2020 ᠣᠨ ᠪᠣᠯ ᠲᠤᠢ᠌ᠯ᠎ᠤᠨ ᠶᠡᠷᠦ ᠪᠤᠰᠤ ᠵᠢᠨ ᠨᠢᠭᠡ ᠵᠢᠯ ᠪᠣᠯᠤᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠢ ᠠᠬᠢᠭᠤᠯᠬᠤ ᠲᠤᠬᠠᠢ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ᠂ ᠨᠠᠮ᠎ᠤᠨ ᠲᠥᠪ ᠬᠣᠷᠢᠢ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠤ ᠤᠳᠤᠷᠢᠳᠤᠯᠭ᠎ᠠ ᠳᠣᠣᠷ᠎ᠠ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ᠎ᠳᠤ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠪᠠᠲᠤᠯᠠᠭ᠎ᠠ ᠬᠠᠩᠭ᠋ᠠᠬᠤ᠎ᠪᠠᠷ ᠬᠦᠴᠦᠯᠡᠨ ᠴᠢᠷᠮᠠᠢ᠌ᠪᠠ᠃
ᠨᠢᠭᠡ᠎ᠳᠤ᠂ ᠰᠠᠪᠠ ᠭᠠᠵᠠᠷ᠎ᠤᠨ ᠴᠢᠨᠠᠷᠲᠠᠶ ᠶᠡᠬᠡ ᠦᠶᠡᠷ᠎ᠢ ᠠᠮᠵᠢᠯᠲᠠ᠎ᠲᠠᠢ᠎ᠪᠠᠷ ᠰᠡᠷᠭᠡᠢ᠌ᠯᠡᠨ ᠬᠣᠷᠢᠭᠯᠠᠪᠠ᠃ ᠪᠢᠳᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠦᠶᠡᠷ᠎ᠤᠨ ᠰᠡᠷᠭᠡᠢ᠌ᠯᠡᠯᠲᠡ ᠵᠢ ᠵᠡᠷᠭᠡ᠎ᠪᠡᠷ ᠠᠳᠬᠤᠬᠤ ᠵᠢ ᠪᠠᠷᠢᠮᠲᠠᠯᠠᠵᠤ᠂ ᠮᠥᠷᠡᠨ ᠳᠠᠭ᠋ᠠᠤ ᠵᠢᠨ ᠡᠯ᠎ᠡ ᠭᠠᠵᠠᠷ᠎ᠤᠨ᠎ᠬᠢᠨ᠎ᠲᠠᠢ ᠬᠠᠮᠲᠤᠷᠠᠨ ᠦᠶᠡᠷ᠎ᠤᠨ ᠡᠮᠦᠨᠡᠬᠢ ᠪᠡᠯᠡᠳᠬᠡᠯ ᠠᠵᠢᠯ᠎ᠢ ᠰᠠᠢ᠌ᠲᠤᠷ ᠬᠢᠵᠦ᠂ ᠤᠨᠤᠪᠴᠢᠳᠠᠢ᠎ᠪᠠᠷ ᠤᠷᠢᠳᠴᠢᠯᠠᠨ ᠮᠡᠳᠡᠭᠡᠯᠡᠵᠦ ᠲᠤᠬᠢᠷᠠᠭᠤᠯᠤᠨ᠂ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ 87 ᠡᠳᠦᠷ ᠦᠷᠭᠦᠯᠵᠢᠯᠡᠵᠦ᠂ ᠨᠡᠢ᠍ᠢ᠍ᠳᠡ 156 ᠤᠳᠠᠭ᠎ᠠ ᠵᠥᠪᠳᠡᠯᠴᠡᠨ᠂ ᠲᠤᠬᠢᠷᠠᠭᠤᠯᠤᠯᠳᠠ ᠵᠢᠨ ᠵᠠᠷᠯᠢᠭ 129 ᠨᠡᠢ᠌ᠲᠡᠯᠡᠵᠦ᠂ 36 ᠠᠵᠢᠯᠯᠠᠬᠤ ᠳᠤᠭᠤᠢ᠌ᠯᠠᠩ ᠲᠣᠮᠢᠯᠠᠨ᠂ ᠡᠯ᠎ᠡ ᠭᠠᠵᠠᠷ᠎ᠤᠨ ᠦᠶᠡᠷ᠎ᠤᠨ ᠰᠡᠷᠭᠡᠢ᠌ᠯᠡᠯᠲᠡ ᠪᠠ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠵᠢ ᠵᠢᠯᠣᠭᠣᠳᠴᠤ᠂ ᠲᠤᠮᠤ᠂ ᠳᠤᠮᠳᠠ ᠬᠡᠯᠪᠡᠷᠢ ᠵᠢᠨ ᠤᠰᠤᠨ ᠴᠥᠭᠥᠷᠥᠮ ᠨᠡᠢ᠍ᠢ᠍ᠳᠡ 1029 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠤᠨ ᠤᠰᠤ ᠵᠢ ᠬᠠᠰᠢᠵᠤ ᠬᠠᠳᠠᠭ᠋ᠠᠯᠠᠨ᠂ ᠬᠥᠬᠡᠮᠥ᠋ᠷᠡᠨ᠎ᠤ 5 ᠤᠳᠠᠭ᠎ᠠ ᠵᠢᠨ ᠦᠶᠡᠷ᠎ᠤᠨ ᠤᠰᠤ ᠵᠢ ᠪᠦᠲᠦᠮᠵᠢᠲᠡᠢ ᠠᠷᠭ᠋ᠠᠴᠠᠵᠤ᠂ 1998 ᠣᠨ᠎ᠠᠴᠠ ᠨᠠᠭ᠋ᠠᠰᠢᠬᠢ ᠬᠠᠮᠤᠭ᠎ᠤᠨ ᠬᠦᠨᠳᠦ ᠨᠣᠴᠢᠲᠠᠢ ᠰᠠᠪᠠ ᠭᠠᠵᠠᠷ᠎ᠤᠨ ᠴᠢᠨᠠᠷᠲᠠᠢ ᠶᠡᠬᠡ ᠦᠶᠡᠷ᠎ᠢ ᠪᠦᠬᠦ ᠲᠠᠯ᠎ᠠ᠎ᠪᠠᠷ ᠢᠯᠠᠪᠠ᠃ ᠢᠯᠠᠩᠭᠤᠶ᠎ᠠ ᠬᠥᠬᠡᠮᠥ᠋ᠷᠡᠨ᠎ᠤ 4 ᠳ᠋ᠦ᠍ᠭᠡᠷ᠂ 5 ᠳ᠋ᠤᠭ᠋ᠠᠷ ᠳᠠᠪᠬᠤᠷ ᠬᠡᠯᠪᠡᠷᠢ ᠵᠢᠨ ᠦᠶᠡᠷ᠎ᠤᠨ ᠤᠰᠤ ᠵᠢ ᠠᠷᠭ᠋ᠠᠴᠠᠬᠤ ᠳᠤᠮᠳᠠ᠂ ᠭᠤᠷᠪᠠᠨ ᠬᠠᠪᠴᠢᠯ᠎ᠳᠤ ᠴᠥᠭᠥᠷᠥᠮ ᠪᠠᠢ᠌ᠭᠤᠯᠤᠭᠰᠠᠨ᠎ᠠᠴᠠ ᠨᠠᠰᠢᠬᠢ ᠬᠠᠮᠤᠭ᠎ᠤᠨ ᠶᠡᠬᠡ ᠴᠥᠭᠥᠷᠥᠮ᠎ᠳᠤ ᠤᠷᠤᠰ᠎ᠤᠨ ᠤᠷᠤᠭᠰᠠᠨ ᠬᠡᠮᠵᠢᠶ᠎ᠡ ᠰᠧᠺᠦᠨ᠋ᠳ᠋ ᠪᠦᠷᠢ 75000 ᠪᠣᠰᠣᠭ᠎ᠠ ᠳᠥᠷᠪᠡᠯᠵᠢᠨ ᠮᠧᠲᠷ ᠪᠣᠯᠬᠤ ᠶᠡᠬᠡ ᠦᠶᠡᠷ ᠤᠰᠤᠲᠤᠯ᠎ᠢ ᠠᠮᠵᠢᠯᠲᠠ᠎ᠲᠠᠢ᠎ᠪᠠᠷ ᠰᠡᠷᠭᠡᠢ᠌ᠯᠡᠵᠦ᠂ ᠰᠠᠪᠠ ᠭᠠᠵᠠᠷ᠎ᠤᠨ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠴᠦᠲᠡᠶ ᠪᠠᠲᠤᠯᠠᠪᠠ᠃
ᠬᠣᠶᠠᠷ᠎ᠲᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ ᠪᠢᠳᠡ ᠬᠤᠪᠢᠶᠠᠪᠠᠰᠤ ᠵᠣᠬᠢᠬᠤ ᠵᠢ᠎ᠨᠢ ᠬᠤᠪᠢᠶᠠᠬᠤ ᠵᠠᠷᠴᠢᠮ ᠶᠣᠰᠣᠭ᠋ᠠᠷ᠂ ᠰᠠᠪᠠ ᠭᠠᠵᠠᠷ᠎ᠤᠨ ᠭᠣᠣᠯ ᠪᠣᠯᠬᠤ ᠮᠤᠵᠢ ᠠᠯᠤᠰᠯᠠᠭᠰᠠᠨ ᠭᠣᠣᠯ ᠮᠥᠷᠡᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠵᠢ ᠦᠨᠳᠦᠰᠦᠨ᠎ᠳᠡᠭᠡᠨ ᠪᠡᠶᠡᠯᠡᠭᠦᠯᠪᠡ᠃ ᠤᠰᠤᠨ᠎ᠤ ᠡᠬᠢ ᠪᠠᠶᠠᠯᠢᠭ᠎ᠤᠨ ᠴᠢᠩᠭ᠎ᠠ ᠬᠢᠵᠠᠭ᠋ᠠᠷᠯᠠᠯ᠎ᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠲᠤᠬᠢᠷᠠᠭᠤᠯᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠮᠤᠵᠢ ᠠᠯᠤᠰᠯᠠᠭᠰᠠᠨ ᠭᠣᠣᠯ ᠮᠥᠷᠡᠨ᠎ᠤ ᠤᠰᠤᠨ᠎ᠤ ᠬᠡᠮᠵᠢᠶ᠎ᠡ ᠵᠢ ᠲᠤᠬᠢᠷᠠᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ ᠪᠦᠬᠦ ᠵᠢᠯ᠎ᠳᠤ ᠤᠮᠠᠷᠠᠰᠢ 87.56 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠠᠩᠭ᠋ᠠᠵᠤ᠂ 24.03 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠠᠮᠢ ᠠᠬᠤᠢ ᠵᠢᠨ ᠤᠰᠤ ᠨᠥᠬᠥᠪᠥᠷᠢᠯᠡᠵᠦ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠵᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ 6 ᠮᠤᠵᠢ (ᠣᠷᠣᠨ᠂ ᠬᠣᠲᠠ) ᠵᠢᠨ1802 ᠤᠰᠤ ᠠᠪᠴᠦ ᠪᠠᠢ᠌ᠭ᠎ᠠ ᠭᠠᠵᠠᠷ᠎ᠢ ᠲᠤᠬᠠᠶ ᠵᠢᠨ ᠲᠠᠯᠠᠪᠠᠶ᠎ᠳᠤ᠎ᠨᠢ ᠬᠦᠷᠴᠦ ᠱᠠᠭ᠋ᠠᠷᠳᠠᠨ ᠪᠠᠢ᠌ᠴᠠᠭ᠋ᠠᠵᠤ᠂ ᠤᠰᠤ ᠠᠪᠴᠦ ᠪᠠᠢ᠌ᠭ᠎ᠠ ᠪᠠᠷᠢᠯᠭ᠎ᠠ ᠵᠢ ᠴᠡᠭᠴᠡᠯᠡᠨ ᠰᠠᠢ᠌ᠵᠢᠷᠠᠭᠤᠯᠵᠤ ᠪᠠᠢ᠌ᠭ᠎ᠠ ᠪᠠᠢ᠌ᠳᠠᠯ᠎ᠢ ᠬᠢᠨᠠᠨ ᠪᠠᠢ᠌ᠴᠠᠭ᠋ᠠᠵᠤ᠂ ᠰᠠᠪᠠ ᠭᠠᠵᠠᠷ᠎ᠤᠨ 8 ᠲᠦᠮᠡ ᠰᠢᠬᠠᠮ ᠠᠰᠠᠭᠤᠳᠠᠯ᠎ᠢ ᠪᠦᠬᠦᠨ᠎ᠢ ᠴᠡᠭᠴᠡᠯᠡᠨ ᠰᠠᠢ᠌ᠵᠢᠷᠠᠭᠤᠯᠪᠠ᠃ 6 ᠮᠤᠵᠢ ᠵᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠦᠨᠡᠯᠡᠨ ᠵᠢᠱ᠌ᠢᠬᠦ ᠬᠠᠮᠢᠶᠠᠷᠤᠯᠲᠠ ᠵᠢ ᠲᠦᠯᠬᠢᠨ ᠠᠬᠢᠭᠤᠯᠵᠤ᠂ 51 ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠮᠠᠶᠢᠭ᠎ᠤᠨ ᠨᠡᠢ᠌ᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠢ᠌ᠭᠤᠯᠤᠯᠲᠠ ᠵᠢ ᠳᠠᠬᠢᠨ ᠬᠢᠨᠠᠬᠤ ᠵᠢ ᠪᠡᠶᠡᠯᠡᠭᠦᠯᠵᠦ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
ᠭᠤᠷᠪᠠ᠎ᠳᠤ᠂ ᠵᠠᠰᠠᠯᠲᠠ ᠬᠠᠮᠠᠭ᠋ᠠᠯᠠᠯᠲᠠ ᠵᠢᠨ ᠳᠤᠲᠠᠭᠤᠳᠠᠯ᠎ᠢ ᠬᠦᠴᠦᠯᠡᠨ ᠨᠥᠬᠥᠪᠥᠷᠢᠯᠡᠪᠡ᠃ ᠪᠢᠳᠡ ᠬᠥᠬᠡᠮᠥ᠋ᠷᠡᠨ᠎ᠢ ᠲᠠᠲᠠᠵᠤ ᠦᠬᠠᠨ᠎ᠳᠤ ᠨᠥᠬᠥᠪᠥᠷᠢᠯᠡᠬᠦ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠯᠡᠨ ᠠᠬᠢᠭᠤᠯᠵᠤ᠂ ᠭᠤᠷᠪᠠᠨ ᠬᠠᠪᠴᠢᠯ᠎ᠤᠨ ᠵᠠᠯᠭ᠋ᠠᠮᠵᠢ ᠠᠵᠢᠯ᠎ᠤᠨ ᠲᠥᠯᠥᠪᠵᠢᠭᠦᠯᠭᠡ ᠵᠢ ᠢᠳᠡᠪᠬᠢᠲᠡᠢ ᠬᠡᠷᠡᠭᠵᠢᠭᠦᠯᠦᠨ᠂ ᠶᠤᠸᠠᠨᠵᠢᠶᠠᠩ ᠮᠥᠷᠡᠨ ᠵᠡᠷᠭᠡ ᠰᠠᠪᠠ ᠭᠠᠵᠠᠷ᠎ᠤᠨ ᠶᠡᠷᠦᠩᠬᠡᠢ᠌ᠯᠡᠭᠰᠡᠨ ᠲᠥᠯᠥᠪᠵᠢᠭᠦᠯᠭᠡ ᠵᠢ ᠴᠤᠬᠤᠯᠠᠪᠤᠷᠢᠯᠠᠨ ᠬᠠᠷᠢᠭᠤᠯᠬᠤ ᠵᠢ ᠠᠬᠢᠭᠤᠯᠵᠤ᠂ ᠬᠥᠬᠡᠮᠥ᠋ᠷᠡᠨ᠎ᠤ ᠲᠠᠩ ᠭᠠᠵᠠᠷ᠎ᠢ ᠵᠠᠰᠠᠬᠤ ᠲᠥᠰᠦᠯ᠎ᠢ ᠨᠠᠢ᠌ᠷᠠᠭᠤᠯᠤᠨ ᠵᠣᠬᠢᠶᠠᠪᠠ᠃ ᠭᠣᠤᠯ ᠰᠠᠯᠪᠤᠷᠢ ᠤᠷᠤᠰᠬᠠᠯ᠎ᠤᠨ ᠡᠵᠡᠮᠰᠢᠯ᠎ᠤᠨ ᠣᠭᠲᠣᠯᠤᠭ᠋ᠠᠰᠤ ᠵᠢᠨ ᠬᠠᠮᠤᠭ᠎ᠤᠨ ᠪᠠᠭ᠎ᠠ ᠤᠷᠤᠰᠬᠠᠯ᠎ᠤᠨ ᠬᠡᠮᠵᠢᠶ᠎ᠡ ᠵᠢᠨ ᠰᠡᠷᠡᠮᠵᠢᠯᠡᠭᠦᠯᠦᠨ ᠰᠢᠢᠳᠪᠦᠷᠢᠯᠡᠬᠦ ᠠᠵᠢᠯ᠎ᠢ ᠥᠷᠨᠢᠭᠦᠯᠵᠦ᠂ 222 ᠣᠭᠲᠣᠯᠤᠭ᠋ᠠᠰᠤ ᠵᠢᠨ ᠡᠳᠦᠷ ᠪᠦᠷᠢ ᠵᠢᠨ ᠳᠤᠮᠳᠠᠴᠢ ᠤᠷᠤᠰᠬᠠᠯ᠎ᠤᠨ ᠬᠡᠮᠵᠢᠶ᠎ᠡ ᠵᠢᠨ ᠬᠠᠩᠭ᠋ᠠᠮᠵᠢ ᠵᠢᠨ ᠬᠡᠮᠵᠢᠶ᠎ᠡ ᠵᠢ 90%᠎ᠠᠴᠠ ᠳᠡᠭᠡᠭᠰᠢ᠎ᠳᠤ ᠬᠦᠷᠦᠭᠦᠯᠬᠦ ᠵᠢ ᠪᠡᠶᠡᠯᠡᠭᠦᠯᠪᠡ᠃ ᠠᠮᠢ ᠠᠬᠤᠶ ᠵᠢᠨ ᠤᠷᠤᠰᠴᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠨᠢᠭᠡᠳᠦᠭᠡᠷ ᠪᠦᠯᠦᠭ᠎ᠤᠨ 20 ᠭᠣᠤᠯ (ᠨᠠᠭᠤᠷ)᠎ᠤᠨ 42 ᠡᠵᠡᠮᠳᠡᠯ ᠣᠭᠲᠣᠯᠤᠭ᠋ᠠᠰᠤ ᠵᠢᠨ ᠠᠮᠢ ᠠᠬᠤᠶ ᠵᠢᠨ ᠤᠷᠤᠰᠴᠠ ᠵᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠵᠢ ᠪᠡᠶᠡᠯᠡᠭᠦᠯᠪᠡ᠃ 20 ᠭᠣᠣᠯ (ᠨᠠᠭᠤᠷ)᠎ᠤᠨ ᠤᠰᠤᠨ᠎ᠤ ᠠᠮᠢ ᠠᠬᠤᠢ ᠵᠢᠨ ᠣᠷᠴᠢᠨ ᠨᠥᠬᠥᠴᠡᠯ᠎ᠢ ᠬᠢᠨᠠᠨ ᠬᠡᠮᠵᠢᠬᠦ ᠲᠤᠷᠰᠢᠯᠲᠠ ᠵᠢ ᠥᠷᠨᠢᠭᠦᠯᠵᠦ᠂ ᠤᠤᠯ᠎ᠤᠨ ᠮᠥᠷᠡᠨ ᠨᠠᠭᠤᠷ ᠴᠥᠭᠥᠷᠥᠮ᠎ᠳᠤ ᠨᠡᠪᠲᠡᠷᠡᠬᠦ ᠠᠮᠢᠳᠤ ᠪᠣᠳᠠᠰ᠎ᠤᠨ ᠵᠠᠮ᠎ᠢ ᠰᠡᠷᠭᠦᠭᠡᠬᠦ ᠲᠤᠷᠰᠢᠯᠲᠠ ᠵᠢ ᠲᠦᠯᠬᠢᠨ ᠠᠬᠢᠭᠤᠯᠪᠠ᠃ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ᠂ ᠵᠢᠵᠢᠭ ᠤᠰᠤ᠎ᠪᠠᠷ ᠴᠠᠬᠢᠯᠭ᠋ᠠᠨ ᠭᠠᠷᠭ᠋ᠠᠬᠤ ᠭᠠᠵᠠᠷ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠵᠤ᠂ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠷᠭᠢᠯᠲᠡ ᠵᠢᠨ ᠴᠢᠨᠠᠷᠲᠠᠶ ᠬᠤᠪᠢᠷᠠᠯᠲᠠ ᠵᠢ ᠠᠬᠢᠭᠤᠯᠪᠠ᠃
ᠳᠥᠷᠪᠡ᠎ᠳᠤ᠂ ᠭᠣᠤᠯ᠎ᠤᠨ ᠬᠠᠢ᠌ᠷ ᠡᠯᠡᠰᠤ ᠵᠢ ᠮᠠᠯᠲᠠᠬᠤ ᠬᠠᠮᠢᠶᠠᠷᠤᠯᠲᠠ ᠵᠢ ᠢᠮᠠᠭᠲᠠ ᠴᠢᠩᠭ᠎ᠠ ᠠᠳᠬᠤᠪᠠ᠃ ᠪᠢᠳᠡ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠴᠠᠩ ᠬᠠᠩ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠵᠠᠮ ᠬᠠᠷᠢᠯᠴᠠᠭ᠋ᠠᠨ᠎ᠤ ᠶᠠᠮᠤᠨ᠎ᠤ ᠴᠠᠩ ᠬᠠᠩ ᠲᠣᠪᠴᠢᠶ᠎ᠠ᠎ᠲᠠᠢ ᠬᠠᠮᠵᠢᠯᠴᠠᠬᠤ ᠲᠣᠭᠲᠠᠴᠠ ᠪᠠᠢ᠌ᠭᠤᠯᠵᠤ᠂ 《ᠭᠤᠷᠪᠠᠨ ᠶᠠᠮᠤᠨ》᠎ᠤ ᠬᠥᠬᠡᠮᠥ᠋ᠷᠡᠨ᠎ᠤ ᠭᠣᠤᠯ᠎ᠤᠨ ᠬᠠᠢ᠌ᠷ ᠡᠯᠡᠰᠤ ᠮᠠᠯᠲᠠᠬᠤ ᠬᠠᠮᠢᠶᠠᠷᠤᠯᠲᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠪᠠ᠃ ᠲᠥᠯᠥᠪᠵᠢᠭᠦᠯᠭᠡ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠂ 2020 — 2025 ᠣᠨ᠎ᠤ ᠬᠥᠬᠡᠮᠥ᠋ᠷᠡᠨ᠎ᠤ ᠳᠡᠭᠡᠳᠦ ᠤᠷᠤᠰᠬᠠᠯ᠎ᠤᠨ ᠭᠣᠤᠯ ᠤᠷᠤᠰᠬᠠᠯ ᠪᠣᠯᠬᠤ ᠢ ᠪᠢᠨ᠎ᠠᠴᠠ ᠳᠣᠷᠣᠭᠰᠢᠬᠢ ᠭᠣᠤᠯ᠎ᠤᠨ ᠳᠠᠩ᠎ᠳᠤ ᠡᠯᠡᠰᠦ ᠮᠠᠯᠲᠠᠬᠤ ᠬᠠᠮᠢᠶᠠᠷᠤᠯᠲᠠ ᠵᠢᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠵᠥᠪᠰᠢᠶᠡᠷᠡᠯ ᠣᠯᠵᠤ᠂ 2020 — 2025 ᠣᠨ᠎ᠤ ᠬᠥᠬᠡᠮᠥ᠋ᠷᠡᠨ᠎ᠤ ᠳᠤᠮᠳᠠᠳᠤ ᠳᠣᠤᠷᠠᠳᠤ ᠤᠷᠤᠰᠬᠠᠯ᠎ᠤᠨ ᠭᠣᠤᠯ ᠤᠷᠤᠰᠬᠠᠯ᠎ᠤᠨ ᠭᠣᠤᠯ᠎ᠤᠨ ᠵᠠᠮ᠎ᠳᠤ ᠬᠠᠢ᠌ᠷ ᠡᠯᠡᠰᠦ ᠮᠠᠯᠲᠠᠬᠤ ᠬᠠᠮᠢᠶᠠᠷᠤᠯᠲᠠ ᠵᠢᠨ ᠲᠥᠯᠥᠪᠵᠢᠭᠦᠯᠭᠡ ᠵᠢ ᠪᠡᠶᠡᠯᠡᠭᠦᠯᠦᠨ᠂ ᠶᠠᠮᠤᠨ᠎ᠳᠤ ᠮᠡᠳᠡᠭᠦᠯᠪᠡ᠃ ᠨᠡᠪᠲᠡᠷᠡᠭᠦᠯᠬᠦ ᠪᠠ ᠬᠣᠷᠢᠭᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠵᠢᠩᠵᠢᠶᠠᠩ ᠮᠥᠷᠡᠨ᠎ᠤ᠎ᠲᠠᠢ ᠫᠢᠩ ᠺᠸᠦ ᠭᠣᠣᠯ᠎ᠤᠨ ᠬᠡᠰᠡᠭ ᠵᠡᠷᠭᠡ ᠤᠰᠤᠨ ᠵᠠᠮ᠎ᠤᠨ ᠯᠠᠢ᠌ᠳᠠᠭᠰᠠᠨ ᠡᠯᠡᠰᠦ ᠪᠠ ᠡᠬᠡ ᠬᠠᠭᠤᠷᠠᠢ ᠵᠢᠨ ᠤᠰᠤᠨ ᠴᠥᠭᠥᠷᠥᠮ ᠵᠡᠷᠭᠡ ᠤᠰᠤᠨ ᠴᠥᠭᠥᠷᠥᠮ᠎ᠤᠨ ᠬᠤᠷᠠᠭᠰᠠᠨ ᠡᠯᠡᠰᠦ ᠵᠢ ᠶᠡᠷᠦᠩᠬᠡᠢ᠌ᠯᠡᠨ ᠠᠰᠢᠭᠯᠠᠬᠤ ᠲᠤᠷᠰᠢᠯᠲᠠ ᠵᠢ ᠢᠳᠡᠪᠬᠢᠲᠡᠢ ᠰᠦᠪᠡᠭᠴᠢᠯᠡᠪᠡ᠃ ᠪᠠᠢ᠌ᠩᠭᠤᠵᠢᠭᠰᠠᠨ ᠲᠣᠭᠣᠷᠢᠨ ᠪᠠᠢ᠌ᠴᠠᠭ᠋ᠠᠬᠤ ᠬᠢᠨᠠᠯᠲᠠ ᠬᠠᠮᠢᠶᠠᠷᠤᠯᠲᠠ ᠵᠢ ᠢᠮᠠᠭᠲᠠ ᠪᠠᠲᠤᠯᠠᠵᠤ᠂ ᠬᠠᠤᠯᠢ ᠪᠤᠰᠤ᠎ᠪᠠᠷ ᠡᠯᠡᠰᠦ ᠮᠠᠯᠲᠠᠬᠤ ᠵᠢ ᠴᠢᠩᠭ᠎ᠠ ᠰᠡᠷᠭᠡᠢ᠌ᠯᠡᠨ ᠴᠢᠩᠭ᠎ᠠ ᠡᠵᠡᠮᠳᠡᠵᠦ ᠴᠢᠩᠭ᠎ᠠ ᠴᠣᠬᠢᠯᠲᠠ ᠥᠭᠴᠦ᠂ ᠬᠥᠬᠡᠮᠥ᠋ᠷᠡᠨ᠎ᠤ ᠡᠯᠡᠰᠦ ᠬᠠᠢ᠌ᠷ ᠮᠠᠯᠲᠠᠬᠤ ᠬᠠᠮᠢᠶᠠᠷᠤᠯᠲᠠ ᠵᠢᠨ ᠡᠮᠬᠢ ᠳᠢᠭᠯᠢᠮ᠎ᠢ ᠦᠷᠭᠦᠯᠵᠢᠯᠡᠨ ᠲᠣᠭᠲᠠᠭᠤᠨ ᠵᠶ᠋ᠠᠷ ᠰᠠᠢ᠌ᠵᠢᠷᠠᠭᠤᠯᠪᠠ᠃
ᠲᠠᠪᠤ᠎ᠳᠤ᠂ ᠭᠣᠤᠯ ᠮᠥᠷᠡᠨ ᠨᠠᠭᠤᠷ ᠴᠥᠭᠥᠷᠥᠮ᠎ᠤᠨ ᠡᠷᠭᠢ ᠵᠢᠨ ᠬᠠᠮᠠᠭ᠋ᠠᠯᠠᠯᠲᠠ ᠵᠢ ᠦᠷᠭᠦᠯᠵᠢᠯᠡᠨ ᠴᠢᠩᠭ᠋ᠠᠳᠬᠠᠪᠠ᠃ ᠪᠢᠳᠡ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠤᠰᠤᠨ ᠠᠰᠢᠭᠯᠠᠯᠲᠠ ᠵᠢᠨ ᠲᠤᠪᠤᠢ᠍ᠢ᠍ᠮ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠠᠳᠬᠤᠵᠤ᠂ ᠮᠠᠨ᠎ᠤ ᠵᠥᠪᠯᠡᠯ᠎ᠠᠴᠠ ᠬᠠᠷᠢᠭᠤᠴᠠᠵᠤ ᠱᠠᠭ᠋ᠠᠷᠳᠠᠨ ᠵᠢᠯᠣᠭᠣᠳᠤᠭᠰᠠᠨ 43 ᠠᠰᠠᠭᠤᠳᠠᠯ᠎ᠤᠨ 39 ᠵᠢ᠎ᠨᠢ ᠨᠢᠭᠡᠨᠲᠡ ᠴᠡᠭᠴᠡᠯᠡᠨ ᠰᠠᠢ᠌ᠵᠢᠷᠠᠭᠤᠯᠪᠠ᠃ ᠰᠠᠪᠠ ᠭᠠᠵᠠᠷ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠪᠠᠢ᠌ᠴᠠᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠵᠤ᠂ ᠭᠣᠣᠯ᠎ᠤᠨ ᠬᠡᠰᠡᠭ᠎ᠤᠨ 1860 ᠨᠠᠭᠤᠷ ᠴᠥᠭᠥᠷᠥᠮ᠎ᠢ ᠨᠢᠭᠤᠴᠠ᠎ᠪᠠᠷ ᠰᠤᠷᠪᠤᠯᠵᠢᠯᠠᠵᠤ᠂ ᠡᠯ᠎ᠡ ᠭᠠᠵᠠᠷ᠎ᠤᠨ᠎ᠬᠢᠨ᠎ᠢ ᠱᠠᠭ᠋ᠠᠷᠳᠠᠵᠦ ᠪᠠᠢ᠌ᠭ᠋ᠠᠳ 《ᠤᠰᠤᠨ᠎ᠤ ᠳᠦᠷᠪᠡᠨ ᠠᠰᠠᠭᠤᠳᠠᠯ》᠎ᠢ 1700 ᠭᠠᠷᠤᠢ ᠴᠡᠭᠴᠡᠯᠡᠨ ᠰᠠᠢ᠌ᠵᠢᠷᠠᠭᠤᠯᠪᠠ᠃ ᠬᠥᠬᠡᠮᠥ᠋ᠷᠡᠨ᠎ᠤ ᠭᠣᠣᠯ ᠤᠷᠤᠰᠬᠠᠯ᠎ᠤᠨ ᠡᠷᠭᠢ ᠳᠠᠭ᠋ᠠᠤ ᠵᠢᠨ ᠬᠠᠮᠠᠭ᠋ᠠᠯᠠᠯᠲᠠ ᠪᠠ ᠠᠰᠢᠭᠯᠠᠯᠲᠠ ᠵᠢᠨ ᠲᠤᠰᠬᠠᠢ ᠪᠠᠢ᠌ᠴᠠᠭ᠋ᠠᠯᠲᠠ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠭᠠᠵᠠᠷ᠎ᠢ ᠱᠠᠭ᠋ᠠᠷᠳᠠᠵᠦ ᠪᠠᠢ᠌ᠭ᠋ᠠᠳ 2417 ᠵᠦᠢ᠍ᠯᠡᠰ᠎ᠢ ᠴᠡᠭᠴᠡᠯᠡᠨ ᠰᠠᠢ᠌ᠵᠢᠷᠠᠭᠤᠯᠵᠦ᠂ 158 ᠺᠢᠯᠣᠮᠧᠲᠷ ᠡᠷᠭᠢ ᠳᠠᠭ᠋ᠠᠤ ᠭᠠᠵᠠᠷ᠎ᠢ ᠰᠤᠯᠠᠯᠠᠨ ᠪᠤᠴᠠᠭ᠋ᠠᠵᠤ᠂ 234 ᠲᠦᠮᠡᠨ ᠲᠡᠭᠰᠢ ᠳᠥᠷᠪᠡᠯᠵᠢᠨ ᠮᠧᠲᠷ ᠬᠠᠤᠯᠢ ᠲᠣᠭᠲᠠᠭ᠋ᠠᠯ᠎ᠢ ᠵᠥᠷᠢᠴᠡᠭᠰᠡᠨ ᠪᠠᠷᠢᠯᠭ᠎ᠠ ᠵᠢ ᠨᠤᠷᠠᠭ᠋ᠠᠨ᠂ 1213 ᠲᠦᠮᠡᠨ ᠲᠡᠭᠰᠢ ᠳᠥᠷᠪᠡᠯᠵᠢᠨ ᠮᠧᠲᠷ ᠡᠷᠭᠢ ᠳᠠᠭ᠋ᠠᠤ ᠭᠠᠵᠠᠷ᠎ᠢ ᠨᠣᠭᠣᠭ᠋ᠠᠷᠠᠭᠤᠯᠵᠤ᠂ ᠬᠥᠬᠡᠮᠥ᠋ᠷᠡᠨ᠎ᠤ ᠡᠷᠭᠢ ᠳᠠᠭ᠋ᠠᠤ ᠵᠢᠨ ᠳᠦᠷᠰᠦ ᠪᠠᠢ᠌ᠳᠠᠯ᠎ᠢ ᠢᠯᠡᠳᠲᠡ ᠰᠠᠢ᠌ᠵᠢᠷᠠᠭᠤᠯᠪᠠ᠃
ᠵᠢᠷᠭᠤᠭ᠎ᠠ᠎ᠳᠤ᠂ ᠢᠨᠵᠧᠨᠧᠷᠢᠩ᠎ᠢ ᠬᠠᠮᠲᠤᠷᠠᠨ ᠲᠣᠬᠢᠷᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠪᠡ᠃ ᠪᠢᠳᠡ ᠪᠦᠬᠦ ᠰᠠᠪᠠ ᠭᠠᠵᠠᠷ᠎ᠤᠨ 101 ᠰᠠᠭᠤᠷᠢ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠳᠤᠬᠢᠷᠠᠭᠤᠯᠵᠤ᠂ ᠳᠡᠭᠡᠳᠦ ᠤᠷᠤᠰᠬᠠᠯ᠎ᠤᠨ ᠭᠣᠣᠯ ᠤᠷᠤᠰᠬᠠᠯ ᠪᠣᠯᠬᠤ ᠴᠤᠸᠠᠨ ᠢᠦ᠋ᠢ ᠾᠧ ᠭᠣᠣᠯ᠎ᠤᠨ ᠬᠡᠰᠡᠭ ᠪᠠ ᠳᠤᠮᠳᠠᠳᠤ ᠳᠤᠤᠷᠠᠳᠤ ᠤᠷᠤᠰᠬᠠᠯ᠎ᠤᠨ ᠭᠣᠣᠯ ᠤᠷᠤᠰᠬᠠᠯ᠎ᠤᠨ ᠦᠶᠡᠷ᠎ᠢ ᠰᠡᠷᠭᠡᠢ᠌ᠯᠡᠬᠦ ᠳᠠᠷᠤᠯᠲᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠩᠭᠡᠷᠡᠭᠦᠯᠪᠡ᠃ ᠭᠤᠷᠪᠠᠨ ᠬᠠᠪᠴᠢᠯ᠎ᠤᠨ ᠤᠰᠤᠨ ᠴᠥᠭᠥᠷᠥᠮ 11 ᠵᠢᠯ ᠳᠠᠷᠠᠭ᠋ᠠᠯᠠᠨ 175 ᠮᠧᠲᠷ ᠤᠰᠤ ᠬᠠᠳᠠᠭ᠋ᠠᠯᠠᠵᠤ᠂ ᠭᠤᠷᠪᠠᠨ ᠬᠠᠪᠴᠢᠯ᠎ᠤᠨ ᠴᠠᠬᠢᠯᠭ᠋ᠠᠨ ᠥᠷᠲᠡᠭᠡᠨ᠎ᠤ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ 1118 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠭᠠᠭᠴᠠ ᠰᠠᠭᠤᠷᠢ ᠤᠰᠤ᠎ᠪᠠᠷ ᠴᠠᠬᠢᠯᠭ᠋ᠠᠨ ᠭᠠᠷᠭ᠋ᠠᠬᠤ ᠥᠷᠲᠡᠭᠡᠨ᠎ᠤ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ᠎ᠨᠢ ᠳᠡᠯᠡᠬᠡᠶ ᠵᠢᠨ ᠲᠡᠮᠳᠡᠭᠯᠡᠯ᠎ᠢ ᠡᠭᠦᠳᠪᠡ᠃ ᠭᠤᠷᠪᠠᠨ ᠬᠠᠪᠴᠢᠯ ᠪᠠ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠤᠨ ᠠᠮᠢ ᠠᠬᠤᠶ ᠵᠢ ᠲᠣᠬᠢᠷᠠᠭᠤᠯᠬᠤ ᠲᠤᠷᠰᠢᠯᠲᠠ ᠵᠢ ᠥᠷᠨᠢᠭᠦᠯᠵᠦ᠂ ᠱᠠ ᠱ᠌ᠢ ᠵᠢᠶᠠᠩ ᠮᠥᠷᠡᠨ᠎ᠤ ᠬᠡᠰᠡᠭ᠎ᠤᠨ ᠳᠥᠷᠪᠡᠨ ᠶᠡᠬᠡ ᠠᠢ᠌ᠯ᠎ᠤᠨ ᠵᠢᠭ᠋ᠠᠰᠤ ᠵᠢᠷᠠᠭ᠋ᠠᠬᠠᠶ ᠵᠢᠨ ᠥᠨᠳᠡᠭᠡᠨ ᠤᠷᠤᠰᠬᠠᠯ᠎ᠤᠨ ᠬᠡᠮᠵᠢᠶ᠎ᠡ 20.22 ᠳ᠋ᠦᠩᠰᠢᠭᠤᠷ ᠮᠥᠬᠥᠯᠢᠭ᠎ᠲᠤ ᠬᠦᠷᠴᠦ᠂ 2011 ᠣᠨ᠎ᠠᠴᠠ ᠨᠠᠭ᠋ᠠᠰᠢᠬᠢ ᠬᠠᠮᠤᠭ᠎ᠤᠨ ᠥᠨᠳᠥᠷ ᠬᠡᠮᠵᠢᠶ᠎ᠡ᠎ᠳᠤ ᠬᠦᠷᠪᠡ᠃ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠬᠦ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ ᠪᠠ ᠠᠮᠢ ᠠᠬᠤᠶ ᠵᠢᠨ ᠠᠮᠤᠷ ᠲᠦᠪᠰᠢᠨ᠎ᠢ ᠬᠦᠴᠦᠲᠡᠶ ᠪᠠᠲᠤᠯᠠᠪᠠ᠃
ᠲᠤᠯᠤᠭ᠎ᠠ᠎ᠳᠤ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠪᠡ᠃ ᠪᠢᠳᠡ 《ᠬᠥᠬᠡᠮᠥ᠋ᠷᠡᠨ᠎ᠤ ᠬᠠᠮᠠᠭ᠋ᠠᠯᠠᠯᠲᠠ ᠵᠢᠨ ᠬᠠᠤᠯᠢ》 ᠵᠢᠨ ᠬᠠᠤᠯᠢ ᠲᠣᠭᠲᠠᠭ᠋ᠠᠬᠤ ᠠᠵᠢᠯ᠎ᠢ ᠬᠠᠮᠵᠢᠯᠴᠠᠨ ᠰᠠᠢ᠌ᠲᠤᠷ ᠬᠢᠵᠦ᠂ ᠬᠣᠯᠪᠣᠭᠳᠠᠯ ᠪᠦᠬᠦᠢ ᠲᠤᠰᠬᠠᠢ ᠰᠡᠳᠦᠪ᠎ᠤᠨ ᠰᠤᠳᠤᠯᠭ᠋ᠠᠨ ᠪᠠ ᠰᠡᠳᠦᠪ ᠲᠣᠭᠲᠠᠭ᠋ᠠᠵᠤ ᠨᠤᠲᠠᠯᠠᠭᠰᠠᠨ ᠦᠷ᠎ᠡ ᠪᠦᠲᠦᠭᠡᠯ᠎ᠢ ᠳᠤᠷᠠᠳᠤᠨ ᠭᠠᠷᠭ᠋ᠠᠪᠠ᠃ ᠰᠠᠪᠠ ᠭᠠᠵᠠᠷ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠮᠡᠳᠡᠭᠡ ᠵᠠᠩᠭᠢ ᠵᠢᠨ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠬᠥᠬᠡᠮᠥ᠋ᠷᠡᠨ᠎ᠤ ᠰᠠᠪᠠ ᠭᠠᠵᠠᠷ᠎ᠤᠨ ᠡᠷᠭᠢ ᠵᠢ ᠬᠠᠮᠠᠭ᠋ᠠᠯᠠᠨ ᠠᠰᠢᠭᠯᠠᠬᠤ ᠲᠣᠭᠲᠠᠴᠠ ᠵᠢ ᠪᠠᠢ᠌ᠭᠤᠯᠵᠤ᠂ ᠮᠤᠵᠢ ᠵᠢᠨ ᠱᠠᠲᠤᠨ᠎ᠤ ᠭᠣᠣᠯ ᠮᠥᠷᠡᠨ᠎ᠤ ᠳᠠᠷᠤᠭ᠎ᠠ ᠵᠢᠨ ᠠᠯᠪᠠᠨ ᠭᠡᠷ᠎ᠤᠨ ᠡᠷᠬᠢᠯᠡᠭᠴᠢ ᠵᠢᠨ ᠬᠠᠮᠲᠤᠷᠠᠭᠰᠠᠨ ᠬᠤᠷᠠᠯᠳᠤᠭ᠋ᠠᠨ᠎ᠤ ᠳᠦᠷᠢᠮ ᠪᠠᠢ᠌ᠭᠤᠯᠬᠤ ᠵᠢ ᠲᠦᠯᠬᠢᠨ ᠠᠬᠢᠭᠤᠯᠪᠠ᠃ ᠰᠠᠪᠠ ᠭᠠᠵᠠᠷ᠎ᠤᠨ ᠮᠤᠵᠢ ᠵᠢᠨ ᠬᠣᠭᠣᠷᠣᠨᠳᠣᠬᠢ ᠤᠰᠤᠨ᠎ᠤ ᠶᠠᠪᠤᠳᠠᠯ᠎ᠤᠨ ᠳᠠᠯᠳᠠ ᠭᠡᠮ᠎ᠤᠨ ᠵᠥᠷᠢᠴᠡᠯ ᠵᠢᠭᠤᠷᠠᠯᠳᠤᠭ᠋ᠠᠨ᠎ᠢ 《ᠦᠯᠦ ᠨᠡᠮᠡᠭᠳᠡᠭᠦᠯᠬᠦ᠂ ᠦᠯᠦ ᠬᠠᠳᠠᠭ᠋ᠠᠯᠠᠬᠤ》 ᠵᠢ ᠪᠡᠶᠡᠯᠡᠭᠦᠯᠪᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠬᠥᠬᠡᠮᠥ᠋ᠷᠡᠨ᠎ᠤ ᠶᠡᠬᠡ ᠬᠠᠮᠠᠭ᠋ᠠᠯᠠᠯᠲᠠ ᠵᠢᠨ ᠪᠠᠢ᠌ᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ ᠵᠢ ᠦᠷᠭᠦᠯᠵᠢᠯᠡᠨ ᠠᠬᠢᠭᠤᠯᠵᠤ᠂ ᠰᠠᠪᠠ ᠭᠠᠵᠠᠷ᠎ᠤᠨ 9 ᠨᠢᠭᠡᠴᠡ ᠪᠣᠯᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠠᠢ ᠪᠠᠢ᠌ᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠤᠬᠢᠷᠠᠯᠴᠠᠵᠤ᠂ ᠬᠥᠬᠡᠮᠥ᠋ᠷᠡᠨ᠎ᠤ ᠵᠠᠰᠠᠯᠲᠠ ᠪᠣᠯᠤᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠣᠯᠪᠣᠭ᠎ᠠ 50 ᠪᠦᠷᠢᠯᠳᠦᠬᠦᠨ ᠨᠢᠭᠡᠴᠡ ᠪᠣᠯᠤᠨ ᠬᠥᠭᠵᠢᠵᠦ᠂ ᠰᠠᠯᠠᠭ᠎ᠠ ᠮᠥᠴᠢᠷ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠬᠠᠮᠠᠭ᠋ᠠᠯᠠᠯᠲᠠ ᠵᠢᠨ ᠬᠠᠮᠵᠢᠯᠴᠠᠭ᠎ᠠ᠂ ᠲᠥᠯᠥᠪᠵᠢᠭᠦᠯᠭᠡ ᠵᠢᠨ ᠵᠣᠬᠢᠴᠠᠭᠤᠯᠭ᠎ᠠ᠂ ᠬᠣᠯᠪᠣᠭ᠋ᠠᠯᠠᠨ ᠬᠠᠤᠯᠢ ᠬᠡᠷᠡᠭᠵᠢᠭᠦᠯᠬᠦ᠂ ᠮᠡᠷᠭᠡᠵᠢᠯ᠎ᠤᠨ ᠬᠠᠮᠵᠢᠯᠴᠠᠭ᠎ᠠ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠬᠠᠮᠲᠤᠷᠠᠯᠴᠠᠭ᠋ᠠᠨ᠎ᠤ ᠲᠣᠭᠲᠠᠴᠠ ᠠᠯᠬᠤᠮ ᠠᠯᠬᠤᠮ ᠵᠶ᠋ᠠᠷ ᠴᠢᠩᠭ᠋ᠠᠷᠠᠪᠠ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠢ ᠠᠬᠢᠭᠤᠯᠬᠤ ᠲᠤᠬᠠᠢ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ᠂ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠸ ᠵᠢᠩ ᠫᠢᠩ ᠭᠡᠯᠳᠡᠰ᠎ᠤᠨ ᠳᠠᠷᠤᠭ᠎ᠠ ᠵᠢᠨ ᠪᠠᠢ᠌ᠷᠢᠯᠠᠭᠤᠯᠤᠭᠰᠠᠨ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ 《5 + 1 + X》 ᠤᠰᠤᠨ ᠠᠰᠢᠭᠯᠠᠯᠲᠠ ᠵᠢᠨ ᠭᠣᠣᠯᠳᠠᠯᠭ᠎ᠠ᠎ᠲᠠᠢ ᠠᠵᠢᠯ᠎ᠳᠤ ᠬᠦᠴᠦᠨ ᠵᠶ᠋ᠠᠨ ᠲᠥᠪᠯᠡᠷᠡᠭᠦᠯᠵᠦ᠂ ᠡᠭᠦᠷᠭᠡᠯᠡᠯ ᠵᠶ᠋ᠡᠨ ᠤᠯᠠᠮ ᠴᠢᠨᠠᠭᠰᠢᠳᠠ ᠴᠢᠩᠭ᠋ᠠᠳᠬᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ᠎ᠳᠤ ᠪᠠᠲᠤ ᠪᠡᠬᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠪᠠᠲᠤᠯᠠᠭ᠎ᠠ ᠬᠠᠩᠭ᠋ᠠᠨ᠎ᠠ᠃