5 ᠰᠠᠷ᠎ᠠ ᠵᠢᠨ 18᠎ᠤ ᠡᠳᠦᠷ᠂ ᠤᠰᠤ ᠲᠠᠲᠠᠬᠤ ᠲᠣᠪᠴᠢᠢ᠎ᠠ ᠵᠢᠨ ᠨᠠᠮ᠎ᠤᠨ ᠬᠣᠷᠢᠢ᠎ᠠ ᠪᠦᠬᠦ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠵᠤ ᠰᠢᠶᠠᠩᠱ᠌ᠠᠨᠤ ᠬᠤᠪᠢᠰᠬᠠᠯ᠎ᠤᠨ ᠳᠤᠷᠠᠰᠬᠠᠯ᠎ᠤᠨ ᠭᠠᠵᠠᠷ᠎ᠲᠤ ᠬᠦᠷᠴᠦ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠵᠢᠨ ᠲᠠᠯᠠᠪᠠᠢ ᠵᠢᠨ ᠰᠤᠷᠤᠯᠴᠠᠯᠭ᠎ᠠ ᠵᠢᠴᠢ 《ᠬᠤᠪᠢᠰᠬᠠᠯ᠎ᠤᠨ ᠲᠡᠦᠬᠡ ᠵᠢ ᠲᠠᠬᠢᠨ ᠡᠷᠭᠢᠴᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤᠳᠬᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ ᠃
ᠰᠢᠶᠠᠩᠱ᠌ᠠᠨᠤ ᠬᠤᠪᠢᠰᠬᠠᠯ᠎ᠤᠨ ᠳᠤᠷᠠᠰᠬᠠᠯ᠎ᠤᠨ ᠣᠷᠳᠣᠨ᠎ᠳᠤ᠂ ᠪᠦᠬᠦ ᠨᠠᠮ᠎ᠤᠨ ᠭᠡᠰᠢᠭᠦᠳ 《ᠰᠢᠨ᠎ᠡ ᠳᠤᠮᠳᠠᠳᠤ ᠤᠯᠤᠰ᠎ᠲᠤ ᠰᠠᠭᠤᠷᠢ ᠲᠠᠯᠪᠢᠭᠰᠠᠨ᠎ᠨᠢ —— ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠰᠢᠶᠠᠩᠱ᠌ᠠᠨᠳᠤ》 ᠭᠡᠬᠦ ᠭᠣᠣᠯ ᠰᠡᠳᠦᠪᠲᠦ ᠦᠵᠡᠰᠬᠦᠯᠡᠩ᠎ᠢ ᠰᠣᠨᠢᠷᠬᠠᠪᠠ᠂ 《ᠪᠡᠭᠡᠵᠢᠩ᠎ᠳᠤ ᠣᠷᠣᠵᠤ 〈ᠰᠢᠯᠭ᠋ᠠᠯᠲᠠ᠎ᠳᠤ ᠣᠷᠣᠯᠴᠠᠬᠤ〉》᠂ 《ᠰᠢᠶᠠᠩᠱ᠌ᠠᠨ ᠠᠭᠤᠯᠠᠨ᠎ᠳᠤ ᠣᠷᠣᠵᠤ ᠰᠠᠭᠤᠭᠰᠠᠨ᠎ᠨᠢ》᠂ 《ᠪᠦᠬᠦ ᠳᠤᠮᠳᠠᠳᠤ ᠤᠯᠤᠰ᠎ᠢ ᠴᠢᠯᠥᠭᠡᠯᠡᠬᠦ ᠵᠢ ᠦᠷᠭᠦᠯᠵᠢᠯᠡᠨ ᠵᠢᠯᠤᠭᠤᠳᠤᠭᠰᠠᠨ᠎ᠨᠢ》᠂ 《ᠰᠢᠨ᠎ᠡ ᠳᠤᠮᠳᠠᠳᠤ ᠤᠯᠤᠰ᠎ᠢ ᠪᠠᠢ᠌ᠭᠤᠯᠬᠤ᠎ᠪᠠᠷ ᠪᠡᠯᠡᠳᠬᠡᠭᠰᠡᠨ᠎ᠨᠢ》᠂ 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠡᠭᠦᠷᠢᠳᠡ ᠲᠡᠮᠡᠴᠡᠰᠦᠬᠡᠢ》 ᠵᠡᠷᠭᠡ ᠲᠠᠪᠤᠨ ᠬᠡᠰᠡᠭ᠎ᠲᠤ ᠶᠡᠬᠡ ᠬᠡᠮᠵᠢᠶᠡᠨ᠎ᠤ ᠬᠣᠪᠣᠷ ᠨᠠᠨᠳᠢᠨ ᠪᠢᠴᠢᠭ ᠮᠠᠲ᠋ᠧᠷᠢᠶᠠᠯ᠂ ᠲᠡᠦᠬᠡᠨ ᠮᠠᠲ᠋ᠧᠷᠢᠶᠠᠯ᠎ᠤᠨ ᠰᠡᠭᠦᠳᠡᠷ ᠪᠠ ᠬᠣᠪᠣᠷ ᠨᠠᠨᠳᠢᠨ ᠵᠢᠷᠤᠭ ᠰᠡᠭᠦᠳᠡᠷ᠎ᠢ ᠲᠡᠯᠭᠡᠨ ᠦᠵᠡᠬᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠡᠭᠡᠵᠢᠩ᠎ᠤᠨ ᠰᠢᠶᠠᠩᠱ᠌ᠠᠨᠤ ᠬᠤᠪᠢᠰᠬᠠᠯ᠎ᠤᠨ ᠦᠢᠯᠡᠳᠦᠯᠭᠡ ᠂ ᠳᠤᠮᠳᠠᠳᠤ ᠤᠯᠤᠰ᠎ᠤᠨ ᠡᠪ ᠬᠠᠮᠲᠤ ᠨᠠᠮ ᠨᠢ ᠬᠤᠪᠢᠰᠬᠠᠯᠲᠤ ᠨᠠᠮ᠎ᠠᠴᠠ ᠵᠠᠰᠠᠭ ᠪᠠᠷᠢᠬᠤ ᠨᠠᠮ᠎ᠢ ᠵᠦᠭ ᠰᠢᠯᠵᠢᠭᠰᠡᠨ᠂ ᠳᠤᠮᠳᠠᠳᠤ ᠤᠯᠤᠰ᠎ᠤᠨ ᠬᠤᠪᠢᠰᠬᠠᠯ ᠨᠢ ᠢᠯᠠᠯᠲᠠ᠎ᠠᠴᠠ ᠢᠯᠠᠯᠲᠠ ᠵᠢᠨ ᠢᠷᠡᠭᠤ ᠠᠯᠳᠠᠷ ᠦᠩᠭᠡ ᠬᠡᠷᠡᠯ ᠵᠦᠭ ᠤᠷᠤᠭᠰᠢᠯᠠᠭᠰᠠᠨ ᠲᠡᠦᠬᠡᠳᠦ ᠥᠩᠭᠡᠷᠡᠯᠲᠡ ᠵᠢ ᠡᠷᠭᠢᠴᠡᠬᠦᠯᠵᠦ᠂ ᠨᠢᠭᠡ ᠤᠳᠠᠭ᠋ᠠᠨ᠎ᠤ ᠭᠦᠨ ᠭᠦᠨᠵᠡᠭᠡᠶ ᠣᠶᠤᠨ ᠰᠠᠨᠠᠭ᠋ᠠᠨ᠎ᠤ ᠠᠷᠢᠭᠤᠳᠬᠠᠯ ᠪᠠ ᠨᠠᠮᠴᠢ ᠴᠢᠨᠠᠷ᠎ᠤᠨ ᠬᠥᠮᠦᠵᠢᠯ ᠬᠦᠷᠲᠡᠪᠡ ᠃
ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠳᠤ ᠡᠷᠬᠢᠮ ᠳᠡᠭᠡᠳᠦ ᠬᠦᠨᠳᠦᠳᠬᠡᠯ ᠪᠠ ᠬᠢᠵᠠᠭ᠋ᠠᠯᠠᠰᠢ ᠦᠭᠡᠢ ᠮᠥᠷᠥᠭᠡᠳᠦᠯ ᠡᠪᠦᠷᠯᠡᠨ᠂ ᠪᠦᠬᠦ ᠨᠠᠮ᠎ᠤᠨ ᠭᠡᠰᠢᠭᠦᠨ ᠺᠠᠳ᠋ᠷᠴᠤᠳ ᠵᠦᠰᠡᠷ ᠪᠤᠷᠤᠭ᠋ᠠᠨ᠎ᠤ ᠲᠤᠮᠳᠠᠭᠤᠷ᠂ᠰᠢᠶᠠᠩᠱ᠌ᠠᠨᠤ ᠱᠤᠸᠠᠩ ᠴᠢᠩ ᠵᠤᠰᠠᠯᠠᠩ᠂ ᠯᠠᠢ ᠴᠢᠩ ᠰᠢᠤᠸᠠᠨ᠎ᠳᠤ ᠬᠦᠷᠴᠦ᠂ ᠮᠠᠤ ᠽᠸ ᠳ᠋ᠦᠩ ᠨᠥᠬᠥᠷ ᠵᠡᠷᠭᠡ ᠲᠤᠬᠠᠢ ᠵᠢᠨ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠳᠤᠷᠢᠳᠬᠤ ᠬᠦᠮᠦᠰ᠎ᠤᠨ ᠰᠢᠶᠠᠩᠱ᠌ᠠᠨᠳᠠᠬᠢ ᠠᠵᠢᠯ ᠠᠮᠢᠳᠤᠷᠠᠯ᠎ᠤᠨ ᠲᠠᠯᠠᠪᠤᠷ ᠢ ᠲᠤᠭᠤᠷᠢᠨ ᠦᠵᠡᠪᠡ᠃ ᠣᠯᠠᠨ ᠵᠶ᠋ᠠᠷ ᠵᠶ᠋ᠠᠨ ᠲᠡᠢ᠌ᠨ᠎ᠤ ᠲᠠᠯᠠᠪᠤᠷ᠎ᠲᠤ ᠴᠡᠷᠢᠭ ᠲᠣᠮᠢᠯᠠᠭᠰᠠᠨ ᠬᠤᠷᠠᠯ᠎ᠤᠨ ᠬᠡᠷ᠎ᠢ ᠬᠠᠷᠠᠭ᠋ᠠᠳ᠂ ᠮᠥᠷᠡᠨ ᠭᠠᠲᠤᠯᠬᠤ ᠳᠠᠢ᠌ᠯᠠᠯᠳᠤᠭ᠋ᠠᠨ᠎ᠤ ᠠᠭᠤᠤ ᠶᠡᠬᠡ ᠠᠤᠭ᠎ᠠ ᠠᠵᠢᠯᠯᠠᠭ᠎ᠠ ᠵᠢ ᠳᠠᠬᠢᠨ ᠡᠷᠭᠢᠴᠡᠭᠦᠯᠵᠦ᠂ ᠬᠤᠪᠢᠰᠬᠠᠯ᠎ᠤᠨ ᠥᠯᠢᠭᠡᠷᠤᠳᠢ ᠰᠣᠨᠣᠰᠤᠭ᠋ᠠᠳ᠂ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ᠂ ᠬᠠᠲᠠᠭᠤᠵᠢᠯᠲᠠᠶ ᠪᠣᠷᠣᠭᠵᠢᠭᠤᠨ ᠪᠠᠢ᠌ᠬᠤ ᠰᠤᠷᠲᠠᠯ᠎ᠳᠤ ᠰᠡᠳᠬᠢᠯ ᠬᠦᠳᠡᠯᠪᠡ᠃ ᠡᠨᠳᠡ᠂ ᠨᠥᠬᠥᠳ ᠨᠡᠷ ᠨᠠᠮ᠎ᠤᠨ ᠲᠤᠭ᠎ᠤᠨ ᠡᠮᠦᠨ᠎ᠡ ᠨᠠᠮ᠎ᠳᠤ ᠣᠷᠣᠬᠤ ᠲᠠᠩᠭ᠋ᠠᠷᠢᠭ ᠵᠶ᠋ᠡᠨ ᠳᠠᠬᠢᠨ ᠡᠷᠭᠢᠴᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠪᠠ ᠃
ᠣᠯᠠᠨ ᠵᠶ᠋ᠠᠷ ᠵᠶ᠋ᠠᠨ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ ᠳᠤᠮᠳᠠ᠎ᠠᠴᠠ ᠦᠷᠭᠦᠯᠵᠢᠯᠡᠨ ᠤᠷᠤᠭᠰᠢᠯᠠᠬᠤ ᠣᠶᠤᠨ ᠤᠬᠠᠭ᠋ᠠᠨ ᠪᠠ ᠬᠦᠴᠦᠨ ᠴᠢᠳᠠᠯ᠎ᠢ ᠰᠢᠩᠭᠡᠭᠡᠨ ᠠᠪᠴᠤ᠂ ᠢᠲᠡᠭᠡᠯ ᠪᠢᠰᠢᠷᠡᠯ᠎ᠤᠨ 《ᠰᠠᠭᠤᠷᠢ》 ᠵᠢ ᠪᠠᠲᠤ ᠴᠣᠭᠴᠠᠯᠠᠵᠤ᠂ ᠦᠵᠡᠯ ᠰᠠᠨᠠᠭ᠋ᠠᠨ᠎ᠤ 《ᠵᠠᠯᠠᠭᠤᠷ》᠎ᠢ ᠯᠠᠪᠳᠠᠭᠤᠨ ᠡᠵᠡᠮᠳᠡᠨ᠂ ᠣᠶᠤᠨ ᠰᠠᠨᠠᠭ᠋ᠠᠨ᠎ᠤ 《ᠺᠠᠯᠼ》᠎ᠢ ᠭᠦᠢᠴᠡᠳ ᠨᠥᠬᠥᠪᠥᠷᠢᠯᠡᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠢ᠌ᠯᠠᠭ᠋ᠠᠬᠤ ᠴᠢᠳᠠᠪᠤᠷᠢ ᠪᠠ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 《ᠳᠥᠷᠪᠡᠨ ᠤᠬᠠᠮᠰᠠᠷ》 ᠵᠶ᠋ᠠᠨ ᠲᠠᠰᠤᠷᠠᠯᠲᠠ ᠥᠬᠡᠶ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠦᠷᠢᠶᠡᠯᠡᠬᠦ》 ᠵᠢ ᠪᠡᠶᠡᠯᠡᠭᠦᠯᠦᠨ᠎ᠡ ᠃ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ 《ᠨᠡᠢ᠌ᠲᠡ ᠵᠢᠨ ᠲᠥᠯᠥᠭᠡ ᠨᠠᠮ ᠪᠠᠢ᠌ᠭᠤᠯᠵᠤ᠂ ᠠᠷᠠᠳ ᠲᠦᠮᠡᠨ᠎ᠳᠤ ᠦᠨᠡᠨᠴᠢ ᠰᠢᠳᠤᠷᠭᠤ》 ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ᠂ 《ᠪᠡᠭᠡᠵᠢᠩ᠎ᠳᠤ ᠬᠦᠷᠴᠦ ᠰᠢᠯᠭ᠋ᠠᠯᠲᠠ᠎ᠳᠤ ᠣᠷᠣᠯᠴᠠᠬᠤ》 ᠲᠡᠮᠡᠴᠡᠯ᠎ᠤᠨ ᠵᠣᠷᠢᠭ ᠵᠶ᠋ᠠᠷ᠂ 《ᠠᠷᠠᠳ ᠲᠦᠮᠡᠨ᠎ᠳᠤ ᠦᠯᠦ ᠣᠰᠣᠯᠳᠠᠬᠤ》 ᠢᠲᠡᠭᠡᠯ ᠪᠢᠰᠢᠷᠡᠯ ᠵᠶ᠋ᠡᠷ 《ᠤᠯᠤᠰ᠎ᠤᠨ ᠶᠡᠬᠡ ᠲᠠᠯ᠎ᠠ ᠵᠢ ᠪᠣᠳᠣᠯᠬᠢᠯᠠᠨ》᠂ ᠠᠵᠢᠯ᠎ᠤᠨ ᠪᠠᠢ᠌ᠷᠢ᠎ᠳᠠᠭᠠᠨ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ ᠃