ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠭᠣᠤᠯᠳᠠᠯᠭ᠎ᠠ ᠵᠢ ᠳᠣᠪᠣᠢ᠌ᠯᠭ᠋ᠠᠨ ᠤᠨᠤᠪᠴᠢᠳᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ
ᠨᠡᠶ᠋ᠢᠲᠡᠯᠡᠭᠰᠡᠨ ᠴᠠᠭ᠄ 2021-05-26

     2020 ᠣᠨ᠎ᠨᠢ ᠬᠤᠪᠧᠶ ᠮᠤᠵᠢ᠎ᠳᠤ ᠠᠪᠴᠤ ᠬᠡᠯᠡᠪᠡᠯ ᠲᠤᠢ᠌ᠯ᠎ᠤᠨ ᠶᠡᠷᠦ ᠪᠤᠰᠤ ᠵᠢᠨ᠂ ᠲᠤᠢ᠌ᠯ᠎ᠤᠨ ᠬᠢᠯᠪᠠᠷ ᠪᠤᠰᠤ᠂ ᠲᠤᠢ᠌ᠯ᠎ᠤᠨ ᠮᠠᠷᠲᠠᠭᠳᠠᠰᠢ ᠥᠬᠡᠶ ᠨᠢᠭᠡᠨ ᠵᠢᠯ ᠶᠤᠮ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ ᠪᠣᠯᠤᠨ ᠲᠡᠦᠬᠡᠨ᠎ᠳᠤ ᠬᠣᠪᠣᠷ ᠲᠣᠬᠢᠶᠠᠯᠳᠤᠬᠤ ᠬᠦᠨᠳᠦ ᠨᠣᠴᠢᠲᠠᠢ ᠦᠶᠡᠷ᠎ᠤᠨ ᠪᠠᠢ᠌ᠳᠠᠯ᠎ᠤᠨ ᠳᠠᠪᠬᠤᠷ ᠴᠣᠬᠢᠯᠲᠠ ᠵᠢᠨ ᠡᠮᠦᠨ᠎ᠡ᠂ ᠪᠢᠳᠡ ᠬᠦᠴᠢᠷ᠎ᠢ ᠰᠦᠷᠦᠨ ᠤᠷᠤᠭᠰᠢᠯᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠡᠷᠡᠮᠡᠬᠡᠢ᠌ᠯᠡᠨ ᠤᠷᠤᠭᠰᠢᠯᠠᠵᠤ᠂ ᠶᠡᠷᠦ ᠪᠤᠰᠤ ᠵᠢᠨ ᠠᠷᠭ᠎ᠠ ᠬᠡᠮᠵᠢᠢ᠎ᠡ᠎ᠪᠠᠷ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠤᠰᠤᠨ ᠠᠰᠢᠭᠯᠠᠯᠲᠠ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠦᠢ᠍ᠯᠡᠰ᠎ᠨᠢ ᠬᠢᠵᠢᠭ᠎ᠤᠨ ᠶᠡᠬᠡ ᠭᠠᠮᠰᠢᠭ᠎ᠲᠠᠢ ᠵᠢᠯ᠎ᠳᠤ ᠮᠥᠨ ᠬᠦ᠌ ᠴᠢᠬᠤᠯᠠ ᠠᠬᠢᠴᠠ ᠪᠠ ᠢᠳᠡᠪᠬᠢᠲᠡᠢ ᠦᠷ᠎ᠡ ᠪᠦᠲᠦᠮᠵᠢ ᠣᠯᠵᠤ᠂ ᠬᠤᠪᠸᠢ ᠵᠢᠨ ᠬᠢᠵᠢᠭ᠎ᠤᠨ ᠳᠠᠷᠠᠭ᠋ᠠᠬᠢ ᠲᠠᠬᠢᠨ ᠰᠡᠷᠭᠦᠨ ᠮᠠᠨᠳᠤᠯᠲᠠ ᠪᠠ ᠴᠢᠨᠠᠷᠯᠢᠭ ᠬᠥᠭᠵᠢᠯᠲᠡ᠎ᠳᠤ ᠪᠠᠲᠤ ᠪᠡᠬᠢ ᠨᠠᠢ᠌ᠳᠠᠪᠤᠷᠢᠲᠠᠢ ᠤᠰᠤᠨ ᠠᠰᠢᠭᠯᠠᠯᠲᠠ ᠵᠢᠨ ᠪᠠᠲᠤᠯᠠᠭ᠎ᠠ ᠬᠠᠩᠭ᠋ᠠᠪᠠ᠃
      ᠨᠢᠭᠡ᠎ᠳᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠭᠣᠣᠯᠳᠠᠯᠭ᠎ᠠ᠎ᠲᠠᠢ ᠤᠰᠤᠨ ᠠᠰᠢᠭᠯᠠᠯᠲᠠ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠬᠣᠲᠠ ᠵᠢ ᠪᠢᠲᠡᠭᠦᠮᠵᠢᠯᠡᠵᠦ᠂ ᠮᠤᠵᠢ ᠵᠢ ᠪᠢᠲᠡᠭᠦᠮᠵᠢᠯᠡᠭᠰᠡᠨ ᠪᠠᠢ᠌ᠳᠠᠯ ᠳᠣᠤᠷ᠎ᠠ᠂ ᠪᠢᠳᠡ ᠰᠦᠯᠵᠢᠶᠡᠨ ᠳᠡᠭᠡᠷᠡᠬᠢ ᠠᠯᠤᠰ᠎ᠠᠴᠠ ᠠᠯᠪᠠᠯᠠᠬᠤ ᠰᠢᠰᠲ᠋ᠧᠮ᠎ᠢ ᠠᠰᠢᠭᠯᠠᠨ᠂ ᠬᠤᠪᠸᠢ ᠵᠢᠨ ᠬᠣᠢ᠌ᠲᠤ ᠬᠡᠰᠡᠭ᠎ᠤᠨ ᠬᠣᠶᠠᠳᠤᠭ᠋ᠠᠷ ᠬᠤᠭᠤᠴᠠᠭ᠎ᠠ᠂ ᠨᠢᠭᠡ ᠮᠥᠷᠡᠨ ᠭᠤᠷᠪᠠᠨ ᠭᠣᠤᠯ ᠵᠡᠷᠭᠡ ᠴᠢᠬᠤᠯᠠ ᠶᠡᠬᠡ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠠᠰᠤᠷᠠᠯᠲᠠ ᠥᠬᠡᠶ ᠠᠬᠢᠭᠤᠯᠪᠠ᠃ ᠬᠢᠵᠢᠭ᠎ᠲᠠᠢ ᠲᠡᠮᠡᠴᠡᠭᠰᠡᠨ ᠬᠤᠭᠤᠴᠠᠭ᠋ᠠᠨ᠎ᠳᠤ᠂ ᠪᠥᠬᠥ ᠮᠤᠵᠢ ᠵᠢᠨ ᠡᠯ᠎ᠡ ᠭᠠᠵᠠᠷ᠎ᠤᠨ᠎ᠬᠢᠨ ᠬᠥᠳᠡᠭᠡ ᠲᠣᠰᠬᠣᠨ᠎ᠤ ᠤᠰᠤ ᠬᠠᠩᠭ᠋ᠠᠬᠤ ᠦᠢᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠠᠩᠭᠢ ᠵᠢ ᠨᠡᠢ᠌ᠲᠡ 1132 ᠪᠠᠢ᠌ᠭᠤᠯᠵᠤ᠂ 1 ᠲᠦᠮᠡ ᠭᠠᠷᠤᠶ ᠭᠡᠰᠢᠭᠦᠳ 6700 ᠭᠠᠷᠤᠶ ᠤᠳᠠᠭ᠎ᠠ ᠤᠰᠤᠨ ᠬᠣᠭᠣᠯᠠᠶ ᠵᠢ   ᠵᠠᠰᠠᠵᠤ᠂ ᠪᠥᠬᠥ ᠮᠤᠵᠢ ᠵᠢᠨ ᠲᠣᠰᠬᠣᠨ ᠪᠠᠯᠭ᠋ᠠᠰᠤᠨ᠎ᠤ ᠰᠠᠭᠤᠭ᠋ᠠᠯᠢ ᠠᠷᠠᠳ᠎ᠲᠤ ᠠᠷᠢᠭᠤᠨ ᠴᠡᠪᠡᠷ ᠠᠮᠤᠷ ᠲᠦᠪᠰᠢᠨ ᠤᠰᠤ ᠤᠮᠳᠠ ᠵᠢ       ᠬᠠᠩᠭ᠋ᠠᠪᠠ᠃ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠬᠤ ᠳᠠᠷᠤᠭ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠂ ᠭᠣᠣᠯ ᠮᠥᠷᠡᠨ ᠨᠠᠭᠤᠷ ᠴᠥᠭᠥᠷᠥᠮ᠎ᠤᠨ ᠡᠷᠡᠭᠦᠯ ᠬᠠᠮᠠᠭ᠋ᠠᠯᠠᠯ᠎ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠬᠢᠵᠢᠭ᠎ᠤᠨ ᠪᠠᠢ᠌ᠳᠠᠯ᠎ᠤᠨ ᠦᠷᠪᠢᠰᠦᠨ ᠳᠡᠯᠭᠡᠷᠡᠬᠦ ᠵᠢ ᠬᠣᠷᠢᠭᠯᠠᠬᠤ ᠴᠢᠬᠤᠯᠠ ᠠᠷᠭ᠎ᠠ ᠪᠠᠷᠢᠯ ᠪᠣᠯᠭ᠋ᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠨᠠᠷ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢ ᠶᠡᠬᠡ᠎ᠪᠠᠷ ᠥᠷᠨᠢᠭᠦᠯᠵᠦ᠂ ᠵᠢᠵᠢᠭ ᠪᠢᠴᠢᠯ ᠤᠰᠤᠨ ᠴᠣᠭᠴᠠ ᠵᠢ ᠪᠦᠬᠦ ᠲᠠᠯ᠎ᠠ᠎ᠪᠠᠷ ᠴᠡᠭᠴᠡᠯᠡᠨ ᠵᠠᠰᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ 《ᠲᠦᠷᠪᠡᠨ ᠳᠦᠷᠢᠮ ᠲᠤᠭᠳᠠᠭ᠋ᠠᠯ᠎ᠢ ᠵᠦᠷᠢᠴᠡᠭᠰᠡᠨ》 ᠠᠰᠠᠭᠤᠳᠠᠯ᠎ᠢ ᠬᠡᠪᠴᠢᠶᠡᠵᠢᠭᠦᠯᠦᠨ ᠴᠡᠪᠡᠷᠯᠡᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠳᠦᠷᠰᠦ ᠪᠠᠢ᠌ᠳᠠᠯ᠎ᠢ ᠴᠣ᠋ ᠰᠢᠨ᠎ᠡ ᠪᠠᠢ᠌ᠳᠠᠯ᠎ᠲᠠᠢ ᠪᠤᠯᠭ᠋ᠠᠪᠠ᠃ ᠬᠢᠵᠢᠭ᠎ᠤᠨ ᠪᠠᠢ᠌ᠳᠠᠯ᠎ᠤᠨ ᠦᠷᠪᠢᠰᠦᠨ ᠳᠡᠯᠭᠡᠷᠡᠬᠦ ᠬᠠᠨᠳᠤᠰᠢ ᠦᠨᠳᠦᠰᠦᠨ᠎ᠳᠡᠭᠡᠨ ᠬᠣᠷᠢᠭᠯᠠᠭᠳᠠᠭᠰᠠᠨ᠎ᠤ ᠳᠠᠷᠠᠭ᠎ᠠ᠂ ᠪᠢᠳᠡ 3 ᠰᠠᠷ᠎ᠠ ᠵᠢᠨ ᠡᠬᠢ᠎ᠪᠠᠷ ᠰᠢᠶᠠᠨ᠎ᠤ ᠬᠡᠪᠴᠢᠶ᠎ᠡ᠎ᠪᠠᠷ ᠨᠢᠭᠡᠴᠢ ᠪᠣᠯᠭ᠋ᠠᠵᠤ᠂ ᠠᠶᠤᠯ ᠲᠦᠭᠰᠢᠭᠦᠷᠢ ᠵᠢᠨ ᠵᠡᠷᠭᠡ ᠳᠡᠰ ᠵᠶ᠋ᠠᠷ ᠤᠰᠤᠨ ᠠᠰᠢᠭᠯᠠᠯᠲᠠ ᠵᠢᠨ ᠢᠨᠵᠧᠨᠧᠷᠢᠩ᠎ᠤᠨ 《ᠣᠷᠣᠨ᠂ ᠳᠡᠰ᠂ ᠲᠥᠷᠥᠯ᠂ ᠴᠠᠭ ᠬᠤᠪᠢᠶᠠᠨ》 ᠠᠵᠢᠯ ᠦᠢᠯᠡᠳᠪᠦᠷᠢᠯᠡᠯ ᠵᠶ᠋ᠡᠨ ᠰᠡᠷᠭᠦᠭᠡᠬᠦ ᠵᠢ ᠠᠬᠢᠭᠤᠯᠵᠤ᠂ ᠦᠬᠠᠨ ᠬᠣᠲᠠ ᠵᠢᠨ ᠬᠣᠲᠠ ᠬᠥᠳᠡᠭᠡ ᠵᠢᠨ ᠤᠰᠤ ᠬᠠᠩᠭ᠋ᠠᠬᠤ᠂ ᠦᠶᠡᠷ᠎ᠢ ᠰᠡᠷᠭᠡᠢ᠌ᠯᠡᠵᠦ ᠭᠠᠮᠰᠢᠭ᠎ᠲᠠᠢ ᠲᠡᠮᠡᠴᠡᠬᠦ ᠵᠡᠷᠭᠡ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠵᠠᠪᠠᠯ ᠱᠠᠭ᠋ᠠᠷᠳᠠᠭᠳᠠᠬᠤ ᠤᠰᠤᠨ ᠠᠰᠢᠭᠯᠠᠯᠲᠠ ᠵᠢᠨ ᠪᠠᠷᠢᠯᠭ᠎ᠠ ᠵᠢ ᠠᠵᠢᠯ ᠡᠬᠢᠯᠡᠭᠦᠯᠵᠦ᠂ ᠪᠤᠰᠤᠳ ᠭᠠᠵᠠᠷ ᠣᠷᠣᠨ᠎ᠤ ᠭᠣᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠪᠠᠷᠢᠯᠭ᠎ᠠ ᠴᠤ᠌ ᠵᠠᠯᠭ᠋ᠠᠭ᠎ᠠ᠎ᠪᠠᠷ ᠠᠵᠢᠯ ᠵᠶ᠋ᠠᠨ ᠰᠡᠷᠭᠦᠭᠡᠵᠦ ᠡᠬᠢᠯᠡᠪᠡ᠃ ᠬᠤᠸᠠᠩ ᠭᠠᠢ ᠨᠠᠭᠤᠷ᠎ᠤᠨ ᠦᠶᠡᠷ᠎ᠢ ᠰᠡᠷᠭᠡᠢ᠌ᠯᠡᠵᠦ ᠵᠠᠰᠠᠬᠤ ᠢᠨᠵᠧᠨᠧᠷᠢᠩ ᠪᠣᠯ ᠬᠤᠪᠸᠢ ᠵᠢᠨ ᠠᠩᠬᠠᠳᠠᠭᠴᠢ ᠠᠵᠢᠯ ᠵᠶ᠋ᠠᠨ ᠰᠡᠷᠭᠦᠭᠡᠭᠰᠡᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ ᠪᠣᠯᠤᠨ᠎ᠠ᠂ ᠬᠤᠪᠸᠢ ᠵᠢᠨ ᠬᠣᠢ᠌ᠲᠤ ᠬᠡᠰᠡᠭ᠎ᠤᠨ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ᠂ ᠨᠢᠶᠠᠨ ᠫᠠᠨ ᠱᠠᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠬᠦᠢ᠍ᠰᠦ ᠵᠡᠷᠭᠡ ᠤᠯᠤᠰ᠎ᠤᠨ 《172 ᠵᠦᠢ᠍ᠯ》᠎ᠲᠤ ᠵᠢᠭᠰᠠᠭ᠋ᠠᠭᠳᠠᠭᠰᠠᠨ ᠪᠠᠢ᠌ᠭᠤᠯᠵᠤ ᠪᠠᠢ᠌ᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ 3 ᠰᠠᠷ᠎ᠠ ᠵᠢᠨ ᠰᠡᠭᠦᠯᠴᠢ᠎ᠪᠠᠷ ᠪᠦᠬᠦᠨ ᠵᠶ᠋ᠡᠷ ᠵᠶ᠋ᠡᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠭᠰᠡᠨ᠎ᠤ ᠬᠠᠮᠲᠤ ᠪᠠᠰᠠ ᠤᠰᠤ ᠲᠠᠲᠠᠬᠤ᠂ ᠤᠰᠤᠯᠠᠯᠲᠠ ᠵᠢᠨ ᠣᠷᠣᠨ᠎ᠢ ᠥᠭᠡᠷᠡᠴᠢᠯᠡᠬᠦ᠂ ᠤᠰᠤᠨ ᠰᠢᠰᠲ᠋ᠧᠮ᠎ᠢ ᠴᠡᠭᠴᠡᠯᠡᠨ ᠵᠠᠰᠠᠬᠤ ᠵᠡᠷᠭᠡ ᠨᠢᠭᠡ ᠪᠦᠯᠦᠭ ᠲᠦᠷᠦᠯ ᠵᠦᠢ᠍ᠯ ᠵᠠᠯᠭ᠋ᠠᠭ᠎ᠠ᠎ᠪᠠᠷ ᠪᠠᠷᠢᠯᠭ᠎ᠠ ᠵᠢᠨ ᠱᠠᠲᠤᠨ᠎ᠳᠤ ᠣᠷᠣᠵᠤ᠂ ᠪᠦᠬᠦ ᠮᠤᠵᠢ ᠵᠢᠨ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠠᠯᠬᠤᠮ ᠠᠯᠬᠤᠮ ᠵᠶ᠋ᠠᠷ ᠬᠡᠪ᠎ᠤᠨ ᠡᠮᠬᠢ ᠳᠢᠭᠯᠢᠮ ᠵᠶ᠋ᠡᠨ ᠰᠡᠷᠭᠦᠭᠡᠭᠰᠡᠨ ᠪᠥᠭᠡᠳ ᠠᠬᠢᠯᠲᠠ᠎ᠨᠢ ᠳᠦᠷᠬᠡᠨ ᠪᠠᠢ᠌ᠪᠠ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠨ ᠲᠥᠯᠥᠭᠡ᠂ ᠪᠢᠳᠡ ᠠᠷᠭ᠎ᠠ ᠪᠤᠰᠤ ᠲᠦᠷ ᠵᠣᠭᠰᠣᠭ᠋ᠠᠬᠤ ᠳᠠᠷᠤᠪᠴᠢ ᠵᠢ 2 ᠰᠠᠷ᠎ᠠ ᠭᠠᠷᠤᠶ ᠳᠠᠷᠤᠪᠠ᠂ ᠬᠣᠷᠢᠭ᠎ᠠ ᠵᠢ ᠲᠠᠢ᠌ᠯᠤᠭᠰᠠᠨ᠎ᠤ ᠳᠠᠷᠠᠭ᠎ᠠ᠂ ᠪᠢᠳᠡ ᠲᠥᠷᠥᠯ ᠵᠦᠢᠯ᠎ᠤᠨ ᠲᠥᠯᠥᠪᠯᠡᠭᠡ ᠵᠢᠨ ᠨᠠᠷᠢᠨ ᠲᠠᠩᠰᠠ᠂ ᠬᠠᠷᠠᠯᠲᠠ ᠵᠢᠨ ᠨᠠᠷᠢᠨ ᠲᠠᠩᠰᠠ᠂ ᠬᠠᠷᠢᠭᠤᠴᠠᠯᠭ᠎ᠠ ᠵᠢᠨ ᠨᠠᠷᠢᠨ ᠲᠠᠩᠰᠠ ᠪᠣᠯᠤᠨ ᠠᠵᠢᠯ᠎ᠤᠨ ᠱᠤᠭᠤᠮ᠎ᠤᠨ ᠵᠢᠷᠤᠭ ᠵᠡᠷᠭᠡ 《ᠭᠤᠷᠪᠠᠨ ᠨᠠᠷᠢᠨ ᠲᠠᠩᠰᠠ ᠨᠢᠭᠡ ᠵᠢᠷᠤᠭ》᠎ᠤᠨ ᠠᠵᠢᠯ᠎ᠤᠨ ᠠᠷᠭ᠎ᠠ ᠵᠢ ᠠᠪᠴᠤ᠂ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠠᠬᠢᠴᠠ ᠵᠢ ᠲᠠᠰᠤᠷᠠᠯᠲᠠ ᠥᠬᠡᠶ ᠲᠦᠷᠭᠡᠳᠬᠡᠵᠦ᠂ ᠬᠦᠴᠦᠯᠡᠨ ᠴᠢᠷᠮᠠᠢ᠌ᠵᠤ ᠪᠠᠢ᠌ᠭ᠋ᠠᠳ ᠵᠢᠯ᠎ᠤᠨ ᠡᠴᠦᠰ᠎ᠲᠤ ᠲᠥᠪ᠎ᠤᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠠᠬᠢᠴᠠ ᠵᠢ 103% ᠪᠣᠯᠲᠠᠯ᠎ᠠ ᠠᠬᠢᠭᠤᠯᠵᠤ᠂ ᠭᠠᠷᠮᠠᠭ᠋ᠠᠶ ᠠᠮᠵᠢᠯᠲᠠ ᠪᠦᠲᠦᠮᠵᠢ᠎ᠪᠠᠷ ᠤᠰᠤᠨ ᠠᠰᠢᠭᠯᠠᠯᠲᠠ ᠵᠢᠨ ᠶᠠᠮᠤᠨ᠎ᠤ ᠬᠠᠯᠠᠮᠵᠢᠯᠠᠯ ᠳᠡᠮᠵᠢᠯᠭᠡ ᠵᠢᠨ ᠠᠴᠢ ᠵᠢ ᠬᠠᠷᠢᠭᠤᠯᠠᠪᠠ᠃
      ᠬᠤᠶᠠᠷ᠎ᠲᠤ᠂ ᠲᠡᠦᠬᠡᠨ᠎ᠳᠤ ᠬᠣᠪᠣᠷ ᠲᠣᠬᠢᠶᠠᠯᠳᠤᠳᠠᠭ ᠦᠶᠡᠷ᠎ᠤᠨ ᠭᠠᠮᠰᠢᠭ᠎ᠢ ᠠᠮᠵᠢᠯᠲᠠ᠎ᠲᠠᠢ ᠠᠷᠭ᠋ᠠᠴᠠᠪᠠ᠃ ᠪᠢᠳᠡ 《ᠶᠡᠬᠡ ᠦᠶᠡᠷ᠎ᠢ ᠰᠡᠷᠭᠡᠢ᠌ᠯᠡᠬᠦ᠂ ᠶᠡᠬᠡ ᠠᠶᠤᠯ᠎ᠠᠴᠠ ᠠᠪᠤᠷᠠᠬᠤ᠂ ᠶᠡᠬᠡ ᠭᠠᠮᠰᠢᠭ᠎ᠠᠴᠠ ᠠᠪᠤᠷᠠᠬᠤ》 ᠡᠷᠴᠢᠮ ᠵᠶ᠋ᠡᠨ ᠢᠮᠠᠭᠲᠠ ᠰᠤᠯᠠᠷᠠᠭᠤᠯᠤᠯ ᠦᠭᠡᠢ ᠴᠢᠩᠭ᠋ᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠲᠤᠢ᠌ᠯ᠎ᠤᠨ ᠪᠠᠴᠢᠮ ᠪᠠᠢ᠌ᠭ᠎ᠠ ᠪᠠᠢ᠌ᠳᠠᠯ ᠳᠣᠣᠷ᠎ᠠ ᠪᠠᠰᠠ ᠦᠶᠡᠷ᠎ᠤᠨ ᠡᠮᠦᠨᠡᠬᠢ ᠪᠡᠯᠡᠳᠬᠡᠯ ᠠᠵᠢᠯ ᠵᠶ᠋ᠠᠨ ᠴᠠᠯᠠᠭ᠋ᠠᠢ᠌ᠷᠠᠵᠤ ᠬᠠᠶᠠᠭᠰᠠᠨ ᠦᠭᠡᠢ᠃ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠶᠢᠩ ᠶᠦᠩ᠂ ᠮᠤᠵᠢ ᠵᠢᠨ ᠳᠠᠷᠤᠭ᠎ᠠ ᠸᠠᠩ ᠰᠢᠶᠤᠤ ᠳ᠋ᠦᠩ ᠪᠣᠯᠤᠨ ᠧ ᠵᠢᠩ ᠫᠢᠩ ᠭᠡᠯᠳᠡᠰ᠎ᠤᠨ ᠳᠠᠷᠤᠭ᠎ᠠ᠂ ᠶᠧ ᠵᠢᠶᠠᠨ ᠴᠦᠨ ᠳᠡᠳ᠋ ᠭᠡᠯᠳᠡᠰ᠎ᠤᠨ ᠳᠠᠷᠤᠭ᠎ᠠ ᠸᠢᠳᠢᠣ᠋᠎ᠪᠠᠷ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠬᠦ ᠠᠵᠢᠯ᠎ᠢ ᠶᠠᠷᠢᠯᠴᠠᠪᠠ᠃ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠶᠢᠩ ᠶᠦᠩ ᠦᠬᠠᠨ᠎ᠳᠤ ᠪᠢᠲᠡᠭᠦᠮᠵᠢᠯᠡᠯ᠎ᠢ ᠲᠠᠢ᠌ᠯᠤᠭᠰᠠᠨ᠎ᠤ ᠬᠤᠶᠠᠳᠤᠭ᠋ᠠᠷ ᠡᠳᠦᠷ᠎ᠨᠢ ᠳᠠᠷᠤᠶ ᠮᠠᠨ᠎ᠤ ᠲᠢᠩᠬᠢᠮ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠳᠠᠷᠠᠭ᠎ᠠ᠎ᠨᠢ ᠪᠠᠰᠠ ᠬᠣᠶᠠᠷ ᠤᠳᠠᠭ᠎ᠠ ᠢᠷᠡᠵᠦ ᠤᠰᠤᠨ ᠠᠰᠢᠭᠯᠠᠯᠲᠠ ᠵᠢᠨ ᠦᠶᠡᠷ᠎ᠢ ᠰᠡᠷᠭᠡᠢ᠌ᠯᠡᠬᠦ ᠠᠵᠢᠯ᠎ᠢ ᠪᠠᠢ᠌ᠴᠠᠭ᠋ᠠᠨ ᠵᠢᠯᠣᠭᠣᠳᠪᠠ᠃ ᠪᠢᠳᠡ ᠤᠰᠤᠨ ᠠᠰᠢᠭᠯᠠᠯᠲᠠ ᠵᠢᠨ ᠶᠠᠮᠤᠨ ᠪᠣᠯᠤᠨ ᠮᠤᠵᠢ ᠵᠢᠨ ᠨᠠᠮ᠎ᠤᠨ ᠬᠣᠷᠢᠶᠠᠨ᠎ᠤ ᠱᠠᠭ᠋ᠠᠷᠳᠠᠯᠭ᠎ᠠ ᠶᠣᠰᠣᠭ᠋ᠠᠷ᠂ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠎ᠤᠨ ᠤᠰᠤ ᠵᠢ ᠰᠡᠷᠭᠡᠢ᠌ᠯᠡᠨ ᠬᠣᠷᠢᠭᠯᠠᠬᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠡᠷ ᠥᠩᠭᠡᠷᠡᠭᠦᠯᠬᠦ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠢ᠌ᠯᠡᠬᠦ᠎ᠪᠠᠷ ᠭᠣᠤᠯᠳᠠᠯᠭ᠎ᠠ ᠪᠣᠯᠭ᠋ᠠᠨ ᠡᠯ᠎ᠡ ᠵᠦᠢᠯ᠎ᠤᠨ ᠦᠶᠡᠷ᠎ᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠦᠶᠡᠷᠯᠡᠬᠦ᠎ᠠᠴᠠ ᠡᠮᠦᠨ᠎ᠡ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ ᠶᠣᠰᠣᠭ᠋ᠠᠷ᠂ ᠤᠰᠤᠨ᠎ᠳᠤ ᠡᠪᠳᠡᠭᠳᠡᠭᠰᠡᠨ ᠤᠰᠤᠨ ᠠᠰᠢᠭᠯᠠᠯᠲᠠ ᠵᠢᠨ ᠪᠡᠯᠡᠳᠬᠡᠮᠵᠢ ᠵᠢ ᠰᠡᠯᠪᠢᠨ ᠵᠠᠰᠠᠬᠤ ᠪᠠ ᠵᠢᠶᠠᠩ ᠬᠠᠨ᠎ᠤ ᠳᠠᠯᠠᠩ ᠬᠠᠰᠢᠯᠭ᠎ᠠ ᠵᠢᠨ 13 ᠭᠣᠤᠯᠳᠠᠯᠭ᠎ᠠ᠎ᠲᠠᠢ ᠢᠯᠡ ᠠᠮᠠ ᠵᠢ ᠪᠥᠭᠯᠡᠬᠦ ᠡᠭᠦᠷᠭᠡ ᠵᠢ ᠪᠡᠶᠡᠯᠡᠭᠦᠯᠪᠡ᠃ ᠭᠣᠤᠯ ᠦᠶᠡᠷ᠎ᠤᠨ ᠬᠤᠭᠤᠴᠠᠭ᠋ᠠᠨ᠎ᠳᠤ᠂ ᠬᠤᠪᠧᠶ᠎ᠳᠤ ᠲᠡᠦᠬᠡᠨ ᠲᠡᠮᠳᠡᠭᠯᠡᠯ᠎ᠲᠠᠢ᠎ᠠᠴᠠ ᠨᠠᠰᠢᠬᠢ ᠪᠣᠷᠣᠭ᠋ᠠᠨ᠎ᠤ ᠬᠣᠶᠠᠳᠤᠭ᠋ᠠᠷ ᠶᠡᠬᠡ ᠬᠦᠢᠯᠡᠰᠦᠨ ᠪᠣᠷᠣᠭ᠋ᠠᠨ᠎ᠤ ᠬᠤᠭᠤᠴᠠᠭ᠎ᠠ ᠲᠣᠬᠢᠶᠠᠯᠳᠤᠵᠤ᠂ ᠦᠶᠡᠷ᠎ᠢ ᠰᠡᠷᠭᠡᠢ᠌ᠯᠡᠬᠦ ᠪᠠᠢ᠌ᠳᠠᠯ ᠲᠤᠢ᠌ᠯ᠎ᠤᠨ ᠬᠦᠨᠳᠦ ᠨᠣᠴᠢᠲᠠᠶ ᠪᠠᠢ᠌ᠵᠤ᠂ ᠬᠠᠷᠢᠶᠠᠨ ᠳᠣᠲᠣᠷᠠᠬᠢ ᠬᠤᠷ᠎ᠠ ᠲᠣᠨᠣᠳᠠᠰᠤ ᠵᠢᠨ ᠬᠡᠮᠵᠢᠶ᠎ᠡ ᠶᠡᠬᠡ᠂ ᠴᠠᠭ ᠣᠷᠳᠣ᠂ ᠬᠡᠪᠴᠢᠶ᠎ᠡ ᠥᠷᠭᠡᠨ ᠪᠠᠢ᠌ᠭᠰᠠᠨ ᠵᠶ᠋ᠡᠷ ᠪᠠᠷᠠᠬᠤ ᠥᠬᠡᠶ᠂ 43 ᠡᠳᠦᠷ᠎ᠲᠤ ᠨᠡᠢ᠌ᠲᠡ 9 ᠤᠳᠠᠭ᠎ᠠ ᠰᠢᠷᠦᠭᠦᠨ ᠪᠣᠷᠣᠭ᠋ᠠᠨ ᠣᠷᠣᠵᠤ᠂ 200 ᠭᠠᠷᠤᠶ ᠥᠷᠲᠡᠭᠡ ᠤᠳᠠᠭ᠎ᠠ ᠵᠢᠨ ᠠᠳᠠᠯᠢ ᠪᠤᠰᠤ ᠬᠤᠭᠤᠴᠠᠭ᠋ᠠᠨ᠎ᠤ ᠬᠤᠷ᠎ᠠ ᠲᠣᠨᠣᠳᠠᠰᠤ ᠵᠢᠨ ᠬᠡᠮᠵᠢᠶ᠎ᠡ ᠲᠡᠦᠬᠡ ᠵᠢᠨ ᠲᠤᠢ᠌ᠯ᠎ᠤᠨ ᠬᠡᠮᠵᠢᠭᠳᠡᠯ᠎ᠢ ᠰᠢᠨᠡᠳᠬᠡᠭᠰᠡᠨ ᠵᠶ᠋ᠡᠷ ᠪᠠᠷᠠᠬᠤ ᠥᠬᠡᠶ᠂ ᠬᠥᠬᠡᠮᠥ᠋ᠷᠡᠨ᠎ᠤ ᠳᠡᠭᠡᠳᠦ ᠤᠷᠤᠰᠬᠠᠯ᠎ᠳᠤ ᠬᠤᠷ᠎ᠠ ᠲᠣᠨᠣᠳᠠᠰᠤ ᠠᠷᠪᠢᠨ᠂ ᠪᠠᠢ᠌ᠳᠠᠯ ᠰᠢᠷᠦᠭᠦᠨ᠂ ᠤᠰᠤᠨ ᠲᠦᠪᠰᠢᠨ ᠥᠨᠳᠥᠷ ᠪᠠᠢ᠌ᠵᠤ᠂ ᠬᠥᠬᠡᠮᠥ᠋ᠷᠡᠨ᠎ᠤ ᠭᠣᠤᠯ ᠤᠷᠤᠰᠬᠠᠯ ᠵᠠᠯᠭ᠋ᠠᠭ᠎ᠠ᠎ᠪᠠᠷ 5 ᠤᠳᠠᠭ᠎ᠠ ᠨᠡᠯᠢᠶᠡᠳ ᠶᠡᠬᠡ ᠦᠶᠡᠷ᠎ᠤᠨ ᠣᠷᠭᠢᠯ ᠵᠶ᠋ᠠᠷ ᠥᠩᠭᠡᠷᠡᠵᠦ᠂ 2840 ᠺᠢᠯᠣᠮᠧᠲᠷ ᠬᠠᠰᠢᠯᠭ᠎ᠠ ᠵᠢᠨ ᠬᠡᠰᠡᠭ᠎ᠨᠢ ᠰᠡᠷᠡᠮᠵᠢᠯᠡᠭᠦᠯᠬᠦ ᠤᠰᠤᠨ ᠲᠦᠪᠰᠢᠨ᠎ᠠᠴᠠ ᠳᠠᠪᠠᠵᠤ᠂ 3 ᠶᠡᠬᠡ ᠨᠠᠭᠤᠷ ᠴᠥᠭᠥᠷᠥᠮ᠎ᠨᠢ ᠪᠠᠲᠤᠯᠠᠭ᠎ᠠ ᠵᠢᠨ ᠤᠰᠤᠨ ᠲᠦᠪᠰᠢᠨ᠎ᠠᠴᠠ ᠳᠠᠪᠠᠭᠰᠠᠨ ᠪᠠᠢ᠌ᠳᠠᠯ ᠢᠯᠡᠷᠡᠪᠡ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠦᠶᠡᠷ᠎ᠤᠨ ᠪᠠᠢ᠌ᠳᠠᠯ᠎ᠤᠨ ᠡᠮᠦᠨ᠎ᠡ᠂ ᠪᠢᠳᠡ ᠦᠶᠡᠷ᠂ ᠭᠠᠩ᠎ᠤᠨ ᠭᠠᠮᠰᠢᠭ᠎ᠢ ᠰᠡᠷᠭᠡᠢ᠌ᠯᠡᠨ ᠬᠣᠷᠢᠭᠯᠠᠬᠠᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠵᠦ᠂ ᠦᠶᠡᠷ ᠪᠣᠷᠣᠭ᠋ᠠᠨ᠎ᠤ ᠪᠠᠢ᠌ᠳᠠᠯ᠎ᠢ ᠰᠢᠨᠵᠢᠯᠡᠬᠦ ᠤᠬᠠᠭ᠋ᠠᠨᠴᠢ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠦᠶᠡᠷ᠎ᠤᠨ ᠤᠰᠤᠨ᠎ᠤ ᠬᠠᠨᠳᠤᠰᠢ ᠵᠢ ᠴᠠᠭ ᠲᠤᠬᠠᠶ᠎ᠳᠤᠨᠢ ᠵᠥᠪᠳᠡᠯᠴᠡᠨ ᠰᠤᠳᠤᠯᠤᠨ ᠮᠠᠭ᠋ᠠᠳᠯᠠᠵᠤ᠂ ᠡᠯ᠎ᠡ ᠲᠥᠷᠥᠯ᠎ᠤᠨ ᠦᠶᠡᠷ᠎ᠢ ᠰᠡᠷᠭᠡᠢ᠌ᠯᠡᠬᠦ ᠪᠠᠷᠢᠯᠭ᠎ᠠ ᠵᠢ ᠨᠠᠷᠢᠯᠢᠭ ᠲᠣᠬᠢᠷᠠᠭᠤᠯᠵᠤ᠂ ᠬᠠᠰᠢᠯᠭ᠎ᠠ ᠳᠠᠯᠠᠩ᠎ᠢ ᠴᠠᠭᠳᠠᠨ ᠪᠠᠢ᠌ᠴᠠᠭ᠋ᠠᠵᠤ ᠰᠡᠷᠭᠡᠢ᠌ᠯᠡᠨ ᠬᠠᠮᠠᠭ᠋ᠠᠯᠠᠬᠤ ᠵᠢ ᠴᠢᠩᠭ᠋ᠠᠳᠬᠠᠨ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠬᠦ ᠢᠯᠠᠯᠲᠠ ᠵᠢ ᠣᠯᠵᠤ᠂ ᠦᠶᠡᠷ ᠤᠰᠤᠲᠤᠯ᠎ᠤᠨ ᠭᠠᠮᠰᠢᠭ᠎ᠤᠨ ᠬᠣᠬᠢᠷᠠᠯ᠎ᠢ ᠪᠦᠲᠦᠮᠵᠢᠲᠡᠶ ᠪᠠᠭ᠋ᠠᠰᠬᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠴᠦᠲᠡᠶ ᠪᠠᠲᠤᠯᠠᠪᠠ᠃
      ᠭᠤᠷᠪᠠ᠎ᠳᠤ᠂ ᠰᠢᠨ᠎ᠡ ᠨᠢᠭᠡ ᠡᠭᠡᠯᠵᠢ ᠵᠢᠨ ᠤᠰᠤᠨ ᠠᠰᠢᠭᠯᠠᠯᠲᠠ ᠵᠢᠨ ᠳᠤᠲᠠᠭᠤᠳᠠᠯ᠎ᠢ ᠨᠥᠬᠥᠪᠥᠷᠢᠯᠡᠬᠦ ᠪᠠᠢ᠌ᠭᠤᠯᠤᠯᠲᠠ ᠵᠢ ᠡᠬᠢᠯᠡᠭᠦᠯᠦᠨ ᠬᠡᠷᠡᠭᠵᠢᠭᠦᠯᠪᠡ᠃ ᠬᠤᠪᠸᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠤ ᠬᠦᠨᠳᠦ ᠭᠠᠮᠰᠢᠭᠳᠠᠭᠰᠠᠨ ᠣᠷᠣᠨ ᠪᠣᠯᠤᠨ᠎ᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠬᠤᠪᠸᠢ ᠵᠢᠨ ᠬᠢᠵᠢᠭ᠎ᠤᠨ ᠳᠠᠷᠠᠭ᠎ᠠ ᠳᠠᠬᠢᠨ ᠰᠡᠷᠭᠦᠨ ᠮᠠᠨᠳᠤᠬᠤ ᠵᠢ ᠮᠠᠰᠢ ᠬᠠᠯᠠᠮᠵᠢᠯᠠᠵᠤ ᠪᠠᠢ᠌ᠪᠠ᠃ ᠤᠰᠤᠨ ᠠᠰᠢᠭᠯᠠᠯᠲᠠ ᠵᠢᠨ ᠶᠠᠮᠤᠨ 5 ᠰᠠᠷ᠎ᠠ ᠵᠢᠨ 6᠎ᠤ ᠡᠳᠦᠷ᠂ ᠬᠤᠪᠸᠢ ᠮᠤᠵᠢ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠲᠠᠢ ᠸᠢᠳᠢᠣ᠋᠎ᠪᠠᠷ ᠬᠠᠷᠢᠯᠴᠠᠵᠤ᠂ ᠬᠤᠪᠸᠢ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠢ᠌ᠭᠤᠯᠤᠯᠲᠠ ᠵᠢ ᠳᠡᠮᠵᠢᠬᠦ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠶᠠᠷᠢᠯᠴᠠᠵᠤ᠂ ᠬᠤᠪᠸᠢ ᠵᠢᠨ ᠬᠣᠢ᠌ᠲᠤ ᠬᠡᠰᠡᠭ᠎ᠤᠨ ᠬᠣᠶᠠᠳᠤᠭ᠋ᠠᠷ ᠬᠤᠭᠤᠴᠠᠭ᠎ᠠ᠂ ᠶᠣᠣ ᠵᠢᠶᠠ ᠫᠢᠩ ᠤᠰᠤᠨ ᠴᠥᠭᠥᠷᠥᠮ ᠵᠡᠷᠭᠡ 9 ᠴᠢᠬᠤᠯᠠ ᠶᠡᠬᠡ ᠲᠥᠷᠥᠯ ᠵᠦᠢᠯ᠎ᠢ ᠡᠩ ᠲᠡᠷᠢᠭᠦᠨ᠎ᠳᠤ ᠪᠥᠬᠥ ᠤᠯᠤᠰ᠎ᠤᠨ 《150 ᠲᠥᠷᠥᠯ ᠵᠦᠢᠯ》᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠦᠯ᠎ᠳᠤ ᠣᠷᠣᠭᠤᠯᠵᠤ᠂ ᠪᠠᠰᠠ 5 ᠴᠢᠬᠤᠯᠠ ᠶᠡᠬᠡ ᠲᠥᠷᠥᠯ ᠵᠦᠢᠯ᠎ᠢ ᠰᠣᠩᠭᠣᠯᠲᠠ᠎ᠳᠤ ᠪᠡᠯᠡᠳᠬᠡᠬᠦ ᠲᠥᠷᠥᠯ ᠵᠦᠢᠯ᠎ᠤᠨ ᠬᠥᠮᠥᠷᠭᠡ᠎ᠳᠤ ᠣᠷᠣᠭᠤᠯᠪᠠ᠃ ᠦᠶᠡᠷ᠎ᠢ ᠰᠡᠷᠭᠡᠢ᠌ᠯᠡᠵᠦ ᠤᠰᠤᠲᠤᠯ᠎ᠢ ᠵᠠᠯᠠᠬᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠡᠷᠭᠡ ᠲᠠᠯ᠎ᠠ᠎ᠪᠠᠷ ᠣᠷᠣᠰᠢᠵᠤ ᠪᠠᠢ᠌ᠭ᠎ᠠ ᠲᠣᠪᠣᠢ᠌ᠮ᠎ᠠ ᠳᠤᠲᠠᠭᠤᠳᠠᠯ᠎ᠢ ᠬᠦᠴᠦᠯᠡᠨ ᠰᠢᠢᠳᠪᠦᠷᠢᠯᠡᠬᠦ ᠵᠢᠨ ᠲᠥᠯᠥᠭᠡ᠂ ᠪᠢᠳᠡ ᠰᠢᠨ᠎ᠡ ᠨᠢᠭᠡ ᠡᠭᠡᠯᠵᠢ ᠵᠢᠨ ᠤᠰᠤᠨ ᠠᠰᠢᠭᠯᠠᠯᠲᠠ ᠵᠢᠨ ᠳᠤᠲᠠᠭᠤᠳᠠᠯ᠎ᠢ ᠨᠥᠬᠥᠪᠥᠷᠢᠯᠡᠬᠦ ᠪᠥᠲᠥᠭᠡᠨ ᠪᠠᠢ᠌ᠭᠤᠯᠤᠯᠲᠠ ᠵᠢ ᠲᠥᠰᠦᠪᠯᠡᠨ ᠬᠡᠷᠡᠭᠵᠢᠭᠦᠯᠦᠭᠰᠡᠨ ᠪᠥᠭᠡᠳ ᠨᠢᠭᠡᠨᠲᠡ ᠬᠤᠪᠸᠢ ᠵᠢᠨ ᠬᠢᠵᠢᠭ᠎ᠤᠨ ᠳᠠᠷᠠᠭ᠋ᠠᠬᠢ ᠳᠤᠲᠠᠭᠤᠳᠠᠯ᠎ᠢ ᠰᠡᠷᠭᠦᠭᠡᠨ ᠨᠥᠬᠥᠪᠥᠷᠢᠯᠡᠬᠦ ᠴᠢᠳᠠᠮᠵᠢ ᠵᠢ ᠴᠢᠩᠭ᠋ᠠᠳᠬᠠᠬᠤ 《ᠠᠷᠪᠠᠨ ᠶᠡᠬᠡ ᠢᠨᠵᠧᠨᠧᠷᠢᠩ》᠎ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ᠎ᠳᠤ ᠵᠢᠭᠰᠠᠭ᠋ᠠᠨ ᠣᠷᠣᠭᠤᠯᠵᠤ᠂ ᠨᠡᠢ᠌ᠲᠡ 127 ᠲᠥᠷᠥᠯ ᠵᠦᠢᠯ᠎ᠳᠤ 1731 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠪᠠ᠃ ᠪᠢᠳᠡ ᠤᠰᠤᠨ ᠠᠰᠢᠭᠯᠠᠯᠲᠠ ᠵᠢᠨ ᠳᠤᠲᠠᠭᠤᠳᠠᠯ᠎ᠢ ᠨᠥᠬᠥᠪᠥᠷᠢᠯᠡᠬᠦ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠮᠤᠵᠢ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠲᠠᠢ ᠵᠥᠪᠳᠡᠯᠴᠡᠨ ᠰᠠᠭ᠋ᠠᠳ ᠥᠬᠡᠶ ᠨᠡᠪᠲᠡᠷᠡᠬᠦ ᠵᠠᠮ᠎ᠢ ᠨᠡᠭᠡᠭᠡᠵᠦ᠂ ᠲᠥᠷᠥᠯ ᠵᠦᠢᠯ᠎ᠢ ᠬᠢᠨᠠᠨ ᠪᠠᠢ᠌ᠴᠠᠭ᠋ᠠᠬᠤ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠳᠥᠭᠥᠮᠴᠢᠯᠡᠵᠦ᠂ ᠬᠡᠰᠡᠭ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠳᠣᠷᠣᠭᠰᠢ ᠪᠠᠭᠤᠯᠭ᠋ᠠᠨ᠂ ᠣᠳᠣᠬᠠᠨ᠎ᠳᠤ 93% ᠵᠢᠨ ᠤᠰᠤᠨ ᠠᠰᠢᠭᠯᠠᠯᠲᠠ ᠵᠢᠨ ᠳᠤᠲᠠᠭᠤᠳᠠᠯ᠎ᠢ ᠨᠥᠬᠥᠪᠥᠷᠢᠯᠡᠬᠦ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠪᠡ᠂ ᠡᠭᠦᠨ᠎ᠳᠤ 48% ᠵᠢᠨ ᠲᠥᠷᠥᠯ ᠵᠦᠢᠯ᠎ᠨᠢ ᠬᠢᠨᠠᠨ ᠵᠥᠪᠰᠢᠶᠡᠷᠡᠬᠦ ᠭᠠᠷᠳᠠᠮ᠎ᠢ ᠪᠡᠶᠡᠯᠡᠭᠦᠯᠪᠡ᠃ ᠪᠢᠳᠡ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠪᠠᠯᠠ ᠮᠥᠩᠭᠥ ᠵᠢ ᠢᠳᠡᠪᠬᠢᠲᠡᠶ ᠴᠤᠭᠯᠠᠭᠤᠯᠵᠤ᠂ 2020 ᠣᠨ᠎ᠳᠤ ᠲᠥᠪ᠎ᠤᠨ ᠪᠠ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠳᠤᠲᠠᠭᠤᠳᠠᠯ᠎ᠢ ᠨᠥᠬᠥᠪᠥᠷᠢᠯᠡᠬᠦ ᠪᠥᠲᠥᠭᠡᠨ ᠪᠠᠢ᠌ᠭᠤᠯᠤᠯᠲᠠ ᠵᠢᠨ ᠪᠠᠯᠠ ᠮᠥᠩᠭᠥ ᠵᠢ ᠨᠡᠢ᠌ᠲᠡ 44 ᠳ᠋ᠦᠩᠰᠢᠭᠤᠷ ᠲᠥᠭᠥᠷᠢᠭ ᠣᠯᠵᠤ᠂ ᠮᠤᠵᠢ ᠵᠢᠨ ᠡᠳ᠋᠎ᠤᠨ ᠵᠠᠰᠠᠭ᠎ᠠᠴᠠ ᠲᠤᠰᠬᠠᠢ᠌ᠯᠠᠨ ᠲᠥᠪ᠎ᠠᠴᠠ ᠪᠠᠭᠤᠯᠭ᠋ᠠᠭᠰᠠᠨ ᠭᠠᠮᠰᠢᠭ᠎ᠤᠨ ᠳᠠᠷᠠᠭ᠋ᠠᠬᠢ ᠳᠠᠬᠢᠨ ᠪᠥᠲᠥᠭᠡᠨ ᠪᠠᠢ᠌ᠭᠤᠯᠬᠤ ᠨᠢᠭᠡ ᠯᠡ ᠤᠳᠠᠭ᠎ᠠ ᠵᠢᠨ ᠴᠢᠨᠠᠷᠲᠠᠶ ᠡᠳ᠋᠎ᠤᠨ ᠬᠦᠴᠦᠨ᠎ᠤ ᠨᠥᠬᠥᠪᠥᠷᠢ ᠮᠥᠩᠭᠥ᠎ᠠᠴᠠ 4.7 ᠳ᠋ᠦᠩᠰᠢᠭᠤᠷ ᠲᠥᠭᠥᠷᠢᠭ᠎ᠢ ᠤᠰᠤᠨ ᠠᠰᠢᠭᠯᠠᠯᠲᠠ ᠵᠢᠨ ᠳᠤᠲᠠᠭᠤᠳᠠᠯ᠎ᠢ ᠨᠥᠬᠥᠪᠥᠷᠢᠯᠡᠬᠦ ᠪᠥᠲᠥᠭᠡᠨ ᠪᠠᠢ᠌ᠭᠤᠯᠤᠯᠲᠠ᠎ᠳᠤ ᠬᠡᠰᠡᠭᠯᠡᠨ ᠬᠡᠷᠡᠭᠯᠡᠪᠡ᠃ ᠡᠯ᠎ᠡ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ᠂ ᠳ᠋ᠦ᠋ ᠵᠢᠶᠠ᠎ᠲᠠᠢ ᠵᠢᠨ ᠦᠶᠡᠷ ᠬᠤᠷᠠᠭᠤᠯᠬᠤ ᠣᠷᠣᠨ᠂ ᠬᠤᠸᠠ ᠶᠠᠩ ᠾᠧ ᠭᠣᠣᠯ᠎ᠤᠨ ᠦᠶᠡᠷ ᠬᠤᠷᠠᠭᠤᠯᠬᠤ ᠣᠷᠣᠨ᠎ᠤ ᠪᠠᠷᠠᠭᠤᠨ ᠬᠠᠰᠢᠯᠭ᠎ᠠ ᠵᠢᠴᠢ ᠲᠤᠮᠤ ᠳᠤᠮᠳᠠ ᠬᠡᠯᠪᠡᠷᠢ ᠵᠢᠨ ᠡᠮᠵᠡᠭ ᠠᠶᠤᠯᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ᠂ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ 34 ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠨᠢᠭᠡᠨᠲᠡ ᠤᠷᠤᠭᠰᠢᠲᠠᠢ ᠠᠬᠢᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠤᠳᠤᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ
ᠤᠰᠤᠨ ᠠᠰᠢᠭᠯᠠᠯᠲᠠ ᠵᠢᠨ ᠶᠠᠮᠤᠨ᠎ᠤ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ᠎ᠳᠤ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ᠎ᠤᠨ ᠪᠠᠲᠤᠯᠠᠭ᠎ᠠ ᠬᠠᠩᠭ᠋ᠠᠪᠠ
ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠶ᠎ᠠ ᠤᠰᠤᠨ ᠠᠰᠢᠭᠯᠠᠯᠲᠠ ᠵᠢᠨ ᠶᠠᠮᠤᠨ᠎ᠤ ᠵᠠᠯᠠᠭᠤ ᠺᠠᠳ᠋ᠷᠴᠤᠳ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠬᠠᠮᠲᠤᠷᠠᠭᠰᠠᠨ ᠰᠤᠷᠤᠯᠴᠠᠬᠤ ᠠᠵᠢᠯᠯᠠᠭ᠎ᠠ ᠦᠷᠨᠢᠬᠦᠯᠪᠡ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠤᠯᠠᠮᠵᠢᠯᠠᠨ ᠰᠤᠷᠤᠯᠴᠠᠪᠠ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ ᠵᠠᠭᠤᠨ ᠵᠢᠯ᠎ᠤᠨ ᠨᠠᠮ᠎ᠤᠨ ᠲᠡᠦᠬᠡ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠬᠦᠯᠵᠦ᠂ ᠰᠢᠶᠧ ᠴᠦᠨ ᠲᠤᠤ ᠬᠠᠪᠰᠤᠷᠤᠨ ᠵᠢᠯᠣᠭᠣᠳᠬᠤ ᠢᠯᠡᠳᠭᠡᠯ ᠬᠢᠪᠡ
 
            