵᠢ ᠪᠠᠷᠢᠮᠳᠠᠯᠠᠨ᠂ 《ᠹᠦᠵᠢᠶᠠᠨ ᠮᠤᠵᠢ ᠵᠢᠨ ᠤᠰᠤᠨ᠎ᠤ ᠡᠬᠢ ᠪᠠᠶᠠᠯᠢᠭ᠎ᠤᠨ ᠲᠦᠷᠢᠮ》 ᠵᠡᠷᠭᠡ 3 ᠲᠦᠷᠢᠮ᠂ 《ᠹᠦᠵᠢᠶᠠᠨ ᠮᠤᠵᠢ ᠵᠢᠨ ᠭᠣᠤᠯ ᠮᠥᠷᠡᠨ᠎ᠤ ᠳᠠᠷᠤᠭ᠎ᠠ ᠵᠢᠨ ᠲᠦᠷᠢᠮ᠎ᠤᠨ ᠲᠣᠭᠲᠠᠭ᠋ᠠᠯ》 ᠵᠡᠷᠭᠡ 3 ᠲᠦᠷᠢᠮ ᠲᠣᠭᠲᠠᠭ᠋ᠠᠯ᠎ᠢ ᠨᠡᠢ᠌ᠲᠡᠯᠡᠨ ᠬᠡᠷᠡᠭᠵᠢᠭᠦᠯᠵᠦ᠂ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠭᠠᠵᠠᠷ᠎ᠤᠨ ᠪᠠᠷᠢᠮᠵᠢᠶᠠᠵᠢᠭᠤᠯᠤᠨ ᠪᠥᠲᠥᠭᠡᠨ ᠪᠠᠢ᠌ᠭᠤᠯᠬᠤ ᠵᠦᠭᠯᠡᠭᠦᠷ》᠂ 《ᠤᠰᠤᠨ ᠠᠰᠢᠭᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠲᠡᠭᠡᠮᠵᠢ ᠵᠢ ᠦᠨᠡᠯᠡᠬᠦ ᠬᠠᠮᠢᠶᠠᠷᠤᠯᠲᠠ ᠵᠢᠨ ᠠᠷᠭ᠎ᠠ》᠂  《ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠦᠷᠢᠮ᠎ᠤᠨ ᠥᠯᠢᠭᠡᠷ ᠳᠡᠪᠲᠡᠷ》 ᠵᠡᠷᠭᠡ ᠠᠯᠢ ᠣᠯᠠᠨ ᠲᠦᠷᠢᠮ᠎ᠢ ᠰᠤᠳᠤᠯᠤᠨ ᠨᠡᠢ᠌ᠲᠡᠯᠡᠵᠦ᠂ ᠪᠦᠬᠦ ᠤᠯᠤᠰ᠎ᠤᠨ ᠠᠩᠬᠠᠳᠠᠭᠴᠢ ᠮᠤᠵᠢ ᠵᠢᠨ ᠲᠡᠰ᠎ᠤᠨ ᠭᠣᠣᠯ ᠨᠠᠭᠤᠷ᠎ᠤᠨ ᠡᠷᠡᠭᠦᠯ ᠮᠡᠨᠳᠦ ᠵᠢᠨ ᠦᠨᠡᠯᠡᠯᠲᠡ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠦᠶᠡᠷ᠎ᠢ ᠰᠡᠷᠭᠡᠢ᠌ᠯᠡᠬᠦ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠᠷᠢᠮᠵᠢᠶ᠎ᠠ᠂   ᠤᠰᠤᠨ ᠴᠥᠭᠥᠷᠥᠮ᠎ᠤᠨ ᠪᠠᠷᠢᠯᠭ᠎ᠠ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠤᠭᠳᠠᠭᠰᠠᠨ ᠲᠣᠭ᠎ᠠ᠂ ᠠᠵᠢᠯ ᠲᠥᠷᠥᠯ᠎ᠤᠨ ᠤᠰᠤ ᠬᠡᠷᠡᠭᠯᠡᠬᠦ ᠨᠣᠷᠮ᠎ᠠ ᠵᠡᠷᠭᠡ ᠮᠡᠷᠭᠡᠵᠢᠯ᠎ᠤᠨ ᠪᠠᠷᠢᠮᠵᠢᠶ᠎ᠠ ᠵᠢ ᠲᠣᠭᠲᠠᠭ᠋ᠠᠨ ᠬᠡᠷᠡᠭᠵᠢᠬᠦᠯᠵᠦ᠂  《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》᠎ᠳᠤ ᠵᠢᠷᠤᠮᠯᠠᠬᠤ ᠬᠠᠤᠯᠢ᠎ᠲᠠᠢ᠂ ᠵᠢᠷᠤᠮᠯᠠᠬᠤ ᠳᠦᠷᠢᠮ᠎ᠲᠠᠢ᠂ ᠵᠢᠷᠤᠮᠯᠠᠬᠤ ᠪᠠᠷᠢᠮᠵᠢᠶ᠎ᠠ᠎ᠲᠠᠢ ᠪᠠᠢ᠌ᠬᠤ ᠵᠢ ᠪᠡᠶᠡᠯᠡᠭᠦᠯᠪᠡ᠃
      ᠭᠤᠷᠪᠠ᠂ 《ᠬᠠᠮᠢᠶᠠᠷᠤᠨ ᠡᠵᠡᠮᠳᠡᠬᠦ》᠎ᠠᠴᠠ ᠬᠠᠮᠲᠤ᠎ᠪᠠᠷ ᠵᠠᠰᠠᠬᠤ ᠬᠦᠷᠲᠡᠯ᠎ᠡ᠂ ᠪᠠᠢ᠌ᠭᠤᠯᠤᠮᠵᠢ ᠲᠣᠭᠲᠠᠴᠠ ᠵᠢ ᠬᠦᠴᠦᠯᠡᠨ ᠰᠢᠨᠡᠴᠢᠯᠡᠵᠦ᠂ ᠬᠠᠢ᠌ᠨ ᠰᠦᠪᠡᠭᠴᠢᠯᠡᠬᠦ ᠵᠢᠨ ᠳᠠᠭ᠋ᠠᠤ ᠳᠡᠭᠡᠭᠰᠢᠯᠡᠭᠦᠯᠵᠦ᠂ ᠦᠷ᠎ᠡ ᠪᠦᠲᠦᠮᠵᠢ ᠵᠢ ᠪᠡᠬᠢᠵᠢᠭᠦᠯᠬᠦ ᠳᠤᠮᠳᠠ ᠴᠢᠳᠠᠪᠤᠷᠢ᠎ᠪᠠᠨ ᠳᠡᠭᠡᠭᠰᠢᠯᠡᠭᠦᠯᠪᠡ᠃
      ᠲᠣᠭᠲᠠᠴᠠ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠨ᠂ ᠲᠠᠩ ᠴᠢᠭᠯᠡᠯ᠎ᠤᠨ ᠬᠠᠮᠢᠶᠠᠷᠤᠯᠲᠠ ᠡᠵᠡᠮᠳᠡᠯ᠎ᠢ ᠣᠯᠠᠨ ᠡᠰᠢᠲᠦ ᠬᠠᠮᠲᠤ᠎ᠪᠠᠷ ᠵᠠᠰᠠᠬᠤ ᠪᠣᠯᠭ᠋ᠠᠨ ᠬᠤᠪᠢᠷᠠᠭᠤᠯᠵᠤ᠂ ᠤᠰᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠪᠥᠬᠥ ᠬᠦᠴᠦᠨ ᠵᠶ᠋ᠡᠷ ᠠᠬᠢᠭᠤᠯᠪᠠ᠃ ᠨᠢᠭᠡ᠎ᠳᠤ᠂ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ ᠭᠡᠬᠦ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠡᠬᠢ ᠪᠠᠶᠠᠯᠢᠭ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠨᠢᠭᠡᠳᠦᠯᠲᠡᠶ ᠲᠥᠯᠥᠪᠯᠡᠬᠦ᠎ᠪᠠᠷ       ᠳᠠᠮᠵᠢᠭᠤᠯᠤᠨ᠂ 《ᠶᠢᠰᠦᠨ ᠯᠣᠤ ᠤᠰᠤ ᠵᠠᠰᠠᠬᠤ》 ᠵᠢ ᠦᠭᠡᠢ᠌ᠰᠬᠡᠵᠦ᠂ 《ᠶᠢᠰᠦ ᠶᠢᠰᠦ ᠵᠢ ᠨᠢᠭᠡ ᠪᠣᠯᠭ᠋ᠠᠬᠤ》 ᠵᠢ   ᠪᠡᠶᠡᠯᠡᠭᠦᠯᠤᠨ᠂ ᠪᠥᠬᠥ ᠨᠡᠢ᠌ᠭᠡᠮ᠎ᠤᠨ ᠤᠰᠤ ᠵᠢ ᠬᠠᠮᠠᠭ᠋ᠠᠯᠠᠬᠤ ᠤᠬᠠᠮᠰᠠᠷ᠎ᠢ ᠬᠦᠴᠦᠲᠡᠶ ᠬᠥᠲᠥᠯᠥᠨ       ᠵᠢᠯᠣᠭᠣᠳᠴᠤ᠂ ᠪᠥᠬᠥ ᠨᠡᠢ᠌ᠭᠡᠮ᠎ᠤᠨ ᠤᠰᠤᠨ᠎ᠤ ᠦᠢᠯᠡ ᠠᠵᠢᠯᠯᠠᠭ᠎ᠠ᠎ᠳᠤ ᠲᠣᠬᠢᠷᠠᠭᠤᠯᠤᠯᠲᠠ ᠬᠢᠵᠦ᠂ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠨᠢ 3 ᠵᠢᠯ ᠳᠠᠷᠠᠭ᠋ᠠᠯᠠᠨ ᠤᠯᠤᠰ᠎ᠤᠨ ᠤᠷᠮᠠᠰᠢᠭᠤᠯᠤᠯ᠎ᠢ ᠣᠯᠵᠦ᠂ ᠪᠥᠬᠥ ᠠᠷᠠᠳ ᠵᠶ᠋ᠠᠷ ᠵᠶ᠋ᠠᠨ ᠭᠣᠤᠯ᠎ᠢ ᠬᠠᠮᠠᠭ᠋ᠠᠯᠠᠬᠤ ᠪᠠᠢ᠌ᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠪᠡ᠃ ᠬᠣᠶᠠᠷ᠎ᠲᠤ᠂ ᠪᠥᠬᠥ ᠮᠤᠵᠢ ᠵᠢᠨ ᠨᠢᠭᠡᠳᠦᠯᠲᠡᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ   ᠪᠠᠢ᠌ᠭᠤᠯᠵᠤ᠂ ᠡᠯᠧᠺᠲᠷᠣᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠬᠦ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠲᠡᠭᠡᠮᠵᠢ᠎ᠳᠤ ᠦᠨᠡᠯᠡᠯᠲᠡ ᠬᠢᠬᠦ᠂ ᠬᠤᠪᠢ ᠲᠣᠭᠲᠠᠭ᠋ᠠᠭᠰᠠᠨ ᠦᠷ᠎ᠡ ᠳ᠋ᠦᠩ᠎ᠢ ᠵᠠᠬ᠎ᠠ ᠳᠡᠯᠭᠡᠭᠦᠷ᠎ᠤᠨ ᠬᠤᠪᠢ ᠵᠢᠨ ᠲᠣᠭ᠎ᠠ᠎ᠯᠤᠭ᠎ᠠ ᠬᠣᠯᠪᠣᠭᠳᠠᠭᠤᠯᠬᠤ ᠵᠢ ᠪᠥᠬᠥ ᠲᠠᠯ᠎ᠠ᠎ᠪᠠᠷ ᠥᠷᠨᠢᠭᠦᠯᠤᠨ᠂ ᠬᠠᠷ᠎ᠠ ᠲᠠᠩᠰᠠ ᠵᠢᠨ ᠲᠦᠷᠢᠮ᠎ᠢ ᠬᠡᠷᠡᠭᠵᠢᠭᠦᠯᠵᠦ᠂ ᠪᠦᠬᠦᠢ᠌ᠯᠡ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠬᠣᠤᠰ ᠲᠤᠬᠢᠶᠠᠯᠳᠤᠯ ᠵᠶ᠋ᠠᠷ ᠬᠢᠨᠠᠨ ᠬᠠᠮᠢᠶᠠᠷᠬᠤ ᠠᠵᠢᠯ᠎ᠤᠨ ᠬᠡᠪᠴᠢᠶᠡᠨ᠎ᠳᠤ ᠣᠷᠣᠭᠤᠯᠵᠤ᠂ ᠲᠤᠰᠬᠠᠶ ᠮᠡᠷᠭᠡᠵᠢᠯᠲᠡᠨ᠎ᠤ 《ᠠᠪᠠᠯᠠᠭᠳᠠᠬᠤ》᠂ ᠠᠵᠤ ᠠᠬᠤᠢ᠌ᠯᠠᠯ᠎ᠤᠨ 《ᠳᠠᠭ᠋ᠠᠭ᠋ᠠᠴᠢᠯᠠᠯᠲᠠ ᠵᠢ ᠬᠦᠷᠢᠶᠡᠯᠡᠬᠦ》᠂ ᠬᠢᠨᠠᠯᠲᠠ ᠬᠠᠮᠢᠶᠠᠷᠤᠯᠲᠠ ᠪᠠᠢ᠌ᠩᠭᠤ ᠳᠤᠲᠠᠭᠳᠠᠬᠤ ᠵᠡᠷᠭᠡ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ᠂ 3138 ᠤᠰᠤᠨ ᠠᠰᠢᠭᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠦᠨᠡᠨᠴᠢ ᠢᠲᠡᠭᠡᠮᠵᠢᠲᠡᠶ ᠡᠵᠡᠩᠨᠡᠬᠦ ᠵᠢ ᠱᠠᠭ᠋ᠠᠷᠳᠠᠵᠦ᠂ ᠪᠥᠬᠥ ᠮᠤᠵᠢ ᠵᠢᠨ ᠤᠰᠤᠨ ᠠᠰᠢᠭᠯᠠᠯᠲᠠ ᠵᠢᠨ ᠠᠶᠤᠯᠬᠦᠢ ᠦᠢᠯᠡᠳᠪᠦᠷᠢᠯᠡᠯ᠎ᠨᠢ ᠡᠨᠳᠡᠯ ᠥᠬᠡᠶ ᠪᠠᠢ᠌ᠬᠤ ᠵᠢ   ᠪᠠᠳᠤᠯᠠᠵᠦ᠂ ᠤᠰᠤᠨ ᠠᠰᠢᠭᠯᠠᠯᠲᠠ ᠵᠢᠨ ᠪᠥᠲᠥᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ A ᠲᠠᠰ᠎ᠤᠨ ᠡᠩᠨᠡᠭᠡᠨ᠎ᠳᠤ ᠣᠷᠣᠭᠤᠯᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠾᠧᠨᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠤᠳᠤᠷᠢᠳᠤᠮᠵᠢ ᠵᠢ ᠣᠨᠣᠪᠴᠢᠲᠠᠶ ᠡᠵᠡᠮᠳᠡᠨ᠂ ᠤᠰᠤᠨ᠎ᠤ ᠳᠥᠷᠪᠡᠨ ᠳᠦᠷᠦᠯ᠎ᠤᠨ ᠠᠰᠠᠭᠤᠳᠠᠯ᠎ᠢ ᠵᠡᠷᠭᠡᠪᠡᠷ ᠵᠠᠰᠠᠵᠦ᠂ ᠳᠤᠲᠠᠭᠤᠳᠠᠯ ᠵᠶ᠋ᠡᠨ ᠨᠥᠬᠥᠪᠥᠷᠢᠯᠡᠨ᠎ᠡ
ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠭᠣᠤᠯᠳᠠᠯᠭ᠎ᠠ ᠵᠢ ᠳᠣᠪᠣᠢ᠌ᠯᠭ᠋ᠠᠨ ᠤᠨᠤᠪᠴᠢᠳᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ
ᠤᠰᠤᠨ ᠠᠰᠢᠭᠯᠠᠯᠲᠠ ᠵᠢᠨ ᠶᠠᠮᠤᠨ᠎ᠤ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠤᠳᠤᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ
ᠤᠰᠤᠨ ᠠᠰᠢᠭᠯᠠᠯᠲᠠ ᠵᠢᠨ ᠶᠠᠮᠤᠨ᠎ᠤ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ᠎ᠳᠤ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ᠎ᠤᠨ ᠪᠠᠲᠤᠯᠠᠭ᠎ᠠ ᠬᠠᠩᠭ᠋ᠠᠪᠠ
ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠶ᠎ᠠ ᠤᠰᠤᠨ ᠠᠰᠢᠭᠯᠠᠯᠲᠠ ᠵᠢᠨ ᠶᠠᠮᠤᠨ᠎ᠤ ᠵᠠᠯᠠᠭᠤ ᠺᠠᠳ᠋ᠷᠴᠤᠳ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠬᠠᠮᠲᠤᠷᠠᠭᠰᠠᠨ ᠰᠤᠷᠤᠯᠴᠠᠬᠤ ᠠᠵᠢᠯᠯᠠᠭ᠎ᠠ ᠦᠷᠨᠢᠬᠦᠯᠪᠡ
 
            