ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢᠨᠬᠤᠸᠠ ᠬᠣᠷᠢᠶ᠎ᠠ᠄ ᠮᠠᠨ᠎ᠤ ᠤᠯᠤᠰ᠎ᠨᠢ ᠤᠯᠤᠰ᠎ᠤᠨ ᠤᠰᠤᠨ᠎ᠤ ᠲᠣᠤᠷ᠎ᠤᠨ ᠪᠥᠲᠥᠭᠡᠨ ᠪᠠᠢ᠌ᠭᠤᠯᠤᠯᠳᠠ ᠵᠢ ᠲᠦᠷᠭᠡᠳᠬᠡᠵᠦ᠂ ᠤᠰᠤᠨ᠎ᠤ ᠠᠮᠤᠷ ᠲᠦᠪᠰᠢᠨ᠎ᠢ ᠪᠠᠳᠤᠯᠠᠵᠦ ᠪᠤᠢ
ᠨᠡᠶ᠋ᠢᠲᠡᠯᠡᠭᠰᠡᠨ ᠴᠠᠭ᠄ 2021-05-27

      ᠰᠢᠨᠬᠤᠸᠠ ᠬᠣᠷᠢᠶᠠᠨ᠎ᠤ ᠪᠡᠭᠡᠵᠢᠩ᠎ᠤᠨ1 ᠰᠠᠷ᠎ᠠ ᠵᠢᠨ 25᠎ᠤ ᠴᠠᠬᠢᠯᠭ᠋ᠠᠨ (ᠰᠤᠷᠪᠤᠯᠵᠢᠯᠠᠭᠴᠢ ᠯᠢᠦ ᠱ᠌ᠢ ᠫᠢᠩ) ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠧ ᠵᠢᠩ ᠫᠢᠩ 25᠎ᠤ ᠡᠳᠦᠷ 2021 ᠣᠨ᠎ᠤ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷ᠎ᠡ ᠬᠡᠯᠡᠬᠦ᠎ᠳᠤ᠎ᠪᠠᠨ᠂ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠬᠤᠭᠤᠴᠠᠭ᠋ᠠᠨ᠎ᠳᠤ᠂ ᠮᠠᠨ᠎ᠤ ᠤᠯᠤᠰ᠎ᠨᠢ ᠤᠰᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠂ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠴᠢᠳᠠᠮᠵᠢ ᠵᠢ ᠨᠢᠭᠡ ᠴᠤᠭᠴᠠᠵᠢᠯᠠᠭᠰᠠᠨ ᠤᠯᠤᠰ᠎ᠤᠨ ᠤᠰᠤᠨ᠎ᠤ ᠲᠣᠣᠷ᠎ᠢ ᠪᠠᠶ᠋ᠢᠭᠤᠯᠬᠤ᠎ᠪᠠᠷ ᠭᠤᠤᠯᠳᠠᠯᠭ᠎ᠠ ᠪᠣᠯᠭ᠋ᠠᠵᠤ᠂ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠰᠢᠰᠲ᠋ᠧᠮ᠎ᠤᠨ ᠲᠡᠬᠦᠯᠳᠡᠷᠵᠢᠬᠦᠯᠦᠯᠳᠡ ᠵᠢ ᠲᠦᠷᠭᠡᠳᠬᠡᠨ᠂ ᠤᠰᠤᠨ᠎ᠤ ᠡᠬᠢ ᠪᠠᠶᠠᠯᠢᠭ᠎ᠤᠨ ᠴᠠᠭ ᠬᠤᠭᠤᠴᠠᠭ᠎ᠠ ᠣᠷᠣᠨ ᠵᠠᠶ ᠵᠢᠨ ᠲᠠᠷᠬᠠᠯᠲᠠ ᠲᠡᠭᠰᠢ ᠪᠤᠰᠤ ᠠᠰᠠᠭᠤᠳᠠᠯ᠎ᠢ ᠰᠢᠢᠳᠪᠦᠷᠢᠯᠡᠵᠦ᠂ ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃  
     — ᠦᠶᠡᠷ᠎ᠢ ᠰᠡᠷᠭᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠬᠠᠳᠠᠭ᠋ᠠᠯᠠᠬᠤ ᠭᠠᠳᠠᠭᠰᠢᠯᠠᠭᠤᠯᠬᠤ ᠵᠢ ᠬᠠᠪᠰᠤᠷᠭ᠋ᠠᠬᠤ᠂ ᠭᠠᠳᠠᠭᠰᠢᠯᠠᠭᠤᠯᠬᠤ᠎ᠪᠠᠷ ᠭᠣᠣᠯ ᠪᠣᠯᠭ᠋ᠠᠬᠤ ᠵᠢ ᠪᠠᠷᠢᠮᠲᠠᠯᠠᠨ᠂ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠵᠢ ᠲᠤᠬᠢᠷᠠᠮᠵᠢᠳᠠᠢ ᠳᠡᠭᠡᠭᠰᠢᠯᠡᠭᠦᠯᠵᠦ᠂ ᠦᠶᠡᠷ᠎ᠢ ᠰᠡᠷᠭᠡᠶ᠋ᠢᠯᠡᠬᠦ ᠰᠢᠰᠲ᠋ᠧᠮ᠎ᠤᠨ ᠪᠠᠢ᠌ᠷᠢᠯᠠᠭᠤᠯᠤᠯᠳᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠦᠶᠡᠷ ᠭᠠᠳᠠᠭᠰᠢᠯᠠᠭᠤᠯᠬᠤ ᠵᠠᠮ᠎ᠤᠨ ᠴᠢᠳᠠᠪᠤᠷᠢ ᠵᠢ ᠥᠷᠭᠡᠳᠬᠡᠵᠦ᠂ ᠦᠶᠡᠷ᠎ᠤᠨ ᠤᠰᠤ ᠵᠢ ᠲᠣᠬᠢᠷᠠᠭᠤᠯᠤᠨ ᠬᠠᠳᠠᠭ᠋ᠠᠯᠠᠬᠤ ᠴᠢᠳᠠᠪᠤᠷᠢ ᠵᠢ ᠨᠡᠮᠡᠭᠳᠡᠭᠦᠯᠦᠨ᠂ ᠦᠶᠡᠷ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃  
     — ᠤᠰᠤᠨ᠎ᠤ ᠡᠬᠢ ᠪᠠᠶᠠᠯᠢᠭ᠎ᠢ ᠳᠣᠭᠢᠷᠠᠭᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠤᠰᠤᠨ᠎ᠤ ᠡᠬᠢ ᠪᠠᠶᠠᠯᠢᠭ ᠵᠢ ᠲᠤᠬᠢᠷᠠᠭᠤᠯᠬᠤ ᠪᠠᠢ᠌ᠷᠢᠯᠠᠭᠤᠯᠤᠯᠳᠠ ᠵᠢ ᠰᠢᠯᠢᠳᠡᠭᠵᠢᠭᠦᠯᠵᠦ᠂ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠤ ᠲᠦᠭᠰᠢᠭᠦᠷᠢ ᠵᠢ ᠠᠷᠭ᠋ᠠᠴᠠᠬᠤ ᠵᠢ ᠴᠢᠩᠭ᠋ᠠᠳᠬᠠᠵᠤ᠂ ᠫᠢᠯᠬᠠᠯᠳᠠ ᠰᠢᠷᠬᠢᠯᠳᠡ ᠵᠢ ᠳᠣᠭᠢᠷᠠᠭᠤᠯᠬᠤ᠂ ᠬᠠᠮᠲᠤᠷᠠᠨ ᠳᠣᠭᠢᠷᠠᠭᠤᠯᠬᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠬᠣᠲᠠ ᠬᠥᠳᠡᠭᠡ ᠵᠢᠨ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲᠸᠮ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ ᠤᠰᠤ ᠲᠤᠬᠢᠷᠠᠭᠤᠯᠤᠨ ᠲᠠᠲᠠᠬᠤ ᠴᠢᠬᠤᠯᠠ ᠶᠡᠬᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠵᠡᠭᠦᠨ᠂ ᠳᠤᠮᠳᠠ ᠱᠤᠭᠤᠮ᠎ᠤᠨ ᠪᠠᠷᠢᠯᠭ᠎ᠠ ᠵᠢᠨ ᠰᠡᠬᠦᠯᠴᠢ ᠵᠢᠨ ᠪᠦᠲᠦᠭᠡᠨ ᠪᠠᠶ᠋ᠢᠭᠤᠯᠤᠯᠲᠠ ᠵᠢ ᠱᠠᠯᠠᠪᠳᠠᠨ ᠲᠦᠯᠬᠢᠨ ᠠᠬᠢᠭᠤᠯᠵᠤ᠂ ᠪᠠᠷᠠᠭᠤᠨ ᠱᠤᠭᠤᠮ᠎ᠤᠨ ᠪᠠᠷᠢᠯᠭ᠎ᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠦᠷᠨᠢᠬᠦᠯᠵᠦ᠂ ᠨᠢᠭᠡ ᠪᠦᠯᠦᠭ ᠰᠠᠪᠠ ᠭᠠᠵᠠᠷ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠭᠣᠣᠯ ᠪᠣᠯᠬᠤ ᠤᠰᠤ ᠳᠠᠮᠵᠢᠭᠤᠯᠬᠤ ᠬᠤᠭᠤᠯᠠᠢ ᠵᠢ ᠪᠠᠶ᠋ᠢᠭᠤᠯᠵᠤ᠂ ᠤᠯᠤᠰ᠎ᠤᠨ ᠭᠣᠣᠯ ᠪᠣᠯᠬᠤ ᠤᠰᠤᠨ᠎ᠤ ᠬᠠᠩᠭ᠋ᠠᠯᠭ᠎ᠠ ᠵᠢᠨ ᠰᠠᠭᠤᠷᠢ ᠲᠥᠬᠥᠭᠡᠷᠦᠮᠵᠢ ᠵᠢᠨ ᠲᠣᠣᠷ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ᠃ ᠡᠭᠦᠨ᠎ᠤ ᠬᠠᠮᠳᠤ᠂ ᠶᠡᠷᠦᠩᠬᠡᠶ᠋ᠢᠯᠡᠭᠰᠡᠨ ᠴᠢᠨᠠᠷᠲᠠᠶ ᠤᠰᠤᠨ ᠠᠰᠢᠭᠯᠠᠯᠲᠠ ᠵᠢᠨ ᠵᠠᠩᠭᠢᠯᠠᠭ᠎ᠠ ᠪᠠ ᠲᠣᠬᠢᠷᠠᠭᠤᠯᠤᠨ ᠬᠠᠳᠠᠭ᠋ᠠᠯᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠤ ᠬᠡᠪᠴᠢᠶᠡᠵᠢᠭᠰᠡᠨ ᠤᠰᠤᠨ᠎ᠤ ᠬᠠᠩᠭ᠋ᠠᠯᠭ᠎ᠠ ᠵᠢ ᠲᠦᠯᠬᠢᠨ ᠠᠬᠢᠭᠤᠯᠤᠨ᠎ᠠ᠃  
     — ᠭᠤᠤᠯ ᠮᠦᠷᠡᠨ ᠨᠠᠭᠤᠷ ᠴᠦᠬᠦᠷᠦᠮ᠎ᠤᠨ ᠡᠷᠡᠭᠦᠯ ᠮᠡᠨᠳᠦ ᠵᠢᠨ ᠪᠠᠲᠤᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠦᠨ᠎ᠡ᠃ ᠠᠮᠢ ᠠᠬᠤᠶ ᠵᠢᠨ ᠰᠢᠰᠲ᠋ᠧᠮ᠎ᠤᠨ ᠪᠦᠬᠦᠯᠢ ᠴᠣᠭᠴᠠᠲᠤ ᠴᠢᠨᠠᠷ ᠪᠠ ᠰᠠᠪᠠ ᠭᠠᠵᠠᠷ᠎ᠤᠨ ᠰᠢᠰᠲ᠋ᠧᠮᠲᠦ ᠴᠢᠨᠠᠷ᠎ᠠᠴᠠ ᠡᠭᠦᠰᠴᠦ᠂ ᠲᠤᠬᠠᠶ ᠵᠢᠨ ᠭᠠᠵᠠᠷ᠎ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠬᠡᠷᠡᠭᠵᠢᠭᠦᠯᠵᠦ᠂ ᠴᠢᠬᠤᠯᠠ ᠶᠡᠬᠡ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠦᠨ᠂ ᠭᠤᠤᠯ ᠮᠦᠷᠡᠨ ᠨᠠᠭᠤᠷ ᠴᠦᠬᠦᠷᠦᠮ᠎ᠤᠨ ᠠᠮᠢ ᠠᠬᠤᠶ ᠵᠢᠨ ᠬᠣᠩᠭᠢᠯ᠎ᠤᠨ ᠴᠢᠳᠠᠮᠵᠢ ᠵᠢ ᠪᠠᠷᠢᠮᠳᠠᠯᠠᠨ᠂ ᠴᠢᠨᠠᠷ ᠰᠠᠶ᠋ᠢᠲᠠᠶ ᠤᠰᠤᠨ᠎ᠤ ᠠᠮᠢ ᠠᠬᠤᠶ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠥᠷᠭᠡᠳᠬᠡᠨ᠎ᠡ᠃
     — ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠤᠶᠤᠨᠴᠢᠯᠠᠭᠰᠠᠨ ᠥᠭᠡᠷᠡᠴᠢᠯᠡᠯᠲᠡ ᠵᠢ ᠠᠬᠢᠭᠤᠯᠤᠨ᠎ᠠ᠃ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠳ᠋ᠠᠶ᠋ᠢᠲ᠋ᠠ᠂ ᠵᠣᠬᠢᠶᠠᠮᠠᠯ ᠣᠶᠤᠨ ᠴᠢᠳᠠᠪᠤᠷᠢ᠂ ᠣᠷᠣᠨ ᠬᠡᠰᠡᠭ᠎ᠤᠨ ᠬᠡᠯᠬᠢᠶᠡᠰᠦ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠭᠦᠢᠴᠡᠳ ᠬᠡᠷᠡᠭᠯᠡᠨ᠂   ᠤᠶᠤᠨᠴᠢᠯᠠᠭᠰᠠᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃  
      ᠧ ᠵᠢᠩ ᠫᠢᠩ᠂ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠠᠵᠢᠯ᠎ᠢ ᠰᠠᠶ᠋ᠢᠲᠤᠷ ᠬᠢᠵᠦ᠂ ᠤᠰᠤᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠎ᠪᠠᠷ ᠬᠣᠷᠢᠭ᠎ᠠ ᠱᠤᠭᠤᠮ ᠪᠣᠯᠭ᠋ᠠᠵᠤ᠂ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠪᠠᠷ ᠡᠷᠭᠡᠪᠰᠢ ᠪᠠᠷᠢᠮᠳᠠᠯᠠᠬᠤ ᠳᠡᠭᠡᠳᠦ ᠬᠢᠵᠠᠭ᠋ᠠᠷ ᠪᠣᠯᠭ᠋ᠠᠵᠤ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠪᠠᠷ ᠬᠢᠵᠠᠭ᠋ᠠᠷᠯᠠᠬᠤ ᠤᠯᠠᠭ᠋ᠠᠨ ᠱᠤᠭᠤᠮ ᠪᠣᠯᠭ᠋ᠠᠵᠤ᠂ ᠤᠳᠤᠬᠢᠴᠢᠯᠠᠭᠰᠠᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠲᠣᠣᠷ᠎ᠤᠨ ᠪᠠᠢ᠌ᠭᠤᠯᠤᠯᠳᠠ ᠵᠢ ᠲᠦᠷᠭᠡᠳᠬᠡᠵᠦ᠂ ᠭᠣᠣᠯ ᠮᠥᠷᠡᠨ ᠨᠠᠭᠤᠷ ᠪᠦᠷᠢᠳᠦ ᠵᠢᠨ ᠬᠠᠮᠠᠭ᠋ᠠᠯᠠᠯᠲᠠ ᠬᠢᠨᠠᠨ ᠬᠠᠮᠢᠶᠠᠷᠤᠯᠲᠠ ᠵᠢᠨ ᠰᠢᠰᠲᠸᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠰᠤᠨ᠎ᠤ ᠠᠮᠤᠷ ᠲᠦᠪᠰᠢᠨ᠎ᠤ ᠪᠠᠳᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃
     2021 ᠣᠨ ᠪᠣᠯ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠲᠦᠯᠦᠪᠵᠢᠬᠦᠯᠭᠡ ᠵᠢ ᠭᠡᠷᠡᠭᠵᠢᠬᠦᠯᠬᠦ ᠠᠩᠬᠠᠨ᠎ᠤ ᠵᠢᠯ ᠮᠥᠨ᠃ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠭᠣᠣᠯ ᠬᠠᠷᠠᠯᠲᠠ ᠪᠣᠯ᠄ 2025 ᠣᠨ ᠪᠣᠯᠬᠤ᠎ᠳᠤ᠂ ᠤᠰᠤ ᠭᠠᠩ᠎ᠤᠨ ᠭᠠᠮᠰᠢᠭ᠎ᠤᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠮᠡᠳᠡᠭᠳᠡᠬᠦᠶ᠋ᠢᠴᠡ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠᠢ᠌ᠷᠢᠯᠠᠭᠤᠯᠤᠯᠳᠠ ᠵᠢ ᠮᠡᠳᠡᠭᠳᠡᠬᠦᠶ᠋ᠢᠴᠡ ᠰᠢᠯᠢᠳᠡᠭᠵᠢᠭᠦᠯᠵᠦ᠂ ᠨᠠᠭᠤᠷ ᠭᠣᠣᠯ᠎ᠤᠨ ᠠᠮᠢ ᠠᠬᠤᠶ ᠵᠢᠨ ᠣᠷᠴᠢᠨ ᠲᠤᠭᠤᠷᠢᠨ᠎ᠢ ᠮᠡᠳᠡᠭᠳᠡᠬᠦᠶ᠋ᠢᠴᠡ ᠰᠠᠶ᠋ᠢᠵᠢᠷᠠᠭᠤᠯᠵᠤ᠂ ᠤᠰᠤ᠎ᠲᠠᠢ ᠬᠣᠯᠪᠣᠭᠳᠠᠬᠤ ᠬᠡᠷᠡᠭ ᠶᠠᠪᠤᠳᠠᠯ᠎ᠢ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠮᠡᠳᠡᠭᠳᠡᠬᠦᠶ᠋ᠢᠴᠡ   ᠴᠢᠩᠭ᠋ᠠᠳᠬᠠᠨ᠎ᠠ᠃  

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠨᠬᠤᠸᠠ ᠰᠦᠯᠵᠢᠶ᠎ᠡ᠄ 8 ᠪᠦᠯᠦᠭ ᠲᠣᠭ᠎ᠠ ᠪᠠᠷᠢᠮᠲᠠ᠎ᠪᠠᠷ 2020 ᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠢᠷᠢ ᠪᠦᠲᠦᠮᠵᠢ ᠵᠢᠨ ᠬᠠᠭᠤᠳᠠᠰᠤ ᠵᠢ ᠤᠢ᠌ᠯᠭ᠋ᠠᠭᠤᠯᠤᠶ᠎ᠠ!
ᠳᠤᠮᠳᠠᠳᠤ ᠤᠯᠤᠰ᠎ᠤᠨ ᠡᠳᠦᠷ᠎ᠤᠨ ᠰᠣᠨᠢᠨ᠄ 2020 ᠣᠨ᠎ᠳᠤ ᠤᠰᠤᠨ ᠠᠰᠢᠭᠯᠠᠯᠲᠠ᠎ᠨᠢ 〈〈ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ〉〉 ᠠᠵᠢᠯ᠎ᠢ ᠰᠠᠶ᠋ᠢᠲᠤᠷ ᠬᠢᠵᠦ᠂ 〈〈ᠵᠢᠷᠭᠤᠭ᠎ᠠ ᠵᠢ ᠪᠠᠲᠤᠯᠠᠬᠤ〉〉 ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠴᠢᠬᠤᠯᠠ ᠦᠢᠯᠡᠳᠦᠯ ᠪᠠᠳᠠᠷᠠᠭᠤᠯᠪᠠ
ᠳᠤᠮᠳᠠᠳᠤ ᠤᠯᠤᠰ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ᠄ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠋ᠠᠨ᠎ᠳᠤ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠨᠡᠢ᠌ᠳᠡ 3.58 ᠲᠦᠮᠡᠨ ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠣᠯᠳᠠ ᠵᠢ ᠨᠠᠢ᠌ᠳᠠᠪᠦᠷᠢᠵᠢᠭᠤᠯᠵᠦ᠂ 〈〈ᠠᠷᠪᠠᠨ ᠬᠤᠶᠠᠳᠤᠭ᠋ᠠᠷ ᠲᠠᠪᠤᠨ ᠵᠢᠯ〉〉 ᠎ᠤᠨ ᠬᠤᠭᠤᠴᠠᠭ᠋ᠠᠨ᠎ᠠᠴᠠ 57 %᠎ᠪᠠᠷ ᠨᠡᠮᠡᠭᠳᠡᠪᠡ
ᠤᠯᠤᠰ ᠲᠥᠷᠥ ᠵᠢᠨ ᠴᠢᠭᠯᠡᠯ᠎ᠢ ᠣᠨᠣᠪᠴᠢᠲᠠᠶ ᠡᠵᠡᠮᠳᠡᠪᠡ
ᠦᠵᠡᠯ ᠰᠠᠨᠠᠭ᠎ᠠ᠎ᠪᠠᠨ ᠨᠢᠭᠡᠳᠬᠡᠵᠦ ᠲᠦᠷᠭᠡᠨ ᠬᠦᠳᠡᠯᠦᠯᠴᠡᠨ ᠲᠣᠭᠣᠷᠢᠨ ᠪᠠᠢ᠌ᠴᠠᠭ᠋ᠠᠬᠤ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠢ᠌ᠳᠤᠷ ᠬᠢᠨ᠎ᠡ
 
            