ᠳᠤᠮᠳᠠᠳᠤ ᠤᠯᠤᠰ᠎ᠤᠨ ᠰᠦᠯᠵᠢᠶ᠎ᠡ ᠵᠢᠨ 1 ᠰᠠᠷ᠎ᠠ ᠵᠢᠨ 25᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠵᠠᠩ ᠶᠠᠨ ᠯᠢᠩ) ᠰᠤᠷᠪᠤᠯᠵᠢᠯᠠᠭᠴᠢ 25᠎ᠤ ᠡᠳᠦᠷ ᠪᠡᠭᠡᠵᠢᠩ᠎ᠳᠤ ᠬᠤᠷᠠᠯᠳᠤᠭᠰᠠᠨ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯᠳᠤᠭ᠋ᠠᠨ᠎ᠠᠴᠠ ᠣᠶ᠋ᠢᠯᠠᠭ᠋ᠠᠭᠰᠠᠨ᠎ᠨᠢ᠂ 2020 ᠣᠨ᠎ᠠᠴᠠ ᠨᠠᠰᠢ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠦᠢ᠍ᠯᠡᠳᠦᠯᠭᠡᠵᠢᠭᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠤᠯᠬᠤ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠡᠭᠦᠰᠬᠡᠯ᠎ᠤᠨ ᠬᠦᠨᠳᠦ ᠡᠭᠦᠷᠭᠡ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ ᠪᠣᠯᠤᠨ ᠬᠣᠪᠣᠷ ᠲᠣᠬᠢᠶᠠᠯᠳᠤᠬᠤ ᠦᠶᠡᠷ᠎ᠤᠨ ᠪᠠᠶ᠋ᠢᠳᠠᠯ᠎ᠤᠨ ᠶᠡᠬᠡ ᠰᠢᠯᠭ᠋ᠠᠯᠲᠠ᠎ᠳᠤ ᠬᠠᠨᠳᠤᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠤᠯᠠᠨ ᠳᠠᠪᠬᠤᠷ ᠥᠷᠢᠰᠥᠯᠳᠦᠭᠡᠨ᠎ᠤ ᠳᠣᠣᠷ᠎ᠠ ᠤᠰᠤᠨ ᠠᠰᠢᠭᠯᠠᠯᠲᠠ ᠵᠢᠨ ᠠᠵᠢᠯ᠎ᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠵᠤ᠂ ᠠᠵᠢᠯ ᠵᠶ᠋ᠠᠨ ᠲᠠᠬᠢᠨ ᠰᠢᠨ᠎ᠡ ᠳᠡᠭᠲᠡᠷ᠎ᠲᠤ ᠭᠠᠷᠭ᠋ᠠᠪᠠ᠃
2020 ᠣᠨ᠎ᠳᠤ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠤᠰᠤᠨ ᠠᠰᠢᠭᠯᠠᠯᠲᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠬᠦ ᠴᠢᠬᠤᠯᠠ ᠶᠡᠬᠡ ᠢᠯᠠᠯᠲᠠ ᠵᠢ ᠲᠡᠮᠡᠴᠡᠨ ᠣᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ
2020 ᠣᠨ᠎ᠳᠤ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠫᠠᠶ᠋ᠢᠰᠠ ᠡᠯᠭᠦᠨ ᠱᠠᠯᠠᠪᠳᠠᠭᠤᠯᠤᠨ ᠪᠠᠢ᠌ᠴᠠᠭ᠋ᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠥᠬᠥ 975 ᠲᠦᠮᠡᠨ ᠬᠥᠮᠦᠨ᠎ᠤ ᠤᠤᠭᠤᠬᠤ ᠤᠰᠤᠨ᠎ᠤ ᠹᠯᠣᠷ ᠪᠠᠷᠢᠮᠵᠢᠶ᠎ᠠ ᠭᠡᠲᠦᠷᠡᠭᠰᠡᠨ ᠤᠰᠤ ᠵᠢ ᠥᠭᠡᠷᠡᠴᠢᠯᠡᠬᠦ ᠵᠢ ᠪᠡᠶᠡᠯᠡᠭᠦᠯᠵᠦ᠂ 120 ᠲᠦᠮᠡᠨ ᠬᠥᠮᠦᠨ᠎ᠤ ᠤᠤᠭᠤᠬᠤ ᠤᠰᠤᠨ᠎ᠤ ᠭᠠᠰᠢᠭᠤᠨ ᠱᠣᠷᠪᠣᠭ ᠠᠰᠠᠭᠤᠳᠠᠯ᠎ᠢ ᠰᠢᠢ᠍ᠳᠪᠦᠷᠢᠯᠡᠨ᠂ ᠬᠥᠳᠡᠭᠡ ᠲᠣᠰᠬᠣᠨ᠎ᠤ 4233 ᠲᠦᠮᠡᠨ ᠬᠥᠮᠦᠨ ᠠᠮᠠ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃
ᠪᠡᠯᠡ ᠣᠷᠣᠭᠤᠯᠤᠯᠲᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ 832 ᠶᠠᠳᠠᠭᠤ ᠬᠦᠴᠢᠷᠳᠡᠯ᠎ᠲᠠᠢ ᠰᠢᠶᠠᠨ᠎ᠳᠤ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢ 1863 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠤᠰᠤᠯᠠᠯᠲᠠ ᠵᠡᠷᠭᠡ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢ ᠲᠦᠷᠭᠡᠪᠴᠢᠯᠡᠨ ᠲᠡᠭᠦᠯᠳᠡᠷᠵᠢᠭᠦᠯᠪᠡ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠬᠠᠮᠢᠶᠠᠷᠴᠤ ᠬᠠᠮᠠᠭ᠋ᠠᠯᠠᠬᠤ ᠠᠵᠢᠯ᠎ᠤᠨ ᠪᠠᠶ᠋ᠢᠷᠢ᠎ᠳᠤ 24 ᠲᠦᠮᠡᠨ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢ ᠠᠵᠢᠯ ᠣᠯᠭᠣᠵᠤ᠂ ᠬᠥᠳᠡᠭᠡ ᠲᠣᠰᠬᠣᠨ᠎ᠤ ᠤᠰᠤᠨ ᠴᠠᠬᠢᠯᠭ᠋ᠠᠨ ᠵᠶ᠋ᠠᠷ ᠶᠠᠳᠠᠭᠤ ᠵᠢ ᠲᠡᠳᠬᠦᠬᠦ ᠢᠨᠵᠧᠨᠧᠷᠢᠩ ᠨᠡᠢ᠍ᠢ᠍ᠳᠡ 9.6 ᠲᠦᠮᠡᠨ ᠶᠠᠳᠠᠭᠤ ᠬᠦᠴᠢᠷᠳᠡᠯ᠎ᠲᠠᠢ ᠡᠷᠦᠬᠡ ᠵᠢ ᠬᠠᠪᠰᠤᠷᠤᠨ ᠲᠡᠳᠬᠦᠪᠡ᠃
ᠤᠰᠤᠨ ᠠᠰᠢᠭᠯᠠᠯᠲᠠ ᠵᠢᠨ ᠴᠡᠭ ᠲᠣᠭᠲᠠᠭ᠋ᠠᠨ ᠶᠠᠳᠠᠭᠤ ᠵᠢ ᠲᠡᠳᠬᠦᠬᠦ ᠠᠵᠢᠯ ᠢ ᠦᠷᠭᠦᠯᠵᠢᠯᠡᠨ ᠲᠥᠯᠬᠢᠨ ᠠᠬᠢᠭᠤᠯᠵᠤ᠂ ᠡᠯ᠎ᠡ ᠵᠦᠢ᠍ᠯ ᠤᠨ ᠡᠭᠦᠷᠭᠡ᠎ᠪᠠᠨ ᠪᠥᠬᠥᠨ᠎ᠢ ᠳᠠᠪᠠᠭᠤᠯᠤᠨ ᠪᠡᠶᠡᠯᠡᠭᠦᠯᠪᠡ᠃ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠶᠠᠮᠤᠨ᠎ᠤ ᠬᠠᠷᠢᠶ᠎ᠠ ᠰᠢᠰᠲ᠋ᠧᠮ᠎ᠤᠨ ᠺᠠᠳ᠋ᠷ ᠠᠵᠢᠯᠴᠢᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ 564 ᠲᠦᠮᠡᠨ ᠲᠥᠭᠥᠷᠢᠭ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠢ ᠬᠤᠳᠠᠯᠳᠤᠨ ᠠᠪᠴᠤ᠂ 1356 ᠲᠦᠮᠡᠨ ᠲᠥᠭᠥᠷᠢᠭ ᠤᠨ ᠲᠠᠸᠠᠷ᠎ᠢ ᠬᠠᠪᠰᠤᠷᠤᠨ ᠪᠣᠷᠣᠯᠠᠭᠤᠯᠪᠠ᠃
ᠦᠶᠡᠷ ᠭᠠᠩ᠎ᠤᠨ ᠭᠠᠮᠰᠢᠭ᠎ᠤᠨ ᠰᠡᠷᠭᠡᠶ᠋ᠢᠯᠡᠯᠲᠡ
2020 ᠣᠨ᠎ᠳᠤ᠂ ᠮᠠᠨ᠎ᠤ ᠤᠯᠤᠰ᠎ᠲᠤ 1998 ᠣᠨ᠎ᠠᠴᠠ ᠨᠠᠰᠢᠬᠢ ᠬᠠᠮᠤᠭ᠎ᠤᠨ ᠬᠦᠨᠳᠦ ᠨᠣᠴᠢᠲᠠᠢ ᠦᠶᠡᠷ᠎ᠤᠨ ᠪᠠᠶ᠋ᠢᠳᠠᠯ ᠭᠠᠷᠴᠤ᠂ ᠪᠦᠬᠦ ᠤᠯᠤᠰ᠎ᠲᠤ ᠨᠡᠢ᠍ᠢ᠍ᠳᠡ 21 ᠤᠳᠠᠭ᠎ᠠ ᠳ᠋ᠤᠭ᠋ᠠᠷᠯᠠᠭᠰᠠᠨ ᠦᠶᠡᠷ ᠭᠠᠷᠴᠤ᠂ ᠬᠥᠬᠡᠮᠥ᠋ᠷᠡᠨ᠂ ᠬᠤᠸᠠᠢ ᠾᠧ ᠭᠣᠣᠯ᠂ ᠰᠤᠩᠭ᠋ᠠᠷᠢ ᠮᠥᠷᠡᠨ᠂ᠲᠠᠢ ᠬᠤ᠌ ᠨᠠᠭᠤᠷ᠎ᠤᠨ ᠦᠶᠡᠷ ᠵᠡᠷᠭᠡ᠎ᠪᠡᠷ ᠡᠭᠦᠰᠴᠦ᠂ 836 ᠭᠣᠣᠯ ᠮᠥᠷᠡᠨ᠎ᠳᠤ ᠰᠡᠷᠡᠮᠵᠢ ᠵᠢᠨ ᠲᠦᠪᠰᠢᠨ᠎ᠠᠴᠠ ᠳᠡᠭᠡᠭᠰᠢᠬᠢ ᠦᠶᠡᠷ ᠭᠠᠷᠴᠤ᠂ ᠤᠯᠠᠨ ᠵᠢᠯ᠎ᠤᠨ ᠳᠤᠮᠳᠠᠴᠢ ᠬᠡᠮᠵᠢᠶᠡᠨ᠎ᠠᠴᠠ 80% ᠢᠯᠡᠭᠦᠦ᠎ᠪᠠᠷ ᠨᠡᠮᠡᠭᠳᠡᠵᠡᠢ᠃ ᠪᠠᠷᠠᠭᠤᠨ ᠡᠮᠦᠨᠡᠲᠦ ᠣᠷᠣᠨ᠂ ᠤᠮᠠᠷᠠᠲᠤ ᠣᠷᠣᠨ᠂ ᠵᠡᠭᠦᠨ ᠬᠣᠶ᠋ᠢᠲᠤ ᠣᠷᠣᠨ᠎ᠳᠤ ᠵᠠᠯᠭ᠋ᠠᠭ᠎ᠠ᠎ᠪᠠᠷ ᠭᠠᠩᠳᠠᠵᠤ᠂ ᠬᠡᠰᠡᠭ ᠭᠠᠵᠠᠷ ᠣᠷᠣᠨ᠎ᠳᠤ ᠭᠠᠩ᠎ᠠᠴᠠ ᠪᠠᠴᠢᠮ ᠤᠰᠤᠲᠤᠯ ᠪᠤᠯᠤᠭᠰᠠᠨ ᠪᠠᠢ᠌ᠨ᠎ᠠ᠃
ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠭᠤᠷᠪᠠᠨ ᠶᠡᠬᠡ ᠲᠣᠪᠣᠶ᠋ᠢᠮ᠎ᠠ ᠠᠶᠤᠯ ᠲᠦᠭᠰᠢᠭᠦᠷᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠂ ᠪᠡᠯᠡᠳᠬᠡᠯ ᠲᠥᠰᠦᠯ᠎ᠤᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠭᠤᠤᠯᠯᠠᠭᠴᠢ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠵᠤ᠂ ᠦᠶᠡᠷ᠎ᠤᠨ ᠬᠢᠵᠠᠭ᠋ᠠᠷ᠎ᠤᠨ ᠤᠰᠤᠨ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠥᠶᠡᠷ ᠭᠠᠩ᠎ᠤᠨ ᠭᠠᠮᠰᠢᠭ᠎ᠢ ᠰᠡᠷᠭᠡᠶ᠋ᠢᠯᠡᠬᠦ ᠲᠠᠯ᠎ᠠ᠎ᠪᠠᠷ ᠴᠢᠬᠤᠯᠠ ᠶᠡᠬᠡ ᠢᠯᠠᠯᠲᠠ ᠤᠯᠪᠠ᠃ ᠪᠦᠬᠦ ᠤᠯᠤᠰ᠎ᠤᠨ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ ᠪᠠ ᠪᠠᠭ᠎ᠠ (1) ᠬᠡᠯᠪᠡᠷᠢ ᠵᠢᠨ ᠤᠰᠤᠨ ᠴᠥᠭᠥᠷᠥᠮ᠎ᠳᠤ ᠬᠠᠰᠢᠯᠭ᠎ᠠ ᠵᠢ ᠨᠢᠭᠡ ᠴᠦ᠍ ᠰᠦᠢ᠍ᠷᠡᠭᠦᠯᠦᠭᠰᠡᠨ ᠦᠭᠡᠢ᠂ ᠶᠡᠬᠡ ᠭᠣᠣᠯ ᠮᠥᠷᠡᠨ ᠪᠠ ᠴᠢᠬᠤᠯᠠ ᠬᠠᠰᠢᠯᠭ᠎ᠠ ᠵᠢ ᠨᠢᠭᠡ ᠴᠦ᠍ ᠰᠡᠲᠡᠯᠦᠭᠰᠡᠨ ᠦᠭᠡᠢ᠂ ᠦᠶᠡᠷ ᠤᠰᠤᠲᠤᠯ᠎ᠤᠨ ᠭᠠᠮᠰᠢᠭ᠎ᠲᠤ ᠦᠬᠦᠵᠦ ᠰᠢᠷᠬᠠᠲᠤᠭᠰᠠᠨ ᠬᠥᠮᠦᠨ᠎ᠤ ᠲᠣᠭ᠎ᠠ ᠣᠷᠴᠢᠮ᠎ᠤᠨ 20 ᠵᠢᠯ᠎ᠤᠨ ᠳᠤᠮᠳᠠᠴᠢ ᠬᠡᠮᠵᠢᠭᠳᠡᠯ᠎ᠠᠴᠠ ᠶᠡᠬᠡ᠎ᠪᠠᠷ ᠲᠤᠤᠷᠠᠭᠰᠢᠯᠠᠨ᠂ ᠭᠠᠩᠳᠠᠭᠰᠠᠨ ᠣᠷᠣᠨ᠎ᠤ ᠤᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠵᠤ᠂ ᠦᠶᠡᠷ ᠤᠰᠤᠲᠤᠯ ᠂ ᠭᠠᠩ ᠬᠠᠭᠰᠠᠷᠠᠭ᠋ᠠᠨ᠎ᠤ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠪᠠ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠤᠷᠢᠭᠯᠠᠬᠤ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠤ ᠳᠠᠷᠠᠭ᠎ᠠ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠤᠰᠤᠨ ᠠᠰᠢᠭᠯᠠᠯᠲᠠ ᠵᠢᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠬᠢᠵᠢᠭ᠎ᠤᠨ ᠬᠤᠭᠤᠴᠠᠭ᠋ᠠᠨ᠎ᠳᠠᠬᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ ᠵᠶ᠋ᠠᠷ ᠠᠵᠢᠯᠯᠠᠬᠤ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠬᠠᠪᠤᠷ᠎ᠤᠨ ᠤᠰᠤᠯᠠᠯᠲᠠ ᠵᠢ ᠪᠠᠲᠤᠯᠠᠵᠤ ᠤᠰᠤ ᠬᠠᠩᠭ᠋ᠠᠬᠤ ᠵᠢ ᠪᠠᠲᠤᠯᠠᠬᠤ ᠵᠡᠷᠭᠡ ᠡᠯ᠎ᠡ ᠭᠠᠵᠠᠷ᠎ᠤᠨ 《ᠨᠢᠭᠡ ᠲᠥᠷᠥᠯ ᠵᠦᠢ᠍ᠯ ᠳᠤ ᠨᠢᠭᠡ ᠠᠷᠭ᠎ᠠ ᠪᠣᠳᠣᠯᠭ᠎ᠠ》 ᠵᠢ ᠵᠢᠯᠣᠭᠣᠳᠤᠨ ᠠᠵᠢᠯ ᠰᠡᠷᠭᠦᠭᠡᠬᠦ ᠲᠥᠯᠥᠪᠯᠡᠭᠡ ᠵᠢ ᠲᠣᠭᠲᠠᠭ᠋ᠠᠵᠤ᠂ ᠠᠵᠢᠯᠴᠢᠨ ᠬᠡᠷᠡᠭᠯᠡᠬᠦ᠂ ᠲᠡᠭᠡᠭᠡᠪᠦᠷᠢᠯᠡᠬᠦ᠂ ᠲᠦᠭᠦᠬᠡᠶ ᠮᠠᠲ᠋ᠧᠷᠢᠶᠠᠯ᠎ᠤᠨ ᠬᠠᠩᠭ᠋ᠠᠯᠭ᠎ᠠ ᠵᠡᠷᠭᠡ ᠲᠦᠭᠵᠢᠷᠡᠯ᠎ᠢ ᠨᠡᠪᠲᠡᠷᠡᠭᠦᠯᠵᠦ᠂ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ 5 ᠳ᠋ᠤᠭ᠋ᠠᠷ ᠰᠠᠷ᠎ᠠ᠎ᠳᠤ ᠪᠦᠬᠦᠨ᠎ᠢ ᠠᠵᠢᠯ ᠵᠶ᠋ᠠᠨ ᠰᠡᠷᠭᠦᠭᠡᠨ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠪᠡᠶᠡᠯᠡᠬᠦᠯᠪᠡ᠃
ᠠᠵᠢᠯ ᠡᠬᠢᠯᠡᠭᠦᠯᠬᠦ᠎ᠪᠠᠷ ᠪᠠᠶ᠋ᠢᠭ᠎ᠠ ᠭᠣᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ ᠳᠠᠷᠠᠭ᠋ᠠᠯᠠᠨ ᠪᠠᠶ᠋ᠢᠴᠠᠭ᠋ᠠᠵᠤ᠂ ᠲᠥᠷᠥᠯ ᠵᠦᠢ᠍ᠯ᠎ᠤᠨ ᠭᠠᠵᠠᠷ ᠣᠷᠣᠨ᠂ ᠵᠢᠷᠤᠭᠯᠠᠨ ᠲᠥᠯᠥᠪᠯᠡᠭᠰᠡᠨ ᠨᠢᠭᠡᠴᠡ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠂ ᠬᠢᠵᠢᠭ᠎ᠤᠨ ᠪᠠᠶ᠋ᠢᠳᠠᠯ᠎ᠤᠨ ᠬᠤᠪᠢᠶᠠᠷᠢ ᠲᠣᠭᠣᠷᠢᠭ᠎ᠤᠨ 《ᠳᠥᠷᠪᠡᠨ ᠵᠢᠷᠤᠭ》᠎ᠢ ᠳᠠᠪᠬᠤᠴᠠᠭᠤᠯᠤᠨ ᠵᠠᠳᠠᠯᠬᠤ ᠵᠢ ᠥᠷᠨᠢᠭᠦᠯᠵᠦ᠂ ᠣᠷᠣᠨ ᠬᠤᠪᠢᠶᠠᠵᠤ ᠲᠥᠷᠥᠯ ᠬᠤᠪᠢᠶᠠᠨ ᠨᠠᠷᠢᠯᠢᠭ ᠣᠨᠣᠴᠠᠲᠠᠶ᠎ᠪᠠᠷ ᠠᠬᠢᠭᠤᠯᠪᠠ᠃ ᠡᠯ᠎ᠡ ᠱᠠᠲᠤᠨ ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠤᠳ ᠬᠢᠵᠢᠭ᠎ᠤᠨ ᠪᠠᠶ᠋ᠢᠳᠠᠯ ᠤᠨ ᠨᠥᠯᠥᠭᠡ ᠵᠢ ᠴᠢᠷᠮᠠᠶ᠋ᠢᠨ ᠲᠡᠪᠴᠢᠵᠦ᠂ ᠪᠥᠬᠥ ᠵᠢᠯ᠎ᠳᠤ ᠤᠰᠤᠨ ᠠᠰᠢᠭᠯᠠᠯᠲᠠ ᠵᠢᠨ ᠪᠥᠳᠥᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ 7695 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ ᠠᠳᠠᠯᠢ ᠬᠤᠭᠤᠴᠠᠭ᠋ᠠᠨ ᠤᠬᠢ᠎ᠠᠴᠠ 6%᠎ᠪᠠᠷ ᠨᠡᠮᠡᠭᠳᠡᠨ᠂ ᠲᠡᠦᠬᠡ ᠵᠢᠨ ᠰᠢᠨ᠎ᠡ ᠲᠡᠮᠳᠡᠭᠯᠡᠯ ᠢ ᠡᠭᠦᠳᠴᠦ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ ᠢ ᠰᠠᠶ᠋ᠢᠲᠤᠷ ᠬᠢᠬᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠨᠠᠶ᠋ᠢᠳᠠᠪᠤᠷᠢᠵᠢᠭᠤᠯᠬᠤ ᠳᠤᠮᠳᠠ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃
ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ
2020 ᠣᠨ᠎ᠳᠤ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠬᠤᠷᠳᠤᠴᠠ ᠵᠢ ᠪᠦᠬᠦ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠲᠦᠯᠬᠢᠨ ᠠᠬᠢᠭᠤᠯᠪᠠ᠃ 150 ᠵᠦᠢ᠍ᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠣᠳᠣᠷᠬᠠᠶ ᠬᠠᠭᠤᠳᠠᠰᠤ ᠵᠢ ᠳᠤᠷᠠᠳᠤᠨ ᠭᠠᠷᠭ᠋ᠠᠵᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠲᠥᠷᠭᠡᠳᠬᠡᠨ ᠠᠬᠢᠭᠤᠯᠵᠤ᠂ 45 ᠵᠦᠢ᠍ᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠵᠢᠯ ᠡᠬᠢᠯᠡᠭᠦᠯᠪᠡ᠃ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠬᠦᠴᠦᠲᠡᠶ ᠠᠳᠬᠤᠵᠤ᠂ ᠠᠨᠾᠦ᠋ᠢ᠂ ᠭᠤᠸᠠᠩᠳᠦ᠋ᠩ᠂ ᠬᠤᠪᠸᠢ᠂ ᠵᠧᠵᠢᠶᠠᠩ᠂ ᠾᠧᠨᠠᠨ ᠵᠡᠷᠭᠡ 14 ᠮᠤᠵᠢ ᠵᠢᠨ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠤᠷᠮ᠎ᠠ 95% ᠵᠢ ᠳᠠᠪᠠᠪᠠ᠃
ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠪᠠ ᠳᠤᠮᠳᠠ ᠱᠤᠭᠤᠮ᠎ᠤᠨ ᠵᠠᠯᠭ᠋ᠠᠮᠵᠢ ᠢᠨᠵᠧᠨᠧᠷᠢᠩ ᠤᠨ ᠡᠮᠦᠨᠡᠬᠢ ᠬᠤᠭᠤᠴᠠᠭ᠋ᠠᠨ᠎ᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠤᠯᠵᠤ᠂ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠬᠦᠢ᠍ᠰᠦ ᠵᠢᠨ ᠪᠦᠳᠦᠭᠡᠨ ᠪᠠᠶ᠋ᠢᠭᠤᠯᠤᠯᠲᠠ᠎ᠳᠤ ᠤᠰᠤ ᠬᠠᠳᠠᠭ᠋ᠠᠯᠠᠬᠤ᠂ ᠠᠶᠠᠯᠠᠯ ᠨᠡᠪᠲᠡᠷᠡᠬᠦ ᠪᠠ ᠴᠠᠬᠢᠯᠭ᠋ᠠᠨ ᠭᠠᠷᠭ᠋ᠠᠬᠤ ᠭᠤᠷᠪᠠᠨ ᠶᠡᠬᠡ ᠵᠠᠩᠭᠢᠯᠠᠭ᠎ᠠ ᠵᠢᠨ ᠴᠡᠭ᠎ᠤᠨ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠪᠡ᠃
1.7 ᠲᠦᠮᠡ ᠭᠠᠷᠤᠶ ᠺᠢᠯᠣᠮᠧᠲᠷ ᠳᠤᠮᠳᠠ ᠵᠢᠵᠢᠭ ᠭᠣᠣᠯ ᠮᠥᠷᠡᠨ᠎ᠢ ᠵᠠᠰᠠᠵᠤ᠂ 3200 ᠭᠠᠷᠤᠶ ᠡᠮᠵᠡᠭ ᠠᠶᠤᠯᠲᠠᠶ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠪᠡ᠃ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠠᠬᠢᠴᠠ ᠤᠷᠤᠭᠰᠢᠲᠠᠶ ᠪᠠᠶ᠋ᠢᠵᠤ᠂ ᠤᠰᠤᠯᠠᠯᠲᠠ ᠵᠢᠨ ᠲᠠᠯᠠᠪᠠᠢ ᠵᠢ 3000 ᠭᠠᠷᠤᠶ ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠭᠰᠡᠨ ᠪᠤᠶᠤ ᠰᠡᠷᠭᠦᠭᠡᠵᠦ᠂ ᠰᠠᠶ᠋ᠢᠵᠢᠷᠠᠭᠤᠯᠵᠤ᠂ ᠵᠢᠯ᠎ᠤᠨ ᠤᠰᠤ ᠠᠷᠪᠢᠯᠠᠬᠤ ᠴᠢᠳᠠᠪᠤᠷᠢ ᠵᠢ 18 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃
ᠤᠰᠤᠨ᠎ᠤ ᠠᠮᠢ ᠠᠬᠤᠶ ᠵᠢᠨ ᠵᠠᠰᠠᠯᠲᠠ ᠬᠠᠮᠠᠭ᠋ᠠᠯᠠᠯᠲᠠ
2020 ᠣᠨ ᠳᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠭᠣᠣᠯᠳᠠᠯᠭ᠎ᠠ᠎ᠲᠠᠢ ᠣᠷᠣᠨ ᠪᠦᠰᠡ ᠵᠢᠨ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠠᠵᠢᠯ᠎ᠢ ᠴᠢᠩᠭ᠋ᠠᠳᠬᠠᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠦᠨᠡᠯᠡᠨ ᠵᠢᠱ᠌ᠢᠬᠦ ᠪᠠ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠱᠠᠩᠨᠠᠬᠤ᠎ᠪᠠᠷ ᠨᠥᠬᠥᠪᠥᠷᠢ ᠵᠢ ᠣᠷᠣᠯᠠᠭᠤᠯᠬᠤ ᠲᠤᠷᠰᠢᠯᠲᠠ ᠵᠢ ᠪᠡᠶᠡᠯᠡᠭᠦᠯᠵᠦ᠂ ᠬᠥᠷᠥᠰᠥ ᠰᠢᠷᠣᠶ ᠵᠢᠨ ᠢᠳᠡᠭᠳᠡᠯ᠎ᠢ 6 ᠲᠦᠮᠡᠨ ᠲᠡᠭᠰᠢ ᠳᠥᠷᠪᠡᠯᠵᠢᠨ ᠺᠢᠯᠣᠮᠧᠲᠷ ᠵᠠᠰᠠᠪᠠ᠃ ᠤᠮᠠᠷᠠᠲᠤ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠪᠠᠢ᠌ᠳᠠᠯ ᠤᠨ ᠶᠡᠷᠦᠩᠬᠡᠶ᠋ᠢᠯᠡᠭᠰᠡᠨ ᠵᠠᠰᠠᠯᠲᠠ ᠵᠢ ᠲᠦᠯᠬᠢᠨ ᠠᠬᠢᠭᠤᠯᠵᠤ᠂ ᠤᠰᠤ ᠨᠥᠬᠥᠪᠥᠷᠢᠯᠡᠬᠦ ᠭᠣᠣᠯ᠎ᠤᠨ ᠵᠠᠮ᠎ᠤᠨ ᠤᠰᠤ᠎ᠲᠠᠢ ᠭᠣᠣᠯ᠎ᠤᠨ ᠤᠷᠳᠤᠨᠢ 1958 ᠺᠢᠯᠣᠮᠧᠲᠷ᠎ᠲᠤ ᠬᠦᠷᠴᠦ᠂ ᠤᠰᠤᠨ᠎ᠤ ᠭᠠᠳᠠᠷᠭᠤ ᠵᠢᠨ ᠲᠠᠯᠠᠪᠠᠢ᠎ᠨᠢ 554 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠪᠡᠭᠡᠵᠢᠩ ᠲᠢᠶᠠᠨᠵᠢᠨ ᠡᠾᠤᠪᠸᠢ ᠵᠢᠨ ᠭᠦᠢ᠍ᠬᠡᠨ ᠳᠠᠪᠬᠤᠷᠭ᠎ᠠ ᠵᠢᠨ ᠭᠠᠵᠠᠷ ᠳᠣᠣᠷᠠᠬᠢ ᠤᠰᠤᠨ᠎ᠤ ᠲᠦᠪᠰᠢᠨ᠎ᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠪᠡ᠃
ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠤᠰᠤ ᠲᠠᠲᠠᠬᠤ ᠣᠷᠣᠨ᠎ᠤ ᠭᠠᠵᠠᠷ ᠳᠣᠤᠷᠠᠬᠢ ᠤᠰᠤ ᠵᠢ ᠳᠠᠷᠤᠵᠤ ᠮᠠᠯᠲᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠰᠤ ᠲᠠᠲᠠᠬᠤ ᠣᠷᠣᠨ᠎ᠤ ᠬᠣᠲᠠ ᠵᠢᠨ ᠲᠣᠭᠣᠷᠢᠭ᠎ᠲᠤ ᠨᠡᠶ᠋ᠢᠲᠡ 23.56 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠳᠠᠷᠤᠵᠤ ᠮᠠᠯᠲᠠᠭ᠋ᠠᠳ᠂ ᠳᠠᠷᠤᠵᠤ ᠮᠠᠯᠲᠠᠬᠤ ᠬᠠᠷᠠᠯᠲᠠ ᠵᠢ ᠳᠠᠪᠠᠭᠤᠯᠤᠨ ᠪᠡᠶᠡᠯᠡᠭᠦᠯᠪᠡ᠃ ᠶᠦᠩ ᠳ᠋ᠢᠩ ᠾᠧ ᠭᠣᠣᠯ᠎ᠢ ᠶᠡᠷᠦᠩᠬᠡᠶ᠋ᠢᠯᠡᠨ ᠵᠠᠰᠠᠬᠤ ᠪᠠ ᠠᠮᠢ ᠠᠬᠤᠢ ᠵᠢ ᠵᠠᠰᠠᠨ ᠰᠡᠷᠭᠦᠭᠡᠬᠦ ᠠᠵᠢᠯ᠎ᠢ ᠲᠣᠭᠲᠠᠭᠤᠨ ᠵᠶ᠋ᠠᠷ ᠬᠡᠷᠡᠭᠵᠢᠭᠦᠯᠵᠦ᠂ ᠪᠡᠭᠡᠵᠢᠩ᠎ᠤᠨ ᠬᠡᠰᠡᠭ᠎ᠲᠤ 25 ᠵᠢᠯ᠎ᠤᠨ ᠲᠤᠷᠰᠢ ᠠᠩᠬ᠎ᠠ ᠤᠳᠠᠭ᠎ᠠ ᠪᠦᠬᠦ ᠱᠤᠭᠤᠮ ᠵᠶ᠋ᠠᠷ ᠤᠰᠤ ᠨᠡᠪᠲᠡᠷᠡᠪᠡ᠃ ᠪᠣᠬᠢᠷᠲᠤᠯ ᠦᠭᠡᠢ ᠵᠢᠵᠢᠭ ᠤᠰᠤᠨ ᠴᠠᠬᠢᠯᠭ᠋ᠠᠨ᠎ᠤ ᠵᠢᠱ᠌ᠢᠶ᠎ᠡ ᠦᠵᠡᠭᠦᠯᠬᠦ ᠴᠠᠬᠢᠯᠭ᠋ᠠᠨ ᠰᠲ᠋ᠠᠨᠼᠢ ᠵᠢ 278 ᠡᠭᠦᠳᠦᠨ ᠪᠠᠶ᠋ᠢᠭᠤᠯᠪᠠ᠃ ᠬᠥᠳᠡᠭᠡ ᠲᠣᠰᠬᠣᠨ᠎ᠤ ᠤᠰᠤᠨ ᠰᠢᠰᠲ᠋ᠧᠮ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠤᠷᠰᠢᠯᠲᠠ ᠵᠢᠨ ᠰᠢᠶᠠᠨ᠎ᠤ ᠪᠦᠳᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠤᠰᠤᠨ ᠠᠰᠢᠭᠯᠠᠯᠲᠠ ᠵᠢᠨ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠶ ᠲᠦᠯᠬᠢᠨ ᠠᠬᠢᠭᠤᠯᠪᠠ᠃
ᠤᠰᠤᠨ ᠠᠰᠢᠭᠯᠠᠯᠲᠠ ᠵᠢᠨ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ
ᠰᠦᠯᠵᠢᠶᠡᠨ᠎ᠤ ᠠᠮᠤᠷ ᠲᠦᠪᠰᠢᠨ᠎ᠢ ᠪᠦᠬᠦᠯᠢ ᠴᠣᠭᠴᠠ᠎ᠪᠠᠷ᠎ᠨᠢ ᠬᠠᠮᠲᠤᠷᠠᠨ ᠰᠡᠷᠭᠡᠶ᠋ᠢᠯᠡᠬᠦ᠂ ᠬᠡᠰᠡᠭ ᠲᠠᠯ᠎ᠠ᠎ᠪᠠᠷ ᠰᠡᠷᠭᠡᠶ᠋ᠢᠯᠡᠨ ᠡᠵᠡᠮᠳᠡᠬᠦ᠂ ᠭᠣᠣᠯᠳᠠᠯᠭ᠎ᠠ᠎ᠲᠠᠢ᠎ᠪᠠᠷ ᠰᠡᠷᠭᠡᠶ᠋ᠢᠯᠡᠨ ᠬᠠᠮᠠᠭ᠋ᠠᠯᠠᠬᠤ ᠭᠤᠷᠪᠠᠨ ᠱᠠᠲᠤᠨ᠎ᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠠᠶ᠋ᠢᠭᠤᠯᠵᠤ᠂ ᠪᠣᠳᠠᠲᠤ ᠪᠠᠶ᠋ᠢᠯᠳᠤᠭ᠋ᠠᠨ᠎ᠤ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠢᠯᠡᠳᠲᠡ ᠲᠡᠭᠡᠭᠰᠢᠯᠡᠬᠦᠯᠪᠡ᠃ ᠤᠶᠤᠨᠲᠤ ᠤᠰᠤᠨ ᠠᠰᠢᠭᠯᠠᠯᠲᠠ ᠵᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ᠎ᠢ ᠥᠷᠨᠢᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠠᠭᠤᠷᠢ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠤᠨ᠂ ᠰᠢᠯᠵᠢᠮᠡᠯ ᠬᠡᠪᠯᠡᠯ᠎ᠤᠨ 《ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠨᠢᠭᠡ ᠬᠠᠭᠤᠳᠠᠰᠤ ᠵᠢᠷᠤᠭ》᠎ᠤᠨ ᠬᠡᠷᠡᠭᠯᠡᠯᠲᠡ ᠵᠢ ᠨᠡᠭᠡᠭᠡᠨ ᠬᠦᠭᠵᠢᠬᠦᠯᠪᠡ᠃ ᠤᠰᠤᠨ ᠵᠦᠶ ᠵᠢᠨ ᠰᠠᠭᠤᠷᠢ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ 300 ᠭᠠᠷᠤᠶ ᠤᠰᠤᠨ ᠵᠦᠶ ᠵᠢᠨ ᠬᠢᠨᠠᠨ ᠬᠡᠮᠵᠢᠬᠦ ᠥᠷᠲᠡᠭᠡ ᠪᠠ ᠤᠰᠤᠨ ᠵᠦᠶ ᠵᠢᠨ ᠬᠢᠨᠠᠨ ᠬᠡᠮᠵᠢᠬᠦ ᠲᠥᠪ᠎ᠤᠨ ᠲᠠᠩᠰᠠ ᠡᠪᠬᠡᠮᠡᠯ᠎ᠢ ᠲᠠᠰ ᠳᠡᠪᠰᠢᠭᠦᠯᠬᠦ ᠵᠢ ᠪᠡᠶᠡᠯᠡᠭᠦᠯᠵᠦ᠂ 800 ᠰᠢᠬᠠᠮ ᠤᠰᠤᠨ ᠵᠦᠶ ᠵᠢᠨ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮᠵᠢ ᠵᠢ ᠪᠠᠶ᠋ᠢᠭᠤᠯᠪᠠ᠃
ᠤᠯᠤᠰ᠎ᠤᠨ ᠤᠰᠤᠨ᠎ᠤ ᠡᠬᠢ ᠪᠠᠶᠠᠯᠢᠭ᠎ᠢ ᠬᠢᠨᠠᠨ ᠡᠵᠡᠮᠳᠡᠬᠦ ᠴᠢᠳᠠᠪᠤᠷᠢ ᠵᠢᠨ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠡᠴᠦᠰ᠎ᠤᠨ ᠰᠢᠯᠭ᠋ᠠᠯᠲᠠ ᠵᠢ ᠪᠡᠶᠡᠯᠡᠭᠦᠯᠵᠦ᠂ ᠤᠰᠤ ᠲᠠᠲᠠᠵᠤ ᠬᠡᠷᠡᠭᠯᠡᠬᠦ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠴᠡᠭ᠎ᠢ ᠪᠠᠷᠤᠭ 4.3 ᠲᠦᠮᠨ ᠪᠠᠶ᠋ᠢᠭᠤᠯᠵᠤ᠂ ᠪᠦᠬᠦ ᠤᠯᠤᠰ᠎ᠤᠨ 82%᠎ᠤᠨ ᠤᠰᠤ ᠲᠠᠲᠠᠵᠤ ᠪᠣᠯᠬᠤ ᠬᠡᠮᠵᠢᠶ᠎ᠡ᠂ 55% ᠵᠢᠨ ᠤᠰᠤ ᠬᠡᠷᠡᠭᠯᠡᠬᠦ ᠬᠡᠮᠵᠢᠶ᠎ᠡ ᠵᠢ ᠪᠦᠲᠦᠮᠵᠢᠲᠡᠶ ᠬᠢᠨᠠᠨ ᠬᠡᠮᠵᠢᠪᠡ᠃ ᠤᠯᠤᠰ᠎ᠤᠨ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠬᠤᠷᠢᠶᠠᠵᠤ᠂ ᠤᠯᠤᠰ᠂ ᠰᠠᠪᠠ ᠭᠠᠵᠠᠷ᠂ ᠮᠤᠵᠢ ᠵᠢᠨ ᠱᠠᠳᠤ᠂ ᠲᠤᠰᠬᠠᠶ ᠣᠷᠣᠨ ᠬᠤᠳᠠ ᠵᠡᠷᠭᠡ ᠲᠦᠷᠪᠡᠨ ᠱᠠᠲᠤᠨ᠎ᠤ ᠲᠥᠪ ᠵᠢᠴᠢ 1 ᠲᠦᠮᠡ ᠭᠠᠷᠤᠶ ᠠᠦ᠋ᠲ᠋ᠣ᠋ ᠬᠢᠨᠠᠨ ᠬᠡᠮᠵᠢᠬᠦ ᠦᠷᠳᠡᠭᠡ ᠵᠢ ᠪᠠᠶ᠋ᠢᠭᠤᠯᠪᠠ᠃ ᠤᠯᠤᠰ᠎ᠤᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠵᠢᠯᠣᠭᠣᠳᠬᠤ ᠰᠢᠰᠲ᠋ᠧᠮ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠦᠬᠦᠨ᠎ᠢ ᠪᠡᠶᠡᠯᠡᠭᠦᠯᠪᠡ᠃
ᠤᠰᠤᠨ ᠠᠰᠢᠭᠯᠠᠯᠲᠠ ᠵᠢᠨ ᠵᠠᠰᠠᠯᠲᠠ ᠵᠢᠨ ᠴᠢᠳᠠᠪᠤᠷᠢ
2020 ᠣᠨ᠎ᠳᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ ᠬᠠᠮᠢᠶᠠᠷᠤᠯᠲᠠ ᠵᠢ ᠨᠡᠩ ᠴᠢᠩᠭ᠋ᠠᠳᠬᠠᠪᠠ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠪᠥᠬᠥ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠶᠡᠬᠡᠪᠡᠷ ᠲᠦᠯᠬᠢᠨ ᠠᠬᠢᠭᠤᠯᠵᠤ᠂ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠤᠨ ᠪᠦᠲᠦᠭᠡᠵᠦ᠂ ᠤᠰᠤ ᠠᠷᠪᠢᠯᠠᠬᠤ ᠵᠢ ᠦᠨᠡᠯᠡᠬᠦ ᠲᠦᠷᠢᠮ᠎ᠢ ᠭᠦᠨᠵᠡᠭᠡᠶ ᠬᠡᠷᠡᠭᠵᠢᠭᠦᠯᠵᠦ᠂ 118 ᠤᠰᠤ ᠠᠷᠪᠢᠯᠠᠬᠤ ᠪᠠᠷᠢᠮᠵᠢᠶ᠎ᠠ᠎ᠳᠤ ᠦᠯᠦ ᠬᠦᠷᠬᠦ ᠵᠦᠢ᠍ᠯᠡᠰ᠎ᠢ ᠵᠣᠭᠰᠣᠭ᠋ᠠᠪᠠ᠃
ᠭᠣᠣᠯᠳᠠᠯᠭ᠎ᠠ᠎ᠲᠠᠢ ᠬᠢᠨᠠᠨ ᠡᠵᠡᠮᠳᠡᠬᠦ ᠤᠰᠤ ᠬᠡᠷᠡᠭᠯᠡᠬᠦ ᠨᠢᠭᠡᠴᠡ ᠵᠢᠨ ᠨᠡᠷᠡᠰ ᠤᠨ ᠵᠢᠭᠰᠠᠭ᠋ᠠᠯᠲᠠ ᠵᠢ ᠪᠠᠶ᠋ᠢᠭᠤᠯᠬᠤ ᠬᠡᠷᠡᠭᠲᠡᠶ᠃ ᠭᠤᠷᠪᠠᠳᠤᠭ᠋ᠠᠷ ᠪᠦᠯᠦᠭ᠎ᠤᠨ 350 ᠰᠢᠶᠠᠨ ᠲᠣᠭᠣᠷᠢᠭ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠭᠡᠬᠦ ᠪᠠᠶ᠋ᠢᠭᠤᠯᠤᠯᠲᠠ ᠵᠢ ᠪᠡᠶᠡᠯᠡᠭᠦᠯᠵᠦ᠂ 1790 ᠤᠰᠤ ᠠᠷᠪᠢᠯᠠᠬᠤ ᠪᠠᠶ᠋ᠢᠭᠤᠯᠭ᠎ᠠ᠂ 298 ᠤᠰᠤ ᠠᠷᠪᠢᠯᠠᠬᠤ ᠬᠡᠯᠪᠡᠷᠢ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠪᠠ᠃ ᠵᠢᠶᠠᠩᠰᠦ ᠮᠤᠵᠢ ᠵᠢᠨ᠎ᠬᠢᠨ ᠹᠸᠩ ᠱᠦᠢ ᠲᠤᠭᠤᠷᠢᠭ᠎ᠤᠨ ᠤᠰᠤ ᠠᠷᠪᠢᠯᠠᠬᠤ ᠬᠡᠪ ᠳᠠᠭᠤᠷᠢᠶᠠᠯ᠎ᠢ ᠰᠦᠪᠡᠭᠴᠢᠯᠡᠨ ᠪᠠᠶ᠋ᠢᠭᠤᠯᠵᠤ᠂ ᠮᠤᠵᠢ᠂ ᠬᠣᠲᠠ᠂ ᠰᠢᠶᠠᠨ᠎ᠤ ᠤᠰᠤ ᠠᠷᠪᠢᠯᠠᠬᠤ ᠠᠵᠢᠯ᠎ᠤᠨ ᠬᠠᠮᠵᠢᠯᠴᠠᠭ᠎ᠠ ᠵᠢ ᠠᠬᠢᠭᠤᠯᠬᠤ ᠲᠣᠭᠲᠠᠴᠠ ᠵᠢ ᠦᠨᠳᠦᠰᠦᠨ᠎ᠳᠡᠭᠡᠨ ᠪᠦᠷᠢᠯᠳᠦᠭᠦᠯᠪᠡ᠃
ᠪᠦᠬᠦ ᠤᠯᠤᠰ᠎ᠲᠤ 215 ᠵᠤᠷᠪᠤᠰ ᠮᠤᠵᠢ ᠪᠠ ᠮᠤᠵᠢ ᠣᠷᠣᠨ ᠠᠯᠤᠰᠯᠠᠭᠰᠠᠨ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠬᠠᠷᠠᠯᠲᠠ ᠵᠢ ᠲᠣᠭᠲᠠᠭ᠋ᠠᠵᠤ᠂ 235 ᠵᠤᠷᠪᠤᠰ ᠭᠣᠣᠯ ᠮᠥᠷᠡᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠡᠭᠦᠷᠭᠡ ᠵᠢ ᠪᠡᠶᠡᠯᠡᠭᠦᠯᠪᠡ᠃ ᠤᠰᠤ ᠲᠠᠲᠠᠵᠤ ᠬᠡᠷᠡᠭᠯᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠬᠥᠬᠡᠮᠥ᠋ᠷᠡᠨ᠂ᠲᠠᠢ ᠬᠡᠦ ᠨᠠᠭᠤᠷ᠎ᠤᠨ ᠰᠠᠪᠠ ᠭᠠᠵᠠᠷ᠎ᠤᠨ ᠤᠰᠤ ᠲᠠᠲᠠᠬᠤ ᠢᠨᠵᠧᠨᠧᠷᠢᠩ᠎ᠢ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠦᠭᠰᠡᠨ ᠨᠤᠷᠮ᠎ᠠ 99.8%᠎ᠳᠤ ᠬᠦᠷᠴᠦ᠂ ᠪᠤᠰᠤᠳ ᠰᠠᠪᠠ ᠭᠠᠵᠠᠷ᠎ᠤᠨ ᠬᠢᠨᠠᠨ ᠪᠠᠶ᠋ᠢᠴᠠᠭ᠋ᠠᠵᠤ ᠳᠠᠩᠰᠠᠯᠠᠭᠰᠠᠨ ᠤᠰᠤ ᠲᠠᠲᠠᠬᠤ ᠠᠮᠠᠰᠠᠷ᠎ᠤᠨ ᠲᠣᠭ᠎ᠠ 500 ᠲᠦᠮᠡ ᠵᠢ ᠳᠠᠪᠠᠪᠠ᠃ ᠹᠦᠵᠢᠶᠠᠨ ᠮᠤᠵᠢ ᠵᠢᠨ᠎ᠬᠢᠨ ᠪᠦᠬᠦ ᠮᠤᠵᠢ ᠵᠢᠨ ᠤᠰᠤ ᠲᠠᠲᠠᠵᠤ ᠬᠡᠷᠡᠭᠯᠡᠬᠦ ᠴᠢᠬᠤᠯᠠ ᠨᠢᠭᠡᠴᠡ᠎ᠳᠤ ᠴᠥᠮ ᠤᠰᠤᠨ᠎ᠤ ᠬᠡᠮᠵᠢᠶ᠎ᠡ ᠵᠢ ᠰᠦᠯᠵᠢᠶᠡᠨ ᠳᠡᠭᠡᠷ᠎ᠡ ᠬᠢᠨᠠᠨ ᠡᠵᠡᠮᠳᠡᠵᠦ ᠪᠠᠶ᠋ᠢᠨ᠎ᠠ᠃
ᠤᠯᠤᠰ᠎ᠤᠨ ᠣᠨ᠎ᠤ ᠬᠠᠮᠤᠭ᠎ᠤᠨ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠦᠷᠢᠮ᠎ᠤᠨ ᠰᠢᠯᠭ᠋ᠠᠨ ᠬᠢᠨᠠᠬᠤ ᠵᠢ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠠᠵᠢᠯ᠎ᠢ ᠴᠢᠩᠳᠠᠯᠠᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠢ ᠬᠠᠲᠤᠨ ᠭᠣᠣᠯ᠎ᠤᠨ ᠰᠠᠪᠠ ᠭᠠᠵᠠᠷ᠎ᠤᠨ 7 ᠮᠤᠵᠢ ᠣᠷᠣᠨ᠎ᠳᠤ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠲᠠᠲᠠᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠬᠤ ᠵᠢ ᠬᠡᠷᠡᠭᠵᠢᠭᠦᠯᠪᠡ᠃ ᠭᠠᠵᠠᠷ ᠳᠣᠣᠷᠠᠬᠢ ᠤᠰᠤ ᠵᠢ ᠬᠠᠮᠢᠶᠠᠷᠤᠨ ᠡᠵᠡᠮᠳᠡᠬᠦ ᠭᠦᠢ᠍ᠴᠡᠳᠬᠡᠬᠦ ᠲᠣᠭ᠎ᠠ ᠵᠢ ᠲᠣᠭᠲᠠᠭ᠋ᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠭᠠᠵᠠᠷ ᠳᠣᠣᠷᠠᠬᠢ ᠤᠰᠤᠨ᠎ᠤ ᠲᠦᠪᠰᠢᠨ᠎ᠤ ᠬᠤᠪᠢᠷᠠᠯᠲᠠ ᠵᠢ ᠨᠡᠪᠲᠡᠷᠡᠭᠦᠯᠦᠨ ᠬᠢᠨᠠᠨ ᠵᠢᠯᠣᠭᠣᠳᠬᠤ ᠲᠣᠭᠲᠠᠴᠠ ᠵᠢ ᠪᠠᠶ᠋ᠢᠭᠤᠯᠵᠤ᠂ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ ᠪᠠ ᠬᠥᠳᠡᠯᠦᠩᠭᠦᠢ᠎ᠪᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠾᠸᠪᠸᠢ ᠮᠤᠵᠢ᠎ᠳᠤ ᠨᠡᠪᠲᠡᠷᠡᠭᠦᠯᠦᠨ ᠪᠣᠯᠵᠣᠨ ᠶᠠᠷᠢᠯᠴᠠᠬᠤ ᠳᠦᠷᠢᠮ᠎ᠢ ᠬᠡᠷᠡᠭᠵᠢᠭᠦᠯᠪᠡ᠃ ᠪᠦᠬᠦ ᠤᠯᠤᠰ᠎ᠤᠨ ᠤᠰᠤ ᠲᠠᠲᠠᠬᠤ ᠢᠨᠵᠧᠨᠧᠷᠢᠩ᠎ᠳᠤ ᠪᠠᠶ᠋ᠢᠳᠠᠯ᠎ᠢ ᠣᠶ᠋ᠢᠯᠠᠭ᠋ᠠᠬᠤ ᠪᠠᠶ᠋ᠢᠴᠠᠭ᠋ᠠᠯᠲᠠ ᠬᠢᠵᠦ᠂ ᠮᠤᠵᠢ ᠠᠯᠤᠰᠯᠠᠭᠰᠠᠨ 26 ᠴᠢᠬᠤᠯᠠ ᠭᠣᠣᠯ ᠮᠥᠷᠡᠨ᠎ᠤ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ ᠠᠵᠢᠯ᠎ᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠪᠠ᠃
ᠭᠣᠣᠯ ᠮᠥᠷᠡᠨ ᠨᠠᠭᠤᠷ ᠴᠥᠭᠥᠷᠥᠮ ᠤᠨ ᠵᠠᠰᠠᠯᠲᠠ
ᠭᠣᠣᠯ ᠮᠥᠷᠡᠨ ᠨᠠᠭᠤᠷ ᠴᠥᠭᠥᠷᠥᠮ᠎ᠤᠨ 《ᠲᠦᠷᠪᠡᠨ ᠲᠤᠷ᠎ᠠ᠎ᠪᠠᠷ ᠠᠵᠢᠯᠯᠠᠭ᠎ᠠ》 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢ ᠲᠦᠯᠬᠢᠨ ᠠᠬᠢᠭᠤᠯᠵᠤ᠂ ᠡᠳᠦᠷ ᠲᠤᠳᠤᠮ᠎ᠤᠨ ᠲᠣᠭᠣᠷᠢᠨ ᠪᠠᠶ᠋ᠢᠴᠠᠭ᠋ᠠᠵᠤ ᠬᠢᠨᠠᠨ ᠬᠠᠮᠢᠶᠠᠷᠬᠤ ᠪᠠ ᠣᠷᠣᠵᠤ ᠰᠠᠭᠤᠬᠤ ᠮᠠᠶᠢᠭ᠎ᠤᠨ ᠳᠠᠯᠳᠠᠭᠤᠷ ᠰᠤᠷᠪᠤᠯᠵᠢᠯᠠᠵᠤ ᠱᠠᠯᠠᠪᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ 《ᠲᠦᠷᠪᠡᠨ ᠲᠤᠷ᠎ᠠ᠎ᠪᠠᠷ ᠠᠵᠢᠯᠯᠠᠭ᠎ᠠ》 ᠵᠢᠨ ᠠᠰᠠᠭᠤᠳᠠᠯ᠎ᠢ ᠨᠡᠢ᠍ᠢ᠍ᠳᠡ 16.4 ᠲᠥᠪᠮᠥ᠋ᠷᠡᠨ ᠬᠤᠪᠢ ᠴᠡᠪᠡᠷᠯᠡᠨ ᠰᠢᠢ᠍ᠳᠪᠦᠷᠢᠯᠡᠪᠡ᠃
ᠪᠦᠬᠦ ᠤᠯᠤᠰ᠎ᠤᠨ ᠭᠣᠣᠯ᠎ᠤᠨ ᠵᠠᠮ᠎ᠠᠴᠠ ᠬᠠᠶ᠋ᠢᠷ ᠮᠠᠯᠲᠠᠬᠤ ᠬᠠᠮᠢᠶᠠᠷᠤᠯᠲᠠ ᠵᠢᠨ 2455 ᠭᠣᠣᠯᠳᠠᠯᠭ᠎ᠠ᠎ᠲᠠᠢ ᠭᠣᠣᠯ᠎ᠤᠨ ᠬᠡᠰᠡᠭ᠂ ᠰᠡᠷᠭᠡᠭ ᠤᠰᠤᠨ ᠣᠷᠣᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠵᠦ᠂ ᠭᠣᠣᠯ᠎ᠲᠠᠢ ᠬᠣᠯᠪᠣᠭᠳᠠᠬᠤ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ ᠪᠠ ᠬᠠᠶ᠋ᠢᠷ ᠮᠠᠯᠲᠠᠬᠤ ᠬᠠᠮᠢᠶᠠᠷᠤᠯᠲᠠ ᠵᠢ ᠵᠢᠷᠤᠮᠵᠢᠭᠤᠯᠪᠠ᠃ ᠬᠠᠲᠤᠨ ᠭᠣᠣᠯ᠎ᠤᠨ ᠡᠷᠭᠢ ᠵᠢᠨ ᠱᠤᠭᠤᠮ᠎ᠢ ᠠᠰᠢᠭᠯᠠᠬᠤ ᠵᠦᠢ᠍ᠯᠡᠰ᠂ ᠭᠣᠣᠯ᠎ᠤᠨ ᠵᠠᠮ᠎ᠠᠴᠠ ᠬᠠᠶ᠋ᠢᠷ ᠮᠠᠯᠲᠠᠬᠤ ᠵᠡᠷᠭᠡ ᠵᠢ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠬᠥᠬᠡᠮᠥ᠋ᠷᠡᠨ᠎ᠤ ᠭᠣᠣᠯ ᠤᠷᠤᠰᠬᠠᠯ᠎ᠤᠨ ᠡᠷᠭᠢ ᠵᠢᠨ ᠱᠤᠭᠤᠮ᠎ᠢ ᠠᠰᠢᠭᠯᠠᠬᠤ ᠵᠦᠢ᠍ᠯᠡᠰ᠎ᠢ ᠴᠡᠪᠡᠷᠯᠡᠨ ᠵᠠᠰᠠᠬᠤ ᠠᠵᠢᠯ᠎ᠢ ᠪᠡᠶᠡᠯᠡᠭᠦᠯᠵᠦ᠂ ᠬᠥᠬᠡᠮᠥ᠋ᠷᠡᠨ᠎ᠤ ᠡᠷᠭᠢ ᠵᠢᠨ ᠱᠤᠭᠤᠮ᠎ᠢ 158 ᠺᠢᠯᠣᠮᠧᠲᠷ ᠰᠤᠯᠠᠯᠠᠨ ᠤᠬᠤᠷᠢᠭᠤᠯᠪᠠ᠃
ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠵᠢᠵᠢᠭ ᠤᠰᠤᠨ ᠴᠠᠬᠢᠯᠭ᠋ᠠᠨ᠎ᠢ ᠢᠯᠭ᠋ᠠᠷᠠᠭᠤᠯᠤᠨ ᠴᠡᠭᠴᠡᠯᠡᠬᠦ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ 3528 ᠴᠠᠬᠢᠯᠭ᠋ᠠᠨ ᠥᠷᠳᠡᠭᠡ ᠵᠢ ᠤᠬᠤᠷᠢᠭᠤᠯᠤᠨ ᠭᠠᠷᠭ᠋ᠠᠵᠤ᠂ 2.1 ᠲᠦᠮᠡ ᠭᠠᠷᠤᠶ ᠴᠠᠬᠢᠯᠭ᠋ᠠᠨ ᠥᠷᠲᠡᠭᠡᠨ᠎ᠤ ᠠᠮᠢ ᠠᠬᠤᠶ ᠵᠢᠨ ᠤᠷᠤᠰᠴᠠ ᠵᠢᠨ ᠬᠠᠷᠠᠯᠲᠠ ᠵᠢ ᠨᠠᠶ᠋ᠢᠳᠠᠪᠤᠷᠢᠵᠢᠭᠤᠯᠪᠠ᠃ ᠬᠡᠪᠴᠢᠶ᠎ᠡ᠎ᠠᠴᠠ ᠳᠡᠭᠡᠭᠰᠢᠬᠢ ᠭᠣᠤᠯ ᠮᠥᠷᠡᠨ ᠨᠠᠭᠤᠷ ᠴᠥᠭᠥᠷᠥᠮ᠎ᠢ ᠵᠠᠭ᠋ᠠᠭᠯᠠᠬᠤ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠭᠣᠤᠯ ᠮᠥᠷᠡᠨ ᠨᠠᠭᠤᠷ ᠴᠥᠭᠥᠷᠥᠮ᠎ᠤᠨ ᠡᠷᠡᠭᠦᠯ ᠮᠡᠨᠳᠦ ᠵᠢᠨ ᠦᠨᠡᠯᠡᠯᠲᠡ ᠵᠢᠨ ᠰᠢᠰᠲ᠋ᠧᠮᠵᠢ ᠵᠢ ᠪᠠᠶ᠋ᠢᠭᠤᠯᠤᠨ᠂ 18 ᠵᠢᠱ᠌ᠢᠶ᠎ᠡ ᠦᠵᠡᠭᠦᠯᠬᠦ ᠭᠣᠤᠯ ᠮᠥᠷᠡᠨ ᠨᠠᠭᠤᠷ ᠴᠥᠭᠥᠷᠥᠮ᠎ᠢ ᠪᠠᠢ᠌ᠭᠤᠯᠪᠠ᠃
ᠬᠥᠷᠥᠰᠥ ᠰᠢᠷᠣᠶ ᠵᠢᠨ ᠬᠠᠮᠠᠭ᠋ᠠᠯᠠᠯᠲᠠ
2020 ᠣᠨ᠎ᠳᠤ᠂ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠬᠢᠨᠠᠨ ᠬᠡᠮᠵᠢᠬᠦ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠂ ᠠᠰᠠᠭᠤᠳᠠᠯ᠎ᠢ ᠮᠠᠭ᠋ᠠᠳᠯᠠᠨ ᠲᠣᠭᠲᠠᠭ᠋ᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ᠎ᠢ ᠲᠣᠭᠲᠠᠭ᠋ᠠᠵᠤ᠂ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠴᠢᠩᠭ᠎ᠠ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠰᠢᠰᠲ᠋ᠧᠮᠵᠢ ᠪᠠ ᠬᠢᠨᠠᠨ ᠬᠠᠮᠢᠶᠠᠷᠴᠤ ᠱᠠᠯᠠᠪᠳᠠᠭᠤᠯᠤᠨ ᠪᠠᠢ᠌ᠴᠠᠭ᠋ᠠᠯᠲᠠ ᠵᠢ ᠪᠠᠶ᠋ᠢᠩᠭᠤᠵᠢᠭᠤᠯᠬᠤ ᠲᠣᠭᠲᠠᠴᠠ ᠵᠢ ᠦᠨᠳᠦᠰᠦᠨ᠎ᠳᠡᠭᠡᠨ ᠪᠦᠷᠢᠯᠳᠦᠭᠦᠯᠪᠠ᠃
ᠬᠥᠷᠥᠰᠥ ᠰᠢᠷᠣᠶ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠵᠢ ᠨᠡᠶ᠋ᠢᠳᠡᠮ ᠬᠡᠷᠡᠭᠵᠢᠭᠦᠯᠬᠦ ᠵᠢ ᠪᠡᠶᠡᠯᠡᠭᠦᠯᠵᠦ᠂ ᠬᠥᠷᠥᠰᠥ ᠰᠢᠷᠣᠶ ᠵᠢᠨ ᠢᠳᠡᠭᠳᠡᠯ᠎ᠤᠨ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢ ᠨᠡᠶ᠋ᠢᠳᠡᠮ ᠬᠡᠷᠡᠭᠵᠢᠭᠦᠯᠬᠦ ᠵᠢ ᠠᠩᠬ᠎ᠠ ᠤᠳᠠᠭ᠎ᠠ ᠪᠡᠶᠡᠯᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ 3.8 ᠲᠦᠮᠡᠨ ᠲᠥᠷᠥᠯ ᠵᠦᠢ᠍ᠯ᠎ᠢ ᠮᠠᠭ᠋ᠠᠳᠯᠠᠨ ᠲᠣᠭᠲᠠᠭ᠋ᠠᠭᠰᠠᠨ ᠪᠥᠭᠡᠳ ᠪᠠᠶ᠋ᠢᠴᠠᠭ᠋ᠠᠨ ᠰᠢᠢ᠍ᠳᠪᠦᠷᠢᠯᠡᠵᠦ᠂ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠬᠡᠪᠴᠢᠶ᠎ᠡ ᠵᠢ ᠲᠦᠷᠦᠭᠦᠦ ᠵᠢᠯ᠎ᠤᠨ᠎ᠬᠢ᠎ᠠᠴᠠ 60%᠎ᠪᠠᠷ ᠨᠡᠮᠡᠭᠳᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠦᠢ᠍ᠯᠡᠰ᠎ᠤᠨ ᠲᠣᠭ᠎ᠠ ᠬᠡᠮᠵᠢᠶ᠎ᠡ ᠵᠢ 28%᠎ᠪᠠᠷ ᠪᠠᠭ᠋ᠠᠰᠬᠠᠪᠠ᠃
ᠢᠨᠵᠧᠨᠧᠷᠢᠩ᠎ᠤᠨ ᠪᠦ᠍ᠲᠦᠭᠡᠨ ᠪᠠᠶ᠋ᠢᠭᠤᠯᠤᠯᠲᠠ
ᠭᠤᠷᠪᠠᠨ ᠬᠠᠪᠴᠢᠯ᠎ᠤᠨ ᠪᠠᠷᠢᠯᠭ᠎ᠠ ᠵᠢ ᠪᠦᠬᠦᠯᠢ ᠴᠣᠭᠴᠠ᠎ᠪᠠᠷ᠎ᠨᠢ ᠪᠠᠷᠢᠵᠤ ᠳᠠᠭᠤᠰᠬᠠᠭ᠋ᠠᠳ ᠰᠢᠯᠭ᠋ᠠᠨ ᠠᠪᠬᠤ ᠠᠵᠢᠯ᠎ᠢ ᠪᠡᠶᠡᠯᠡᠭᠦᠯᠵᠦ᠂ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠦᠬᠦᠨ᠎ᠢ ᠪᠡᠶᠡᠯᠡᠭᠦᠯᠵᠦ᠂ 254 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠤᠨ ᠤᠰᠤ ᠵᠢ ᠬᠠᠰᠢᠨ ᠬᠠᠳᠠᠭ᠋ᠠᠯᠠᠵᠤ᠂ ᠪᠦᠬᠦ ᠵᠢᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 1118 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠳᠡᠯᠡᠬᠡᠶ ᠵᠢᠨ ᠲᠡᠮᠳᠡᠭᠯᠡᠯ᠎ᠢ ᠡᠭᠦᠳᠪᠡ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠣᠨ᠎ᠳᠤ 94.63 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠲᠠᠵᠤ᠂ ᠳᠤᠮᠳᠠ ᠱᠤᠭᠤᠮ᠎ᠳᠤ ᠠᠩᠬ᠎ᠠ ᠤᠳᠠᠭ᠎ᠠ 420 ᠪᠣᠰᠣᠭ᠎ᠠ ᠳᠥᠷᠪᠡᠯᠵᠢᠨ ᠮᠧᠲᠷ / ᠰᠧᠺᠦ᠋ᠨ᠋ᠳ᠋ ᠵᠶ᠋ᠠᠷ ᠵᠢᠷᠤᠵᠤ ᠲᠥᠯᠥᠪᠯᠡᠭᠰᠡᠨ ᠤᠷᠤᠰᠴᠠ ᠵᠢᠨ ᠬᠡᠮᠵᠢᠶ᠎ᠡ ᠵᠢ ᠨᠡᠮᠡᠭᠳᠡᠭᠦᠯᠦᠨ ᠤᠰᠤ ᠳᠠᠮᠵᠢᠭᠤᠯᠬᠤ ᠵᠢ ᠪᠡᠶᠡᠯᠡᠭᠦᠯᠵᠦ᠂ ᠣᠨ᠎ᠤ ᠬᠠᠩᠭ᠋ᠠᠬᠤ ᠤᠰᠤᠨ᠎ᠤ ᠬᠡᠮᠵᠢᠶ᠎ᠡ ᠠᠩᠬ᠎ᠠ ᠤᠳᠠᠭ᠎ᠠ ᠲᠥᠯᠥᠪᠵᠢᠭᠦᠯᠦᠭᠰᠡᠨ ᠣᠯᠠᠨ ᠵᠢᠯ᠎ᠤᠨ ᠳᠤᠮᠳᠠᠴᠢ ᠬᠠᠩᠭ᠋ᠠᠬᠤ ᠤᠰᠤᠨ᠎ᠤ ᠬᠡᠮᠵᠢᠶ᠎ᠡ᠎ᠠᠴᠠ ᠳᠠᠪᠠᠭᠰᠠᠨ ᠪᠠᠶ᠋ᠢᠨ᠎ᠠ᠃
ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠰᠦᠢ᠍ᠳᠬᠡᠯ ᠬᠤᠷᠢᠶᠠᠬᠤ ᠠᠵᠢᠯ᠎ᠢ ᠬᠦᠴᠦᠲᠡᠶ ᠲᠦᠯᠬᠢᠨ ᠠᠬᠢᠭᠤᠯᠵᠤ᠂ ᠪᠦᠬᠦ ᠤᠯᠤᠰ᠎ᠤᠨ ᠬᠥᠳᠡᠭᠡ ᠲᠣᠰᠬᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠦᠨ᠎ᠡ ᠬᠠᠩᠰᠢ ᠵᠢ ᠪᠦᠬᠦ ᠲᠠᠯ᠎ᠠ᠎ᠪᠠᠷ ᠲᠣᠭᠲᠠᠭ᠋ᠠᠠ᠂ ᠮᠢᠩᠭ᠎ᠠ᠎ᠠᠴᠠ ᠳᠡᠭᠡᠭᠰᠢᠬᠢ ᠬᠥᠮᠦᠨ᠎ᠤ ᠢᠨᠵᠧᠨᠧᠷᠢᠩ᠎ᠤᠨ ᠰᠦᠢ᠍ᠳᠬᠡᠯ ᠬᠤᠷᠢᠶᠠᠬᠤ ᠬᠠᠷᠢᠴᠠᠯ᠎ᠢ 95%᠎ᠠᠴᠠ ᠳᠠᠪᠠᠭᠤᠯᠵᠤ᠂ ᠤᠰᠤᠨ᠎ᠤ ᠰᠦᠢ᠍ᠳᠬᠡᠯ ᠬᠤᠷᠢᠶᠠᠬᠤ ᠨᠤᠷᠮ᠎ᠠ ᠵᠢ 90%᠎ᠠᠴᠠ ᠲᠠᠪᠠᠭᠤᠯᠪᠠ᠃
ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠨ ᠨᠥᠬᠥᠪᠥᠷᠢ ᠥᠭᠬᠦ ᠡᠷᠴᠢᠮ᠎ᠢ ᠴᠢᠩᠭ᠋ᠠᠷᠠᠭᠤᠯᠪᠠ᠃ ᠤᠰᠤᠨ ᠴᠥᠭᠥᠷᠥᠮ᠎ᠤᠨ ᠬᠠᠰᠢᠯᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠬᠢᠬᠦ ᠪᠠ ᠲᠡᠰ᠎ᠢ᠎ᠨᠢ ᠪᠠᠭᠤᠷᠠᠭᠤᠯᠤᠨ ᠬᠡᠷᠡᠭᠯᠡᠭᠡᠨ᠎ᠠᠴᠠ ᠭᠠᠷᠭ᠋ᠠᠬᠤ ᠵᠢ ᠴᠢᠩᠭ᠋ᠠᠷᠠᠭᠤᠯᠪᠠ᠃
ᠤᠰᠤᠨ ᠠᠰᠢᠭᠯᠠᠯᠲᠠ ᠵᠢᠨ ᠲᠤᠰᠬᠠᠶ ᠬᠢᠨᠠᠯᠲᠠ ᠬᠠᠮᠢᠶᠠᠷᠤᠯᠲᠠ
ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ 1..36 ᠲᠦᠮᠡᠨ ᠬᠥᠮᠦᠨ ᠤᠳᠠᠭ᠎ᠠ ᠪᠠᠢ᠌ᠴᠠᠭ᠋ᠠᠬᠤ ᠳᠤᠭᠤᠢ᠌ᠯᠠᠩ ᠲᠣᠮᠢᠯᠠᠵᠤ᠂ 6.13 ᠲᠦᠮᠡᠨ ᠲᠥᠷᠥᠯ ᠵᠦᠢᠯ᠎ᠢ ᠪᠠᠢ᠌ᠴᠠᠭ᠋ᠠᠵᠤ᠂ 7.29 ᠲᠦᠮᠡᠨ ᠡᠯ᠎ᠡ ᠲᠥᠷᠥᠯ᠎ᠤᠨ ᠠᠰᠠᠭᠤᠳᠠᠯ᠎ᠢ ᠢᠯᠡᠷᠡᠭᠦᠯᠵᠦ᠂ 818 ᠤᠳᠠᠭ᠎ᠠ ᠬᠠᠷᠢᠭᠤᠴᠠᠯᠭ᠎ᠠ ᠨᠡᠬᠡᠮᠵᠢᠯᠡᠪᠡ ᠃ ᠡᠯ᠎ᠡ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠨᠡᠢ᠍ᠢ᠍ᠳᠡ 1.74 ᠲᠦᠮᠡᠨ ᠳᠤᠭᠤᠢ᠌ᠯᠠᠩ ᠤᠳᠠᠭ᠎ᠠ᠂ 7.86 ᠲᠦᠮᠡᠨ ᠬᠥᠮᠦᠨ ᠤᠳᠠᠭ᠎ᠠ ᠲᠣᠮᠢᠯᠠᠨ ᠬᠢᠨᠠᠨ ᠪᠠᠢ᠌ᠴᠠᠭ᠋ᠠᠯᠲᠠ ᠥᠷᠨᠢᠭᠦᠯᠪᠡ ᠃ 6820 ᠵᠢᠵᠢᠭ ᠬᠡᠯᠪᠡᠷᠢ ᠵᠢᠨ ᠤᠰᠤᠨ ᠴᠥᠭᠥᠷᠥᠮ᠂ 4213 ᠤᠰᠤᠨ ᠬᠠᠭ᠋ᠠᠯᠲᠠ ᠵᠢᠨ ᠠᠮᠤᠷ ᠲᠦᠪᠰᠢᠨ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠵᠤ᠂ ᠳ᠋ᠠᠩ ᠰᠠᠣᠷᠢ ᠤᠰᠤᠨ ᠴᠥᠭᠥᠷᠥᠮ᠎ᠤᠨ ᠢᠯᠡᠷᠡᠭᠦᠯᠦᠭᠰᠡᠨ ᠠᠰᠠᠭᠤᠳᠠᠯ᠎ᠤᠨ ᠲᠣᠭ᠎ᠠ ᠦᠷᠭᠦᠯᠵᠢᠯᠡᠨ ᠪᠠᠭᠤᠷᠠᠪᠠ ᠃
12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ᠎ᠤ ᠲᠠᠪᠴᠠᠩ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠵᠤ᠂ ᠬᠠᠷᠭᠤᠭᠤᠯᠤᠨ ᠪᠠᠢ᠌ᠴᠠᠭ᠋ᠠᠯᠭ᠋ᠠᠬᠤ ᠠᠰᠠᠭᠤᠳᠠᠯ᠎ᠢ ᠨᠡᠢ᠌ᠲᠡ 1464 ᠬᠤᠪᠢ ᠰᠢᠯᠵᠢᠭᠦᠯᠦᠨ ᠰᠢᠢᠳᠪᠦᠷᠢᠯᠡᠭᠦᠯᠵᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ 《ᠲᠤᠷᠠᠨ》 ᠪᠠ ᠣᠯᠠᠨ ᠲᠦᠮᠡᠨ᠎ᠳᠤ ᠦᠢᠯᠡᠴᠢᠯᠡᠬᠦ 《ᠰᠢᠭᠤᠳ ᠨᠡᠪᠲᠡᠷᠡᠬᠦ ᠲᠡᠷᠭᠡ》 ᠵᠢᠨ ᠦᠢᠯᠡᠳᠦᠯ᠎ᠢ ᠭᠦᠢᠴᠡᠳ ᠪᠠᠳᠠᠷᠠᠭᠤᠯᠪᠠ ᠃
ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠵᠤ᠂ ᠡᠯ᠎ᠡ ᠱᠠᠲᠤᠨ᠎ᠤ ᠤᠰᠤᠨ᠎ᠤ ᠶᠠᠪᠤᠳᠠᠯ᠎ᠢ ᠬᠢᠨᠠᠨ ᠪᠠᠢ᠌ᠴᠠᠭ᠋ᠠᠬᠤ ᠡᠩᠨᠡᠭᠡ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ 2.1 ᠲᠦᠮᠡᠨ ᠬᠡᠷᠡᠭ᠎ᠢ ᠪᠠᠢ᠌ᠴᠠᠭ᠋ᠠᠨ ᠰᠢᠢᠳᠪᠦᠷᠢᠯᠡᠵᠦ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ 4267 ᠬᠠᠭᠤᠴᠢᠨ ᠬᠡᠷᠡᠭ᠎ᠢ ᠪᠦᠬᠦᠨ᠎ᠢ ᠰᠢᠢ᠍ᠳᠪᠦᠷᠢᠯᠡᠪᠡ᠃ ᠤᠰᠤ ᠠᠪᠬᠤ ᠵᠥᠪᠰᠢᠶᠡᠷᠡᠯ᠎ᠤᠨ ᠡᠯᠧᠺᠲᠷᠣᠨ ᠦᠨᠡᠮᠯᠡᠯ᠎ᠢ ᠳᠡᠯᠭᠡᠷᠡᠭᠦᠯᠦᠨ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠤᠨ ᠭᠠᠢ᠌ᠯᠢ ᠵᠢᠨ ᠥᠭᠡᠷᠡᠴᠢᠯᠡᠯᠲᠡ ᠵᠢ ᠯᠠᠪᠳᠠᠭᠤᠨ ᠪᠠᠲᠤᠲᠠᠶ ᠠᠬᠢᠭᠤᠯᠪᠠ᠃
ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠲᠠᠯᠠᠪᠠᠶ ᠨᠡᠢ᠌ᠲᠡ 4 ᠳ᠋ᠦᠩᠰᠢᠭᠤᠷ ᠮᠥ᠍᠎ᠳᠤ ᠬᠦᠷᠴᠦ᠂ ᠪᠡᠭᠡᠵᠢᠩ᠂ ᠱᠠᠩᠬᠠᠶ᠂ ᠵᠧᠵᠢᠶᠠᠩ ᠥᠭᠡᠷᠡᠴᠢᠯᠡᠯᠲᠡ ᠵᠢᠨ ᠬᠠᠷᠠᠯᠲᠠ᠎ᠪᠠᠨ ᠦᠨᠳᠦᠰᠦᠨ᠎ᠳᠡᠭᠡᠨ ᠪᠡᠶᠡᠯᠡᠭᠦᠯᠪᠡ ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ ᠺᠣᠮᠫᠠᠨᠢ ᠵᠢ ᠵᠣᠬᠢᠶᠠᠨ ᠪᠠᠢ᠌ᠭᠤᠯᠬᠤ ᠵᠢᠨ ᠬᠠᠮᠲᠤ ᠵᠢᠩᠬᠢᠨᠢ᠎ᠪᠠᠷ ᠫᠠᠢ᠌ᠰᠠ ᠡᠯᠭᠦᠨ ᠡᠵᠡᠩᠨᠡᠬᠦ ᠵᠢ ᠠᠬᠢᠭᠤᠯᠪᠠ ᠃