ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ ᠵᠠᠭᠤᠨ ᠵᠢᠯ᠎ᠤᠨ ᠨᠠᠮ᠎ᠤᠨ ᠲᠡᠦᠬᠡ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠬᠦᠯᠵᠦ᠂ ᠰᠢᠶᠧ ᠴᠦᠨ ᠲᠤᠤ ᠬᠠᠪᠰᠤᠷᠤᠨ ᠵᠢᠯᠣᠭᠣᠳᠬᠤ ᠢᠯᠡᠳᠭᠡᠯ ᠬᠢᠪᠡ
ᠨᠡᠶ᠋ᠢᠲᠡᠯᠡᠭᠰᠡᠨ ᠴᠠᠭ᠄ 2021-05-26

     4 ᠰᠠᠷ᠎ᠠ ᠵᠢᠨ 1᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠭᠣᠣᠯ ᠳᠤᠭᠤᠶ᠋ᠢᠯᠠᠩ (  ᠦᠷᠭᠡᠳᠭᠡᠭᠰᠡᠨ)᠎ᠤᠨ ᠰᠤᠷᠤᠯᠴᠠᠬᠤ ᠬᠤᠷᠠᠯ ᠵᠣᠬᠢᠶᠠᠨ ᠪᠠᠶ᠋ᠢᠭᠤᠯᠵᠤ᠂ ᠵᠠᠭᠤᠨ ᠵᠢᠯ᠎ᠤᠨ ᠨᠠᠮ᠎ᠤᠨ ᠲᠡᠦᠬᠡ ᠵᠢ ᠲᠤᠰᠬᠠᠢ ᠰᠡᠳᠦᠪ ᠵᠶ᠋ᠡᠷ ᠰᠤᠷᠤᠯᠴᠠᠪᠠ᠃ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ᠂ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠳᠡᠳ᠋ ᠵᠠᠬᠢᠷᠤᠯ ᠰᠢᠶᠧ ᠴᠦᠨ ᠲᠤᠤ ᠤᠷᠢᠯᠭ᠎ᠠ᠎ᠪᠠᠷ ᠢᠷᠡᠵᠦ ᠬᠠᠪᠰᠤᠷᠤᠨ ᠵᠢᠯᠣᠭᠣᠳᠬᠤ ᠢᠯᠡᠳᠭᠡᠯ ᠬᠢᠵᠡᠢ᠃ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠰᠠᠶ᠋ᠢᠳ ᠯᠢ   ᠭᠦᠸᠸ ᠶᠢᠩ ᠬᠤᠷᠠᠯ᠎ᠳᠤ ᠣᠷᠣᠯᠴᠠᠪᠠ᠃
      ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠲᠢᠶᠠᠨ ᠰᠢᠦᠸᠠᠢ ᠪᠢᠨ ᠰᠤᠷᠤᠯᠴᠠᠯᠭ᠎ᠠ ᠵᠢᠨ ᠬᠤᠷᠠᠯ᠎ᠢ ᠡᠷᠬᠢᠯᠡᠵᠦ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠲᠢᠶᠠᠨ ᠶᠧ᠂ ᠶᠠᠮᠤᠨ᠎ᠤ ᠲᠡᠳ᠋ ᠰᠠᠢ᠌ᠳ ᠯᠤ᠌ ᠬᠦᠢ ᠬᠤᠸᠠ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠸᠧᠢ ᠱᠠᠨ ᠵᠦᠩ ᠰᠤᠷᠤᠯᠴᠠᠯᠭ᠎ᠠ᠎ᠳᠤ ᠣᠷᠣᠯᠴᠠᠵᠠᠢ᠃
      ᠰᠢᠶᠧ ᠴᠦᠨ ᠲᠤᠤ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠮᠡᠴᠡᠯ᠎ᠤᠨ ᠲᠡᠦᠬᠡ ᠪᠣᠯᠤᠨ ᠰᠡᠩᠬᠡᠷᠡᠭᠦᠯᠦᠯ》 ᠭᠡᠬᠦ ᠰᠡᠳᠦᠪ ᠵᠶ᠋ᠡᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠬᠠᠲᠠᠭᠤᠵᠢᠯᠲᠠᠢ ᠲᠡᠮᠡᠴᠡᠯ᠎ᠤᠨ ᠲᠡᠦᠬᠡᠨ ᠶᠠᠪᠤᠴᠠ ᠵᠢ ᠡᠷᠭᠢᠴᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠲᠤᠷᠰᠢᠬᠢ ᠡᠯ᠎ᠡ ᠴᠠᠭ ᠦᠶ᠎ᠡ᠎ᠳᠠᠬᠢ ᠠᠭᠤᠤ ᠶᠡᠬᠡ ᠬᠤᠪᠢ ᠨᠡᠮᠡᠷᠢ ᠵᠢ ᠭᠦᠨᠵᠡᠭᠡᠢ ᠲᠤᠭᠴᠢᠵᠤ᠂ ᠨᠠᠮ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠢ ᠲᠡᠤᠬᠡ᠎ᠠᠴᠠ ᠤᠯᠭᠤᠭᠰᠠᠨ ᠴᠢᠬᠤᠯᠠ ᠰᠡᠩᠬᠡᠷᠡᠭᠦᠯᠦᠯ᠎ᠢ ᠨᠠᠷᠢᠯᠢᠭ ᠤᠨᠤᠪᠴᠢᠳᠠᠢ ᠳ᠋ᠦᠩᠨᠡᠬᠦ ᠵᠢᠨ ᠬᠠᠮᠳᠤ ᠦᠷᠭᠡᠨ ᠤᠯᠠᠨ ᠨᠠᠮ᠎ᠤᠨ ᠭᠡᠰᠢᠬᠦᠨ ᠺᠠᠳ᠋ᠷᠴᠤᠳ᠎ᠤᠨ ᠨᠠᠮ᠎ᠤᠨ ᠲᠡᠤᠬᠡ ᠵᠢ ᠰᠠᠢ᠌ᠳᠤᠷ ᠰᠤᠷᠤᠯᠴᠠᠬᠤ᠂ ᠰᠠᠢ᠌ᠳᠤᠷ ᠤᠯᠠᠮᠵᠢᠯᠠᠬᠤ᠂ ᠰᠠᠢ᠌ᠳᠤᠷ ᠪᠠᠳᠠᠷᠠᠭᠤᠯᠬᠤ ᠵᠢᠨ ᠴᠢᠬᠤᠯᠠ ᠠᠴᠢ ᠬᠤᠯᠪᠤᠭᠳᠠᠯ᠎ᠢ ᠬᠦᠨᠵᠡᠭᠡᠢ ᠲᠠᠢ᠌ᠯᠪᠤᠷᠢᠯᠠᠪᠠ᠃
      ᠲᠢᠶᠠᠨ ᠰᠢᠦᠸᠠᠢ ᠪᠢᠨ ᠱᠠᠭ᠋ᠠᠷᠳᠠᠭᠰᠠᠨ᠎ᠨᠢ᠄ ᠡᠯ᠎ᠡ ᠵᠤᠷᠭ᠋ᠠᠨ ᠲᠣᠪᠴᠢᠶ᠎ᠠ ᠡᠯ᠎ᠡ   ᠪᠠᠢ᠌ᠭᠤᠯᠭ᠎ᠠ ᠨᠢᠭᠡᠴᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠡᠦᠬᠡ ᠰᠤᠷᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠨᠡᠭᠡᠭᠡᠬᠦ ᠵᠢᠨ ᠲᠤᠭᠤᠷᠢᠨ᠎ᠳᠤ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷᠵᠢᠯ ᠵᠶ᠋ᠠᠷ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠠᠳᠬᠤᠵᠤ᠂ ᠲᠡᠦᠬᠡ ᠰᠤᠷᠤᠯᠴᠠᠵᠤ ᠶᠤᠰᠤ ᠤᠴᠢᠷ᠎ᠢ ᠤᠢ᠌ᠯᠠᠭ᠋ᠠᠬᠤ᠂ ᠲᠡᠦᠬᠡ ᠰᠤᠷᠤᠯᠴᠠᠵᠤ ᠢᠲᠡᠭᠡᠯ ᠵᠶ᠋ᠡᠨ ᠨᠡᠮᠡᠭᠳᠡᠭᠦᠯᠬᠦ᠂ ᠲᠡᠦᠬᠡ ᠰᠤᠷᠤᠯᠴᠠᠵᠤ ᠶᠤᠰᠤ ᠰᠤᠷᠳᠠᠬᠤᠨ᠎ᠢ ᠡᠷᠬᠢᠮᠯᠡᠬᠦ᠂ ᠲᠡᠤᠬᠡ ᠰᠤᠷᠤᠯᠴᠠᠵᠤ ᠪᠤᠳᠠᠳᠠᠢ ᠠᠵᠢᠯ ᠬᠢᠬᠦ ᠵᠢ ᠦᠨᠡᠨ ᠬᠦ᠌ ᠬᠢᠵᠦ ᠲᠡᠢ᠌ᠯᠦᠨ᠂ ᠨᠠᠮ᠎ᠤᠨ ᠵᠠᠭᠤᠨ ᠵᠢᠯ᠎ᠤᠨ ᠠᠭᠤᠤ ᠶᠡᠬᠡ ᠲᠡᠮᠡᠴᠡᠯ᠎ᠤᠨ ᠲᠡᠤᠬᠡᠨ ᠶᠠᠪᠤᠴᠠ ᠲᠤᠮᠳᠠ᠎ᠠᠴᠠ ᠦᠷᠬᠦᠯᠵᠢᠯᠡᠨ ᠤᠷᠤᠭᠰᠢᠯᠠᠬᠤ ᠤᠶᠤᠨ ᠤᠬᠠᠭ᠋ᠠᠨ ᠪᠠ ᠬᠦᠴᠦᠨ ᠴᠢᠳᠠᠪᠤᠷᠢ ᠤᠯᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠳᠠ ᠵᠢᠨ ᠴᠢᠨᠠᠷ ᠰᠠᠢ᠌ᠳᠠᠢ ᠬᠦᠭᠵᠢᠯᠳᠡ ᠵᠢ ᠴᠢᠷᠮᠠᠢ᠌ᠨ ᠲᠦᠯᠬᠢᠨ ᠠᠬᠢᠭᠤᠯᠵᠤ᠂ ᠰᠢᠯᠢᠳᠡᠭ ᠬᠢᠷᠢ ᠪᠦᠳᠦᠮᠵᠢ᠎ᠪᠠᠷ ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠶ᠎ᠡ ᠭᠡᠪᠡ᠃
      ᠶᠠᠮᠤᠨ᠎ᠤ ᠶᠡᠷᠦᠩᠬᠡᠢ ᠠᠵᠤ ᠠᠬᠤᠢ᠌ᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤᠴᠠᠯᠭ᠋ᠠᠲᠠᠨ ᠨᠥᠬᠥᠳ᠂ ᠶᠠᠮᠤᠨ᠎ᠤ ᠪᠠᠢ᠌ᠭᠤᠯᠭ᠎ᠠ ᠵᠢᠨ ᠡᠯ᠎ᠡ ᠵᠤᠷᠭ᠋ᠠᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ᠂ ᠪᠡᠭᠡᠵᠢᠩ᠎ᠳᠤ ᠪᠠᠶ᠋ᠢᠭ᠎ᠠ ᠰᠢᠭᠤᠳ ᠬᠠᠷᠢᠶ᠎ᠠ ᠨᠢᠭᠡᠴᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ ᠭᠣᠣᠯ ᠬᠤᠷᠠᠯ᠎ᠤᠨ ᠲᠠᠯᠠᠪᠠᠢ᠎ᠳᠤ ᠰᠤᠷᠤᠯᠴᠠᠯᠭ᠎ᠠ᠎ᠳᠤ ᠣᠷᠣᠯᠴᠠᠪᠠ᠃ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠶᠠᠮᠤᠨ᠎ᠤ ᠪᠠᠶ᠋ᠢᠭᠤᠯᠭ᠎ᠠ ᠵᠢᠨ ᠵᠤᠷᠭ᠋ᠠᠨ ᠲᠣᠪᠴᠢᠶᠠᠨ᠎ᠤ ᠪᠤᠰᠤᠳ ᠺᠠᠳ᠋ᠷ ᠠᠵᠢᠯᠲᠠᠨ᠂ ᠡᠯ᠎ᠡ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠸᠢᠳᠢᠤ᠋ ᠬᠤᠷᠠᠯ᠎ᠤᠨ ᠰᠢᠰᠲ᠋ᠧᠮ ᠵᠶ᠋ᠡᠷ ᠳᠠᠮᠵᠢᠨ ᠰᠤᠷᠤᠯᠴᠠᠯᠭ᠎ᠠ᠎ᠳᠤ ᠣᠷᠣᠯᠴᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ 《ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ》 ᠭᠡᠬᠦ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠦᠷᠨᠢᠬᠦᠯᠪᠡ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠬᠢᠭᠤᠯᠬᠤ ᠬᠤᠷᠠᠯ ᠬᠢᠪᠡ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠪᠠ 2021 ᠣᠨ᠎ᠤ ᠨᠠᠮ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠵᠠᠯᠠᠭᠤ ᠺᠠᠳ᠋ᠷᠴᠤᠳ᠎ᠤᠨ《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠨᠠᠮ ᠵᠶ᠋ᠠᠨ ᠲᠠᠭ᠋ᠠᠬᠤ》 ᠰᠤᠷᠤᠯᠴᠠᠯᠭ᠎ᠠ ᠰᠣᠯᠢᠯᠴᠠᠭ᠋ᠠᠨ᠎ᠤ ᠬᠤᠷᠠᠯ ᠬᠤᠷᠠᠯᠳᠤᠭᠤᠯᠪᠠ
 
            