ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ 3 ᠰᠠᠷ᠎ᠠ ᠵᠢᠨ 25᠎ᠤ ᠡᠳᠦᠷ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠯᠢ ᠭᠦᠸᠧ ᠶᠢᠩ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ (ᠦᠷᠭᠡᠳᠭᠡᠭᠰᠡᠨ)᠎ᠤᠨ ᠰᠤᠷᠤᠯᠴᠠᠯᠭ᠎ᠠ ᠵᠢ ᠡᠷᠬᠢᠯᠡᠨ ᠬᠤᠷᠠᠯᠳᠤᠭᠤᠯᠵᠤ᠂ 《ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ》 ᠭᠡᠬᠦ ᠲᠤᠰᠬᠠᠢ ᠰᠡᠳᠦᠪ ᠵᠶ᠋ᠡᠷ ᠰᠤᠷᠤᠯᠴᠠᠨ ᠰᠤᠳᠤᠯᠤᠨ ᠶᠠᠷᠢᠯᠴᠠᠭ᠎ᠠ ᠬᠢᠪᠡ᠃ ᠶᠠᠮᠤᠨ᠎ᠤ ᠤᠳᠤᠷᠢᠳᠤᠯᠭ᠎ᠠ ᠲᠢᠶᠠᠨ ᠰᠢᠦᠸᠠᠢ ᠪᠢᠨ᠂ ᠲᠢᠶᠠᠨ ᠶᠸ᠂ ᠯᠦ᠍ ᠬᠦᠢ ᠬᠤᠸᠠ᠂ ᠸᠸᠢ ᠱᠠᠨ ᠵᠦᠩ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠰᠣᠯᠢᠯᠴᠠᠭ᠎ᠠ ᠬᠢᠪᠡ᠃
ᠯᠢ ᠭᠦᠸᠸ ᠶᠢᠩ ᠬᠡᠯᠡᠬᠦ᠎ᠳᠡᠭᠡᠨ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ᠎ᠠᠴᠠ ᠡᠬᠢᠯᠡᠭᠡᠳ ᠰᠢᠨ᠎ᠡ ᠳᠤᠮᠳᠠᠳᠤ ᠤᠯᠤᠰ᠎ᠢ ᠪᠠᠢ᠌ᠭᠤᠯᠤᠭᠳᠠᠬᠤ ᠦᠶ᠎ᠡ ᠬᠦᠷᠳᠡᠯᠡᠬᠢ ᠲᠡᠦᠬᠡ ᠪᠣᠯᠤᠨ᠎ᠠ᠃ ᠲᠡᠷᠡ᠎ᠨᠢ ᠮᠠᠨ᠎ᠤ ᠨᠠᠮ᠎ᠤᠨ ᠠᠯᠬᠤᠮ ᠠᠯᠬᠤᠮ ᠵᠶ᠋ᠡᠷ ᠪᠠᠭ᠎ᠠ᠎ᠠᠴᠠ᠎ᠪᠠᠨ ᠲᠤᠮᠤ ᠪᠤᠯᠤᠭᠰᠠᠨ᠂ ᠪᠠᠭᠤᠷᠠᠢ᠎ᠠᠴᠠ᠎ᠪᠠᠨ ᠬᠦᠴᠦᠷᠬᠡᠭ ᠪᠤᠯᠤᠭᠰᠠᠨ᠂ ᠢᠯᠠᠯᠳᠠ᠎ᠠᠴᠠ ᠨᠡᠩ ᠶᠡᠬᠡ ᠢᠯᠠᠯᠳᠠ᠎ᠳᠤ ᠲᠠᠰᠤᠷᠠᠯᠳᠠ ᠦᠭᠡᠢ ᠬᠦᠷᠦᠭᠰᠡᠨ ᠡᠬᠦᠳᠦᠯᠳᠡ ᠵᠢᠨ ᠲᠡᠤᠬᠡ᠂ ᠲᠡᠮᠡᠴᠡᠯ᠎ᠤᠨ ᠲᠡᠤᠬᠡ ᠪᠤᠯᠤᠨ᠎ᠠ᠃ ᠮᠦᠨ ᠴᠤ᠌ ᠮᠠᠨ᠎ᠤ ᠨᠠᠮ ᠲᠤᠮᠳᠠᠳᠤ ᠵᠢᠨ ᠠᠷᠠᠳ ᠲᠦᠮᠡᠨ᠎ᠢ ᠤᠳᠤᠷᠢᠳᠤᠨ《ᠭᠤᠷᠪᠠᠨ ᠲᠤᠮᠤ ᠠᠭᠤᠯᠠ》 ᠵᠢ ᠲᠦᠯᠬᠢᠨ ᠨᠤᠷᠠᠭ᠋ᠠᠵᠤ᠂ ᠦᠨᠳᠦᠰᠦᠲᠡᠨ᠎ᠤ ᠲᠤᠰᠠᠭ᠋ᠠᠷ ᠲᠤᠭᠳᠠᠨᠢᠯ ᠪᠤᠯᠤᠨ ᠠᠷᠠᠳ ᠲᠦᠮᠡᠨ᠎ᠤ ᠴᠢᠯᠦᠭᠡᠯᠡᠯᠳᠡ ᠵᠢ ᠤᠯᠤᠭᠰᠠᠨ ᠲᠡᠮᠡᠴᠡᠯ᠎ᠤᠨ ᠲᠡᠤᠬᠡ ᠪᠤᠯᠤᠨ᠎ᠠ᠃ ᠰᠤᠷᠤᠯᠴᠠᠯᠭ᠎ᠠ᠎ᠪᠠᠷ ᠲᠠᠮᠵᠢᠨ᠂ ᠬᠤᠪᠢᠰᠬᠠᠯᠲᠤ ᠵᠠᠰᠠᠭ᠎ᠤᠨ ᠬᠢᠯᠪᠠᠷ ᠪᠤᠰᠤ᠎ᠪᠠᠷ ᠢᠷᠡᠭᠰᠡᠨ᠂ ᠰᠢᠨ᠎ᠡ ᠳᠤᠮᠳᠠᠳᠤ ᠤᠯᠤᠰ᠎ᠤᠨ ᠬᠢᠯᠪᠠᠷ ᠪᠤᠰᠤ᠎ᠪᠠᠷ ᠪᠠᠢ᠌ᠭᠤᠯᠤᠭᠳᠠᠭᠰᠠᠨ ᠵᠢ ᠬᠦᠨᠵᠡᠭᠡᠢ ᠲᠠᠨᠢᠵᠤ᠂ ᠨᠢᠭᠡᠨ ᠴᠢᠩᠭ᠎ᠠ ᠬᠦᠴᠦᠲᠡᠢ ᠤᠳᠤᠷᠢᠳᠬᠤ ᠭᠣᠣᠯᠯᠠᠭᠴᠢ ᠵᠢᠨ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠲᠤ ᠦᠵᠡᠭᠦᠯᠬᠦ ᠲᠤᠶ᠋ᠢᠯ᠎ᠤᠨ ᠴᠢᠬᠤᠯᠠ ᠴᠢᠨᠠᠷ᠎ᠢ ᠭᠦᠨᠵᠡᠭᠡᠢ ᠤᠢ᠌ᠯᠠᠭ᠋ᠠᠵᠤ᠂ ᠳᠤᠮᠳᠠᠳᠤ ᠤᠯᠤᠰᠴᠢᠯᠠᠭᠰᠠᠨ ᠮᠠᠷᠺᠰ᠎ᠤᠨ ᠦᠵᠡᠯ᠎ᠨᠢ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ ᠣᠨᠣᠯ᠎ᠤᠨ ᠬᠡᠪ ᠴᠢᠨᠠᠷ᠎ᠢ ᠬᠦᠨᠵᠡᠭᠡᠢ ᠲᠠᠨᠢᠵᠤ᠂ ᠨᠠᠮ᠎ᠤᠨ ᠲᠡᠮᠡᠴᠡᠯ᠎ᠤᠨ ᠦᠢ᠍ᠯᠡᠳᠦᠯᠭᠡ ᠵᠢᠨ ᠳᠤᠮᠳᠠ ᠪᠦᠷᠢᠯᠳᠦᠭᠰᠡᠨ ᠰᠢᠷᠢᠰ ᠭᠡᠷᠡᠯ ᠰᠠᠴᠤᠷᠠᠩᠭᠤᠢ ᠤᠯᠠᠮᠵᠢᠯᠠᠯ ᠪᠠ ᠰᠢᠯᠢᠳᠡᠭ ᠰᠤᠷᠳᠠᠯ᠎ᠤᠨ ᠴᠠᠭ ᠦᠶ᠎ᠡ ᠵᠢᠨ ᠦᠨ᠎ᠡ ᠦᠷᠲᠡᠭ᠎ᠢ ᠬᠦᠨᠵᠡᠭᠡᠢ ᠲᠠᠨᠢᠬᠤ ᠬᠡᠷᠡᠭᠲᠡᠢ ᠭᠡᠪᠡ᠃
ᠯᠢ ᠬᠦᠸᠸ ᠶᠢᠩ᠂ ᠨᠠᠮ᠎ᠤᠨ ᠲᠡᠦᠬᠡ ᠪᠣᠯ ᠬᠠᠮᠤᠭ᠎ᠤᠨ ᠠᠮᠢᠳᠤ ᠳᠦᠷᠰᠦᠯᠢᠭ᠂ ᠬᠠᠮᠤᠭ᠎ᠤᠨ ᠪᠢᠰᠢᠷᠡᠭᠦᠯᠬᠦ ᠬᠦᠴᠦᠨ᠎ᠲᠠᠢ ᠰᠤᠷᠬᠤ ᠪᠢᠴᠢᠭ ᠮᠥᠨ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠠᠴᠠ ᠤᠷᠤᠭᠰᠢᠯᠠᠯᠲᠠ ᠵᠢᠨ ᠣᠶᠤᠨ ᠤᠬᠠᠭ᠋ᠠᠨ ᠪᠠ ᠬᠦᠴᠦᠨ᠎ᠢ ᠣᠯᠵᠤ᠂ ᠨᠠᠮ᠎ᠤᠨ ᠲᠡᠦᠬᠡᠨ ᠰᠤᠷᠤᠯᠴᠠᠯᠭ᠎ᠠ ᠵᠢᠨ ᠳᠤᠮᠳᠠ ᠰᠢᠨ᠎ᠡ ᠱᠠᠲᠤᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠦᠵᠡᠯ ᠰᠠᠨᠠᠭ᠋ᠠᠨ᠎ᠤ ᠠᠭᠤᠤ ᠬᠦᠴᠦᠨ᠎ᠢ ᠤᠯᠠᠮ ᠨᠢᠭᠡ ᠠᠯᠬᠤᠮ ᠤᠢ᠌ᠯᠠᠭ᠋ᠠᠨ ᠮᠡᠳᠡᠷᠡᠵᠦ᠂ ᠨᠠᠮ᠎ᠤᠨ ᠬᠢᠯᠪᠠᠷ ᠪᠤᠰᠤ ᠲᠡᠦᠬᠡᠨ ᠶᠠᠪᠤᠴᠠ᠎ᠠᠴᠠ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠦᠴᠦᠨ ᠪᠣᠯᠤᠨ ᠦᠢ᠍ᠯᠡᠳᠦᠯᠭᠡ ᠵᠢᠨ ᠬᠦᠴᠦᠨ᠎ᠢ ᠭᠦᠨᠵᠡᠭᠡᠢ ᠣᠶ᠋ᠢᠯᠠᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠴᠥᠬᠥᠷᠡᠰᠢ ᠥᠬᠡᠢ ᠪᠠᠷᠢᠮᠲᠠᠯᠠᠨ᠂ ᠨᠠᠮ᠎ᠤᠨ ᠰᠢᠨ᠎ᠡ ᠵᠢ ᠡᠭᠦᠳᠬᠦ ᠣᠨᠣᠯ᠎ᠤᠨ ᠰᠢᠨ᠎ᠡ ᠦᠷ᠎ᠡ ᠪᠦᠲᠦᠮᠵᠢ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠤᠨ᠂ ᠠᠵᠢᠯ ᠵᠶ᠋ᠠᠨ ᠠᠬᠢᠭᠤᠯᠬᠤ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠦᠢ᠍ᠯᠡᠳᠦᠯᠭᠡᠵᠢᠭᠦᠯᠵᠦ᠂ ᠨᠠᠮ᠎ᠤᠨ ᠲᠡᠦᠬᠡ ᠰᠤᠷᠤᠯᠴᠠᠯᠭ᠎ᠠ ᠵᠢᠨ ᠳᠤᠮᠳᠠ ᠤᠭ ᠰᠠᠨᠠᠭ᠎ᠠ ᠵᠢ ᠰᠠᠬᠢᠬᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠶ᠋ᠡᠨ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠠᠵᠢᠯ᠎ᠢ ᠠᠷᠠᠳ᠎ᠤᠨ ᠠᠮᠢᠳᠤᠷᠠᠯ᠎ᠲᠠᠢ ᠬᠤᠯᠪᠤᠭᠳᠠᠭᠤᠯᠵᠤ᠂ ᠠᠷᠠᠳ᠎ᠤᠨ ᠰᠡᠳᠬᠢᠯ᠎ᠲᠠᠢ ᠬᠤᠯᠪᠤᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠨᠡᠩ ᠣᠯᠠᠨ ᠨᠡᠩ ᠭᠣᠣᠯᠴᠢ᠎ᠪᠠᠷ ᠪᠦᠬᠦ ᠠᠷᠠᠳ ᠲᠦᠮᠡᠨ᠎ᠳᠤ ᠠᠰᠢᠭ ᠬᠦᠷᠲᠡᠭᠡᠬᠦ ᠵᠢ ᠴᠢᠷᠮᠠᠶ᠋ᠢᠨ ᠠᠬᠢᠭᠤᠯᠬᠤ ᠬᠡᠷᠡᠭᠲᠡᠢ᠃ ᠬᠤᠪᠢᠰᠬᠠᠯᠲᠤ ᠵᠣᠷᠢᠭ ᠰᠠᠨᠠᠭ᠎ᠠ᠎ᠪᠠᠨ ᠤᠯᠠᠮ ᠨᠢᠭᠡ ᠠᠯᠬᠤᠮ ᠪᠠᠳᠠᠷᠠᠭᠤᠯᠵᠤ᠂ ᠨᠠᠮ᠎ᠤᠨ ᠲᠡᠦᠬᠡ᠎ᠳᠤ ᠠᠴᠢᠶᠠᠯᠠᠭᠰᠠᠨ ᠬᠤᠪᠢᠰᠬᠠᠯᠲᠤ ᠭᠧᠨ ᠪᠣᠯᠤᠨ ᠣᠶᠤᠨ ᠰᠠᠨᠠᠭ᠋ᠠᠨ᠎ᠤ ᠴᠠᠳᠢᠭ᠎ᠤᠨ ᠰᠢᠰᠲᠸᠮ᠎ᠢ ᠭᠦᠨᠵᠡᠭᠡᠢ ᠣᠶ᠋ᠢᠯᠠᠭ᠋ᠠᠵᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠵᠶ᠋ᠠᠷ ᠢᠲᠡᠭᠡᠯ ᠵᠶ᠋ᠡᠨ ᠪᠠᠲᠤᠳᠬᠠᠵᠤ᠂ ᠬᠦᠴᠦᠨ ᠵᠶ᠋ᠡᠨ ᠨᠢᠭᠳᠠᠷᠠᠭᠤᠯᠵᠤ᠂ ᠤᠰᠤᠨ ᠠᠰᠢᠭᠯᠠᠯᠳᠠ ᠵᠢᠨ ᠠᠵᠢᠯᠳᠠᠳ᠎ᠤᠨ ᠰᠢᠨ᠎ᠡ ᠠᠶᠠᠨ ᠵᠠᠮ᠎ᠳᠤ ᠤᠷᠤᠵᠤ᠂ ᠰᠢᠨ᠎ᠡ ᠴᠠᠭ ᠦᠶ᠎ᠡ᠎ᠳᠤ ᠡᠷᠡᠯᠬᠡᠭᠯᠡᠯ ᠤᠷᠤᠭᠰᠰᠢᠯᠠᠬᠤ ᠵᠤᠷᠢᠭ ᠰᠠᠨᠠᠭ᠎ᠠ ᠵᠢ ᠲᠠᠢ᠌ᠴᠢᠯᠠᠬᠤ ᠬᠡᠷᠡᠭᠲᠡᠢ᠃ ᠠᠯᠬᠤᠮ ᠨᠢᠭᠡᠳᠡᠢ ᠪᠠᠢ᠌ᠬᠤ ᠵᠢ ᠦᠨᠡᠨ ᠬᠦ᠌ ᠪᠠᠳᠤᠯᠠᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠮᠡᠳᠡᠷᠡᠮᠵᠢ ᠵᠢᠨ ᠬᠦᠴᠦᠨ᠂ ᠤᠯᠤᠰ ᠲᠥᠷᠥ ᠵᠢᠨ ᠭᠦᠢ᠍ᠴᠡᠳᠬᠡᠬᠦ ᠬᠦᠴᠦᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂《ᠬᠤᠶᠠᠷ᠎ᠢ ᠬᠠᠮᠠᠭ᠋ᠠᠯᠠᠬᠤ》 ᠵᠢ ᠦᠨᠡᠨ ᠬᠦ᠌ ᠬᠢᠵᠦ ᠲᠡᠢ᠌ᠯᠦᠨ᠂ ᠦᠵᠡᠯ ᠰᠠᠨᠠᠭ᠋ᠠᠨ᠎ᠤ ᠲᠠᠯ᠎ᠠ᠎ᠪᠠᠷ ᠤᠯᠤᠰ ᠲᠥᠷᠥ ᠵᠢᠨ ᠲᠠᠯ᠎ᠠ᠎ᠪᠠᠷ ᠤᠬᠠᠮᠰᠠᠷ᠎ᠠᠴᠠ᠎ᠪᠠᠨ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠵᠢ ᠪᠡᠶᠡᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠯᠢ ᠭᠦᠸᠧ ᠵᠢᠩ ᠵᠢᠭ᠋ᠠᠵᠤ ᠭᠠᠷᠭ᠋ᠠᠭᠰᠠᠨ᠎ᠨᠢ᠂ ᠳᠠᠷᠠᠭ᠎ᠠ ᠠᠯᠬᠤᠮ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ ᠳᠤᠮᠳᠠ ᠨᠠᠮ᠎ᠤᠨ ᠲᠥᠪ ᠬᠣᠷᠢᠶ᠎ᠠ ᠵᠢᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠰᠤᠷᠤᠯᠴᠠᠯᠭ᠎ᠠ ᠵᠢᠨ ᠠᠭᠤᠯᠭ᠎ᠠ ᠵᠢᠨ ᠪᠣᠭᠣᠮᠲᠠ᠂ ᠠᠬᠢᠴᠠ ᠵᠢᠨ ᠪᠣᠭᠣᠮᠲᠠ᠂ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠵᠤ᠂ ᠲᠣᠭᠲᠠᠭᠰᠠᠨ ᠬᠥᠳᠡᠯᠭᠡᠭᠡᠨ᠎ᠤ ᠵᠦᠢ᠍ᠯ᠎ᠢ ᠣᠷᠬᠢᠭᠳᠠᠭᠤᠯᠬᠤ ᠦᠭᠡᠢ᠂ ᠬᠡᠯᠪᠡᠷᠢ ᠵᠢ ᠬᠤᠪᠢᠷᠠᠭᠤᠯᠬᠤ ᠦᠭᠡᠢ᠂ ᠦᠯᠢᠭᠡᠷ ᠶᠠᠩᠵᠤ ᠪᠣᠯᠭ᠋ᠠᠨ ᠬᠤᠪᠢᠷᠠᠭᠤᠯᠬᠤ ᠦᠭᠡᠢ ᠥᠪᠡᠷ ᠵᠶ᠋ᠡᠨ ᠰᠣᠩᠭᠣᠬᠤ ᠬᠥᠳᠡᠯᠭᠡᠭᠡᠨ᠎ᠢ ᠦᠨᠡᠨ ᠪᠣᠳᠠᠲᠠᠢ ᠬᠢᠵᠦ᠂ ᠪᠣᠳᠠᠲᠤ ᠪᠦᠲᠦᠮᠵᠢ ᠵᠢ ᠴᠢᠬᠤᠯᠠᠴᠢᠯᠠᠬᠤ ᠬᠡᠷᠡᠭᠲᠡᠢ ᠭᠡᠪᠡ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠤᠰᠤᠨ ᠠᠰᠢᠭᠯᠠᠯᠲᠠ ᠵᠢᠨ ᠡᠯ᠎ᠡ ᠲᠥᠷᠥᠯ᠎ᠤᠨ ᠠᠵᠢᠯ᠎ᠢ ᠰᠠᠶ᠋ᠢᠲᠤᠷ ᠬᠢᠬᠦ᠎ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠪᠣᠯᠤᠨ ᠡᠳᠦᠷ ᠳᠣᠳᠣᠮ᠎ᠤᠨ ᠠᠵᠢᠯ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠪᠣᠳᠠᠲᠠᠢ ᠶᠠᠪᠤᠳᠠᠯ᠎ᠢ ᠦᠨᠡᠨ ᠬᠦ᠌ ᠰᠠᠶ᠋ᠢᠲᠤᠷ ᠬᠢᠵᠦ᠂ ᠰᠤᠷᠤᠯᠴᠠᠯᠭ᠎ᠠ ᠬᠥᠮᠦᠵᠢᠯ᠎ᠢ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ᠎ᠲᠠᠢ ᠨᠢᠭᠳᠠ ᠤᠶᠠᠯᠳᠤᠭᠤᠯᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠢᠭᠤᠳ ᠵᠣᠬᠢᠶᠠᠨ ᠪᠠᠢ᠌ᠭᠤᠯᠤᠭᠰᠠᠨ ᠪᠠ ᠰᠠᠶ᠋ᠢᠲᠤᠷ ᠡᠷᠬᠢᠯᠡᠬᠦ᠎ᠪᠠᠷ ᠪᠠᠢ᠌ᠭ᠎ᠠ ᠨᠠᠢ᠍ᠮᠠᠨ ᠪᠣᠳᠠᠲᠤ ᠶᠠᠪᠤᠳᠠᠯ᠎ᠢ ᠨᠠᠷᠢᠨ ᠠᠳᠬᠤᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠤ ᠬᠠᠮᠤᠭ᠎ᠠᠴᠠ ᠰᠡᠳᠬᠢᠯ ᠲᠠᠯᠪᠢᠵᠤ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠤᠰᠤᠨ ᠠᠰᠢᠭᠯᠠᠯᠲᠠ ᠵᠢᠨ ᠠᠰᠠᠭᠤᠳᠠᠯ᠎ᠢ ᠰᠢᠢ᠍ᠳᠪᠤᠷᠢᠯᠡᠵᠦ ᠦᠭᠬᠦ ᠬᠡᠷᠡᠭᠲᠡᠢ ᠭᠡᠪᠡ᠃
ᠡᠯ᠎ᠡ ᠶᠡᠷᠦᠩᠬᠡᠢ ᠠᠵᠤ ᠠᠬᠤᠢ᠌ᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠪᠠᠶ᠋ᠢᠭᠤᠯᠭ᠎ᠠ ᠵᠢᠨ ᠡᠯ᠎ᠡ ᠵᠤᠷᠭ᠋ᠠᠨ ᠲᠣᠪᠴᠢᠶᠠᠨ᠎ᠤ ᠭᠣᠣᠯ ᠬᠠᠷᠢᠭᠤᠴᠠᠯᠭ᠋ᠠᠲᠠᠨ ᠨᠥᠬᠥᠳ ᠰᠤᠷᠤᠯᠴᠠᠯᠭ᠎ᠠ᠎ᠳᠤ ᠣᠷᠣᠯᠴᠠᠵᠠᠢ᠃ ᠪᠠᠶ᠋ᠢᠭᠤᠯᠭ᠎ᠠ ᠵᠢᠨ ᠬᠡᠰᠡᠭ ᠵᠤᠷᠭ᠋ᠠᠨ ᠲᠣᠪᠴᠢᠶᠠᠨ᠎ᠤ ᠭᠣᠣᠯ ᠬᠠᠷᠢᠭᠤᠴᠠᠯᠭ᠋ᠠᠲᠠᠨ ᠨᠥᠬᠥᠳ ᠰᠤᠷᠤᠯᠴᠠᠭᠰᠠᠨ ᠣᠶ᠋ᠢᠯᠠᠭ᠋ᠠᠯᠲᠠ ᠲᠦᠷᠦᠭᠳᠡᠯ ᠵᠶ᠋ᠡᠨ ᠰᠤᠯᠢᠯᠴᠠᠪᠠ᠃