ᠲᠤᠰ ᠥᠷᠲᠡᠭᠡᠨ᠎ᠤ ᠮᠡᠳᠡᠭᠡ 3 ᠰᠠᠷ᠎ᠠ ᠵᠢᠨ 1᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠴᠢ 2021 ᠣᠨ᠎ᠤ ᠨᠠᠮ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠯᠢ ᠭᠦᠸᠧ ᠶᠢᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠲᠢᠶᠠᠨ ᠰᠢᠦᠸᠠᠢ ᠪᠢᠨ ᠬᠤᠷᠠᠯ᠎ᠢ ᠡᠷᠬᠢᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠲᠢᠶᠠᠨ ᠶᠧ 《ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠰᠤᠨ ᠠᠰᠢᠭᠯᠠᠯᠲᠠ ᠵᠢᠨ ᠶᠠᠮᠤᠨ᠎ᠤ ᠵᠢᠱ᠌ᠢᠶᠡᠴᠢ ᠪᠠᠶ᠋ᠢᠭᠤᠯᠭ᠎ᠠ ᠡᠭᠦᠳᠦᠨ ᠪᠠᠶ᠋ᠢᠭᠤᠯᠤᠭᠰᠠᠨ ᠲᠡᠷᠢᠭᠦᠨ᠎ᠤ ᠨᠢᠭᠡᠴᠡ ᠵᠢ ᠬᠥᠬᠢᠭᠦᠯᠦᠨ ᠰᠠᠶ᠋ᠢᠰᠢᠶᠠᠬᠤ ᠲᠤᠬᠠᠢ ᠮᠡᠳᠡᠭᠳᠡᠯ》 ᠪᠠ 《ᠨᠢᠭᠡᠳᠦᠭᠡᠷ ᠬᠤᠭᠤᠴᠠᠭ᠋ᠠᠨ᠎ᠤ〈ᠤᠰᠤᠨ ᠠᠰᠢᠭᠯᠠᠯᠲᠠ ᠵᠢᠨ ᠬᠣᠰᠢᠭᠤᠴᠢ ᠨᠠᠮ᠎ᠤᠨ ᠡᠭᠦᠷ〉᠎ᠢ ᠬᠥᠬᠢᠭᠦᠯᠦᠨ ᠰᠠᠶ᠋ᠢᠰᠢᠶᠠᠬᠤ ᠲᠤᠬᠠᠢ ᠮᠡᠳᠡᠭᠳᠡᠯ》 ᠵᠢ ᠵᠠᠷᠯᠠᠵᠤ᠂ ᠶᠠᠮᠤᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠦᠬᠦᠨ᠂ ᠲᠡᠳ᠋ ᠰᠠᠢ᠌ᠳ ᠸᠸᠢ ᠵᠦᠩ ᠱᠠᠨ《 ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠰᠤᠨ ᠠᠰᠢᠭᠯᠠᠯᠳᠠ ᠵᠢᠨ ᠶᠠᠮᠤᠨ᠎ᠤ ᠤᠳᠤᠷᠢᠳᠬᠤ ᠲᠤᠭᠤᠢ᠌ᠯᠠᠩ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠢ ᠬᠡᠷᠡᠭᠵᠢᠬᠦᠯᠬᠦ ᠲᠦᠰᠦᠯ》᠎ᠢ ᠤᠩᠰᠢᠨ ᠵᠠᠷᠯᠠᠪᠠ᠃
ᠯᠢ ᠭᠦᠸᠧ ᠶᠢᠩ ᠵᠢᠭ᠋ᠠᠵᠤ ᠭᠠᠷᠭ᠋ᠠᠭᠰᠠᠨ᠎ᠨᠢ᠂ ᠤᠰᠤᠨ ᠠᠰᠢᠭᠯᠠᠯᠲᠠ ᠵᠢᠨ ᠶᠠᠮᠤᠨ᠎ᠤ ᠥᠷᠭᠡᠨ ᠣᠯᠠᠨ ᠨᠠᠮ᠎ᠤᠨ ᠭᠡᠰᠢᠬᠦᠳ ᠪᠦᠬᠦ ᠨᠠᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠨᠢ ᠡᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠲᠡᠦᠬᠡ ᠵᠢᠨ ᠠᠭᠤᠤ ᠦᠢ᠍ᠯᠡᠰ᠎ᠢ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠦᠨ᠂ ᠢᠲᠡᠭᠡᠯ ᠪᠢᠰᠢᠷᠡᠯ ᠵᠶ᠋ᠡᠨ ᠪᠠᠲᠤᠳᠬᠠᠬᠤ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠦᠨ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠲᠦᠯᠬᠢᠨ ᠠᠬᠢᠭᠤᠯᠵᠤ᠂ ᠨᠠᠮ᠎ᠤᠨ ᠠᠮᠢᠵᠢᠷᠠᠯ᠎ᠢ ᠦᠨᠢᠳᠡ ᠪᠠᠳᠤᠯᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠦᠨ ᠭᠡᠳᠡᠭ᠎ᠢ ᠬᠦᠨᠵᠡᠭᠡᠢ ᠲᠠᠨᠢᠵᠤ᠂ ᠤᠯᠤᠰ ᠲᠦᠷᠦ ᠵᠢᠨ ᠵᠤᠭᠰᠤᠴᠠ᠎ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠪᠠ ᠲᠦᠪ᠎ᠤᠨ ᠪᠠᠢ᠌ᠷᠢᠯᠠᠭᠤᠯᠤᠯᠳᠠ ᠱᠠᠭ᠋ᠠᠷᠳᠠᠯᠭ᠎ᠠ ᠲᠡᠭᠡᠷ᠎ᠡ ᠨᠢᠭᠡᠳᠭᠡᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠢ ᠦᠷᠨᠢᠬᠦᠯᠬᠦ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠦᠷᠦ ᠵᠢᠨ ᠤᠬᠠᠮᠰᠠᠷ᠂ ᠠᠵᠢᠯᠯᠠᠭ᠋ᠠᠠᠨ᠎ᠤ ᠤᠬᠠᠮᠰᠠᠷ ᠵᠶ᠋ᠡᠨ ᠦᠨᠡᠨ ᠬᠦ᠌ ᠴᠢᠩᠭ᠋ᠠᠳᠬᠠᠬᠤ ᠬᠡᠷᠡᠭᠲᠡᠢ ᠭᠡᠪᠡ᠃
ᠯᠢ ᠬᠦᠸᠸ ᠶᠢᠩ ᠴᠢᠬᠤᠯᠠᠴᠢᠯᠠᠭᠰᠠᠨ᠎ᠨᠢ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠡᠦᠬᠡ ᠰᠤᠷᠤᠯᠴᠠᠵᠤ ᠶᠤᠰᠤ ᠣᠴᠢᠷ᠎ᠢ ᠤᠢ᠌ᠯᠠᠭ᠋ᠠᠬᠤ᠂ ᠲᠡᠤᠬᠡ ᠰᠤᠷᠤᠯᠴᠠᠵᠤ ᠢᠳᠡᠭᠡᠯ ᠪᠢᠰᠢᠷᠡᠯ ᠵᠶ᠋ᠡᠨ ᠨᠡᠮᠡᠭᠳᠡᠬᠦᠯᠬᠦ᠂ ᠲᠡᠤᠬᠡ ᠰᠤᠷᠤᠯᠴᠠᠵᠤ ᠶᠤᠰᠤ ᠰᠤᠷᠳᠠᠬᠤᠨ ᠵᠢᠨ ᠡᠷᠬᠢᠮᠯᠡᠬᠦ᠂ ᠲᠡᠤᠬᠡ ᠰᠤᠷᠤᠯᠴᠠᠵᠤ ᠪᠣᠳᠠᠳᠠᠢ ᠠᠵᠢᠯᠯᠠᠬᠤ ᠵᠢ ᠪᠠᠷᠢᠮᠳᠠᠯᠠᠵᠤ᠂《ᠳᠥᠷᠪᠡᠨ ᠤᠬᠠᠮᠰᠠᠷ》 ᠵᠶ᠋ᠠᠨ ᠴᠢᠩᠭ᠋ᠠᠷᠠᠭᠤᠯᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠬᠢᠵᠦ ᠲᠡᠢ᠌ᠯᠬᠦ ᠬᠡᠷᠡᠭᠲᠡᠢ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢᠨ ᠲᠣᠬᠢᠷᠠᠭᠤᠯᠤᠯᠲᠠ ᠵᠢ ᠣᠨᠣᠪᠴᠢᠲᠠᠢ ᠡᠵᠡᠮᠳᠡᠵᠦ᠂ ᠣᠯᠠᠨ ᠲᠦᠮᠡᠨ᠎ᠤ ᠬᠠᠮᠤᠭ᠎ᠠᠴᠠ ᠰᠡᠳᠬᠢᠯ ᠲᠠᠯᠪᠢᠵᠤ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠤᠰᠤᠨ᠎ᠳᠤ ᠬᠣᠯᠪᠣᠭᠳᠠᠭᠰᠠᠨ ᠨᠢᠭᠡ ᠪᠦᠯᠦᠭ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠨᠠᠮ᠎ᠤᠨ ᠲᠡᠦᠬᠡ ᠵᠢ ᠰᠤᠷᠤᠯᠴᠠᠨ᠂ ᠦᠵᠡᠯ ᠰᠠᠨᠠᠭ᠎ᠠ ᠵᠢ ᠤᠢ᠌ᠯᠠᠭ᠋ᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶ᠋ᠢᠳᠠᠯ᠎ᠢ ᠨᠡᠭᠡᠭᠡᠬᠦ ᠵᠢ ᠬᠢᠵᠦ ᠲᠡᠢ᠌ᠯᠬᠦ ᠬᠡᠷᠡᠭᠲᠡᠢ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠯᠤᠰ ᠲᠥᠷᠥ ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠵᠥᠪ ᠤᠳᠤᠷᠢᠳᠤᠮᠵᠢ ᠵᠢ ᠡᠵᠡᠮᠳᠡᠵᠦ᠂ ᠪᠣᠳᠠᠲᠠᠢ ᠦᠷ᠎ᠡ ᠪᠦᠲᠦᠮᠵᠢ ᠵᠢ ᠴᠢᠬᠤᠯᠠᠴᠢᠯᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠲᠥᠪ᠎ᠤᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠎ᠲᠠᠢ ᠤᠶᠠᠯᠳᠤᠭᠤᠯᠵᠤ᠂ ᠰᠢᠨ᠎ᠡ ᠱᠠᠲᠤᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠯᠤᠭ᠎ᠠ ᠤᠶᠠᠯᠳᠤᠭᠤᠯᠵᠤ᠂ ᠥᠨᠳᠥᠷ ᠪᠠᠷᠢᠮᠵᠢᠶ᠎ᠠ᠎ᠪᠠᠷ ᠲᠦᠯᠬᠢᠨ ᠠᠬᠢᠭᠤᠯᠵᠤ᠂ ᠴᠢᠨᠠᠷ ᠰᠠᠶ᠋ᠢᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠪᠡ᠃
ᠯᠢ ᠬᠦᠸᠸ ᠶᠢᠩ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠵᠶ᠋ᠡᠷ ᠲᠣᠬᠢᠶᠠᠯ ᠪᠣᠯᠭ᠋ᠠᠵᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠪᠠᠶ᠋ᠢᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃ ᠣᠨᠣᠯ᠎ᠤᠨ ᠵᠡᠪᠰᠡᠭᠯᠡᠯᠢ ᠠᠳᠬᠤᠬᠤ᠎ᠪᠠᠷ ᠬᠦᠴᠦᠯᠡᠨ ᠴᠢᠷᠮᠠᠶ᠋ᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠶᠠᠪᠤᠳᠠᠯ᠎ᠢ ᠤᠷᠲᠤ ᠬᠤᠭᠤᠴᠠᠭ᠋ᠠᠨ᠎ᠤ ᠤᠯᠤᠰ ᠲᠥᠷᠥ ᠵᠢᠨ ᠡᠭᠦᠷᠭᠡ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠠᠰᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ ᠬᠡᠷᠡᠭᠲᠡᠢ᠃ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠠᠳᠬᠤᠬᠤ ᠳᠡᠭᠡᠷ᠎ᠡ ᠬᠦᠴᠦ ᠲᠠᠯᠪᠢᠵᠤ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠵᠠᠰᠠᠬᠤ 《ᠰᠢᠪᠲᠤᠯᠤᠯᠲᠠ ᠵᠢᠨ ᠲᠠᠢ᠌ᠯᠠᠯᠳᠤᠭ᠋ᠠᠨ》᠎ᠢ ᠬᠦᠴᠦᠯᠡᠨ ᠰᠠᠶ᠋ᠢᠲᠤᠷ ᠬᠢᠵᠦ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠠᠷ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠦᠨ᠂ ᠨᠢᠭᠡᠳᠦᠭᠡᠷ ᠹᠷᠣᠨᠲ᠎ᠤᠨ ᠡᠩᠨᠡᠭᠡ ᠵᠢ ᠰᠠᠶ᠋ᠢᠲᠤᠷ ᠪᠠᠢ᠌ᠭᠤᠯᠬᠤ ᠬᠡᠷᠡᠭᠲᠡᠢ᠃ ᠦᠨᠳᠦᠰᠦᠨ ᠱᠠᠳᠤᠨ᠎ᠤ ᠰᠠᠭᠤᠷᠢ ᠠᠵᠢᠯ᠎ᠢ] ᠰᠠᠢ᠌ᠳᠤᠷ ᠬᠢᠬᠦ ᠲᠡᠭᠡᠷ᠎ᠡ ᠬᠦᠴᠦᠯᠡᠵᠦ᠂ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠢ ᠲᠥᠪ ᠪᠣᠯᠭ᠋ᠠᠵᠤ᠂ ᠨᠠᠮ᠎ᠤᠨ ᠡᠭᠦᠷ᠎ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠨᠠᠮ᠎ᠤᠨ ᠡᠬᠦᠷ᠎ᠤᠨ ᠪᠦᠳᠦᠭᠡᠨ ᠪᠠᠢ᠌ᠭᠤᠯᠤᠯᠳᠠ ᠪᠠ ᠨᠠᠮ᠎ᠤᠨ ᠭᠡᠰᠢᠬᠦᠨ᠎ᠤ ᠬᠦᠮᠦᠵᠢᠯ᠎ᠤᠨ ᠬᠠᠮᠢᠶᠠᠷᠤᠯᠳᠠ ᠵᠢ ᠪᠦᠬᠦ ᠲᠠᠯ᠎ᠠ᠎ᠪᠠᠷ ᠴᠢᠩᠭ᠋ᠠᠷᠠᠭᠤᠯᠬᠤ ᠬᠡᠷᠡᠭᠲᠡᠢ᠃ ᠰᠤᠷᠳᠠᠯ᠎ᠢ ᠴᠡᠭᠴᠡᠯᠡᠨ ᠰᠠᠬᠢᠯᠭ᠎ᠠ ᠵᠢ ᠵᠢᠷᠤᠮᠯᠠᠬᠤ ᠲᠡᠭᠡᠷ᠎ᠡ ᠬᠦᠴᠦᠨ ᠵᠶ᠋ᠡᠨ ᠲᠦᠪᠯᠡᠷᠡᠬᠦᠯᠦᠨ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠲᠠᠪᠤᠳᠤᠭ᠋ᠠᠷ ᠤᠳᠠᠭ᠋ᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠢᠭᠯᠡᠯᠲᠡ ᠵᠢ ᠪᠠᠷᠢᠮᠳᠠᠯᠠᠨ᠂ ᠭᠣᠣᠯ ᠬᠥᠭ ᠠᠶᠠᠰ ᠴᠢᠩᠭ᠎ᠠ ᠪᠠᠷᠢᠮᠳᠠᠯᠠᠨ᠂ ᠬᠢᠨᠠᠯᠳᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠨ᠂ ᠢᠯᠵᠢᠷᠡᠬᠦ ᠵᠣᠷᠢᠭ ᠦᠭᠡᠢ᠂ ᠢᠯᠵᠢᠷᠡᠵᠦ ᠪᠤᠯᠬᠤ ᠦᠭᠡᠢ᠂ ᠢᠯᠵᠢᠷᠠᠬᠤ ᠳᠤᠷ᠎ᠠ ᠦᠭᠡᠢ ᠪᠠᠶ᠋ᠢᠬᠤ ᠵᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠳᠠᠭ᠋ᠠᠭᠤᠯᠤᠨ ᠨᠠᠮ᠎ᠤᠨ ᠪᠠᠶ᠋ᠢᠭᠤᠯᠤᠯᠲᠠ ᠵᠢ ᠠᠳᠬᠤᠵᠤ᠂ ᠱᠦᠵᠢ ᠲᠠᠭ᠋ᠠᠭᠤᠯᠤᠨ ᠠᠳᠬᠤᠬᠤ ᠵᠢ ᠪᠠᠷᠢᠮᠳᠠᠯᠠᠵᠤ᠂ ᠪᠠᠢ᠌ᠭᠤᠯᠭ᠎ᠠ ᠵᠢ ᠱᠠᠭ᠋ᠠᠷᠳᠠᠨᠢ ᠲᠠᠭ᠋ᠠᠭᠤᠯᠬᠤ ᠵᠢ ᠪᠠᠷᠢᠮᠳᠠᠯᠠᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠡᠶ᠋ᠢᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠦ ᠱᠠᠭ᠋ᠠᠷᠳᠠᠯᠭ᠎ᠠ ᠲᠤᠷᠠᠳᠪᠠ᠃
ᠬᠤᠷᠠᠯ᠎ᠢ ᠸᠢᠳᠢᠤ᠋ ᠬᠡᠯᠪᠡᠷᠢ᠎ᠪᠠᠷ ᠶᠠᠪᠤᠭᠳᠠᠭᠤᠯᠪᠠ ᠶᠠᠮᠤᠨ᠎ᠤ ᠶᠡᠷᠦᠩᠬᠡᠢ ᠠᠵᠤ ᠠᠬᠤᠢ᠌ᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤᠴᠠᠯᠭ᠋ᠠᠲᠠᠨ ᠨᠥᠬᠥᠳ᠂ ᠪᠠᠢ᠌ᠭᠤᠯᠭ᠎ᠠ ᠵᠢᠨ ᠡᠯ᠎ᠡ ᠵᠤᠷᠭ᠋ᠠᠨ ᠲᠤᠪᠴᠢᠶᠠᠨ᠎ᠤ ᠭᠣᠣᠯ ᠬᠠᠷᠢᠭᠤᠴᠠᠯᠭ᠋ᠠᠲᠠᠨ ᠨᠥᠬᠥᠳ᠂ ᠪᠡᠭᠡᠵᠢᠩ᠎ᠳᠤ ᠪᠠᠶ᠋ᠢᠭ᠎ᠠ ᠰᠢᠭᠤᠳ ᠬᠠᠷᠢᠶ᠎ᠠ ᠨᠢᠭᠡᠴᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ ᠭᠤᠤᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠵᠠᠢ᠃ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠣᠪᠴᠢᠶᠠᠨ᠎ᠤ ᠳᠡᠰ᠎ᠤᠨ ᠤᠳᠤᠷᠢᠳᠬᠤ ᠺᠠᠳ᠋ᠷ᠂ ᠪᠠᠶ᠋ᠢᠭᠤᠯᠭ᠎ᠠ ᠵᠢᠨ ᠡᠯ᠎ᠡ ᠵᠤᠷᠭ᠋ᠠᠨ ᠲᠣᠪᠴᠢᠶ᠎ᠠ ᠪᠣᠯᠤᠨ ᠪᠡᠭᠡᠵᠢᠩ᠎ᠳᠤ ᠪᠠᠢ᠌ᠭ᠎ᠠ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠪᠡᠭᠡᠵᠢᠩ᠎ᠠᠴᠠ ᠭᠠᠳᠠᠨᠠᠬᠢ ᠰᠢᠭᠤᠳ ᠬᠠᠷᠢᠶ᠎ᠠ ᠨᠢᠭᠡᠴᠢ ᠵᠢᠨ ᠵᠤᠷᠭ᠋ᠠᠨ ᠲᠣᠪᠴᠢᠶᠠᠨ᠎ᠤ ᠳᠡᠰ᠎ᠠᠴᠠ ᠳᠡᠭᠡᠭᠰᠢᠬᠢ ᠤᠳᠤᠷᠢᠳᠬᠤ ᠺᠠᠳ᠋ᠷ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠤᠷᠤᠯᠴᠠᠪᠠ᠃