ᠨᠢᠭᠡ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠳᠤᠲᠠᠭᠤᠳᠠᠯ ᠵᠶ᠋ᠠᠨ ᠡᠷᠢᠨ᠂ ᠤᠰᠤᠨ᠎ᠤ ᠳᠥᠷᠪᠡᠨ ᠳᠦᠷᠦᠯ᠎ᠤᠨ ᠠᠰᠠᠭᠤᠳᠠᠯ᠎ᠢ ᠵᠡᠷᠭᠡ᠎ᠪᠡᠷ ᠵᠠᠰᠠᠵᠦ ᠰᠢᠨ᠎ᠡ ᠪᠠᠢ᠌ᠳᠠᠯ᠎ᠢ ᠨᠡᠭᠡᠭᠡᠪᠡ
ᠠᠰᠠᠭᠤᠳᠠᠯ ᠪᠣᠯ ᠴᠠᠭ ᠦᠶ᠎ᠡ ᠵᠢᠨ ᠲᠠᠭᠤᠨ ᠮᠥᠨ᠃ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠴᠡ ᠪᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠭᠦᠨᠵᠡᠭᠡᠢ ᠲᠤᠤᠱᠯᠠᠭᠤᠯᠬᠤ ᠵᠢᠨ ᠲᠥᠯᠥᠭᠡ᠂ ᠾᠧᠨᠠᠨ ᠮᠤᠵᠢ᠎ᠨᠢ ᠤᠰᠤᠨ᠎ᠤ ᠡᠬᠢ ᠰᠤᠷᠪᠤᠯᠵᠢ ᠬᠦᠷᠦᠯᠴᠡᠬᠦ ᠦᠭᠡᠢ᠂ ᠤᠰᠤᠨ᠎ᠤ ᠬᠡᠮᠵᠢᠶ᠎ᠡ ᠬᠦᠷᠦᠯᠴᠡᠬᠦ ᠦᠭᠡᠢ᠂ ᠤᠰᠤᠨ᠎ᠤ ᠴᠢᠨᠠᠷ ᠰᠢᠯᠢᠳᠡᠭ ᠪᠤᠰᠤ᠂ ᠤᠰᠤᠨ ᠭᠠᠮᠰᠢᠭ ᠤᠯᠠᠨ ᠡᠭᠦᠰᠬᠦ ᠵᠡᠷᠭᠡ ᠰᠢᠨ᠎ᠡ ᠬᠠᠭᠤᠴᠢᠨ ᠤᠰᠤᠨ᠎ᠤ ᠠᠰᠠᠭᠤᠳᠠᠯ᠎ᠳᠤ ᠬᠦᠴᠦᠨ ᠵᠶ᠋ᠠᠨ ᠲᠥᠪᠯᠡᠷᠡᠭᠦᠯᠤᠨ᠂ 2018 ᠣᠨ᠎ᠠᠴᠠ ᠡᠬᠢᠯᠡᠨ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠭᠠᠮᠰᠢᠭ ᠵᠡᠷᠭᠡ 《ᠤᠰᠤᠨ᠎ᠤ ᠲᠦᠷᠪᠡᠨ ᠳᠦᠷᠦᠯ᠎ᠤᠨ ᠠᠰᠠᠭᠤᠳᠠᠯ᠎ᠢ ᠵᠡᠷᠭᠡ᠎ᠪᠡᠷ ᠵᠠᠰᠠᠬᠤ》 ᠲᠠᠯ᠎ᠠ᠎ᠪᠠᠷ ᠪᠦᠬᠦ ᠲᠠᠯ᠎ᠠ ᠵᠢᠨ ᠴᠢᠨᠠᠷᠲᠠᠢ ᠲᠥᠯᠥᠪᠵᠢᠭᠦᠯᠭᠡ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠠᠬᠢᠭᠤᠯᠪᠠ᠃
ᠨᠢᠭᠡ᠎ᠳᠤ᠂ ᠪᠥᠬᠥ ᠮᠤᠵᠢ᠎ᠪᠠᠷ ᠵᠶ᠋ᠠᠨ 《ᠬᠥᠯᠭᠡ ᠰᠢᠲᠠᠷ᠎ᠠ ᠮᠡᠲᠦ ᠪᠠᠢ᠌ᠬᠤ》 ᠪᠠᠢ᠌ᠳᠠᠯ᠎ᠢ ᠪᠣᠶ ᠪᠣᠯᠭ᠋ᠠᠪᠠ᠃ ᠮᠤᠵᠢ ᠵᠢᠨ ᠨᠠᠮ᠎ᠤᠨ ᠬᠣᠷᠢᠶᠠᠨ᠎ᠤ ᠱᠦᠵᠢ᠂ ᠮᠤᠵᠢ ᠵᠢᠨ ᠳᠠᠷᠤᠭ᠎ᠠ ᠪᠡᠶ᠎ᠡ᠎ᠪᠠᠷ ᠵᠶ᠋ᠡᠨ ᠤᠳᠤᠷᠢᠳᠴᠤ᠂ ᠰᠢᠭᠤᠳ ᠵᠢᠯᠤᠭᠤᠳᠤᠨ᠂ ᠡᠮᠦᠨ᠎ᠡ ᠹᠷᠣᠨᠲ᠎ᠲᠤ ᠱᠠᠭ᠋ᠠᠷᠳᠠᠨ ᠵᠢᠯᠣᠭᠣᠳᠴᠤ᠂ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠨᠢᠭᠡᠳᠦᠭᠡᠷ ᠶᠡᠷᠦᠩᠬᠡᠢ ᠭᠣᠣᠯ᠎ᠤᠨ ᠳᠠᠷᠤᠭ᠎ᠠ ᠪᠠ ᠤᠰᠤᠨ᠎ᠤ ᠳᠦᠷᠪᠡᠨ ᠳᠦᠷᠦᠯ᠎ᠤᠨ ᠠᠰᠠᠭᠤᠳᠠᠯ᠎ᠢ ᠵᠡᠷᠭᠡ᠎ᠪᠡᠷ ᠵᠠᠰᠠᠬᠤ ᠤᠳᠤᠷᠢᠳᠬᠤ ᠳᠤᠭᠤᠢ᠌ᠯᠠᠩ᠎ᠤᠨ ᠨᠢᠭᠡᠳᠦᠭᠡᠷ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠮᠤᠵᠢ ᠵᠢᠨ ᠳᠠᠷᠤᠭ᠎ᠠ ᠶᠡᠷᠦᠩᠬᠡᠢ ᠭᠣᠣᠯ᠎ᠤᠨ ᠳᠠᠷᠤᠭ᠎ᠠ ᠪᠠ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠨ᠂ ᠭᠤᠷᠪᠠᠨ ᠵᠢᠯ᠎ᠤᠨ ᠲᠤᠷᠰᠢ ᠤᠷᠢᠳ ᠬᠣᠵᠢᠳ 15 ᠤᠳᠠᠭ᠎ᠠ ᠬᠤᠷᠠᠯ ᠬᠤᠷᠠᠯᠳᠤᠭᠤᠯᠤᠨ᠂ 12 ᠤᠳᠠᠭ᠎ᠠ ᠲᠤᠬᠠᠢ ᠵᠢᠨ ᠲᠠᠯᠠᠪᠠᠢ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ᠂ ᠴᠢᠬᠤᠯᠠ ᠶᠡᠬᠡ ᠲᠦᠷᠦᠯ ᠵᠦᠢ᠍ᠯ᠎ᠢ ᠰᠤᠳᠤᠯᠤᠨ ᠲᠥᠯᠥᠪᠵᠢᠭᠦᠯᠵᠦ᠂ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠂ ᠡᠯ᠎ᠡ ᠱᠠᠲᠤᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ᠂ ᠵᠡᠷᠭᠡ᠎ᠪᠡᠷ ᠠᠳᠬᠤᠵᠤ ᠬᠠᠮᠲᠤ᠎ᠪᠠᠷ ᠬᠠᠮᠢᠶᠠᠷᠬᠤ ᠵᠢ ᠲᠠᠢ᠍ᠢ᠍ᠴᠢᠯᠠᠪᠠ᠃
ᠬᠣᠶᠠᠷ᠎ᠲᠤ᠂ ᠬᠢᠨᠠᠨ ᠰᠢᠯᠭ᠋ᠠᠬᠤ 《ᠵᠢᠯᠤᠭᠤᠳᠤᠭᠴᠢ》᠎ᠢ ᠴᠢᠩᠭ᠋ᠠᠳᠬᠠᠪᠠ᠃ ᠱᠠᠭ᠋ᠠᠷᠳᠠᠨ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠬᠢᠨᠠᠨ ᠰᠢᠯᠭ᠋ᠠᠬᠤ ᠵᠢ ᠴᠢᠩᠭ᠎ᠠ ᠡᠵᠡᠮᠳᠡᠭᠰᠡᠨ ᠠᠬᠤᠢ ᠪᠠᠢ᠌ᠳᠠᠯ ᠳᠣᠣᠷ᠎ᠠ᠂ ᠤᠰᠤᠨ᠎ᠤ ᠳᠦᠷᠪᠡᠨ ᠳᠦᠷᠦᠯ᠎ᠤᠨ ᠠᠰᠠᠭᠤᠳᠠᠯ᠎ᠢ ᠵᠠᠰᠠᠬᠤ ᠪᠠ ᠭᠣᠣᠯ ᠮᠥᠷᠡᠨ᠎ᠤ ᠳᠠᠷᠤᠭ᠎ᠠ ᠵᠢᠨ ᠲᠦᠷᠢᠮ᠎ᠢ ᠪᠦᠬᠦ ᠮᠤᠵᠢ ᠵᠢᠨ ᠬᠣᠶᠠᠷ ᠴᠢᠬᠤᠯᠠ ᠠᠭᠤᠯᠭ᠎ᠠ ᠪᠣᠯᠭ᠋ᠠᠨ ᠬᠢᠨᠠᠨ ᠰᠢᠯᠭ᠋ᠠᠭᠰᠠᠨ᠎ᠠᠴᠠ ᠢᠯᠡ ᠲᠣᠳᠣ ᠠᠵᠢᠯ᠎ᠤᠨ ᠬᠠᠨᠳᠤᠰᠢ᠎ᠨᠢ ᠡᠯ᠎ᠡ ᠱᠠᠳᠤ ᠵᠢ ᠬᠦᠳᠦᠯᠦᠨ ᠵᠢᠯᠣᠭᠣᠳᠴᠤ ᠳᠡᠭᠡᠳᠦ ᠬᠡᠮᠵᠢᠢ᠎ᠡ᠎ᠪᠠᠷ ᠴᠢᠬᠤᠴᠢᠯᠠᠭᠳᠠᠪᠠ᠃
ᠭᠤᠷᠪᠠ᠎ᠳᠤ᠂ ᠲᠣᠭᠲᠠᠴᠠ ᠵᠢᠨ 《ᠠᠬᠢᠭᠤᠯᠤᠭᠴᠢ》 ᠵᠢ ᠰᠠᠢ᠌ᠲᠤᠷ ᠬᠡᠷᠡᠭᠯᠡᠪᠡ᠃ 《ᠰᠠᠷ᠎ᠠ ᠪᠦᠷᠢ ᠨᠡᠢ᠌ᠲᠡᠯᠡᠨ᠂ ᠤᠯᠠᠷᠢᠯ ᠪᠦᠷᠢ ᠦᠨᠡᠯᠡᠵᠦ᠂ ᠬᠠᠭ᠋ᠠᠰ ᠵᠢᠯ᠎ᠳᠤ ᠲᠣᠭᠣᠷᠢᠨ ᠦᠵᠡᠵᠦ᠂ ᠵᠢᠯ᠎ᠤᠨ ᠡᠴᠦᠰ᠎ᠲᠤ ᠱᠠᠩᠨᠠᠵᠤ ᠲᠣᠷᠭ᠋ᠠᠬᠤ》 ᠲᠣᠭᠲᠠᠴᠠ ᠵᠢ ᠬᠡᠷᠡᠭᠵᠢᠭᠦᠯᠵᠦ᠂ ᠠᠳᠠᠯᠢᠳᠬᠠᠬᠤ᠂ ᠰᠤᠷᠬᠤ᠂ ᠭᠦᠢ᠍ᠴᠡᠬᠦ᠂ ᠳᠠᠪᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠮᠠᠨ᠎ᠤ ᠮᠤᠵᠢ ᠵᠢᠨ ᠤᠰᠤᠨ᠎ᠤ ᠳᠦᠷᠪᠡᠨ ᠠᠰᠠᠭᠤᠳᠠᠯ᠎ᠢ ᠵᠡᠷᠭᠡ᠎ᠪᠡᠷ ᠵᠠᠰᠠᠭᠰᠠᠨ ᠠᠷᠭ᠎ᠠ ᠪᠠᠷᠢᠯ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠶᠡᠬᠡ ᠱᠠᠭ᠋ᠠᠷᠳᠠᠨ ᠪᠠᠢ᠌ᠴᠠᠭ᠋ᠠᠯᠲᠠ᠎ᠳᠤ ᠰᠠᠢ᠌ᠰᠢᠶᠠᠭᠳᠠᠪᠠ᠃ ᠤᠷᠤᠯᠳᠤᠯᠭ᠎ᠠ᠎ᠲᠠᠢ ᠪᠣᠯ ᠰᠠᠶᠢ ᠣᠷᠣᠨ ᠪᠠᠢ᠌ᠷᠢ᠎ᠲᠠᠢ᠂ ᠭᠣᠣᠯ ᠤᠳᠤᠷᠢᠳᠤᠯᠭ᠎ᠠ᠎ᠳᠤ ᠬᠠᠷᠢᠭᠤ ᠮᠡᠳᠡᠭᠦᠯᠦᠯᠲᠡ ᠬᠢᠬᠦ ᠳᠠᠪᠲᠠᠮᠵᠢ᠎ᠨᠢ ᠤᠳᠤᠷᠢᠳᠤᠯᠭ᠎ᠠ ᠵᠢᠨ ᠬᠦᠨᠳᠦᠳᠬᠡᠨ ᠦᠵᠡᠭᠰᠡᠨ ᠬᠡᠮᠵᠢᠶ᠎ᠡ ᠵᠢ ᠲᠣᠭᠲᠠᠭ᠋ᠠᠵᠤ᠂ ᠤᠰᠤᠨ ᠠᠰᠢᠭᠯᠠᠯᠲᠠ ᠵᠢᠨ ᠠᠵᠢᠯ᠎ᠤᠨ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠠᠵᠢᠯ᠎ᠳᠠᠬᠢ ᠪᠠᠢ᠌ᠷᠢ ᠲᠣᠭᠲᠠᠭ᠋ᠠᠯᠲᠠ᠎ᠨᠢ ᠤᠰᠤᠨ ᠠᠰᠢᠭᠯᠠᠯᠲᠠ ᠵᠢᠨ ᠰᠢᠰᠲ᠋ᠧᠮ᠎ᠤᠨ ᠪᠦᠬᠦ ᠲᠠᠯ᠎ᠠ᠎ᠳᠠᠬᠢ ᠪᠠᠢ᠌ᠷᠢ ᠰᠠᠭᠤᠷᠢ ᠵᠢ ᠲᠣᠭᠲᠠᠭ᠋ᠠᠳᠠᠭ ᠭᠡᠰᠡᠨ᠎ᠢ ᠭᠤᠷᠪᠠᠨ ᠵᠢᠯ ᠭᠠᠷᠤᠢ ᠵᠢᠨ ᠦᠢ᠍ᠯᠡᠳᠦᠯᠭᠡ ᠪᠢᠳᠡᠨ᠎ᠳᠤ ᠬᠠᠷᠠᠭᠤᠯᠤᠭᠰᠠᠨ ᠶᠤᠮ᠃
ᠬᠣᠶᠠᠷ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠨ ᠳᠤᠲᠠᠭᠤᠳᠠᠯ᠎ᠢ ᠠᠳᠬᠤᠵᠤ᠂ ᠨᠢᠭᠡᠳᠦᠯᠲᠡᠶ ᠲᠥᠯᠥᠪᠵᠢᠭᠦᠯᠦᠨ ᠠᠵᠠ ᠲᠣᠬᠢᠶᠠᠯ᠎ᠢ ᠵᠠᠪᠳᠤᠪᠠ
ᠲᠥᠯᠥᠪᠵᠢᠭᠦᠯᠭᠡ᠎ᠨᠢ ᠰᠢᠨᠵᠢᠯᠡᠬᠦ ᠤᠬᠠᠭ᠋ᠠᠨᠴᠢ ᠪᠣᠯ ᠬᠠᠮᠤᠭ᠎ᠤᠨ ᠶᠡᠬᠡ ᠦᠷ᠎ᠡ ᠠᠰᠢᠭ ᠮᠥᠨ᠃ ᠮᠠᠨ᠎ᠤ ᠮᠤᠵᠢ᠎ᠨᠢ ᠬᠣᠶᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠠᠭᠤᠯᠵᠠᠷ᠎ᠲᠤ ᠰᠠᠭᠤᠷᠢᠯᠠᠨ᠂ 2020 ᠣᠨ᠎ᠢ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠣᠨ ᠵᠶ᠋ᠠᠷ ᠲᠣᠭᠲᠠᠭ᠋ᠠᠵᠦ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ᠂ ᠵᠢᠮ᠎ᠡ ᠶᠣᠰᠣᠴᠢ ᠴᠢᠨᠠᠷᠳᠠᠢ ᠪᠦᠷᠢᠳᠬᠡᠵᠦ᠂ ᠤᠷᠢᠳᠠᠴᠢ ᠴᠢᠨᠠᠷᠲᠠᠶ ᠳᠦᠰᠦᠪᠯᠡᠨ᠂ ᠳᠤᠮᠳᠠ ᠤᠷᠲᠤ ᠬᠤᠭᠤᠴᠠᠭ᠋ᠠᠨ᠎ᠤ ᠬᠠᠷᠠᠯᠲᠠ ᠪᠠ ᠣᠬᠣᠷ ᠬᠤᠭᠤᠴᠠᠭ᠋ᠠᠨ᠎ᠤ ᠬᠠᠷᠠᠯᠲᠠ ᠵᠢ ᠬᠠᠮᠲᠤᠳᠤᠨᠢ ᠬᠠᠷᠠᠭ᠋ᠠᠯᠵᠠᠬᠤ᠂ ᠪᠦᠬᠦ ᠲᠠᠯ᠎ᠠ᠎ᠪᠠᠷ ᠲᠥᠯᠥᠪᠵᠢᠭᠦᠯᠬᠦ ᠪᠠ ᠭᠣᠣᠯᠳᠠᠯᠭ᠎ᠠ ᠵᠢ ᠳᠣᠪᠣᠢ᠌ᠯᠭ᠋ᠠᠬᠤ ᠵᠢ ᠬᠠᠷᠢᠯᠴᠠᠨ ᠤᠶᠠᠯᠳᠤᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠬᠢᠭᠡᠳ ᠠᠷᠠᠳ ᠣᠯᠠᠨ᠎ᠤ ᠬᠠᠯᠠᠭᠤᠨ ᠬᠦᠰᠡᠯ᠎ᠳᠤ ᠬᠠᠷᠢᠭᠤ ᠲᠤᠰᠬᠠᠬᠤ ᠵᠢ ᠨᠢᠭᠡᠳᠬᠡᠭᠰᠡᠨ ᠲᠥᠯᠥᠪᠵᠢᠭᠦᠯᠭᠡ ᠵᠢᠨ ᠰᠡᠳᠬᠢᠴᠡ ᠵᠢ ᠪᠠᠷᠢᠮᠲᠠᠯᠠᠵᠦ᠂ ᠤᠰᠤᠨ᠎ᠤ ᠳᠦᠷᠪᠡᠨ ᠠᠰᠠᠭᠤᠳᠠᠯ᠎ᠢ ᠵᠡᠷᠭᠡ᠎ᠪᠡᠷ ᠵᠠᠰᠠᠬᠤ 《 1 + 10》 ᠵᠢᠨ ᠲᠥᠯᠥᠪᠵᠢᠭᠦᠯᠭᠡ᠎ᠪᠠᠷ ᠭᠣᠣᠯ ᠴᠣᠭᠴᠠ ᠪᠤᠯᠭ᠋ᠠᠨ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ᠂ ᠶᠡᠬᠡ ᠲᠠᠲᠠᠮᠠᠯ ᠭᠣᠤᠯ᠎ᠤᠨ ᠤᠰᠤᠨ ᠵᠠᠮ᠎ᠤᠨ ᠵᠠᠰᠠᠯᠲᠠ ᠬᠠᠮᠠᠭ᠋ᠠᠯᠠᠯᠲᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠭᠤᠷᠪᠠᠨ ᠲᠤᠰᠬᠠᠶ ᠲᠥᠯᠥᠪᠵᠢᠭᠦᠯᠭᠡ᠎ᠪᠠᠷ ᠠᠴᠢᠶᠠᠯᠠᠪᠤᠷᠢ ᠪᠣᠯᠭ᠋ᠠᠭᠰᠠᠨ ᠲᠥᠯᠥᠪᠵᠢᠭᠦᠯᠭᠡ ᠵᠢᠨ ᠰᠢᠰᠲ᠋ᠧᠮ᠎ᠢ ᠪᠦᠷᠢᠯᠳᠦᠭᠦᠯᠦᠨ᠂ ᠨᠡᠢ᠌ᠲᠡ 131 ᠲᠥᠷᠥᠯ ᠵᠦᠢᠯ᠎ᠢ ᠳᠦᠯᠦᠪᠯᠡᠵᠦ᠂ ᠪᠦᠬᠦ ᠪᠡᠯᠡ ᠣᠷᠣᠭᠤᠯᠤᠯᠲᠠ᠎ᠨᠢ 10546 ᠳ᠋ᠦᠩᠰᠢᠭᠤᠷ ᠲᠥᠭᠥᠷᠢᠭ᠂ ᠢᠩᠭᠢᠭᠡᠳ ᠲᠦᠷᠦᠭᠦᠦ ᠠᠯᠬᠤᠮ᠎ᠢ ᠳᠦᠯᠦᠪᠵᠢᠬᠦᠯᠦᠭᠰᠡᠨ᠎ᠠᠴᠠ ᠲᠥᠯᠥᠪᠵᠢᠭᠦᠯᠭᠡ ᠵᠢᠨ ᠰᠢᠨ᠎ᠡ ᠪᠠᠢ᠌ᠷᠢᠰᠢᠯ᠎ᠢ ᠪᠠᠢ᠌ᠭᠤᠯᠪᠠ᠃ ᠤᠯᠠᠨ ᠵᠢᠯ᠎ᠤᠨ ᠲᠥᠯᠥᠪᠵᠢᠭᠦᠯᠭᠡ ᠵᠢᠨ ᠦᠢ᠍ᠯᠡᠳᠦᠯᠭᠡ᠎ᠪᠠᠷ ᠪᠢᠳᠡ ᠮᠡᠳᠡᠭᠰᠡᠨ᠎ᠨᠢ ᠪᠠᠢ᠌ᠯᠳᠤᠬᠤ ᠪᠤᠳᠤᠯᠭ᠎ᠠ᠎ᠪᠠᠷ ᠭᠣᠣᠯ ᠪᠣᠯᠭ᠋ᠠᠨ᠂ ᠲᠥᠯᠥᠪᠵᠢᠭᠦᠯᠭᠡ᠎ᠪᠠᠷ ᠭᠣᠣᠯ ᠪᠣᠯᠭ᠋ᠠᠵᠤ᠂ ᠡᠮᠦᠨᠡᠬᠢ ᠬᠤᠭᠤᠴᠠᠭ᠎ᠠ᠎ᠪᠠᠷ ᠭᠣᠣᠯ ᠪᠣᠯᠭ᠋ᠠᠬᠤ ᠬᠡᠷᠡᠭᠲᠡᠢ᠂ ᠪᠠᠢ᠌ᠯᠳᠤᠬᠤ ᠪᠤᠳᠤᠯᠭ᠎ᠠ ᠵᠢ ᠲᠥᠯᠥᠪᠵᠢᠭᠦᠯᠳᠡᠭ ᠯᠡ ᠶᠤᠮ ᠪᠣᠯ ᠪᠠᠢ᠌ᠯᠳᠤᠬᠤ ᠪᠤᠳᠤᠯᠭ᠎ᠠ ᠵᠢᠨ ᠠᠵᠠ ᠲᠣᠬᠢᠶᠠᠯ᠎ᠢ ᠠᠳᠬᠤᠵᠤ ᠴᠢᠳᠠᠨ᠎ᠠ᠂ ᠲᠥᠯᠥᠪᠵᠢᠭᠦᠯᠭᠡ᠎ᠪᠠᠨ ᠤᠷᠢᠳᠠᠪᠠᠷ ᠬᠡᠷᠡᠭᠵᠢᠬᠦᠯᠳᠡᠭ ᠯᠡ ᠶᠤᠮ ᠪᠣᠯ ᠰᠠᠨᠠᠭ᠋ᠠᠴᠢᠯᠠᠭ᠋ᠠᠲᠤ ᠡᠷᠬᠡ ᠵᠢ ᠣᠯᠵᠤ ᠴᠢᠳᠠᠨ᠎ᠠ᠂ ᠡᠮᠦᠨᠡᠬᠢ ᠬᠤᠭᠤᠴᠠᠭ᠎ᠠ ᠵᠢ ᠰᠠᠢ᠌ᠲᠤᠷ ᠠᠳᠬᠤᠳᠠᠭ ᠯᠠ ᠶᠤᠮ ᠪᠣᠯ ᠡᠮᠦᠨ᠎ᠡ ᠹᠷᠣᠨᠲ᠎ᠲᠤ ᠵᠣᠭᠰᠣᠵᠤ ᠴᠢᠳᠠᠨ᠎ᠠ ᠭᠡᠳᠡᠭ᠎ᠢ ᠭᠦᠨᠵᠡᠭᠡᠢ ᠮᠡᠳᠡᠷᠡᠵᠡᠢ᠃
ᠭᠤᠷᠪᠠ᠂ ᠦᠷ᠎ᠡ ᠳ᠋ᠦᠩ ᠵᠶ᠋ᠡᠷ ᠳᠤᠲᠠᠭᠤᠳᠠᠯ ᠵᠶ᠋ᠠᠨ ᠨᠦᠬᠦᠪᠦᠷᠢᠯᠡᠬᠦ ᠤᠳᠤᠷᠢᠳᠤᠮᠵᠢ ᠪᠣᠯᠭ᠋ᠠᠵᠦ᠂ ᠤᠰᠤᠨ ᠲᠤᠤᠷ᠎ᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠤᠨ ᠪᠠᠢ᠌ᠭᠤᠯᠪᠠ
ᠰᠢᠨ᠎ᠡ ᠵᠢ ᠡᠭᠦᠳᠴᠦ ᠥᠭᠡᠷᠡᠴᠢᠯᠡᠯᠲᠡ ᠵᠢ ᠠᠬᠢᠭᠤᠯᠪᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠾᠧᠨᠠᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠵᠠ ᠲᠣᠬᠢᠶᠠᠯ᠎ᠢ ᠠᠮᠵᠢᠨ᠂ ᠰᠢᠨ᠎ᠡ ᠵᠢ ᠡᠭᠦᠳᠴᠦ᠂ ᠴᠢᠬᠤᠯᠠ ᠡᠯᠧᠮᠧᠨ᠋ᠲ ᠵᠶ᠋ᠡᠷ ᠬᠥᠳᠡᠯᠭᠡᠭᠦᠷ ᠪᠣᠯᠭ᠋ᠠᠵᠤ᠂ ᠬᠥᠳᠡᠯᠭᠡᠬᠦ ᠬᠦᠴᠦᠨ ᠵᠶ᠋ᠡᠷ ᠬᠤᠪᠢᠰᠤᠯᠲᠠ ᠭᠠᠷᠭ᠋ᠠᠨ᠂ 《ᠠᠰᠢᠭ᠎ᠢ ᠪᠠᠳᠠᠷᠠᠭᠤᠯᠤᠨ ᠬᠥᠨᠥᠭᠡᠯ᠎ᠢ ᠠᠷᠢᠯᠭ᠋ᠠᠬᠤ ᠤᠳᠤ ᠦᠶ᠎ᠡ ᠵᠢᠨ ᠤᠰᠤᠨ ᠲᠣᠣᠷ᠎ᠤᠨ ᠰᠢᠰᠲ᠋ᠧᠮ》᠎ᠢ ᠪᠦᠬᠦ ᠲᠠᠯ᠎ᠠ᠎ᠪᠠᠷ ᠪᠠᠢ᠌ᠭᠤᠯᠪᠠ᠃
ᠨᠢᠭᠡ᠎ᠳᠤ᠂ ᠪᠠᠯᠠ ᠳᠣᠭᠢᠷᠠᠭᠤᠯᠬᠤ᠎ᠳᠤ ᠰᠢᠨ᠎ᠡ ᠵᠢ ᠡᠭᠦᠳᠦᠨ ᠪᠠᠯᠠ ᠮᠥᠩᠭᠥ ᠴᠤᠭᠯᠠᠭᠤᠯᠬᠤ ᠬᠦᠴᠢᠷᠳᠡᠯ᠎ᠢ ᠰᠢᠢᠳᠪᠦᠷᠢᠯᠡᠪᠡ᠃ 《ᠵᠠᠰᠠᠭ᠎ᠤᠨ ᠣᠷᠳᠣᠨ ᠵᠶ᠋ᠠᠷ ᠭᠤᠤᠯᠯᠠᠨ ᠵᠢᠯᠣᠭᠣᠳᠤᠭᠤᠯᠬᠤ᠂ ᠵᠠᠬ᠎ᠠ ᠳᠡᠯᠭᠡᠭᠦᠷ ᠵᠶ᠋ᠡᠷ ᠠᠵᠢᠯᠯᠠᠭᠤᠯᠬᠤ᠂ ᠣᠯᠠᠨ ᠲᠠᠯ᠎ᠠ᠎ᠠᠴᠠ ᠪᠡᠯᠡ ᠣᠷᠣᠭᠤᠯᠤᠯᠲᠠ ᠬᠢᠬᠦ᠂ ᠨᠡᠢ᠌ᠭᠡᠮ᠎ᠠᠴᠠ ᠣᠷᠣᠯᠴᠠᠬᠤ》 ᠪᠠᠯᠠ ᠣᠷᠣᠭᠤᠯᠤᠯᠲᠠ ᠵᠢᠨ ᠵᠠᠭᠪᠤᠷ᠎ᠢ ᠢᠳᠡᠪᠬᠢᠲᠡᠶ ᠰᠦᠪᠡᠭᠴᠢᠯᠡᠵᠦ᠂ PPP᠂ BOT ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠡᠢ᠌ᠭᠡᠮ᠎ᠠᠴᠠ 530 ᠳ᠋ᠦᠩᠰᠢᠭᠤᠷ ᠲᠥᠭᠥᠷᠢᠭ᠎ᠤᠨ ᠪᠡᠯᠡ ᠬᠤᠷᠠᠮᠳᠤᠭᠤᠯᠵᠦ᠂ ᠪᠥᠬᠥ ᠵᠢᠯ᠎ᠤᠨ ᠪᠠᠯᠠ ᠣᠷᠣᠭᠤᠯᠤᠯᠲᠠ ᠵᠢᠨ ᠬᠠᠭ᠋ᠠᠰ᠎ᠢ ᠡᠵᠡᠯᠡᠨ᠂ ᠡᠳ᠋᠎ᠤᠨ ᠵᠠᠰᠠᠭ᠎ᠤᠨ ᠪᠠᠭ᠎ᠠ ᠣᠷᠣᠭᠤᠯᠤᠯᠲᠠ ᠵᠢ ᠪᠡᠶᠡᠯᠡᠭᠦᠯᠵᠦ᠂ ᠨᠡᠢ᠌ᠭᠡᠮ᠎ᠤᠨ ᠲᠣᠮᠣ ᠬᠥᠷᠥᠩᠭᠡ ᠵᠢ ᠳᠠᠢ᠌ᠴᠢᠯᠠᠪᠠ᠃
ᠬᠣᠶᠠᠷ᠎ᠲᠤ᠂ ᠵᠠᠭᠪᠤᠷ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠬᠤᠳᠠ ᠬᠥᠳᠡᠭᠡ ᠵᠦᠷᠢᠶ᠎ᠡ ᠵᠢ ᠪᠠᠭ᠋ᠠᠰᠬᠠᠪᠠ᠃ 《ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ᠂ ᠤᠰᠤᠨ ᠰᠤᠷᠪᠤᠯᠵᠢ ᠵᠢ ᠭᠠᠵᠠᠷ᠎ᠤᠨ ᠭᠠᠳᠠᠷᠭᠤᠴᠢᠯᠠᠬᠤ᠂ ᠬᠣᠲᠠ ᠬᠥᠳᠡᠭᠡ ᠵᠢ ᠨᠢᠭᠡ ᠴᠣᠭᠴᠠᠵᠢᠭᠤᠯᠬᠤ》 ᠬᠥᠳᠡᠭᠡ ᠲᠣᠰᠬᠣᠨ᠎ᠳᠤ ᠤᠰᠤ ᠬᠠᠩᠭ᠋ᠠᠬᠤ 《ᠳᠥᠷᠪᠡᠵᠢᠭᠦᠯᠬᠦ》 ᠵᠠᠭᠪᠤᠷ᠎ᠢ ᠬᠠᠢ᠌ᠨ ᠰᠦᠪᠡᠭᠴᠢᠯᠡᠵᠦ᠂ ᠵᠠᠰᠠᠭ᠎ᠤᠨ ᠣᠷᠳᠣᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠠᠮᠢ ᠠᠬᠤᠶ ᠵᠢ ᠰᠡᠷᠭᠦᠭᠡᠬᠦ᠂ ᠣᠯᠠᠨ ᠲᠦᠮᠡᠨ᠎ᠳᠤ ᠵᠣᠯ ᠵᠢᠷᠭ᠋ᠠᠯ ᠬᠦᠷᠳᠡᠭᠡᠬᠦ ᠵᠡᠷᠭᠡ 《ᠭᠤᠷᠪᠠᠨ ᠳᠠᠪᠬᠤᠷ ᠦᠷ᠎ᠡ ᠠᠰᠢᠭ》᠎ᠢ ᠣᠯᠵᠤ᠂ ᠬᠣᠲᠠ ᠬᠥᠳᠡᠭᠡ ᠵᠢᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠡᠩᠴᠡᠭᠦᠷᠢᠵᠢᠯᠲᠡ ᠵᠢ ᠠᠬᠢᠭᠤᠯᠵᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠣᠯᠣᠳᠤᠭ᠋ᠠᠷ ᠤᠳᠠᠭ᠋ᠠᠨ᠎ᠤ ᠶᠡᠬᠡ ᠱᠠᠭ᠋ᠠᠷᠳᠠᠨ ᠪᠠᠢ᠌ᠴᠠᠭ᠋ᠠᠯᠳᠠ᠎ᠳᠤ ᠰᠠᠢ᠌ᠰᠢᠶᠠᠯ ᠬᠥᠬᠢᠭᠦᠯᠦᠯ ᠤᠯᠪᠠ᠃
ᠭᠤᠷᠪᠠ᠎ᠳᠤ᠂ ᠮᠡᠷᠭᠡᠵᠢᠯ᠎ᠤᠨ ᠰᠢᠨ᠎ᠡ ᠵᠢ ᠡᠭᠦᠳᠴᠦ᠂ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠤᠳᠠᠭᠲᠠᠯᠢ ᠨᠦᠬᠦᠪᠦᠷᠢᠯᠡᠪᠡ᠃ ᠲᠣᠮᠣ ᠳ᠋ᠠᠢ᠌ᠲ᠋ᠠ᠂ ᠡᠭᠦᠯᠡᠨ ᠪᠤᠳᠤᠯᠲᠠ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠡᠷᠭᠡ ᠲᠡᠷᠢᠭᠦᠨ᠎ᠤ ᠮᠡᠷᠭᠡᠵᠢᠯ᠎ᠢ ᠭᠦᠢᠴᠡᠳ ᠠᠰᠢᠭᠯᠠᠨ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠪᠦᠯᠬᠦᠮ ᠨᠡᠢ᠌ᠲᠡ᠎ᠲᠠᠢ ᠬᠠᠮᠲᠤᠷᠠᠨ 《ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠡᠵᠡᠮᠳᠡᠬᠦ ᠪᠠ ᠬᠠᠮᠢᠶᠠᠷᠤᠯᠲᠠ ᠵᠢᠨ ᠡᠭᠦᠯᠡᠨ ᠲᠠᠪᠴᠠᠩ》᠎ᠢ ᠨᠡᠭᠡᠭᠡᠨ ᠬᠥᠭᠵᠢᠭᠦᠯᠵᠦ᠂ ᠤᠶᠤᠨᠴᠢᠯᠠᠯᠲᠠ᠂ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢ ᠪᠡᠶᠡᠯᠡᠭᠦᠯᠪᠡ᠃
ᠳᠥᠷᠪᠡ᠎ᠳᠤ᠂ ᠲᠣᠭᠲᠠᠴᠠ ᠵᠢᠨ ᠰᠢᠨ᠎ᠡ ᠡᠭᠦᠳᠦᠯᠲᠡ᠎ᠪᠠᠷ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠭᠣᠤᠯᠳᠠᠯᠭ᠎ᠠ ᠵᠢ ᠴᠢᠩᠭ᠎ᠠ ᠠᠳᠬᠤᠪᠠ᠃ 《ᠬᠣᠶᠠᠷ ᠰᠢᠨ᠎ᠡ ᠨᠢᠭᠡ ᠴᠢᠬᠤᠯᠠ》 ᠪᠥᠲᠥᠭᠡᠨ ᠪᠠᠢ᠌ᠭᠤᠯᠤᠯᠲᠠ ᠵᠢᠨ ᠠᠵᠠ ᠲᠣᠬᠢᠶᠠᠯ᠎ᠢ ᠠᠳᠬᠤᠨ᠂ ᠤᠰᠤᠨ᠎ᠤ ᠳᠥᠷᠪᠡᠨ ᠳᠦᠷᠦᠯ᠎ᠤᠨ ᠠᠰᠠᠭᠤᠳᠠᠯ᠎ᠢ ᠵᠡᠷᠭᠡ᠎ᠪᠡᠷ ᠵᠠᠰᠠᠬᠤ᠎ᠪᠠᠷ ᠪᠠᠢ᠌ᠯᠳᠤᠬᠤ ᠪᠣᠳᠣᠯᠭ᠎ᠠ ᠵᠢᠨ ᠲᠠᠪᠴᠠᠩ ᠪᠣᠯᠭ᠋ᠠᠵᠤ᠂ 《172》᠎ᠤᠨ 17 ᠵᠦᠢᠯ ᠪᠠ 《150》 ᠵᠢᠨ 6 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ ᠵᠶ᠋ᠡᠷ ᠭᠣᠤᠯᠳᠠᠯᠭ᠎ᠠ ᠪᠣᠯᠭ᠋ᠠᠨ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠳᠡᠭᠡᠳᠦ ᠳᠣᠤᠷᠠᠳᠤ ᠱᠠᠲᠤ ᠬᠠᠮᠵᠢᠯᠴᠠᠬᠤ》 ᠲᠥᠷᠥᠯ ᠵᠦᠢᠯ᠎ᠢ ᠠᠬᠢᠭᠤᠯᠬᠤ ᠲᠣᠭᠲᠠᠴᠠ ᠵᠢ ᠴᠢᠩᠭ᠋ᠠᠳᠬᠠᠵᠤ᠂ ᠮᠥᠷᠡᠨ᠎ᠢ ᠲᠠᠲᠠᠵᠤ ᠬᠤᠸᠠᠢ ᠾᠧ ᠭᠣᠤᠯ (ᠾᠧᠨᠠᠨ᠎ᠤ ᠬᠡᠰᠡᠭ)᠎ᠳᠤ ᠨᠡᠮᠡᠷᠢᠯᠡᠬᠦ ᠵᠡᠷᠭᠡ ᠠᠷᠪᠠᠨ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠬᠤ ᠵᠢᠨ ᠬᠠᠮᠲᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠠᠷᠢᠶᠠᠪᠠᠯᠤ ᠵᠢᠨ ᠰᠦᠮ᠎ᠡ ᠵᠢᠨ ᠤᠰᠤ ᠬᠠᠳᠠᠭ᠋ᠠᠯᠠᠬᠤ ᠤᠰᠤᠨ ᠴᠥᠭᠥᠷᠥᠮ ᠵᠡᠷᠭᠡ 9 ᠵᠦᠢᠯ᠎ᠤᠨ ᠭᠣᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠲᠥᠷᠥᠯ ᠵᠦᠢᠯ᠎ᠢ ᠲᠥᠰᠦᠪᠯᠡᠨ ᠡᠬᠢᠯᠡᠭᠦᠯᠵᠦ᠂ 19 ᠵᠦᠢᠯ᠎ᠤᠨ ᠢᠨᠵᠧᠨᠧᠷᠢᠩ᠎ᠤᠨ ᠶᠡᠷᠦᠩᠬᠡᠶ ᠪᠠᠯᠠ ᠣᠷᠣᠭᠤᠯᠤᠯᠲᠠ916 ᠳ᠋ᠦᠩᠰᠢᠭᠤᠷ ᠳᠦᠭᠦᠷᠢᠭ ᠪᠠᠢ᠌ᠵᠦ᠂ ᠪᠠᠢ᠌ᠭᠤᠯᠤᠭᠰᠠᠨ᠎ᠤ ᠳᠠᠷᠠᠭ᠎ᠠ 21.4 ᠳ᠋ᠦᠩᠰᠢᠭᠤᠷ ᠪᠤᠰᠤᠭ᠎ᠠ ᠳᠦᠷᠪᠡᠯᠵᠢᠨ ᠮᠸᠲᠷ ᠤᠰᠤ ᠬᠠᠩᠭ᠋ᠠᠬᠤ ᠴᠢᠳᠠᠪᠤᠷᠢ ᠵᠢ ᠰᠢᠨ᠎ᠡ᠎ᠪᠠᠷ ᠨᠡᠮᠡᠭᠳᠡᠬᠦᠯᠬᠦ ᠪᠤᠯᠤᠨ᠎ᠠ᠃
2020 ᠣᠨ᠎ᠳᠤ ᠪᠥᠬᠥ ᠮᠤᠵᠢ᠎ᠳᠤ ᠨᠡᠢ᠌ᠲᠡ 835 ᠲᠥᠷᠥᠯ ᠵᠦᠢᠯ᠎ᠢ ᠠᠵᠢᠯ ᠡᠬᠢᠯᠡᠭᠦᠯᠵᠦ᠂ 1031 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠤᠨ᠂ ᠠᠩᠬ᠎ᠠ ᠤᠳᠠᠭ᠎ᠠ ᠮᠢᠩᠭ᠋ᠠᠨ ᠳ᠋ᠦᠩᠰᠢᠭᠤᠷ ᠲᠥᠭᠥᠷᠢᠭ᠎ᠤᠨ ᠪᠣᠭᠣᠮᠲᠠ ᠵᠢ ᠳᠠᠪᠠᠵᠤ᠂ 《ᠨᠢᠭᠡ ᠭᠤᠯᠳᠤ ᠭᠤᠷᠪᠠᠨ ᠬᠥᠨᠳᠡᠯᠡᠨ ᠵᠢᠷᠭᠤᠭ᠋ᠠᠨ ᠣᠷᠣᠨ》᠎ᠤ ᠣᠳᠣᠬᠢᠴᠢᠯᠠᠭᠰᠠᠨ ᠤᠰᠤᠨ ᠲᠣᠤᠷ᠎ᠤᠨ ᠰᠢᠰᠲ᠋ᠧᠮ᠎ᠢ ᠪᠠᠢ᠌ᠭᠤᠯᠬᠤ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠪᠡ᠃ ᠦᠢᠯᠡᠳᠦᠯᠭᠡ ᠪᠣᠯ ᠨᠢᠭᠡᠨ ᠰᠤᠷᠬᠤ ᠪᠢᠴᠢᠭ ᠮᠥᠨ᠂ ᠲᠡᠷᠡ᠎ᠨᠢ ᠰᠢᠨ᠎ᠡ ᠵᠢ ᠡᠭᠦᠳᠬᠦ ᠪᠣᠯ ᠬᠥᠳᠡᠯᠭᠡᠬᠦ ᠬᠦᠴᠦᠨ᠂ ᠲᠥᠷᠥᠯ ᠵᠦᠢᠯ ᠪᠣᠯ ᠠᠴᠢᠶᠠᠯᠠᠪᠤᠷᠢ᠂ ᠲᠤᠤᠷ ᠰᠦᠯᠵᠢᠶ᠎ᠡ ᠪᠠᠢ᠌ᠭᠤᠯᠬᠤ ᠪᠣᠯ ᠵᠣᠷᠢᠯᠭ᠎ᠠ ᠮᠥᠨ ᠭᠡᠳᠡᠭ᠎ᠢ ᠪᠢᠳᠡᠨ᠎ᠳᠤ ᠰᠡᠷᠭᠡᠭ ᠵᠶ᠋ᠡᠷ ᠲᠠᠨᠢᠭᠤᠯᠤᠭᠰᠠᠨ ᠪᠠᠢ᠌ᠨ᠎ᠠ᠃
ᠭᠤᠷᠪᠠᠨ ᠵᠢᠯ᠎ᠤᠨ ᠲᠤᠷᠰᠢ ᠪᠢᠳᠡ 《ᠤᠰᠤᠨ᠎ᠤ ᠲᠦᠷᠪᠡᠨ ᠳᠦᠷᠦᠯ᠎ᠤᠨ ᠠᠰᠠᠭᠤᠳᠠᠯ᠎ᠢ ᠵᠡᠷᠭᠡ᠎ᠪᠡᠷ᠎ᠪᠠᠷ ᠵᠠᠰᠠᠬᠤ》 ᠦᠢ᠍ᠯᠡᠳᠦᠯᠭᠡ᠎ᠪᠠᠷ ᠳᠠᠮᠵᠢᠨ᠂ 《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠲᠠᠭᠤᠳᠠᠯ᠎ᠢ ᠨᠥᠬᠥᠪᠥᠷᠢᠯᠡᠬᠦ》 ᠠᠵᠢᠯ ᠬᠡᠵᠢᠶᠡᠳᠡ ᠳᠠᠭᠤᠰᠤᠰᠢ ᠦᠭᠡᠢ ᠭᠡᠳᠡᠭ᠎ᠢ ᠣᠯᠵᠦ ᠮᠡᠳᠡᠪᠡ᠃ ᠡᠭᠦᠨ᠎ᠤ ᠵᠡᠷᠭᠡ᠎ᠪᠡᠷ᠂ ᠪᠢᠳᠠ ᠪᠠᠰᠠ ᠬᠠᠷᠠᠴᠠ ᠠᠬᠤᠢ ᠪᠠᠢ᠌ᠳᠠᠯ᠎ᠢ ᠲᠣᠭᠲᠠᠭ᠋ᠠᠵᠤ᠂ ᠪᠠᠢ᠌ᠷᠢ ᠲᠣᠭᠲᠠᠭ᠋ᠠᠯᠲᠠ᠎ᠨᠢ ᠪᠠᠢ᠌ᠷᠢ ᠰᠠᠭᠤᠷᠢ ᠵᠢ ᠲᠣᠭᠲᠠᠭ᠋ᠠᠨ᠂ ᠰᠡᠳᠬᠢᠴᠡ᠎ᠨᠢ ᠭᠠᠷᠬᠤ ᠵᠠᠮ᠎ᠢ ᠲᠣᠭᠲᠠᠭ᠋ᠠᠵᠤ᠂ ᠪᠠᠢ᠌ᠷᠢᠰᠢᠭᠤᠯᠤᠯᠲᠠ᠎ᠨᠢ ᠦᠷ᠎ᠡ ᠳ᠋ᠦᠩ᠎ᠢ ᠲᠣᠭᠲᠠᠭ᠋ᠠᠨ᠎ᠠ ᠭᠡᠳᠡᠭ᠎ᠢ ᠭᠦᠨᠵᠡᠭᠡᠢ ᠣᠢ᠌ᠯᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ ᠪᠣᠯᠤᠨ ᠲᠣᠰ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠲᠤᠤᠱᠯᠠᠭᠤᠯᠵᠦ᠂ ᠢᠯᠠᠩᠭᠤᠶ᠎ᠠ ᠧ ᠶᠠᠮᠤᠨ᠎ᠤ ᠳᠠᠷᠤᠭ᠎ᠠ ᠵᠢᠨ ᠶᠠᠷᠢᠶᠠᠨ᠎ᠤ ᠱᠠᠭ᠋ᠠᠷᠳᠠᠯᠭ᠎ᠠ ᠵᠢ ᠭᠦᠨᠵᠡᠭᠡᠶ ᠲᠤᠤᠱᠯᠠᠭᠤᠯᠤᠨ᠂ 《ᠤᠰᠤᠨ᠎ᠤ ᠳᠥᠷᠪᠡᠨ ᠳᠦᠷᠦᠯ᠎ᠤᠨ ᠠᠰᠠᠭᠤᠳᠠᠯ᠎ᠢ ᠵᠡᠷᠭᠡ᠎ᠪᠡᠷ ᠵᠠᠰᠠᠬᠤ》᠎ᠪᠠᠷ ᠲᠠᠪᠴᠠᠩ ᠪᠣᠯᠭ᠋ᠠᠨ ᠳᠤᠲᠠᠭᠤᠳᠠᠯ ᠵᠶ᠋ᠠᠨ ᠨᠥᠬᠥᠪᠥᠷᠢᠯᠡᠵᠦ᠂ ᠭᠣᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ ᠵᠶ᠋ᠡᠷ ᠭᠠᠷᠳᠠᠴᠠ ᠪᠣᠯᠭ᠋ᠠᠨ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠾᠧᠨᠠᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠴᠢᠨᠠᠷᠯᠢᠭ ᠬᠥᠭᠵᠢᠯᠲᠡ ᠵᠢ ᠤᠯᠠᠮ ᠴᠢᠨᠠᠭᠰᠢᠳᠠ ᠠᠬᠢᠭᠤᠯᠵᠤ᠂ ᠳᠤᠮᠳᠠᠳᠤ ᠣᠷᠣᠨ᠎ᠤ ᠤᠰᠤ ᠵᠢ ᠵᠠᠰᠠᠵᠤ ᠤᠰᠤ ᠵᠢ ᠬᠥᠭᠵᠢᠭᠦᠯᠬᠦ ᠰᠢᠨ᠎ᠡ ᠪᠠᠢ᠌ᠷᠢᠰᠢᠯ᠎ᠢ ᠴᠢᠷᠮᠠᠢ᠌ᠨ ᠪᠠᠢ᠌ᠭᠤᠯᠤᠨ᠎ᠠ᠃