ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠬᠢᠭᠤᠯᠬᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2021-05-27

     4 ᠰᠠᠷ᠎ᠠ ᠵᠢᠨ 23᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠠᠴᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠠᠬᠢᠭᠤᠯᠬᠤ ᠬᠤᠷᠠᠯ ᠬᠤᠷᠠᠯᠳᠤᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠪᠥᠭᠡᠳ ᠠᠯᠪᠠᠨ ᠭᠡᠷ᠎ᠤᠨ ᠡᠷᠬᠢᠯᠡᠭᠴᠢ ᠲᠢᠶᠠᠨ ᠰᠢᠦᠸᠠᠢ ᠪᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠬᠤᠷᠠᠯ᠎ᠠᠴᠠ᠂ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ   ᠨᠠᠭ᠋ᠠᠰᠢ᠂ ᠤᠰᠤᠨ ᠠᠰᠢᠭᠯᠠᠯᠲᠠ ᠵᠢᠨ ᠶᠠᠮᠤᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠡᠦᠬᠡ ᠰᠤᠷᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ ᠪᠠ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠨᠡᠭᠡᠭᠡᠬᠦ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠤᠯᠤᠰ ᠲᠥᠷᠥ ᠵᠢᠨ ᠵᠤᠭᠰᠤᠴᠠ᠎ᠪᠠᠨ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠪᠣᠳᠠᠲᠠᠢ ᠠᠵᠢᠯ᠎ᠤᠨ ᠠᠷᠭ᠎ᠠ ᠬᠡᠮᠵᠢᠶ᠎ᠡ ᠠᠪᠴᠤ᠂ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠲᠦᠯᠬᠢᠨ ᠠᠬᠢᠭᠤᠯᠵᠤ ᠢᠯᠡᠷᠬᠡᠢ ᠠᠬᠢᠯᠳᠠ᠎ᠲᠠᠢ ᠪᠤᠯᠪᠠ᠃
      ᠬᠤᠷᠠᠯ᠎ᠠᠴᠠ᠂ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠪᠣᠯ ᠵᠣᠷᠢᠯᠲᠠ ᠵᠢᠨ ᠦᠵᠡᠯ ᠤᠬᠠᠮᠰᠠᠷ᠎ᠢ ᠪᠣᠢ ᠪᠤᠢ ᠪᠤᠯᠭ᠋ᠠᠵᠤ᠂ ᠣᠯᠠᠨ ᠲᠦᠮᠡᠨᠴᠢ ᠱᠤᠭᠤᠮ᠎ᠢ ᠦᠢ᠍ᠯᠡᠳᠦᠯᠭᠡᠵᠢᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠤᠨ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠯᠭ᠋ᠠᠮ᠎ᠠ ᠱᠠᠭ᠋ᠠᠷᠳᠠᠯᠭ᠎ᠠ ᠪᠣᠯᠤᠨ᠎ᠠ᠃ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠲᠡᠭᠡᠭᠰᠢᠯᠡᠬᠦᠯᠵᠦ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠤᠷᠤᠯᠴᠠᠯᠭ᠎ᠠ ᠪᠣᠯᠤᠨ ᠦᠢ᠍ᠯᠡᠳᠦᠯᠭᠡ ᠵᠢ ᠤᠶᠠᠯᠳᠤᠭᠤᠯᠤᠨ᠂ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠣᠯᠠᠨ ᠲᠦᠮᠡᠨ᠎ᠤ ᠬᠦᠴᠢᠷ ᠵᠣᠪᠠᠯᠠᠩ᠎ᠢ ᠢᠳᠡᠪᠬᠢᠲᠡᠢ᠎ᠪᠠᠷ ᠰᠢᠢ᠍ᠳᠪᠦᠷᠢᠯᠡᠨ᠂ ᠨᠠᠮ ᠪᠣᠯᠤᠨ ᠠᠷᠠᠳ ᠲᠦᠮᠡᠨ᠎ᠤ ᠬᠣᠭᠣᠷᠣᠨᠳᠣᠬᠢ ᠴᠢᠰᠤ ᠮᠢᠬᠠᠨ᠎ᠤ ᠬᠠᠷᠢᠯᠴᠠᠭ᠎ᠠ ᠵᠢ ᠨᠢᠭᠲᠠᠷᠠᠭᠤᠯᠬᠤ ᠬᠡᠷᠡᠭᠲᠡᠢ᠃ ᠬᠠᠷᠠᠯᠲᠠ ᠡᠭᠦᠷᠭᠡ ᠵᠢ ᠦᠨᠡᠨ ᠬᠦ᠌ ᠡᠵᠡᠮᠳᠡᠵᠦ᠂ ᠲᠥᠪ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ᠎ᠲᠠᠢ ᠬᠠᠷᠭᠤᠭᠤᠯᠤᠨ᠂ ᠰᠢᠨ᠎ᠡ ᠬᠦᠭᠵᠢᠯᠳᠡ ᠵᠢᠨ ᠤᠢ᠌ᠯᠠᠭ᠋ᠠᠭᠳᠠᠬᠤᠨ᠎ᠢ ᠨᠠᠢ᠌ᠳᠠᠪᠤᠷᠢᠵᠢᠭᠤᠯᠬᠤ ᠵᠢ ᠬᠦᠴᠦᠯᠡᠨ ᠠᠬᠢᠭᠤᠯᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠦᠷ᠎ᠡ ᠪᠦᠳᠦᠭᠡᠯ᠎ᠢ ᠪᠠᠳᠤᠳᠬᠠᠨ ᠦᠷᠭᠡᠳᠭᠡᠵᠦ᠂ ᠠᠷᠠᠳ᠎ᠤᠨ ᠦᠨᠳᠦᠰᠦᠨ ᠠᠮᠢᠳᠤᠷᠠᠯ᠎ᠤᠨ ᠬᠡᠷᠡᠭᠴᠡᠭᠡ ᠵᠢ ᠪᠠᠲᠤᠯᠠᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠥᠭᠡᠷᠡᠴᠢᠯᠡᠯᠲᠡ ᠵᠢ ᠬᠦᠨᠵᠡᠭᠡᠢ᠌ᠷᠡᠬᠦᠯᠵᠦ ᠠᠷᠠᠳ᠎ᠲᠤ ᠳᠥᠭᠥᠮ ᠦᠵᠡᠭᠦᠯᠬᠦ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠡᠷᠭᠡ ᠲᠠᠪᠤᠨ ᠲᠠᠯ᠎ᠠ᠎ᠪᠠᠷ ᠪᠣᠳᠠᠲᠠᠢ ᠠᠵᠢᠯ ᠬᠢᠵᠦ 《ᠪᠢ ᠣᠯᠠᠨ ᠲᠦᠮᠡᠨ᠎ᠤ ᠲᠥᠯᠥᠭᠡ ᠪᠤᠳᠠᠳᠤ ᠶᠠᠪᠤᠳᠠᠯ ᠬᠢᠬᠦ》 ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠵᠣᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠨ᠂ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠤᠲᠤᠷᠬᠠᠢ ᠪᠤᠯᠭ᠋ᠠᠵᠤ᠂ ᠲᠦᠦᠷᠯ ᠬᠤᠪᠢᠶᠠᠨ ᠵᠢᠯᠤᠭᠤᠳᠬᠤ ᠵᠢ ᠰᠠᠢ᠌ᠳᠤᠷ ᠠᠳᠬᠤᠵᠤ᠂ ᠠᠷᠠᠳ᠎ᠤᠨ ᠲᠥᠯᠥᠭᠡ ᠭᠡᠬᠦ ᠤᠭ ᠰᠠᠨᠠᠭ᠎ᠠ᠎ᠪᠠᠨ ᠪᠠᠳᠤ ᠪᠠᠷᠢᠮᠳᠠᠯᠠᠨ᠂ ᠠᠵᠢᠯ᠎ᠤᠨ ᠪᠣᠳᠠᠲᠠᠢ ᠦᠷ᠎ᠡ ᠪᠦᠲᠦᠮᠵᠢ ᠵᠢ ᠡᠷᠬᠢᠮᠯᠡᠨ᠂ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠠᠮᠢᠳᠤᠯᠢᠭ ᠪᠦᠲᠦᠮᠵᠢᠲᠡᠢ ᠦᠢ᠍ᠯᠡᠳᠦᠯᠭᠡ᠎ᠪᠠᠷ ᠳᠠᠮᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠲᠡᠦᠬᠡ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠨᠡᠭᠡᠭᠡᠬᠦ ᠵᠢ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ 7 ᠬᠠᠷᠢᠭᠤᠴᠠᠯᠭ᠋ᠠᠳᠤ ᠵᠤᠷᠭ᠋ᠠᠨ ᠲᠣᠪᠴᠢᠶ᠎ᠠ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠰᠢᠭᠤᠳ ᠵᠣᠬᠢᠶᠠᠨ ᠪᠠᠶ᠋ᠢᠭᠤᠯᠤᠭᠰᠠᠨ ᠪᠠ ᠰᠠᠢ᠌ᠳᠤᠷ ᠡᠷᠬᠢᠯᠡᠬᠦ 8 ᠪᠣᠳᠠᠲᠠᠢ ᠠᠵᠢᠯ᠎ᠤᠨ ᠠᠬᠢᠴᠠ ᠵᠢᠨ ᠪᠠᠶ᠋ᠢᠳᠠᠯ᠎ᠢ ᠬᠠᠷᠢᠭᠤ ᠮᠡᠳᠡᠭᠦᠯᠪᠡ᠃ ᠬᠦᠬᠡᠮᠦ᠋ᠷᠡᠨ᠎ᠤ ᠤᠰᠤᠨ ᠠᠰᠢᠭᠯᠠᠯᠳᠠ ᠵᠢᠨ ᠵᠦᠪᠯᠡᠯ᠂ ᠬᠠᠳᠤᠨ ᠭᠤᠤᠯ᠎ᠤᠨ ᠤᠰᠤᠨ ᠠᠰᠢᠭᠯᠠᠯᠳᠠ ᠵᠢᠨ ᠵᠦᠪᠯᠡᠯ᠂ ᠶᠡᠷᠦᠩᠬᠡᠢ᠌ᠯᠡᠭᠰᠡᠨ ᠠᠵᠢᠯ ᠦᠢ᠍ᠯᠡᠰ᠎ᠤᠨ ᠲᠤᠪᠴᠢᠶ᠎ᠠ᠂ ᠭᠤᠤᠯ ᠮᠦᠷᠡᠨ ᠨᠠᠭᠤᠷ ᠴᠦᠬᠦᠷᠦᠮ᠎ᠤᠨ ᠬᠠᠮᠠᠭ᠋ᠠᠯᠠᠯᠳᠠ ᠵᠢᠨ ᠲᠦᠪ ᠵᠡᠷᠭᠡ 4 ᠪᠠᠢ᠌ᠭᠤᠯᠭ᠎ᠠ ᠲᠤᠰ ᠨᠢᠭᠡᠴᠢ ᠵᠢᠨ ᠵᠶ᠋ᠡᠨ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠦᠷᠨᠢᠬᠦᠯᠦᠭᠰᠡᠨ ᠪᠠᠢ᠌ᠳᠠᠯ ᠵᠶ᠋ᠡᠨ ᠲᠠᠨᠢᠯᠴᠠᠭᠤᠯᠤᠨ ᠰᠤᠯᠢᠯᠴᠠᠪᠠ᠃
      ᠬᠤᠷᠠᠯ᠎ᠢ ᠸᠢᠳᠢᠤ᠋ ᠬᠡᠯᠪᠡᠷᠢ᠎ᠪᠠᠷ ᠬᠤᠷᠠᠯᠳᠤᠭᠤᠯᠵᠠᠢ᠃ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠶᠠᠮᠤᠨ᠎ᠤ ᠪᠠᠶ᠋ᠢᠭᠤᠯᠭ᠎ᠠ ᠵᠢᠨ ᠡᠯ᠎ᠡ ᠵᠤᠷᠭ᠋ᠠᠨ ᠲᠣᠪᠴᠢᠶ᠎ᠠ᠂ ᠪᠡᠭᠡᠵᠢᠩ᠎ᠳᠤ ᠪᠠᠢ᠌ᠭ᠎ᠠ ᠬᠠᠷᠢᠶ᠎ᠠ ᠡᠯ᠎ᠡ ᠨᠢᠭᠡᠴᠢ ᠵᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ ᠨᠥᠬᠥᠳ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠭᠡᠰᠢᠬᠦᠳ᠂ ᠶᠠᠮᠤᠨ᠎ᠤ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠲᠣᠭᠣᠷᠢᠨ ᠵᠢᠭ᠋ᠠᠨ ᠵᠢᠯᠣᠭᠣᠳᠬᠤ ᠳᠤᠭᠤᠶ᠋ᠢᠯᠠᠩ᠎ᠤᠨ ᠡᠯ᠎ᠡ ᠳᠤᠭᠤᠶ᠋ᠢᠯᠠᠩ᠎ᠤᠨ ᠳᠠᠷᠤᠭ᠎ᠠ ᠭᠣᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠪᠠ᠃ ᠪᠡᠭᠡᠵᠢᠩ᠎ᠤᠨ ᠭᠠᠳᠠᠨᠠᠬᠢ ᠰᠢᠭᠤᠳ ᠬᠠᠷᠢᠶ᠎ᠠ ᠨᠢᠭᠡᠴᠢ ᠵᠢᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ ᠨᠥᠬᠥᠳ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠪᠠ 2021 ᠣᠨ᠎ᠤ ᠨᠠᠮ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠶᠠᠮᠤᠨ ᠵᠠᠯᠠᠭᠤ ᠺᠠᠳ᠋ᠷᠴᠤᠳ᠎ᠤᠨ《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠨᠠᠮ ᠵᠶ᠋ᠠᠨ ᠲᠠᠭ᠋ᠠᠬᠤ》 ᠰᠤᠷᠤᠯᠴᠠᠯᠭ᠎ᠠ ᠰᠣᠯᠢᠯᠴᠠᠭ᠋ᠠᠨ᠎ᠤ ᠬᠤᠷᠠᠯ ᠬᠤᠷᠠᠯᠳᠤᠭᠤᠯᠪᠠ
ᠲᠢᠶᠠᠨ ᠰᠢᠦᠸᠠᠢ ᠪᠢᠨ ᠱᠠᠨᠳᠦ᠋ᠩ ᠮᠤᠵᠢ ᠵᠢᠨ ᠬᠠᠲᠤᠨ ᠭᠣᠣᠯ᠎ᠤᠨ ᠤᠰᠤᠯᠤᠯᠲᠠ ᠵᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠲᠢᠶᠠᠨ ᠰᠢᠦᠸᠠᠢ ᠪᠢᠨ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
 
            