4 ᠰᠠᠷ᠎ᠠ ᠵᠢᠨ 12᠎ᠤ ᠡᠳᠦᠷ᠎ᠠᠴᠠ 14᠎ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ 《ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠬᠦ ᠵᠢᠨ ᠲᠥᠯᠥᠭᠡ᠂ ᠲᠢᠶᠠᠨ ᠰᠢᠦᠸᠠᠢ ᠪᠢᠨ ᠳᠡᠳ᠋ ᠰᠠᠶ᠋ᠢᠳ ᠠᠵᠢᠯ᠎ᠤᠨ ᠪᠦᠯᠬᠦᠮ ᠳᠠᠭ᠋ᠠᠭᠤᠯᠤᠨ ᠱᠠᠨᠳᠦ᠋ᠩ ᠮᠤᠵᠢ ᠵᠢᠨ ᠸᠸᠢ ᠱᠠᠨ᠂ ᠶᠠᠨ ᠲᠠᠨ ᠵᠡᠷᠭᠡ ᠬᠠᠲᠤᠨ ᠭᠣᠣᠯ᠎ᠤᠨ ᠤᠰᠤᠯᠠᠯᠲᠠ ᠵᠢᠨ ᠣᠷᠣᠨ᠎ᠳᠤ ᠬᠦᠷᠴᠦ ᠣᠳᠣᠬᠢᠴᠢᠯᠠᠭᠰᠠᠨ ᠥᠭᠡᠷᠡᠴᠢᠯᠡᠯᠲᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠸᠸᠢ ᠱᠠᠨ ᠬᠠᠭ᠋ᠠᠯᠲᠠ᠂ ᠶᠠᠨ ᠲᠠᠨ᠎ᠤ ᠡᠯᠡᠰᠦ ᠲᠣᠭᠲᠠᠪᠤᠷᠢᠵᠢᠭᠤᠯᠬᠤ ᠨᠠᠭᠤᠷ᠎ᠢ ᠵᠠᠰᠠᠬᠤ᠂ ᠸᠸᠢ ᠱᠠᠨ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠲᠤᠷᠰᠢᠯᠲᠠ ᠵᠢᠨ ᠥᠷᠲᠡᠭᠡ᠂ ᠡᠯ ᠭᠠᠨ ᠴᠢᠦᠢ ᠰᠤᠪᠠᠭ᠎ᠤᠨ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ ᠵᠢᠴᠢ ᠶᠠᠨ ᠲᠠᠨ᠎ᠤ ᠬᠠᠲᠤᠨ ᠭᠣᠣᠯ᠎ᠤᠨ ᠬᠠᠭ᠋ᠠᠯᠳᠠ᠂ ᠶᠠᠨ ᠲᠠᠨ᠎ᠤ ᠡᠯᠡᠰᠦ ᠰᠡᠷᠭᠡᠶ᠋ᠢᠯᠡᠬᠦ ᠬᠠᠭ᠋ᠠᠯᠳᠠ ᠵᠡᠷᠭᠡ ᠭᠠᠵᠠᠷ᠎ᠲᠤ ᠬᠦᠷᠴᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢ ᠪᠣᠳᠠᠲᠠᠢ ᠭᠠᠵᠠᠷ᠎ᠲᠤᠨᠢ ᠪᠠᠶ᠋ᠢᠴᠠᠭ᠋ᠠᠨ ᠦᠵᠡᠬᠦ ᠵᠢᠨ ᠬᠠᠮᠲᠤ ᠤᠰᠤᠨ᠎ᠤ ᠦᠨ᠎ᠡ ᠬᠠᠩᠰᠢ ᠵᠢ ᠬᠢᠨᠠᠨ ᠲᠣᠭᠲᠠᠭ᠋ᠠᠬᠤ᠂ ᠤᠰᠤᠨ᠎ᠤ ᠰᠦᠢ᠍ᠳᠬᠡᠯ ᠬᠤᠷᠢᠶᠠᠬᠤ᠂ ᠲᠠᠷᠢᠶᠠᠯᠠᠩ᠎ᠤᠨ ᠲᠠᠷᠢᠮᠠᠯ ᠵᠢᠴᠢ ᠲᠠᠷᠢᠶᠠᠨ ᠭᠠᠵᠠᠷ᠎ᠤᠨ ᠤᠰᠤ ᠠᠷᠪᠢᠯᠠᠬᠤ ᠪᠠᠶ᠋ᠢᠳᠠᠯ᠎ᠢ ᠨᠠᠷᠢᠨ ᠣᠶ᠋ᠢᠯᠠᠭ᠋ᠠᠵᠠᠢ᠃ ᠡᠨᠳᠡ ᠪᠠᠶ᠋ᠢᠬᠤ ᠬᠤᠭᠤᠴᠠᠭ᠋ᠠᠨ᠎ᠳᠠᠭᠠᠨ ᠰᠠᠭᠤᠳᠠᠯ᠎ᠤᠨ ᠬᠤᠷᠠᠯ ᠬᠢᠵᠦ᠂ ᠱᠠᠨᠳᠦ᠋ᠩ ᠮᠣᠵᠢ ᠵᠢᠨ ᠤᠰᠤᠨ ᠠᠰᠢᠭᠯᠠᠯᠲᠠ ᠵᠢᠨ ᠲᠢᠩᠬᠢᠮ᠂ ᠬᠠᠮᠢᠶ᠎ᠠ ᠪᠥᠬᠥᠢ ᠬᠣᠲᠠ ᠰᠢᠶᠠᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠪᠣᠯᠤᠨ ᠦᠨᠳᠦᠰᠦᠨ ᠱᠠᠲᠤᠨ᠎ᠤ ᠤᠰᠤᠯᠠᠯᠲᠠ ᠵᠢᠨ ᠣᠷᠣᠨ᠎ᠤ ᠠᠵᠢᠯᠲᠠᠳ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠤᠰᠤ ᠵᠢ ᠬᠦᠨᠵᠡᠭᠡᠢ ᠠᠷᠪᠢᠯᠠᠨ ᠡᠵᠡᠮᠳᠡᠬᠦ᠂ ᠤᠰᠤᠯᠠᠯᠲᠠ ᠵᠢᠨ ᠣᠷᠣᠨ᠎ᠤ ᠤᠳᠤᠬᠢᠴᠢᠯᠠᠭᠰᠠᠨ ᠦᠭᠡᠷᠡᠴᠢᠯᠡᠯᠳᠡ ᠵᠡᠷᠭᠡ ᠲᠠᠯ᠎ᠠ ᠵᠢᠨ ᠰᠠᠨᠠᠯ ᠰᠠᠨᠠᠭᠤᠯᠭ᠎ᠠ ᠵᠢ ᠰᠣᠨᠣᠰᠴᠠᠢ᠃
ᠲᠢᠶᠠᠨ ᠰᠢᠦᠸᠠᠢ ᠪᠢᠨ ᠶᠠᠷᠢᠯᠴᠠᠬᠤ ᠳᠤᠮᠳᠠ᠎ᠪᠠᠨ ᠬᠠᠲᠤᠨ ᠭᠣᠣᠯ᠎ᠤᠨ ᠤᠰᠤᠯᠠᠯᠲᠠ ᠵᠢᠨ ᠣᠷᠣᠨ ᠪᠣᠯ ᠱᠠᠨᠳᠦ᠋ᠩ ᠮᠣᠵᠢ ᠵᠢᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠪᠠ ᠬᠠᠲᠤᠨ ᠭᠣᠣᠯ ᠳᠠᠭ᠋ᠠᠤ ᠬᠣᠲᠠ ᠰᠢᠶᠠᠨ᠎ᠤ ᠠᠵᠤ ᠦᠢ᠍ᠯᠡᠳᠪᠦᠷᠢ᠂ ᠠᠮᠢᠳᠤᠷᠠᠯ᠎ᠤᠨ ᠴᠢᠬᠤᠯᠠ ᠤᠰᠤᠨ᠎ᠤ ᠡᠬᠢ ᠰᠤᠷᠪᠤᠯᠵᠢ ᠮᠦᠨ᠂ ᠮᠥᠨ ᠴᠦ᠍ ᠬᠠᠲᠤᠨ ᠭᠣᠣᠯ᠎ᠤᠨ ᠰᠠᠪᠠ ᠭᠠᠵᠠᠷ᠎ᠤᠨ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠭᠣᠣᠯ ᠵᠢᠭᠰᠠᠭ᠋ᠠᠯ᠎ᠤᠨ ᠭᠠᠵᠠᠷ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠶᠠᠰᠤ ᠴᠢᠨᠠᠷ᠎ᠤᠨ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠭᠠᠵᠠᠷ ᠤᠷᠤᠨ᠎ᠤ ᠴᠢᠨᠠᠷ ᠰᠠᠢ᠌ᠳᠠᠢ ᠬᠦᠭᠵᠢᠯᠳᠡ ᠵᠢ ᠪᠠᠳᠤᠯᠠᠬᠤ ᠦᠨᠳᠦᠷᠴᠡ᠎ᠠᠴᠠ ᠤᠰᠤ ᠬᠡᠷᠡᠭᠯᠡᠬᠦ ᠵᠢ ᠨᠠᠷᠢᠯᠢᠭᠵᠢᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠤᠰᠤᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠲᠤᠭᠳᠠᠴᠠ ᠵᠢᠨ ᠦᠭᠡᠷᠡᠴᠢᠯᠡᠯᠳᠡ ᠵᠢ ᠲᠠᠰᠤᠷᠠᠯᠳᠠ ᠦᠭᠡᠢ ᠬᠦᠨᠵᠡᠭᠡᠢ᠌ᠷᠡᠬᠦᠯᠵᠦ᠂ ᠤᠰᠤᠯᠠᠯᠳᠠ ᠵᠢᠨ ᠤᠷᠤᠨ᠎ᠤ ᠤᠳᠤᠬᠢᠴᠢᠯᠠᠭᠰᠠᠨ ᠦᠭᠡᠷᠡᠴᠢᠯᠡᠯᠳᠡ ᠵᠢ ᠲᠦᠷᠭᠡᠳᠭᠡᠨ ᠠᠬᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠠᠳᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠲᠢᠶᠠᠨ ᠰᠢᠦᠸᠠᠢ ᠪᠢᠨ ᠵᠢᠭ᠋ᠠᠵᠤ ᠭᠠᠷᠭ᠋ᠠᠭᠰᠠᠨ᠎ᠨᠢ᠂ ᠱᠠᠨᠳᠦ᠋ᠩ᠎ᠤᠨ ᠬᠠᠲᠤᠨ ᠭᠣᠣᠯ᠎ᠤᠨ ᠤᠰᠤᠯᠤᠯᠲᠠ ᠵᠢᠨ ᠣᠷᠣᠨ᠎ᠤ ᠣᠯᠠᠨ ᠵᠢᠯ᠎ᠤᠨ ᠦᠷᠭᠦᠯᠵᠢᠯᠡᠨ ᠪᠠᠶ᠋ᠢᠭᠤᠯᠬᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ᠎ᠪᠠᠷ ᠳᠠᠮᠵᠢᠨ ᠮᠡᠳᠡᠭᠳᠡᠬᠦᠢ᠍ᠴᠡ ᠠᠮᠵᠢᠯᠲᠠ ᠣᠯᠤᠭᠰᠠᠨ ᠪᠣᠯᠪᠠᠴᠤ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠱᠠᠭ᠋ᠠᠷᠳᠠᠯᠭ᠎ᠠ᠎ᠲᠠᠢ ᠮᠥᠨ ᠬᠦ᠌ ᠵᠥᠷᠢᠶ᠎ᠡ᠎ᠲᠠᠢ ᠪᠠᠢ᠌ᠵᠤ᠂ ᠤᠯᠠᠮ ᠨᠢᠭᠡ ᠠᠯᠬᠤᠮ ᠴᠢᠷᠮᠠᠢ᠌ᠬᠤ ᠴᠢᠬᠤᠯᠠᠲᠠᠢ ᠪᠠᠶ᠋ᠢᠨ᠎ᠠ᠃ ᠨᠢᠭᠡ᠎ᠳᠤ ᠤᠰᠤᠯᠠᠯᠲᠠ ᠵᠢᠨ ᠣᠷᠣᠨ᠎ᠤ ᠪᠠᠷᠢᠯᠭ᠎ᠠ ᠲᠥᠬᠥᠭᠡᠷᠦᠮᠵᠢ ᠵᠢ ᠲᠡᠬᠦᠯᠳᠡᠷᠵᠢᠬᠦᠯᠬᠦ ᠬᠡᠷᠡᠭᠲᠡᠢ᠃ ᠰᠢᠰᠲ᠋ᠧᠮᠲᠦ ᠰᠡᠳᠬᠢᠬᠦᠢ ᠵᠢ ᠪᠠᠷᠢᠮᠳᠠᠯᠠᠨ᠂ ᠰᠢᠶᠠᠨ᠎ᠠᠴᠠ ᠰᠠᠯᠪᠤᠷᠢ ᠭᠤᠤᠯ ᠰᠤᠪᠠᠭ᠂ ᠰᠠᠯᠪᠤᠷᠢ ᠰᠤᠪᠠᠭ᠎ᠤᠨ ᠰᠢᠰᠲᠸᠮ᠎ᠤᠨ ᠢᠵᠢ ᠪᠦᠷᠢᠳᠦᠬᠦᠯᠬᠦ ᠢᠨᠵᠸᠨ᠋ᠸᠷᠢᠩ᠎ᠢ ᠬᠤᠪᠢᠳᠠᠨ ᠬᠠᠷᠢᠭᠤᠴᠠᠬᠤ᠎ᠪᠠᠷ ᠭᠤᠤᠯᠳᠠᠯᠭ᠎ᠠ ᠪᠤᠯᠭ᠋ᠠᠵᠤ᠂ ᠨᠢᠭᠡᠳᠦᠯᠲᠡᠢ ᠲᠥᠯᠥᠪᠯᠡᠨ ᠰᠤᠪᠠᠭ᠎ᠤᠨ ᠲᠡᠭᠡᠳᠦ ᠲᠤᠤᠷᠠᠳᠤ ᠤᠷᠤᠰᠬᠠᠯ᠂ ᠵᠡᠬᠦᠨ ᠪᠠᠷᠠᠭᠤᠨ ᠡᠷᠬᠢ᠂ ᠭᠣᠣᠯᠯᠠᠭᠴᠢ ᠲᠠᠷᠢᠶᠠᠨ ᠭᠠᠵᠠᠷ᠎ᠲᠤ ᠤᠰᠤᠯᠠᠯᠲᠠ ᠵᠢᠨ ᠣᠷᠣᠨ᠎ᠤ ᠰᠢᠰᠲ᠋ᠧᠮ᠎ᠢ ᠰᠠᠶ᠋ᠢᠲᠤᠷ ᠬᠢᠵᠦ᠂ ᠲᠡᠭᠦᠯᠳᠡᠷᠵᠢᠭᠰᠡᠨ ᠤᠰᠤᠯᠠᠵᠤ ᠵᠠᠯᠠᠬᠤ ᠰᠢᠰᠲ᠋ᠧᠮᠵᠢ ᠵᠢ ᠪᠣᠢ ᠪᠣᠯᠭ᠋ᠠᠨ᠎ᠠ᠃ ᠬᠣᠶᠠᠷ᠎ᠲᠤ ᠤᠰᠤᠯᠠᠯᠲᠠ ᠵᠢᠨ ᠤᠰᠤ ᠠᠷᠪᠢᠯᠠᠬᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠤᠰᠤᠯᠠᠯᠲᠠ ᠵᠢᠨ ᠣᠷᠣᠨ᠎ᠤ ᠮᠡᠳᠡᠭᠡ ᠵᠠᠩᠭᠢᠵᠢᠯᠲᠡ ᠵᠢᠨ ᠪᠦᠲᠦᠭᠡᠨ ᠪᠠᠶ᠋ᠢᠭᠤᠯᠤᠯᠲᠠ᠎ᠪᠠᠷ ᠭᠠᠷᠳᠠᠴᠠ ᠪᠤᠯᠭ᠋ᠠᠵᠤ᠂ ᠤᠰᠤ ᠬᠡᠷᠡᠭᠯᠡᠬᠦ ᠬᠡᠮᠵᠢᠯᠲᠡ ᠵᠢᠨ ᠲᠥᠬᠥᠭᠡᠷᠦᠮᠵᠢ ᠵᠢ ᠪᠦᠷᠢᠨᠰᠢᠬᠦᠯᠵᠦ᠂ ᠭᠠᠵᠠᠷ ᠰᠢᠷᠣᠢ᠂ ᠲᠠᠷᠢᠮᠠᠯ᠂ ᠴᠠᠭ ᠠᠭᠤᠷ ᠵᠡᠷᠭᠡ ᠡᠯ᠎ᠡ ᠲᠠᠯ᠎ᠠ ᠵᠢᠨ ᠮᠡᠳᠡᠭᠡ ᠵᠠᠩᠭᠢ ᠵᠢ ᠰᠢᠨᠵᠢᠯᠡᠬᠦ ᠤᠬᠠᠭ᠋ᠠᠨᠴᠢ᠎ᠪᠠᠷ ᠬᠤᠷᠢᠶᠠᠩᠭᠤᠶ᠋ᠢᠯᠠᠵᠤ᠂ ᠨᠠᠷᠢᠯᠢᠭ ᠤᠨᠤᠪᠴᠢᠳᠠᠢ ᠮᠠᠭ᠋ᠠᠳᠯᠠᠵᠤ᠂ ᠤᠰᠤ ᠬᠠᠩᠭ᠋ᠠᠯᠳᠠ ᠵᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠵᠤ᠂ ᠤᠰᠤᠯᠠᠯᠳᠠ ᠵᠢᠨ ᠨᠠᠷᠢᠯᠢᠭ ᠤᠨᠤᠪᠴᠢᠳᠠᠢ ᠪᠠᠢ᠌ᠬᠤ ᠵᠢ ᠪᠡᠶᠡᠯᠡᠬᠦᠯᠬᠦ ᠬᠡᠷᠡᠭᠲᠡᠢ᠃ ᠭᠤᠷᠪᠠ᠎ᠳᠤ ᠤᠰᠤᠯᠠᠯᠲᠠ ᠵᠢᠨ ᠣᠷᠣᠨ᠎ᠤ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠬᠦᠨᠵᠡᠭᠡᠢ᠌ᠷᠡᠬᠦᠯᠬᠦ ᠬᠡᠷᠡᠭᠲᠡᠢ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠭᠡᠬᠦ ᠡᠨᠡᠬᠦ 《ᠦᠬᠡᠷ᠎ᠤᠨ ᠬᠠᠮᠠᠷ》᠎ᠢ ᠴᠢᠩᠭ᠎ᠠ ᠠᠳᠬᠤᠵᠤ᠂ ᠤᠰᠤᠯᠠᠯᠲᠠ ᠵᠢᠨ ᠣᠷᠣᠨ᠎ᠤ 《ᠬᠣᠶᠠᠷ᠎ᠢ ᠲᠣᠭᠲᠠᠭ᠋ᠠᠬᠤ》 《ᠬᠣᠶᠠᠷ ᠵᠠᠷᠤᠳᠠᠯ》᠎ᠢ ᠴᠢᠩᠭ᠎ᠠ ᠨᠠᠢ᠌ᠳᠠᠪᠤᠷᠢᠵᠢᠭᠤᠯᠵᠤ᠂ ᠤᠰᠤᠯᠠᠯᠳᠠ ᠵᠢᠨ ᠤᠷᠤᠨ᠎ᠤ ᠠᠵᠢᠯᠳᠠᠳ᠎ᠤᠨ ᠡᠩᠨᠡᠭᠡ ᠵᠢᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠵᠤ᠂ ᠤᠰᠤ ᠬᠠᠩᠭ᠋ᠠᠬᠤ ᠬᠠᠮᠢᠶᠠᠷᠤᠯᠳᠠ᠂ ᠪᠠᠷᠢᠯᠭ᠎ᠠ ᠵᠢᠨ ᠬᠠᠮᠠᠭ᠋ᠠᠯᠠᠯᠳᠠ ᠵᠢᠨ ᠰᠠᠢ᠌ᠨ ᠲᠤᠭᠳᠠᠴᠠ ᠵᠢ ᠪᠠᠢ᠌ᠭᠤᠯᠬᠤ ᠬᠡᠷᠡᠭᠲᠡᠢ᠃ ᠳᠥᠷᠪᠡ᠎ᠳᠤ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠲᠠᠢ᠌ᠴᠢᠯᠠᠵᠤ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠦᠴᠦᠨ᠎ᠢ ᠡᠮᠬᠢᠯᠡᠨ ᠨᠢᠭᠡᠳᠭᠡᠵᠦ᠂ ᠪᠡᠯᠡᠳᠬᠡᠮᠵᠢ᠎ᠨᠢ ᠪᠦᠷᠢᠨ ᠲᠡᠭᠦᠯᠳᠡᠷ᠂ ᠤᠰᠤ ᠠᠷᠪᠢᠯᠠᠬᠤ᠎ᠨᠢ ᠥᠨᠳᠥᠷ ᠦᠷ᠎ᠡ ᠪᠦᠲᠦᠮᠵᠢᠲᠡᠢ᠂ ᠬᠠᠮᠢᠶᠠᠷᠤᠯᠲᠠ᠎ᠨᠢ ᠰᠢᠨᠵᠢᠯᠡᠬᠦ ᠤᠬᠠᠭ᠋ᠠᠨᠴᠢ᠂ ᠠᠮᠢ ᠠᠬᠤᠢ᠎ᠨᠢ ᠰᠠᠶ᠋ᠢᠨ ᠰᠠᠶ᠋ᠢᠬᠠᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃