ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠶ᠎ᠠ ᠤᠰᠤᠨ ᠠᠰᠢᠭᠯᠠᠯᠲᠠ ᠵᠢᠨ ᠶᠠᠮᠤᠨ᠎ᠤ ᠵᠠᠯᠠᠭᠤ ᠺᠠᠳ᠋ᠷᠴᠤᠳ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠬᠠᠮᠲᠤᠷᠠᠭᠰᠠᠨ ᠰᠤᠷᠤᠯᠴᠠᠬᠤ ᠠᠵᠢᠯᠯᠠᠭ᠎ᠠ ᠦᠷᠨᠢᠬᠦᠯᠪᠡ
ᠨᠡᠶ᠋ᠢᠲᠡᠯᠡᠭᠰᠡᠨ ᠴᠠᠭ᠄ 2021-05-26

      ᠤᠰᠤᠨ ᠠᠰᠢᠭᠯᠠᠯᠲᠠ ᠵᠢᠨ ᠶᠠᠮᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠵᠠᠯᠠᠭᠤ ᠺᠠᠳ᠋ᠷ᠎ᠤᠨ ᠲᠥᠯᠥᠭᠡᠯᠡᠭᠴᠢ ᠪᠣᠯᠤᠨ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠰᠤᠷᠭ᠋ᠠᠭᠤᠯᠢ ᠵᠢᠨ ᠳᠠᠪᠲᠠᠨ ᠪᠣᠯᠪᠠᠰᠤᠷᠠᠬᠤ ᠠᠩᠭᠢ ᠵᠢᠨ ᠰᠤᠷᠤᠭᠴᠢᠳ᠎ᠤᠨ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠨᠠᠮ ᠵᠶ᠋ᠠᠨ ᠳᠠᠭ᠋ᠠᠬᠤ》 ᠭᠣᠣᠯ ᠰᠡᠳᠦᠪᠲᠦ ᠬᠠᠮᠲᠤᠷᠠᠭᠰᠠᠨ ᠰᠤᠷᠤᠯᠴᠠᠬᠤ ᠠᠵᠢᠯᠯᠠᠭ᠎ᠠ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠰᠤᠷᠭ᠋ᠠᠭᠤᠯᠢ᠎ᠳᠤ ᠶᠠᠪᠤᠭᠳᠠᠪᠠ᠃ ᠦᠷᠡᠭᠳᠡᠭᠰᠡᠨ ᠪᠠᠭ᠋ᠠᠳᠤᠷ ᠯᠢ ᠳ᠋ᠠ ᠵᠣᠣ ᠵᠢᠨ ᠤᠮᠪᠤᠯ ᠬᠦᠦ᠂ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠎ᠤᠨ ᠤᠤᠯ᠎ᠤᠨ ᠡᠷᠬᠢᠯᠡᠭᠴᠢ ᠢᠨᠵᠧᠨᠧᠷ ᠯᠢ ᠶᠠ ᠵᠦᠩ 《ᠶᠤᠰᠤ ᠵᠢᠷᠦᠮ᠎ᠢ ᠴᠢᠩᠭ᠎ᠠ ᠰᠠᠬᠢᠶ᠎ᠠ —ᠯᠢ ᠳ᠋ᠠ ᠵᠣᠣ ᠵᠢᠨ ᠵᠤᠷᠢᠭ ᠰᠠᠨᠠᠭ᠎ᠠ ᠮᠦᠩᠬᠡ ᠤᠷᠤᠰᠢᠨ᠎ᠠ》 ᠭᠡᠬᠦ ᠰᠡᠳᠦᠪ ᠵᠶ᠋ᠡᠷ ᠵᠠᠯᠠᠭᠤ ᠺᠠᠳ᠋ᠷᠴᠤᠳ᠎ᠲᠤ ᠬᠠᠪᠰᠤᠷᠤᠨ ᠵᠢᠯᠣᠭᠣᠳᠬᠤ ᠮᠡᠳᠡᠭᠦᠯᠦᠯᠲᠡ ᠬᠢᠵᠡᠢ᠃ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ᠂ ᠶᠠᠮᠤᠨ᠎ᠤ ᠨᠠᠮ᠎ᠤᠨ ᠰᠤᠷᠭ᠋ᠠᠭᠤᠯᠢ ᠵᠢᠨ ᠵᠠᠬᠢᠷᠤᠯ ᠲᠢᠶᠠᠨ ᠰᠢᠤᠸᠠᠢ ᠪᠢᠨ ᠲᠤᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃
ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠵᠤ᠂ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠦᠢ᠍ᠯᠡᠰ᠎ᠤᠨ ᠬᠢᠷᠢ ᠲᠡᠩᠴᠡᠭᠰᠡᠨ ᠵᠠᠯᠭ᠋ᠠᠮᠵᠢᠯᠠᠭᠴᠢ ᠪᠤᠯᠤᠶ᠎ᠠ ᠭᠡᠳᠡᠭ ᠵᠶ᠋ᠡᠷ ᠲᠤᠰ ᠤᠳᠠᠭ᠋ᠠᠨ᠎ᠤ ᠬᠣᠯᠪᠣᠭ᠋ᠠᠯᠠᠨ ᠰᠤᠷᠤᠯᠴᠠᠬᠤ ᠠᠵᠢᠯᠯᠠᠭ᠎ᠠ ᠵᠢᠨ ᠭᠣᠣᠯ ᠰᠡᠳᠦᠪ ᠪᠤᠯᠭ᠋ᠠᠪᠠ᠃ ᠬᠣᠯᠪᠣᠭ᠋ᠠᠯᠠᠨ ᠰᠤᠷᠤᠯᠴᠠᠬᠤ ᠠᠵᠢᠯᠯᠠᠭ᠎ᠠ᠎ᠠᠴᠠ ᠡᠮᠦᠨ᠎ᠡ᠂ ᠪᠦᠬᠦ ᠠᠵᠢᠯᠲᠠᠳ ᠬᠠᠮᠳᠤ᠎ᠪᠠᠷ ᠳᠤᠮᠳᠠᠳᠤ ᠤᠯᠤᠰ᠎ᠤᠨ ᠡᠪ ᠬᠠᠮᠲᠤ ᠶᠣᠰᠣᠨ᠎ᠤ ᠬᠥᠳᠡᠯᠭᠡᠭᠡᠨ᠎ᠤ ᠬᠣᠰᠢᠭᠤᠴᠢ᠂ ᠠᠭᠤᠤ ᠶᠡᠬᠡ ᠮᠠᠷᠺᠰ᠎ᠤᠨ ᠦᠵᠡᠯᠳᠡᠨ᠂ ᠭᠠᠷᠮᠠᠭ᠋ᠠᠢ ᠦᠭᠡᠬᠦᠦ ᠠᠩᠬᠢ ᠵᠢᠨ ᠬᠤᠪᠢᠰᠬᠠᠯᠴᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠭᠤᠤᠯ ᠡᠬᠦᠳᠦᠨ ᠪᠠᠢ᠌ᠭᠤᠯᠤᠭᠴᠢ ᠵᠢᠨ ᠨᠢᠭᠡ ᠪᠤᠯᠬᠤ ᠦᠷᠡᠭᠳᠡᠭᠰᠡᠨ ᠪᠠᠭ᠋ᠠᠳᠤᠷ ᠯᠢ ᠳ᠋ᠠ ᠵᠤᠤ ᠵᠢ ᠭᠠᠰᠢᠭᠤᠳᠠᠨ ᠲᠤᠷᠠᠰᠪᠠ᠃
      ᠯᠢ ᠶᠠ ᠵᠦᠩ   ᠯᠢ ᠳ᠋ᠠ ᠵᠣᠣ ᠵᠢᠨ ᠨᠤᠲᠤᠭ ᠤᠰᠤ᠂ ᠭᠡᠷ᠎ᠤᠨ ᠲᠡᠤᠬᠡ ᠵᠢᠴᠢ ᠪᠠᠭ᠎ᠠ ᠨᠠᠰᠤ᠂ ᠤᠯᠤᠰ ᠭᠡᠷ ᠠᠷᠠᠳ ᠲᠦᠮᠡᠨ᠎ᠤ ᠲᠥᠯᠥᠭᠡ ᠰᠠᠨᠠᠭ᠋ᠠᠰᠢᠷᠠᠵᠤ᠂ ᠳᠤᠮᠳᠠᠳᠤ ᠵᠢᠨ ᠲᠥᠯᠥᠭᠡ ᠭᠠᠷᠬᠤ ᠵᠠᠮ᠎ᠢ ᠬᠠᠢ᠌ᠨ ᠰᠦᠪᠡᠭᠴᠢᠯᠡᠵᠦ᠂ ᠲᠤᠮᠳᠠᠳᠤ ᠤᠯᠤᠰ᠎ᠲᠤ ᠬᠠᠮᠤᠭ ᠤᠷᠢᠳ ᠵᠶ᠋ᠡᠷ ᠮᠠᠷᠺᠰ᠎ᠤᠨ ᠦᠵᠡᠯ᠎ᠢ ᠤᠯᠠᠮᠵᠢᠯᠠᠵᠤ᠂ ᠲᠠᠪᠤᠨ ᠰᠠᠷ᠎ᠠ ᠵᠢᠨ ᠳᠥᠷᠪᠡᠨ᠎ᠤ ᠬᠥᠳᠡᠯᠭᠡᠭᠡᠨ᠎ᠢ ᠤᠳᠤᠷᠢᠳᠴᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠳᠦᠨ ᠪᠠᠶ᠋ᠢᠭᠤᠯᠵᠤ᠂ ᠭᠣᠮᠢᠨᠳᠠᠩ ᠡᠪ ᠬᠠᠮᠲᠤ ᠨᠠᠮ᠎ᠤᠨ ᠠᠩᠬᠠᠳᠤᠭ᠋ᠠᠷ ᠤᠳᠠᠭ᠎ᠠ ᠵᠢᠨ ᠬᠠᠮᠲᠤᠷᠠᠨ ᠠᠵᠢᠯᠯᠠᠬᠤ ᠵᠢ ᠠᠬᠢᠭᠤᠯᠤᠨ᠂ ᠤᠮᠠᠷᠠᠲᠤ ᠵᠢᠨ ᠬᠤᠪᠢᠰᠬᠠᠯᠲᠤ ᠬᠥᠳᠡᠯᠭᠡᠭᠡᠨ᠎ᠢ ᠤᠳᠤᠷᠢᠳᠤᠭᠰᠠᠨ᠂ ᠡᠷᠬᠢᠮ ᠳᠡᠭᠡᠳᠦ ᠶᠣᠰᠣ ᠮᠣᠷᠠᠯ ᠠᠭᠤᠤ ᠶᠡᠬᠡ ᠬᠥᠮᠦᠨᠴᠢ ᠴᠢᠨᠠᠷ᠂ ᠯᠢ ᠳ᠋ᠠ ᠵᠣᠣ ᠵᠢᠨ ᠵᠣᠷᠢᠭ ᠰᠠᠨᠠᠭ᠎ᠠ ᠵᠢᠴᠢ ᠣᠳᠣ ᠦᠶ᠎ᠡ ᠵᠢᠨ ᠡᠪ ᠬᠠᠮᠲᠤᠴᠤᠳ᠎ᠲᠤ ᠦᠭᠬᠦᠭᠰᠡᠨ ᠰᠡᠩᠬᠡᠷᠡᠭᠦᠯᠦᠯ ᠵᠡᠷᠭᠡ ᠶᠢᠰᠦᠨ ᠲᠠᠯ᠎ᠠ᠎ᠠᠴᠠ ᠦᠷᠡᠭᠳᠡᠭᠰᠡᠨ ᠪᠠᠭ᠋ᠠᠳᠤᠷ ᠯᠢ ᠳ᠋ᠠ ᠵᠤᠤ ᠵᠢᠨ ᠦᠰᠴᠦ ᠬᠦᠮᠦᠵᠢᠭᠰᠡᠨ ᠦᠩᠭᠡᠷᠡᠯᠳᠡ ᠪᠤᠯᠤᠨ ᠬᠤᠪᠢᠰᠬᠠᠯᠳᠤ ᠦᠢ᠍ᠯᠡ ᠠᠵᠢᠯᠯᠠᠭ᠎ᠠ ᠵᠢ ᠠᠮᠢᠳᠤᠯᠢᠭ ᠵᠶ᠋ᠡᠷ ᠲᠤᠭ᠋ᠠᠴᠢᠵᠤ᠂ ᠦᠷᠡᠭᠳᠡᠭᠰᠡᠨ ᠪᠠᠭ᠋ᠠᠳᠤᠷ ᠯᠢ ᠳ᠋ᠠ ᠵᠤᠤ ᠵᠢᠨ ᠦᠨᠡᠨ ᠶᠤᠰᠤ ᠵᠢ ᠬᠦᠭᠡᠭᠡᠴᠡᠯᠳᠦᠨ᠂ ᠤᠯᠤᠰ ᠭᠡᠷ ᠠᠷᠠᠳ ᠲᠦᠮᠡᠨ᠎ᠤ ᠲᠦᠯᠦᠭᠡ ᠰᠠᠨᠠᠭ᠋ᠠᠰᠢᠷᠠᠭᠰᠠᠨ ᠰᠡᠳᠬᠢᠯᠭᠡ᠂ ᠭᠤᠢ᠌ᠪᠢᠰᠢ ᠦᠭᠡᠢ ᠢᠳᠡᠭᠡᠯ ᠪᠢᠰᠢᠷᠡᠯ ᠪᠠ ᠰᠢᠳᠤᠷᠭᠤ ᠶᠤᠰᠤ ᠵᠢ ᠵᠤᠷᠢᠭᠳᠠᠢ ᠪᠠᠷᠢᠮᠳᠠᠯᠠᠨ᠂ ᠨᠤᠭᠤᠷᠠᠰᠢ ᠦᠭᠡᠢ ᠴᠢᠩ ᠵᠤᠷᠢᠭ᠎ᠢ᠎ᠨᠢ ᠲᠠᠬᠢᠨ ᠢᠯᠡᠷᠡᠬᠦᠯᠪᠡ᠃
      ᠤᠰᠤᠨ ᠠᠰᠢᠭᠯᠠᠯᠲᠠ ᠵᠢᠨ ᠶᠠᠮᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠵᠠᠯᠠᠭᠤ ᠺᠠᠳ᠋ᠷ᠎ᠤᠨ ᠲᠥᠯᠥᠭᠡᠯᠡᠭᠴᠢ᠂ ᠨᠠᠮ᠎ᠤᠨ ᠰᠤᠷᠭ᠋ᠠᠭᠤᠯᠢ ᠵᠢᠨ ᠳᠠᠪᠲᠠᠨ ᠪᠣᠯᠪᠠᠰᠤᠷᠠᠬᠤ ᠠᠩᠭᠢ ᠵᠢᠨ ᠰᠤᠷᠤᠭᠴᠢᠳ ᠬᠣᠯᠪᠣᠭ᠋ᠠᠯᠠᠨ ᠰᠤᠷᠤᠯᠴᠠᠬᠤ ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ ᠰᠤᠷᠤᠯᠴᠠᠭᠰᠠᠨ ᠣᠶ᠋ᠢᠯᠠᠭ᠋ᠠᠯᠲᠠ᠎ᠪᠠᠨ ᠶᠠᠷᠢᠯᠴᠠᠪᠠ᠃ ᠯᠢ ᠶᠠ ᠵᠦᠩ ᠪᠠᠭᠰᠢ ᠵᠢᠨ ᠢᠯᠡᠳᠭᠡᠯ᠎ᠨᠢ ᠪᠥᠬᠥ ᠲᠠᠯ᠎ᠠ ᠵᠢᠨ ᠪᠥᠭᠡᠳ ᠣᠨᠴᠠᠭ᠋ᠠᠢ ᠬᠠᠷᠠᠭ᠋ᠠᠰᠤ᠎ᠠᠴᠠ ᠦᠷᠡᠭᠳᠡᠭᠰᠡᠨ ᠪᠠᠭ᠋ᠠᠳᠤᠷ ᠯᠢ ᠳ᠋ᠠ ᠵᠣᠣ ᠵᠢᠨ ᠤᠬᠤᠷᠬᠠᠨ ᠪᠦᠭᠡᠳ ᠭᠡᠷᠡᠯ ᠰᠠᠴᠤᠷᠠᠩᠭᠤᠢ ᠨᠢᠭᠡ ᠨᠠᠰᠤ ᠵᠢ ᠲᠡᠯᠭᠡᠨ ᠦᠵᠡᠬᠦᠯᠵᠦ   ᠢᠯᠡᠳᠭᠡᠯ᠎ᠢ ᠰᠤᠨᠤᠰᠤᠭᠰᠠᠨ᠎ᠤ ᠲᠠᠷᠠᠭ᠎ᠠ᠂ ᠦᠵᠡᠯ ᠰᠠᠨᠠᠭ᠎ᠠ ᠤᠶᠤᠨ ᠰᠡᠳᠬᠢᠯ ᠵᠶ᠋ᠡᠨ       ᠴᠡᠪᠡᠷᠰᠢᠭᠦᠯᠵᠦ᠂ ᠦᠷᠡᠭᠳᠡᠭᠰᠡᠨ ᠪᠠᠭ᠋ᠠᠳᠤᠷ ᠯᠢ ᠳ᠋ᠠ ᠵᠣᠣ ᠵᠢᠨ   ᠲᠡᠦᠬᠡ ᠵᠢᠨ ᠭᠦᠨ ᠬᠠᠷᠠᠭ᠋ᠠᠰᠤ ᠪᠠ ᠦᠵᠡᠯ ᠰᠠᠨᠠᠭ᠋ᠠᠨ᠎ᠤ ᠦᠨ᠎ᠡ ᠴᠠᠨ᠎ᠠ ᠵᠢᠨ ᠨᠠᠨᠳᠢᠨ ᠴᠢᠨᠠᠷ᠎ᠢ ᠭᠦᠨᠵᠡᠭᠡᠢ ᠰᠡᠷᠡᠵᠦ ᠤᠢ᠌ᠯᠠᠭ᠋ᠠᠨ᠂ ᠦᠷᠡᠭᠳᠡᠭᠰᠡᠨ ᠪᠠᠭ᠋ᠠᠳᠤᠷ ᠯᠢ ᠳ᠋ᠠ ᠵᠤᠤ ᠵᠢᠨ ᠠᠭᠤᠤ ᠶᠡᠬᠡ ᠬᠤᠪᠢᠰᠬᠠᠯ᠎ᠤᠨ ᠵᠤᠷᠢᠭ ᠰᠠᠨᠠᠭ᠎ᠠ ᠪᠠ ᠬᠦᠮᠦᠨ ᠴᠢᠨᠠᠷ᠎ᠤᠨ ᠠᠭᠤᠤ ᠬᠦᠴᠦᠨ᠎ᠢ ᠨᠡᠩ ᠬᠦᠨᠵᠡᠭᠡᠢ ᠮᠡᠳᠡᠷᠡᠭᠰᠡᠨ ᠪᠠᠢ᠌ᠨ᠎ᠠ ᠭᠡᠵᠦ ᠤᠯᠠᠨ ᠵᠶ᠋ᠡᠷ ᠵᠶ᠋ᠡᠨ ᠢᠯᠡᠷᠬᠡᠢ᠌ᠯᠡᠵᠡᠭᠡᠪᠡ᠃ ᠣᠯᠠᠨ ᠵᠶ᠋ᠠᠷ ᠵᠶ᠋ᠠᠨ ᠪᠠᠰᠠ ᠶᠡᠷᠦᠩᠬᠡᠢ ᠱᠦᠵᠢ ᠰᠢ ᠵᠢᠨ ᠫᠢᠩ᠎ᠤᠨ ᠴᠢᠩᠬᠤᠸᠠ ᠶᠡᠬᠡ ᠰᠤᠷᠭ᠋ᠠᠭᠤᠯᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠳᠤ ᠢᠳᠡᠪᠬᠢᠲᠡᠢ᠎ᠪᠠᠷ ᠣᠷᠣᠯᠴᠠᠵᠤ᠂ ᠨᠠᠮ᠎ᠤᠨ ᠲᠡᠦᠬᠡ ᠵᠢ ᠰᠤᠷᠤᠯᠴᠠᠬᠤ ᠪᠠ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠪᠣᠢ ᠪᠣᠯᠭ᠋ᠠᠬᠤ᠎ᠲᠠᠢ ᠨᠢᠭᠳᠠ ᠤᠶᠠᠯᠳᠤᠭᠤᠯᠵᠤ᠂ ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ ᠥᠪᠡᠷ᠎ᠤᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠬᠦᠴᠦᠯᠡᠨ ᠲᠡᠮᠡᠴᠡᠵᠦ ᠵᠤᠷᠢᠭᠳᠠᠢ ᠠᠵᠢᠯᠯᠠᠨ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠳᠠ ᠵᠢᠨ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠵᠢᠳᠬᠦᠯ ᠵᠶ᠋ᠡᠨ ᠨᠡᠮᠡᠷᠢᠯᠡᠵᠦ᠂ ᠲᠤᠮᠳᠠᠳᠤ ᠵᠢᠨ ᠦᠨᠳᠦᠰᠦᠳᠡᠨ᠎ᠤ ᠠᠭᠤᠤ ᠶᠡᠬᠡ ᠰᠡᠷᠬᠦᠨ ᠮᠠᠨᠳᠤᠯᠳᠠ ᠵᠢᠨ ᠲᠡᠤᠬᠡᠨ ᠶᠠᠪᠤᠴᠠ᠎ᠳᠤ ᠵᠠᠯᠠᠭᠤ ᠨᠠᠰᠤᠨ᠎ᠤ ᠲᠠᠭᠤᠯᠠᠯ ᠵᠶ᠋ᠡᠨ ᠪᠢᠴᠢᠭᠯᠡᠬᠦ᠎ᠪᠠᠷ ᠴᠢᠷᠮᠠᠢ᠌ᠨ᠎ᠠ ᠭᠡᠵᠦ ᠢᠯᠡᠳᠭᠡᠵᠡᠭᠡᠪᠡ᠃
      ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠰᠤᠷᠭ᠋ᠠᠭᠤᠯᠢ ᠵᠢᠨ ᠶᠠᠪᠤᠳᠠᠯ᠎ᠤᠨ ᠵᠥᠪᠯᠡᠯ᠎ᠤᠨ ᠪᠦᠷᠢᠯᠳᠦᠬᠦᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ᠂ ᠨᠠᠮ᠎ᠤᠨ ᠰᠤᠷᠭ᠋ᠠᠭᠤᠯᠢ ᠵᠢᠨ 51 ᠳ᠋ᠦ᠍ᠭᠡᠷ ᠬᠤᠭᠤᠴᠠᠭ᠋ᠠᠨ᠎ᠤ ᠳᠠᠪᠲᠠᠨ ᠪᠣᠯᠪᠠᠰᠤᠷᠠᠬᠤ ᠠᠩᠭᠢ ᠵᠢᠨ ᠪᠦᠬᠦ ᠰᠤᠷᠤᠭᠴᠢᠳ᠂ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠵᠠᠯᠠᠭᠤ ᠺᠠᠳ᠋ᠷ᠎ᠤᠨ ᠲᠥᠯᠥᠭᠡᠯᠡᠭᠴᠢᠳ ᠬᠣᠯᠪᠣᠭ᠋ᠠᠯᠠᠨ ᠰᠤᠷᠤᠯᠴᠠᠬᠤ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠤᠯᠠᠮᠵᠢᠯᠠᠨ ᠰᠤᠷᠤᠯᠴᠠᠪᠠ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ ᠵᠠᠭᠤᠨ ᠵᠢᠯ᠎ᠤᠨ ᠨᠠᠮ᠎ᠤᠨ ᠲᠡᠦᠬᠡ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠬᠦᠯᠵᠦ᠂ ᠰᠢᠶᠧ ᠴᠦᠨ ᠲᠤᠤ ᠬᠠᠪᠰᠤᠷᠤᠨ ᠵᠢᠯᠣᠭᠣᠳᠬᠤ ᠢᠯᠡᠳᠭᠡᠯ ᠬᠢᠪᠡ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ 《ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ》 ᠭᠡᠬᠦ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠦᠷᠨᠢᠬᠦᠯᠪᠡ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠬᠢᠭᠤᠯᠬᠤ ᠬᠤᠷᠠᠯ ᠬᠢᠪᠡ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠪᠠ 2021 ᠣᠨ᠎ᠤ ᠨᠠᠮ᠎ᠤᠨ ᠠᠵᠢᠯ᠎ᠤᠨ ᠬᠤᠷᠠᠯ ᠬᠤᠷᠠᠯᠳᠤᠭᠤᠯᠪᠠ
 
            