ᠤᠰᠤᠨ ᠠᠰᠢᠭᠯᠠᠯᠲᠠ ᠵᠢᠨ ᠶᠠᠮᠤᠨ᠎ᠤ ᠵᠠᠯᠠᠭᠤ ᠺᠠᠳ᠋ᠷᠴᠤᠳ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠵᠢᠷᠭᠤᠭ᠋ᠠᠨ ᠨᠢᠭᠡ》 ᠠᠵᠢᠯᠯᠠᠭ᠎ᠠ ᠵᠢᠨ ᠲᠤᠬᠢᠷᠠᠭᠤᠯᠤᠯᠳᠠ ᠵᠢ ᠦᠨᠳᠦᠰᠦᠯᠡᠨ᠂ 4 ᠰᠠᠷ᠎ᠠ ᠵᠢᠨ 1᠎ᠤ ᠡᠳᠦᠷ ᠤᠰᠤᠨ ᠠᠰᠢᠭᠯᠠᠯᠲᠠ ᠵᠢᠨ ᠶᠠᠮᠤᠨ ᠵᠠᠯᠠᠭᠤ ᠺᠠᠳ᠋ᠷᠴᠤᠳ᠎ᠤᠨ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠪᠠᠳᠤᠳᠬᠠᠨ᠂ ᠨᠠᠮ ᠵᠶ᠋ᠠᠨ ᠲᠠᠭ᠋ᠠᠬᠤ》 ᠰᠤᠷᠤᠯᠴᠠᠯᠭ᠎ᠠ ᠰᠣᠯᠢᠯᠴᠠᠭ᠋ᠠᠨ᠎ᠤ ᠬᠤᠷᠠᠯ ᠬᠤᠷᠠᠯᠳᠤᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ᠂ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠱᠦᠵᠢ ᠲᠢᠶᠠᠨ ᠰᠢᠦᠸᠠᠢ ᠪᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠠᠯᠪᠠᠨ ᠲᠢᠩᠬᠢᠮ᠂ ᠲᠥᠯᠥᠪᠵᠢᠭᠦᠯᠭᠡ ᠵᠢᠨ ᠵᠤᠷᠭ᠋ᠠᠨ᠂ ᠬᠥᠳᠡᠭᠡ ᠲᠣᠰᠬᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠂ ᠤᠰᠤᠨ ᠴᠥᠭᠥᠷᠥᠮ᠎ᠤᠨ ᠨᠡᠭᠦᠳᠡᠯ ᠠᠷᠠᠳ᠎ᠤᠨ ᠵᠤᠷᠭ᠋ᠠᠨ᠂ ᠠᠯᠪᠠᠨ ᠪᠠᠶ᠋ᠢᠭᠤᠯᠭ᠎ᠠ ᠵᠢᠨ ᠦᠢ᠍ᠯᠡᠴᠢᠯᠡᠭᠡᠨ᠎ᠤ ᠲᠣᠪᠴᠢᠶ᠎ᠠ᠂ ᠳᠤᠮᠳᠠᠳᠤ ᠤᠯᠤᠰ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ᠂ ᠬᠥᠭᠵᠢᠭᠦᠯᠦᠯᠲᠡ ᠵᠢᠨ ᠰᠤᠳᠤᠯᠭ᠋ᠠᠨ᠎ᠤ ᠲᠥᠪ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠡᠷᠭᠡ 8 ᠨᠢᠭᠡᠴᠢ ᠵᠢᠨ ᠵᠠᠯᠠᠭᠤ ᠺᠠᠳ᠋ᠷᠴᠤᠳ᠎ᠤᠨ ᠲᠥᠯᠥᠭᠡᠯᠡᠭᠴᠢᠳ 《ᠶᠠᠭᠤᠨ᠎ᠳᠤ ᠰᠤᠷᠤᠯᠴᠠᠬᠤ᠂ ᠶᠠᠭᠤ ᠰᠤᠷᠤᠯᠴᠠᠬᠤ᠂ ᠶᠠᠭ᠋ᠠᠬᠢᠵᠤ ᠬᠢᠬᠦ》᠂ 《 ᠤᠭ ᠰᠠᠨᠠᠭ᠎ᠠ ᠬᠡᠵᠢᠶᠡᠳᠡ ᠬᠡᠪ ᠵᠶ᠋ᠡᠷ ᠵᠶ᠋ᠡᠨ᠂ ᠲᠡᠤᠬᠡᠳᠦ ᠡᠬᠦᠷᠭᠡ ᠦᠷᠬᠦᠯᠵᠢ ᠮᠦᠷᠦᠨ᠎ᠳᠤ ᠪᠠᠢ᠌ᠬᠤ》᠂ 《 ᠤᠭ ᠰᠠᠨᠠᠭ᠎ᠠ᠎ᠪᠠᠨ ᠬᠡᠵᠢᠶᠡᠳᠡ ᠮᠠᠷᠳᠠᠬᠤ ᠦᠭᠡᠢ ᠪᠠᠢ᠌ᠪᠠᠯ ᠰᠠᠶᠢ ᠢᠮᠠᠭᠳᠠ ᠢᠯᠠᠯᠳᠠ ᠤᠯᠬᠤ》《ᠵᠤᠷᠢᠭ ᠰᠢᠭᠤᠳᠤᠨ ᠤᠭ ᠰᠠᠨᠠᠭ᠎ᠠ ᠲᠡᠤᠬᠡᠳᠦ ᠡᠬᠦᠷᠭᠡ᠎ᠪᠠᠨ ᠦᠢ᠍ᠯᠡᠳᠦᠯᠭᠡᠵᠢᠬᠦᠯᠵᠦ᠂ ᠰᠢᠨᠵᠢᠯᠡᠬᠦ ᠤᠬᠠᠭ᠋ᠠᠨ᠎ᠤ ᠨᠤᠶᠠᠨ ᠤᠷᠬᠢᠯ᠎ᠳᠤ ᠡᠷᠡᠯᠬᠡᠭᠯᠡᠨ ᠮᠠᠴᠤᠶᠠ》᠂ 《ᠨᠠᠮ᠎ᠤᠨ ᠲᠡᠤᠬᠡ ᠵᠢ ᠰᠤᠷᠤᠯᠴᠠᠨ᠂ ᠨᠢᠭᠤᠴᠠ ᠵᠢ ᠬᠠᠮᠠᠭ᠋ᠠᠯᠠᠬᠤ ᠠᠵᠢᠯ᠎ᠢ ᠰᠠᠢ᠌ᠳᠤᠷ ᠬᠢᠶ᠎ᠡ》 ᠵᠡᠷᠭᠡ ᠭᠤᠤᠯ ᠰᠡᠳᠦᠪᠳᠦ ᠰᠤᠯᠢᠯᠴᠠᠭ᠋ᠠᠨ᠎ᠤ ᠶᠠᠷᠢᠶ᠎ᠠ ᠲᠠᠯᠪᠢᠵᠤ᠂ ᠬᠡᠰᠡᠭ ᠵᠠᠯᠠᠭᠤ ᠺᠠᠳ᠋ᠷᠴᠤᠳ ᠪᠡᠯᠡᠨ ᠶᠠᠷᠢᠶ᠎ᠠ ᠲᠠᠯᠪᠢᠪᠠ᠃
ᠵᠠᠯᠠᠭᠤ ᠺᠠᠳ᠋ᠷ᠎ᠤᠨ ᠲᠥᠯᠥᠭᠡᠯᠡᠭᠴᠢᠳ᠎ᠤᠨ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠲᠢᠶᠠᠨ ᠰᠢᠦᠸᠠᠢ ᠪᠢᠨ ᠣᠯᠠᠨ᠎ᠲᠠᠢ ᠰᠤᠷᠤᠯᠴᠠᠭᠰᠠᠨ ᠲᠥᠷᠥᠭᠳᠡᠯ ᠵᠶ᠋ᠡᠨ ᠬᠤᠪᠢᠶᠠᠯᠴᠠᠪᠠ᠃ ᠲᠡᠷᠡ᠂ ᠵᠠᠯᠠᠭᠤᠴᠤᠳ ᠪᠣᠯ ᠳᠡᠯᠡᠬᠡᠢ ᠵᠢᠨ ᠢᠷᠡᠭᠡᠳᠦᠢ ᠮᠦᠨ᠂ ᠮᠠᠨ᠎ᠤ ᠨᠠᠮ᠎ᠤᠨ ᠦᠢ᠍ᠯᠡᠰ᠎ᠤᠨ ᠬᠦᠰᠡᠯ ᠡᠷᠡᠮᠡᠯᠵᠡᠯ ᠮᠥᠨ᠂ ᠨᠠᠮ᠎ᠤᠨ ᠵᠠᠭᠤᠨ ᠵᠢᠯ᠎ᠤᠨ ᠲᠡᠦᠬᠡ ᠪᠣᠯ ᠮᠥᠨ ᠴᠦ᠍ ᠨᠢᠭᠡᠨ ᠵᠠᠯᠠᠭᠤᠴᠤᠳ᠎ᠤᠨ ᠲᠡᠮᠡᠴᠡᠯ᠎ᠤᠨ ᠲᠡᠦᠬᠡ ᠮᠥᠨ᠃ ᠵᠠᠯᠠᠭᠤ ᠺᠠᠳ᠋ᠷᠴᠤᠳ ᠡᠷᠬᠡᠪᠰᠢ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠴᠢᠬᠤᠯᠠ ᠴᠢᠨᠠᠷ ᠪᠠ ᠵᠠᠢ᠌ᠯᠠᠰᠢ ᠦᠭᠡᠢ ᠴᠢᠨᠠᠷ᠎ᠢ ᠬᠦᠢ᠍ᠴᠡᠳ ᠲᠠᠨᠢᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠢ ᠨᠢᠭᠡ ᠵᠤᠢ᠌ᠯ᠎ᠤᠨ ᠤᠯᠤᠰ ᠲᠦᠷᠦ ᠵᠢᠨ ᠡᠬᠦᠷᠭᠡ᠂ ᠨᠢᠭᠡ ᠵᠤᠢ᠌ᠯ᠎ᠤᠨ ᠵᠤᠷᠢᠭ ᠰᠠᠨᠠᠭ᠋ᠠᠨ᠎ᠤ ᠬᠢᠷᠢ ᠲᠦᠪᠰᠢᠨ᠂ ᠨᠢᠭᠡ ᠵᠤᠢ᠌ᠯ᠎ᠤᠨ ᠦᠵᠡᠯ ᠰᠠᠨᠠᠭ᠋ᠠᠨ᠎ᠤ ᠬᠦᠭᠡᠭᠡᠴᠡᠯᠳᠤᠯ ᠪᠤᠯᠭ᠋ᠠᠵᠤ᠂ ᠤᠤᠯ ᠬᠡᠪ ᠵᠶ᠋ᠡᠷ᠎ᠨᠢ ᠪᠦᠬᠦ ᠲᠠᠯ᠎ᠠ᠎ᠪᠠᠷ ᠰᠢᠰᠲᠸᠮ᠎ᠲᠠᠢ ᠰᠤᠷᠤᠯᠴᠠᠵᠤ᠂ ᠨᠡᠪᠳᠡᠷᠬᠡᠢ ᠤᠢ᠌ᠯᠠᠭ᠋ᠠᠨ ᠡᠵᠡᠮᠰᠢᠵᠦ᠂ ᠨᠠᠮ᠎ᠤᠨ ᠲᠡᠤᠬᠡ ᠭᠡᠬᠦ ᠡᠨᠡ ᠬᠦ᠌《ᠵᠠᠪᠠᠯ ᠰᠤᠷᠬᠤ ᠬᠢᠴᠢᠶᠡᠯ》᠎ᠢ ᠰᠠᠢ᠌ᠳᠤᠷ ᠰᠤᠷᠤᠯᠴᠠᠵᠤ᠂ ᠬᠤᠪᠢᠰᠬᠠᠯ᠎ᠤᠨ ᠭ᠋ᠸᠨ᠎ᠢ ᠤᠯᠠᠮᠵᠢᠯᠠᠨ ᠵᠠᠯᠠᠭ᠋ᠠᠮᠵᠢᠯᠠᠵᠤ᠂ ᠤᠯᠤᠰ ᠲᠦᠷᠦ ᠲᠡᠭᠡᠷᠡᠬᠢ ᠨᠠᠢ᠌ᠳᠠᠪᠤᠷᠢᠳᠠᠢ ᠵᠠᠯᠭ᠋ᠠᠮᠵᠢᠯᠠᠭᠴᠢ ᠪᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠲᠢᠶᠠᠨ ᠰᠢᠦᠸᠠᠢ ᠪᠢᠨ ᠴᠢᠬᠤᠯᠠᠴᠢᠯᠠᠭᠰᠠᠨ᠎ᠨᠢ᠂ ᠵᠠᠯᠠᠭᠤ ᠺᠠᠳ᠋ᠷᠴᠤᠳ ᠲᠡᠦᠬᠡ ᠰᠤᠷᠤᠯᠴᠠᠵᠤ ᠶᠤᠰᠤ ᠤᠴᠢᠷ᠎ᠢ ᠤᠢ᠌ᠯᠠᠭ᠋ᠠᠨ᠂ ᠨᠠᠮ᠎ᠤᠨ ᠶᠡᠷᠦ ᠪᠤᠰᠤ ᠵᠢᠨ ᠦᠩᠭᠡᠷᠡᠯᠳᠡ᠎ᠳᠠᠬᠢ ᠦᠨᠡᠨ ᠶᠣᠰᠣ ᠵᠢ ᠤᠬᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠦᠷ᠎ᠡ ᠪᠦᠲᠦᠭᠡᠯ᠂ ᠣᠨᠴᠠᠭ᠋ᠠᠶ᠋ᠢᠯᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠴᠢᠨᠠᠷ ᠦᠨᠡᠨ ᠶᠣᠰᠣᠴᠢ ᠴᠢᠨᠠᠷ᠎ᠢ ᠭᠦᠨᠵᠡᠭᠡᠢ ᠣᠶ᠋ᠢᠯᠠᠭ᠋ᠠᠨ ᠡᠵᠡᠮᠰᠢᠵᠦ᠂ ᠣᠨᠣᠯ᠎ᠤᠨ ᠲᠠᠯ᠎ᠠ᠎ᠪᠠᠷ ᠬᠤᠷᠴᠠ ᠰᠡᠷᠭᠡᠭ ᠵᠶ᠋ᠡᠷ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ ᠪᠠᠶ᠋ᠢᠬᠤ ᠵᠢ ᠪᠠᠲᠤᠯᠠᠬᠤ ᠬᠡᠷᠡᠭᠲᠡᠢ᠃ ᠲᠡᠦᠬᠡ ᠰᠤᠷᠤᠯᠴᠠᠵᠤ ᠢᠲᠡᠭᠡᠯ ᠵᠶ᠋ᠡᠨ ᠨᠡᠮᠡᠭᠳᠡᠬᠦᠯᠵᠦ᠂ ᠨᠠᠮ᠎ᠤᠨ ᠶᠡᠷᠦ ᠪᠤᠰᠤ ᠵᠢᠨ ᠦᠩᠭᠡᠷᠡᠯᠳᠡ ᠲᠤᠮᠳᠠᠬᠢ ᠤᠭ ᠰᠠᠨᠠᠭ᠎ᠠ ᠲᠡᠤᠬᠡᠳᠦ ᠡᠬᠦᠷᠭᠡ ᠬᠠᠷᠢᠭᠤᠴᠠᠯᠭ᠎ᠠ᠎ᠪᠠᠨ ᠪᠠᠳᠤᠳᠬᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠳᠤᠮᠳᠠ᠎ᠠᠴᠠ ᠢᠲᠡᠭᠡᠯ ᠪᠢᠰᠢᠷᠡᠯ᠎ᠤᠨ ᠬᠦᠴᠦᠨ ᠵᠦᠢ᠍ᠯ᠎ᠢ ᠣᠯᠵᠤ᠂ ᠨᠠᠮ᠎ᠳᠠᠭᠠᠨ ᠦᠨᠡᠨᠴᠢ ᠰᠢᠳᠤᠷᠭᠤ ᠤᠯᠤᠰ ᠲᠥᠷᠥ ᠵᠢᠨ ᠬᠡᠪ ᠴᠢᠨᠠᠷ᠎ᠢ ᠤᠯᠠᠮᠵᠢᠯᠠᠨ ᠵᠠᠯᠭ᠋ᠠᠮᠵᠢᠯᠠᠵᠤ᠂ 《ᠳᠥᠷᠪᠡᠨ ᠤᠬᠠᠮᠰᠠᠷ》 ᠵᠶ᠋ᠠᠨ ᠦᠨᠡᠨ ᠬᠦ᠌ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠬᠦᠢ᠍ᠴᠡᠳᠭᠡᠬᠦ ᠬᠡᠷᠡᠭᠲᠡᠢ᠃ ᠲᠡᠦᠬᠡ ᠰᠤᠷᠤᠯᠴᠠᠵᠤ ᠶᠤᠰᠤ ᠰᠤᠷᠳᠠᠬᠤᠨ᠎ᠢ ᠡᠷᠬᠢᠮᠯᠡᠵᠦ᠂ ᠨᠠᠮ᠎ᠤᠨ ᠶᠡᠷᠦ ᠪᠤᠰᠤ ᠵᠢᠨ ᠥᠩᠭᠡᠷᠡᠯᠲᠡ ᠳᠤᠮᠳᠠ ᠨᠠᠮ᠎ᠤᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ᠂ ᠦᠨᠡᠨ ᠬᠦ᠌ ᠤᠯᠤᠰ ᠲᠥᠷᠥ ᠵᠢᠨ ᠶᠣᠰᠣ ᠮᠣᠷᠠᠯ᠎ᠢ ᠪᠤᠢ ᠪᠤᠯᠭ᠋ᠠᠵᠤ᠂ ᠡᠷᠬᠢᠮ ᠨᠠᠨᠳᠢᠨ ᠮᠣᠷᠠᠯ ᠰᠤᠷᠳᠠᠯ᠎ᠢ ᠤᠢ᠌ᠯᠠᠭ᠋ᠠᠨ ᠡᠵᠡᠮᠰᠢᠵᠦ᠂ ᠨᠡᠶ᠋ᠢᠲᠡ ᠵᠢᠨ ᠶᠣᠰᠣ ᠮᠣᠷᠠᠯ᠎ᠢ ᠰᠠᠬᠢᠵᠤ᠂ ᠬᠤᠪᠢ ᠵᠢᠨ ᠵᠠᠩ ᠮᠣᠷᠠᠯ᠎ᠢ ᠴᠢᠩᠭ᠎ᠠ ᠡᠷᠬᠢᠮᠯᠡᠨ᠂ ᠡᠪ ᠬᠠᠮᠲᠤ ᠨᠠᠮ᠎ᠤᠨ ᠭᠡᠰᠢᠭᠦᠨ᠎ᠤ ᠲᠡᠷᠢᠭᠦᠨ᠎ᠤ ᠴᠢᠨᠠᠷ᠎ᠢ ᠬᠡᠵᠢᠶᠡᠳᠡ ᠪᠠᠲᠤᠯᠠᠬᠤ ᠬᠡᠷᠡᠭᠲᠡᠢ᠃ ᠲᠡᠦᠬᠡ ᠰᠤᠷᠤᠯᠴᠠᠵᠤ ᠪᠤᠳᠠᠳᠠᠢ ᠠᠵᠢᠯᠯᠠᠵᠤ᠂ ᠨᠠᠮ᠎ᠤᠨ ᠶᠡᠷᠦ ᠪᠤᠰᠤ ᠵᠢᠨ ᠦᠩᠭᠡᠷᠡᠯᠳᠡ᠎ᠳᠠᠬᠢ ᠤᠷᠤᠭᠰᠢᠯᠠᠬᠤ ᠬᠦᠴᠦᠨ ᠵᠶ᠋ᠡᠨ ᠬᠤᠷᠠᠮᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠠᠷᠪᠠᠨ ᠵᠢᠷᠭᠤᠭ᠋ᠠᠨ ᠦᠰᠦᠭᠳᠦ》 ᠤᠰᠤ ᠵᠠᠰᠠᠬᠤ ᠰᠡᠳᠬᠢᠮᠵᠢ ᠪᠠ ᠤᠰᠤ ᠵᠠᠰᠠᠬᠤ ᠴᠢᠬᠤᠯᠠ ᠶᠠᠷᠢᠶ᠎ᠠ ᠵᠢᠨ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ᠂ ᠨᠠᠮ᠎ᠤᠨ ᠲᠥᠪ ᠬᠣᠷᠢᠶ᠎ᠠ ᠵᠢᠨ ᠤᠰᠤᠨ ᠠᠰᠢᠭᠯᠠᠯᠲᠠ ᠵᠢᠨ ᠠᠵᠢᠯ᠎ᠤᠨ ᠲᠤᠬᠠᠢ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠯᠠᠪᠳᠠᠭᠤᠨ ᠪᠠᠲᠤᠲᠠᠢ ᠡᠵᠡᠮᠰᠢᠵᠦ᠂ 《ᠭᠤᠷᠪᠠᠨ ᠬᠣᠣᠰ ᠪᠠᠷᠢᠮᠵᠢᠶ᠎ᠠ᠂ ᠨᠢᠭᠡ ᠲᠥᠯᠥᠪᠵᠢᠭᠦᠯᠭᠡ》 ᠵᠢᠨ ᠲᠤᠰᠬᠠᠢ ᠠᠵᠢᠯᠯᠠᠭ᠎ᠠ᠎ᠳᠤ ᠦᠨᠡᠨ ᠬᠦ᠌ ᠤᠷᠤᠯᠴᠠᠵᠤ᠂ ᠡᠬᠦᠷᠭᠡ ᠬᠠᠷᠢᠭᠤᠴᠠᠯᠭ᠎ᠠ ᠵᠢ ᠴᠢᠩᠭ᠋ᠠᠳᠬᠠᠵᠤ᠂ ᠬᠢᠵᠠᠭ᠋ᠠᠷ ᠱᠤᠭᠤᠮ᠎ᠤᠨ ᠰᠡᠳᠬᠢᠬᠦᠢ ᠵᠢ ᠪᠠᠷᠢᠮᠳᠠᠯᠠᠵᠤ᠂ ᠠᠵᠢᠯ᠎ᠤᠨ ᠨᠠᠢ᠌ᠳᠠᠪᠤᠷᠢᠵᠢᠭᠤᠯᠤᠯᠳᠠ ᠵᠢ ᠴᠢᠩᠭ᠎ᠠ ᠠᠳᠬᠤᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠳᠠ ᠵᠢᠨ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠵᠢᠳᠬᠦᠯ ᠵᠶ᠋ᠡᠨ ᠨᠡᠮᠡᠷᠢᠯᠡᠬᠦ ᠬᠡᠷᠡᠭᠲᠡᠢ ᠭᠡᠪᠡ᠃