ᠰᠢᠨᠬᠤᠸᠠ ᠰᠦᠯᠵᠢᠶᠡᠨ᠎ᠤ ᠪᠡᠭᠡᠵᠢᠩ᠎ᠤᠨ1 ᠰᠠᠷ᠎ᠠ ᠵᠢᠨ 26᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠶᠣᠣ ᠷᠦᠨ ᠫᠢᠩ) ᠰᠤᠷᠪᠤᠯᠵᠢᠯᠠᠭᠴᠢ 25᠎ᠤ ᠡᠳᠦᠷ ᠬᠤᠷᠠᠯᠳᠤᠭᠰᠠᠨ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷ᠎ᠡ᠎ᠠᠴᠠ ᠣᠶ᠋ᠢᠯᠠᠭ᠋ᠠᠵᠤ ᠮᠡᠳᠡᠭᠰᠡᠨ᠎ᠨᠢ᠂ 2020 ᠣᠨ᠎ᠳᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠤᠯᠬᠤ ᠪᠠ 〈〈ᠠᠷᠪᠠᠨ ᠭᠤᠷᠪᠠᠳᠤᠭ᠋ᠠᠷ ᠲᠠᠪᠤᠨ ᠵᠢᠯ〉〉᠎ᠤᠨ ᠲᠥᠯᠥᠪᠵᠢᠭᠦᠯᠭᠡ ᠵᠢᠨ ᠲᠡᠭᠦᠰᠬᠡᠯ᠎ᠤᠨ ᠬᠦᠨᠳᠦ ᠡᠭᠦᠷᠭᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠪᠣᠯᠤᠨ ᠬᠣᠪᠣᠷ ᠲᠣᠬᠢᠶᠠᠯᠳᠤᠬᠤ ᠦᠶᠡᠷ᠎ᠤᠨ ᠪᠠᠶ᠋ᠢᠳᠠᠯ᠎ᠤᠨ ᠶᠡᠬᠡ ᠰᠢᠯᠭ᠋ᠠᠯᠲᠠ ᠵᠢᠨ ᠡᠮᠦᠨ᠎ᠡ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠬᠦᠴᠢᠷ ᠪᠡᠷᠬᠡ ᠵᠢ ᠲᠠᠪᠠᠨ ᠲᠤᠭᠤᠯᠵᠦ᠂ ᠦᠨᠡᠨ ᠪᠣᠳᠠᠲᠠᠢ ᠠᠵᠢᠯᠯᠠᠵᠤ᠂ ᠤᠯᠠᠨ ᠳᠠᠪᠬᠤᠷ ᠥᠷᠢᠰᠥᠯᠳᠦᠭᠡᠨ᠎ᠤ ᠳᠣᠣᠷ᠎ᠠ ᠤᠰᠤᠨ ᠠᠰᠢᠭᠯᠠᠯᠲᠠ ᠵᠢᠨ ᠠᠵᠢᠯ᠎ᠢ ᠠᠬᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠃
ᠪᠢᠳᠡ 8 ᠪᠦᠯᠦᠭ ᠲᠣᠭ᠎ᠠ ᠪᠠᠷᠢᠮᠲᠠ᠎ᠪᠠᠷ ᠳᠠᠮᠵᠢᠭᠤᠯᠤᠨ᠂ ᠲᠠᠨ᠎ᠳᠤ 2020 ᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠭᠢᠯᠠᠰ ᠴᠡᠭ᠎ᠢ ᠤᠢ᠌ᠯᠭ᠋ᠠᠭᠤᠯᠤᠶᠠ᠃
⒈ ᠣᠰᠣᠠ ᠠᠰᠢᠭᠯᠠᠯᠲᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠲᠠᠯ᠎ᠠ᠎ᠪᠠᠷ
— ᠤᠳᠤ ᠵᠢᠨ ᠭᠡᠷᠡᠭᠵᠢᠬᠦᠯᠵᠦ ᠪᠠᠢ᠌ᠭ᠎ᠠ ᠪᠠᠷᠢᠮᠵᠢᠶ᠎ᠠ ᠲᠤᠤᠷᠠᠬᠢ ᠶᠠᠳᠠᠭᠤ ᠬᠦᠴᠢᠷᠳᠡᠯᠳᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠪᠡ᠃ 975 ᠲᠦᠮᠡᠨ ᠬᠦᠮᠦᠨ ᠠᠮᠠ ᠵᠢᠨ ᠤᠤᠭᠤᠬᠤ ᠤᠰᠤᠨ᠎ᠤ ᠹᠯᠤᠷ ᠪᠠᠷᠢᠮᠵᠢᠶᠠᠨ᠎ᠠᠴᠠ ᠭᠡᠳᠦᠷᠡᠭᠰᠡᠨ ᠵᠢ ᠵᠠᠰᠠᠬᠤ ᠵᠢ ᠪᠡᠶᠡᠯᠡᠬᠦᠯᠵᠦ᠂ 120 ᠲᠦᠮᠡᠨ ᠬᠦᠮᠦᠨ᠎ᠤ ᠤᠤᠭᠤᠬᠤ ᠤᠰᠤ᠎ᠨᠢ ᠭᠠᠰᠢᠭᠤᠨ ᠱᠤᠷᠪᠤᠭ ᠠᠰᠠᠭᠤᠳᠠᠯ᠎ᠢ ᠰᠢᠢ᠍ᠳᠪᠦᠷᠢᠯᠡᠵᠦ᠂ ᠬᠦᠳᠡᠭᠡ ᠲᠤᠰᠬᠤᠨ᠎ᠤ 4233 ᠲᠦᠮᠡᠨ ᠬᠦᠮᠦᠨ ᠠᠮᠠ ᠵᠢᠨ ᠤᠰᠤᠨ᠎ᠤ ᠬᠠᠩᠭ᠋ᠠᠯᠭ᠎ᠠ ᠵᠢᠨ ᠪᠠᠳᠤᠯᠠᠭ᠎ᠠ ᠵᠢᠨ ᠲᠦᠪᠰᠢᠨ᠎ᠢ ᠲᠡᠭᠡᠭᠰᠢᠯᠡᠬᠦᠯᠪᠡ᠃
— ᠪᠡᠯᠡ ᠤᠷᠤᠭᠤᠯᠤᠯᠳᠠ ᠵᠶ᠋ᠠᠷ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠤᠨ᠂ 832 ᠶᠠᠳᠠᠭᠤ ᠬᠦᠴᠢᠷᠳᠡᠯᠳᠠᠢ ᠰᠢᠶᠠᠨ᠎ᠤ ᠤᠰᠤᠨ ᠠᠰᠢᠭᠯᠠᠯᠳᠠ ᠵᠢᠨ ᠪᠡᠯᠡ ᠤᠷᠤᠭᠤᠯᠤᠯᠳᠠ ᠵᠢ 1863 ᠳ᠋ᠦᠩᠰᠢᠭᠤᠷ ᠲᠦᠭᠦᠷᠢᠭ ᠨᠠᠶ᠋ᠢᠳᠠᠪᠤᠷᠢᠵᠢᠭᠤᠯᠪᠠ᠃
— ᠤᠰᠤᠨ ᠠᠰᠢᠭᠯᠠᠯᠳᠠ ᠵᠢᠨ ᠢᠨᠵᠸᠨ᠋ᠷᠢᠩᠤᠨ ᠪᠦᠳᠦᠭᠡᠨ ᠪᠠᠢ᠌ᠭᠤᠯᠤᠯᠳᠠ ᠵᠢᠨ ᠬᠠᠮᠢᠶᠠᠷᠤᠭᠴᠢ ᠵᠢᠨ ᠠᠵᠢᠯ᠎ᠤᠨ ᠪᠠᠢ᠌ᠷᠢ᠎ᠨᠢ 24 ᠲᠦᠮᠡᠨ ᠶᠠᠳᠠᠭᠤ ᠬᠦᠴᠢᠷᠳᠡᠯᠳᠠᠢ ᠬᠦᠮᠦᠨ ᠠᠮᠠ᠎ᠳᠤ ᠠᠵᠢᠯ ᠤᠯᠭᠤᠵᠦ᠂ ᠬᠦᠳᠡᠭᠡ ᠲᠤᠰᠬᠤᠨ᠎ᠤ ᠤᠰᠤ ᠴᠠᠬᠢᠯᠭ᠋ᠠᠨ ᠵᠶ᠋ᠠᠷ ᠶᠠᠳᠠᠭᠤ ᠵᠢ ᠲᠡᠳᠬᠦᠬᠦ ᠢᠨᠵᠸᠨ᠋ᠷᠢᠩᠨᠢ ᠨᠡᠢ᠌ᠳᠡ 9.6 ᠲᠦᠮᠡᠨ ᠶᠠᠳᠠᠭᠤ ᠬᠦᠴᠢᠷᠳᠡᠯᠳᠠᠢ ᠡᠷᠦᠭᠡ ᠵᠢ ᠬᠠᠪᠰᠤᠷᠤᠨ ᠲᠡᠳᠬᠦᠪᠡ᠃
— ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠴᠢᠳᠠᠪᠤᠷᠢᠲᠠᠨ ᠪᠣᠯᠤᠨ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠳᠡᠯᠡᠬᠡᠢ ᠵᠢᠨ ᠪᠠᠩᠬᠢ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ ᠵᠡᠷᠭᠡ 7 ᠵᠣᠬᠢᠶᠠᠨ ᠪᠠᠶ᠋ᠢᠭᠤᠯᠤᠯᠲᠠ᠎ᠠᠴᠠ 〈〈ᠵᠠᠬᠢᠶᠠᠯᠠᠭ᠎ᠠ ᠵᠢᠨ ᠬᠡᠯᠪᠡᠷᠢ〉〉 ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ 〈〈ᠪᠦᠬᠦ ᠪᠥᠮᠪᠥᠷᠴᠡᠭ᠎ᠤᠨ ᠬᠠᠮᠤᠭ᠎ᠤᠨ ᠰᠠᠢ᠌ᠨ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠠᠭ᠋ᠠᠰᠬᠠᠭᠰᠠᠨ ᠵᠢᠱ᠌ᠢᠶ᠎ᠠ〉〉᠎ᠪᠠᠷ ᠦᠨᠡᠯᠡᠪᠡ᠃
⒉ ᠤᠰᠤ ᠭᠠᠩ᠎ᠤᠨ ᠭᠠᠮᠰᠢᠭ᠎ᠢ ᠰᠡᠷᠬᠡᠢ᠌ᠯᠡᠨ ᠬᠤᠷᠢᠭᠯᠠᠬᠤ ᠲᠠᠯ᠎ᠠ᠎ᠪᠠᠷ
— 2020 ᠣᠨ᠎ᠳᠤ᠂ ᠮᠠᠨ᠎ᠤ ᠤᠯᠤᠰ᠎ᠲᠤ 1998 ᠣᠨ᠎ᠠᠴᠠ ᠨᠠᠭ᠋ᠠᠰᠢᠬᠢ ᠬᠠᠮᠤᠭ᠎ᠤᠨ ᠬᠦᠨᠳᠦ ᠦᠶᠡᠷ᠎ᠤᠨ ᠪᠠᠶ᠋ᠢᠳᠠᠯ ᠭᠠᠷᠴᠤ᠂ ᠪᠦᠬᠦ ᠤᠯᠤᠰ᠎ᠲᠤ ᠨᠡᠶ᠋ᠢᠲᠡ 21 ᠤᠳᠠᠭ᠎ᠠ ᠵᠢᠨ ᠳ᠋ᠤᠭ᠋ᠠᠷᠯᠠᠬᠤ ᠪᠠᠷᠢᠮᠵᠢᠶᠠᠨ᠎ᠳᠤ ᠬᠦᠷᠦᠭᠰᠡᠨ ᠦᠶᠡᠷ ᠭᠠᠷᠴᠤ᠂ 836 ᠭᠣᠣᠯ ᠮᠥᠷᠡᠨ᠎ᠳᠤ ᠰᠡᠷᠭᠡᠶ᠋ᠢᠯᠡᠯᠲᠡ ᠵᠢᠨ ᠤᠰᠤᠨ ᠲᠦᠪᠰᠢᠨ᠎ᠠᠴᠠ ᠳᠠᠪᠠᠭᠰᠠᠨ ᠦᠶᠡᠷ᠎ᠤᠨ ᠤᠰᠤ ᠢᠯᠡᠷᠡᠵᠦ᠂ ᠨᠡᠯᠢᠶᠡᠳ ᠣᠯᠠᠨ ᠵᠢᠯ᠎ᠤᠨ ᠳᠤᠮᠳᠠᠴᠢ ᠬᠡᠮᠵᠢᠭᠳᠡᠯ᠎ᠠᠴᠠ 80%᠎ᠪᠠᠷ ᠨᠡᠮᠡᠭᠳᠡᠭᠰᠡᠨ ᠪᠠᠶ᠋ᠢᠨ᠎ᠠ᠃ ᠪᠦᠬᠦ ᠤᠯᠤᠰ᠎ᠤᠨ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ ᠪᠠ ᠪᠠᠭ᠎ᠠ (1) ᠬᠡᠯᠪᠡᠷᠢ ᠵᠢᠨ ᠤᠰᠤᠨ ᠴᠥᠭᠥᠷᠥᠮ ᠵᠢᠨ ᠬᠠᠰᠢᠯᠭ᠎ᠠ ᠨᠢᠭᠡ ᠴᠦ᠍ ᠰᠦᠢ᠍ᠷᠡᠭᠰᠡᠨ ᠦᠭᠡᠢ᠂ ᠶᠡᠬᠡ ᠭᠣᠣᠯ ᠮᠥᠷᠡᠨ ᠪᠠ ᠴᠢᠬᠤᠯᠠ ᠬᠠᠰᠢᠯᠭ᠎ᠠ ᠵᠢᠨ ᠬᠠᠰᠢᠯᠭ᠎ᠠ ᠨᠢᠭᠡ ᠴᠦ᠍ ᠰᠡᠳᠡᠷᠡᠭᠰᠡᠨ ᠦᠭᠡᠢ᠃
— ᠦᠶᠡᠷ ᠤᠰᠤᠲᠤᠯ᠎ᠤᠨ ᠭᠠᠮᠰᠢᠭ᠎ᠲᠤ ᠥᠭᠦᠵᠦ ᠰᠢᠷᠬᠠᠲᠤᠭᠰᠠᠨ ᠬᠥᠮᠦᠨ᠎ᠤ ᠲᠣᠭ᠎ᠠ ᠣᠶ᠋ᠢᠷ᠎ᠠ ᠵᠢᠨ 20 ᠵᠢᠯ᠎ᠤᠨ ᠳᠤᠮᠳᠠᠴᠢ ᠬᠡᠮᠵᠢᠭᠳᠡᠯ᠎ᠠᠴᠠ ᠲᠤᠩ ᠳᠣᠣᠷ᠎ᠠ ᠪᠠᠢ᠌ᠵᠦ᠂ ᠭᠠᠩᠳᠠᠭᠰᠠᠨ ᠣᠷᠣᠨ᠎ᠤ ᠣᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠵᠤ᠂ ᠦᠶᠡᠷ ᠤᠰᠤᠲᠤᠯ ᠭᠠᠩ ᠬᠠᠭᠰᠠᠷᠠᠭ᠋ᠠᠨ᠎ᠤ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠪᠠ᠃
⒊ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠤᠯᠤᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢᠨ ᠶᠡᠷᠦᠩᠭᠡᠢ ᠬᠦᠭᠵᠢᠯᠳᠡ ᠵᠢᠨ ᠲᠠᠯ᠎ᠠ᠎ᠪᠠᠷ
— ᠡᠯ᠎ᠡ ᠭᠠᠵᠠᠷ ᠵᠢ ᠵᠢᠯᠤᠭᠤᠳᠤᠨ 〈〈ᠨᠢᠭᠡ ᠲᠦᠷᠦᠯ᠎ᠳᠤ ᠨᠢᠭᠡ ᠪᠣᠳᠣᠯᠭ᠎ᠠ〉〉 ᠠᠵᠢᠯ ᠰᠡᠷᠭᠦᠭᠡᠬᠦ ᠲᠥᠯᠥᠪᠯᠡᠭᠡ ᠵᠢ ᠲᠣᠭᠲᠠᠭ᠋ᠠᠵᠤ᠂ ᠠᠵᠢᠯᠴᠢᠨ ᠬᠡᠷᠡᠭᠯᠡᠬᠦ᠂ ᠲᠡᠭᠡᠭᠡᠪᠦᠷᠢ᠂ ᠲᠦᠭᠦᠬᠡᠶ ᠮᠠᠲ᠋ᠧᠷᠢᠶᠠᠯ᠎ᠤᠨ ᠬᠠᠩᠭ᠋ᠠᠯᠭ᠎ᠠ ᠵᠡᠷᠭᠡ ᠲᠦᠭᠵᠢᠷᠡᠯ᠎ᠢ ᠨᠡᠪᠲᠡᠷᠡᠭᠦᠯᠵᠦ᠂ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠨᠢ 5 ᠳ᠋ᠤᠭ᠋ᠠᠷ ᠰᠠᠷ᠎ᠠ᠎ᠳᠤ ᠪᠦᠬᠦᠨ ᠵᠶ᠋ᠡᠷ ᠵᠶ᠋ᠠᠨ ᠠᠵᠢᠯ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠢ ᠪᠡᠶᠡᠯᠡᠬᠦᠯᠪᠡ᠃
— ᠪᠥᠬᠥ ᠵᠢᠯ᠎ᠳᠤ 7695 ᠳ᠋ᠦᠩᠰᠢᠭᠤᠷ ᠲᠥᠭᠥᠷᠢᠭ᠎ᠤᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠨᠠᠶ᠋ᠢᠳᠠᠪᠤᠷᠢᠵᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6%᠎ᠪᠠᠷ ᠨᠡᠮᠡᠭᠳᠡᠨ᠂ ᠲᠡᠤᠬᠡ ᠵᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠪᠡ᠃
— ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠬᠦᠴᠦᠲᠡᠶ ᠠᠳᠬᠤᠵᠤ᠂ ᠠᠨᠾᠦ᠋ᠢ᠂ ᠭᠤᠸᠠᠩᠳᠦ᠋ᠩ᠂ ᠬᠤᠪᠸᠢ᠂ ᠵᠧᠵᠢᠶᠠᠩ᠂ ᠾᠧᠨᠠᠨ ᠵᠡᠷᠭᠡ 14 ᠮᠤᠵᠢ ᠵᠢᠨ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠣᠷᠮ᠎ᠠ᠎ᠨᠢ 95% ᠵᠢ ᠳᠠᠪᠠᠵᠠᠶ᠃
⒋ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ
— ᠭᠣᠤᠯᠳᠠᠯᠭ᠎ᠠ᠎ᠲᠠᠢ ᠠᠬᠢᠭᠤᠯᠬᠤ 150 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠠᠷᠢᠨ ᠲᠠᠩᠰᠠ ᠵᠢ ᠳᠤᠷᠠᠳᠤᠨ ᠭᠠᠷᠭ᠋ᠠᠵᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ 45 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠵᠢᠯ ᠡᠬᠢᠯᠡᠭᠦᠯᠪᠡ᠃
— ᠭᠤᠷᠪᠠᠨ ᠬᠠᠪᠴᠢᠯ᠎ᠤᠨ ᠢᠨᠵᠸᠨ᠋ᠷᠢᠩᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠴᠦᠮ ᠪᠡᠶᠡᠯᠡᠭᠦᠯᠵᠦ᠂ 254 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠤᠨ ᠤᠰᠤ ᠵᠢ ᠬᠠᠰᠢᠨ ᠬᠠᠳᠠᠭ᠋ᠠᠯᠠᠵᠤ᠂ ᠪᠦᠬᠦ ᠵᠢᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ 1118 ᠳ᠋ᠦᠩᠰᠢᠭᠤᠷ ᠺᠢᠯᠤᠸᠲ ᠴᠠᠭ᠎ᠲᠤ ᠬᠦᠷᠴᠦ᠂ ᠳᠡᠯᠡᠬᠡᠶ ᠵᠢᠨ ᠲᠡᠮᠳᠡᠭᠯᠡᠯ᠎ᠢ ᠡᠭᠦᠳᠪᠡ᠃
— ᠡᠮᠦᠨᠡᠳᠦ ᠵᠢᠨ ᠤᠰᠤ ᠵᠢ ᠤᠮᠠᠷᠠᠰᠢ ᠲᠠᠳᠠᠬᠤ ᠢᠨᠵᠸᠨ᠋ᠷᠢᠩᠤᠨ ᠵᠠᠬᠦᠨ᠂ ᠲᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ᠎ᠨᠢ ᠵᠢᠯ᠎ᠳᠤ 94.63 ᠳ᠋ᠦᠩᠰᠢᠭᠤᠷ ᠪᠤᠰᠤᠭ᠎ᠠ ᠲᠦᠷᠪᠡᠯᠵᠢᠨ ᠮᠸᠲᠷ ᠤᠰᠤ ᠵᠢ ᠲᠠᠳᠠᠵᠦ᠂ ᠳᠤᠮᠳᠠ ᠱᠤᠭᠤᠮ᠎ᠨᠢ ᠠᠩᠬ᠎ᠠ ᠤᠳᠠᠭ᠎ᠠ ᠬᠡᠮᠵᠢᠶ᠎ᠡ ᠨᠡᠮᠡᠭᠳᠡᠬᠦᠯᠦᠨ ᠲᠦᠯᠦᠪᠯᠡᠭᠰᠡᠨ 420 ᠪᠣᠰᠣᠭ᠎ᠠ ᠳᠥᠷᠪᠡᠯᠵᠢᠨ ᠮᠧᠲᠷ/ ᠰᠧᠺᠦ᠋ᠨ᠋ᠳ᠋ ᠵᠶ᠋ᠡᠷ ᠤᠰᠤ ᠳᠠᠮᠵᠢᠭᠤᠯᠬᠤ ᠵᠢ ᠪᠡᠶᠡᠯᠡᠭᠦᠯᠵᠦ᠂ ᠣᠨ᠎ᠤ ᠤᠰᠤᠨ᠎ᠤ ᠬᠠᠩᠭ᠋ᠠᠯᠭ᠎ᠠ᠎ᠨᠢ ᠠᠩᠬ᠎ᠠ ᠤᠳᠠᠭ᠎ᠠ ᠲᠦᠯᠦᠪᠵᠢᠬᠦᠯᠭᠡ ᠵᠢᠨ ᠣᠯᠠᠨ ᠵᠢᠯ᠎ᠤᠨ ᠳᠤᠮᠳᠠᠴᠢ ᠤᠰᠤᠨ᠎ᠤ ᠬᠠᠩᠭ᠋ᠠᠯᠭ᠎ᠠ ᠵᠢᠨ ᠬᠡᠮᠵᠢᠶ᠎ᠡ᠎ᠠᠴᠠ ᠲᠠᠪᠠᠪᠠ᠃
— 1. 7 ᠲᠦᠮᠡ ᠭᠠᠷᠤᠶ ᠺᠢᠯᠣᠮᠧᠲᠷ᠎ᠤᠨ ᠳᠤᠮᠳᠠ ᠵᠢᠵᠢᠭ ᠭᠣᠣᠯ ᠮᠥᠷᠡᠨ᠎ᠢ ᠵᠠᠰᠠᠵᠤ᠂ 3200 ᠭᠠᠷᠤᠶ ᠡᠮᠵᠡᠭ ᠠᠶᠤᠯᠲᠠᠶ ᠴᠥᠭᠥᠷᠥᠮ᠎ᠤᠨ ᠠᠶᠤᠯ᠎ᠢ ᠵᠠᠰᠠᠨ ᠪᠡᠬᠢᠯᠡᠪᠡ᠃
— ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠠᠬᠢᠴᠠ ᠤᠷᠤᠭᠰᠢᠲᠠᠶ ᠪᠠᠢ᠌ᠵᠦ᠂ ᠰᠢᠨ᠎ᠡ᠎ᠪᠠᠷ ᠨᠡᠮᠡᠭᠳᠡᠭᠦᠯᠦᠭᠰᠡᠨ ᠪᠤᠶᠤ ᠰᠡᠷᠭᠦᠭᠡᠵᠦ᠂ ᠰᠠᠢ᠌ᠵᠢᠷᠠᠭᠤᠯᠤᠭᠰᠠᠨ ᠤᠰᠤᠯᠠᠯᠲᠠ ᠵᠢᠨ ᠲᠠᠯᠠᠪᠠᠢ 3000 ᠭᠠᠷᠤᠶ ᠲᠦᠮᠡᠨ ᠮᠦ᠍ ᠬᠦᠷᠴᠦ᠂ ᠵᠢᠯ᠎ᠤᠨ ᠤᠰᠤ ᠠᠷᠪᠢᠯᠠᠬᠤ ᠴᠢᠳᠠᠪᠤᠷᠢ ᠵᠢ 18 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃
⒌ ᠤᠰᠤᠨ᠎ᠤ ᠠᠮᠢ ᠠᠬᠤᠶ ᠵᠢᠨ ᠵᠠᠰᠠᠯᠳᠠ ᠬᠠᠮᠠᠭ᠋ᠠᠯᠠᠯᠳᠠ ᠵᠢᠨ ᠲᠠᠯ᠎ᠠ᠎ᠪᠠᠷ
— 6 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠵᠢ ᠪᠡᠶᠡᠯᠡᠭᠦᠯᠪᠡ᠃
— ᠤᠮᠠᠷᠠᠲᠤ ᠣᠷᠣᠨ᠎ᠤ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠵᠢ ᠶᠡᠷᠦᠩᠭᠡᠢ᠌ᠯᠡᠨ ᠵᠠᠰᠠᠬᠤ ᠵᠢ ᠳᠥᠯᠭᠢᠨ ᠠᠬᠢᠭᠤᠯᠵᠤ᠂ ᠤᠰᠤ ᠨᠥᠬᠥᠪᠥᠷᠢᠯᠡᠬᠦ ᠭᠣᠤᠯ᠎ᠤᠨ ᠣᠷᠳᠣᠨ᠎ᠢ 1958 ᠺᠢᠯᠣᠮᠧᠲᠷ ᠪᠠᠶ᠋ᠢᠵᠤ᠂ ᠪᠦᠷᠢᠯᠳᠦᠭᠰᠡᠨ ᠤᠰᠤᠨ ᠭᠠᠳᠠᠷᠭᠤ ᠵᠢᠨ ᠲᠠᠯᠠᠪᠠᠶ᠎ᠨᠢ 554 ᠲᠡᠭᠰᠢ ᠳᠥᠷᠪᠡᠯᠵᠢᠨ ᠺᠢᠯᠣᠮᠧᠲᠷ᠎ᠲᠤ ᠬᠥᠷᠪᠡ᠃
— ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠤᠰᠤ ᠲᠠᠲᠠᠬᠤ ᠣᠷᠣᠨ᠎ᠤ ᠭᠠᠵᠠᠷ ᠳᠣᠤᠷᠠᠬᠢ ᠤᠰᠤ ᠵᠢ ᠲᠠᠷᠤᠯᠳᠠ ᠦᠭᠭᠦᠨ ᠲᠠᠳᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠰᠤ ᠲᠠᠲᠠᠬᠤ ᠣᠷᠣᠨ᠎ᠤ ᠬᠣᠲᠠ ᠵᠢᠨ ᠲᠣᠭᠣᠷᠢᠭ᠎ᠲᠤ ᠲᠠᠷᠤᠯᠳᠠ ᠦᠭᠭᠦᠨ ᠨᠡᠶ᠋ᠢᠲᠡ 23.56 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠳᠠᠵᠦ᠂ ᠲᠠᠷᠤᠯᠳᠠ ᠦᠭᠭᠦᠨ ᠤᠰᠤ ᠲᠠᠳᠠᠬᠤ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠪᠡ᠃
— ᠶᠦᠩ ᠳ᠋ᠢᠩ ᠡᡁᠸ ᠭᠣᠣᠯ᠎ᠤᠨ ᠶᠡᠷᠦᠩᠬᠡᠶ᠋ᠢᠯᠡᠨ ᠵᠠᠰᠠᠬᠤ ᠪᠠ ᠠᠮᠢ ᠠᠬᠤᠢ ᠵᠢᠨ ᠰᠡᠷᠭᠦᠭᠡᠯᠲᠡ ᠵᠢ ᠲᠣᠭᠲᠠᠭᠤᠨ ᠵᠶ᠋ᠠᠷ ᠬᠡᠷᠡᠭᠵᠢᠭᠦᠯᠵᠦ᠂ ᠪᠡᠭᠡᠵᠢᠩ᠎ᠤᠨ ᠬᠡᠰᠡᠭ᠎ᠨᠢ 25 ᠵᠢᠯ᠎ᠳᠤ ᠠᠩᠬ᠎ᠠ ᠤᠳᠠᠭ᠎ᠠ ᠪᠦᠬᠦ ᠱᠤᠭᠤᠮ ᠵᠶ᠋ᠠᠷ ᠤᠰᠤ ᠨᠡᠪᠲᠡᠷᠡᠪᠡ᠃
— 278 ᠰᠠᠭᠤᠷᠢ ᠪᠣᠬᠢᠷᠲᠤᠯ ᠥᠬᠡᠶ ᠵᠢᠵᠢᠭ ᠤᠰᠤ ᠴᠠᠬᠢᠯᠭ᠋ᠠᠨ᠎ᠤ ᠵᠢᠱ᠌ᠢᠶ᠎ᠡ ᠦᠵᠡᠭᠦᠯᠬᠦ ᠴᠠᠬᠢᠯᠭ᠋ᠠᠨ ᠥᠷᠲᠡᠭᠡ ᠵᠢ ᠡᠭᠦᠳᠦᠨ ᠪᠠᠶ᠋ᠢᠭᠤᠯᠪᠠ᠃
⒍ ᠤᠰᠤᠨ᠎ᠤ ᠡᠬᠢ ᠪᠠᠶᠠᠯᠢᠭ᠎ᠢ ᠠᠷᠪᠢᠯᠠᠬᠤ ᠲᠠᠯ᠎ᠠ᠎ᠪᠠᠷ
— ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠤᠰᠤ ᠠᠷᠪᠢᠯᠠᠬᠤ ᠪᠠᠷᠢᠮᠵᠢᠶᠠᠨ᠎ᠳᠤ ᠬᠦᠷᠦᠭᠰᠡᠨ ᠦᠭᠡᠢ 118 ᠲᠦᠷᠦᠯ ᠵᠦᠢ᠍ᠯ᠎ᠢ ᠵᠣᠭᠰᠣᠭ᠋ᠠᠪᠠ᠃
— ᠤᠰᠤ ᠬᠡᠷᠡᠭᠯᠡᠬᠦ ᠨᠢᠭᠡᠴᠡ ᠵᠢᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠨᠡᠷᠡᠰ ᠵᠢ ᠪᠠᠢ᠌ᠭᠤᠯᠪᠠ᠃ ᠭᠤᠷᠪᠠᠳᠤᠭ᠋ᠠᠷ ᠪᠦᠯᠦᠭ᠎ᠤᠨ 350 ᠰᠢᠶᠠᠨ ᠲᠣᠭᠣᠷᠢᠭ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶᠠᠨ᠎ᠳᠤ ᠬᠦᠷᠭᠡᠬᠦ ᠪᠠᠶ᠋ᠢᠭᠤᠯᠤᠯᠲᠠ ᠵᠢ ᠪᠡᠶᠡᠯᠡᠭᠦᠯᠵᠦ᠂ 1790 ᠤᠰᠤ ᠠᠷᠪᠢᠯᠠᠬᠤ ᠪᠠᠶ᠋ᠢᠭᠤᠯᠭ᠎ᠠ᠂ 298 ᠤᠰᠤ ᠠᠷᠪᠢᠯᠠᠬᠤ ᠬᠡᠯᠪᠡᠷᠢ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠪᠠ᠃
— ᠪᠥᠬᠥ ᠤᠯᠤᠰ᠎ᠲᠤ ᠮᠤᠵᠢ ᠪᠠ ᠮᠤᠵᠢ ᠣᠷᠣᠨ ᠠᠯᠤᠰᠯᠠᠭᠰᠠᠨ 215 ᠭᠣᠤᠯᠳᠠᠯᠭ᠎ᠠ᠎ᠲᠠᠢ ᠭᠤᠤᠯ ᠮᠦᠷᠡᠨ ᠨᠠᠭᠤᠷ ᠴᠦᠬᠦᠷᠦᠮ᠎ᠤᠨ ᠠᠮᠢ ᠠᠬᠤᠶ ᠵᠢᠨ ᠤᠷᠤᠰᠬᠠᠯ ᠵᠢ ᠪᠠᠲᠤᠯᠠᠬᠤ ᠬᠠᠷᠠᠯᠲᠠ ᠵᠢ ᠲᠣᠭᠲᠠᠭ᠋ᠠᠵᠤ᠂ 235 ᠭᠣᠤᠯ ᠮᠥᠷᠡᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠡᠭᠦᠷᠭᠡ ᠵᠢ ᠪᠡᠶᠡᠯᠡᠭᠦᠯᠪᠡ᠃ ᠤᠰᠤ ᠲᠠᠲᠠᠵᠤ ᠬᠡᠷᠡᠭᠯᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠦᠬᠡ ᠮᠦᠷᠡᠨ᠂ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠤᠰᠤ ᠲᠠᠲᠠᠬᠤ ᠢᠨᠵᠧᠨᠧᠷᠢᠩ ᠵᠢ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠦᠭᠰᠡᠨ ᠨᠤᠷᠮ᠎ᠠ᠎ᠨᠢ 99.8%᠎ᠳᠤ ᠬᠦᠷᠴᠦ᠂ ᠪᠤᠰᠤᠳ ᠰᠠᠪᠠ ᠭᠠᠵᠠᠷ᠎ᠤᠨ ᠬᠢᠨᠠᠨ ᠪᠠᠶ᠋ᠢᠴᠠᠭ᠋ᠠᠵᠤ ᠳᠠᠩᠰᠠᠯᠠᠭᠰᠠᠨ ᠤᠰᠤ ᠲᠠᠲᠠᠬᠤ ᠠᠮᠠᠰᠠᠷ᠎ᠤᠨ ᠲᠣᠭ᠎ᠠ 500 ᠲᠦᠮᠡ ᠵᠢ ᠳᠠᠪᠠᠪᠠ᠃
— ᠪᠥᠬᠥ ᠤᠯᠤᠰ᠎ᠤᠨ ᠤᠰᠤ ᠲᠠᠲᠠᠬᠤ ᠢᠨᠵᠧᠨᠧᠷᠢᠩ᠎ᠳᠤ ᠪᠠᠶ᠋ᠢᠳᠠᠯ᠎ᠢ ᠣᠶ᠋ᠢᠯᠠᠭ᠋ᠠᠬᠤ ᠪᠠᠶ᠋ᠢᠴᠠᠭ᠋ᠠᠯᠲᠠ ᠬᠢᠵᠦ᠂ ᠮᠤᠵᠢ ᠠᠯᠤᠰᠯᠠᠭᠰᠠᠨ 26 ᠴᠢᠬᠤᠯᠠ ᠭᠣᠤᠯ ᠮᠥᠷᠡᠨ᠎ᠤ ᠤᠰᠤᠨ᠎ᠤ ᠡᠬᠢ ᠪᠠᠶᠠᠯᠢᠭ ᠵᠢ ᠨᠢᠭᠡᠳᠦᠯᠲᠡᠶ ᠲᠤᠬᠢᠷᠠᠭᠤᠯᠬᠤ ᠵᠢ ᠡᠮᠬᠢ ᠵᠢᠷᠤᠮ᠎ᠲᠠᠢ᠎ᠪᠠᠷ ᠳᠥᠯᠭᠢᠨ ᠠᠬᠢᠭᠤᠯᠪᠠ᠃
⒎ ᠭᠣᠣᠯ ᠮᠥᠷᠡᠨ ᠨᠠᠭᠤᠷ ᠴᠥᠭᠥᠷᠥᠮ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ
— ᠭᠤᠤᠯ ᠮᠦᠷᠡᠨ ᠨᠠᠭᠤᠷ ᠴᠦᠬᠦᠷᠦᠮ᠎ᠤᠨ ᠳᠠᠷᠤᠭ᠎ᠠ ᠵᠢᠨ 〈〈ᠨᠡᠷ᠎ᠡ᠎ᠲᠠᠢ〉〉᠂ 〈〈ᠪᠤᠳᠠᠳᠠᠢ〉〉᠂ 〈〈 ᠴᠢᠳᠠᠮᠵᠢ〉〉᠎ᠲᠠᠢ ᠪᠠᠶ᠋ᠢᠬᠤ ᠵᠢ ᠳᠥᠯᠭᠢᠨ ᠠᠬᠢᠭᠤᠯᠵᠤ᠂ ᠭᠤᠤᠯ ᠮᠦᠷᠡᠨ ᠨᠠᠭᠤᠷ ᠴᠦᠬᠦᠷᠦᠮ᠎ᠤᠨ 〈〈ᠳᠥᠷᠪᠡᠨ ᠲᠤᠷ᠎ᠠ᠎ᠪᠠᠷ ᠵᠶ᠋ᠠᠨ ᠵᠢ ᠠᠷᠢᠯᠭ᠋ᠠᠬᠤ〉〉 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢ ᠳᠥᠯᠭᠢᠨ ᠠᠬᠢᠭᠤᠯᠵᠤ᠂ ᠨᠡᠢ᠌ᠳᠡ 16.4 ᠲᠦᠮᠡᠨ 〈〈ᠳᠥᠷᠪᠡᠨ ᠲᠤᠷ᠎ᠠ᠎ᠪᠠᠷ ᠵᠶ᠋ᠠᠨ〉〉 ᠠᠰᠠᠭᠤᠳᠠᠯ᠎ᠢ ᠠᠷᠢᠯᠭ᠋ᠠᠨ ᠴᠡᠭᠴᠡᠯᠡᠪᠡ᠃
— ᠪᠥᠬᠥ ᠤᠯᠤᠰ᠎ᠤᠨ ᠭᠣᠤᠯ᠎ᠤᠨ ᠵᠠᠮ᠎ᠠᠴᠠ ᠬᠠᠶ᠋ᠢᠷ ᠮᠠᠯᠲᠠᠬᠤ ᠬᠠᠮᠢᠶᠠᠷᠤᠯᠲᠠ ᠵᠢᠨ 2455 ᠭᠣᠤᠯᠳᠠᠯᠭ᠎ᠠ᠎ᠲᠠᠢ ᠭᠣᠤᠯ᠎ᠤᠨ ᠬᠡᠰᠡᠭ᠂ ᠰᠡᠷᠭᠡᠭ ᠤᠰᠤᠨ ᠣᠷᠣᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠤ ᠨᠡᠷᠡᠰ᠎ᠢ ᠨᠡᠶ᠋ᠢᠲᠡᠯᠡᠪᠡ᠃
—158 ᠺᠢᠯᠣᠮᠧᠲᠷ ᠬᠦᠬᠡ ᠮᠦᠷᠡᠨ᠎ᠤ ᠡᠷᠭᠢ ᠵᠢᠨ ᠱᠤᠭᠤᠮ᠎ᠢ ᠵᠠᠢ᠌ᠴᠢᠯᠠᠨ ᠰᠣᠯᠠᠯᠠᠵᠦ᠂ ᠬᠦᠬᠡ ᠮᠦᠷᠡᠨ᠎ᠤ ᠭᠣᠤᠯ ᠤᠷᠤᠰᠬᠠᠯ᠎ᠤᠨ ᠡᠷᠭᠢ ᠵᠢ ᠠᠰᠢᠭᠯᠠᠬᠤ ᠲᠦᠷᠦᠯ ᠵᠦᠢ᠍ᠯ᠎ᠢ ᠴᠡᠪᠡᠷᠯᠡᠨ ᠴᠡᠭᠴᠡᠯᠡᠬᠦ ᠵᠢ ᠪᠡᠶᠡᠯᠡᠬᠦᠯᠪᠡ᠃
— ᠬᠡᠪᠴᠢᠶᠠᠨ᠎ᠠᠴᠠ ᠳᠡᠭᠡᠭᠰᠢᠬᠢ ᠭᠤᠤᠯ ᠮᠦᠷᠡᠨ ᠨᠠᠭᠤᠷ ᠴᠦᠬᠦᠷᠦᠮ᠎ᠢ ᠵᠠᠭ᠋ᠠᠭᠯᠠᠬᠤ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠭᠤᠤᠯ ᠮᠦᠷᠡᠨ ᠨᠠᠭᠤᠷ ᠴᠦᠬᠦᠷᠦᠮ᠎ᠤᠨ ᠡᠷᠡᠭᠦᠯ ᠮᠡᠨᠳᠦ ᠵᠢᠨ ᠦᠨᠡᠯᠡᠯᠲᠡ ᠵᠢᠨ ᠰᠢᠰᠲᠸᠮ᠎ᠢ ᠪᠠᠶ᠋ᠢᠭᠤᠯᠵᠤ᠂ 18 ᠵᠢᠱ᠌ᠢᠶ᠎ᠡ ᠦᠵᠡᠭᠦᠯᠬᠦ ᠭᠤᠤᠯ ᠮᠦᠷᠡᠨ ᠨᠠᠭᠤᠷ ᠴᠦᠬᠦᠷᠦᠮ᠎ᠢ ᠪᠠᠢ᠌ᠭᠤᠯᠪᠠ᠃
⒏ ᠤᠰᠤᠨ ᠠᠰᠢᠭᠯᠠᠯᠲᠠ ᠵᠢᠨ ᠲᠤᠰᠬᠠᠶ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ
— ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ 1.36 ᠲᠦᠮᠡᠨ ᠬᠥᠮᠦᠨ ᠤᠳᠠᠭ᠎ᠠ ᠵᠢᠨ ᠪᠠᠶ᠋ᠢᠴᠠᠭ᠋ᠠᠬᠤ ᠳᠤᠭᠤᠶ᠋ᠢᠯᠠᠩ ᠲᠣᠮᠢᠯᠠᠵᠤ᠂ 6.13 ᠲᠦᠮᠡᠨ ᠲᠥᠷᠥᠯ ᠵᠦᠢᠯ᠎ᠢ ᠪᠠᠶ᠋ᠢᠴᠠᠭ᠋ᠠᠵᠤ᠂ 7.29 ᠲᠦᠮᠡᠨ ᠡᠯ᠎ᠡ ᠲᠥᠷᠥᠯ᠎ᠤᠨ ᠠᠰᠠᠭᠤᠳᠠᠯ᠎ᠢ ᠢᠯᠡᠷᠡᠭᠦᠯᠵᠦ᠂ 818 ᠨᠢᠭᠡᠴᠡ ᠤᠳᠠᠭ᠎ᠠ ᠵᠢᠨ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠵᠦ᠂ ᠣᠨ᠎ᠤ ᠱᠠᠭ᠋ᠠᠷᠳᠠᠨ ᠪᠠᠶ᠋ᠢᠴᠠᠭ᠋ᠠᠬᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠪᠡ᠃
— ᠡᠯ᠎ᠡ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠠᠴᠠ ᠨᠡᠶ᠋ᠢᠲᠡ 1.74 ᠲᠦᠮᠡᠨ ᠳᠤᠭᠤᠶ᠋ᠢᠯᠠᠩ ᠤᠳᠠᠭ᠎ᠠ᠂ 7.86 ᠲᠦᠮᠡᠨ ᠬᠥᠮᠦᠨ ᠤᠳᠠᠭ᠎ᠠ ᠵᠢᠨ ᠲᠤᠮᠢᠯᠠᠯᠳᠠ ᠵᠢᠨ ᠬᠢᠨᠠᠯᠲᠠ ᠪᠠᠶ᠋ᠢᠴᠠᠭ᠋ᠠᠯᠲᠠ ᠦᠷᠨᠢᠬᠦᠯᠪᠡ᠃
— ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠡᠩᠨᠡᠭᠡ᠎ᠨᠢ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ 2.1 ᠲᠦᠮᠡ ᠬᠡᠷᠡᠭ ᠵᠢ ᠪᠠᠢ᠌ᠴᠠᠭ᠋ᠠᠨ ᠰᠢᠢ᠍ᠳᠪᠦᠷᠢᠯᠡᠵᠦ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠤᠳᠠᠭ᠋ᠠᠨ ᠵᠢᠯ᠎ᠤᠨ ᠲᠠᠷᠤᠭᠳᠠᠮᠠᠯ 4267 ᠭᠡᠷᠡᠭ᠎ᠢ ᠪᠦᠬᠦᠨ᠎ᠢ ᠠᠷᠢᠯᠭ᠋ᠠᠨ ᠳᠢᠭᠯᠡᠪᠡ᠃
— 6820 ᠰᠠᠭᠤᠷᠢ ᠪᠠᠭ᠎ᠠ ᠬᠡᠯᠪᠡᠷᠢ ᠵᠢᠨ ᠤᠰᠤᠨ ᠴᠥᠭᠥᠷᠥᠮ᠂ 4213 ᠰᠠᠭᠤᠷᠢ ᠤᠰᠤᠨ ᠬᠠᠭ᠋ᠠᠯᠭ᠎ᠠ ᠵᠢᠨ ᠠᠮᠤᠷ ᠲᠦᠪᠰᠢᠨ ᠵᠶ᠋ᠡᠷ ᠠᠵᠢᠯᠯᠠᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠵᠤ᠂ ᠤᠰᠤᠨ ᠴᠥᠭᠥᠷᠥᠮ᠎ᠳᠤ ᠢᠯᠡᠷᠡᠭᠦᠯᠦᠭᠰᠡᠨ ᠠᠰᠠᠭᠤᠳᠠᠯ᠎ᠤᠨ ᠲᠣᠭ᠎ᠠ ᠦᠷᠭᠦᠯᠵᠢᠯᠡᠨ ᠪᠠᠭ᠋ᠠᠰᠪᠠ᠃