ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠲᠠ ᠵᠢᠨ ᠶᠠᠮᠤᠨ᠎ᠤ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠤᠳᠤᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2021-05-26

      2020 ᠣᠨ᠎ᠳᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠵᠥᠪ ᠤᠨᠤᠪᠴᠢᠳᠠᠢ ᠤᠳᠤᠷᠢᠳᠤᠯᠭ᠎ᠠ ᠳᠣᠣᠷ᠎ᠠ᠂ ᠬᠠᠳᠤᠨ ᠭᠣᠣᠯ᠎ᠤᠨ ᠨᠠᠮ᠎ᠤᠨ ᠬᠣᠷᠢᠢ᠎ᠠ᠎ᠨᠢ ᠶᠡᠷᠦᠩᠬᠡᠢ ᠱᠦᠵᠢ ᠰᠢ ᠵᠢᠨ ᠫᠢᠩ᠎ᠤᠨ 《9·18》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠪᠠᠷ ᠭᠣᠣᠯ ᠰᠢᠵᠢᠮ ᠪᠣᠯᠭ᠋ᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠢᠳᠡᠪᠬᠢᠲᠡᠢ ᠦᠢ᠍ᠯᠡᠳᠦᠯᠭᠡᠵᠢᠭᠦᠯᠤᠨ᠂ ᠠᠯᠤᠰ ᠬᠡᠳᠤ ᠵᠢ ᠪᠣᠳᠣᠯᠬᠢᠯᠠᠵᠦ᠂ ᠣᠳᠣᠬᠢ ᠪᠠᠢ᠌ᠳᠠᠯ᠎ᠳᠤ ᠠᠵᠢᠯᠯᠠᠨ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢ ᠨᠠᠢ᠌ᠳᠠᠪᠤᠷᠢᠵᠢᠭᠤᠯᠬᠤ ᠰᠠᠢ᠍ᠢ᠍ᠨ ᠰᠠᠢ᠌ᠬᠠᠨ ᠡᠬᠢᠯᠡᠯᠲᠡ ᠵᠢ ᠪᠡᠶᠡᠯᠡᠭᠦᠯᠪᠡ᠃
      ᠨᠢᠭᠡ᠂ ᠰᠢᠰᠲ᠋ᠧᠮ᠎ᠲᠠᠢ ᠰᠤᠳᠤᠯᠭ᠋ᠠᠨ ᠪᠠ ᠲᠥᠯᠥᠪᠵᠢᠭᠦᠯᠭᠡ᠎ᠪᠠᠨ ᠴᠢᠩᠭ᠋ᠠᠳᠬᠠᠵᠤ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠳᠤ ᠰᠠᠭᠤᠷᠢ ᠵᠢ ᠪᠡᠬᠢᠵᠢᠭᠦᠯᠪᠡ
ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠨᠠᠮ᠎ᠤᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠨᠢ ᠶᠡᠷᠦᠩᠬᠡᠢ ᠱᠦᠵᠢ ᠰᠢ ᠵᠢᠨ ᠫᠢᠩ᠎ᠤᠨ 《9·18》  ᠂ 《1·03》 ᠵᠡᠷᠭᠡ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ 《ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢᠨ ᠲᠣᠭᠣᠷᠢᠨ᠎ᠳᠤ᠂ ᠲᠤᠰᠬᠠᠢ ᠰᠡᠳᠦᠪ ᠵᠶ᠋ᠡᠷ 15 ᠤᠳᠠᠭ᠎ᠠ ᠰᠤᠳᠤᠯᠤᠨ ᠶᠠᠷᠢᠯᠴᠠᠬᠤ ᠵᠢᠨ ᠬᠠᠮᠲᠤ ᠦᠨᠳᠦᠰᠦᠨ ᠱᠠᠲᠤᠨ᠎ᠳᠤ ᠭᠦᠨᠵᠡᠭᠡᠢ᠌ᠷᠡᠨ ᠤᠬᠠᠭᠤᠯᠤᠨ ᠲᠠᠢ᠌ᠯᠪᠤᠷᠢᠯᠠᠵᠤ᠂ ᠪᠦᠬᠦ ᠵᠦᠪᠯᠡᠯ᠎ᠤᠨ ᠦᠷᠭᠦᠯᠵᠢᠯᠡᠨ ᠰᠤᠷᠤᠯᠴᠠᠬᠤ᠂ ᠭᠦᠨᠵᠡᠭᠡᠢ ᠣᠢ᠌ᠯᠠᠭ᠋ᠠᠬᠤ ᠵᠢ ᠳᠠᠢ᠍ᠢ᠍ᠴᠢᠯᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠬᠠᠳᠤᠨ ᠭᠣᠣᠯ᠎ᠤᠨ ᠬᠠᠮᠠᠭ᠋ᠠᠯᠠᠯᠲᠠ ᠵᠠᠰᠠᠯᠲᠠ ᠵᠢᠨ ᠲᠤᠬᠠᠢ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠦᠭᠦᠯᠪᠡ᠃ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ᠎ᠳᠤ ᠢᠳᠡᠪᠬᠢᠲᠡᠶ ᠣᠷᠣᠯᠴᠠᠵᠤ᠂ ᠬᠤᠷᠴᠠ ᠴᠢᠳᠠᠮᠠᠭ᠋ᠠᠶ ᠬᠦᠴᠦᠨ᠎ᠢ ᠲᠠᠲᠠᠵᠤ᠂ ᠠᠵᠢᠯ᠎ᠤᠨ ᠲᠤᠰᠬᠠᠶ ᠠᠩᠭᠢ ᠵᠢ ᠵᠣᠬᠢᠶᠠᠨ ᠪᠠᠢ᠌ᠭᠤᠯᠤᠨ᠂ ᠤᠰᠤᠨ ᠠᠰᠢᠭᠯᠠᠯᠲᠠ ᠵᠢᠨ ᠶᠠᠮᠤᠨ᠎ᠲᠠᠢ ᠬᠠᠮᠵᠢᠯᠴᠠᠨ 《ᠲᠥᠯᠥᠪᠵᠢᠭᠦᠯᠭᠡ ᠵᠢᠨ ᠬᠥᠲᠥᠯᠪᠦᠷᠢ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠠᠵᠢᠯ᠎ᠢ ᠰᠠᠢ᠌ᠲᠤᠷ ᠬᠢᠵᠦ᠂ ᠠᠯᠤᠰ ᠬᠡᠲᠦ᠎ᠳᠤ ᠬᠣᠯᠪᠣᠭᠳᠠᠬᠤ ᠨᠢᠭᠡ ᠪᠦᠯᠦᠭ ᠴᠢᠬᠤᠯᠠ ᠲᠥᠷᠥ ᠵᠢᠨ ᠪᠣᠳᠣᠯᠭ᠎ᠠ᠂ ᠴᠢᠬᠤᠯᠠ ᠶᠡᠬᠡ ᠲᠥᠷᠥᠯ ᠵᠦᠢᠯ᠎ᠢ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠳᠠᠪᠬᠤᠷᠭ᠎ᠠ᠎ᠳᠤ ᠬᠦᠷᠲᠡᠯ᠎ᠡ ᠳᠡᠭᠡᠭᠰᠢᠯᠡᠭᠦᠯᠪᠡ᠃ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠠᠯᠬᠤᠮ ᠠᠯᠬᠤᠮ ᠵᠶ᠋ᠠᠷ ᠲᠦᠯᠬᠢᠨ ᠠᠬᠢᠭᠤᠯᠵᠤ᠂ ᠬᠣᠯᠪᠣᠭᠳᠠᠯ ᠪᠦᠬᠦᠢ ᠲᠥᠯᠥᠪᠵᠢᠭᠦᠯᠭᠡ ᠵᠢᠨ ᠰᠢᠰᠲ᠋ᠧᠮ᠎ᠳᠤ ᠶᠠᠮᠤᠨ ᠬᠣᠷᠢᠶ᠎ᠠ ᠵᠢᠨ ᠬᠢᠨᠠᠨ ᠪᠠᠢ᠌ᠴᠠᠭ᠋ᠠᠯᠲᠠ ᠵᠢ ᠤᠷᠢᠳᠠᠪᠠᠷ ᠥᠩᠭᠡᠷᠡᠭᠡᠪᠡ᠃ ᠬᠠᠳᠤᠨ ᠭᠣᠣᠯ᠎ᠤᠨ ᠬᠠᠤᠯᠢ ᠲᠣᠭᠲᠠᠭ᠋ᠠᠯᠲᠠ ᠵᠢ ᠪᠦᠬᠦ ᠲᠠᠯ᠎ᠠ᠎ᠪᠠᠷ ᠡᠬᠢᠯᠡᠭᠦᠯᠵᠦ᠂ ᠤᠯᠤᠰ᠎ᠠᠴᠠ ᠬᠠᠤᠯᠢ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠤᠨ᠂ ᠨᠠᠮ᠎ᠤᠨ ᠬᠣᠷᠢᠶ᠎ᠠ ᠵᠢᠨ ᠳᠣᠲᠣᠨ᠎ᠠ ᠭᠠᠳᠠᠨᠠᠬᠢ ᠬᠦᠴᠦᠨ᠎ᠢ ᠵᠣᠬᠢᠶᠠᠨ ᠪᠠᠢ᠌ᠭᠤᠯᠤᠨ ᠳᠠᠢ᠌ᠴᠢᠯᠠᠵᠤ᠂ ᠵᠦᠢ᠍ᠯ ᠵᠤᠷᠪᠤᠰ᠎ᠤᠨ ᠡᠬᠡ ᠨᠣᠣᠷᠠᠭ᠎ᠢ ᠪᠡᠶᠡᠯᠡᠭᠦᠯᠪᠡ᠃ ᠨᠠᠢ᠌ᠳᠠᠪᠤᠷᠢᠵᠢᠭᠤᠯᠬᠤ ᠱᠤᠭᠤᠮ᠎ᠤᠨ ᠵᠢᠷᠤᠭ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠬᠠᠮᠠᠭ᠋ᠠᠯᠠᠯᠲᠠ ᠵᠠᠰᠠᠯᠲᠠ ᠵᠢᠨ ᠬᠡᠷᠡᠭᠵᠢᠭᠦᠯᠬᠦ ᠲᠥᠰᠦᠯ᠎ᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠵᠤ᠂ 《ᠲᠥᠯᠥᠪᠵᠢᠭᠦᠯᠭᠡ ᠵᠢᠨ ᠬᠥᠲᠥᠯᠪᠦᠷᠢ》᠎ᠳᠤ ᠪᠠᠢ᠌ᠷᠢᠯᠠᠭᠤᠯᠤᠭᠰᠠᠨ ᠬᠠᠮᠢᠶ᠎ᠠ ᠪᠥᠬᠥᠶ ᠡᠭᠦᠷᠭᠡ ᠵᠢ ᠨᠠᠷᠢᠯᠢᠬ᠍ᠵᠢᠭᠤᠯᠤᠨ ᠵᠠᠳᠠᠯᠵᠤ᠂ 2021 ᠣᠨ᠂ 《ᠠᠷᠪᠠᠨ ᠳᠥᠷᠪᠡᠳᠦᠭᠡᠷ ᠲᠠᠪᠤᠨ ᠵᠢᠯ》 ᠪᠣᠯᠤᠨ 2030 ᠣᠨ᠎ᠤ ᠭᠣᠤᠯᠳᠠᠯᠭ᠎ᠠ᠎ᠲᠠᠢ ᠡᠭᠦᠷᠭᠡ ᠪᠣᠯᠤᠨ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠪᠠ᠃ ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭ᠋ᠠᠨ᠎ᠢ ᠲᠦᠷᠭᠡᠨ ᠥᠷᠨᠢᠭᠦᠯᠵᠦ᠂ ᠵᠢᠷᠭ᠋ᠠᠯᠠᠩᠲᠤ ᠭᠣᠣᠯ᠎ᠤᠨ ᠪᠦᠳᠦᠭᠡᠨ ᠪᠠᠢ᠌ᠭᠤᠯᠤᠯᠲᠠ ᠵᠢᠨ ᠰᠠᠭᠤᠷᠢ ᠴᠢᠨᠠᠷᠲᠠᠢ᠂ ᠵᠠᠩᠭᠢᠯᠠᠭ᠎ᠠ ᠵᠢᠨ ᠴᠢᠨᠠᠷᠲᠠᠢ ᠠᠰᠠᠭᠤᠳᠠᠯ᠎ᠳᠤ ᠴᠢᠭᠯᠡᠭᠦᠯᠦᠨ᠂ ᠤᠰᠤ ᠡᠯᠡᠰᠦᠨ᠎ᠤ ᠬᠠᠷᠢᠴᠠᠭ᠋ᠠᠨ᠎ᠤ ᠬᠤᠪᠢᠷᠠᠯᠲᠠ ᠵᠢᠨ ᠬᠠᠨᠳᠤᠰᠢ ᠵᠢᠴᠢ ᠠᠷᠭ᠋ᠠᠴᠠᠬᠤ ᠪᠤᠳᠤᠯᠭ᠎ᠠ᠂ 《ᠨᠠᠢ᠍ᠮᠠ ᠲᠤᠯᠤᠭ᠎ᠠ》 ᠵᠢᠨ ᠤᠰᠤ ᠵᠢ ᠰᠠᠯᠭ᠋ᠠᠬᠤ ᠲᠥᠰᠦᠯ᠎ᠳᠤ ᠲᠤᠬᠢᠷᠠᠭᠤᠯᠤᠯᠳᠠ ᠬᠢᠬᠦ ᠵᠡᠷᠭᠡ 26 ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭ᠋ᠠᠨ᠎ᠢ ᠪᠡᠶᠡᠯᠡᠭᠦᠯᠪᠡ᠃
      ᠬᠣᠶᠠᠷ᠂ ᠤᠰᠤ ᠡᠯᠡᠰᠦᠨ᠎ᠤ ᠬᠠᠷᠢᠴᠠᠭ᠎ᠠ ᠵᠢ ᠲᠣᠬᠢᠷᠠᠭᠤᠯᠬᠤ 《ᠵᠠᠩᠭᠢᠯᠠᠭ᠎ᠠ》 ᠵᠢ ᠠᠳᠬᠤᠵᠤ᠂ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠠᠪᠴᠤ ᠣᠯᠠᠨ ᠬᠦᠴᠢᠷ ᠪᠡᠷᠬᠡᠰᠢᠶᠡᠯ᠎ᠢ ᠢᠯᠠᠬᠤ ᠬᠠᠷᠠᠯᠲᠠ ᠵᠢ ᠪᠡᠶᠡᠯᠡᠬᠦᠯᠪᠡ᠃
ᠦᠶᠡᠷ᠎ᠠᠴᠠ ᠡᠮᠦᠨ᠎ᠡ᠂ ᠰᠢᠶᠤᠤ ᠯᠠᠩ ᠳ᠋ᠢ ᠤᠰᠤᠨ ᠴᠥᠭᠥᠷᠥᠮ᠎ᠤᠨ ᠴᠥᠭᠥᠷᠥᠮ᠎ᠢ ᠰᠤᠯᠠᠯᠠᠵᠤ ᠦᠶᠡᠷ᠎ᠢ ᠠᠷᠭ᠋ᠠᠴᠠᠭ᠋ᠠᠬᠤ ᠠᠵᠠ ᠲᠣᠬᠢᠶᠠᠯ᠎ᠢ ᠠᠳᠬᠤᠨ᠂ ᠨᠠᠷᠢᠨ ᠨᠢᠮᠪᠠᠶ ᠨᠤᠲᠠᠯᠠᠯᠲᠠ ᠬᠢᠵᠦ᠂ ᠡᠷᠡᠰ ᠰᠢᠭᠤᠷᠬᠠᠶ᠎ᠪᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠨ᠂ ᠶᠡᠬᠡ ᠦᠶᠡᠷ᠎ᠢ ᠰᠡᠷᠭᠡᠢ᠌ᠯᠡᠬᠦ ᠪᠣᠳᠠᠲᠤ ᠪᠠᠢ᠌ᠯᠳᠤᠭ᠋ᠠᠨ᠎ᠤ ᠰᠣᠷᠢᠯᠲᠠ ᠥᠷᠨᠢᠭᠦᠯᠵᠦ᠂ ᠳᠣᠤᠷᠠᠳᠤ ᠤᠷᠤᠰᠬᠠᠯ᠎ᠤᠨ ᠺᠠᠺᠸᠤ ᠭᠣᠤᠯ᠎ᠤᠨ ᠬᠡᠰᠡᠭ᠎ᠢ ᠲᠥᠪᠯᠡᠷᠡᠭᠦᠯᠦᠨ ᠤᠷᠤᠰᠬᠠᠵᠤ᠂ ᠬᠠᠮᠤᠭ᠎ᠤᠨ ᠪᠠᠭ᠎ᠠ ᠤᠷᠤᠰᠬᠤ ᠴᠢᠳᠠᠪᠤᠷᠢ ᠵᠢ ᠰᠧᠺᠦᠨ᠋ᠳ᠋ ᠪᠦᠷᠢ 5000 ᠪᠣᠰᠣᠭ᠎ᠠ ᠳᠥᠷᠪᠡᠯᠵᠢᠨ ᠮᠧᠲᠷ ᠬᠦᠷᠲᠡᠯ᠎ᠡ ᠳᠡᠭᠡᠭᠰᠢᠯᠡᠭᠦᠯᠵᠦ᠂ ᠤᠰᠤ ᠡᠯᠡᠰᠦ ᠵᠢ ᠲᠣᠬᠢᠷᠠᠭᠤᠯᠤᠨ ᠡᠵᠡᠮᠳᠡᠬᠦ ᠳᠠᠯᠳᠠ ᠬᠦᠴᠦᠨ᠎ᠢ ᠠᠭᠤᠳᠠᠯᠯᠠᠨ᠂ ᠦᠶᠡᠷ᠎ᠢ ᠰᠡᠷᠭᠡᠢ᠌ᠯᠡᠵᠦ ᠲᠣᠬᠢᠷᠠᠭᠤᠯᠬᠤ ᠣᠷᠣᠨ ᠵᠠᠶ ᠵᠢ ᠨᠡᠭᠡᠭᠡᠵᠦ᠂ ᠤᠰᠤ ᠡᠯᠡᠰᠦᠨ᠎ᠤ ᠲᠣᠬᠢᠷᠠᠭᠤᠯᠤᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠬᠦ᠎ᠳᠤ ᠴᠠᠭ ᠣᠯᠭᠣᠵᠤ᠂   ᠡᠯᠡᠰᠤᠨ ᠲᠠᠩ᠎ᠤᠨ ᠲᠤᠭᠤᠷᠢᠭ᠎ᠤᠨ ᠣᠯᠠᠨ ᠲᠦᠮᠡᠨ᠎ᠤ ᠠᠮᠤᠷ ᠲᠦᠪᠰᠢᠨ᠎ᠢ ᠪᠠᠲᠤᠯᠠᠬᠤ᠎ᠳᠤ ᠳᠠᠭ᠋ᠠᠳᠬᠠᠯ᠎ᠤᠨ ᠢᠯᠡᠳᠬᠡᠮᠵᠢ ᠵᠢ ᠨᠡᠮᠡᠭᠳᠡᠭᠦᠯᠪᠡ᠃ 2 ᠲᠦᠮᠡ ᠭᠠᠷᠤᠶ ᠬᠥᠮᠦᠨ ᠰᠣᠷᠢᠯᠲᠠ᠂ ᠰᠢᠯᠭ᠋ᠠᠨ ᠪᠠᠢ᠌ᠴᠠᠭ᠋ᠠᠯᠲᠠ᠎ᠳᠤ ᠣᠷᠣᠯᠴᠠᠵᠤ᠂ ᠦᠶᠡᠷ᠎ᠢ ᠰᠡᠷᠭᠡᠢ᠌ᠯᠡᠬᠦ ᠡᠩᠨᠡᠭᠡ ᠵᠢ ᠳᠠᠪᠲᠠᠨ ᠪᠣᠯᠪᠠᠰᠤᠷᠠᠭᠤᠯᠪᠠ᠃ ᠦᠶᠡᠷ᠎ᠤᠨ ᠬᠤᠭᠤᠴᠠᠭ᠋ᠠᠨ᠎ᠳᠤ᠂ ᠣᠢ᠌ᠷ᠎ᠠ ᠵᠢᠨ 30 ᠵᠢᠯ᠎ᠤᠨ ᠲᠤᠷᠰᠢ᠂ ᠬᠣᠪᠣᠷ ᠲᠣᠬᠢᠶᠠᠯᠳᠤᠬᠤ ᠦᠶᠡᠷ᠎ᠤᠨ ᠪᠠᠢ᠌ᠳᠠᠯ᠎ᠳᠤ ᠴᠢᠭᠯᠡᠭᠦᠯᠦᠨ᠂ ᠭᠣᠤᠯ ᠤᠷᠤᠰᠬᠠᠯ᠂ ᠰᠠᠯᠪᠤᠷᠢ ᠤᠷᠤᠰᠬᠠᠯ᠎ᠤᠨ ᠤᠰᠤᠨ ᠴᠥᠭᠥᠷᠥᠮ᠎ᠤᠳ᠎ᠢ ᠬᠠᠮᠲᠤᠷᠠᠨ ᠲᠣᠬᠢᠷᠠᠭᠤᠯᠵᠤ᠂ ᠪᠥᠬᠥ ᠭᠣᠤᠯ᠎ᠤᠨ ᠬᠡᠰᠡᠭ᠎ᠤᠨ ᠤᠰᠤ ᠡᠯᠡᠰᠦᠨ᠎ᠤ ᠲᠣᠬᠢᠷᠠᠭᠤᠯᠭ᠎ᠠ ᠡᠵᠡᠮᠰᠢᠯ᠎ᠢ ᠬᠡᠷᠡᠭᠵᠢᠭᠦᠯᠦᠨ᠂ ᠭᠣᠤᠯ ᠤᠷᠤᠰᠬᠠᠯ᠎ᠢ 6 ᠲᠠᠯᠠᠪᠠᠶ ᠳ᠋ᠤᠭ᠋ᠠᠷᠯᠠᠵᠤ ᠦᠶᠡᠷ᠎ᠤᠨ ᠤᠰᠤ ᠵᠢ ᠠᠮᠵᠢᠯᠲᠠ᠎ᠲᠠᠢ ᠠᠷᠭ᠋ᠠᠴᠠᠨ᠂ ᠳᠣᠤᠷᠠᠳᠤ ᠤᠷᠤᠰᠬᠠᠯ᠎ᠳᠠᠬᠢ 11.85 ᠲᠦᠮᠡᠨ ᠬᠥᠮᠦᠨ᠎ᠤ ᠤᠰᠤᠨ᠎ᠳᠤ ᠠᠪᠲᠠᠬᠤ᠎ᠠᠴᠠ ᠰᠡᠷᠭᠡᠢ᠌ᠯᠡᠪᠡ᠃ 《ᠨᠢᠭᠡ ᠥᠨᠳᠥᠷ ᠨᠢᠭᠡ ᠳᠣᠤᠷ᠎ᠠ》 ᠲᠣᠬᠢᠷᠠᠭᠤᠯᠤᠯᠲᠠ ᠵᠢᠨ ᠰᠡᠳᠬᠢᠴᠡ ᠵᠢ ᠪᠠᠷᠢᠮᠲᠠᠯᠠᠵᠤ᠂ ᠯᠦᠩ ᠶᠠᠩ ᠰᠢᠶᠠ ᠤᠰᠤᠨ ᠴᠥᠭᠥᠷᠥᠮ᠎ᠤᠨ ᠥᠨᠳᠥᠷ ᠤᠰᠤᠨ ᠲᠦᠪᠰᠢᠨ᠎ᠤ ᠠᠵᠢᠯᠯᠠᠭ᠋ᠠᠨ᠎ᠤ ᠦᠶᠡᠷ᠎ᠤᠨ ᠲᠠᠲᠠᠷᠠᠯᠲᠠ ᠵᠢᠨ ᠣᠷᠭᠢᠯ᠂ ᠰᠢᠶᠤᠤ ᠯᠠᠩ ᠳ᠋ᠢ ᠤᠰᠤᠨ ᠴᠥᠭᠥᠷᠥᠮ᠎ᠤᠨ ᠳᠠᠪᠠᠯᠭ᠋ᠠᠯᠠᠬᠤ ᠤᠰᠤᠨ ᠲᠦᠪᠰᠢᠨ᠎ᠤ ᠠᠵᠢᠯᠯᠠᠭ᠋ᠠᠨ᠎ᠢ ᠪᠠᠲᠤᠯᠠᠵᠤ᠂ ᠦᠶᠡᠷ᠎ᠢ ᠰᠡᠷᠭᠡᠢ᠌ᠯᠡᠬᠦ ᠴᠥᠭᠥᠷᠥᠮ᠎ᠤᠨ ᠪᠠᠭᠲᠠᠭ᠋ᠠᠮᠵᠢ ᠵᠢ ᠨᠡᠮᠡᠭᠳᠡᠭᠦᠯᠦᠭᠰᠡᠨ ᠮᠥᠷᠲᠡᠭᠡᠨ ᠪᠠᠰᠠ ᠠᠯᠢ ᠴᠢᠳᠠᠬᠤ᠎ᠪᠠᠷ ᠡᠯᠡᠰᠦ ᠰᠢᠪᠠᠷ᠎ᠢ ᠭᠠᠳᠠᠭᠰᠢᠯᠠᠭᠤᠯᠬᠤ ᠪᠣᠯᠭ᠋ᠠᠵᠤ᠂ ᠰᠢᠶᠤᠤ ᠯᠠᠩ ᠳ᠋ᠢ ᠤᠰᠤᠨ ᠴᠥᠭᠥᠷᠥᠮ᠎ᠤᠨ ᠡᠯᠡᠰᠦ ᠵᠢ 3.4 ᠳ᠋ᠦᠩᠰᠢᠭᠤᠷ ᠲᠣᠨ ᠭᠠᠳᠠᠭᠰᠢᠯᠠᠭᠤᠯᠤᠨ᠂ ᠨᠢᠩ ᠮᠸᠩ ᠾᠧ ᠭᠣᠤᠯ᠎ᠤᠨ ᠬᠡᠰᠡᠭ᠎ᠤᠨ ᠭᠣᠤᠯ᠎ᠤᠨ ᠬᠣᠩᠭᠢᠯ᠎ᠤᠨ ᠡᠯᠡᠰᠤ ᠵᠢ ᠤᠷᠤᠰᠬᠠᠪᠠ᠃ ᠦᠶᠡᠷᠯᠡᠬᠦ ᠰᠡᠭᠦᠯᠴᠢ ᠵᠢᠨ ᠬᠤᠭᠤᠴᠠᠭ᠋ᠠᠨ᠎ᠳᠤ᠂ ᠦᠶᠡᠷ᠎ᠢ ᠰᠡᠷᠭᠡᠢ᠌ᠯᠡᠬᠦ ᠪᠠ ᠰᠥᠩ ᠬᠠᠯᠢᠶ᠎ᠠ ᠵᠢ ᠰᠡᠷᠭᠡᠢ᠌ᠯᠡᠬᠦ ᠲᠣᠬᠢᠷᠠᠭᠤᠯᠤᠯᠲᠠ ᠵᠢ ᠵᠠᠪᠰᠠᠷ ᠥᠬᠡᠶ ᠵᠠᠯᠭ᠋ᠠᠯᠳᠤᠵᠤ᠂ ᠯᠦᠩ ᠶᠠᠩ ᠰᠢᠶᠠ ᠤᠰᠤᠨ ᠴᠥᠭᠥᠷᠥᠮ ᠭᠤᠷᠪᠠᠨ ᠵᠢᠯ ᠳᠠᠷᠠᠭ᠋ᠠᠯᠠᠨ 2600 ᠮᠧᠲᠷ᠎ᠤᠨ ᠬᠡᠪ᠎ᠤᠨ ᠤᠰᠤ ᠬᠠᠳᠠᠭ᠋ᠠᠯᠠᠬᠤ ᠲᠦᠪᠰᠢᠨ᠎ᠳᠤ ᠬᠦᠷᠴᠦ᠂ ᠡᠪᠦᠯ ᠬᠠᠪᠤᠷ᠎ᠤᠨ ᠭᠠᠩ᠎ᠲᠠᠢ ᠲᠡᠮᠡᠴᠡᠬᠦ᠎ᠳᠤ ᠤᠰᠤᠨ᠎ᠤ ᠡᠬᠢ ᠰᠤᠷᠪᠤᠯᠵᠢ ᠵᠢ ᠨᠥᠭᠡᠴᠡᠯᠡᠵᠡᠶ᠃
      ᠭᠤᠷᠪᠠ᠂ 《ᠬᠠᠮᠠᠭ᠋ᠠᠯᠠᠬᠤ᠎ᠪᠠᠷ ᠭᠣᠣᠯᠳᠠᠯᠭ᠎ᠠ ᠪᠣᠯᠭ᠋ᠠᠬᠤ᠂ ᠵᠠᠰᠠᠬᠤ᠎ᠪᠠᠷ ᠭᠣᠣᠯᠳᠠᠯᠭ᠎ᠠ ᠪᠣᠯᠭ᠋ᠠᠬᠤ》 ᠪᠠᠢ᠌ᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠬᠥᠮᠦᠨ ᠪᠤᠯᠤᠨ ᠭᠣᠣᠯ ᠮᠥᠷᠡᠨ᠎ᠤ ᠡᠶ᠎ᠡ ᠵᠣᠬᠢᠴᠠᠯ᠎ᠲᠠᠢ᠎ᠪᠠᠷ ᠬᠠᠮᠲᠤ᠎ᠪᠠᠷ ᠣᠷᠣᠰᠢᠬᠤ ᠵᠢ ᠠᠬᠢᠭᠤᠯᠪᠠ
      ᠳᠤᠲᠠᠭᠤᠳᠠᠯ᠎ᠢ ᠨᠥᠬᠥᠪᠥᠷᠢᠯᠡᠨ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠬᠠᠮᠠᠭ᠋ᠠᠯᠠᠵᠤ ᠵᠠᠰᠠᠬᠤ ᠵᠢ ᠴᠢᠩᠭ᠋ᠠᠳᠬᠠᠬᠤ ᠵᠠᠩᠭᠢᠯᠠᠭ᠎ᠠ ᠵᠢᠨ ᠠᠷᠭ᠎ᠠ ᠪᠣᠯᠭ᠋ᠠᠵᠤ᠂ ᠢᠨᠵᠧᠨᠧᠷᠢᠩ᠎ᠤᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠂ ᠬᠠᠲᠤᠨ ᠭᠣᠤᠯ᠎ᠤᠨ ᠳᠣᠤᠷᠠᠳᠤ ᠤᠷᠤᠰᠬᠠᠯ᠎ᠤᠨ ᠦᠶᠡᠷ᠎ᠢ ᠰᠡᠷᠭᠡᠢ᠌ᠯᠡᠬᠦ ᠪᠠᠷᠢᠯᠭ᠎ᠠ ᠵᠢᠨ ᠭᠣᠤᠯ ᠴᠣᠭᠴᠠ ᠵᠢᠨ ᠠᠵᠢᠯ᠎ᠢ ᠳᠠᠭᠤᠰᠬᠠᠪᠠ᠃ ᠡᠷᠲᠡᠨ᠎ᠤ ᠮᠡᠷᠭᠡᠳ᠎ᠤᠨ ᠰᠤᠳᠤᠯᠵᠤ ᠪᠣᠯᠬᠤ ᠬᠢᠨᠠᠨ ᠪᠠᠢ᠌ᠴᠠᠭ᠋ᠠᠭᠰᠠᠨ ᠰᠠᠨᠠᠯ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠᠷᠠᠭᠤᠨ ᠱᠤᠭᠤᠮ᠎ᠤᠨ ᠢᠨᠵᠧᠨᠧᠷᠢᠩ᠎ᠤᠨ ᠲᠥᠯᠥᠪᠵᠢᠭᠦᠯᠭᠡ ᠵᠢᠨ ᠲᠥᠰᠦᠯ᠎ᠢ ᠠᠳᠠᠯᠢᠳᠬᠠᠨ ᠰᠣᠩᠭᠣᠵᠤ ᠨᠤᠲᠠᠯᠠᠭᠰᠠᠨ ᠮᠡᠳᠡᠭᠦᠯᠦᠯᠲᠡ᠂ ᠬᠠᠲᠤᠨ ᠭᠣᠤᠯ᠎ᠤᠨ ᠳᠣᠤᠷᠠᠳᠤ ᠤᠷᠤᠰᠬᠠᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠦᠶᠡᠷ᠎ᠢ ᠰᠡᠷᠭᠡᠢ᠌ᠯᠡᠬᠦ ᠢᠨᠵᠧᠨᠧᠷᠢᠩ᠂ ᠳᠣᠤᠷᠠᠳᠤ ᠤᠷᠤᠰᠬᠠᠯ᠎ᠤᠨ ᠦᠶᠡᠷ᠎ᠢ ᠰᠡᠷᠭᠡᠢ᠌ᠯᠡᠬᠦ ᠢᠨᠵᠧᠨᠧᠷᠢᠩ᠎ᠤᠨ ᠠᠮᠤᠷ ᠲᠦᠪᠰᠢᠨ᠎ᠤ ᠬᠢᠨᠠᠨ ᠡᠵᠡᠮᠳᠡᠬᠦ ᠰᠢᠰᠲ᠋ᠧᠮ᠎ᠤᠨ ᠰᠤᠳᠤᠯᠵᠤ ᠪᠣᠯᠬᠤ ᠮᠡᠳᠡᠭᠦᠯᠦᠯᠲᠡ ᠵᠢ ᠴᠥᠮ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ       ᠬᠦᠷᠭᠡᠵᠡᠶ᠃ ᠬᠥᠮᠦᠨ᠎ᠤ ᠦᠢ᠍ᠯᠡ ᠠᠵᠢᠯᠯᠠᠭ᠎ᠠ ᠵᠢ ᠲᠣᠬᠢᠷᠠᠭᠤᠯᠬᠤ᠂ ᠬᠥᠮᠦᠨ᠎ᠤ ᠪᠤᠷᠤᠭᠤ ᠦᠢ᠍ᠯᠡ ᠠᠵᠢᠯᠯᠠᠭ᠎ᠠ ᠵᠢ ᠵᠠᠯᠠᠷᠠᠭᠤᠯᠬᠤ᠎ᠪᠠᠷ ᠬᠠᠷᠠᠯᠲᠠ ᠪᠣᠯᠭ᠋ᠠᠨ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠷᠠᠭᠤᠯᠵᠤ᠂ ᠨᠡᠢ᠌ᠲᠡ 457 ᠱᠠᠭ᠋ᠠᠷᠳᠠᠨ ᠪᠠᠢ᠌ᠴᠠᠭ᠋ᠠᠬᠤ ᠳᠤᠭᠤᠢ᠌ᠯᠠᠩ᠂ 1500 ᠭᠠᠷᠤᠶ ᠬᠥᠮᠦᠨ ᠤᠳᠠᠭ᠎ᠠ ᠵᠢ ᠲᠣᠮᠢᠯᠠᠨ᠂ 59 ᠵᠦᠢᠯ᠎ᠤᠨ ᠬᠢᠨᠠᠯᠲᠠ ᠲᠠᠯᠪᠢᠬᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠡᠯ᠎ᠡ ᠲᠥᠷᠥᠯ᠎ᠤᠨ ᠠᠰᠠᠭᠤᠳᠠᠯ᠎ᠢ 14000 ᠰᠢᠬᠠᠮ ᠢᠯᠡᠷᠡᠭᠦᠯᠵᠦ᠂ 《ᠨᠢᠭᠡ ᠮᠤᠵᠢ᠎ᠳᠤ ᠨᠢᠭᠡ ᠬᠠᠭᠤᠳᠠᠰᠤ》 ᠪᠠᠭᠤᠯᠭ᠋ᠠᠵᠤ ᠱᠠᠭ᠋ᠠᠷᠳᠠᠨ ᠴᠡᠭᠴᠡᠯᠡᠨ ᠰᠠᠢ᠌ᠵᠢᠷᠠᠭᠤᠯᠵᠤ᠂ ᠦᠶᠡᠷ᠎ᠢ ᠰᠡᠷᠭᠡᠢ᠌ᠯᠡᠬᠦ᠂ ᠤᠰᠤ ᠬᠠᠩᠭ᠋ᠠᠬᠤ ᠠᠮᠤᠷ ᠲᠦᠪᠰᠢᠨ ᠪᠠ ᠤᠰᠤᠨ᠎ᠤ ᠠᠮᠢ ᠠᠬᠤᠶ ᠵᠢ ᠨᠥᠯᠥᠭᠡᠯᠡᠭᠰᠡᠨ ᠨᠢᠭᠡ ᠪᠦᠯᠦᠭ ᠠᠰᠠᠭᠤᠳᠠᠯ᠎ᠢ ᠰᠢᠢᠳᠪᠦᠷᠢᠯᠡᠪᠡ᠃ 《ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ》 ᠵᠠᠷᠴᠢᠮ᠎ᠢ ᠲᠤᠤᠱᠯᠠᠭᠤᠯᠤᠨ᠂ ᠤᠰᠤ ᠡᠯᠪᠡᠭᠵᠢᠬᠦ ᠴᠠᠭ ᠲᠣᠬᠢᠶᠠᠯ᠎ᠢ ᠠᠳᠬᠤᠨ᠂ ᠪᠥᠬᠥ ᠭᠣᠤᠯ᠎ᠤᠨ ᠠᠮᠢ ᠠᠬᠤᠶ ᠵᠢᠨ ᠲᠣᠬᠢᠷᠠᠭᠤᠯᠤᠯᠲᠠ ᠵᠢ ᠥᠷᠨᠢᠭᠦᠯᠪᠡ᠃ ᠤᠯᠠᠭ᠋ᠠᠨᠰᠤᠬᠠᠢ ᠵᠡᠷᠭᠡ ᠠᠮᠢ ᠠᠬᠤᠶ ᠬᠡᠪᠡᠷᠡᠭ ᠭᠠᠵᠠᠷ ᠣᠷᠣᠨ᠎ᠢ ᠰᠡᠷᠭᠦᠭᠡᠨ ᠵᠠᠰᠠᠬᠤ ᠵᠢ ᠲᠦᠷᠭᠡᠳᠬᠡᠵᠦ᠂ ᠬᠥᠪᠴᠢ᠂ ᠤᠯᠠᠭ᠋ᠠᠨᠪᠤᠬ᠎ᠠ ᠡᠯᠡᠰᠦᠨ ᠴᠥᠯ᠎ᠤᠨ ᠠᠮᠢ ᠠᠬᠤᠶ᠎ᠳᠤ ᠤᠰᠤ ᠨᠥᠬᠥᠪᠥᠷᠢᠯᠡᠵᠦ᠂ ᠡᠯᠡᠰᠦᠨ ᠴᠥᠯ᠎ᠤᠨ 《ᠬᠥᠪᠡᠭᠡ ᠵᠠᠬ᠎ᠠ ᠵᠢ ᠪᠢᠲᠡᠭᠦᠮᠵᠢᠯᠡᠬᠦ》᠎ᠳᠤ ᠰᠢᠨ᠎ᠡ ᠬᠦᠴᠦᠨ ᠨᠡᠮᠡᠷᠢᠯᠡᠪᠡ᠃ ᠭᠣᠤᠯ᠎ᠤᠨ ᠠᠳᠠᠭ᠎ᠤᠨ ᠭᠤᠷᠪᠠᠯᠵᠢᠨ ᠬᠣᠢ᠌ᠭ᠎ᠤᠨ ᠠᠮᠢ ᠠᠬᠤᠶ᠎ᠳᠤ 6.37 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠥᠷᠢᠯᠡᠵᠦ᠂ ᠤᠰᠤ ᠨᠥᠬᠥᠪᠥᠷᠢᠯᠡᠬᠦ ᠬᠡᠪᠴᠢᠶ᠎ᠡ᠂ ᠤᠰᠤᠨ᠎ᠤ ᠬᠡᠮᠵᠢᠶ᠎ᠡ᠂ ᠴᠠᠭ ᠮᠥᠴᠡ ᠪᠦᠷᠢ ᠴᠥᠮ ᠰᠢᠨ᠎ᠡ ᠰᠢᠪᠲᠤᠯᠤᠯᠲᠠ ᠵᠢ ᠪᠡᠶᠡᠯᠡᠭᠦᠯᠵᠦ᠂ ᠳ᠋ᠢᠶᠤᠤ ᠺᠸᠦ ᠭᠣᠤᠯ᠎ᠢ ᠣᠯᠠᠨ ᠵᠢᠯ ᠠᠯᠤᠰᠯᠠᠭ᠋ᠠᠳ ᠳᠠᠬᠢᠨᠲᠠ ᠲᠡᠯᠡᠶ᠎ᠳᠤ ᠤᠷᠤᠰᠤᠨ ᠤᠷᠣᠬᠤ ᠵᠢ ᠪᠡᠶᠡᠯᠡᠬᠦᠯᠪᠡ᠃  《ᠤᠯᠠᠨ ᠤᠷᠤᠰᠬᠠᠯ᠎ᠢ ᠵᠡᠷᠭᠡ᠎ᠪᠠᠷ ᠠᠬᠢᠭᠤᠯᠬᠤ》᠎ᠪᠠᠷ ᠳᠠᠮᠵᠢᠨ ᠾᠸᠪᠸᠢ᠎ᠳᠤ 18.27 ᠳ᠋ᠦᠩᠰᠢᠭᠤᠷ ᠪᠣᠰᠣᠭ᠎ᠠ ᠳᠥᠷᠪᠡᠯᠵᠢᠨ ᠮᠸᠲᠷ ᠤᠰᠤ ᠨᠥᠬᠥᠪᠥᠷᠢᠯᠡᠵᠦ᠂ ᠤᠮᠠᠷᠠᠲᠤ ᠵᠢᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ᠎ᠢ ᠶᠡᠷᠦᠩᠬᠡᠢ᠌ᠯᠡᠨ ᠵᠠᠰᠠᠬᠤ ᠪᠠ ᠰᠢᠶᠦ᠋ᠩ ᠠᠨ ᠰᠢᠨ᠎ᠡ ᠲᠣᠭᠣᠷᠢᠭ᠎ᠤᠨ 《ᠤᠰᠤ ᠬᠤᠲᠠ       ᠠᠭᠤᠰᠤᠯᠴᠠᠬᠤ》 ᠵᠢ ᠳᠡᠮᠵᠢᠵᠦ᠂ ᠪᠠᠢ ᠶᠠᠩ ᠳ᠋ᠢᠶᠠᠨ᠎ᠤ ᠠᠮᠢ ᠠᠬᠤᠢ ᠵᠢᠨ ᠰᠡᠷᠭᠦᠭᠡᠯᠲᠡ ᠵᠢ ᠠᠬᠢᠭᠤᠯᠪᠠ᠃ ᠰᠠᠪᠠ ᠭᠠᠵᠠᠷ᠎ᠤᠨ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠴᠢᠩᠭ᠋ᠠᠷᠠᠭᠤᠯᠤᠨ᠂ ᠤᠰᠤ ᠠᠷᠪᠢᠯᠠᠬᠤ ᠦᠨᠡᠯᠡᠯᠲᠡ᠎ᠳᠤ ᠪᠠᠲᠤᠯᠠᠭᠳᠠᠭᠰᠠᠨ ᠥᠬᠡᠶ ᠲᠥᠷᠥᠯ ᠵᠦᠢᠯ᠎ᠢ ᠵᠠᠷᠯᠢᠭᠳᠠᠨ ᠵᠣᠭᠰᠣᠭ᠋ᠠᠪᠠ᠃ ᠲᠣᠬᠢᠷᠠᠭᠤᠯᠤᠯᠲᠠ ᠵᠢᠨ ᠲᠥᠯᠥᠪᠯᠡᠭᠡ ᠵᠢᠨ ᠬᠡᠷᠡᠭᠵᠢᠭᠦᠯᠬᠦ ᠬᠦᠴᠦᠨ᠎ᠢ ᠴᠢᠩᠭ᠋ᠠᠳᠬᠠᠵᠤ᠂ ᠬᠠᠲᠤᠨ ᠭᠣᠤᠯ᠎ᠤᠨ ᠲᠠᠰᠤᠷᠠᠯᠲᠠ ᠥᠬᠡᠶ ᠤᠷᠤᠰᠬᠤ ᠵᠢ ᠪᠠᠲᠤᠯᠠᠨ᠂ ᠪᠥᠬᠥ ᠵᠢᠯ᠎ᠳᠤ 360 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠠᠩᠭ᠋ᠠᠵᠤ᠂ ᠡᠭᠦᠨ᠎ᠳᠤ ᠬᠠᠪᠤᠷ᠎ᠤᠨ ᠤᠰᠤᠯᠠᠯᠲᠠ᠎ᠳᠤ 124 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠠᠩᠭ᠋ᠠᠵᠤ᠂ ᠬᠢᠵᠢᠭ᠎ᠤᠨ ᠪᠠᠢ᠌ᠳᠠᠯ᠎ᠤᠨ ᠲᠠᠭ᠋ᠠᠷᠢᠯᠲᠠ ᠳᠣᠤᠷᠠᠬᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠪᠡ᠃
      ᠲᠦᠷᠪᠡ᠂ 《ᠶᠡᠬᠡ ᠬᠠᠮᠠᠭ᠋ᠠᠯᠠᠯᠲᠠ ᠵᠢ ᠬᠠᠮᠲᠤᠪᠠᠷ ᠰᠠᠢ᠌ᠲᠤᠷ ᠠᠳᠬᠤᠵᠤ᠂ ᠶᠡᠬᠡ ᠵᠠᠰᠠᠯᠲᠠ ᠵᠢ ᠬᠠᠮᠵᠢᠯᠴᠠᠨ ᠠᠬᠢᠭᠤᠯᠬᠤ》 ᠱᠠᠭ᠋ᠠᠷᠳᠠᠯᠭ᠎ᠠ ᠵᠢ ᠲᠤᠤᠱᠯᠠᠭᠤᠯᠵᠤ᠂ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠬᠠᠮᠲᠤᠷᠠᠯ ᠬᠦᠴᠦᠨ᠎ᠢ ᠨᠢᠭᠲᠠᠷᠠᠭᠤᠯᠤᠨ ᠨᠠᠢ᠌ᠳᠠᠪᠤᠷᠢᠵᠢᠭᠤᠯᠪᠠ᠃
      ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠤᠨ ᠰᠢᠰᠲ᠋ᠧᠮ᠎ᠢ       ᠲᠡᠭᠦᠯᠳᠡᠷᠵᠢᠭᠦᠯᠤᠨ᠂ ᠬᠠᠲᠤᠨ ᠭᠣᠣᠯ ᠳᠠᠭ᠋ᠠᠤ ᠵᠢᠨ ᠶᠢᠰᠦᠨ ᠮᠤᠵᠢ (ᠣᠷᠣᠨ)᠎ᠲᠠᠢ ᠰᠠᠪᠠ ᠭᠠᠵᠠᠷ᠎ᠤᠨ ᠬᠠᠮᠢᠶᠠᠷᠤᠯᠲᠠ ᠬᠢᠭᠡᠳ ᠣᠷᠣᠨ ᠪᠦᠰᠡ ᠵᠢᠨ ᠵᠣᠬᠢᠴᠠᠭᠤᠯᠭ᠎ᠠ ᠬᠠᠮᠲᠤᠷᠠᠯᠴᠠᠭ᠋ᠠᠨ᠎ᠤ ᠰᠠᠨᠠᠭᠤᠯᠤᠮᠵᠢ ᠲᠤᠭᠲᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠪᠠᠷᠢᠯᠲᠠ ᠵᠢ ᠵᠣᠯᠭ᠋ᠠᠯᠳᠤᠭᠤᠯᠬᠤ ᠠᠷᠭ᠎ᠠ ᠵᠠᠮ᠎ᠢ ᠰᠢᠯᠤᠭᠤᠳᠬᠠᠨ᠂ ᠣᠷᠴᠢᠨ ᠠᠬᠤᠢ ᠡᠬᠢ ᠪᠠᠶᠠᠯᠢᠭ᠎ᠤᠨ 12 ᠲᠣᠭᠣᠷᠢᠨ ᠰᠢᠭᠦᠬᠦ ᠲᠢᠩᠬᠢᠮ ᠬᠠᠲᠤᠨ ᠭᠣᠣᠯ᠎ᠳᠤ ᠰᠠᠭᠤᠷᠢᠰᠢᠪᠠ᠃ ᠬᠤᠯᠪᠤᠭ᠋ᠠᠳᠤ ᠠᠷᠠᠳᠴᠢᠯᠠᠯ᠎ᠨᠢ ᠲᠥᠪ ᠬᠣᠷᠢᠢ᠎ᠠ ᠵᠢᠨ   ᠬᠠᠳᠤᠨ ᠭᠣᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠰᠣᠶᠣᠯ᠎ᠤᠨ ᠬᠥᠭᠵᠢᠯᠲᠡ ᠵᠢᠨ ᠶᠠᠷᠢᠶᠠᠨ᠎ᠤ ᠲᠠᠪᠴᠠᠩ᠎ᠳᠤ ᠤᠷᠤᠪᠠ᠃ ᠾᠧᠨᠠᠨ ᠮᠤᠵᠢ᠎ᠲᠠᠢ ᠬᠣᠯᠪᠣᠭ᠋ᠠᠯᠠᠨ ᠬᠠᠲᠤᠨ ᠭᠣᠣᠯ᠎ᠤᠨ ᠲᠤᠷᠰᠢᠯᠲᠠ ᠵᠢᠨ ᠲᠠᠰᠤᠭ᠎ᠢ ᠪᠡᠯᠡᠳᠬᠡᠨ ᠪᠠᠢ᠌ᠭᠤᠯᠪᠠ᠃ ᠬᠠᠲᠤᠨ ᠭᠣᠤᠯ᠎ᠤᠨ ᠰᠣᠶᠣᠯ᠎ᠤᠨ ᠬᠥᠲᠥᠯᠥᠨ ᠳᠠᠭ᠋ᠠᠭᠤᠯᠬᠤ ᠦᠢᠯᠡᠳᠦᠯ᠎ᠢ ᠳᠣᠪᠣᠢ᠌ᠯᠭ᠋ᠠᠵᠤ᠂ ᠬᠠᠲᠤᠨ ᠭᠣᠤᠯ᠎ᠢ ᠵᠠᠰᠠᠬᠤ 4 ᠢᠨᠵᠧᠨᠧᠷᠢᠩ ᠬᠢᠭᠡᠳ ᠬᠠᠲᠤᠨ ᠭᠣᠤᠯ᠎ᠤᠨ ᠰᠣᠶᠣᠯ᠎ᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ ᠴᠡᠭ᠎ᠤᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠵᠦ᠂ ᠬᠠᠲᠤᠨ ᠭᠣᠤᠯ᠎ᠤᠨ ᠮᠦᠽᠧᠶ ᠵᠢᠨ ᠳᠡᠯᠭᠡᠨ ᠦᠵᠡᠭᠦᠯᠦᠯᠭᠡ ᠵᠢ ᠰᠢᠯᠢᠳᠡᠭᠵᠢᠭᠦᠯᠦᠨ᠂ ᠬᠠᠲᠤᠨ ᠭᠣᠤᠯ᠎ᠤᠨ ᠣᠯᠠᠨ ᠨᠡᠢ᠌ᠲᠡ ᠵᠢᠨ ᠨᠡᠭᠡᠭᠡᠯᠲᠡ ᠵᠢᠨ ᠡᠳᠦᠷ᠎ᠢ ᠪᠠᠢ᠌ᠭᠤᠯᠵᠤ᠂ ᠨᠡᠢ᠌ᠭᠡᠮ ᠨᠡᠢ᠌ᠲᠡ ᠵᠢᠨ ᠤᠰᠤ ᠵᠢ ᠨᠠᠨᠳᠢᠩᠨᠠᠬᠤ᠂ ᠬᠠᠲᠤᠨ ᠭᠣᠤᠯ᠎ᠢ ᠵᠠᠰᠠᠬᠤ ᠵᠢ ᠣᠢ᠌ᠯᠠᠭ᠋ᠠᠬᠤ ᠴᠤᠩᠬᠤᠪᠴᠢ ᠪᠠᠢ᠌ᠭᠤᠯᠵᠤ᠂ ᠰᠢᠨ᠎ᠡ ᠴᠠᠭ ᠦᠶ᠎ᠡ ᠵᠢᠨ 《ᠬᠠᠲᠤᠨ ᠭᠣᠤᠯ᠎ᠤᠨ ᠨᠠᠢ᠌ᠷᠠᠯ ᠳᠠᠭᠤᠤ》 ᠵᠢ ᠬᠠᠮᠲᠤ᠎ᠪᠠᠷ ᠴᠤᠤᠷᠢᠶᠠᠳᠤᠭᠤᠯᠬᠤ ᠠᠭᠤᠷ ᠠᠮᠢᠰᠬᠤᠯ᠎ᠢ ᠪᠣᠶ ᠪᠣᠯᠭ᠋ᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ᠎ᠳᠤ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ᠎ᠤᠨ ᠪᠠᠲᠤᠯᠠᠭ᠎ᠠ ᠬᠠᠩᠭ᠋ᠠᠪᠠ
ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠶ᠎ᠠ ᠤᠰᠤᠨ ᠠᠰᠢᠭᠯᠠᠯᠲᠠ ᠵᠢᠨ ᠶᠠᠮᠤᠨ᠎ᠤ ᠵᠠᠯᠠᠭᠤ ᠺᠠᠳ᠋ᠷᠴᠤᠳ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠬᠠᠮᠲᠤᠷᠠᠭᠰᠠᠨ ᠰᠤᠷᠤᠯᠴᠠᠬᠤ ᠠᠵᠢᠯᠯᠠᠭ᠎ᠠ ᠦᠷᠨᠢᠬᠦᠯᠪᠡ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠤᠯᠠᠮᠵᠢᠯᠠᠨ ᠰᠤᠷᠤᠯᠴᠠᠪᠠ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ ᠵᠠᠭᠤᠨ ᠵᠢᠯ᠎ᠤᠨ ᠨᠠᠮ᠎ᠤᠨ ᠲᠡᠦᠬᠡ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠬᠦᠯᠵᠦ᠂ ᠰᠢᠶᠧ ᠴᠦᠨ ᠲᠤᠤ ᠬᠠᠪᠰᠤᠷᠤᠨ ᠵᠢᠯᠣᠭᠣᠳᠬᠤ ᠢᠯᠡᠳᠭᠡᠯ ᠬᠢᠪᠡ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ 《ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ》 ᠭᠡᠬᠦ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠦᠷᠨᠢᠬᠦᠯᠪᠡ
 
            