ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ 1 ᠰᠠᠷ᠎ᠠ ᠵᠢᠨ 25᠎ᠤ ᠡᠳᠦᠷ᠎ᠤᠨ ᠮᠡᠳᠡᠭᠡ ᠰᠤᠷᠪᠤᠯᠵᠢᠯᠠᠭᠴᠢ 25᠎ᠤ ᠡᠳᠦᠷ ᠪᠡᠭᠡᠵᠢᠩ᠎ᠳᠤ ᠬᠤᠷᠠᠯᠳᠤᠭᠰᠠᠨ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷ᠎ᠡ᠎ᠠᠴᠠ ᠣᠶ᠋ᠢᠯᠠᠭ᠋ᠠᠭᠰᠠᠨ᠎ᠨᠢ᠂ 2020 ᠣᠨ᠎ᠳᠤ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠳᠠ ᠰᠢᠢ᠍ᠳᠪᠦᠷᠢ ᠵᠢ ᠡᠷᠡᠰ ᠲᠤᠤᠱᠯᠠᠭᠤᠯᠵᠦ᠂ 〈〈ᠠᠷᠪᠠᠨ ᠵᠢᠷᠭᠤᠭ᠋ᠠᠨ ᠥᠰᠥᠭ》᠎ᠤᠨ ᠤᠰᠤ ᠵᠠᠰᠠᠬᠤ ᠰᠡᠳᠬᠢᠮᠵᠢ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠭᠦᠨᠵᠡᠭᠡᠶ ᠦᠢ᠍ᠯᠡᠳᠦᠯᠭᠡᠵᠢᠬᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠤᠯᠬᠤ ᠪᠠ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠲᠥᠯᠥᠪᠵᠢᠭᠦᠯᠭᠡ ᠵᠢᠨ ᠲᠡᠭᠦᠰᠬᠡᠯ᠎ᠤᠨ ᠬᠦᠨᠳᠦ ᠡᠭᠦᠷᠭᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠣᠯᠤᠨ ᠬᠣᠪᠣᠷ ᠲᠣᠬᠢᠶᠠᠯᠳᠤᠬᠤ ᠦᠶᠡᠷ᠎ᠤᠨ ᠪᠠᠶ᠋ᠢᠳᠠᠯ᠎ᠤᠨ ᠶᠡᠬᠡ ᠰᠢᠯᠭ᠋ᠠᠯᠲᠠ ᠵᠢᠨ ᠡᠮᠦᠨ᠎ᠡ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠬᠦᠴᠢᠷ ᠪᠡᠷᠬᠡ ᠵᠢ ᠲᠠᠪᠠᠨ ᠲᠤᠭᠤᠯᠵᠦ᠂ ᠦᠨᠡᠨ ᠪᠣᠳᠠᠲᠠᠢ ᠠᠵᠢᠯᠯᠠᠵᠤ᠂ ᠤᠯᠠᠨ ᠳᠠᠪᠬᠤᠷ ᠥᠷᠢᠰᠥᠯᠳᠦᠭᠡᠨ᠎ᠤ ᠳᠣᠣᠷ᠎ᠠ ᠤᠰᠤᠨ ᠠᠰᠢᠭᠯᠠᠯᠲᠠ ᠵᠢᠨ ᠠᠵᠢᠯ᠎ᠢ ᠠᠬᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃
ᠬᠤᠷᠠᠯ᠎ᠠᠴᠠ᠂ 2020 ᠣᠨ᠎ᠳᠤ ᠭᠤᠷᠪᠠᠨ ᠶᠡᠬᠡ ᠶᠠᠪᠤᠳᠠᠯ᠎ᠢ ᠴᠢᠩᠭ᠎ᠠ ᠠᠳᠬᠤᠪᠠ ᠭᠡᠵᠦ ᠵᠢᠭ᠋ᠠᠵᠦ ᠭᠠᠷᠭ᠋ᠠᠪᠠ᠃ ᠨᠢᠭᠡ᠎ᠳᠤ᠂ ᠤᠰᠤᠨ ᠠᠰᠢᠭᠯᠠᠯᠲᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠲᠠᠢ᠌ᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠢ᠌ᠳᠤᠷ ᠬᠢᠪᠡ᠃ ᠬᠦᠳᠡᠭᠡ ᠲᠤᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠬᠦᠯᠦᠨ ᠲᠡᠭᠡᠭᠰᠢᠯᠡᠬᠦᠯᠬᠦ ᠢᠨᠵᠸᠨ᠋ᠷᠢᠩᠢ ᠬᠦᠴᠦᠳᠠᠢ ᠭᠡᠷᠡᠭᠵᠢᠬᠦᠯᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ᠎ᠤ ᠬᠦᠳᠡᠭᠡ ᠲᠤᠰᠬᠤᠨ᠎ᠤ ᠤᠰᠤᠨ᠎ᠤ ᠬᠠᠩᠭ᠋ᠠᠯᠭ᠎ᠠ ᠵᠢᠨ ᠢᠨᠵᠸᠨ᠋ᠷᠢᠩᠤᠨ ᠪᠦᠳᠦᠭᠡᠨ ᠪᠠᠢ᠌ᠭᠤᠯᠤᠯᠳᠠ ᠵᠢ ᠬᠦᠮᠦᠨ ᠲᠤᠮᠢᠯᠠᠨ ᠱᠠᠯᠠᠪᠳᠠᠭᠤᠯᠵᠦ᠂ ᠤᠳᠤ ᠵᠢᠨ ᠭᠡᠷᠡᠭᠵᠢᠬᠦᠯᠵᠦ ᠪᠠᠢ᠌ᠭ᠎ᠠ ᠪᠠᠷᠢᠮᠵᠢᠶ᠎ᠠ ᠲᠤᠤᠷᠠᠬᠢ ᠶᠠᠳᠠᠭᠤ ᠬᠦᠴᠢᠷᠳᠡᠯᠳᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠪᠡ᠃ 975 ᠲᠦᠮᠡᠨ ᠬᠦᠮᠦᠨ ᠠᠮᠠ ᠵᠢᠨ ᠤᠤᠭᠤᠬᠤ ᠤᠰᠤᠨ᠎ᠤ ᠹᠯᠤᠷ ᠪᠠᠷᠢᠮᠵᠢᠶᠠᠨ᠎ᠠᠴᠠ ᠭᠡᠳᠦᠷᠡᠭᠰᠡᠨ ᠵᠢ ᠵᠠᠰᠠᠬᠤ ᠵᠢ ᠪᠡᠶᠡᠯᠡᠬᠦᠯᠵᠦ᠂ 120 ᠲᠦᠮᠡᠨ ᠬᠦᠮᠦᠨ᠎ᠤ ᠤᠤᠭᠤᠬᠤ ᠤᠰᠤ᠎ᠨᠢ ᠭᠠᠰᠢᠭᠤᠨ ᠱᠤᠷᠪᠤᠭ ᠠᠰᠠᠭᠤᠳᠠᠯ᠎ᠢ ᠰᠢᠢ᠍ᠳᠪᠦᠷᠢᠯᠡᠵᠦ᠂ ᠬᠦᠳᠡᠭᠡ ᠲᠤᠰᠬᠤᠨ᠎ᠤ 4233 ᠲᠦᠮᠡᠨ ᠬᠦᠮᠦᠨ ᠠᠮᠠ ᠵᠢᠨ ᠤᠰᠤᠨ᠎ᠤ ᠬᠠᠩᠭ᠋ᠠᠯᠭ᠎ᠠ ᠵᠢᠨ ᠪᠠᠳᠤᠯᠠᠭ᠎ᠠ ᠵᠢᠨ ᠲᠦᠪᠰᠢᠨ᠎ᠢ ᠲᠡᠭᠡᠭᠰᠢᠯᠡᠬᠦᠯᠪᠡ᠃ ᠪᠡᠯᠡ ᠤᠷᠤᠭᠤᠯᠤᠯᠳᠠ ᠵᠶ᠋ᠠᠷ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠨ᠂ 832 ᠶᠠᠳᠠᠭᠤ ᠬᠦᠴᠢᠷᠳᠡᠯᠳᠠᠢ ᠰᠢᠶᠠᠨ᠎ᠤ ᠤᠰᠤᠨ ᠠᠰᠢᠭᠯᠠᠯᠳᠠ ᠵᠢᠨ ᠪᠡᠯᠡ ᠤᠷᠤᠭᠤᠯᠤᠯᠳᠠ ᠵᠢ 1863 ᠳ᠋ᠦᠩᠰᠢᠭᠤᠷ ᠲᠦᠭᠦᠷᠢᠭ ᠨᠠᠢ᠌ᠳᠠᠪᠦᠷᠢᠵᠢᠭᠤᠯᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ᠎ᠤ ᠦᠶᠡᠷ᠎ᠠᠴᠠ ᠰᠡᠷᠬᠡᠢ᠌ᠯᠡᠬᠦ᠂ ᠤᠰᠤᠨ᠎ᠤ ᠬᠠᠩᠭ᠋ᠠᠯᠭ᠎ᠠ᠂ ᠤᠰᠤᠯᠠᠯᠳᠠ ᠵᠡᠷᠭᠡ ᠤᠰᠤᠨ ᠠᠰᠢᠭᠯᠠᠯᠳᠠ ᠵᠢᠨ ᠦᠨᠳᠦᠰᠦᠨ ᠪᠦᠳᠦᠭᠡᠨ ᠪᠠᠢ᠌ᠭᠤᠯᠤᠯᠳᠠ ᠵᠢᠨ ᠲᠡᠭᠦᠯᠳᠡᠷᠵᠢᠬᠦᠯᠦᠯᠳᠡ ᠵᠢ ᠲᠦᠷᠭᠡᠳᠬᠡᠪᠡ᠃ ᠤᠰᠤᠨ ᠠᠰᠢᠭᠯᠠᠯᠳᠠ ᠵᠢᠨ ᠢᠨᠵᠸᠨ᠋ᠷᠢᠩᠤᠨ ᠪᠦᠳᠦᠭᠡᠨ ᠪᠠᠢ᠌ᠭᠤᠯᠤᠯᠳᠠ ᠵᠢᠨ ᠬᠠᠮᠢᠶᠠᠷᠤᠭᠴᠢ ᠵᠢᠨ ᠠᠵᠢᠯ᠎ᠤᠨ ᠪᠠᠢ᠌ᠷᠢ᠎ᠨᠢ 24 ᠲᠦᠮᠡᠨ ᠶᠠᠳᠠᠭᠤ ᠬᠦᠴᠢᠷᠳᠡᠯᠳᠠᠢ ᠬᠦᠮᠦᠨ ᠠᠮᠠ᠎ᠳᠤ ᠠᠵᠢᠯ ᠤᠯᠭᠤᠵᠦ᠂ ᠬᠦᠳᠡᠭᠡ ᠲᠤᠰᠬᠤᠨ᠎ᠤ ᠤᠰᠤ ᠴᠠᠬᠢᠯᠭ᠋ᠠᠨ ᠵᠶ᠋ᠠᠷ ᠶᠠᠳᠠᠭᠤ ᠵᠢ ᠲᠡᠳᠬᠦᠬᠦ ᠢᠨᠵᠸᠨ᠋ᠷᠢᠩᠨᠢ ᠨᠡᠢ᠌ᠳᠡ 9.6 ᠲᠦᠮᠡᠨ ᠶᠠᠳᠠᠭᠤ ᠬᠦᠴᠢᠷᠳᠡᠯᠳᠠᠢ ᠡᠷᠦᠭᠡ ᠵᠢ ᠬᠠᠪᠰᠤᠷᠤᠨ ᠲᠡᠳᠬᠦᠪᠡ᠃ ᠤᠰᠤᠨ ᠠᠰᠢᠭᠯᠠᠯᠳᠠ ᠵᠢᠨ ᠴᠡᠭ ᠲᠤᠭᠳᠠᠭ᠋ᠠᠨ ᠬᠠᠪᠰᠤᠷᠤᠨ ᠲᠡᠳᠬᠦᠬᠦ ᠠᠵᠢᠯ᠎ᠢ ᠦᠷᠬᠦᠯᠵᠢᠯᠡᠨ ᠲᠦᠯᠬᠢᠨ ᠠᠬᠢᠭᠤᠯᠵᠦ᠂ ᠡᠯ᠎ᠡ ᠲᠦᠷᠦᠯ᠎ᠤᠨ ᠡᠭᠦᠷᠭᠡ ᠵᠢ ᠴᠦᠮ ᠲᠠᠪᠠᠭᠤᠯᠤᠨ ᠪᠡᠶᠡᠯᠡᠬᠦᠯᠪᠡ᠃ ᠭᠡᠷᠡᠭᠯᠡᠭᠡ᠎ᠪᠠᠷ ᠶᠠᠳᠠᠭᠤ ᠵᠢ ᠲᠡᠳᠬᠦᠬᠦ ᠬᠦᠴᠦᠯᠡᠴᠡ᠎ᠪᠠᠨ ᠨᠡᠮᠡᠭᠳᠡᠬᠦᠯᠦᠨ᠂ ᠰᠠᠯᠠᠭ᠎ᠠ ᠮᠦᠴᠢᠷ᠎ᠤᠨ ᠬᠠᠷᠢᠶᠠᠳᠤ ᠺᠠᠳ᠋ᠷ ᠠᠵᠢᠯᠳᠠᠨ᠎ᠨᠢ ᠶᠠᠳᠠᠭᠤ ᠬᠦᠴᠢᠷᠳᠡᠯᠳᠠᠢ ᠭᠠᠵᠠᠷ ᠤᠷᠤᠨ᠎ᠤ 564 ᠲᠦᠮᠡᠨ ᠲᠦᠭᠦᠷᠢᠭ᠎ᠤᠨ ᠲᠠᠷᠢᠶᠠᠯᠠᠩ᠎ᠤᠨ ᠪᠦᠳᠦᠭᠡᠭᠳᠡᠬᠦᠨ᠎ᠢ ᠬᠤᠳᠠᠯᠳᠤᠨ ᠠᠪᠴᠦ᠂ 1356 ᠲᠦᠮᠡᠨ ᠲᠦᠭᠦᠷᠢᠭ᠎ᠤᠨ ᠪᠦᠳᠦᠭᠡᠭᠳᠡᠭᠦᠨ᠎ᠢ ᠬᠠᠪᠰᠤᠷᠤᠨ ᠪᠤᠷᠤᠯᠠᠭᠤᠯᠤᠭᠰᠠᠨ ᠪᠠᠢ᠌ᠨ᠎ᠠ᠃ ᠶᠦᠨᠨᠠᠨ ᠭᠤᠸᠠᠩᠰᠢ ᠭᠦᠢ᠍ᠵᠧᠦ ᠵᠢᠨ ᠬᠠᠢ᠌ᠷᠬᠠᠭᠵᠢᠯ ᠵᠠᠯᠭ᠋ᠠᠯᠳᠤᠭᠰᠠᠨ ᠣᠷᠣᠨ᠎ᠤ ᠬᠠᠷᠢᠯᠴᠠᠬᠤ ᠨᠢᠭᠡᠴᠢ ᠵᠢᠨ ᠲᠤᠰᠢᠶᠠᠯ ᠬᠠᠷᠢᠭᠤᠴᠠᠯᠭ᠎ᠠ ᠵᠢ ᠬᠢᠨᠠᠮᠠᠭ᠋ᠠᠶ ᠭᠦᠢ᠍ᠴᠡᠳᠬᠡᠵᠦ᠂ ᠵᠠᠯᠭ᠋ᠠᠯᠳᠤᠭᠰᠠᠨ ᠣᠷᠣᠨ᠎ᠤ ᠣᠷᠣᠨ ᠪᠦᠰᠡ ᠵᠢᠨ ᠬᠥᠭᠵᠢᠯᠲᠡ ᠬᠢᠭᠡᠳ ᠶᠠᠳᠠᠭᠤ᠎ᠠᠴᠠ ᠠᠩᠭᠢᠵᠢᠷᠠᠭᠤᠯᠬᠤ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠲᠦᠯᠬᠢᠨ ᠠᠬᠢᠭᠤᠯᠪᠠ᠃ ᠦᠵᠡᠰᠬᠦᠯᠡᠩᠲᠦ ᠰᠠᠶ᠋ᠢᠬᠠᠨ ᠬᠡᠷ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠨᠡᠬᠦᠯᠬᠡᠨ ᠰᠢᠯᠵᠢᠬᠦᠯᠬᠦ ᠪᠠ ᠠᠵᠤ ᠦᠢᠯᠡᠰ ᠵᠶ᠋ᠡᠷ ᠲᠡᠳᠬᠦᠨ ᠵᠢ ᠳᠡᠮᠵᠢᠵᠦ᠂ ᠨᠡᠬᠦᠯᠬᠡᠨ ᠰᠢᠯᠵᠢᠬᠦᠯᠦᠭᠰᠡᠨ ᠶᠠᠳᠠᠭᠤ ᠬᠦᠴᠢᠷᠳᠡᠯᠲᠡᠶ ᠠᠷᠠᠳ᠎ᠤᠨ ᠣᠷᠣᠯᠭ᠎ᠠ ᠵᠢ ᠦᠷᠭᠦᠯᠵᠢᠯᠡᠨ ᠳᠡᠭᠡᠭᠰᠢᠯᠡᠭᠦᠯᠪᠡ᠃ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠴᠢᠳᠠᠪᠤᠷᠢᠲᠠᠨ ᠪᠣᠯᠤᠨ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠳᠡᠯᠡᠬᠡᠢ ᠵᠢᠨ ᠪᠠᠩᠬᠢ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ ᠵᠡᠷᠭᠡ 7 ᠵᠣᠬᠢᠶᠠᠨ ᠪᠠᠶ᠋ᠢᠭᠤᠯᠤᠯᠲᠠ᠎ᠠᠴᠠ 〈〈ᠵᠠᠬᠢᠶᠠᠯᠠᠭ᠎ᠠ ᠵᠢᠨ ᠬᠡᠯᠪᠡᠷᠢ〉〉 ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ 〈〈ᠪᠦᠬᠦ ᠪᠥᠮᠪᠥᠷᠴᠡᠭ᠎ᠤᠨ ᠬᠠᠮᠤᠭ᠎ᠤᠨ ᠰᠠᠢ᠌ᠨ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠠᠭ᠋ᠠᠰᠬᠠᠭᠰᠠᠨ ᠵᠢᠱ᠌ᠢᠶ᠎ᠠ〉〉᠎ᠪᠠᠷ ᠦᠨᠡᠯᠡᠪᠡ᠃ ᠬᠣᠶᠠᠷ᠎ᠲᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠴᠢᠬᠤᠯᠠ ᠶᠡᠬᠡ ᠢᠯᠠᠯᠲᠠ ᠵᠢ ᠲᠡᠮᠡᠴᠡᠨ ᠤᠯᠪᠠ᠃ 2020 ᠣᠨ᠎ᠳᠤ᠂ ᠮᠠᠨ᠎ᠤ ᠤᠯᠤᠰ᠎ᠲᠤ 1998 ᠣᠨ᠎ᠠᠴᠠ ᠨᠠᠭ᠋ᠠᠰᠢᠬᠢ ᠬᠠᠮᠤᠭ᠎ᠤᠨ ᠬᠦᠨᠳᠦ ᠦᠶᠡᠷ᠎ᠤᠨ ᠪᠠᠶ᠋ᠢᠳᠠᠯ ᠭᠠᠷᠴᠤ᠂ ᠪᠦᠬᠦ ᠤᠯᠤᠰ᠎ᠲᠤ ᠨᠡᠶ᠋ᠢᠲᠡ 21 ᠤᠳᠠᠭ᠎ᠠ ᠵᠢᠨ ᠳ᠋ᠤᠭ᠋ᠠᠷᠯᠠᠬᠤ ᠪᠠᠷᠢᠮᠵᠢᠶᠠᠨ᠎ᠳᠤ ᠬᠦᠷᠦᠭᠰᠡᠨ ᠦᠶᠡᠷ ᠭᠠᠷᠴᠤ᠂ 836 ᠭᠣᠣᠯ ᠮᠥᠷᠡᠨ᠎ᠳᠤ ᠰᠡᠷᠭᠡᠶ᠋ᠢᠯᠡᠯᠲᠡ ᠵᠢᠨ ᠤᠰᠤᠨ ᠲᠦᠪᠰᠢᠨ᠎ᠠᠴᠠ ᠳᠠᠪᠠᠭᠰᠠᠨ ᠦᠶᠡᠷ᠎ᠤᠨ ᠤᠰᠤ ᠢᠯᠡᠷᠡᠵᠦ᠂ ᠨᠡᠯᠢᠶᠡᠳ ᠣᠯᠠᠨ ᠵᠢᠯ᠎ᠤᠨ ᠳᠤᠮᠳᠠᠴᠢ ᠬᠡᠮᠵᠢᠭᠳᠡᠯ᠎ᠠᠴᠠ 80%᠎ᠪᠠᠷ ᠨᠡᠮᠡᠭᠳᠡᠭᠰᠡᠨ ᠪᠠᠶ᠋ᠢᠨ᠎ᠠ᠃ ᠪᠠᠷᠠᠭᠤᠨ ᠡᠮᠦᠨᠡᠲᠦ ᠣᠷᠣᠨ᠂ ᠤᠮᠠᠷᠠᠲᠤ ᠣᠷᠣᠨ᠂ ᠵᠡᠭᠦᠨ ᠬᠣᠶ᠋ᠢᠲᠤ ᠣᠷᠣᠨ᠎ᠳᠤ ᠵᠠᠯᠭ᠋ᠠᠭ᠎ᠠ᠎ᠪᠠᠷ ᠭᠠᠩᠳᠠᠵᠤ᠂ ᠬᠡᠰᠡᠭ ᠭᠠᠵᠠᠷ ᠣᠷᠣᠨ᠎ᠳᠤ ᠭᠠᠩ ᠤᠰᠤᠳᠤᠯ ᠲᠠᠪᠬᠤᠴᠠᠪᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ 〈〈ᠬᠣᠶᠠᠷ᠎ᠢ ᠪᠠᠷᠢᠮᠲᠠᠯᠠᠵᠤ᠂ ᠭᠤᠷᠪᠠ ᠵᠢ ᠬᠤᠪᠢᠷᠠᠭᠤᠯᠬᠤ〉〉 ᠤᠨᠤᠯ᠎ᠢ ᠭᠦᠨᠵᠡᠭᠡᠶ ᠲᠤᠤᠱᠯᠠᠭᠤᠯᠤᠨ᠂ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠪᠣᠯ ᠵᠠᠶ᠋ᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠮᠥᠨ ᠭᠡᠳᠡᠭ᠎ᠢ ᠪᠠᠲᠤ ᠴᠡᠭᠡᠵᠢᠯᠡᠵᠦ᠂ ᠭᠤᠷᠪᠠᠨ ᠶᠡᠬᠡ ᠲᠣᠪᠣᠶ᠋ᠢᠮ᠎ᠠ ᠲᠦᠭᠰᠢᠭᠦᠷᠢ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠥᠬᠥ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠪᠡᠯᠡᠳᠬᠡᠯ ᠲᠥᠰᠦᠯ᠎ᠤᠨ ᠰᠢᠰᠲᠸᠮ ᠵᠢ ᠲᠡᠭᠦᠯᠳᠡᠷᠵᠢᠭᠦᠯᠦᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠭᠣᠤᠯ ᠪᠣᠯᠬᠤ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠤᠨ᠂ ᠦᠶᠡᠷ᠎ᠤᠨ ᠤᠰᠤᠨ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠲᠠᠯ᠎ᠠ᠎ᠪᠠᠷ ᠴᠢᠬᠤᠯᠠ ᠶᠡᠬᠡ ᠢᠯᠠᠯᠲᠠ ᠵᠢ ᠤᠯᠪᠠ᠃ ᠪᠦᠬᠦ ᠤᠯᠤᠰ᠎ᠤᠨ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ ᠪᠠ ᠪᠠᠭ᠎ᠠ (1) ᠬᠡᠯᠪᠡᠷᠢ ᠵᠢᠨ ᠤᠰᠤᠨ ᠴᠥᠭᠥᠷᠥᠮ ᠵᠢᠨ ᠬᠠᠰᠢᠯᠭ᠎ᠠ ᠨᠢᠭᠡ ᠴᠦ᠍ ᠰᠦᠢ᠍ᠷᠡᠭᠰᠡᠨ ᠦᠭᠡᠢ᠂ ᠶᠡᠬᠡ ᠭᠣᠣᠯ ᠮᠥᠷᠡᠨ ᠪᠠ ᠴᠢᠬᠤᠯᠠ ᠬᠠᠰᠢᠯᠭ᠎ᠠ ᠵᠢᠨ ᠬᠠᠰᠢᠯᠭ᠎ᠠ ᠨᠢᠭᠡ ᠴᠦ᠍ ᠰᠡᠳᠡᠷᠡᠭᠰᠡᠨ ᠦᠭᠡᠢ᠃ ᠦᠶᠡᠷ ᠤᠰᠤᠲᠤᠯ᠎ᠤᠨ ᠭᠠᠮᠰᠢᠭ᠎ᠲᠤ ᠥᠭᠦᠵᠦ ᠰᠢᠷᠬᠠᠲᠤᠭᠰᠠᠨ ᠬᠥᠮᠦᠨ᠎ᠤ ᠲᠣᠭ᠎ᠠ ᠣᠶ᠋ᠢᠷ᠎ᠠ ᠵᠢᠨ 20 ᠵᠢᠯ᠎ᠤᠨ ᠳᠤᠮᠳᠠᠴᠢ ᠬᠡᠮᠵᠢᠭᠳᠡᠯ᠎ᠠᠴᠠ ᠲᠤᠩ ᠳᠣᠣᠷ᠎ᠠ ᠪᠠᠢ᠌ᠵᠦ᠂ ᠭᠠᠩᠳᠠᠭᠰᠠᠨ ᠣᠷᠣᠨ᠎ᠤ ᠣᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠵᠤ᠂ ᠦᠶᠡᠷ ᠤᠰᠤᠲᠤᠯ ᠭᠠᠩ ᠬᠠᠭᠰᠠᠷᠠᠭ᠋ᠠᠨ᠎ᠤ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠪᠠ᠃ ᠭᠤᠷᠪᠠ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠤ ᠳᠠᠷᠠᠭ᠎ᠠ᠂ 〈〈ᠶᠠᠷᠰᠢᠭ ᠲᠠᠲᠠᠬᠤ ᠥᠬᠡᠶ᠂ ᠢᠯᠡᠭᠦᠬᠡᠨ ᠬᠦᠴᠦ ᠭᠠᠷᠭ᠋ᠠᠵᠤ᠂ ᠬᠤᠪᠢ ᠨᠡᠮᠡᠷᠢ ᠦᠵᠡᠭᠦᠯᠬᠦ〉〉 ᠱᠠᠭ᠋ᠠᠷᠳᠠᠯᠭ᠎ᠠ ᠶᠣᠰᠣᠭ᠋ᠠᠷ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠪᠡ᠃ ᠡᠭᠦᠨ᠎ᠤ ᠬᠠᠮᠲᠤ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠠᠬᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ ᠠᠵᠢᠯᠯᠠᠬᠤ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠬᠠᠪᠤᠷ᠎ᠤᠨ ᠤᠰᠤᠯᠠᠯᠲᠠ ᠵᠢ ᠪᠠᠲᠤᠯᠠᠵᠤ ᠤᠰᠤᠨ᠎ᠤ ᠬᠠᠩᠭ᠋ᠠᠯᠭ᠎ᠠ ᠵᠢ ᠪᠠᠲᠤᠯᠠᠬᠤ ᠵᠡᠷᠭᠡ ᠭᠣᠤᠯᠳᠠᠯᠭ᠎ᠠ᠎ᠲᠠᠢ ᠠᠵᠢᠯ᠎ᠢ ᠨᠠᠷᠢᠨ ᠬᠢᠨᠠᠮᠠᠭ᠋ᠠᠢ ᠲᠤᠬᠢᠷᠠᠭᠤᠯᠪᠠ᠃ ᠡᠯ᠎ᠡ ᠭᠠᠵᠠᠷ ᠵᠢ ᠵᠢᠯᠤᠭᠤᠳᠤᠨ 〈〈ᠨᠢᠭᠡ ᠲᠦᠷᠦᠯ᠎ᠳᠤ ᠨᠢᠭᠡ ᠪᠣᠳᠣᠯᠭ᠎ᠠ〉〉 ᠠᠵᠢᠯ ᠰᠡᠷᠭᠦᠭᠡᠬᠦ ᠲᠥᠯᠥᠪᠯᠡᠭᠡ ᠵᠢ ᠲᠣᠭᠲᠠᠭ᠋ᠠᠵᠤ᠂ ᠠᠵᠢᠯᠴᠢᠨ ᠬᠡᠷᠡᠭᠯᠡᠬᠦ᠂ ᠲᠡᠭᠡᠭᠡᠪᠦᠷᠢ᠂ ᠲᠦᠭᠦᠬᠡᠶ ᠮᠠᠲ᠋ᠧᠷᠢᠶᠠᠯ᠎ᠤᠨ ᠬᠠᠩᠭ᠋ᠠᠯᠭ᠎ᠠ ᠵᠡᠷᠭᠡ ᠲᠦᠭᠵᠢᠷᠡᠯ᠎ᠢ ᠨᠡᠪᠲᠡᠷᠡᠭᠦᠯᠵᠦ᠂ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠨᠢ 5 ᠳ᠋ᠤᠭ᠋ᠠᠷ ᠰᠠᠷ᠎ᠠ᠎ᠳᠤ ᠪᠦᠬᠦᠨ ᠵᠶ᠋ᠡᠷ ᠵᠶ᠋ᠠᠨ ᠠᠵᠢᠯ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠢ ᠪᠡᠶᠡᠯᠡᠬᠦᠯᠪᠡ᠃ ᠠᠵᠢᠯ ᠡᠬᠢᠯᠡᠭᠦᠯᠬᠦ᠎ᠪᠠᠷ ᠪᠠᠶ᠋ᠢᠭ᠎ᠠ ᠭᠣᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠲᠥᠷᠥᠯ ᠵᠦᠢᠯ᠎ᠢ ᠲᠦᠷᠦᠯ ᠵᠦᠢᠯ ᠳᠠᠷᠠᠭ᠋ᠠᠯᠠᠨ ᠪᠠᠶ᠋ᠢᠴᠠᠭ᠋ᠠᠨ ᠵᠢᠭᠰᠠᠭ᠋ᠠᠵᠤ᠂ ᠲᠥᠷᠥᠯ ᠵᠦᠢᠯ᠎ᠤᠨ ᠭᠠᠵᠠᠷ ᠣᠷᠣᠨ᠂ ᠵᠢᠷᠤᠭᠯᠠᠨ ᠲᠥᠯᠥᠪᠯᠡᠭᠰᠡᠨ ᠨᠢᠭᠡᠴᠡ᠂ ᠲᠥᠷᠥᠯ ᠵᠦᠢᠯ᠎ᠤᠨ ᠬᠠᠤᠯᠢ ᠵᠢᠨ ᠡᠷᠬᠡᠲᠡᠨ᠂ ᠬᠢᠵᠢᠭ᠎ᠤᠨ ᠪᠠᠶ᠋ᠢᠳᠠᠯ᠎ᠤᠨ ᠲᠣᠭᠣᠷᠢᠭ ᠵᠡᠷᠭᠡ 〈〈ᠳᠥᠷᠪᠡᠨ ᠲᠠᠯ᠎ᠠ〉〉᠎ᠢ ᠤᠶᠠᠯᠳᠤᠭᠤᠯᠤᠨ ᠵᠠᠳᠠᠯᠬᠤ ᠵᠢ ᠥᠷᠨᠢᠭᠦᠯᠵᠦ᠂ ᠣᠷᠣᠨ ᠲᠥᠷᠥᠯ ᠬᠤᠪᠢᠶᠠᠨ ᠨᠠᠷᠢᠯᠢᠭ ᠤᠨᠤᠪᠴᠢᠳᠠᠢ᠎ᠪᠠᠷ ᠲᠦᠯᠬᠢᠨ ᠠᠬᠢᠭᠤᠯᠪᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠴᠢᠷᠮᠠᠶ᠋ᠢᠨ ᠲᠡᠪᠴᠢᠵᠦ᠂ ᠪᠥᠬᠥ ᠵᠢᠯ᠎ᠳᠤ 7695 ᠳ᠋ᠦᠩᠰᠢᠭᠤᠷ ᠲᠥᠭᠥᠷᠢᠭ᠎ᠤᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠨᠠᠶ᠋ᠢᠳᠠᠪᠤᠷᠢᠵᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6%᠎ᠪᠠᠷ ᠨᠡᠮᠡᠭᠳᠡᠨ᠂ ᠲᠡᠤᠬᠡ ᠵᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠴᠦ᠂ 〈〈ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ〉〉 ᠠᠵᠢᠯ᠎ᠢ ᠰᠠᠶ᠋ᠢᠲᠤᠷ ᠬᠢᠵᠦ᠂ 〈〈ᠵᠢᠷᠭᠤᠭ᠎ᠠ ᠵᠢ ᠪᠠᠲᠤᠯᠠᠬᠤ〉〉 ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠴᠢᠬᠤᠯᠠ ᠦᠢᠯᠡᠳᠦᠯ ᠪᠠᠳᠠᠷᠠᠭᠤᠯᠪᠠ᠃
ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠳᠠ ᠰᠢᠢ᠍ᠳᠪᠦᠷᠢ ᠵᠢ ᠡᠷᠡᠰ ᠲᠤᠤᠱᠯᠠᠭᠤᠯᠵᠦ᠂ 〈〈ᠠᠷᠪᠠᠨ ᠵᠢᠷᠭᠤᠭ᠋ᠠᠨ ᠥᠰᠥᠭ》᠎ᠤᠨ ᠤᠰᠤ ᠵᠠᠰᠠᠬᠤ ᠰᠡᠳᠬᠢᠮᠵᠢ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠭᠦᠨᠵᠡᠭᠡᠶ ᠦᠢ᠍ᠯᠡᠳᠦᠯᠭᠡᠵᠢᠬᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠤᠯᠬᠤ ᠪᠠ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠲᠥᠯᠥᠪᠵᠢᠭᠦᠯᠭᠡ ᠵᠢᠨ ᠲᠡᠭᠦᠰᠬᠡᠯ᠎ᠤᠨ ᠬᠦᠨᠳᠦ ᠡᠭᠦᠷᠭᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠣᠯᠤᠨ ᠬᠣᠪᠣᠷ ᠲᠣᠬᠢᠶᠠᠯᠳᠤᠬᠤ ᠦᠶᠡᠷ᠎ᠤᠨ ᠪᠠᠶ᠋ᠢᠳᠠᠯ᠎ᠤᠨ ᠶᠡᠬᠡ ᠰᠢᠯᠭ᠋ᠠᠯᠲᠠ ᠵᠢᠨ ᠡᠮᠦᠨ᠎ᠡ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠬᠦᠴᠢᠷ ᠪᠡᠷᠬᠡ ᠵᠢ ᠲᠠᠪᠠᠨ ᠲᠤᠭᠤᠯᠵᠦ᠂ ᠦᠨᠡᠨ ᠪᠣᠳᠠᠲᠠᠢ ᠠᠵᠢᠯᠯᠠᠵᠤ᠂ ᠤᠯᠠᠨ ᠳᠠᠪᠬᠤᠷ ᠥᠷᠢᠰᠥᠯᠳᠦᠭᠡᠨ᠎ᠤ ᠳᠣᠣᠷ᠎ᠠ ᠤᠰᠤᠨ ᠠᠰᠢᠭᠯᠠᠯᠲᠠ ᠵᠢᠨ ᠠᠵᠢᠯ᠎ᠢ ᠠᠬᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠵᠦ᠂ ᠲᠠᠬᠢᠨ ᠰᠢᠨ᠎ᠡ ᠳᠡᠭᠲᠡᠷ᠎ᠲᠤ ᠭᠠᠷᠪᠠ᠃ ᠤᠰᠤᠨ ᠠᠰᠢᠭᠯᠠᠯᠲᠠ ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠴᠢᠳᠠᠪᠤᠷᠢ ᠤᠯᠠᠮ ᠨᠢᠭᠡ ᠠᠯᠬᠤᠮ ᠲᠡᠭᠡᠭᠰᠢᠯᠡᠵᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠤᠯᠠᠮ ᠨᠢᠭᠡ ᠠᠯᠬᠤᠮ ᠴᠢᠩᠭ᠋ᠠᠷᠠᠨ᠂ 〈〈ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ〉〉 ᠠᠵᠢᠯ᠎ᠢ ᠰᠠᠶ᠋ᠢᠲᠤᠷ ᠬᠢᠵᠦ᠂ 〈〈ᠵᠢᠷᠭᠤᠭ᠎ᠠ ᠵᠢ ᠪᠠᠲᠤᠯᠠᠬᠤ〉〉 ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠴᠢᠬᠤᠯᠠ ᠦᠢᠯᠡᠳᠦᠯ ᠪᠠᠳᠠᠷᠠᠭᠤᠯᠪᠠ᠃
ᠬᠦᠴᠦ ᠭᠠᠷᠭ᠋ᠠᠨ ᠲᠤᠳᠠᠭᠳᠠᠯ ᠵᠶ᠋ᠠᠨ ᠦᠷᠭᠦᠯᠵᠢᠯᠡᠨ ᠨᠥᠬᠥᠪᠥᠷᠢᠯᠡᠵᠦ᠂ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ
ᠨᠢᠭᠡ᠎ᠳᠤ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠬᠤᠷᠳᠤᠴᠠ ᠵᠢ ᠪᠦᠬᠦ ᠲᠠᠯ᠎ᠠ᠎ᠪᠠᠷ ᠲᠦᠷᠭᠡᠳᠬᠡᠪᠡ᠃ ᠭᠣᠤᠯᠳᠠᠯᠭ᠎ᠠ᠎ᠲᠠᠢ ᠠᠬᠢᠭᠤᠯᠬᠤ 150 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠠᠷᠢᠨ ᠲᠠᠩᠰᠠ ᠵᠢ ᠳᠤᠷᠠᠳᠤᠨ ᠭᠠᠷᠭ᠋ᠠᠵᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ 45 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠵᠢᠯ ᠡᠬᠢᠯᠡᠭᠦᠯᠪᠡ᠃ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠬᠦᠴᠦᠲᠡᠶ ᠠᠳᠬᠤᠵᠤ᠂ ᠠᠨᠾᠦ᠋ᠢ᠂ ᠭᠤᠸᠠᠩᠳᠦ᠋ᠩ᠂ ᠬᠤᠪᠸᠢ᠂ ᠵᠧᠵᠢᠶᠠᠩ᠂ ᠾᠧᠨᠠᠨ ᠵᠡᠷᠭᠡ 14 ᠮᠤᠵᠢ ᠵᠢᠨ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠣᠷᠮ᠎ᠠ᠎ᠨᠢ 95% ᠵᠢ ᠳᠠᠪᠠᠵᠠᠶ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠰᠡᠭᠦᠯᠴᠢ ᠵᠢᠨ ᠪᠠᠷᠢᠯᠭ᠎ᠠ ᠵᠢᠨ ᠡᠮᠦᠨᠡᠬᠢ ᠬᠤᠭᠤᠴᠠᠭ᠋ᠠᠨ᠎ᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠤᠯᠵᠤ᠂ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠵᠠᠩᠭᠢᠯᠠᠭ᠎ᠠ (ᠠᠭᠤᠯᠵᠠᠪᠦᠷᠢ) ᠵᠢᠨ ᠪᠦᠳᠦᠭᠡᠨ ᠪᠠᠶ᠋ᠢᠭᠤᠯᠤᠯᠲᠠ᠎ᠳᠤ ᠤᠰᠤ ᠬᠠᠳᠠᠭ᠋ᠠᠯᠠᠬᠤ᠂ ᠠᠶᠠᠯᠠᠯ ᠨᠡᠪᠲᠡᠷᠡᠬᠦ ᠪᠠ ᠴᠠᠬᠢᠯᠭ᠋ᠠᠨ ᠭᠠᠷᠭ᠋ᠠᠬᠤ ᠭᠤᠷᠪᠠᠨ ᠶᠡᠬᠡ ᠵᠠᠩᠭᠢᠯᠠᠭ᠎ᠠ ᠵᠢᠨ ᠴᠡᠭ᠎ᠤᠨ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠪᠡ᠃ 1. 7 ᠲᠦᠮᠡ ᠭᠠᠷᠤᠶ ᠺᠢᠯᠣᠮᠧᠲᠷ᠎ᠤᠨ ᠳᠤᠮᠳᠠ ᠵᠢᠵᠢᠭ ᠭᠣᠣᠯ ᠮᠥᠷᠡᠨ᠎ᠢ ᠵᠠᠰᠠᠵᠤ᠂ 3200 ᠭᠠᠷᠤᠶ ᠡᠮᠵᠡᠭ ᠠᠶᠤᠯᠲᠠᠶ ᠴᠥᠭᠥᠷᠥᠮ᠎ᠤᠨ ᠠᠶᠤᠯ᠎ᠢ ᠵᠠᠰᠠᠨ ᠪᠡᠬᠢᠯᠡᠪᠡ᠃ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠠᠬᠢᠴᠠ ᠤᠷᠤᠭᠰᠢᠲᠠᠶ ᠪᠠᠢ᠌ᠵᠦ᠂ ᠰᠢᠨ᠎ᠡ᠎ᠪᠠᠷ ᠨᠡᠮᠡᠭᠳᠡᠭᠦᠯᠦᠭᠰᠡᠨ ᠪᠤᠶᠤ ᠰᠡᠷᠭᠦᠭᠡᠵᠦ᠂ ᠰᠠᠢ᠌ᠵᠢᠷᠠᠭᠤᠯᠤᠭᠰᠠᠨ ᠤᠰᠤᠯᠠᠯᠲᠠ ᠵᠢᠨ ᠲᠠᠯᠠᠪᠠᠢ 3000 ᠭᠠᠷᠤᠶ ᠲᠦᠮᠡᠨ ᠮᠦ᠍ ᠬᠦᠷᠴᠦ᠂ ᠵᠢᠯ᠎ᠤᠨ ᠤᠰᠤ ᠠᠷᠪᠢᠯᠠᠬᠤ ᠴᠢᠳᠠᠪᠤᠷᠢ ᠵᠢ 18 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃
ᠬᠣᠶᠠᠷ᠎ᠲᠤ ᠤᠰᠤᠨ᠎ᠤ ᠠᠮᠢ ᠠᠬᠤᠶ ᠵᠢᠨ ᠵᠠᠰᠠᠯᠲᠠ ᠬᠠᠮᠠᠭ᠋ᠠᠯᠠᠯᠲᠠ ᠵᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ ᠭᠣᠣᠯᠳᠠᠯᠭ᠎ᠠ᠎ᠲᠠᠢ ᠣᠷᠣᠨ ᠪᠦᠰᠡ ᠵᠢᠨ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠠᠵᠢᠯ᠎ᠢ ᠴᠢᠩᠭ᠋ᠠᠳᠬᠠᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠦᠨᠡᠯᠡᠨ ᠵᠢᠱ᠌ᠢᠬᠦ ᠪᠠ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠱᠠᠩᠨᠠᠬᠤ᠎ᠪᠠᠷ ᠨᠥᠬᠥᠪᠥᠷᠢ ᠵᠢ ᠣᠷᠣᠯᠠᠭᠤᠯᠬᠤ ᠲᠤᠷᠰᠢᠯᠲᠠ ᠵᠢ ᠪᠡᠶᠡᠯᠡᠭᠦᠯᠵᠦ᠂ 6 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠵᠢ ᠪᠡᠶᠡᠯᠡᠭᠦᠯᠪᠡ᠃ ᠤᠮᠠᠷᠠᠲᠤ ᠣᠷᠣᠨ᠎ᠤ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠵᠢ ᠶᠡᠷᠦᠩᠭᠡᠢ᠌ᠯᠡᠨ ᠵᠠᠰᠠᠬᠤ ᠵᠢ ᠳᠥᠯᠭᠢᠨ ᠠᠬᠢᠭᠤᠯᠵᠤ᠂ ᠤᠰᠤ ᠨᠥᠬᠥᠪᠥᠷᠢᠯᠡᠬᠦ ᠭᠣᠤᠯ᠎ᠤᠨ ᠣᠷᠳᠣᠨ᠎ᠢ 1958 ᠺᠢᠯᠣᠮᠧᠲᠷ ᠪᠠᠶ᠋ᠢᠵᠤ᠂ ᠪᠦᠷᠢᠯᠳᠦᠭᠰᠡᠨ ᠤᠰᠤᠨ ᠭᠠᠳᠠᠷᠭᠤ ᠵᠢᠨ ᠲᠠᠯᠠᠪᠠᠶ᠎ᠨᠢ 554 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠪᠡᠭᠡᠵᠢᠩ ᠲᠢᠶᠠᠨᠵᠢᠨ ᠾᠪᠸᠢ ᠵᠢᠨ ᠭᠦᠢ᠍ᠬᠡᠨ ᠳᠠᠪᠬᠤᠷᠭ᠎ᠠ ᠵᠢᠨ ᠭᠠᠵᠠᠷ ᠳᠣᠣᠷᠠᠬᠢ ᠤᠰᠤᠨ᠎ᠤ ᠲᠦᠪᠰᠢᠨ᠎ᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠪᠡ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠤᠰᠤ ᠲᠠᠲᠠᠬᠤ ᠣᠷᠣᠨ᠎ᠤ ᠭᠠᠵᠠᠷ ᠳᠣᠤᠷᠠᠬᠢ ᠤᠰᠤ ᠵᠢ ᠲᠠᠷᠤᠯᠳᠠ ᠦᠭᠭᠦᠨ ᠲᠠᠳᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠰᠤ ᠲᠠᠲᠠᠬᠤ ᠣᠷᠣᠨ᠎ᠤ ᠬᠣᠲᠠ ᠵᠢᠨ ᠲᠣᠭᠣᠷᠢᠭ᠎ᠲᠤ ᠲᠠᠷᠤᠯᠳᠠ ᠦᠭᠭᠦᠨ ᠨᠡᠶ᠋ᠢᠲᠡ 23.56 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠳᠠᠵᠦ᠂ ᠲᠠᠷᠤᠯᠳᠠ ᠦᠭᠭᠦᠨ ᠤᠰᠤ ᠲᠠᠳᠠᠬᠤ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠪᠡ᠃ ᠶᠦᠩ ᠳ᠋ᠢᠩ ᠡᡁᠸ ᠭᠣᠣᠯ᠎ᠤᠨ ᠶᠡᠷᠦᠩᠬᠡᠶ᠋ᠢᠯᠡᠨ ᠵᠠᠰᠠᠬᠤ ᠪᠠ ᠠᠮᠢ ᠠᠬᠤᠢ ᠵᠢᠨ ᠰᠡᠷᠭᠦᠭᠡᠯᠲᠡ ᠵᠢ ᠲᠣᠭᠲᠠᠭᠤᠨ ᠵᠶ᠋ᠠᠷ ᠬᠡᠷᠡᠭᠵᠢᠭᠦᠯᠵᠦ᠂ ᠪᠡᠭᠡᠵᠢᠩ᠎ᠤᠨ ᠬᠡᠰᠡᠭ᠎ᠨᠢ 25 ᠵᠢᠯ᠎ᠳᠤ ᠠᠩᠬ᠎ᠠ ᠤᠳᠠᠭ᠎ᠠ ᠪᠦᠬᠦ ᠱᠤᠭᠤᠮ ᠵᠶ᠋ᠠᠷ ᠤᠰᠤ ᠨᠡᠪᠲᠡᠷᠡᠪᠡ᠃ 278 ᠰᠠᠭᠤᠷᠢ ᠪᠣᠬᠢᠷᠲᠤᠯ ᠥᠬᠡᠶ ᠵᠢᠵᠢᠭ ᠤᠰᠤ ᠴᠠᠬᠢᠯᠭ᠋ᠠᠨ᠎ᠤ ᠵᠢᠱ᠌ᠢᠶ᠎ᠡ ᠦᠵᠡᠭᠦᠯᠬᠦ ᠴᠠᠬᠢᠯᠭ᠋ᠠᠨ ᠥᠷᠲᠡᠭᠡ ᠵᠢ ᠡᠭᠦᠳᠦᠨ ᠪᠠᠶ᠋ᠢᠭᠤᠯᠪᠠ᠃ ᠬᠥᠳᠡᠭᠡ ᠲᠣᠰᠬᠣᠨ᠎ᠤ ᠤᠰᠤᠨ ᠰᠢᠰᠲ᠋ᠧᠮ᠎ᠢ ᠶᠡᠷᠦᠩᠬᠡᠶ᠋ᠢᠯᠡᠨ ᠵᠠᠰᠠᠬᠤ ᠲᠤᠷᠰᠢᠯᠲᠠ ᠵᠢᠨ ᠰᠢᠶᠠᠨ᠎ᠤ ᠪᠦᠳᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠤᠰᠤᠨ ᠠᠰᠢᠭᠯᠠᠯᠲᠠ ᠵᠢᠨ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠶ ᠲᠦᠯᠬᠢᠨ ᠠᠬᠢᠭᠤᠯᠪᠠ᠃
ᠭᠤᠷᠪᠠ᠎ᠳᠤ ᠤᠰᠤᠨ ᠠᠰᠢᠭᠯᠠᠯᠲᠠ ᠵᠢᠨ ᠰᠦᠯᠵᠢᠶᠡᠨ᠎ᠤ ᠠᠮᠤᠷ ᠲᠦᠪᠰᠢᠨ ᠬᠢᠭᠡᠳ ᠰᠤᠷᠠᠭ ᠵᠠᠩᠭᠢᠵᠢᠯᠲᠠ ᠵᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠪᠦᠬᠦᠯᠢ ᠴᠣᠭᠴᠠ᠎ᠪᠠᠷ᠎ᠨᠢ ᠬᠠᠮᠲᠤᠷᠠᠨ ᠰᠡᠷᠭᠡᠶ᠋ᠢᠯᠡᠬᠦ᠂ ᠬᠡᠰᠡᠭ ᠲᠠᠯ᠎ᠠ᠎ᠪᠠᠷ ᠰᠡᠷᠭᠡᠶ᠋ᠢᠯᠡᠨ ᠡᠵᠡᠮᠳᠡᠬᠦ᠂ ᠭᠣᠣᠯᠳᠠᠯᠭ᠎ᠠ᠎ᠲᠠᠢ᠎ᠪᠠᠷ ᠰᠡᠷᠭᠡᠶ᠋ᠢᠯᠡᠨ ᠡᠵᠡᠮᠳᠡᠬᠦ ᠬᠡᠬᠦ ᠰᠦᠯᠵᠢᠶᠡᠨ᠎ᠤ ᠠᠮᠤᠷ ᠲᠦᠪᠰᠢᠨ᠎ᠤ ᠭᠤᠷᠪᠠᠨ ᠱᠠᠲᠤᠨ᠎ᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠠᠶ᠋ᠢᠭᠤᠯᠵᠤ᠂ ᠪᠣᠳᠠᠲᠤ ᠪᠠᠢ᠌ᠳᠠᠯ᠎ᠤᠨ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠢᠯᠡᠳᠲᠡ ᠲᠡᠭᠡᠭᠰᠢᠯᠡᠪᠡ᠃ ᠤᠶᠤᠨᠴᠢᠯᠠᠭᠰᠠᠨ ᠤᠰᠤᠨ ᠠᠰᠢᠭᠯᠠᠯᠲᠠ ᠵᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ᠎ᠢ ᠥᠷᠨᠢᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠨᠳᠦᠰᠦᠨ ᠮᠡᠳᠡᠭᠡ ᠵᠠᠩᠭᠢ ᠵᠢ ᠬᠠᠮᠲᠤ᠎ᠪᠠᠷ ᠡᠳᠡᠯᠡᠬᠦ ᠲᠣᠭᠲᠠᠴᠠ ᠵᠢ ᠪᠠᠶ᠋ᠢᠭᠤᠯᠵᠤ᠂ ᠰᠢᠯᠵᠢᠮᠡᠯ ᠬᠡᠪᠯᠡᠯ᠎ᠤᠨ 《ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠨᠢᠬᠡᠨ ᠵᠢᠷᠤᠭ》᠎ᠤᠨ ᠬᠡᠷᠡᠭᠯᠡᠯᠲᠡ ᠵᠢ ᠨᠡᠭᠡᠭᠡᠨ ᠠᠰᠢᠭᠯᠠᠪᠠ᠃ ᠤᠰᠤᠨ ᠵᠦᠶ ᠵᠢᠨ ᠰᠠᠭᠤᠷᠢ ᠲᠦᠭᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ 300 ᠭᠠᠷᠤᠶ ᠤᠰᠤᠨ ᠵᠦᠶ ᠵᠢᠨ ᠬᠢᠨᠠᠨ ᠬᠡᠮᠵᠢᠬᠦ ᠥᠷᠲᠡᠭᠡ ᠪᠠ ᠤᠰᠤᠨ ᠵᠦᠶ ᠵᠢᠨ ᠬᠢᠨᠠᠨ ᠬᠡᠮᠵᠢᠬᠦ ᠲᠥᠪ ᠵᠢ ᠲᠠᠰ ᠳᠡᠪᠰᠢᠭᠦᠯᠬᠦ ᠵᠢ ᠪᠡᠶᠡᠯᠡᠭᠦᠯᠵᠦ᠂ 800 ᠰᠢᠬᠠᠮ ᠤᠰᠤᠨ ᠵᠦᠶ ᠵᠢᠨ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲᠸᠮ ᠵᠢ ᠪᠠᠶ᠋ᠢᠭᠤᠯᠪᠠ᠃ ᠤᠯᠤᠰ᠎ᠤᠨ ᠤᠰᠤᠨ᠎ᠤ ᠡᠬᠢ ᠪᠠᠶᠠᠯᠢᠭ᠎ᠢ ᠬᠢᠨᠠᠨ ᠡᠵᠡᠮᠳᠡᠬᠦ ᠴᠢᠳᠠᠪᠤᠷᠢ ᠵᠢᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠡᠴᠦᠰ᠎ᠤᠨ ᠰᠢᠯᠭ᠋ᠠᠯᠲᠠ ᠵᠢ ᠪᠡᠶᠡᠯᠡᠭᠦᠯᠵᠦ᠂ ᠪᠠᠷᠤᠭ 4.3 ᠲᠦᠮᠡᠨ ᠤᠰᠤ ᠲᠠᠲᠠᠵᠤ ᠬᠡᠷᠡᠭᠯᠡᠬᠦ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠴᠡᠭ᠎ᠢ ᠪᠠᠶ᠋ᠢᠭᠤᠯᠵᠤ᠂ ᠪᠦᠬᠦ ᠤᠯᠤᠰ᠎ᠤᠨ 82%᠎ᠤᠨ ᠤᠰᠤ ᠲᠠᠲᠠᠵᠤ ᠪᠣᠯᠬᠤ ᠬᠡᠮᠵᠢᠶ᠎ᠡ᠂ 55% ᠵᠢᠨ ᠤᠰᠤ ᠬᠡᠷᠡᠭᠯᠡᠬᠦ ᠬᠡᠮᠵᠢᠶ᠎ᠡ᠎ᠨᠢ ᠪᠦᠲᠦᠮᠵᠢᠲᠡᠶ ᠬᠢᠨᠠᠨ ᠬᠡᠮᠵᠢᠬᠦᠯᠪᠡ᠃ ᠤᠯᠤᠰ᠎ᠤᠨ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠪᠠᠢ᠌ᠴᠠᠭ᠋ᠠᠵᠦ᠂ ᠤᠯᠤᠰ᠂ ᠰᠠᠪᠠ ᠭᠠᠵᠠᠷ᠂ ᠮᠤᠵᠢ ᠵᠢᠨ ᠲᠡᠰ᠂ ᠲᠤᠰᠬᠠᠶ ᠣᠷᠣᠨ ᠬᠤᠳᠠ ᠵᠡᠷᠭᠡ ᠲᠦᠷᠪᠡᠨ ᠱᠠᠲᠤᠨ᠎ᠤ ᠲᠥᠪ ᠵᠢᠴᠢ 1 ᠲᠦᠮᠡ ᠭᠠᠷᠤᠶ ᠠᠦ᠋ᠲ᠋ᠣ᠋ ᠬᠢᠨᠠᠨ ᠬᠡᠮᠵᠢᠬᠦ ᠦᠷᠳᠡᠭᠡ ᠵᠢ ᠪᠠᠶ᠋ᠢᠭᠤᠯᠪᠠ᠃ ᠤᠯᠤᠰ᠎ᠤᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ ᠵᠢᠯᠣᠭᠣᠳᠬᠤ ᠰᠢᠰᠲ᠋ᠧᠮ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠦᠬᠦᠨ᠎ᠢ ᠪᠡᠶᠡᠯᠡᠭᠦᠯᠪᠡ᠃
ᠬᠢᠨᠠᠯᠲᠠ ᠬᠠᠮᠢᠶᠠᠷᠤᠯᠲᠠ ᠵᠢ ᠡᠷᠡᠰ ᠭᠤᠶ᠋ᠢᠪᠢᠰᠢ ᠥᠬᠡᠶ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠵᠠᠰᠠᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠪᠠ
ᠨᠢᠭᠡ᠎ᠳᠤ ᠤᠰᠤᠨ᠎ᠤ ᠡᠬᠢ ᠪᠠᠶᠠᠯᠢᠭ᠎ᠢ ᠠᠷᠪᠢᠯᠠᠬᠤ ᠬᠠᠮᠢᠶᠠᠷᠤᠯᠲᠠ ᠵᠢ ᠨᠡᠩ ᠴᠢᠩᠭ᠎ᠠ ᠪᠣᠯᠭ᠋ᠠᠪᠠ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠪᠦᠬᠦ ᠶᠠᠪᠤᠴᠠ᠎ᠳᠤ ᠬᠢᠨᠠᠨ ᠬᠠᠮᠢᠶᠠᠷᠤᠯᠳᠠ ᠭᠡᠷᠡᠭᠵᠢᠬᠦᠯᠪᠡ᠃ ᠪᠥᠬᠥ ᠤᠯᠤᠰ᠎ᠲᠤ ᠤᠰᠤ ᠠᠷᠪᠢᠯᠠᠬᠤ ᠠᠵᠢᠯᠯᠠᠭ᠎ᠠ ᠵᠢ ᠶᠡᠬᠡᠪᠡᠷ ᠲᠦᠯᠬᠢᠨ ᠠᠬᠢᠭᠤᠯᠵᠤ᠂ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠤᠰᠤ ᠠᠷᠪᠢᠯᠠᠬᠤ ᠵᠢ ᠦᠨᠡᠯᠡᠬᠦ ᠲᠦᠷᠢᠮ᠎ᠢ ᠭᠦᠨᠵᠡᠭᠡᠶ ᠬᠡᠷᠡᠭᠵᠢᠭᠦᠯᠵᠦ᠂ ᠤᠰᠤ ᠠᠷᠪᠢᠯᠠᠬᠤ ᠪᠠᠷᠢᠮᠵᠢᠶᠠᠨ᠎ᠳᠤ ᠬᠦᠷᠦᠭᠰᠡᠨ ᠦᠭᠡᠢ 118 ᠲᠦᠷᠦᠯ ᠵᠦᠢ᠍ᠯ᠎ᠢ ᠵᠣᠭᠰᠣᠭ᠋ᠠᠪᠠ᠃ ᠤᠰᠤ ᠬᠡᠷᠡᠭᠯᠡᠬᠦ ᠨᠢᠭᠡᠴᠡ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠨᠡᠷᠡᠰ ᠵᠢ ᠪᠠᠢ᠌ᠭᠤᠯᠪᠠ᠃ ᠭᠤᠷᠪᠠᠳᠤᠭ᠋ᠠᠷ ᠪᠦᠯᠦᠭ᠎ᠤᠨ 350 ᠰᠢᠶᠠᠨ ᠲᠣᠭᠣᠷᠢᠭ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶᠠᠨ᠎ᠳᠤ ᠬᠦᠷᠭᠡᠬᠦ ᠪᠠᠶ᠋ᠢᠭᠤᠯᠤᠯᠲᠠ ᠵᠢ ᠪᠡᠶᠡᠯᠡᠭᠦᠯᠵᠦ᠂ 1790 ᠤᠰᠤ ᠠᠷᠪᠢᠯᠠᠬᠤ ᠪᠠᠶ᠋ᠢᠭᠤᠯᠭ᠎ᠠ᠂ 298 ᠤᠰᠤ ᠠᠷᠪᠢᠯᠠᠬᠤ ᠬᠡᠯᠪᠡᠷᠢ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠪᠠ᠃ ᠵᠢᠶᠠᠩᠰᠦ ᠮᠤᠵᠢ᠎ᠨᠢ ᠤᠰᠤ ᠡᠯᠪᠡᠭ ᠣᠷᠣᠨ᠎ᠤ ᠤᠰᠤ ᠠᠷᠪᠢᠯᠠᠬᠤ ᠬᠡᠪ ᠳᠠᠭᠤᠷᠢᠶᠠᠯ᠎ᠢ ᠰᠦᠪᠡᠭᠴᠢᠯᠡᠨ ᠪᠠᠶ᠋ᠢᠭᠤᠯᠵᠤ᠂ ᠮᠤᠵᠢ᠂ ᠬᠣᠲᠠ᠂ ᠰᠢᠶᠠᠨ᠎ᠤ ᠤᠰᠤ ᠠᠷᠪᠢᠯᠠᠬᠤ ᠠᠵᠢᠯ᠎ᠤᠨ ᠬᠠᠮᠵᠢᠯᠴᠠᠭ᠎ᠠ ᠵᠢ ᠠᠬᠢᠭᠤᠯᠬᠤ ᠲᠣᠭᠲᠠᠴᠠ ᠵᠢ ᠦᠨᠳᠦᠰᠦᠨ᠎ᠳᠡᠭᠡᠨ ᠪᠦᠷᠢᠯᠳᠦᠭᠦᠯᠪᠡ᠃ ᠪᠥᠬᠥ ᠤᠯᠤᠰ᠎ᠲᠤ ᠮᠤᠵᠢ ᠪᠠ ᠮᠤᠵᠢ ᠣᠷᠣᠨ ᠠᠯᠤᠰᠯᠠᠭᠰᠠᠨ 215 ᠭᠣᠤᠯᠳᠠᠯᠭ᠎ᠠ᠎ᠲᠠᠢ ᠨᠠᠭᠤᠷ ᠭᠣᠤᠯ᠎ᠤᠨ ᠠᠮᠢ ᠠᠬᠤᠶ ᠵᠢᠨ ᠤᠷᠤᠰᠬᠠᠯ ᠵᠢ ᠪᠠᠲᠤᠯᠠᠬᠤ ᠬᠠᠷᠠᠯᠲᠠ ᠵᠢ ᠲᠣᠭᠲᠠᠭ᠋ᠠᠵᠤ᠂ 235 ᠭᠣᠤᠯ ᠮᠥᠷᠡᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠡᠭᠦᠷᠭᠡ ᠵᠢ ᠪᠡᠶᠡᠯᠡᠭᠦᠯᠪᠡ᠃ ᠤᠰᠤ ᠲᠠᠲᠠᠵᠤ ᠬᠡᠷᠡᠭᠯᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠦᠬᠡ ᠮᠦᠷᠡᠨ᠂ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠤᠰᠤ ᠲᠠᠲᠠᠬᠤ ᠢᠨᠵᠧᠨᠧᠷᠢᠩ ᠵᠢ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠦᠭᠰᠡᠨ ᠨᠤᠷᠮ᠎ᠠ᠎ᠨᠢ 99.8%᠎ᠳᠤ ᠬᠦᠷᠴᠦ᠂ ᠪᠤᠰᠤᠳ ᠰᠠᠪᠠ ᠭᠠᠵᠠᠷ᠎ᠤᠨ ᠬᠢᠨᠠᠨ ᠪᠠᠶ᠋ᠢᠴᠠᠭ᠋ᠠᠵᠤ ᠳᠠᠩᠰᠠᠯᠠᠭᠰᠠᠨ ᠤᠰᠤ ᠲᠠᠲᠠᠬᠤ ᠠᠮᠠᠰᠠᠷ᠎ᠤᠨ ᠲᠣᠭ᠎ᠠ 500 ᠲᠦᠮᠡ ᠵᠢ ᠳᠠᠪᠠᠪᠠ᠃ ᠹᠦᠵᠢᠶᠠᠨ ᠮᠤᠵᠢ᠎ᠨᠢ ᠪᠦᠬᠦ ᠮᠤᠵᠢ ᠵᠢᠨ ᠬᠦᠨᠳᠦ ᠴᠢᠬᠤᠯᠠ ᠤᠰᠤ ᠲᠠᠲᠠᠵᠤ ᠬᠡᠷᠡᠭᠯᠡᠬᠦ ᠨᠢᠭᠡᠴᠡ᠎ᠳᠤ ᠴᠥᠮ ᠤᠰᠤᠨ᠎ᠤ ᠬᠡᠮᠵᠢᠶ᠎ᠡ ᠵᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠵᠢ ᠬᠡᠷᠡᠭᠵᠢᠬᠦᠯᠪᠡ᠃ ᠤᠯᠤᠰ᠎ᠤᠨ ᠤᠨ᠎ᠤ ᠬᠠᠮᠤᠭ᠎ᠤᠨ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠦᠷᠢᠮ᠎ᠤᠨ ᠬᠢᠨᠠᠨ ᠰᠢᠯᠭ᠋ᠠᠯᠳᠠ ᠵᠢ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠠᠵᠢᠯ᠎ᠢ ᠴᠢᠩᠭ᠋ᠠᠳᠬᠠᠨ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠢ ᠨᠤᠳᠠᠯᠠᠨ ᠦᠨᠡᠯᠡᠬᠦ ᠵᠢ ᠲᠦᠯᠬᠢᠨ ᠠᠬᠢᠭᠤᠯᠪᠠ᠃ ᠬᠠᠲᠤᠨ ᠭᠣᠣᠯ᠎ᠤᠨ ᠰᠠᠪᠠ ᠭᠠᠵᠠᠷ᠎ᠤᠨ 7 ᠮᠤᠵᠢ ᠣᠷᠣᠨ᠎ᠤ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠲᠠᠲᠠᠬᠤ ᠵᠥᠪᠰᠢᠶᠡᠷᠡᠯ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠬᠤ ᠵᠢ ᠬᠡᠷᠡᠭᠵᠢᠭᠦᠯᠪᠡ᠃ ᠭᠠᠵᠠᠷ ᠳᠣᠣᠷᠠᠬᠢ ᠤᠰᠤ ᠵᠢ ᠬᠠᠮᠢᠶᠠᠷᠤᠨ ᠡᠵᠡᠮᠳᠡᠬᠦ ᠵᠢᠭ᠋ᠠᠯᠳᠠ ᠵᠢ ᠲᠣᠭᠲᠠᠭ᠋ᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠭᠠᠵᠠᠷ ᠳᠣᠣᠷᠠᠬᠢ ᠤᠰᠤᠨ᠎ᠤ ᠲᠦᠪᠰᠢᠨ᠎ᠤ ᠬᠤᠪᠢᠷᠠᠯᠲᠠ ᠵᠢ ᠵᠠᠷᠯᠠᠨ ᠮᠡᠳᠡᠭᠳᠡᠵᠦ ᠬᠢᠨᠠᠨ ᠵᠢᠯᠣᠭᠣᠳᠬᠤ ᠲᠣᠭᠲᠠᠴᠠ ᠵᠢ ᠪᠠᠶ᠋ᠢᠭᠤᠯᠵᠤ᠂ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ ᠪᠠ ᠬᠥᠳᠡᠯᠦᠩᠭᠦᠢ᠎ᠪᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠾᠸᠪᠸᠢ ᠮᠤᠵᠢ᠎ᠨᠢ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠳᠦᠷᠢᠮ᠎ᠢ ᠬᠡᠷᠡᠭᠵᠢᠭᠦᠯᠪᠡ᠃ ᠪᠥᠬᠥ ᠤᠯᠤᠰ᠎ᠤᠨ ᠤᠰᠤ ᠲᠠᠲᠠᠬᠤ ᠢᠨᠵᠧᠨᠧᠷᠢᠩ᠎ᠳᠤ ᠪᠠᠶ᠋ᠢᠳᠠᠯ᠎ᠢ ᠣᠶ᠋ᠢᠯᠠᠭ᠋ᠠᠬᠤ ᠪᠠᠶ᠋ᠢᠴᠠᠭ᠋ᠠᠯᠲᠠ ᠬᠢᠵᠦ᠂ ᠮᠤᠵᠢ ᠠᠯᠤᠰᠯᠠᠭᠰᠠᠨ 26 ᠴᠢᠬᠤᠯᠠ ᠭᠣᠤᠯ ᠮᠥᠷᠡᠨ᠎ᠤ ᠤᠰᠤᠨ᠎ᠤ ᠡᠬᠢ ᠪᠠᠶᠠᠯᠢᠭ ᠵᠢ ᠨᠢᠭᠡᠳᠦᠯᠲᠡᠶ ᠲᠤᠬᠢᠷᠠᠭᠤᠯᠬᠤ ᠵᠢ ᠡᠮᠬᠢ ᠵᠢᠷᠤᠮ᠎ᠲᠠᠢ᠎ᠪᠠᠷ ᠳᠥᠯᠭᠢᠨ ᠠᠬᠢᠭᠤᠯᠪᠠ᠃
ᠬᠣᠶᠠᠷ᠎ᠲᠤ ᠭᠣᠣᠯ ᠮᠥᠷᠡᠨ ᠨᠠᠭᠤᠷ ᠴᠥᠭᠥᠷᠥᠮ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠪᠠ᠃ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠷᠤᠮᠵᠢᠯ᠎ᠢ ᠲᠣᠭᠲᠠᠭ᠋ᠠᠵᠤ᠂ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠦ ᠴᠢᠩᠭ᠋ᠠᠳᠬᠠᠨ᠂ ᠵᠥᠪ ᠴᠢᠭᠯᠡᠯ ᠵᠶ᠋ᠡᠷ ᠤᠷᠮᠠᠰᠢᠭᠤᠯᠬᠤ ᠵᠢ ᠴᠢᠩᠭ᠋ᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ 〈〈ᠨᠡᠷ᠎ᠡ᠎ᠲᠠᠢ〉〉᠂ 〈〈ᠪᠤᠳᠠᠳᠠᠢ〉〉᠂ 〈〈 ᠴᠢᠳᠠᠮᠵᠢ〉〉᠎ᠲᠠᠢ ᠪᠠᠶ᠋ᠢᠬᠤ ᠵᠢ ᠳᠥᠯᠭᠢᠨ ᠠᠬᠢᠭᠤᠯᠪᠠ᠃ ᠨᠠᠮ᠎ᠤᠨ ᠲᠥᠪ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠭᠣᠤᠯ ᠮᠥᠷᠡᠨ᠎ᠤ ᠳᠠᠷᠤᠭ᠎ᠠ ᠵᠢᠨ ᠲᠦᠷᠢᠮ ᠨᠠᠭᠤᠷ ᠴᠦᠬᠦᠷᠦᠮ᠎ᠤᠨ ᠳᠠᠷᠤᠭ᠎ᠠ ᠵᠢᠨ ᠲᠦᠷᠢᠮ᠎ᠤᠨ ᠲᠡᠷᠢᠭᠦᠨ᠎ᠤ ᠬᠠᠮᠲᠤ ᠨᠢᠭᠡᠴᠡ᠂ ᠲᠡᠷᠢᠭᠦᠨ᠎ᠤ ᠠᠵᠢᠯᠲᠠᠨ ᠪᠠ ᠰᠢᠯᠢᠳᠡᠭ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢ ᠰᠢᠯᠭ᠋ᠠᠷᠠᠭᠤᠯᠬᠤ ᠠᠵᠢᠯ᠎ᠢ ᠪᠥᠬᠥ ᠲᠠᠯ᠎ᠠ᠎ᠪᠠᠷ ᠦᠷᠨᠢᠬᠦᠯᠪᠡ᠃ ᠭᠣᠣᠯ ᠮᠥᠷᠡᠨ ᠨᠠᠭᠤᠷ ᠴᠥᠭᠥᠷᠥᠮ᠎ᠤᠨ 〈〈ᠳᠥᠷᠪᠡᠨ ᠲᠤᠷ᠎ᠠ᠎ᠪᠠᠷ ᠵᠶ᠋ᠠᠨ ᠵᠢ ᠠᠷᠢᠯᠭ᠋ᠠᠬᠤ〉〉 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢ ᠳᠥᠯᠭᠢᠨ ᠠᠬᠢᠭᠤᠯᠵᠤ᠂ ᠡᠳᠦᠷ ᠲᠤᠳᠤᠮ᠎ᠤᠨ ᠲᠣᠭᠣᠷᠢᠨ ᠪᠠᠶ᠋ᠢᠴᠠᠭ᠋ᠠᠵᠤ ᠬᠢᠨᠠᠨ ᠬᠠᠮᠢᠶᠠᠷᠬᠤ ᠪᠠ ᠰᠠᠭᠤᠷᠢᠰᠢᠬᠤ ᠮᠠᠶᠢᠭ᠎ᠤᠨ ᠳᠠᠯᠳᠠᠭᠤᠷ ᠰᠤᠷᠪᠤᠯᠵᠢᠯᠠᠵᠤ ᠱᠠᠭ᠋ᠠᠷᠳᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠨᠡᠢ᠌ᠳᠡ 16.4 ᠲᠦᠮᠡᠨ 〈〈ᠳᠥᠷᠪᠡᠨ ᠲᠤᠷ᠎ᠠ᠎ᠪᠠᠷ ᠵᠶ᠋ᠠᠨ〉〉 ᠠᠰᠠᠭᠤᠳᠠᠯ᠎ᠢ ᠠᠷᠢᠯᠭ᠋ᠠᠨ ᠴᠡᠭᠴᠡᠯᠡᠪᠡ᠃ ᠬᠠᠷᠠᠮᠥ᠋ᠷᠡᠨ ᠮᠤᠵᠢ᠎ᠨᠢ ᠶᠡᠷᠦᠩᠬᠡᠶ ᠭᠣᠤᠯ ᠮᠥᠷᠡᠨ᠎ᠤ ᠳᠠᠷᠤᠭ᠎ᠠ ᠵᠢᠨ ᠵᠠᠷᠯᠢᠭ ᠪᠠᠭᠤᠯᠭ᠋ᠠᠨ᠂ ᠨᠢᠭᠡ ᠪᠦᠯᠦᠭ ᠭᠣᠤᠯ ᠮᠥᠷᠡᠨ ᠨᠠᠭᠤᠷ ᠴᠥᠭᠥᠷᠥᠮ᠎ᠤᠨ 〈〈ᠳᠥᠷᠪᠡᠨ ᠳᠤᠷ᠎ᠠ᠎ᠪᠠᠷ ᠵᠶ᠋ᠠᠨ〉〉 ᠪᠡᠷᠬᠡ ᠠᠰᠠᠭᠤᠳᠠᠯ᠎ᠢ ᠠᠷᠢᠯᠭ᠋ᠠᠨ ᠴᠡᠭᠴᠡᠯᠡᠪᠡ᠃ ᠪᠥᠬᠥ ᠤᠯᠤᠰ᠎ᠤᠨ ᠭᠣᠤᠯ᠎ᠤᠨ ᠵᠠᠮ᠎ᠠᠴᠠ ᠬᠠᠶ᠋ᠢᠷ ᠮᠠᠯᠲᠠᠬᠤ ᠬᠠᠮᠢᠶᠠᠷᠤᠯᠲᠠ ᠵᠢᠨ 2455 ᠭᠣᠤᠯᠳᠠᠯᠭ᠎ᠠ᠎ᠲᠠᠢ ᠭᠣᠤᠯ᠎ᠤᠨ ᠬᠡᠰᠡᠭ᠂ ᠰᠡᠷᠭᠡᠭ ᠤᠰᠤᠨ ᠣᠷᠣᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠪᠡ᠃ ᠬᠠᠳᠣᠨ ᠭᠣᠣᠯ᠎ᠤᠨ ᠡᠷᠬᠢ ᠲᠠᠭ᠋ᠠᠤ ᠵᠢᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠪᠠ ᠬᠠᠶ᠋ᠢᠷ ᠮᠠᠯᠲᠠᠬᠤ ᠵᠡᠷᠭᠡ ᠲᠤᠰᠬᠠᠢ ᠲᠦᠷᠦᠯ᠎ᠤᠨ ᠴᠡᠭᠴᠡᠯᠡᠨ ᠵᠠᠰᠠᠯᠳᠠ ᠵᠢ ᠦᠷᠨᠢᠬᠦᠯᠵᠦ᠂ ᠬᠦᠬᠡ ᠮᠦᠷᠡᠨ᠎ᠤ ᠭᠣᠤᠯ ᠤᠷᠤᠰᠬᠠᠯ᠎ᠤᠨ ᠡᠷᠭᠢ ᠵᠢ ᠠᠰᠢᠭᠯᠠᠬᠤ ᠲᠦᠷᠦᠯ ᠵᠦᠢ᠍ᠯ᠎ᠢ ᠴᠡᠪᠡᠷᠯᠡᠨ ᠴᠡᠭᠴᠡᠯᠡᠬᠦ ᠵᠢ ᠪᠡᠶᠡᠯᠡᠬᠦᠯᠵᠦ᠂ 158 ᠺᠢᠯᠣᠮᠧᠲᠷ ᠬᠦᠬᠡ ᠮᠦᠷᠡᠨ᠎ᠤ ᠡᠷᠭᠢ ᠵᠢᠨ ᠱᠤᠭᠤᠮ᠎ᠢ ᠵᠠᠢ᠌ᠴᠢᠯᠠᠨ ᠰᠤᠯᠠᠯᠪᠠ᠃ ᠬᠦᠬᠡ ᠮᠦᠷᠡᠨ᠎ᠤ ᠠᠵᠤ ᠠᠬᠤᠶ ᠵᠢᠨ ᠪᠦᠰᠡ ᠵᠢᠨ ᠵᠢᠵᠢᠭ ᠤᠰᠤ ᠴᠠᠬᠢᠯᠭ᠋ᠠᠨ᠎ᠤ ᠲᠦᠷᠦᠯ ᠵᠦᠢ᠍ᠯ᠎ᠢ ᠠᠷᠢᠯᠭ᠋ᠠᠨ ᠴᠡᠭᠴᠡᠯᠡᠬᠦ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ 3528 ᠰᠠᠭᠤᠷᠢ ᠴᠠᠬᠢᠯᠭ᠋ᠠᠨ ᠦᠷᠳᠡᠭᠡ ᠵᠢ ᠴᠡᠭᠴᠡᠯᠡᠵᠦ᠂ 2.1 ᠲᠦᠮᠡ ᠭᠠᠷᠤᠶ ᠴᠠᠬᠢᠯᠭ᠋ᠠᠨ ᠦᠷᠳᠡᠭᠡ ᠵᠢᠨ ᠠᠮᠢ ᠠᠬᠤᠶ ᠵᠢᠨ ᠤᠷᠤᠰᠬᠠᠯ᠎ᠤᠨ ᠬᠠᠷᠠᠯᠲᠠ ᠵᠢ ᠨᠠᠶ᠋ᠢᠳᠠᠪᠤᠷᠢᠵᠢᠭᠤᠯᠪᠠ᠃ ᠬᠡᠪᠴᠢᠶᠠᠨ᠎ᠠᠴᠠ ᠳᠡᠭᠡᠭᠰᠢᠬᠢ ᠭᠣᠣᠯ ᠮᠥᠷᠡᠨ ᠨᠠᠭᠤᠷ ᠴᠥᠭᠥᠷᠥᠮ᠎ᠢ ᠵᠠᠭ᠋ᠠᠭᠯᠠᠬᠤ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠡᠷᠡᠭᠦᠯ ᠮᠡᠨᠳᠦ ᠵᠢᠨ ᠦᠨᠡᠯᠡᠯᠲᠡ ᠵᠢᠨ ᠰᠢᠰᠲᠸᠮ᠎ᠢ ᠪᠠᠶ᠋ᠢᠭᠤᠯᠵᠤ᠂ 18 ᠵᠢᠱ᠌ᠢᠶ᠎ᠡ ᠦᠵᠡᠭᠦᠯᠬᠦ ᠭᠣᠣᠯ ᠮᠥᠷᠡᠨ ᠨᠠᠭᠤᠷ ᠴᠥᠭᠥᠷᠥᠮ᠎ᠢ ᠪᠠᠢ᠌ᠭᠤᠯᠪᠠ᠃ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠠᠮᠢ ᠠᠬᠤᠶ ᠵᠢᠨ ᠶᠠᠰᠤ ᠴᠢᠨᠠᠷ ᠪᠠ ᠰᠣᠶᠣᠯ᠎ᠤᠨ ᠠᠭᠤᠯᠤᠭᠳᠠᠬᠤᠨ ᠲᠣᠭᠲᠠᠭᠤᠨ ᠵᠶ᠋ᠠᠷ ᠳᠡᠭᠡᠭᠰᠢᠯᠡᠪᠡ᠃
ᠭᠤᠷᠪᠠ᠎ᠳᠤ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠪᠠ᠃ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠬᠢᠨᠠᠨ ᠬᠡᠮᠵᠢᠯᠳᠡ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠂ ᠠᠰᠠᠭᠤᠳᠠᠯ᠎ᠢ ᠮᠠᠭ᠋ᠠᠳᠯᠠᠨ ᠲᠤᠭᠳᠠᠭ᠋ᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ᠎ᠢ ᠲᠣᠭᠲᠠᠭ᠋ᠠᠵᠤ᠂ ᠬᠥᠷᠥᠰᠥ ᠰᠢᠷᠣᠶ ᠵᠢᠨ ᠬᠠᠮᠠᠭ᠋ᠠᠯᠠᠯᠲᠠ ᠵᠢᠨ ᠴᠢᠩᠭ᠎ᠠ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠰᠢᠰᠲᠸᠮ ᠪᠠ ᠬᠢᠨᠠᠨ ᠬᠠᠮᠢᠶᠠᠷᠴᠤ ᠱᠠᠭ᠋ᠠᠷᠳᠠᠨ ᠪᠠᠶ᠋ᠢᠴᠠᠭ᠋ᠠᠬᠤ ᠵᠢ ᠪᠠᠶ᠋ᠢᠩᠭᠤᠵᠢᠭᠤᠯᠬᠤ ᠲᠣᠭᠲᠠᠴᠠ ᠵᠢ ᠦᠨᠳᠦᠰᠦᠨ᠎ᠳᠡᠭᠡᠨ ᠪᠦᠷᠢᠯᠳᠦᠬᠦᠯᠪᠡ᠃ ᠬᠥᠷᠥᠰᠥ ᠰᠢᠷᠣᠶ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠵᠢ ᠨᠡᠶ᠋ᠢᠳᠡᠮ ᠬᠡᠷᠡᠭᠵᠢᠭᠦᠯᠬᠦ ᠵᠢ ᠪᠡᠶᠡᠯᠡᠭᠦᠯᠵᠦ᠂ ᠵᠤᠷᠢᠭᠤᠳᠠ᠎ᠪᠠᠷ ᠬᠥᠷᠥᠰᠥ ᠰᠢᠷᠣᠶ ᠢᠳᠡᠭᠳᠡᠬᠦᠯᠬᠦ ᠪᠠᠢ᠌ᠳᠠᠯ᠎ᠢ ᠠᠯᠤᠰ ᠰᠡᠷᠡᠯ ᠵᠶ᠋ᠠᠷ ᠬᠢᠨᠠᠨ ᠬᠠᠮᠢᠶᠠᠷᠬᠤ ᠵᠢ ᠨᠡᠶ᠋ᠢᠳᠡᠮ ᠬᠡᠷᠡᠭᠵᠢᠭᠦᠯᠬᠦ ᠵᠢ ᠠᠩᠬ᠎ᠠ ᠤᠳᠠᠭ᠎ᠠ ᠪᠡᠶᠡᠯᠡᠭᠦᠯᠵᠦ᠂ 3.8 ᠲᠦᠮᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠦᠷᠦᠯ ᠵᠦᠢ᠍ᠯ᠎ᠢ ᠮᠠᠭ᠋ᠠᠳᠯᠠᠨ ᠲᠣᠭᠲᠠᠭ᠋ᠠᠭᠰᠠᠨ ᠪᠥᠭᠡᠳ ᠪᠠᠶ᠋ᠢᠴᠠᠭ᠋ᠠᠨ ᠰᠢᠢᠳᠪᠦᠷᠢᠯᠡᠵᠦ᠂ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠬᠡᠪᠴᠢᠶ᠎ᠡ ᠵᠢ ᠲᠦᠷᠦᠭᠦᠦ ᠵᠢᠯ᠎ᠤᠨ᠎ᠬᠢ᠎ᠠᠴᠠ 60%᠎ᠪᠠᠷ ᠨᠡᠮᠡᠭᠳᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠦᠷᠦᠯ ᠵᠦᠢ᠍ᠯ᠎ᠤᠨ ᠲᠣᠭ᠎ᠠ ᠬᠡᠮᠵᠢᠶ᠎ᠡ ᠵᠢ 28%᠎ᠪᠠᠷ ᠪᠠᠭ᠋ᠠᠰᠬᠠᠪᠠ᠃ ᠬᠥᠷᠥᠰᠥ ᠰᠢᠷᠣᠶ ᠵᠢ ᠬᠠᠮᠠᠭ᠋ᠠᠯᠠᠬᠤ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠠᠩᠬ᠎ᠠ ᠤᠳᠠᠭ᠎ᠠ ᠥᠷᠨᠢᠭᠦᠯᠵᠦ᠂ ᠬᠠᠲᠤᠨ ᠭᠣᠣᠯ᠎ᠤᠨ ᠤᠰᠤᠨ ᠠᠰᠢᠭᠯᠠᠯᠳᠠ ᠵᠢᠨ ᠵᠥᠪᠯᠡᠯ᠂ᠲᠠᠢ ᠬᠤ᠌ ᠨᠠᠭᠤᠷ᠎ᠤᠨ ᠲᠣᠪᠴᠢᠶ᠎ᠠ ᠪᠣᠯᠤᠨ ᠴᠦᠩᠴᠢᠩ᠂ ᠭᠦᠢ᠍ᠵᠧᠦ᠂ ᠭᠤᠸᠠᠩᠳᠦ᠋ᠩ ᠵᠡᠷᠭᠡ ᠮᠤᠵᠢ᠎ᠨᠢ 〈〈ᠭᠣᠣᠯᠳᠠᠯᠭ᠎ᠠ᠎ᠲᠠᠢ ᠠᠩᠬᠠᠷᠬᠤ ᠨᠡᠷᠡᠰ〉〉 ᠪᠣᠯᠤᠨ 〈〈ᠬᠠᠷ᠎ᠠ ᠲᠠᠩᠰᠠ〉〉᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠬᠦᠴᠦᠷᠬᠡᠭ ᠶᠡᠬᠡ ᠰᠦᠷᠳᠡᠬᠦᠯᠬᠦ ᠦᠢ᠍ᠯᠡᠳᠦᠯ᠎ᠢ ᠪᠤᠢ ᠪᠣᠯᠭ᠋ᠠᠪᠠ᠃ ᠬᠥᠷᠥᠰᠥ ᠰᠢᠷᠣᠶ ᠵᠢ ᠬᠠᠮᠠᠭ᠋ᠠᠯᠠᠬᠤ ᠮᠡᠷᠭᠡᠵᠢᠯ᠎ᠤᠨ ᠪᠠᠷᠢᠮᠵᠢᠶᠠᠨ᠎ᠤ ᠰᠢᠰᠲᠸᠮ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠷᠥᠰᠥ ᠰᠢᠷᠣᠶ ᠵᠢ ᠬᠠᠮᠠᠭ᠋ᠠᠯᠠᠬᠤ ᠨᠣᠷᠮ᠎ᠠ ᠵᠢᠨ ᠤᠬᠠᠭᠳᠠᠬᠤᠨ᠎ᠢ ᠰᠢᠨ᠎ᠡ᠎ᠪᠠᠷ ᠳᠤᠷᠠᠳᠬᠤ ᠵᠢᠨ ᠬᠠᠮᠲᠤ ᠪᠤᠳᠤᠬᠤ ᠠᠷᠭ᠎ᠠ ᠵᠢ ᠰᠤᠳᠤᠯᠤᠨ ᠲᠣᠭᠲᠠᠭ᠋ᠠᠵᠤ᠂ ᠨᠢᠭᠡᠨᠲᠡ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠦᠨᠡᠯᠡᠨ ᠵᠢᠱ᠌ᠢᠬᠦ ᠵᠢᠭ᠋ᠠᠯᠳᠠ ᠵᠢᠴᠢ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠬᠢᠵᠠᠭ᠋ᠠᠷᠯᠠᠬᠤ ᠴᠢᠨᠠᠷᠲᠠᠶ ᠵᠢᠭ᠋ᠠᠯᠳᠠ ᠵᠢᠨ ᠰᠢᠰᠲᠸᠮ᠎ᠳᠤ ᠣᠷᠣᠭᠤᠯᠪᠠ᠃
ᠲᠦᠷᠪᠡ᠎ᠳᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢᠨ ᠠᠮᠤᠷ ᠲᠦᠪᠰᠢᠨ ᠵᠢᠷᠤᠮᠵᠢᠪᠠ᠃ ᠭᠤᠷᠪᠠᠨ ᠬᠠᠪᠴᠢᠯ᠎ᠤᠨ ᠢᠨᠵᠸᠨ᠋ᠷᠢᠩᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠴᠦᠮ ᠪᠡᠶᠡᠯᠡᠭᠦᠯᠵᠦ᠂ 254 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠤᠨ ᠤᠰᠤ ᠵᠢ ᠬᠠᠰᠢᠨ ᠬᠠᠳᠠᠭ᠋ᠠᠯᠠᠵᠤ᠂ ᠪᠦᠬᠦ ᠵᠢᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ 1118 ᠳ᠋ᠦᠩᠰᠢᠭᠤᠷ ᠺᠢᠯᠤᠸᠲ ᠴᠠᠭ᠎ᠲᠤ ᠬᠦᠷᠴᠦ᠂ ᠳᠡᠯᠡᠬᠡᠶ ᠵᠢᠨ ᠲᠡᠮᠳᠡᠭᠯᠡᠯ᠎ᠢ ᠡᠭᠦᠳᠪᠡ᠃ ᠡᠮᠦᠨᠡᠳᠦ ᠵᠢᠨ ᠤᠰᠤ ᠵᠢ ᠤᠮᠠᠷᠠᠰᠢ ᠲᠠᠳᠠᠬᠤ ᠢᠨᠵᠸᠨ᠋ᠷᠢᠩᠤᠨ ᠵᠠᠬᠦᠨ᠂ ᠲᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ᠎ᠨᠢ ᠵᠢᠯ᠎ᠳᠤ 94.63 ᠳ᠋ᠦᠩᠰᠢᠭᠤᠷ ᠪᠤᠰᠤᠭ᠎ᠠ ᠲᠦᠷᠪᠡᠯᠵᠢᠨ ᠮᠸᠲᠷ ᠤᠰᠤ ᠵᠢ ᠲᠠᠳᠠᠵᠦ᠂ ᠳᠤᠮᠳᠠ ᠱᠤᠭᠤᠮ᠎ᠨᠢ ᠠᠩᠬ᠎ᠠ ᠤᠳᠠᠭ᠎ᠠ ᠬᠡᠮᠵᠢᠶ᠎ᠡ ᠨᠡᠮᠡᠭᠳᠡᠬᠦᠯᠦᠨ ᠲᠦᠯᠦᠪᠯᠡᠭᠰᠡᠨ 420 ᠪᠣᠰᠣᠭ᠎ᠠ ᠳᠥᠷᠪᠡᠯᠵᠢᠨ ᠮᠧᠲᠷ/ ᠰᠧᠺᠦ᠋ᠨ᠋ᠳ᠋ ᠵᠶ᠋ᠡᠷ ᠤᠰᠤ ᠳᠠᠮᠵᠢᠭᠤᠯᠬᠤ ᠵᠢ ᠪᠡᠶᠡᠯᠡᠭᠦᠯᠵᠦ᠂ ᠣᠨ᠎ᠤ ᠤᠰᠤᠨ᠎ᠤ ᠬᠠᠩᠭ᠋ᠠᠯᠭ᠎ᠠ᠎ᠨᠢ ᠠᠩᠬ᠎ᠠ ᠤᠳᠠᠭ᠎ᠠ ᠲᠦᠯᠦᠪᠵᠢᠬᠦᠯᠭᠡ ᠵᠢᠨ ᠣᠯᠠᠨ ᠵᠢᠯ᠎ᠤᠨ ᠳᠤᠮᠳᠠᠴᠢ ᠤᠰᠤᠨ᠎ᠤ ᠬᠠᠩᠭ᠋ᠠᠯᠭ᠎ᠠ ᠵᠢᠨ ᠬᠡᠮᠵᠢᠶ᠎ᠡ᠎ᠠᠴᠠ ᠲᠠᠪᠠᠪᠠ᠃ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠲᠡᠭᠡᠮᠵᠢ ᠵᠢᠨ ᠲᠡᠰ ᠬᠤᠪᠢᠶᠠᠨ ᠬᠠᠮᠢᠶᠠᠷᠬᠤ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠢᠷᠢ ᠬᠡᠮ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠲᠦᠪᠰᠢᠨ ᠲᠠᠰᠤᠷᠠᠯᠳᠠ ᠦᠭᠡᠢ ᠲᠡᠭᠡᠭᠰᠢᠯᠡᠪᠡ᠃ ᠬᠥᠳᠡᠭᠡ ᠲᠣᠰᠬᠣᠨ᠎ᠤ ᠤᠰᠤᠨ᠎ᠤ ᠬᠠᠩᠭ᠋ᠠᠯᠭ᠎ᠠ ᠵᠢᠨ ᠢᠨᠵᠧᠨᠧᠷᠢᠩ᠎ᠤᠨ ᠤᠰᠤᠨ᠎ᠤ ᠰᠦᠢ᠍ᠳᠬᠡᠯ ᠬᠤᠷᠢᠶᠠᠵᠦ ᠲᠤᠰᠢᠶᠠᠬᠤ ᠠᠵᠢᠯ᠎ᠢ ᠬᠦᠴᠦᠲᠡᠶ ᠲᠦᠯᠬᠢᠨ ᠠᠬᠢᠭᠤᠯᠵᠤ᠂ ᠪᠦᠬᠦ ᠤᠯᠤᠰ᠎ᠤᠨ ᠬᠥᠳᠡᠭᠡ ᠲᠣᠰᠬᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠦᠨ᠎ᠡ ᠬᠠᠩᠰᠢ ᠵᠢ ᠪᠦᠬᠦ ᠲᠠᠯ᠎ᠠ᠎ᠪᠠᠷ ᠲᠣᠭᠲᠠᠭ᠋ᠠᠵᠤ᠂ ᠮᠢᠩᠭ᠎ᠠ᠎ᠠᠴᠠ ᠳᠡᠭᠡᠭᠰᠢᠬᠢ ᠬᠥᠮᠦᠨ᠎ᠤ ᠢᠨᠵᠧᠨᠧᠷᠢᠩ᠎ᠤᠨ ᠰᠦᠢ᠍ᠳᠬᠡᠯ ᠬᠤᠷᠢᠶᠠᠬᠤ ᠬᠠᠷᠢᠴᠠᠯ᠎ᠢ 95%᠎ᠠᠴᠠ ᠳᠠᠪᠠᠭᠤᠯᠵᠤ᠂ ᠤᠰᠤᠨ᠎ᠤ ᠰᠦᠢ᠍ᠳᠬᠡᠯ ᠬᠤᠷᠢᠶᠠᠵᠦ ᠲᠤᠰᠢᠶᠠᠬᠤ ᠨᠤᠷᠮ᠎ᠠ ᠵᠢ 90%᠎ᠠᠴᠠ ᠳᠡᠭᠡᠭᠰᠢ᠎ᠳᠤ ᠬᠦᠷᠭᠡᠪᠡ᠃ ᠬᠥᠳᠡᠭᠡ ᠲᠣᠰᠬᠣᠨ᠎ᠤ ᠤᠰᠤᠨ᠎ᠤ ᠬᠠᠩᠭ᠋ᠠᠯᠭ᠎ᠠ ᠵᠢᠨ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠨ ᠨᠥᠬᠥᠪᠥᠷᠢ ᠵᠢᠨ ᠡᠷᠴᠢᠮ᠎ᠢ ᠴᠢᠩᠭ᠋ᠠᠳᠬᠠᠪᠠ᠃ ᠾᠧᠨᠠᠨ ᠮᠤᠵᠢ᠎ᠨᠢ ᠬᠥᠳᠡᠭᠡ ᠲᠣᠰᠬᠣᠨ᠎ᠤ ᠤᠰᠤᠨ᠎ᠤ ᠬᠠᠩᠭ᠋ᠠᠯᠭ᠎ᠠ ᠵᠢᠨ ᠬᠡᠪᠴᠢᠶᠡᠵᠢᠭᠰᠡᠨ᠂ ᠵᠠᠬ᠎ᠠ ᠲᠡᠯᠭᠡᠭᠦᠷᠵᠢᠭᠰᠡᠨ᠂ ᠭᠠᠵᠠᠷ᠎ᠤᠨ ᠭᠠᠳᠠᠷᠭᠤ ᠵᠢᠨ ᠤᠰᠤᠨ᠎ᠤ ᠰᠤᠷᠪᠤᠯᠵᠢ᠂ ᠬᠤᠳᠠ ᠬᠥᠳᠡᠭᠡ ᠵᠢ ᠨᠢᠭᠡ ᠴᠤᠭᠴᠠᠵᠢᠭᠤᠯᠬᠤ ᠪᠦᠳᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢ ᠥᠷᠨᠢᠭᠦᠯᠵᠦ᠂ ᠤᠰᠤᠨ᠎ᠤ ᠬᠠᠩᠭ᠋ᠠᠯᠭ᠎ᠠ ᠵᠢᠨ ᠪᠠᠲᠤᠯᠠᠭ᠎ᠠ ᠵᠢᠨ ᠲᠦᠪᠰᠢᠨ᠎ᠢ ᠮᠡᠳᠡᠭᠳᠡᠮ᠎ᠡ ᠳᠡᠭᠡᠭᠰᠢᠯᠡᠭᠦᠯᠪᠡ᠃ ᠤᠰᠤᠨ ᠴᠥᠭᠥᠷᠥᠮ ᠬᠠᠰᠢᠯᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠬᠢᠬᠦ ᠪᠠ ᠲᠡᠰ ᠪᠠᠭᠤᠷᠠᠭᠤᠯᠤᠨ ᠬᠡᠷᠡᠭᠯᠡᠭᠡᠨ᠎ᠠᠴᠠ ᠭᠠᠷᠭ᠋ᠠᠬᠤ ᠵᠢ ᠴᠢᠩᠭ᠋ᠠᠳᠬᠠᠵᠤ᠂ ᠬᠠᠰᠢᠯᠭ᠎ᠠ ᠳᠠᠯᠠᠩ᠎ᠤᠨ ᠤᠰᠤᠨ ᠬᠠᠭ᠋ᠠᠯᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠦᠬᠦ ᠤᠯᠤᠰ᠎ᠤᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠪᠠᠢ᠌ᠭᠤᠯᠢᠮᠵᠢ ᠵᠢᠨ ᠥᠭᠡᠷᠡᠴᠢᠯᠡᠯᠲᠡ ᠵᠢᠨ ᠵᠢᠱ᠌ᠢᠶ᠎ᠡ ᠦᠵᠡᠬᠦᠯᠬᠦ ᠰᠢᠶᠠᠨ᠎ᠢ ᠰᠢᠯᠭ᠋ᠠᠷᠠᠭᠤᠯᠪᠠ᠃ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ ᠴᠥᠭᠥᠷᠥᠮ᠎ᠤᠨ ᠨᠡᠭᠦᠳᠡᠯ ᠠᠷᠠᠳ᠎ᠢ ᠲᠥᠪᠬᠢᠨᠡᠭᠦᠯᠬᠦ ᠪᠠ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠦᠷᠦ ᠵᠢᠨ ᠪᠤᠳᠤᠯᠭ᠎ᠠ ᠵᠢ ᠨᠠᠢ᠌ᠳᠠᠪᠦᠷᠢᠵᠢᠭᠤᠯᠬᠤ ᠵᠢ ᠲᠦᠯᠬᠢᠨ ᠠᠬᠢᠭᠤᠯᠪᠠ᠃
ᠲᠠᠪᠤ᠎ᠳᠤ ᠤᠰᠤᠨ ᠠᠰᠢᠭᠯᠠᠯᠲᠠ ᠵᠢᠨ ᠲᠤᠰᠬᠠᠶ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ᠎ᠨᠢ ᠬᠦᠴᠦᠲᠡᠶ ᠪᠥᠭᠡᠳ ᠪᠦᠲᠦᠮᠵᠢᠲᠡᠶ ᠶᠠᠪᠤᠭᠳᠠᠪᠠ᠃ ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ 1.36 ᠲᠦᠮᠡᠨ ᠬᠥᠮᠦᠨ ᠤᠳᠠᠭ᠎ᠠ ᠵᠢᠨ ᠪᠠᠶ᠋ᠢᠴᠠᠭ᠋ᠠᠬᠤ ᠳᠤᠭᠤᠶ᠋ᠢᠯᠠᠩ ᠲᠣᠮᠢᠯᠠᠵᠤ᠂ 6.13 ᠲᠦᠮᠡᠨ ᠲᠥᠷᠥᠯ ᠵᠦᠢᠯ᠎ᠢ ᠪᠠᠶ᠋ᠢᠴᠠᠭ᠋ᠠᠵᠤ᠂ 7.29 ᠲᠦᠮᠡᠨ ᠡᠯ᠎ᠡ ᠲᠥᠷᠥᠯ᠎ᠤᠨ ᠠᠰᠠᠭᠤᠳᠠᠯ᠎ᠢ ᠢᠯᠡᠷᠡᠭᠦᠯᠵᠦ᠂ 818 ᠨᠢᠭᠡᠴᠡ ᠤᠳᠠᠭ᠎ᠠ ᠵᠢᠨ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠵᠦ᠂ ᠣᠨ᠎ᠤ ᠱᠠᠭ᠋ᠠᠷᠳᠠᠨ ᠪᠠᠶ᠋ᠢᠴᠠᠭ᠋ᠠᠬᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠪᠡ᠃ ᠡᠯ᠎ᠡ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠠᠴᠠ ᠨᠡᠶ᠋ᠢᠲᠡ 1.74 ᠲᠦᠮᠡᠨ ᠳᠤᠭᠤᠶ᠋ᠢᠯᠠᠩ ᠤᠳᠠᠭ᠎ᠠ᠂ 7.86 ᠲᠦᠮᠡᠨ ᠬᠥᠮᠦᠨ ᠤᠳᠠᠭ᠎ᠠ ᠵᠢᠨ ᠲᠤᠮᠢᠯᠠᠯᠳᠠ ᠵᠢᠨ ᠬᠢᠨᠠᠯᠲᠠ ᠪᠠᠶ᠋ᠢᠴᠠᠭ᠋ᠠᠯᠲᠠ ᠦᠷᠨᠢᠬᠦᠯᠪᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠬᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠦᠨᠳᠦ ᠶᠡᠬᠡ᠎ᠠᠴᠠ ᠳᠡᠭᠡᠭᠰᠢ ᠠᠮᠤᠷ ᠲᠦᠪᠰᠢᠨ᠎ᠤ ᠡ᠊ᠨᠳᠡᠯ ᠭᠠᠷᠤᠭᠰᠠᠨ ᠥᠭᠡᠢ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠪᠠᠶ᠋ᠢᠴᠠᠭ᠋ᠠᠭᠰᠠᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠪᠠ ᠰᠢᠯᠵᠢᠭᠦᠯᠦᠨ ᠬᠦᠷᠭᠡᠬᠦ ᠲᠣᠭᠲᠠᠴᠠ ᠵᠢ ᠪᠠᠢ᠌ᠭᠤᠯᠪᠠ᠃ 6820 ᠰᠠᠭᠤᠷᠢ ᠪᠠᠭ᠎ᠠ ᠬᠡᠯᠪᠡᠷᠢ ᠵᠢᠨ ᠤᠰᠤᠨ ᠴᠥᠭᠥᠷᠥᠮ᠂ 4213 ᠰᠠᠭᠤᠷᠢ ᠤᠰᠤᠨ ᠬᠠᠭ᠋ᠠᠯᠭ᠎ᠠ ᠵᠢᠨ ᠠᠮᠤᠷ ᠲᠦᠪᠰᠢᠨ ᠵᠶ᠋ᠡᠷ ᠠᠵᠢᠯᠯᠠᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠵᠤ᠂ ᠤᠰᠤᠨ ᠴᠥᠭᠥᠷᠥᠮ᠎ᠳᠤ ᠢᠯᠡᠷᠡᠭᠦᠯᠦᠭᠰᠡᠨ ᠠᠰᠠᠭᠤᠳᠠᠯ᠎ᠤᠨ ᠲᠣᠭ᠎ᠠ ᠦᠷᠭᠦᠯᠵᠢᠯᠡᠨ ᠪᠠᠭ᠋ᠠᠰᠪᠠ᠃ ᠬᠡᠪᠴᠢᠶᠡᠵᠢᠯ᠎ᠠᠴᠠ ᠳᠡᠭᠡᠭᠰᠢᠬᠢ ᠭᠣᠣᠯ ᠮᠥᠷᠡᠨ ᠨᠠᠭᠤᠷ ᠴᠥᠭᠥᠷᠥᠮ᠎ᠳᠤ ᠨᠡᠶ᠋ᠢᠳᠡᠮ ᠪᠠᠶ᠋ᠢᠴᠠᠭ᠋ᠠᠯᠲᠠ ᠬᠢᠬᠦ ᠵᠢ ᠪᠡᠶᠡᠯᠡᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠵᠢᠨ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ᠂ ᠤᠮᠠᠷᠠᠲᠤ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠳᠠᠭᠰᠠᠨᠢ ᠵᠠᠰᠠᠬᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠳᠠ᠂ ᠤᠰᠤ ᠵᠢ ᠠᠷᠪᠢᠯᠠᠵᠤ ᠬᠡᠷᠡᠭᠯᠡᠬᠦ ᠪᠠ ᠬᠥᠷᠥᠰᠥ ᠰᠢᠷᠣᠶ ᠵᠢ ᠬᠠᠮᠠᠭ᠋ᠠᠯᠠᠬᠤ ᠵᠡᠷᠭᠡ ᠲᠠᠯ᠎ᠠ᠎ᠪᠠᠷ ᠬᠢᠨᠠᠯᠲᠠ ᠲᠠᠯᠪᠢᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃ ᠤᠰᠤᠨ ᠠᠰᠢᠭᠯᠠᠯᠲᠠ᠎ᠪᠠᠷ ᠶᠠᠳᠠᠭᠤ ᠵᠢ ᠲᠡᠳᠬᠦᠬᠦ ᠵᠢ ᠬᠢᠨᠠᠨ ᠪᠠᠢ᠌ᠴᠠᠭ᠋ᠠᠬᠤ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠲᠠᠯ᠎ᠠ᠎ᠪᠠᠷ ᠶᠡᠬᠡ ᠬᠡᠪᠴᠢᠶ᠎ᠡ᠎ᠪᠠᠷ ᠳᠠᠯᠳᠠᠭᠤᠷ ᠰᠤᠷᠪᠤᠯᠵᠢᠯᠠᠬᠤ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠨ 〈〈ᠡᠴᠦᠰ᠎ᠤᠨ ᠨᠢᠭᠡ ᠺᠢᠯᠣᠮᠧᠲᠷ〉〉᠎ᠤᠨ ᠲᠠᠯ᠎ᠠ᠎ᠪᠠᠷ ᠳᠠᠯᠳᠠᠭᠤᠷ ᠰᠤᠷᠪᠤᠯᠵᠢᠯᠠᠬᠤ ᠵᠡᠷᠭᠡ ᠪᠠᠶ᠋ᠢᠴᠠᠭ᠋ᠠᠨ ᠰᠤᠳᠤᠯᠤᠯᠲᠠ ᠵᠢ ᠬᠢᠪᠡ᠃ ᠲᠥᠰᠦᠪ᠎ᠤᠨ ᠬᠠᠮᠢᠶᠠᠷᠤᠯᠲᠠ᠂ ᠦᠷ᠎ᠡ ᠪᠦᠲᠦᠮᠵᠢ ᠵᠢᠨ ᠬᠠᠮᠢᠶᠠᠷᠤᠯᠲᠠ ᠵᠢᠴᠢ ᠬᠢᠨᠠᠨ ᠪᠤᠳᠤᠯᠳᠠ ᠵᠢᠨ ᠠᠵᠢᠯ᠎ᠢ ᠰᠠᠶ᠋ᠢᠲᠤᠷ ᠬᠢᠵᠦ᠂ ᠬᠡᠰᠡᠭ ᠭᠠᠵᠠᠷ ᠣᠷᠣᠨ᠎ᠳᠤ ᠤᠰᠤᠨ ᠠᠰᠢᠭᠯᠠᠯᠲᠠ ᠵᠢᠨ ᠪᠡᠯᠡ ᠮᠥᠩᠭᠥ ᠵᠢᠨ ᠲᠤᠰᠬᠠᠶ ᠲᠦᠷᠦᠯ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠤᠰᠤᠨ ᠠᠰᠢᠭᠯᠠᠯᠲᠠ ᠵᠢᠨ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ᠎ᠤ ᠲᠠᠪᠴᠠᠩ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠵᠤ᠂ ᠨᠡᠶ᠋ᠢᠲᠡ ᠬᠢᠨᠠᠨ ᠬᠠᠷᠠᠭᠤᠯᠤᠭᠰᠠᠨ 1464 ᠠᠰᠠᠭᠤᠳᠠᠯ᠎ᠢ ᠰᠢᠯᠵᠢᠭᠦᠯᠦᠨ ᠰᠢᠢ᠍ᠳᠪᠦᠷᠢᠯᠠᠵᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ 〈〈ᠠᠯᠤᠰ᠎ᠤᠨ ᠲᠤᠷᠠᠨ〉〉 ᠪᠠ ᠣᠯᠠᠨ ᠲᠦᠮᠡᠨ᠎ᠳᠤ ᠦᠢᠯᠡᠴᠢᠯᠡᠬᠦ 〈〈ᠪᠡᠯᠡᠨ ᠤᠨᠤᠭ᠎ᠠ〉〉 ᠵᠢᠨ ᠦᠢᠯᠡᠳᠦᠯ᠎ᠢ ᠭᠦᠢᠴᠡᠳ ᠪᠠᠳᠠᠷᠠᠭᠤᠯᠪᠠ᠃
ᠵᠢᠷᠭᠤᠭ᠎ᠠ᠎ᠳᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠥᠭᠵᠢᠯᠲᠡ ᠵᠢᠨ ᠴᠢᠳᠠᠪᠤᠷᠢ ᠲᠣᠭᠲᠠᠭᠤᠨ ᠵᠶ᠋ᠠᠷ ᠳᠡᠭᠡᠭᠰᠢᠯᠡᠪᠡ᠃ ᠤᠰᠤᠨ᠎ᠤ ᠬᠠᠤᠯᠢ ᠲᠣᠭᠲᠠᠭ᠋ᠠᠯ᠎ᠤᠨ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ 〈〈ᠤᠰᠤᠨ᠎ᠤ ᠬᠠᠤᠯᠢ ᠲᠣᠭᠲᠠᠭ᠋ᠠᠯ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ (2020 — 2025 ᠣᠨ)〉〉 〈〈ᠤᠰᠤᠨ ᠠᠰᠢᠭᠯᠠᠯᠲᠠ ᠵᠢᠨ ᠶᠠᠮᠤᠨ᠎ᠤ ᠲᠦᠷᠢᠮ᠎ᠤᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠦᠯ (2020 — 2022 ᠣᠨ)〉〉᠎ᠢ ᠳᠠᠷᠤᠮᠠᠯᠯᠠᠨ ᠲᠠᠷᠬᠠᠭ᠋ᠠᠵᠤ᠂ ᠬᠠᠲᠤᠨ ᠭᠣᠤᠯ᠎ᠤᠨ ᠬᠠᠤᠯᠢ ᠲᠣᠭᠲᠠᠭ᠋ᠠᠯᠲᠠ ᠵᠢ ᠡᠬᠢᠯᠡᠭᠦᠯᠵᠦ᠂ 〈〈ᠬᠦᠬᠡ ᠮᠦᠷᠡᠨ᠎ᠤ ᠬᠠᠮᠠᠭ᠋ᠠᠯᠠᠯᠲᠠ ᠵᠢᠨ ᠬᠠᠤᠯᠢ〉〉 ᠵᠢ ᠨᠡᠶ᠋ᠢᠲᠡᠯᠡᠵᠦ᠂ 〈〈ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ ᠲᠦᠷᠢᠮ〉〉 〈〈ᠭᠣᠤᠯ᠎ᠤᠨ ᠵᠠᠮ᠎ᠠᠴᠠ ᠬᠠᠶ᠋ᠢᠷ ᠮᠠᠯᠲᠠᠬᠤ ᠬᠠᠮᠢᠶᠠᠷᠤᠯᠲᠠ ᠵᠢᠨ ᠲᠦᠷᠢᠮ〉〉 ᠵᠡᠷᠭᠡ ᠬᠠᠤᠯᠢ ᠲᠣᠭᠲᠠᠭ᠋ᠠᠬᠤ ᠠᠬᠢᠴᠠ ᠵᠢ ᠤᠯᠠᠮ ᠨᠢᠭᠡ ᠠᠯᠬᠤᠮ ᠲᠦᠷᠭᠡᠳᠬᠡᠪᠡ᠃ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠤᠯᠢ ᠬᠡᠷᠡᠭᠵᠢᠭᠦᠯᠦᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠪᠠ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠤᠳᠠᠭ᠋ᠠᠨ ᠵᠢᠯ᠎ᠤᠨ ᠲᠠᠷᠤᠭᠳᠠᠮᠠᠯ ᠬᠡᠷᠡᠭ᠎ᠢ 〈〈ᠠᠷᠢᠯᠭ᠋ᠠᠨ ᠴᠡᠪᠡᠷᠯᠡᠬᠦ〉〉 ᠠᠵᠢᠯᠯᠠᠭ᠎ᠠ ᠵᠢ ᠥᠷᠨᠢᠭᠦᠯᠵᠦ᠂ ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠡᠩᠨᠡᠭᠡ᠎ᠨᠢ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ 2.1 ᠲᠦᠮᠡ ᠬᠡᠷᠡᠭ ᠵᠢ ᠪᠠᠢ᠌ᠴᠠᠭ᠋ᠠᠨ ᠰᠢᠢ᠍ᠳᠪᠦᠷᠢᠯᠡᠵᠦ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠤᠳᠠᠭ᠋ᠠᠨ ᠵᠢᠯ᠎ᠤᠨ ᠲᠠᠷᠤᠭᠳᠠᠮᠠᠯ 4267 ᠭᠡᠷᠡᠭ᠎ᠢ ᠪᠦᠬᠦᠨ᠎ᠢ ᠠᠷᠢᠯᠭ᠋ᠠᠨ ᠳᠢᠭᠯᠡᠪᠡ᠃ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠵᠢᠨ ᠲᠤᠭᠤᠷᠢᠨ᠎ᠳᠤ᠂ ᠪᠡᠭᠡᠵᠢᠩ ᠲᠢᠶᠠᠨᠵᠢᠨ ᠾᠤᠪᠸᠢ ᠵᠢᠨ ᠬᠠᠮᠵᠢᠯᠴᠠᠭ᠋ᠠᠨ᠎ᠤ ᠬᠦᠭᠵᠢᠯᠳᠡ᠂ ᠬᠦᠭᠡ ᠮᠦᠷᠡᠨ᠎ᠤ ᠠᠵᠤ ᠠᠬᠤᠶ ᠵᠢᠨ ᠪᠦᠰᠡ ᠵᠢᠨ ᠬᠥᠭᠵᠢᠯᠲᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠂ ᠬᠦᠭᠡ ᠮᠦᠷᠡᠨ᠎ᠤ ᠭᠤᠷᠪᠠᠯᠵᠢᠨ ᠬᠣᠶ᠋ᠢᠭ᠎ᠤᠨ ᠣᠷᠣᠨ ᠪᠦᠰᠡ ᠵᠢᠨ ᠨᠢᠭᠡ ᠴᠤᠭᠴᠠᠵᠢᠯᠲᠠ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠡᠷᠭᠡ ᠬᠠᠮᠢᠶ᠎ᠠ ᠪᠦᠬᠦᠢ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠵᠤᠬᠢᠶᠠᠨ ᠨᠠᠢ᠌ᠳᠠᠪᠦᠷᠢᠵᠢᠭᠤᠯᠪᠠ᠃ ᠰᠢᠨᠵᠢᠯᠡᠭᠡ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠦᠭᠡ ᠮᠦᠷᠡᠨ᠂ ᠬᠠᠳᠤᠨ ᠭᠣᠣᠯ᠎ᠤᠨ ᠤᠰᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠲᠤᠷᠠᠭᠰᠠᠨ ᠰᠠᠭᠤᠷᠢ ᠮᠥᠩᠭᠥ ᠵᠢ ᠪᠠᠶ᠋ᠢᠭᠤᠯᠵᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠰᠢᠨᠵᠢᠯᠡᠭᠡ ᠮᠡᠷᠭᠡᠵᠢᠯ᠎ᠤᠨ ᠠᠰᠠᠭᠤᠳᠠᠯ᠎ᠤᠨ ᠰᠤᠳᠤᠯᠭ᠋ᠠᠨ᠎ᠨᠢ ᠨᠢᠭᠡ ᠪᠦᠯᠦᠭ ᠭᠡᠷᠡᠭᠴᠡᠭᠡᠳᠠᠢ ᠦᠷ᠎ᠡ ᠪᠦᠲᠦᠭᠡᠯ ᠣᠯᠵᠤ᠂ 45 ᠵᠦᠢ᠍ᠯ᠎ᠤᠨ ᠤᠰᠤᠨ ᠠᠰᠢᠭᠯᠠᠯᠲᠠ ᠵᠢᠨ ᠮᠡᠷᠭᠡᠵᠢᠯ᠎ᠤᠨ ᠪᠠᠷᠢᠮᠵᠢᠶ᠎ᠠ ᠵᠢ ᠨᠡᠶ᠋ᠢᠲᠡᠯᠡᠵᠦ᠂ 94 ᠵᠦᠢ᠍ᠯ᠎ᠤᠨ ᠰᠢᠨᠵᠢᠯᠡᠭᠡ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠪᠡ᠃ ᠯᠠᠨ ᠼᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠋ᠠᠨ᠎ᠤ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠤᠨ ᠰᠦᠯᠵᠢᠶ᠎ᠡ ᠵᠢ ᠨᠡᠪᠲᠡᠷᠡᠭᠦᠯᠵᠦ᠂ ᠤᠰᠤᠨ ᠠᠰᠢᠭᠯᠠᠯᠳᠠ ᠵᠢᠨ ᠭᠠᠳᠠᠭ᠋ᠠᠳᠤ᠎ᠲᠠᠢ ᠬᠠᠷᠢᠯᠴᠠᠬᠤ ᠬᠠᠮᠳᠤᠷᠠᠯᠴᠠᠭ᠎ᠠ ᠵᠢ ᠠᠯᠬᠤᠮ ᠲᠠᠷᠠᠭ᠎ᠠ᠎ᠲᠠᠢ ᠲᠦᠯᠬᠢᠨ ᠠᠬᠢᠭᠤᠯᠪᠠ᠃ 〈〈ᠪᠠᠭᠤᠯᠭ᠋ᠠᠬᠤ ᠬᠠᠮᠢᠶᠠᠷᠬᠤ ᠦᠢᠯᠡᠴᠢᠯᠡᠬᠦ〉〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 〈〈ᠢᠨᠲᠸᠷ ᠰᠦᠯᠵᠢᠶ᠎ᠡ + ᠬᠢᠨᠠᠯᠲᠠ ᠬᠠᠮᠢᠶᠠᠷᠤᠯᠲᠠ〉〉 ᠵᠢᠨ ᠰᠢᠰᠲ᠋ᠧᠮ᠎ᠢ ᠪᠠᠢ᠌ᠭᠤᠯᠵᠦ᠂ ᠮᠡᠳᠡᠭᠳᠡᠬᠦ ᠠᠮᠠᠯᠠᠬᠤ ᠲᠦᠷᠢᠮ᠎ᠢ ᠰᠦᠪᠡᠭᠴᠢᠯᠡᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠶᠠᠮᠤᠨ ᠵᠢᠴᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠰᠦᠯᠵᠢᠶᠡᠨ ᠳᠡᠭᠡᠷ᠎ᠡ ᠭᠦᠢᠴᠡᠳᠬᠡᠬᠦ ᠵᠢ ᠭᠡᠷᠡᠭᠵᠢᠬᠦᠯᠪᠡ᠃ ᠤᠰᠤ ᠲᠠᠲᠠᠬᠤ ᠵᠥᠪᠰᠢᠶᠡᠷᠡᠯ᠎ᠤᠨ ᠡᠯᠧᠺᠲᠷᠣᠨ ᠦᠨᠡᠮᠯᠡᠯ᠎ᠢ ᠳᠡᠯᠭᠡᠷᠡᠭᠦᠯᠦᠨ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠲᠠᠯᠠᠪᠠᠶ ᠨᠡᠶ᠋ᠢᠲᠡ 4 ᠳ᠋ᠦᠩᠰᠢᠭᠤᠷ ᠮᠥ᠍᠎ᠳᠤ ᠬᠦᠷᠴᠦ᠂ ᠪᠡᠭᠡᠵᠢᠩ᠂ ᠱᠠᠩᠬᠠᠶ᠂ ᠵᠧᠵᠢᠶᠠᠩ᠎ᠨᠢ ᠥᠭᠡᠷᠡᠴᠢᠯᠡᠯᠲᠡ ᠵᠢᠨ ᠬᠠᠷᠠᠯᠲᠠ᠎ᠪᠠᠨ ᠦᠨᠳᠦᠰᠦᠨ᠎ᠳᠡᠭᠡᠨ ᠪᠡᠶᠡᠯᠡᠭᠦᠯᠪᠡ᠃ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ ᠺᠣᠮᠫᠠᠨᠢ ᠵᠢ ᠪᠠᠶ᠋ᠢᠭᠤᠯᠬᠤ ᠵᠢᠨ ᠬᠠᠮᠲᠤ ᠵᠢᠩᠬᠢᠨᠢ᠎ᠪᠠᠷ ᠫᠠᠶ᠋ᠢᠰᠠ ᠡᠯᠭᠦᠨ ᠡᠵᠡᠩᠨᠡᠬᠦ ᠵᠢ ᠲᠦᠯᠬᠢᠨ ᠠᠬᠢᠭᠤᠯᠪᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠵᠠᠰᠠᠭ᠎ᠤᠨ ᠶᠠᠪᠤᠳᠠᠯ᠎ᠢ ᠱᠠᠭ᠋ᠠᠷᠳᠠᠨ ᠰᠢᠢᠳᠪᠦᠷᠢᠯᠡᠭᠦᠯᠬᠦ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠶᠡᠷᠦᠩᠬᠡᠶ᠋ᠢᠯᠡᠭᠰᠡᠨ ᠵᠠᠰᠠᠭ᠎ᠤᠨ ᠶᠠᠪᠤᠳᠠᠯ᠎ᠤᠨ ᠠᠵᠢᠯ᠎ᠢ ᠬᠦᠴᠦᠲᠡᠶ ᠪᠥᠭᠡᠳ ᠡᠮᠬᠢ ᠵᠢᠷᠤᠮ᠎ᠲᠠᠢ ᠶᠠᠪᠤᠭᠳᠠᠭᠤᠯᠵᠦ᠂ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠂ ᠠᠵᠢᠯᠴᠢᠨ᠎ᠤ ᠡᠪᠯᠡᠯ᠂ ᠵᠠᠯᠠᠭᠤᠴᠤᠳ᠎ᠤᠨ ᠡᠪᠯᠡᠯ᠂ ᠡᠮᠡᠭᠳᠠᠢ᠌ᠴᠤᠳᠤᠨ ᠬᠤᠯᠪᠤᠭ᠋ᠠᠳᠤ ᠬᠤᠷᠠᠯ᠂ ᠨᠡᠶ᠋ᠢᠭᠡᠮ᠎ᠤᠨ ᠪᠦᠯᠬᠦᠮ᠎ᠤᠨ ᠬᠠᠮᠢᠶᠠᠷᠤᠯᠲᠠ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠠᠵᠢᠯ ᠰᠢᠨ᠎ᠡ ᠦᠷ᠎ᠡ ᠪᠦᠲᠦᠮᠵᠢ ᠤᠯᠪᠠ᠃