ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ 1 ᠰᠠᠷ᠎ᠠ ᠵᠢᠨ 25᠎ᠤ ᠡᠳᠦᠷ᠎ᠤᠨ ᠴᠠᠬᠢᠯᠭ᠋ᠠᠨ᠂ ᠰᠤᠷᠪᠤᠯᠵᠢᠯᠠᠭᠴᠢ 25᠎ᠤ ᠡᠳᠦᠷ ᠪᠡᠭᠡᠵᠢᠩ᠎ᠳᠤ ᠬᠤᠷᠠᠯᠳᠤᠭᠰᠠᠨ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠠᠴᠠ ᠣᠶ᠋ᠢᠯᠠᠭ᠋ᠠᠭᠰᠠᠨ᠎ᠨᠢ᠂ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠋ᠠᠨ᠎ᠳᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ ᠰᠡᠳᠬᠢᠯ ᠨᠢᠭᠡᠳᠦᠨ᠂ 《ᠠᠷᠪᠠᠨ ᠵᠢᠷᠭᠤᠭ᠋ᠠᠨ ᠥᠰᠥᠭ》᠎ᠤᠨ ᠤᠰᠤ ᠵᠠᠰᠠᠬᠤ ᠰᠡᠳᠬᠢᠮᠵᠢ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠤᠰᠤ ᠵᠠᠰᠠᠬᠤ ᠭᠣᠤᠯ ᠵᠥᠷᠢᠴᠡᠯ᠎ᠢ ᠣᠨᠣᠪᠴᠢᠲᠠᠶ ᠡᠵᠡᠮᠳᠡᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠭᠦᠨᠵᠡᠭᠡᠶ ᠦᠢᠯᠡᠳᠦᠯᠭᠡᠵᠢᠭᠦᠯᠪᠡ᠃ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠰᠢᠰᠲ᠋ᠧᠮ᠎ᠤᠨ ᠬᠠᠮᠲᠤ ᠵᠢᠨ ᠴᠢᠷᠮᠠᠢ᠌ᠯᠭ᠎ᠠ ᠳᠣᠤᠷ᠎ᠠ᠂ ᠮᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ᠎ᠨᠢ ᠲᠡᠤᠬᠡᠲᠦ ᠴᠢᠨᠠᠷᠲᠠᠶ ᠠᠮᠵᠢᠯᠲᠠ ᠣᠯᠵᠤ᠂ 〈〈ᠠᠷᠪᠠᠨ ᠭᠤᠷᠪᠠᠳᠤᠭ᠋ᠠᠷ ᠲᠠᠪᠤᠨ ᠵᠢᠯ〉〉 ᠤᠨ ᠲᠥᠯᠥᠪᠵᠢᠭᠦᠯᠭᠡ ᠵᠢᠨ ᠲᠣᠪᠴᠢ᠎ᠳᠤ ᠲᠣᠭᠲᠠᠭ᠋ᠠᠭᠰᠠᠨ ᠤᠰᠤᠨ ᠠᠰᠢᠭᠯᠠᠯᠲᠠ ᠵᠢᠨ ᠴᠢᠬᠤᠯᠠ ᠵᠢᠭ᠋ᠠᠯᠳᠠ ᠵᠢ ᠪᠦᠬᠦᠨ᠎ᠢ ᠪᠡᠶᠡᠯᠡᠭᠦᠯᠵᠦ᠂ ᠤᠰᠤᠨ ᠠᠰᠢᠭᠯᠠᠯᠲᠠ ᠵᠢᠨ ᠬᠥᠭᠵᠢᠯᠲᠡ ᠵᠢᠨ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠲᠥᠯᠥᠪᠵᠢᠭᠦᠯᠭᠡ ᠵᠢᠨ ᠵᠢᠭ᠋ᠠᠯᠳᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ᠎ᠨᠢ ᠰᠢᠨ᠎ᠡ ᠳᠡᠭᠲᠡᠷ᠎ᠲᠤ ᠭᠠᠷᠤᠭᠰᠠᠨ ᠪᠠᠶ᠋ᠢᠨ᠎ᠠ᠃
〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠤᠯ ᠤᠰᠤᠨ ᠠᠰᠢᠭᠯᠠᠯᠳᠠ ᠵᠢᠨ ᠢᠨᠵᠸᠨ᠋ᠷᠢᠩᠤᠨ ᠦᠷ᠎ᠡ ᠠᠰᠢᠭ ᠵᠢ ᠬᠠᠮᠤᠭ ᠶᠡᠬᠡ᠎ᠪᠠᠷ ᠪᠠᠳᠠᠷᠠᠭᠤᠯᠤᠭᠰᠠᠨ ᠲᠠᠪᠤᠨ ᠵᠢᠯ ᠪᠤᠯᠤᠨ᠎ᠠ᠃ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠨᠡᠢ᠌ᠳᠡ 3.58 ᠲᠦᠮᠡᠨ ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠣᠯᠳᠠ ᠵᠢ ᠨᠠᠢ᠌ᠳᠠᠪᠦᠷᠢᠵᠢᠭᠤᠯᠵᠦ᠂ 〈〈ᠠᠷᠪᠠᠨ ᠬᠤᠶᠠᠳᠤᠭ᠋ᠠᠷ ᠲᠠᠪᠤᠨ ᠵᠢᠯ〉〉᠎ᠤᠨ ᠬᠤᠭᠤᠴᠠᠭ᠋ᠠᠨ᠎ᠠᠴᠠ 57 %᠎ᠪᠠᠷ ᠨᠡᠮᠡᠭᠳᠡᠵᠦ᠂ ᠶᠡᠬᠡ ᠮᠦᠷᠡᠨ ᠭᠤᠤᠯ᠎ᠤᠨ ᠵᠠᠰᠠᠯᠳᠠ ᠪᠠ ᠰᠢ ᠵᠢᠶᠠᠩ ᠮᠦᠷᠡᠨ᠎ᠤ ᠳ᠋ᠠ ᠲᠸᠩ ᠰᠢᠶᠠ ᠬᠠᠪᠴᠢᠯ᠂ ᠬᠤᠸᠠᠢ ᠾᠸ ᠭᠤᠤᠯ᠎ᠤᠨ ᠴᠦ᠍ ᠱᠠᠨ ᠳ᠋ᠢᠶᠠᠨ ᠵᠡᠷᠭᠡ ᠨᠢᠭᠡ ᠪᠦᠯᠦᠭ ᠡᠵᠡᠮᠰᠢᠯᠳᠦ ᠴᠢᠨᠠᠷᠳᠠᠢ ᠵᠠᠩᠭᠢᠯᠠᠭ᠎ᠠ (ᠠᠭᠤᠯᠵᠠᠪᠦᠷᠢ) ᠵᠢᠨ ᠪᠦᠳᠦᠭᠡᠨ ᠪᠠᠢ᠌ᠭᠤᠯᠤᠯᠳᠠ᠎ᠤᠨ ᠠᠯᠬᠤᠴᠠ ᠵᠢ ᠲᠦᠷᠭᠡᠳᠭᠡᠨ᠂ ᠭᠤᠷᠪᠠᠨ ᠬᠠᠪᠴᠢᠯ᠎ᠤᠨ ᠢᠨᠵᠸᠨ᠋ᠷᠢᠩᠤᠨ ᠯᠤᠳᠤ ᠶᠡᠬᠡ ᠶᠡᠷᠦᠩᠭᠡᠢ᠌ᠯᠡᠭᠰᠡᠨ ᠦᠷ᠎ᠡ ᠪᠦᠳᠦᠮᠵᠢ ᠵᠢ ᠦᠷᠬᠦᠯᠵᠢᠯᠡᠨ ᠪᠠᠳᠠᠷᠠᠭᠤᠯᠵᠦ᠂ ᠡᠮᠦᠨᠡᠳᠦ ᠵᠢᠨ ᠤᠰᠤ ᠵᠢ ᠤᠮᠠᠷᠠᠰᠢ ᠲᠠᠳᠠᠬᠤ ᠢᠨᠵᠸᠨ᠋ᠷᠢᠩᠤᠨ ᠵᠠᠬᠦᠨ᠂ ᠲᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ᠎ᠨᠢ ᠨᠡᠢ᠌ᠳᠡ 367.42 ᠳ᠋ᠦᠩᠰᠢᠭᠤᠷ ᠪᠤᠰᠤᠭ᠎ᠠ ᠲᠦᠷᠪᠡᠯᠵᠢᠨ ᠮᠸᠲᠷ ᠤᠰᠤ ᠵᠢ ᠲᠠᠳᠠᠵᠦ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠤᠷᠤᠨ ᠪᠦᠰᠡ ᠵᠢᠨ ᠤᠰᠤᠨ᠎ᠤ ᠠᠮᠤᠷ ᠲᠦᠪᠰᠢᠨ᠎ᠢ ᠪᠠᠳᠤᠯᠠᠬᠤ ᠴᠢᠳᠠᠪᠦᠷᠢ ᠮᠡᠳᠡᠭᠳᠡᠮ᠎ᠡ ᠴᠢᠩᠭ᠋ᠠᠷᠠᠪᠠ᠃
〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠤᠯ ᠤᠰᠤ ᠭᠠᠩ᠎ᠤᠨ ᠭᠠᠮᠰᠢᠭ ᠵᠢ ᠰᠡᠷᠭᠡᠢ᠌ᠯᠡᠨ ᠬᠤᠷᠢᠭᠯᠠᠬᠤ ᠦᠷ᠎ᠡ ᠪᠦᠳᠦᠮᠵᠢ ᠬᠠᠮᠤᠭ ᠰᠠᠢ᠌ᠨ ᠲᠠᠪᠤᠨ ᠵᠢᠯ ᠪᠤᠯᠤᠨ᠎ᠠ᠃ ᠬᠦᠭᠡ ᠮᠦᠷᠡᠨ᠂ ᠬᠤᠸᠠᠢ ᠾᠸ ᠭᠤᠤᠯ᠂ᠲᠠᠢ ᠬᠤ᠌ ᠨᠠᠭᠤᠷ᠎ᠤᠨ ᠰᠠᠪᠠ ᠭᠠᠵᠠᠷ ᠵᠡᠷᠭᠡ ᠤᠯᠠᠨ ᠤᠳᠠᠭ᠋ᠠᠨ᠎ᠤ ᠶᠡᠬᠡ ᠦᠶᠡᠷ᠂ ᠤᠨᠴᠠ ᠶᠡᠬᠡ ᠦᠶᠡᠷ ᠵᠢ ᠰᠢᠨᠵᠢᠯᠡᠬᠦ ᠤᠬᠠᠭ᠋ᠠᠨᠴᠢ᠎ᠪᠠᠷ ᠡᠰᠡᠷᠬᠦᠴᠡᠨ ᠬᠤᠷᠢᠭᠯᠠᠵᠦ᠂ ᠤᠯᠠᠨ ᠤᠳᠠᠭ᠋ᠠᠨ᠎ᠤ ᠴᠦᠬᠦᠷᠡᠮ᠎ᠤᠨ ᠲᠦᠭᠵᠢᠷᠡᠯ ᠵᠡᠷᠭᠡ ᠲᠦᠭᠰᠢᠬᠦᠷᠢᠳᠦ ᠪᠠᠢ᠌ᠳᠠᠯ᠎ᠢ ᠠᠮᠵᠢᠯᠳᠠ᠎ᠲᠠᠢ ᠰᠢᠢ᠍ᠳᠪᠦᠷᠢᠯᠡᠨ᠂ ᠤᠯᠠᠨ ᠤᠳᠠᠭ᠋ᠠᠨ᠎ᠤ ᠶᠡᠬᠡ ᠬᠡᠪᠴᠢᠶᠡᠨ᠎ᠤ ᠭᠠᠩ ᠬᠠᠭᠰᠠᠷᠭ᠋ᠠᠨ᠎ᠢ ᠠᠮᠵᠢᠯᠳᠠ᠎ᠲᠠᠢ ᠠᠷᠭ᠋ᠠᠴᠠᠭ᠋ᠠᠨ᠂ ᠠᠷᠠᠳ ᠤᠠᠯᠠᠨᠤ ᠠᠮᠢ ᠨᠠᠰᠤᠨ᠎ᠤ ᠠᠮᠤᠷ ᠲᠦᠪᠰᠢᠨ ᠪᠠ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠢ ᠬᠦᠴᠦᠳᠠᠢ ᠪᠠᠳᠤᠯᠠᠵᠦ᠂ ᠵᠢᠯ ᠪᠦᠷᠢ ᠵᠢᠨ ᠲᠤᠮᠳᠠᠴᠢ᠎ᠪᠠᠷ ᠦᠶᠡᠷ ᠤᠰᠤᠳᠠᠯ᠎ᠤᠨ ᠭᠠᠮᠰᠢᠭ᠎ᠠᠴᠠ ᠪᠤᠯᠵᠦ ᠡᠷᠡᠰᠳᠡᠭᠰᠡᠳᠤᠨ ᠲᠤᠭ᠎ᠠ ᠵᠢ ᠲᠡᠦᠬᠡ ᠵᠢᠨ ᠬᠠᠮᠤᠭ ᠲᠤᠤᠷ᠎ᠠ ᠬᠡᠮᠵᠢᠶᠡᠨ᠎ᠳᠤ ᠬᠦᠷᠭᠡᠪᠡ᠃
〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠣᠯ ᠤᠰᠤᠨ᠎ᠤ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ᠎ᠪᠠᠷ ᠬᠠᠮᠤᠭ᠎ᠤᠨ ᠴᠢᠩᠭ᠎ᠠ ᠲᠠᠪᠤᠨ ᠵᠢᠯ ᠪᠣᠯᠤᠨ᠎ᠠ᠃ ᠤᠯᠤᠰ᠎ᠤᠨ ᠤᠰᠤ ᠵᠢ ᠠᠷᠪᠢᠯᠠᠬᠤ ᠠᠵᠢᠯᠯᠠᠭ᠎ᠠ ᠵᠢᠨ ᠲᠥᠰᠦᠯ᠎ᠨᠢ ᠪᠦᠬᠦ ᠲᠠᠯ᠎ᠠ᠎ᠪᠠᠷ ᠨᠠᠢ᠌ᠳᠠᠪᠦᠷᠢᠵᠢᠭᠤᠯᠤᠭᠳᠠᠵᠦ᠂ ᠬᠠᠮᠤᠭ᠎ᠤᠨ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠦᠷᠢᠮ᠎ᠤᠨ ᠬᠢᠨᠠᠨ ᠰᠢᠯᠭ᠋ᠠᠬᠤ ᠠᠭᠤᠯᠭ᠎ᠠ ᠵᠢᠨ ᠵᠢᠭ᠋ᠠᠯᠳᠠ᠂ ᠠᠷᠭ᠎ᠠ ᠬᠡᠯᠪᠡᠷᠢ᠎ᠳᠤ ᠭᠦᠨᠵᠡᠭᠡᠶ ᠬᠤᠪᠢᠷᠠᠯᠲᠠ ᠭᠠᠷᠴᠤ᠂ ᠬᠣᠷᠸ᠎ᠠ ᠲᠠᠯ᠎ᠠ᠎ᠠᠴᠠ ᠬᠤᠮᠠᠬᠢ ᠲᠠᠯ᠎ᠠ ᠬᠦᠷᠲᠡᠯᠡᠬᠢ ᠤᠰᠤᠨ᠎ᠤ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ ᠰᠢᠰᠲ᠋ᠧᠮ᠎ᠢ ᠠᠩᠬ᠎ᠠ ᠠᠯᠬᠤᠮ ᠪᠠᠶ᠋ᠢᠭᠤᠯᠵᠤ᠂ ᠮᠤᠵᠢ ᠠᠯᠤᠰᠯᠠᠭᠰᠠᠨ ᠭᠣᠣᠯ ᠮᠥᠷᠡᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ᠂ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠬᠠᠮᠢᠶᠠᠷᠤᠨ ᠡᠵᠡᠮᠳᠡᠬᠦ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ ᠲᠠᠯ᠎ᠠ᠎ᠪᠠᠷ ᠪᠣᠳᠠᠳᠦ ᠴᠢᠨᠠᠷ᠎ᠤᠨ ᠠᠬᠢᠯᠲᠠ᠎ᠲᠠᠢ ᠪᠤᠯᠵᠤ᠂ ᠨᠢᠭᠡ ᠪᠦᠯᠦᠭ ᠤᠰᠤ ᠠᠷᠪᠢᠯᠠᠬᠤ ᠪᠠᠷᠢᠮᠵᠢᠶᠠᠨ᠎ᠳᠤ ᠬᠦᠷᠬᠦ ᠦᠭᠡᠢ ᠲᠦᠷᠦᠯ ᠵᠦᠢ᠍ᠯ ᠪᠠ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠠᠴᠠ ᠤᠰᠤ ᠲᠠᠲᠠᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠵᠣᠭᠰᠣᠭ᠋ᠠᠵᠤ᠂ ᠤᠰᠤᠨ᠎ᠤ ᠡᠬᠢ ᠪᠠᠶᠠᠯᠢᠭ᠎ᠤᠨ ᠡᠷᠭᠡᠪᠰᠢ ᠪᠠᠷᠢᠮᠳᠠᠯᠠᠬᠤ ᠬᠢᠵᠠᠭ᠋ᠠᠷᠯᠠᠯ᠎ᠤᠨ ᠦᠢ᠍ᠯᠡᠳᠦᠯ᠎ᠢ ᠮᠡᠳᠡᠭᠳᠡᠮ᠎ᠡ ᠴᠢᠩᠭ᠋ᠠᠳᠬᠠᠪᠠ᠃
〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠣᠯ ᠭᠤᠤᠯ ᠮᠦᠷᠡᠨ ᠨᠠᠭᠤᠷ ᠴᠦᠬᠦᠷᠦᠮ᠎ᠤᠨ ᠠᠮᠢ ᠠᠬᠤᠶ ᠵᠢᠨ ᠰᠠᠶ᠋ᠢᠵᠢᠷᠠᠯᠲᠠ᠎ᠪᠠᠷ ᠬᠠᠮᠤᠭ᠎ᠤᠨ ᠶᠡᠬᠡ ᠲᠠᠪᠤᠨ ᠵᠢᠯ ᠪᠣᠯᠤᠨ᠎ᠠ᠃ ᠭᠣᠣᠯ ᠮᠦᠷᠡᠨ᠎ᠤᠨ ᠳᠠᠷᠤᠭ᠎ᠠ ᠵᠢᠨ ᠳᠦᠷᠢᠮ ᠨᠠᠭᠤᠷ ᠴᠦᠬᠦᠷᠦᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠤᠳᠠᠭ᠋ᠠᠨ ᠵᠢᠯ ᠵᠶ᠋ᠡᠷ ᠬᠤᠷᠠᠮᠳᠤᠭ᠋ᠠᠳ ᠪᠤᠢ ᠪᠣᠯᠤᠭᠰᠠᠨ ᠳᠤᠷ᠎ᠠ᠎ᠪᠠᠷ ᠵᠶ᠋ᠠᠨ ᠡᠵᠡᠯᠡᠬᠦ᠂ ᠳᠤᠷ᠎ᠠ᠎ᠪᠠᠷ ᠵᠶ᠋ᠠᠨ ᠮᠠᠯᠲᠠᠬᠤ᠂ ᠳᠤᠷ᠎ᠠ᠎ᠪᠠᠷ ᠵᠶ᠋ᠠᠨ ᠣᠪᠣᠭ᠋ᠠᠯᠠᠬᠤ᠂ ᠳᠤᠷ᠎ᠠ᠎ᠪᠠᠷ ᠵᠶ᠋ᠠᠨ ᠪᠠᠶ᠋ᠢᠭᠤᠯᠬᠤ ᠠᠰᠠᠭᠤᠳᠠᠯ᠎ᠢ ᠦᠨᠳᠦᠰᠦᠨ᠎ᠳᠡᠭᠡᠨ ᠰᠢᠢᠳᠪᠦᠷᠢᠯᠡᠵᠦ᠂ ᠭᠤᠤᠯ ᠮᠦᠷᠡᠨ ᠨᠠᠭᠤᠷ ᠴᠦᠬᠦᠷᠦᠮ᠎ᠤᠨ ᠳᠦᠷᠰᠦ ᠪᠠᠶ᠋ᠢᠳᠠᠯ᠎ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠪᠠ᠃ ᠬᠥᠷᠥᠰᠥ ᠰᠢᠷᠣᠶ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠪᠠ ᠠᠯᠤᠰ ᠰᠡᠷᠡᠯ᠎ᠤᠨ ᠬᠢᠨᠠᠨ ᠬᠠᠮᠢᠶᠠᠷᠤᠯᠲᠠ ᠵᠢ ᠨᠡᠶ᠋ᠢᠳᠡᠮ ᠬᠡᠷᠡᠭᠵᠢᠭᠦᠯᠵᠦ᠂ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠲᠠᠯᠠᠪᠠᠢ ᠵᠢ 30 ᠲᠦᠮᠡᠨ ᠲᠡᠭᠰᠢ ᠳᠥᠷᠪᠡᠯᠵᠢᠨ ᠺᠢᠯᠣᠮᠧᠲᠷ ᠰᠢᠨ᠎ᠡ᠎ᠪᠠᠷ ᠨᠡᠮᠡᠭᠳᠡᠬᠦᠯᠦᠨ᠂ ᠬᠥᠷᠥᠰᠥ ᠰᠢᠷᠣᠶ ᠵᠢᠨ ᠢᠳᠡᠭᠳᠡᠯ᠎ᠤᠨ ᠲᠠᠯᠠᠪᠠᠢ ᠪᠠ ᠬᠦᠴᠦᠯᠡᠴᠡ ᠵᠢᠨ 〈〈ᠬᠣᠣᠰ ᠪᠠᠭᠤᠷᠠᠯᠲᠠ〉〉 ᠵᠢᠨ ᠬᠠᠨᠳᠤᠰᠢ ᠵᠢ ᠪᠡᠬᠢᠵᠢᠭᠦᠯᠪᠡ᠃ ᠵᠢᠵᠢᠭ ᠤᠰᠤ ᠴᠠᠬᠢᠯᠭ᠋ᠠᠨ᠎ᠤ ᠠᠮᠢ ᠠᠬᠤᠶ ᠵᠢᠨ ᠤᠷᠤᠰᠬᠠᠯ ᠵᠢ ᠠᠯᠬᠤᠮ ᠠᠯᠬᠤᠮ ᠵᠶ᠋ᠠᠷ ᠪᠡᠶᠡᠯᠡᠬᠦᠯᠪᠡ᠃ ᠤᠮᠠᠷᠠᠲᠤ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠳᠠᠭᠰᠠᠨᠢ ᠶᠡᠷᠦᠩᠬᠡᠶ᠋ᠢᠯᠡᠨ ᠵᠠᠰᠠᠬᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠤᠯᠵᠤ᠂ ᠬᠡᠰᠡᠭ ᠭᠠᠵᠠᠷ ᠣᠷᠣᠨ᠎ᠤ ᠭᠠᠵᠠᠷ ᠳᠣᠣᠷᠠᠬᠢ ᠤᠰᠤᠨ᠎ᠤ ᠲᠦᠪᠰᠢᠨ ᠳᠣᠷᠣᠭᠰᠢᠯᠠᠬᠤ᠎ᠪᠠᠨ ᠪᠠᠢ᠌ᠵᠦ ᠲᠡᠭᠡᠭᠰᠢᠯᠡᠪᠡ᠃
〈〈ᠠᠷᠪᠠᠨ ᠭᠤᠷᠪᠠᠳᠤᠭ᠋ᠠᠷ ᠲᠠᠪᠤᠨ ᠵᠢᠯ〉〉 ᠤᠨ ᠬᠤᠭᠤᠴᠠᠭ᠎ᠠ ᠪᠤᠯ ᠬᠦᠳᠡᠭᠡ ᠲᠤᠰᠬᠤᠨ᠎ᠤ ᠤᠰᠤᠨ ᠠᠰᠢᠭᠯᠠᠯᠳᠠ ᠵᠢᠨ ᠲᠤᠯᠭ᠋ᠠᠭᠤᠷᠢ ᠪᠠᠳᠤᠯᠠᠭ᠎ᠠ ᠵᠢᠨ ᠬᠠᠮᠤᠭ᠎ᠤᠨ ᠪᠤᠳᠠᠳᠠᠢ ᠲᠠᠪᠤᠨ ᠵᠢᠯ ᠪᠤᠯᠤᠨ᠎ᠠ᠃ 2.7 ᠳ᠋ᠦᠩᠰᠢᠭᠤᠷ ᠬᠦᠳᠡᠭᠡ ᠲᠤᠰᠬᠤᠨ᠎ᠤ ᠬᠦᠮᠦᠨ ᠠᠮᠠ ᠵᠢᠨ ᠤᠰᠤᠨ᠎ᠤ ᠬᠠᠩᠭ᠋ᠠᠯᠭ᠎ᠠ ᠵᠢᠨ ᠪᠠᠳᠤᠯᠠᠭ᠎ᠠ ᠵᠢᠨ ᠲᠦᠪᠰᠢᠨ᠎ᠢ ᠪᠡᠬᠢᠵᠢᠬᠦᠯᠦᠨ ᠲᠡᠭᠡᠭᠰᠢᠯᠡᠬᠦᠯᠵᠦ᠂ 1710 ᠲᠦᠮᠡᠨ ᠲᠠᠩᠰᠠᠯᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠠᠵᠦ᠂ ᠬᠦᠳᠡᠭᠡ ᠲᠤᠰᠬᠤᠨ᠎ᠤ ᠬᠦᠮᠦᠨ ᠠᠮᠠ ᠵᠢᠨ 83%᠎ᠠᠴᠠ ᠲᠡᠭᠡᠭᠰᠢᠬᠢ᠎ᠨᠢ ᠲᠦᠭᠡᠭᠡᠯ ᠤᠰᠤ ᠭᠡᠷᠡᠭᠯᠡᠪᠡ᠃ ᠨᠢᠬᠡ ᠪᠦᠯᠦᠭ ᠲᠤᠮᠤ ᠲᠤᠮᠳᠠ ᠬᠡᠯᠪᠡᠷᠢ ᠵᠢᠨ ᠤᠰᠤᠯᠠᠯᠳᠠ ᠵᠢᠨ ᠤᠷᠤᠨ ᠪᠠ ᠲᠤᠮᠤ ᠬᠡᠯᠪᠡᠷᠢ ᠵᠢᠨ ᠤᠰᠤᠯᠠᠯᠳᠠ ᠵᠢᠨ ᠬᠦᠭᠡᠷᠭᠡ ᠵᠢᠨ ᠦᠷᠳᠡᠭᠡᠨ᠎ᠤ ᠦᠭᠡᠷᠡᠴᠢᠯᠡᠯᠳᠡ ᠵᠢ ᠪᠡᠶᠡᠯᠡᠬᠦᠯᠵᠦ᠂ ᠰᠡᠷᠭᠦᠭᠡᠨ ᠰᠠᠢ᠌ᠵᠢᠷᠠᠭᠤᠯᠤᠭᠰᠠᠨ ᠤᠰᠤᠯᠠᠯᠳᠠ ᠵᠢᠨ ᠲᠠᠯᠠᠪᠠᠢ ᠵᠢ 2 ᠳ᠋ᠦᠩᠰᠢᠭᠤᠷ ᠢᠯᠡᠬᠦᠦ ᠮᠦ᠍ ᠰᠢᠨ᠎ᠡ᠎ᠪᠠᠷ ᠨᠡᠮᠡᠭᠳᠡᠬᠦᠯᠵᠦ᠂ ᠲᠠᠷᠢᠶᠠᠯᠠᠩ ᠦᠢ᠍ᠯᠡᠰ᠎ᠤᠨ ᠵᠢᠯ ᠲᠠᠷᠠᠭ᠋ᠠᠯᠠᠨ ᠡᠯᠪᠡᠭ ᠬᠤᠷᠢᠶᠠᠯᠳᠠ ᠲᠡᠮᠡᠴᠡᠨ ᠤᠯᠬᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠳᠤᠯᠠᠬᠤ᠎ᠳᠤ ᠪᠠᠳᠤ ᠴᠢᠩᠭ᠎ᠠ ᠪᠠᠳᠤᠯᠠᠭ᠎ᠠ ᠵᠢ ᠬᠠᠩᠭ᠋ᠠᠪᠠ᠃
〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠡᠷᠴᠢᠮ ᠬᠠᠮᠤᠭ᠎ᠤᠨ ᠶᠡᠬᠡ ᠲᠠᠪᠤᠨ ᠵᠢᠯ ᠪᠤᠯᠤᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠭᠦᠨᠵᠡᠭᠡᠶ ᠲᠤᠤᠱᠯᠠᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠪᠦᠬᠦ ᠶᠠᠪᠤᠴᠠ᠎ᠳᠤ ᠴᠢᠩᠭ᠎ᠠ ᠠᠳᠬᠤᠬᠤ ᠭᠤᠤᠯ ᠬᠦᠭ ᠠᠶᠠᠰ᠎ᠢ ᠲᠤᠤᠱᠯᠠᠭᠤᠯᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠵᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠦᠷᠭᠦᠯᠵᠢᠯᠡᠨ ᠴᠢᠩᠭ᠎ᠠ ᠬᠠᠲᠠᠭᠤ ᠪᠣᠯᠭ᠋ᠠᠵᠤ᠂ ᠤᠰᠤᠨ ᠠᠰᠢᠭᠯᠠᠯᠲᠠ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠨᠡᠩ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠴᠡᠭᠴᠡᠯᠡᠨ ᠵᠠᠰᠠᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠵᠠᠰᠠᠭ᠎ᠤᠨ ᠰᠤᠷᠲᠠᠯ ᠠᠵᠢᠯ ᠲᠦᠷᠦᠯ᠎ᠤᠨ ᠰᠤᠷᠲᠠᠯ ᠦᠷᠭᠦᠯᠵᠢᠯᠡᠨ ᠰᠠᠶ᠋ᠢᠵᠢᠷᠠᠵᠤ᠂ ᠺᠠᠳ᠋ᠷ ᠠᠵᠢᠯᠳᠠᠨ᠎ᠤ ᠠᠵᠢᠯ᠎ᠤᠨ ᠰᠤᠷᠲᠠᠯ ᠪᠣᠯᠤᠨ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠳᠤ ᠭᠦᠨᠵᠡᠭᠡᠢ ᠬᠤᠪᠢᠷᠠᠯᠲᠠ ᠭᠠᠷᠪᠠ᠃