ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ᠂ ᠠᠯᠪᠠᠨ ᠭᠡᠷ᠎ᠤᠨ ᠡᠷᠬᠢᠯᠡᠭᠴᠢ ᠲᠢᠶᠠᠨ ᠰᠢᠦᠸᠠᠢ ᠪᠢᠨ 3 ᠰᠠᠷ᠎ᠠ ᠵᠢᠨ 18᠎ᠤ ᠡᠳᠦᠷ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠤᠷᠠᠯ᠎ᠠᠴᠠ ᠡᠮᠦᠨ᠎ᠡ ᠬᠡᠰᠡᠭ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠲᠡᠦᠬᠡ ᠰᠤᠷᠤᠯᠴᠠᠯᠭ᠎ᠠ ᠬᠦᠮᠦᠵᠢᠯ᠎ᠢ ᠦᠷᠨᠢᠬᠦᠯᠦᠭᠰᠡᠨ ᠪᠠᠢ᠌ᠳᠠᠯ᠎ᠢ ᠮᠡᠳᠡᠭᠳᠡᠵᠦ᠂ ᠠᠯᠪᠠᠨ ᠭᠡᠷ᠎ᠤᠨ ᠪᠦᠷᠢᠯᠳᠦᠬᠦᠨ ᠠᠵᠢᠯ᠎ᠤᠨ ᠬᠤᠪᠢᠶᠠᠷᠢᠯᠠᠯᠲᠠᠢᠪᠠᠨ ᠤᠶᠠᠯᠳᠤᠭᠤᠯᠤᠨ ᠠᠵᠢᠯ᠎ᠤᠨ ᠲᠦᠯᠦᠪᠯᠡᠭᠡ᠎ᠪᠠᠨ ᠬᠠᠷᠢᠭᠤ ᠮᠡᠳᠡᠬᠦᠯᠵᠦ᠂ ᠶᠠᠮᠤᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠲᠤᠭᠤᠷᠢᠨ ᠵᠢᠯᠤᠭᠤᠳᠬᠤ ᠲᠤᠭᠤᠢ᠌ᠯᠠᠩ᠎ᠤᠨ ᠨᠠᠷᠠᠰᠤᠨ ᠵᠢᠭᠰᠠᠭ᠋ᠠᠯᠳᠠ ᠪᠤᠯᠤᠨ ᠵᠢᠯᠤᠭᠤᠳᠬᠤ ᠠᠵᠢᠯ᠎ᠤᠨ ᠬᠤᠪᠢᠶᠠᠷᠢᠯᠠᠯ᠎ᠢ ᠬᠢᠨᠠᠨ ᠪᠠᠳᠤᠯᠠᠵᠤ᠂ ᠲᠠᠷᠠᠭ᠋ᠠᠴᠢ ᠵᠢᠨ ᠠᠯᠬᠤᠮ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠠᠵᠢᠯ᠎ᠳᠤ ᠱᠠᠭ᠋ᠠᠷᠳᠠᠯᠭ᠎ᠠ ᠲᠤᠷᠠᠳᠪᠠ᠃
ᠲᠢᠶᠠᠨ ᠰᠢᠦᠸᠠᠢ ᠪᠢᠨ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠴᠠᠭ ᠲᠤᠬᠠᠢᠳᠤᠨᠢ ᠳᠠᠶ᠋ᠢᠴᠢᠯᠠᠨ ᠪᠠᠶ᠋ᠢᠷᠢᠯᠠᠭᠤᠯᠵᠤ᠂ ᠳᠠᠷᠠᠭ᠎ᠠ ᠠᠯᠬᠤᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠠᠵᠢᠯ᠎ᠢ ᠨᠡᠩ ᠰᠠᠶ᠋ᠢᠲᠤᠷ ᠬᠢᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ᠎ᠠᠴᠠ ᠱᠠᠭ᠋ᠠᠷᠳᠠᠭᠰᠠᠨ ᠰᠤᠷᠤᠯᠴᠠᠬᠤ ᠠᠭᠤᠯᠭ᠎ᠠ ᠵᠢ ᠲᠡᠷᠡ ᠬᠡᠪ ᠵᠶ᠋ᠡᠷ᠎ᠨᠢ ᠰᠤᠷᠤᠯᠴᠠᠵᠤ᠂ ᠪᠥᠬᠥ ᠲᠠᠯ᠎ᠠ᠎ᠪᠠᠷ ᠰᠢᠰᠲ᠋ᠧᠮ᠎ᠲᠠᠢ ᠰᠤᠷᠤᠯᠴᠠᠵᠤ ᠪᠣᠳᠠᠲᠠᠶ᠋ᠢᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ 《ᠬᠢᠵᠦ ᠴᠢᠳᠠᠬᠤ》᠂ ᠮᠠᠷᠺᠰ᠎ᠤᠨ ᠦᠵᠡᠯ ᠶᠠᠭᠤᠨ᠎ᠳᠤ 《ᠪᠤᠯᠬᠤ》᠂ ᠳᠤᠮᠳᠠᠳᠤ ᠤᠯᠤᠰ᠎ᠤᠨ ᠣᠨᠴᠠᠯᠢᠭ ᠪᠥᠬᠥᠢ ᠨᠡᠶ᠋ᠢᠭᠡᠮ ᠵᠢᠷᠤᠮ ᠶᠠᠭ᠋ᠠᠬᠢᠭ᠋ᠠᠳ 《ᠰᠠᠶ᠋ᠢᠨ》 ᠪᠠᠶ᠋ᠢᠬᠤ ᠵᠢ ᠭᠦᠨᠵᠡᠭᠡᠢ ᠣᠶ᠋ᠢᠯᠠᠭ᠋ᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ᠂ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠬᠦ ᠵᠢ ᠴᠢᠬᠤᠯᠠᠴᠢᠯᠠᠨ᠂ ᠦᠨᠳᠦᠰᠦᠨ ᠱᠠᠲᠤ᠂ ᠨᠢᠭᠡᠳᠦᠭᠡᠷ ᠹᠷᠣᠨᠲ᠎ᠤᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠰᠢᠯᠢᠳᠡᠭ ᠵᠢᠱ᠌ᠢᠶ᠎ᠡ ᠵᠢ ᠤᠬᠠᠭᠤᠯᠬᠤ ᠵᠢ ᠬᠦᠨᠳᠦᠳᠬᠡᠨ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠳᠤᠮᠳᠠ ᠴᠣᠯᠭᠣᠷᠠᠨ ᠭᠠᠷᠤᠭᠰᠠᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠮᠡᠳᠡᠭᠡᠯᠡᠬᠦ ᠵᠢ ᠴᠢᠬᠤᠯᠠᠴᠢᠯᠠᠵᠤ᠂ ᠤᠰᠤᠨ ᠠᠰᠢᠭᠯᠠᠯᠲᠠ ᠵᠢᠨ ᠣᠨᠴᠠᠯᠢᠭ᠎ᠢ ᠲᠤᠪᠤᠢ᠌ᠯᠭ᠋ᠠᠨ᠂ ᠰᠠᠢ᠌ᠨ ᠰᠠᠢ᠌ᠬᠠᠨ ᠰᠤᠷᠤᠯᠴᠠᠬᠤ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠲᠡᠢ ᠭᠡᠪᠡ᠃
ᠲᠢᠶᠠᠨ ᠰᠢᠦᠸᠠᠢ ᠪᠢᠨ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ᠎ᠳᠤ ᠬᠠᠷᠢᠭᠤᠴᠠᠯᠭ᠎ᠠ ᠵᠢ ᠪᠤᠳᠠᠳᠠᠢ ᠨᠠᠢ᠌ᠳᠠᠪᠤᠷᠢᠵᠢᠭᠤᠯᠵᠤ᠂ ᠨᠢᠭᠡ ᠨᠢᠭᠡ ᠱᠠᠲᠤ᠎ᠪᠠᠷ ᠰᠠᠶ᠋ᠢᠲᠤᠷ ᠠᠳᠬᠤᠵᠤ᠂ ᠰᠠᠢ᠌ᠳᠤᠷ ᠨᠠᠢ᠌ᠳᠠᠪᠤᠷᠢᠵᠢᠭᠤᠯᠬᠤ ᠬᠡᠷᠡᠭᠲᠡᠢ᠃ ᠬᠣᠶᠠᠷ᠎ᠲᠤ᠂ ᠰᠢᠪᠠᠳᠠᠨ ᠵᠢᠯᠣᠭᠣᠳᠬᠤ᠎ᠪᠠᠨ ᠴᠢᠩᠭ᠋ᠠᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠨᠠᠷᠢᠨ ᠬᠢᠨᠠᠮᠠᠭ᠋ᠠᠢ ᠵᠤᠬᠢᠶᠠᠨ ᠪᠠᠢ᠌ᠭᠤᠯᠬᠤ ᠬᠡᠷᠡᠭᠲᠡᠢ᠃ ᠡᠯ᠎ᠡ ᠵᠤᠷᠭ᠋ᠠᠨ ᠲᠣᠪᠴᠢᠶ᠎ᠠ ᠡᠯ᠎ᠡ ᠪᠠᠶ᠋ᠢᠭᠤᠯᠭ᠎ᠠ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠴᠦᠮ ᠪᠣᠳᠠᠲᠠᠢ ᠬᠡᠷᠡᠭᠵᠢᠭᠦᠯᠬᠦ ᠲᠥᠰᠦᠯ ᠪᠣᠯᠤᠨ ᠠᠵᠢᠯ᠎ᠤᠨ ᠲᠥᠯᠥᠪᠯᠡᠭᠡ ᠵᠢ ᠲᠣᠭᠲᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠳᠥᠷᠪᠡ᠎ᠳᠤ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠢ᠃ ᠠᠯᠪᠠᠨ ᠭᠡᠷ᠎ᠤᠨ ᠪᠦᠷᠢᠯᠳᠦᠬᠦᠨ ᠨᠢᠭᠡᠴᠢ᠎ᠨᠢ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠦᠢ᠍ᠯᠡᠳᠦᠯ ᠵᠶ᠋ᠡᠨ ᠢᠳᠡᠪᠬᠢᠲᠡᠢ ᠪᠠᠳᠠᠷᠠᠭᠤᠯᠵᠤ᠂ ᠵᠠᠷᠤᠳᠠᠯ᠂ ᠠᠵᠢᠯᠲᠠᠨ ᠪᠠ ᠠᠷᠤ ᠲᠠᠯ᠎ᠠ ᠵᠢᠨ ᠪᠠᠲᠤᠯᠠᠭ᠎ᠠ ᠵᠡᠷᠭᠡ ᠠᠵᠢᠯ᠎ᠢ ᠰᠠᠶ᠋ᠢᠲᠤᠷ ᠬᠢᠵᠦ᠂ ᠮᠠᠨ᠎ᠤ ᠶᠠᠮᠤᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠳᠤᠯᠠᠬᠤ ᠬᠡᠷᠡᠭᠲᠡᠢ᠃
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠪᠦᠷᠢᠯᠳᠦᠬᠦᠨ ᠨᠦᠬᠦᠳ ᠬᠤᠷᠠᠯ᠎ᠳᠤ ᠣᠷᠣᠯᠴᠠᠪᠠ᠃