ᠲᠤᠰ ᠰᠤᠨᠢᠨ᠎ᠤ ᠴᠢᠮᠡᠭᠡ (ᠰᠤᠷᠪᠤᠯᠵᠢᠯᠠᠭᠴᠢ ᠸᠠᠩ ᠬᠠᠨ ᠵᠢᠤᠸᠠᠨ) ᠰᠤᠷᠪᠤᠯᠵᠢᠯᠠᠭᠴᠢ 25᠎ᠤ ᠡᠳᠦᠷ ᠪᠡᠭᠡᠵᠢᠩ᠎ᠳᠤ ᠬᠤᠷᠠᠯᠳᠤᠭᠰᠠᠨ ᠪᠦᠬᠦ ᠤᠯᠤᠰ᠎ᠤᠨ ᠤᠰᠤᠨ ᠠᠰᠢᠭᠯᠠᠯᠳᠠ ᠵᠢᠨ ᠠᠵᠢᠯ᠎ᠤᠨ ᠬᠤᠷᠠᠯ᠎ᠠᠴᠠ ᠣᠢ᠌ᠯᠭ᠋ᠠᠭᠰᠠᠨ ᠵᠶ᠋ᠠᠷ᠂ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠤᠯ ᠬᠦᠳᠡᠭᠡ ᠲᠤᠰᠬᠤᠨ᠎ᠤ ᠤᠰᠤᠨ ᠠᠰᠢᠭᠯᠠᠯᠳᠠ ᠵᠢᠨ ᠲᠤᠯᠭ᠋ᠠᠭᠤᠷᠢ ᠪᠠᠳᠤᠯᠠᠭ᠎ᠠ ᠵᠢᠨ ᠬᠠᠮᠤᠭ᠎ᠤᠨ ᠪᠤᠳᠠᠳᠠᠢ ᠲᠠᠪᠤᠨ ᠵᠢᠯ ᠪᠤᠯᠤᠨ᠎ᠠ᠃ 2.7 ᠳ᠋ᠦᠩᠰᠢᠭᠤᠷ ᠬᠦᠳᠡᠭᠡ ᠲᠤᠰᠬᠤᠨ᠎ᠤ ᠬᠦᠮᠦᠨ ᠠᠮᠠ ᠵᠢᠨ ᠤᠰᠤᠨ᠎ᠤ ᠬᠠᠩᠭ᠋ᠠᠯᠭ᠎ᠠ ᠵᠢᠨ ᠪᠠᠳᠤᠯᠠᠭ᠎ᠠ ᠵᠢᠨ ᠲᠦᠪᠰᠢᠨ᠎ᠢ ᠪᠡᠬᠢᠵᠢᠬᠦᠯᠦᠨ ᠲᠡᠭᠡᠭᠰᠢᠯᠡᠬᠦᠯᠵᠦ᠂ 1710 ᠲᠦᠮᠡᠨ ᠲᠠᠩᠰᠠᠯᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠠᠵᠦ᠂ ᠬᠦᠳᠡᠭᠡ ᠲᠤᠰᠬᠤᠨ᠎ᠤ ᠬᠦᠮᠦᠨ ᠠᠮᠠ ᠵᠢᠨ 83%᠎ᠠᠴᠠ ᠲᠡᠭᠡᠭᠰᠢᠬᠢ᠎ᠨᠢ ᠲᠦᠭᠡᠭᠡᠯ ᠤᠰᠤ ᠭᠡᠷᠡᠭᠯᠡᠪᠡ᠃
ᠲᠠᠨᠢᠯᠴᠠᠭᠤᠯᠭᠰᠠᠨ ᠵᠶ᠋ᠠᠷ᠂ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠤᠯ ᠤᠰᠤᠨ ᠠᠰᠢᠭᠯᠠᠯᠳᠠ ᠵᠢᠨ ᠢᠨᠵᠸᠨ᠋ᠷᠢᠩᠤᠨ ᠦᠷ᠎ᠡ ᠠᠰᠢᠭ ᠵᠢ ᠬᠠᠮᠤᠭ ᠶᠡᠬᠡ᠎ᠪᠠᠷ ᠪᠠᠳᠠᠷᠠᠭᠤᠯᠤᠭᠰᠠᠨ ᠲᠠᠪᠤᠨ ᠵᠢᠯ ᠪᠤᠯᠤᠨ᠎ᠠ᠃ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠨᠡᠢ᠌ᠳᠡ 3.58 ᠲᠦᠮᠡᠨ ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠣᠯᠳᠠ ᠵᠢ ᠨᠠᠢ᠌ᠳᠠᠪᠦᠷᠢᠵᠢᠭᠤᠯᠵᠦ᠂ 〈〈ᠠᠷᠪᠠᠨ ᠬᠤᠶᠠᠳᠤᠭ᠋ᠠᠷ ᠲᠠᠪᠤᠨ ᠵᠢᠯ〉〉᠎ᠤᠨ ᠬᠤᠭᠤᠴᠠᠭ᠋ᠠᠨ᠎ᠠᠴᠠ 57 %᠎ᠪᠠᠷ ᠨᠡᠮᠡᠭᠳᠡᠵᠦ᠂ ᠶᠡᠬᠡ ᠮᠦᠷᠡᠨ ᠭᠤᠤᠯ᠎ᠤᠨ ᠵᠠᠰᠠᠯᠳᠠ ᠪᠠ ᠰᠢ ᠵᠢᠶᠠᠩ ᠮᠦᠷᠡᠨ᠎ᠤ ᠳ᠋ᠠ ᠲᠸᠩ ᠰᠢᠶᠠ ᠬᠠᠪᠴᠢᠯ᠂ ᠬᠤᠸᠠᠢ ᠾᠸ ᠭᠤᠤᠯ᠎ᠤᠨ ᠴᠦ᠍ ᠱᠠᠨ ᠳ᠋ᠢᠶᠠᠨ ᠵᠡᠷᠭᠡ ᠨᠢᠭᠡ ᠪᠦᠯᠦᠭ ᠡᠵᠡᠮᠰᠢᠯᠳᠦ ᠴᠢᠨᠠᠷᠳᠠᠢ ᠵᠠᠩᠭᠢᠯᠠᠭ᠎ᠠ (ᠠᠭᠤᠯᠵᠠᠪᠦᠷᠢ) ᠵᠢᠨ ᠪᠦᠳᠦᠭᠡᠨ ᠪᠠᠢ᠌ᠭᠤᠯᠤᠯᠳᠠ᠎ᠤᠨ ᠠᠯᠬᠤᠴᠠ ᠵᠢ ᠲᠦᠷᠭᠡᠳᠭᠡᠨ᠂ ᠭᠤᠷᠪᠠᠨ ᠬᠠᠪᠴᠢᠯ᠎ᠤᠨ ᠢᠨᠵᠸᠨ᠋ᠷᠢᠩᠤᠨ ᠯᠤᠳᠤ ᠶᠡᠬᠡ ᠶᠡᠷᠦᠩᠭᠡᠢ᠌ᠯᠡᠭᠰᠡᠨ ᠦᠷ᠎ᠡ ᠪᠦᠳᠦᠮᠵᠢ ᠵᠢ ᠦᠷᠬᠦᠯᠵᠢᠯᠡᠨ ᠪᠠᠳᠠᠷᠠᠭᠤᠯᠵᠦ᠂ ᠡᠮᠦᠨᠡᠳᠦ ᠵᠢᠨ ᠤᠰᠤ ᠵᠢ ᠤᠮᠠᠷᠠᠰᠢ ᠲᠠᠳᠠᠬᠤ ᠢᠨᠵᠸᠨ᠋ᠷᠢᠩᠤᠨ ᠵᠠᠬᠦᠨ᠂ ᠲᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ᠎ᠨᠢ ᠨᠡᠢ᠌ᠳᠡ 367.42 ᠳ᠋ᠦᠩᠰᠢᠭᠤᠷ ᠪᠤᠰᠤᠭ᠎ᠠ ᠲᠦᠷᠪᠡᠯᠵᠢᠨ ᠮᠸᠲᠷ ᠤᠰᠤ ᠵᠢ ᠲᠠᠳᠠᠵᠦ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠤᠷᠤᠨ ᠪᠦᠰᠡ ᠵᠢᠨ ᠤᠰᠤᠨ᠎ᠤ ᠠᠮᠤᠷ ᠲᠦᠪᠰᠢᠨ᠎ᠢ ᠪᠠᠳᠤᠯᠠᠬᠤ ᠴᠢᠳᠠᠪᠦᠷᠢ ᠮᠡᠳᠡᠭᠳᠡᠮ᠎ᠡ ᠴᠢᠩᠭ᠋ᠠᠷᠠᠪᠠ᠃
ᠡᠬᠦᠨ᠎ᠤ ᠬᠠᠮᠳᠤ᠂ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠎ᠠ ᠪᠤᠯ ᠤᠰᠤ ᠭᠠᠩ᠎ᠤᠨ ᠭᠠᠮᠰᠢᠭ ᠵᠢ ᠰᠡᠷᠭᠡᠢ᠌ᠯᠡᠨ ᠬᠤᠷᠢᠭᠯᠠᠬᠤ ᠦᠷ᠎ᠡ ᠪᠦᠳᠦᠮᠵᠢ ᠬᠠᠮᠤᠭ ᠰᠠᠢ᠌ᠨ ᠲᠠᠪᠤᠨ ᠵᠢᠯ ᠪᠤᠯᠤᠨ᠎ᠠ᠃ ᠬᠦᠭᠡ ᠮᠦᠷᠡᠨ᠂ ᠬᠤᠸᠠᠢ ᠾᠸ ᠭᠤᠤᠯ᠂ᠲᠠᠢ ᠬᠤ᠌ ᠨᠠᠭᠤᠷ᠎ᠤᠨ ᠰᠠᠪᠠ ᠭᠠᠵᠠᠷ ᠵᠡᠷᠭᠡ ᠤᠯᠠᠨ ᠤᠳᠠᠭ᠋ᠠᠨ᠎ᠤ ᠶᠡᠬᠡ ᠦᠶᠡᠷ᠂ ᠤᠨᠴᠠ ᠶᠡᠬᠡ ᠦᠶᠡᠷ ᠵᠢ ᠰᠢᠨᠵᠢᠯᠡᠬᠦ ᠤᠬᠠᠭ᠋ᠠᠨᠴᠢ᠎ᠪᠠᠷ ᠡᠰᠡᠷᠬᠦᠴᠡᠨ ᠬᠤᠷᠢᠭᠯᠠᠵᠦ᠂ ᠤᠯᠠᠨ ᠤᠳᠠᠭ᠋ᠠᠨ᠎ᠤ ᠴᠦᠬᠦᠷᠡᠮ᠎ᠤᠨ ᠲᠦᠭᠵᠢᠷᠡᠯ ᠵᠡᠷᠭᠡ ᠲᠦᠭᠰᠢᠬᠦᠷᠢᠳᠦ ᠪᠠᠢ᠌ᠳᠠᠯ᠎ᠢ ᠠᠮᠵᠢᠯᠳᠠ᠎ᠲᠠᠢ ᠰᠢᠢ᠍ᠳᠪᠦᠷᠢᠯᠡᠨ᠂ ᠤᠯᠠᠨ ᠤᠳᠠᠭ᠋ᠠᠨ᠎ᠤ ᠶᠡᠬᠡ ᠬᠡᠪᠴᠢᠶᠡᠨ᠎ᠤ ᠭᠠᠩ ᠬᠠᠭᠰᠠᠷᠭ᠋ᠠᠨ᠎ᠢ ᠠᠮᠵᠢᠯᠳᠠ᠎ᠲᠠᠢ ᠠᠷᠭ᠋ᠠᠴᠠᠭ᠋ᠠᠨ᠂ ᠠᠷᠠᠳ ᠤᠠᠯᠠᠨᠤ ᠠᠮᠢ ᠨᠠᠰᠤᠨ᠎ᠤ ᠠᠮᠤᠷ ᠲᠦᠪᠰᠢᠨ ᠪᠠ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠢ ᠬᠦᠴᠦᠳᠠᠢ ᠪᠠᠳᠤᠯᠠᠵᠦ᠂ ᠵᠢᠯ ᠪᠦᠷᠢ ᠵᠢᠨ ᠲᠤᠮᠳᠠᠴᠢ᠎ᠪᠠᠷ ᠦᠶᠡᠷ ᠤᠰᠤᠳᠠᠯ᠎ᠤᠨ ᠭᠠᠮᠰᠢᠭ᠎ᠠᠴᠠ ᠪᠤᠯᠵᠦ ᠡᠷᠡᠰᠳᠡᠭᠰᠡᠳᠤᠨ ᠲᠤᠭ᠎ᠠ ᠵᠢ ᠲᠡᠦᠬᠡ ᠵᠢᠨ ᠬᠠᠮᠤᠭ ᠲᠤᠤᠷ᠎ᠠ ᠬᠡᠮᠵᠢᠶᠡᠨ᠎ᠳᠤ ᠬᠦᠷᠭᠡᠪᠡ᠃
ᠬᠦᠳᠡᠭᠡ ᠲᠤᠰᠬᠤᠨ᠎ᠤ ᠤᠰᠤᠨ ᠠᠰᠢᠭᠯᠠᠯᠳᠠ ᠵᠢᠨ ᠲᠤᠯᠭ᠋ᠠᠭᠤᠷᠢ ᠪᠠᠢ᠌ᠳᠠᠯ᠎ᠤᠨ ᠲᠠᠯ᠎ᠠ᠎ᠪᠠᠷ᠂ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠬᠤᠭᠤᠴᠠᠭ᠋ᠠᠨ᠎ᠳᠤ ᠪᠠᠰᠠ ᠨᠢᠬᠡ ᠪᠦᠯᠦᠭ ᠲᠤᠮᠤ ᠲᠤᠮᠳᠠ ᠬᠡᠯᠪᠡᠷᠢ ᠵᠢᠨ ᠤᠰᠤᠯᠠᠯᠳᠠ ᠵᠢᠨ ᠤᠷᠤᠨ ᠪᠠ ᠲᠤᠮᠤ ᠬᠡᠯᠪᠡᠷᠢ ᠵᠢᠨ ᠤᠰᠤᠯᠠᠯᠳᠠ ᠵᠢᠨ ᠬᠦᠭᠡᠷᠭᠡ ᠵᠢᠨ ᠦᠷᠳᠡᠭᠡᠨ᠎ᠤ ᠦᠭᠡᠷᠡᠴᠢᠯᠡᠯᠳᠡ ᠵᠢ ᠪᠡᠶᠡᠯᠡᠬᠦᠯᠵᠦ᠂ ᠰᠡᠷᠭᠦᠭᠡᠨ ᠰᠠᠢ᠌ᠵᠢᠷᠠᠭᠤᠯᠤᠭᠰᠠᠨ ᠤᠰᠤᠯᠠᠯᠳᠠ ᠵᠢᠨ ᠲᠠᠯᠠᠪᠠᠢ ᠵᠢ 2 ᠳ᠋ᠦᠩᠰᠢᠭᠤᠷ ᠢᠯᠡᠬᠦᠦ ᠮᠦ᠍ ᠰᠢᠨ᠎ᠡ᠎ᠪᠠᠷ ᠨᠡᠮᠡᠭᠳᠡᠬᠦᠯᠵᠦ᠂ ᠲᠠᠷᠢᠶᠠᠯᠠᠩ ᠦᠢ᠍ᠯᠡᠰ᠎ᠤᠨ ᠵᠢᠯ ᠲᠠᠷᠠᠭ᠋ᠠᠯᠠᠨ ᠡᠯᠪᠡᠭ ᠬᠤᠷᠢᠶᠠᠯᠳᠠ ᠲᠡᠮᠡᠴᠡᠨ ᠤᠯᠬᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠳᠤᠯᠠᠬᠤ᠎ᠳᠤ ᠪᠠᠳᠤ ᠴᠢᠩᠭ᠎ᠠ ᠪᠠᠳᠤᠯᠠᠭ᠎ᠠ ᠵᠢ ᠬᠠᠩᠭ᠋ᠠᠪᠠ᠃
ᠰᠤᠷᠪᠤᠯᠵᠢᠯᠠᠭᠴᠢ ᠪᠠᠰᠠ ᠤᠢ᠌ᠯᠭ᠋ᠠᠭᠰᠠᠨ ᠵᠶ᠋ᠠᠷ᠂ 2020 ᠤᠨ᠎ᠳᠤ ᠤᠰᠤᠨ ᠠᠰᠢᠭᠯᠠᠯᠳᠠ ᠵᠢᠨ ᠰᠠᠯᠠᠭ᠎ᠠ ᠮᠦᠴᠢᠷ᠎ᠨᠢ ᠶᠠᠳᠠᠭᠤ᠎ᠠᠴᠠ ᠠᠩᠭᠢᠵᠢᠷᠠᠭᠤᠯᠬᠤ ᠲᠠᠢ᠌ᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠢ᠌ᠳᠤᠷ ᠬᠢᠪᠡ᠃ ᠬᠦᠳᠡᠭᠡ ᠲᠤᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠬᠦᠯᠦᠨ ᠲᠡᠭᠡᠭᠰᠢᠯᠡᠬᠦᠯᠬᠦ ᠢᠨᠵᠸᠨ᠋ᠷᠢᠩᠢ ᠬᠦᠴᠦᠳᠠᠢ ᠭᠡᠷᠡᠭᠵᠢᠬᠦᠯᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ᠎ᠤ ᠬᠦᠳᠡᠭᠡ ᠲᠤᠰᠬᠤᠨ᠎ᠤ ᠤᠰᠤᠨ᠎ᠤ ᠬᠠᠩᠭ᠋ᠠᠯᠭ᠎ᠠ ᠵᠢᠨ ᠢᠨᠵᠸᠨ᠋ᠷᠢᠩᠤᠨ ᠪᠦᠳᠦᠭᠡᠨ ᠪᠠᠢ᠌ᠭᠤᠯᠤᠯᠳᠠ ᠵᠢ ᠬᠦᠮᠦᠨ ᠲᠤᠮᠢᠯᠠᠨ ᠱᠠᠯᠠᠪᠳᠠᠭᠤᠯᠵᠦ᠂ ᠤᠳᠤ ᠵᠢᠨ ᠭᠡᠷᠡᠭᠵᠢᠬᠦᠯᠵᠦ ᠪᠠᠢ᠌ᠭ᠎ᠠ ᠪᠠᠷᠢᠮᠵᠢᠶ᠎ᠠ ᠲᠤᠤᠷᠠᠬᠢ ᠶᠠᠳᠠᠭᠤ ᠬᠦᠴᠢᠷᠳᠡᠯᠳᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠪᠡ᠃ 975 ᠲᠦᠮᠡᠨ ᠬᠦᠮᠦᠨ ᠠᠮᠠ ᠵᠢᠨ ᠤᠤᠭᠤᠬᠤ ᠤᠰᠤᠨ᠎ᠤ ᠹᠯᠤᠷ ᠪᠠᠷᠢᠮᠵᠢᠶᠠᠨ᠎ᠠᠴᠠ ᠭᠡᠳᠦᠷᠡᠭᠰᠡᠨ ᠵᠢ ᠵᠠᠰᠠᠬᠤ ᠵᠢ ᠪᠡᠶᠡᠯᠡᠬᠦᠯᠵᠦ᠂ 120 ᠲᠦᠮᠡᠨ ᠬᠦᠮᠦᠨ᠎ᠤ ᠤᠤᠭᠤᠬᠤ ᠤᠰᠤ᠎ᠨᠢ ᠭᠠᠰᠢᠭᠤᠨ ᠱᠤᠷᠪᠤᠭ ᠠᠰᠠᠭᠤᠳᠠᠯ᠎ᠢ ᠰᠢᠢ᠍ᠳᠪᠦᠷᠢᠯᠡᠵᠦ᠂ ᠬᠦᠳᠡᠭᠡ ᠲᠤᠰᠬᠤᠨ᠎ᠤ 4233 ᠲᠦᠮᠡᠨ ᠬᠦᠮᠦᠨ ᠠᠮᠠ ᠵᠢᠨ ᠤᠰᠤᠨ᠎ᠤ ᠬᠠᠩᠭ᠋ᠠᠯᠭ᠎ᠠ ᠵᠢᠨ ᠪᠠᠳᠤᠯᠠᠭ᠎ᠠ ᠵᠢᠨ ᠲᠦᠪᠰᠢᠨ᠎ᠢ ᠲᠡᠭᠡᠭᠰᠢᠯᠡᠬᠦᠯᠪᠡ᠃
ᠪᠡᠯᠡ ᠤᠷᠤᠭᠤᠯᠠᠯᠳᠠ ᠵᠶ᠋ᠠᠷ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠨ᠂ 832 ᠶᠠᠳᠠᠭᠤ ᠬᠦᠴᠢᠷᠳᠡᠯᠳᠠᠢ ᠰᠢᠶᠠᠨ᠎ᠤ ᠤᠰᠤᠨ ᠠᠰᠢᠭᠯᠠᠯᠳᠠ ᠵᠢᠨ ᠪᠡᠯᠡ ᠤᠷᠤᠭᠤᠯᠠᠯᠳᠠ ᠵᠢ 1863 ᠳ᠋ᠦᠩᠰᠢᠭᠤᠷ ᠲᠦᠭᠦᠷᠢᠭ ᠨᠠᠢ᠌ᠳᠠᠪᠦᠷᠢᠵᠢᠭᠤᠯᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ᠎ᠤ ᠦᠶᠡᠷ᠎ᠠᠴᠠ ᠰᠡᠷᠬᠡᠢ᠌ᠯᠡᠬᠦ᠂ ᠤᠰᠤᠨ᠎ᠤ ᠬᠠᠩᠭ᠋ᠠᠯᠭ᠎ᠠ᠂ ᠤᠰᠤᠯᠠᠯᠳᠠ ᠵᠡᠷᠭᠡ ᠤᠰᠤᠨ ᠠᠰᠢᠭᠯᠠᠯᠳᠠ ᠵᠢᠨ ᠦᠨᠳᠦᠰᠦᠨ ᠪᠦᠳᠦᠭᠡᠨ ᠪᠠᠢ᠌ᠭᠤᠯᠤᠯᠳᠠ ᠵᠢᠨ ᠲᠡᠭᠦᠯᠳᠡᠷᠵᠢᠬᠦᠯᠦᠯᠳᠡ ᠵᠢ ᠲᠦᠷᠭᠡᠳᠬᠡᠪᠡ᠃ ᠤᠰᠤᠨ ᠠᠰᠢᠭᠯᠠᠯᠳᠠ ᠵᠢᠨ ᠢᠨᠵᠸᠨ᠋ᠷᠢᠩᠤᠨ ᠪᠦᠳᠦᠭᠡᠨ ᠪᠠᠢ᠌ᠭᠤᠯᠤᠯᠳᠠ ᠵᠢᠨ ᠬᠠᠮᠢᠶᠠᠷᠤᠭᠴᠢ ᠵᠢᠨ ᠠᠵᠢᠯ᠎ᠤᠨ ᠪᠠᠢ᠌ᠷᠢ᠎ᠨᠢ 24 ᠲᠦᠮᠡᠨ ᠶᠠᠳᠠᠭᠤ ᠬᠦᠴᠢᠷᠳᠡᠯᠳᠠᠢ ᠬᠦᠮᠦᠨ ᠠᠮᠠ᠎ᠳᠤ ᠠᠵᠢᠯ ᠤᠯᠭᠤᠵᠦ᠂ ᠬᠦᠳᠡᠭᠡ ᠲᠤᠰᠬᠤᠨ᠎ᠤ ᠤᠰᠤ ᠴᠠᠬᠢᠯᠭ᠋ᠠᠨ ᠵᠶ᠋ᠠᠷ ᠶᠠᠳᠠᠭᠤ ᠵᠢ ᠲᠡᠳᠬᠦᠬᠦ ᠢᠨᠵᠸᠨ᠋ᠷᠢᠩᠨᠢ ᠨᠡᠢ᠌ᠳᠡ 9.6 ᠲᠦᠮᠡᠨ ᠶᠠᠳᠠᠭᠤ ᠬᠦᠴᠢᠷᠳᠡᠯᠳᠠᠢ ᠡᠷᠦᠭᠡ ᠵᠢ ᠬᠠᠪᠰᠤᠷᠤᠨ ᠲᠡᠳᠬᠦᠪᠡ᠃ ᠤᠰᠤᠨ ᠠᠰᠢᠭᠯᠠᠯᠳᠠ ᠵᠢᠨ ᠴᠡᠭ ᠲᠤᠭᠳᠠᠭ᠋ᠠᠨ ᠬᠠᠪᠰᠤᠷᠤᠨ ᠲᠡᠳᠬᠦᠬᠦ ᠠᠵᠢᠯ᠎ᠢ ᠦᠷᠬᠦᠯᠵᠢᠯᠡᠨ ᠲᠦᠯᠬᠢᠨ ᠠᠬᠢᠭᠤᠯᠵᠦ᠂ ᠡᠯ᠎ᠡ ᠲᠦᠷᠦᠯ᠎ᠤᠨ ᠡᠭᠦᠷᠭᠡ ᠵᠢ ᠴᠦᠮ ᠲᠠᠪᠠᠭᠤᠯᠤᠨ ᠪᠡᠶᠡᠯᠡᠬᠦᠯᠪᠡ᠃ ᠭᠡᠷᠡᠭᠯᠡᠭᠡ᠎ᠪᠠᠷ ᠶᠠᠳᠠᠭᠤ ᠵᠢ ᠲᠡᠳᠬᠦᠬᠦ ᠬᠦᠴᠦᠯᠡᠴᠡ᠎ᠪᠠᠨ ᠨᠡᠮᠡᠭᠳᠡᠬᠦᠯᠦᠨ᠂ ᠰᠠᠯᠠᠭ᠎ᠠ ᠮᠦᠴᠢᠷ᠎ᠤᠨ ᠬᠠᠷᠢᠶᠠᠳᠤ ᠺᠠᠳ᠋ᠷ ᠠᠵᠢᠯᠳᠠᠨ᠎ᠨᠢ ᠶᠠᠳᠠᠭᠤ ᠬᠦᠴᠢᠷᠳᠡᠯᠳᠠᠢ ᠭᠠᠵᠠᠷ ᠤᠷᠤᠨ᠎ᠤ 564 ᠲᠦᠮᠡᠨ ᠲᠦᠭᠦᠷᠢᠭ᠎ᠤᠨ ᠲᠠᠷᠢᠶᠠᠯᠠᠩ᠎ᠤᠨ ᠪᠦᠳᠦᠭᠡᠭᠳᠡᠬᠦᠨ᠎ᠢ ᠬᠤᠳᠠᠯᠳᠤᠨ ᠠᠪᠴᠦ᠂ 1356 ᠲᠦᠮᠡᠨ ᠲᠦᠭᠦᠷᠢᠭ᠎ᠤᠨ ᠪᠦᠳᠦᠭᠡᠭᠳᠡᠭᠦᠨ᠎ᠢ ᠬᠠᠪᠰᠤᠷᠤᠨ ᠪᠤᠷᠤᠯᠠᠭᠤᠯᠤᠭᠰᠠᠨ ᠪᠠᠢ᠌ᠨ᠎ᠠ᠃