ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠤᠯᠠᠮᠵᠢᠯᠠᠨ ᠰᠤᠷᠤᠯᠴᠠᠪᠠ
ᠨᠡᠶ᠋ᠢᠲᠡᠯᠡᠭᠰᠡᠨ ᠴᠠᠭ᠄ 2021-05-26

      ᠲᠤᠰ ᠥᠷᠲᠡᠭᠡᠨ᠎ᠤ ᠮᠡᠳᠡᠭᠡ 2 ᠰᠠᠷ᠎ᠠ ᠵᠢᠨ 22᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠯᠢ ᠭᠦᠸᠧ   ᠶᠢᠩ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠢ ᠳᠠᠶ᠋ᠢᠴᠢᠯᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ 《ᠪᠦᠬᠦ ᠨᠠᠮ᠎ᠳᠤ ᠨᠠᠮ᠎ᠤᠨ ᠲᠡᠦᠬᠡ ᠰᠤᠷᠤᠯᠴᠠᠬᠤ ᠰᠤᠷᠭ᠋ᠠᠨ ᠬᠥᠮᠦᠵᠢᠯ᠎ᠢ ᠥᠷᠨᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ   ᠲᠤᠪᠴᠢᠯᠠᠨ᠎ᠠ)᠎ᠢ ᠤᠯᠠᠮᠵᠢᠯᠠᠨ       ᠰᠤᠷᠤᠯᠴᠠᠵᠤ᠂   ᠰᠤᠳᠤᠯᠭ᠎ᠠ ᠶᠠᠷᠢᠯᠴᠠᠭ᠎ᠠ ᠦᠷᠨᠢᠬᠦᠯᠵᠦ᠂ ᠪᠤᠳᠠᠳᠤ ᠪᠠᠢ᠌ᠳᠠᠯ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠠᠵᠢᠯ᠎ᠢ ᠰᠤᠳᠤᠯᠤᠨ ᠪᠠᠢ᠌ᠷᠢᠯᠠᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠲᠢᠶᠠᠨ ᠰᠢᠦᠸᠠᠢ ᠪᠢᠨ᠂ ᠲᠢᠶᠠᠨ ᠶᠧ᠂ ᠸᠧᠢ ᠱᠠᠨ ᠵᠦᠩ ᠬᠤᠷᠠᠯ᠎ᠳᠤ ᠤᠷᠤᠯᠴᠠᠵᠤ᠂ ᠲᠡᠳ᠋ ᠰᠠᠢ᠌ᠳ ᠯᠤ᠌ ᠬᠦᠢ ᠬᠤᠸᠠ ᠬᠤᠷᠠᠯ᠎ᠳᠤ ᠰᠤᠯᠠ ᠤᠷᠤᠯᠴᠠᠪᠠ᠃
      ᠯᠢ ᠭᠦᠸᠧ ᠶᠢᠩ ᠵᠢᠭ᠋ᠠᠵᠤ ᠭᠠᠷᠭ᠋ᠠᠭᠰᠠᠨ᠎ᠨᠢ᠂ ᠪᠦᠬᠦ ᠨᠠᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠨᠠᠮ᠎ᠤᠨ ᠵᠠᠭᠤᠨ ᠵᠢᠯ᠎ᠤᠨ ᠲᠡᠦᠬᠡ ᠵᠢᠨ ᠰᠢᠨ᠎ᠡ ᠡᠬᠢᠯᠡᠯᠲᠡ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠦᠬᠦ ᠲᠠᠯ᠎ᠠ ᠪᠠ ᠳᠡᠯᠡᠬᠡᠢ ᠵᠢᠨ ᠵᠠᠭᠤᠨ ᠵᠢᠯ᠎ᠳᠤ ᠭᠠᠷᠤᠭ᠎ᠠ ᠦᠭᠡᠢ ᠶᠡᠬᠡ ᠬᠤᠪᠢᠷᠠᠯᠲᠠ ᠵᠢ ᠨᠢᠭᠡᠳᠦᠯᠲᠡᠢ ᠲᠥᠯᠥᠪᠯᠡᠵᠦ᠂ ᠪᠦᠬᠦ ᠨᠠᠮ ᠪᠥᠬᠥ ᠤᠯᠤᠰ᠎ᠢ ᠳᠠᠶ᠋ᠢᠴᠢᠯᠠᠵᠤ ᠬᠡᠬᠦᠳᠡᠭ ᠳᠦᠭᠦᠷᠡᠩ ᠢᠲᠡᠭᠡᠯ ᠵᠣᠷᠢᠭ ᠵᠶ᠋ᠠᠷ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠥᠯᠥᠭᠡ ᠭᠠᠷᠭ᠋ᠠᠭᠰᠠᠨ ᠴᠢᠬᠤᠯᠠ ᠰᠢᠢ᠍ᠳᠪᠤᠷᠢᠳᠦ ᠪᠤᠳᠤᠯᠭ᠎ᠠ ᠪᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯᠳᠠᠯᠭ᠎ᠠ ᠪᠠ ᠠᠵᠢᠯ᠎ᠤᠨ ᠱᠠᠭ᠋ᠠᠷᠳᠠᠯᠭ᠎ᠠ ᠵᠢ ᠬᠦᠨᠵᠡᠭᠡᠢ ᠲᠤᠭ᠋ᠠᠴᠢᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠳᠠᠶ᠋ᠢᠴᠢᠯᠠᠨ ᠪᠠᠶ᠋ᠢᠷᠢᠯᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠥᠷᠨᠢᠭᠦᠯᠬᠦ᠎ᠳᠤ ᠴᠢᠭᠯᠡᠯ᠎ᠢ ᠵᠢᠭ᠋ᠠᠨ ᠲᠣᠳᠣᠷᠬᠠᠶ᠋ᠢᠯᠠᠵᠠᠢ᠃
      ᠯᠢ ᠭᠦᠸᠧ ᠶᠢᠩ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠮᠡᠳᠡᠭᠳᠡᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠠᠶ᠋ᠢᠲᠤᠷ ᠰᠤᠷᠤᠯᠴᠠᠨ᠂ ᠰᠠᠶ᠋ᠢᠲᠤᠷ ᠣᠶ᠋ᠢᠯᠠᠭ᠋ᠠᠵᠤ᠂ ᠰᠠᠶ᠋ᠢᠲᠤᠷ ᠲᠤᠭᠤᠰᠢᠯᠠᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠨᠢᠭᠡ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ᠃ ᠪᠦᠬᠦ ᠨᠠᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠲᠡᠦᠬᠡ ᠵᠢᠨ ᠠᠭᠤᠤ ᠶᠡᠬᠡ ᠦᠢ᠍ᠯᠡᠰ᠎ᠢ ᠲᠦᠯᠬᠢᠨ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠢᠲᠡᠭᠡᠯ ᠵᠣᠷᠢᠭ ᠵᠶ᠋ᠠᠨ ᠪᠠᠳᠤᠳᠬᠠᠵᠤ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ ᠪᠥᠬᠥᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠍ ᠎ᠠ ᠮᠦᠨ᠂ ᠨᠠᠮ᠎ᠤᠨ ᠥᠪᠡᠷ᠎ᠤᠨ ᠬᠤᠪᠢᠰᠬᠠᠯ ᠪᠠ ᠨᠠᠮ᠎ᠤᠨ ᠠᠮᠢᠵᠢᠷᠠᠯ᠎ᠤᠨ ᠬᠦᠴᠦᠨ᠎ᠢ ᠥᠨᠢᠳᠡ ᠬᠠᠳᠠᠭ᠋ᠠᠯᠠᠬᠤ ᠵᠢᠨ ᠵᠠᠶ᠋ᠢᠯᠠᠰᠢ ᠦᠭᠡᠢ ᠴᠢᠩᠭ᠎ᠠ ᠱᠠᠭ᠋ᠠᠷᠳᠠᠯᠭ᠎ᠠ ᠮᠥᠨ᠃ ᠬᠣᠶᠠᠷ᠎ᠲᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠵᠥᠪ ᠡᠵᠡᠮᠰᠢᠬᠦ ᠬᠡᠷᠡᠭᠲᠡᠢ᠃ ᠲᠡᠦᠬᠡ ᠰᠤᠷᠤᠯᠴᠠᠵᠤ ᠶᠤᠰᠤ ᠤᠴᠢᠷ᠎ᠢ ᠤᠢ᠌ᠯᠠᠭ᠋ᠠᠬᠤ᠂ ᠲᠡᠦᠬᠡ ᠰᠤᠷᠤᠯᠴᠠᠵᠤ ᠢᠳᠡᠭᠡᠯ ᠪᠢᠰᠢᠷᠡᠯ ᠵᠶ᠋ᠡᠨ ᠨᠡᠮᠡᠭᠳᠡᠬᠦᠯᠬᠦ᠂ ᠲᠡᠤᠬᠡ ᠰᠤᠷᠤᠯᠴᠠᠵᠤ ᠶᠤᠰᠤ ᠰᠤᠷᠳᠠᠬᠤᠨ᠎ᠢ ᠡᠷᠬᠢᠮᠯᠡᠬᠦ᠂ ᠲᠡᠤᠬᠡ ᠰᠤᠷᠤᠯᠴᠠᠵᠤ ᠪᠤᠳᠠᠳᠠᠢ ᠠᠵᠢᠯ ᠬᠢᠬᠦ ᠵᠢ ᠪᠠᠷᠢᠮᠳᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠭᠦᠨᠵᠡᠭᠡᠢ ᠤᠢ᠌ᠯᠠᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠪᠣᠯᠤᠨ ᠦᠨᠳᠦᠰᠦᠲᠡᠨ᠎ᠤ ᠲᠥᠯᠥᠭᠡ ᠭᠠᠷᠭ᠋ᠠᠭᠰᠠᠨ ᠠᠭᠤᠤ ᠶᠡᠬᠡ ᠬᠤᠪᠢ ᠨᠡᠮᠡᠷᠢ ᠵᠢ ᠭᠦᠨᠵᠡᠭᠡᠢ ᠤᠢ᠌ᠯᠠᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠠᠷᠠᠳ ᠲᠦᠮᠡᠨ᠎ᠤ ᠲᠦᠯᠦᠭᠡ ᠪᠠᠢ᠌ᠳᠠᠭ ᠤᠭ ᠰᠠᠨᠠᠭ᠎ᠠ ᠵᠣᠷᠢᠯᠲᠠ ᠵᠢ ᠬᠦᠨᠵᠡᠭᠡᠢ ᠮᠡᠳᠡᠷᠡᠵᠦ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠮᠠᠷᠺᠸᠰ᠎ᠤᠨ ᠦᠵᠡᠯ᠎ᠢ ᠲᠤᠮᠳᠠᠳᠤ ᠤᠯᠤᠰᠴᠢᠯᠠᠬᠤ ᠲᠤᠮᠳᠠ ᠪᠦᠷᠢᠯᠳᠦᠭᠰᠡᠨ ᠴᠢᠬᠤᠯᠠ ᠤᠨᠤᠯ᠎ᠤᠨ ᠦᠷ᠎ᠡ ᠪᠦᠳᠦᠮᠵᠢ ᠵᠢ ᠰᠢᠰᠲᠸᠮ᠎ᠲᠠᠢ ᠡᠵᠡᠮᠰᠢᠨ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠷᠳᠤ ᠬᠤᠭᠤᠴᠠᠭ᠋ᠠᠨ᠎ᠤ ᠲᠡᠮᠡᠴᠡᠯ ᠲᠤᠮᠳᠠ ᠪᠤᠢ ᠪᠤᠯᠭ᠋ᠠᠭᠰᠠᠨ ᠠᠭᠤᠤ ᠶᠡᠬᠡ ᠵᠤᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠤᠪᠢᠰᠬᠠᠯ᠂ ᠪᠦᠳᠦᠭᠡᠨ ᠪᠠᠢ᠌ᠭᠤᠯᠤᠯᠳᠠ᠂ ᠦᠭᠡᠷᠡᠴᠢᠯᠡᠯᠳᠡ ᠵᠢ ᠠᠮᠵᠢᠯᠳᠠ᠎ᠲᠠᠢ ᠲᠦᠯᠬᠢᠨ ᠠᠬᠢᠭᠤᠯᠤᠭᠰᠠᠨ ᠨᠠᠨᠳᠢᠨ ᠲᠤᠷᠰᠢᠯᠭ᠎ᠠ ᠵᠢ ᠬᠦᠨᠵᠭᠡᠢ ᠤᠢ᠌ᠯᠠᠭ᠋ᠠᠵᠤ᠂ ᠨᠠᠮ᠎ᠤᠨ ᠲᠡᠤᠬᠡ ᠵᠢ ᠰᠤᠷᠤᠯᠴᠠᠵᠤ᠂ ᠦᠵᠡᠯ ᠰᠠᠨᠠᠭ᠎ᠠ ᠵᠢ ᠤᠢ᠌ᠯᠠᠭ᠋ᠠᠨ᠂ ᠪᠤᠳᠠᠳᠠᠢ ᠠᠵᠢᠯ ᠬᠢᠵᠦ᠂ ᠰᠢᠨ᠎ᠡ ᠪᠠᠢ᠌ᠳᠠᠯ᠎ᠢ ᠨᠡᠭᠡᠭᠡᠬᠦ ᠵᠢ ᠰᠠᠢ᠌ᠳᠤᠷ ᠬᠢᠬᠦ ᠬᠡᠷᠡᠭᠲᠡᠢ᠃ ᠭᠤᠷᠪᠠ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠨᠠᠮ᠎ᠤᠨ ᠲᠥᠪ ᠬᠣᠷᠢᠶᠠᠨ᠎ᠤ ᠨᠢᠭᠡᠳᠦᠯᠲᠡᠢ ᠪᠠᠶ᠋ᠢᠷᠢᠯᠠᠭᠤᠯᠤᠯᠲᠠ ᠶᠣᠰᠣᠭ᠋ᠠᠷ ᠤᠯᠤᠰ ᠲᠥᠷᠥ ᠵᠢᠨ ᠡᠬᠦᠷᠭᠡ ᠬᠠᠷᠢᠭᠤᠴᠠᠯᠭ᠎ᠠ ᠵᠢ ᠪᠤᠳᠠᠳᠠᠢ ᠲᠠᠭ᠋ᠠᠭ᠋ᠠᠯᠭ᠋ᠠᠵᠤ᠂ ᠰᠤᠷᠤᠯᠴᠠᠯᠭ᠎ᠠ ᠵᠢᠨ ᠲᠥᠯᠥᠪᠯᠡᠭᠡ ᠵᠢ ᠲᠣᠭᠲᠠᠭ᠋ᠠᠨ᠂ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠨ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠢᠪᠠᠳᠠᠨ ᠱᠠᠭ᠋ᠠᠷᠳᠠᠵᠤ ᠵᠢᠭ᠋ᠠᠨ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠥᠬᠥᠳ ᠲᠤᠤᠷᠠᠳᠤ ᠱᠠᠳᠤ᠎ᠪᠠᠨ ᠳᠠᠶ᠋ᠢᠴᠢᠯᠠᠨ ᠳᠠᠭ᠋ᠠᠭᠤᠯᠬᠤ ᠦᠢ᠍ᠯᠡᠳᠦᠯ ᠵᠶ᠋ᠡᠨ ᠨᠡᠩ ᠥᠨᠳᠥᠷ ᠪᠠᠷᠢᠮᠵᠢᠶ᠎ᠠ ᠱᠠᠭ᠋ᠠᠷᠳᠠᠯᠭ᠎ᠠ᠎ᠪᠠᠷ ᠨᠠᠮ᠎ᠤᠨ ᠲᠡᠦᠬᠡ ᠵᠢ ᠰᠤᠷᠤᠯᠴᠠᠬᠤ᠂ ᠨᠠᠮ᠎ᠤᠨ ᠲᠡᠦᠬᠡ ᠵᠢ ᠶᠠᠷᠢᠬᠤ᠂ ᠨᠠᠮ᠎ᠤᠨ ᠲᠡᠦᠬᠡ ᠵᠢ ᠣᠶ᠋ᠢᠯᠠᠭ᠋ᠠᠬᠤ᠂ ᠨᠠᠮ᠎ᠤᠨ ᠲᠡᠦᠬᠡ ᠵᠢ ᠬᠡᠷᠡᠭᠯᠡᠵᠦ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ᠎ᠤᠨ ᠡᠯ᠎ᠡ ᠲᠥᠷᠥᠯ᠎ᠤᠨ ᠡᠭᠦᠷᠭᠡ ᠵᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠪᠡ᠃
     2 ᠰᠠᠷ᠎ᠠ ᠵᠢᠨ 23᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠲᠤᠰᠬᠠᠢ ᠰᠡᠳᠦᠪᠲᠦ ᠤᠯᠠᠮᠵᠢᠯᠠᠨ ᠰᠤᠷᠤᠯᠴᠠᠬᠤ ᠬᠤᠷᠠᠯ ᠬᠤᠷᠠᠯᠳᠤᠭᠤᠯᠵᠤ᠂ ᠡᠯ᠎ᠡ ᠵᠤᠷᠭ᠋ᠠᠨ ᠲᠣᠪᠴᠢᠶ᠎ᠠ ᠡᠯ᠎ᠡ ᠪᠠᠢ᠌ᠭᠤᠯᠭ᠎ᠠ ᠨᠢᠭᠡᠴᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠤᠯᠠᠮᠵᠢᠯᠠᠨ ᠰᠤᠷᠤᠯᠴᠠᠬᠤ ᠠᠵᠢᠯ᠎ᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠵᠦ ᠲᠦᠪ ᠬᠤᠷᠢᠶᠠᠨ᠎ᠤ ᠨᠢᠭᠡᠳᠦᠯᠳᠡᠢ ᠱᠠᠭ᠋ᠠᠷᠳᠠᠯᠭ᠎ᠠ ᠪᠠ ᠶᠠᠮᠤᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠲᠤᠬᠢᠷᠠᠭᠤᠯᠤᠯᠳᠠ ᠶᠤᠰᠤᠭ᠋ᠠᠷ ᠲᠤᠰ ᠵᠤᠷᠭ᠋ᠠᠨ ᠲᠤᠪᠴᠢᠶ᠎ᠠ ᠲᠤᠰ ᠪᠠᠢ᠌ᠭᠤᠯᠭ᠎ᠠ ᠨᠢᠭᠡᠴᠢ ᠵᠢᠨ ᠵᠶ᠋ᠡᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ ᠵᠢ ᠦᠨᠡᠨ ᠬᠦ᠌ ᠰᠠᠢ᠌ᠳᠤᠷ ᠵᠤᠬᠢᠶᠠᠨ ᠪᠠᠢ᠌ᠭᠤᠯᠤᠨ ᠲᠦᠯᠦᠪᠯᠡᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠰᠠᠢ᠌ᠨ ᠡᠬᠢᠯᠡᠯᠳᠡ᠎ᠲᠠᠢ ᠪᠤᠯᠵᠤ᠂ ᠪᠤᠳᠠᠳᠠᠢ ᠦᠷ᠎ᠡ ᠪᠦᠳᠦᠮᠵᠢ ᠤᠯᠬᠤ ᠵᠢ ᠦᠨᠡᠨ ᠬᠦ᠌ ᠪᠠᠳᠤᠯᠠᠬᠤ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ ᠵᠠᠭᠤᠨ ᠵᠢᠯ᠎ᠤᠨ ᠨᠠᠮ᠎ᠤᠨ ᠲᠡᠦᠬᠡ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠬᠦᠯᠵᠦ᠂ ᠰᠢᠶᠧ ᠴᠦᠨ ᠲᠤᠤ ᠬᠠᠪᠰᠤᠷᠤᠨ ᠵᠢᠯᠣᠭᠣᠳᠬᠤ ᠢᠯᠡᠳᠭᠡᠯ ᠬᠢᠪᠡ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ 《ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ》 ᠭᠡᠬᠦ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠦᠷᠨᠢᠬᠦᠯᠪᠡ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠬᠢᠭᠤᠯᠬᠤ ᠬᠤᠷᠠᠯ ᠬᠢᠪᠡ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠪᠠ 2021 ᠣᠨ᠎ᠤ ᠨᠠᠮ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
 
            