ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-05-27

     4 ᠰᠠᠷ᠎ᠠ ᠵᠢᠨ 9᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠦᠮᠦᠵᠢᠯ᠎ᠢ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ᠂ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠪᠥᠭᠡᠳ ᠠᠯᠪᠠᠨ ᠭᠡᠷ᠎ᠤᠨ ᠡᠷᠬᠢᠯᠡᠭᠴᠢ ᠲᠢᠶᠠᠨ ᠰᠢᠦᠸᠠᠢ ᠪᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠲᠢᠶᠠᠨ ᠰᠢᠦᠸᠠᠢ ᠪᠢᠨ ᠵᠢᠭ᠋ᠠᠵᠤ ᠭᠠᠷᠭ᠋ᠠᠭᠰᠠᠨ᠎ᠨᠢ᠂ ᠲᠣᠭᠣᠷᠢᠨ ᠵᠢᠯᠣᠭᠣᠳᠬᠤ ᠳᠤᠭᠤᠶ᠋ᠢᠯᠠᠩ᠎ᠢ ᠪᠠᠢ᠌ᠭᠤᠯᠵᠤ᠂ ᠰᠢᠪᠠᠳᠠᠨ ᠵᠢᠯᠤᠭᠤᠳᠤᠯᠭ᠎ᠠ ᠵᠢ ᠴᠢᠩᠭ᠋ᠠᠳᠬᠠᠬᠤ ᠪᠣᠯ ᠨᠠᠮ᠎ᠤᠨ ᠲᠤᠳᠤᠭ᠋ᠠᠳᠤ᠎ᠳᠤ ᠲᠥᠪᠯᠡᠷᠡᠭᠦᠯᠦᠨ ᠬᠥᠮᠦᠵᠢᠭᠦᠯᠬᠦ ᠠᠵᠢᠯ᠎ᠢ ᠥᠷᠨᠢᠭᠦᠯᠦᠭᠰᠡᠨ ᠴᠢᠬᠤᠯᠠ ᠲᠤᠷᠰᠢᠯᠭ᠎ᠠ ᠮᠥᠨ᠂ ᠮᠦᠨ ᠴᠤ᠌ ᠰᠤᠷᠤᠯᠴᠠᠯᠭ᠎ᠠ ᠬᠥᠮᠦᠵᠢᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂   ᠰᠢᠪᠠᠳᠠᠨ ᠵᠢᠯᠣᠭᠣᠳᠬᠤ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠰᠢᠪᠠᠳᠠᠨ ᠵᠢᠯᠣᠭᠣᠳᠬᠤ ᠠᠵᠢᠯ᠎ᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠬᠡᠷᠡᠭᠲᠡᠢ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠠᠷᠠᠯᠲᠠ ᠵᠢᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠰᠢᠪᠠᠳᠠᠨ ᠵᠢᠯᠣᠭᠣᠳᠬᠤ ᠠᠵᠢᠯ᠎ᠳᠤ ᠠᠩᠬᠠᠷᠤᠯ ᠵᠶ᠋ᠡᠨ ᠲᠦᠪᠯᠡᠷᠡᠬᠦᠯᠬᠦ ᠵᠢ ᠦᠨᠡᠨ ᠬᠦ᠌ ᠪᠠᠳᠤᠯᠠᠬᠤ ᠬᠡᠷᠡᠭᠲᠡᠢ᠃ ᠰᠢᠪᠠᠳᠠᠨ ᠵᠢᠯᠤᠭᠤᠳᠬᠤ ᠨᠢᠭᠡᠴᠢ ᠵᠢᠨ ᠤᠨᠴᠠᠯᠢᠭ᠎ᠢ ᠤᠨᠤᠪᠴᠢᠳᠠᠢ ᠡᠵᠡᠮᠳᠡᠵᠦ᠂ ᠰᠢᠪᠠᠳᠠᠨ ᠵᠢᠯᠤᠭᠤᠳᠬᠤ ᠠᠵᠢᠯ᠎ᠢ ᠰᠠᠢ᠌ᠳᠤᠷ ᠬᠢᠬᠦ ᠵᠢ ᠦᠨᠡᠨ ᠬᠦ᠌ ᠪᠠᠳᠤᠯᠠᠬᠤ ᠬᠡᠷᠡᠭᠲᠡᠢ ᠭᠡᠪᠡ᠃
      ᠲᠢᠶᠠᠨ ᠰᠢᠦᠸᠠᠢ ᠪᠢᠨ ᠴᠢᠬᠤᠯᠠᠴᠢᠯᠠᠬᠤ᠎ᠳᠠᠭᠠᠨ᠂ ᠡᠯ᠎ᠡ ᠲᠣᠭᠣᠷᠢᠨ ᠵᠢᠯᠣᠭᠣᠳᠬᠤ ᠳᠤᠭᠤᠶ᠋ᠢᠯᠠᠩ ᠰᠢᠪᠠᠳᠠᠨ ᠵᠢᠯᠣᠭᠣᠳᠬᠤ ᠠᠵᠢᠯ᠎ᠤᠨ ᠪᠠᠶ᠋ᠢᠷᠢ ᠲᠣᠭᠲᠠᠭ᠋ᠠᠯᠲᠠ ᠵᠢ ᠡᠵᠡᠮᠳᠡᠵᠦ᠂ ᠵᠢᠯᠣᠭᠣᠳᠬᠤ ᠳᠤᠭᠤᠶ᠋ᠢᠯᠠᠩ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠬᠦᠢ᠍ᠴᠡᠳᠭᠡᠬᠦ ᠬᠡᠷᠡᠭᠲᠡᠢ᠃ 《ᠣᠨᠣᠪᠴᠢᠲᠠᠢ》 ᠪᠠᠢ᠌ᠯᠭ᠋ᠠᠬᠤ ᠲᠣᠭᠣᠷᠢᠨ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠡᠷᠴᠢᠮᠲᠡᠢ ᠠᠬᠢᠭᠤᠯᠬᠤ ᠵᠢ ᠰᠢᠪᠠᠳᠠᠨ ᠱᠠᠭ᠋ᠠᠷᠳᠠᠬᠤ ᠬᠡᠷᠡᠭᠲᠡᠢ᠃ 《ᠴᠢᠩᠭ᠎ᠠ》 ᠪᠠᠢ᠌ᠬᠤ ᠵᠢ ᠲᠤᠪᠤᠢ᠌ᠯᠭ᠋ᠠᠵᠤ᠂ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠵᠤᠬᠢᠶᠠᠨ ᠪᠠᠢ᠌ᠭᠤᠯᠤᠯᠳᠠ ᠵᠢᠨ ᠵᠢᠯᠤᠭᠤᠳᠤᠯᠭ᠎ᠠ ᠵᠢ ᠰᠠᠢ᠌ᠳᠤᠷ ᠠᠳᠬᠤᠬᠤ ᠬᠡᠷᠡᠭᠲᠡᠢ᠃  《ᠪᠤᠳᠠᠳᠠᠢ》 ᠪᠠᠢ᠌ᠬᠤ᠎ᠳᠤ ᠬᠦᠴᠦᠯᠡᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠶᠠᠰᠤ ᠴᠢᠨᠠᠷ᠎ᠤᠨ ᠪᠠᠷᠢᠮᠵᠢᠶ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠵᠢᠯᠣᠭᠣᠳᠬᠤ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠵᠢᠯᠣᠭᠣᠳᠤᠯᠭ᠎ᠠ᠎ᠪᠠᠨ ᠴᠢᠩᠭ᠋ᠠᠳᠬᠠᠬᠤ᠎ᠳᠤ ᠲᠦᠰᠢᠭᠯᠡᠨ᠂ ᠨᠢᠭᠡᠳᠦᠭᠡᠷ ᠲᠠᠷᠤᠭ᠎ᠠ ᠵᠢᠨ ᠦᠢ᠍ᠯᠡᠳᠦᠯ᠎ᠢ ᠪᠠᠳᠠᠷᠠᠭᠤᠯᠬᠤ ᠵᠢ ᠰᠢᠪᠠᠳᠠᠨ ᠲᠤᠭᠤᠰᠢᠯᠠᠭᠤᠯᠵᠤ᠂ ᠰᠢᠯᠢᠳᠡᠭ ᠣᠪᠣᠷ ᠰᠤᠷᠲᠠᠯ᠎ᠢ ᠪᠠᠳᠠᠷᠠᠭᠤᠯᠤᠨ ᠳᠦᠷᠢ ᠲᠦᠷᠬᠦ ᠵᠢ ᠪᠤᠢ ᠪᠤᠯᠭ᠋ᠠᠬᠤ ᠬᠡᠷᠡᠭᠲᠡᠢ᠃
      ᠬᠤᠷᠠᠯ᠎ᠠᠴᠠ ᠡᠮᠦᠨ᠎ᠡ ᠨᠢᠭᠡ ᠱᠠᠲᠤᠨ᠎ᠤ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠲᠤᠩᠬᠠᠯᠠᠨ ᠵᠠᠷᠯᠠᠵᠤ᠂ ᠲᠣᠭᠣᠷᠢᠨ ᠵᠢᠭ᠋ᠠᠨ ᠵᠢᠯᠣᠭᠣᠳᠬᠤ ᠠᠷᠭ᠎ᠠ ᠬᠡᠯᠪᠡᠷᠢ ᠵᠢ ᠲᠠᠨᠢᠯᠴᠠᠭᠤᠯᠪᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠲᠥᠪ᠎ᠤᠨ ᠬᠠᠮᠢᠶ᠎ᠠ ᠪᠦᠬᠦᠢ ᠪᠠᠶ᠋ᠢᠷᠢᠯᠠᠭᠤᠯᠤᠯᠲᠠ ᠶᠣᠰᠣᠭ᠋ᠠᠷ᠂ ᠲᠣᠭᠣᠷᠢᠨ ᠵᠢᠯᠣᠭᠣᠳᠤᠯᠭ᠎ᠠ ᠬᠢᠬᠦ ᠣᠶ᠋ᠢᠷ᠎ᠠ ᠵᠢᠨ ᠬᠤᠭᠤᠴᠠᠭ᠋ᠠᠨ᠎ᠳᠤ ᠭᠣᠣᠯᠳᠠᠯᠭ᠎ᠠ᠎ᠲᠠᠢ ᠠᠩᠬᠠᠷᠬᠤ ᠴᠢᠬᠤᠯᠠ᠎ᠲᠠᠢ 《ᠲᠠᠪᠤ ᠵᠢ ᠠᠳᠬᠤᠬᠤ》᠂ 《ᠬᠣᠷᠢᠨ ᠮᠥᠨ ᠡᠰᠡᠬᠦ》 ᠵᠡᠷᠭᠡ ᠠᠰᠠᠭᠤᠳᠠᠯ᠎ᠢ ᠲᠣᠳᠣᠷᠬᠠᠶ᠋ᠢᠯᠠᠵᠠᠢ᠃
      ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠪᠦᠷᠢᠯᠳᠦᠬᠦᠨ᠂ ᠶᠠᠮᠤᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 4 ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠪᠦᠬᠦ ᠪᠦᠷᠢᠯᠳᠦᠬᠦᠨ ᠨᠦᠬᠦᠳ ᠬᠤᠷᠠᠯ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ ᠵᠠᠯᠠᠭᠤ ᠺᠠᠳ᠋ᠷᠴᠤᠳ᠎ᠤᠨ《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠨᠠᠮ ᠵᠶ᠋ᠠᠨ ᠲᠠᠭ᠋ᠠᠬᠤ》 ᠰᠤᠷᠤᠯᠴᠠᠯᠭ᠎ᠠ ᠰᠣᠯᠢᠯᠴᠠᠭ᠋ᠠᠨ᠎ᠤ ᠬᠤᠷᠠᠯ ᠬᠤᠷᠠᠯᠳᠤᠭᠤᠯᠪᠠ
ᠲᠢᠶᠠᠨ ᠰᠢᠦᠸᠠᠢ ᠪᠢᠨ ᠱᠠᠨᠳᠦ᠋ᠩ ᠮᠤᠵᠢ ᠵᠢᠨ ᠬᠠᠲᠤᠨ ᠭᠣᠣᠯ᠎ᠤᠨ ᠤᠰᠤᠯᠤᠯᠲᠠ ᠵᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠲᠢᠶᠠᠨ ᠰᠢᠦᠸᠠᠢ ᠪᠢᠨ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠠᠷᠠᠳ᠎ᠤᠨ ᠤᠯᠤᠰ ᠲᠦᠷᠦ ᠵᠢᠨ ᠵᠦᠪᠯᠡᠯᠭᠡᠨ᠎ᠤ ᠰᠤᠨᠢᠨ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠳᠤ ᠬᠦᠳᠡᠭᠡ ᠲᠤᠰᠬᠤᠨ᠎ᠤ ᠬᠦᠮᠦᠨ ᠠᠮᠠ ᠵᠢᠨ 83%᠎ᠠᠴᠠ ᠲᠡᠭᠡᠭᠰᠢᠬᠢ᠎ᠨᠢ ᠲᠦᠭᠡᠭᠡᠯ ᠤᠰᠤ ᠭᠡᠷᠡᠭᠯᠡᠪᠡ
ᠰᠢᠨᠬᠤᠸᠠ ᠬᠣᠷᠢᠶ᠎ᠠ᠄ ᠮᠠᠨ᠎ᠤ ᠤᠯᠤᠰ᠎ᠨᠢ ᠤᠯᠤᠰ᠎ᠤᠨ ᠤᠰᠤᠨ᠎ᠤ ᠲᠣᠤᠷ᠎ᠤᠨ ᠪᠥᠲᠥᠭᠡᠨ ᠪᠠᠢ᠌ᠭᠤᠯᠤᠯᠳᠠ ᠵᠢ ᠲᠦᠷᠭᠡᠳᠬᠡᠵᠦ᠂ ᠤᠰᠤᠨ᠎ᠤ ᠠᠮᠤᠷ ᠲᠦᠪᠰᠢᠨ᠎ᠢ ᠪᠠᠳᠤᠯᠠᠵᠦ ᠪᠤᠢ
 
            