《ᠭᠤᠷᠪᠠ ᠵᠢ ᠪᠠᠷᠢᠮᠵᠢᠶᠠᠯᠠᠨ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ》 ᠲᠤᠰᠬᠠᠶ ᠠᠵᠢᠯᠯᠠᠭ᠎ᠠ ᠵᠢᠨ ᠬᠣᠶᠠᠳᠤᠭ᠋ᠠᠷ ᠱᠠᠲᠤᠨᠤ ᠠᠵᠢᠯ ᠪᠣᠯ ᠰᠡᠳᠬᠢᠮᠵᠢ ᠵᠢᠨ ᠪᠠᠷᠢᠮᠵᠢᠶ᠎ᠠ ᠵᠢ ᠰᠠᠢ᠌ᠲᠤᠷ ᠬᠢᠬᠦ ᠶᠠᠪᠤᠳᠠᠯ ᠪᠣᠯᠤᠨ᠎ᠠ ᠃ ᠪᠢᠳᠡ ᠰᠡᠳᠬᠢᠮᠵᠢᠪᠠᠷ ᠪᠠᠷᠢᠮᠵᠢᠶᠠᠯᠠᠬᠤ ᠴᠢᠬᠤᠯᠠ ᠠᠴᠢ ᠬᠣᠯᠪᠣᠭᠳᠠᠯ ᠪᠠ ᠲᠣᠳᠣᠷᠬᠠᠶ ᠱᠠᠭ᠋ᠠᠷᠳᠠᠯᠭ᠎ᠠ ᠵᠢ ᠭᠦᠨᠵᠡᠭᠡᠶ ᠣᠢ᠌ᠯᠠᠭ᠋ᠠᠵᠤ᠂ ᠰᠢ ᠵᠢᠨ ᠫᠢᠩ ᠶᠡᠷᠦᠩᠬᠡᠶ ᠱᠦᠵᠢ ᠵᠢᠨ 《ᠠᠷᠪᠠᠨ ᠵᠢᠷᠭᠤᠭ᠋ᠠᠨ ᠥᠰᠥᠭ》ᠤᠨ ᠤᠰᠤ ᠵᠠᠰᠠᠬᠤ ᠰᠡᠳᠬᠢᠮᠵᠢ ᠪᠠ ᠤᠰᠤ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭᠠᠪᠠᠷ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠬᠥᠲᠥᠯᠥᠨ ᠵᠢᠯᠣᠭᠣᠳᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ ᠪᠠ ᠠᠷᠭ᠎ᠠ ᠵᠠᠮᠢ ᠣᠨᠣᠪᠴᠢᠲᠠᠶ ᠡᠷᠢᠵᠦ᠂ ᠤᠬᠠᠮᠰᠠᠷᠠᠴᠠᠪᠠᠨ᠂ ᠰᠠᠨᠠᠭ᠋ᠠᠴᠢᠯᠠᠭᠠᠠᠴᠠᠪᠠᠨ᠂ ᠪᠥᠬᠥ ᠲᠠᠯᠠᠪᠠᠷ ᠪᠠᠷᠢᠮᠵᠢᠶᠠᠯᠠᠨ ᠬᠠᠷᠭᠤᠭᠤᠯᠬᠤ ᠳᠤᠮᠳᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢ ᠳᠠᠬᠢᠨ ᠭᠦᠨᠵᠡᠭᠡᠢ᠌ᠷᠡᠭᠦᠯᠬᠦ᠂ ᠲᠠᠨᠢᠯᠲᠠ ᠵᠢ ᠳᠠᠬᠢᠨ ᠭᠦᠨᠵᠡᠭᠡᠢ᠌ᠷᠡᠭᠦᠯᠬᠦ᠂ ᠦᠢᠯᠡᠳᠦᠯᠭᠡ ᠵᠢ ᠳᠠᠬᠢᠨ ᠰᠢᠨᠡᠴᠢᠯᠡᠬᠦ ᠵᠢ ᠠᠬᠢᠭᠤᠯᠵᠤ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢᠨ ᠴᠢᠭᠯᠡᠯᠢ ᠦᠨᠡᠨ ᠬᠦ᠌ ᠪᠠᠲᠤᠯᠠᠬᠤ ᠬᠡᠷᠡᠭᠲᠡᠶ ᠃
ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ ᠪᠣᠯ ᠳᠠᠷᠤᠢ ᠨᠠᠮᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠵᠢᠨ ᠪᠤᠳᠤᠯᠭᠠᠲᠠᠢ ᠨᠢᠭᠡᠳᠦᠯᠲᠡᠢ ᠪᠠᠢ᠌ᠵᠤ᠂ 《ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠬᠤ᠂ ᠰᠢᠰᠲ᠋ᠧᠮᠲᠠᠢ ᠵᠠᠰᠠᠬᠤ᠂ ᠬᠣᠶᠠᠷ ᠲᠠᠯᠠᠪᠠᠷ ᠬᠦᠴᠦᠯᠡᠬᠦ》 ᠤᠰᠤ ᠵᠠᠰᠠᠬᠤ ᠰᠡᠳᠬᠢᠴᠡ ᠪᠣᠯᠤᠨ ᠰᠢ ᠵᠢᠨ ᠫᠢᠩ ᠶᠡᠷᠦᠩᠬᠡᠢ ᠱᠦᠵᠢ ᠵᠢᠨ ᠤᠰᠤ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠬᠢᠨᠠᠮᠠᠭ᠋ᠠᠢ ᠰᠤᠳᠤᠯᠤᠨ ᠣᠢ᠌ᠯᠠᠭ᠋ᠠᠵᠤ᠂ ᠨᠠᠮᠤᠨ ᠲᠥᠪ ᠬᠣᠷᠢᠶᠠᠨᠤ ᠤᠰᠤᠨ ᠠᠰᠢᠭᠯᠠᠯᠲᠠ ᠵᠢᠨ ᠠᠵᠢᠯᠤᠨ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠬᠦ ᠶᠠᠪᠤᠳᠠᠯ ᠪᠣᠯᠤᠨ᠎ᠠ᠃ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ ᠭᠡᠳᠡᠭᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠰᠡᠳᠬᠢᠮᠵᠢ ᠵᠢ ᠭᠦᠨᠵᠡᠭᠡᠶ ᠰᠤᠳᠤᠯᠵᠤ᠂ ᠨᠠᠮᠤᠨ ᠲᠥᠪ ᠬᠣᠷᠢᠶᠠᠨᠤ ᠱᠠᠭ᠋ᠠᠷᠳᠠᠯᠭ᠎ᠠ ᠵᠢ ᠲᠤᠤᠱᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯᠢ ᠪᠠᠢ᠌ᠭᠤᠯᠬᠤ ᠵᠢ ᠠᠬᠢᠭᠤᠯᠬᠤ ᠴᠢᠳᠠᠪᠤᠷᠢ ᠪᠠ ᠲᠦᠪᠰᠢᠨᠢ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠭᠯᠡᠯ ᠪᠠ ᠠᠷᠭ᠎ᠠ ᠵᠠᠮᠢ ᠤᠯᠠᠮ ᠨᠢᠭᠡ ᠠᠯᠬᠤᠮ ᠣᠨᠣᠪᠴᠢᠲᠠᠶ ᠡᠷᠢᠬᠦ ᠶᠠᠪᠤᠳᠠᠯ ᠪᠣᠯᠤᠨ᠎ᠠ ᠃ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ ᠵᠢᠨ ᠡᠴᠦᠰᠤᠨ ᠵᠣᠷᠢᠯᠭᠠᠨᠢ ᠳᠠᠷᠤᠶ 《ᠠᠷᠪᠠᠨ ᠵᠢᠷᠭᠤᠭ᠋ᠠᠨ ᠥᠰᠥᠭ》ᠤᠨ ᠤᠰᠤ ᠵᠠᠰᠠᠬᠤ ᠰᠡᠳᠬᠢᠮᠵᠢ ᠵᠢ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢᠨ ᠦᠢᠯᠡᠳᠦᠯᠭᠡ ᠳᠤᠮᠳᠠ ᠪᠣᠳᠠᠲᠠᠶᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠨᠠᠩ ᠶᠡᠬᠡ ᠦᠢᠯᠡᠳᠦᠯᠢ ᠪᠠᠳᠠᠷᠠᠭᠤᠯᠤᠨ᠂ ᠨᠠᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠪᠡᠶᠡᠯᠡᠭᠦᠯᠬᠦ ᠶᠠᠪᠤᠳᠠᠯ ᠪᠣᠯᠤᠨ᠎ᠠ ᠃
ᠦᠵᠡᠯ ᠰᠠᠨᠠᠭ᠎ᠠ ᠪᠣᠯ ᠦᠢ᠍ᠯᠡ ᠠᠵᠢᠯᠯᠠᠭ᠎ᠠ ᠵᠢᠨ ᠤᠳᠤᠷᠢᠳᠤᠮᠵᠢ ᠮᠥᠨ᠂ ᠲᠠᠨᠢᠯᠲᠠ ᠪᠣᠯ ᠦᠢ᠍ᠯᠡ ᠠᠵᠢᠯᠯᠠᠭ᠋ᠠᠨᠤ ᠬᠥᠳᠡᠯᠭᠡᠭᠴᠢ ᠬᠦᠴᠦᠨ ᠮᠥᠨ ᠃ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ ᠵᠢ ᠰᠠᠢ᠌ᠲᠤᠷ ᠬᠢᠬᠦ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠤᠰᠤ ᠵᠢ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠤᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯᠢ ᠣᠨᠣᠪᠴᠢᠲᠠᠢ ᠡᠵᠡᠮᠰᠢᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠤᠨ᠎ᠠ ᠃ ᠨᠠᠮᠤᠨ ᠠᠷᠪᠠᠨ ᠨᠠᠢᠮᠠᠳᠤᠭ᠋ᠠᠷ ᠶᠡᠬᠡ ᠬᠤᠷᠠᠯᠠᠴᠠ ᠨᠠᠰᠢ᠂ ᠰᠢ ᠵᠢᠨ ᠫᠢᠩ ᠶᠡᠷᠦᠩᠬᠡᠶ ᠱᠦᠵᠢ ᠤᠰᠤᠨ ᠠᠰᠢᠭᠯᠠᠯᠲᠠ ᠵᠢᠨ ᠠᠵᠢᠯᠢ ᠳᠡᠭᠡᠳᠦ ᠬᠡᠮᠵᠢᠶ᠎ᠡᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠳᠠᠭᠠᠨ《ᠠᠷᠪᠠᠨ ᠵᠢᠷᠭᠤᠭ᠋ᠠᠨ ᠥᠰᠥᠭ》ᠤᠨ ᠤᠰᠤ ᠵᠠᠰᠠᠬᠤ ᠰᠡᠳᠬᠢᠮᠵᠢ ᠵᠢ ᠲᠣᠳᠣᠷᠬᠠᠶ ᠳᠤᠷᠠᠳᠴᠤ᠂ ᠤᠯᠤᠰᠤᠨ ᠤᠰᠤᠨᠤ ᠠᠮᠤᠷ ᠲᠦᠪᠰᠢᠨᠢ ᠪᠠᠲᠤᠯᠠᠬᠤ᠂ ᠬᠥᠬᠡᠮᠥ᠋ᠷᠡᠨᠤ ᠠᠵᠤ ᠠᠬᠤᠶ ᠵᠢᠨ ᠪᠦᠰᠡ ᠵᠢᠨ ᠬᠥᠭᠵᠢᠯᠲᠡ ᠵᠢ ᠠᠬᠢᠭᠤᠯᠬᠤ᠂ ᠬᠠᠲᠤᠨ ᠭᠣᠤᠯᠤᠨ ᠰᠠᠪᠠ ᠭᠠᠵᠠᠷᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ᠂ ᠦᠶᠡᠷᠢ ᠰᠡᠷᠭᠡᠢ᠌ᠯᠡᠵᠦ ᠭᠠᠩ ᠬᠠᠭᠰᠠᠷᠠᠭ᠋ᠠᠨᠲᠠᠢ ᠲᠡᠮᠡᠴᠡᠬᠦ ᠵᠡᠷᠭᠡ ᠲᠤᠬᠠᠶ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠶᠡᠬᠡ ᠤᠰᠤᠨᠤ ᠠᠰᠠᠭᠤᠳᠠᠯᠢ ᠰᠢᠢᠳᠪᠦᠷᠢᠯᠡᠬᠦ᠂ ᠤᠰᠤᠨ ᠠᠰᠢᠭᠯᠠᠯᠲᠠ ᠵᠢᠨ ᠦᠢᠯᠡᠰᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠭᠯᠡᠯ ᠪᠠ ᠬᠦᠴᠦᠯᠡᠬᠦ ᠴᠡᠭᠢ ᠲᠣᠳᠣᠷᠬᠠᠶ ᠵᠢᠭ᠋ᠠᠵᠤ ᠭᠠᠷᠭ᠋ᠠᠪᠠ ᠃ ᠭᠠᠭᠴᠠᠬᠦ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭᠠᠪᠠᠷ ᠤᠰᠤᠨ ᠠᠰᠢᠭᠯᠠᠯᠲᠠ ᠵᠢᠨ ᠡᠯ᠎ᠡ ᠲᠠᠯ᠎ᠠ ᠡᠯ᠎ᠡ ᠬᠦᠷᠢᠶᠡᠨᠤ ᠠᠵᠢᠯᠤᠨ ᠦᠨᠳᠦᠰᠦᠨ ᠵᠢᠷᠤᠮᠯᠠᠯ ᠪᠣᠯᠭ᠋ᠠᠵᠤ᠂ ᠮᠠᠨᠤ ᠤᠯᠤᠰᠤᠨ ᠪᠤᠳᠤᠯᠢᠶᠠᠨᠲᠠᠢ ᠤᠰᠤᠨᠤ ᠠᠰᠠᠭᠤᠳᠠᠯᠢ ᠲᠠᠨᠢᠵᠤ᠂ ᠵᠠᠳᠠᠯᠵᠤ᠂ ᠰᠢᠢ᠍ᠳᠪᠦᠷᠢᠯᠡᠬᠦ ᠬᠦᠴᠦᠷᠬᠡᠭ ᠶᠡᠬᠡ ᠦᠵᠡᠯ ᠰᠠᠨᠠᠭ᠋ᠠᠨᠤ ᠵᠡᠪᠰᠡᠭ ᠪᠣᠯᠭ᠋ᠠᠪᠠᠯ ᠰᠠᠶᠢ ᠤᠰᠤᠨ ᠠᠰᠢᠭᠯᠠᠯᠲᠠ ᠵᠢᠨ ᠦᠢ᠍ᠯᠡᠰᠤᠨ ᠢᠮᠠᠭᠲᠠ ᠵᠥᠪ ᠵᠠᠮ ᠵᠶ᠋ᠠᠷ ᠤᠷᠤᠭᠰᠢᠯᠠᠬᠤ ᠵᠢ ᠪᠠᠲᠤᠯᠠᠵᠤ᠂ ᠨᠠᠮᠤᠨ ᠲᠥᠪ ᠬᠣᠷᠢᠶᠠᠨᠤ ᠤᠰᠤᠨ ᠠᠰᠢᠭᠯᠠᠯᠲᠠᠳᠤ ᠳᠤᠷᠠᠳᠤᠭᠰᠠᠨ ᠰᠢᠨ᠎ᠡ ᠰᠡᠳᠦᠪᠢ ᠰᠠᠢ᠌ᠲᠤᠷ ᠬᠠᠷᠢᠭᠤᠯᠵᠤ᠂ ᠨᠠᠮᠤᠨ ᠲᠥᠪ ᠬᠣᠷᠢᠢᠠᠠᠴᠠ ᠪᠢᠳᠡᠨᠳᠤ ᠣᠯᠭᠣᠭᠰᠠᠨ ᠡᠭᠦᠷᠭᠡ ᠬᠠᠷᠢᠭᠤᠴᠠᠯᠭ᠎ᠠ ᠵᠢ ᠰᠠᠢ᠌ᠲᠤᠷ ᠪᠡᠶᠡᠯᠡᠭᠦᠯᠵᠦ ᠴᠢᠳᠠᠨ᠎ᠠ ᠃
ᠰᠡᠳᠬᠢᠮᠵᠢᠪᠠᠨ ᠪᠠᠷᠢᠮᠵᠢᠶᠠᠯᠠᠨ ᠬᠠᠷᠭᠤᠭᠤᠯᠵᠤ ᠰᠤᠷᠤᠯᠴᠠᠯᠭ᠎ᠠ ᠵᠢ ᠪᠦᠬᠦ ᠲᠠᠯᠠᠪᠠᠷ ᠭᠦᠨᠵᠡᠭᠡᠢ᠌ᠷᠡᠭᠦᠯᠬᠦ ᠬᠡᠷᠡᠭᠲᠡᠶ ᠃ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠪᠠᠯ ᠰᠠᠶᠢ ᠴᠢᠭᠯᠡᠯ ᠵᠶ᠋ᠡᠨ ᠲᠣᠳᠣᠷᠬᠠᠢ᠌ᠯᠠᠵᠤ ᠴᠢᠳᠠᠨ᠎ᠠ ᠃ ᠰᠢ ᠵᠢᠨ ᠫᠢᠩ ᠶᠡᠷᠦᠩᠬᠡᠶ ᠱᠦᠵᠢ ᠵᠢᠨ ᠤᠰᠤ ᠵᠢ ᠵᠠᠰᠠᠬᠤ ᠠᠵᠢᠯᠤᠨ ᠲᠤᠬᠠᠶ ᠴᠢᠬᠤᠯᠠ ᠥᠭᠦᠯᠡᠯᠲᠡ ᠵᠢ ᠰᠠᠢ᠌ᠲᠤᠷ ᠰᠤᠷᠤᠯᠴᠠᠨ ᠰᠠᠢ᠌ᠲᠤᠷ ᠬᠡᠷᠡᠭᠯᠡᠵᠦ᠂ ᠶᠡᠷᠦᠩᠬᠡᠶ ᠰᠢ ᠵᠢᠨ ᠫᠢᠩ ᠱᠦᠵᠢ ᠵᠢᠨ ᠤᠰᠤ ᠵᠢ ᠵᠠᠰᠠᠬᠤ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠤᠱᠯᠠᠭᠤᠯᠤᠨ᠂ ᠲᠠᠭᠦᠨᠤ ᠤᠰᠤᠨ ᠠᠰᠢᠭᠯᠠᠯᠲᠠ ᠵᠢᠨ ᠠᠵᠢᠯᠤᠨ ᠲᠤᠬᠠᠶ ᠴᠢᠬᠤᠯᠠ ᠥᠭᠦᠯᠡᠯᠲᠡᠳᠤ ᠠᠭᠤᠯᠤᠭᠳᠠᠵᠤ ᠪᠠᠢ᠌ᠭ᠎ᠠ ᠵᠣᠭᠰᠣᠯᠲᠠ ᠦᠵᠡᠯᠲᠡ ᠠᠷᠭ᠎ᠠ ᠵᠢ ᠪᠥᠬᠥ ᠲᠠᠯᠠᠪᠠᠷ ᠣᠨᠣᠪᠴᠢᠲᠠᠶ ᠣᠢ᠌ᠯᠠᠭ᠋ᠠᠵᠤ᠂ ᠤᠬᠠᠮᠰᠠᠷᠠᠴᠠᠪᠠᠨ ᠪᠠᠷᠢᠮᠵᠢᠶᠠᠯᠠᠨ ᠬᠠᠷᠭᠤᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ ᠤᠰᠤᠨ ᠠᠰᠢᠭᠯᠠᠯᠲᠠ ᠵᠢᠨ ᠠᠵᠢᠯᠤᠨ ᠲᠤᠬᠠᠶ ᠴᠢᠬᠤᠯᠠ ᠥᠭᠦᠯᠡᠯᠲᠡᠪᠠᠷ ᠦᠢᠯᠡᠳᠦᠯᠭᠡᠪᠠᠨ ᠵᠢᠯᠣᠭᠣᠳᠣᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠶ ᠃ ᠰᠡᠳᠬᠢᠮᠵᠢᠪᠠᠨ ᠪᠠᠷᠢᠮᠵᠢᠶᠠᠯᠠᠨ ᠬᠠᠷᠭᠤᠭᠤᠯᠬᠤᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠶ ᠃ ᠲᠣᠭᠣᠷᠢᠨ ᠪᠠᠢ᠌ᠴᠠᠭ᠋ᠠᠬᠤ ᠱᠠᠭ᠋ᠠᠷᠳᠠᠯᠭᠠᠲᠠᠢ ᠬᠠᠷᠭᠤᠭᠤᠯᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ᠂ ᠰᠢᠨ᠎ᠡ ᠠᠰᠠᠭᠤᠳᠠᠯᠢ ᠰᠢᠰᠲ᠋ᠧᠮᠲᠠᠢ ᠡᠮᠬᠢᠯᠡᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠤᠪᠤᠢ᠍ᠢ᠍ᠮᠠ ᠠᠰᠠᠭᠤᠳᠠᠯ ᠪᠣᠯᠤᠨ ᠢᠯᠡᠷᠬᠡᠢ ᠳᠤᠲᠠᠭᠤᠳᠠᠯᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠯᠲᠠᠭ᠋ᠠᠨᠢ ᠭᠦᠨᠵᠡᠭᠡᠢ ᠵᠠᠳᠠᠯᠵᠤ᠂ ᠠᠷᠭ᠎ᠠ ᠪᠤᠳᠤᠯᠭ᠎ᠠ ᠵᠢ ᠰᠤᠳᠤᠯᠵᠤ᠂ ᠠᠷᠭ᠎ᠠ ᠬᠡᠮᠵᠢᠢ᠎ᠡ ᠲᠣᠭᠲᠠᠭ᠋ᠠᠵᠤ᠂ 《ᠠᠷᠪᠠᠨ ᠵᠢᠷᠭᠤᠭ᠋ᠠᠨ ᠦᠰᠦᠭ》ᠤᠨ ᠤᠰᠤ ᠵᠠᠰᠠᠬᠤ ᠰᠡᠳᠬᠢᠴᠡ ᠵᠢ ᠲᠤᠤᠱᠯᠠᠭᠤᠯᠬᠤᠳᠤ ᠲᠤᠯᠭ᠋ᠠᠷᠠᠵᠤ ᠪᠠᠢ᠌ᠭ᠎ᠠ ᠪᠠᠢ᠌ᠳᠠᠯ ᠡᠭᠦᠷᠭᠡ᠂ ᠠᠷᠭ᠎ᠠ ᠵᠠᠮ᠂ ᠡᠭᠦᠷᠭᠡᠯᠡᠵᠦ ᠪᠠᠢ᠌ᠭ᠎ᠠ ᠡᠭᠦᠷᠭᠡ ᠬᠠᠷᠢᠭᠤᠴᠠᠯᠭ᠎ᠠᠪᠠᠨ ᠲᠣᠳᠣᠷᠬᠠᠢ ᠪᠣᠯᠭ᠋ᠠᠵᠤ᠂ ᠲᠣᠳᠣᠷᠬᠠᠢ ᠣᠢ᠌ᠯᠠᠭ᠋ᠠᠵᠤ᠂ ᠠᠰᠠᠭᠤᠳᠠᠯᠢ ᠰᠢᠢ᠍ᠳᠪᠦᠷᠢᠯᠡᠬᠦᠪᠠᠷ ᠬᠥᠭᠡᠭᠡᠴᠡᠯᠳᠦᠯᠤᠨ ᠲᠡᠮᠡᠴᠡᠬᠦ ᠬᠠᠷᠠᠯᠲᠠᠪᠠᠨ ᠪᠣᠯᠭ᠋ᠠᠵᠤ᠂ 《ᠠᠷᠪᠠᠨ ᠵᠢᠷᠭᠤᠭ᠋ᠠᠨ ᠦᠰᠦᠭ》ᠤᠨ ᠤᠰᠤ ᠵᠠᠰᠠᠬᠤ ᠰᠡᠳᠬᠢᠴᠡ ᠵᠢ ᠲᠤᠤᠱᠯᠠᠭᠤᠯᠬᠤ ᠵᠢ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠠᠵᠢᠯ ᠳᠤᠮᠳᠠ ᠪᠣᠳᠠᠲᠠᠢᠳᠤ ᠨᠠᠢ᠌ᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ ᠃ ᠰᠡᠳᠬᠢᠮᠵᠢᠪᠠᠨ ᠪᠠᠷᠢᠮᠵᠢᠶᠠᠯᠠᠨ ᠬᠠᠷᠭᠤᠭᠤᠯᠬᠤᠳᠤ ᠨᠡᠩ ᠴᠤ᠌ ᠪᠦᠬᠦ ᠲᠠᠯ᠎ᠠ ᠵᠢ ᠪᠣᠳᠣᠯᠬᠢᠯᠠᠨ ᠶᠡᠬᠡ ᠬᠠᠨᠳᠤᠰᠢ ᠵᠢ ᠡᠵᠡᠮᠳᠡᠬᠦ ᠬᠡᠷᠡᠭᠲᠡᠢ ᠃ ᠪᠢᠳᠡ ᠪᠠᠢ᠌ᠯᠳᠤᠬᠤ ᠪᠣᠳᠣᠯᠭ᠎ᠠ ᠵᠢᠨ ᠰᠡᠳᠬᠢᠬᠦᠶᠪᠠᠷ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠠᠵᠤ ᠠᠬᠤᠶ ᠨᠡᠢ᠌ᠭᠡᠮᠤᠨ ᠬᠥᠭᠵᠢᠯᠲᠡ ᠵᠢᠨ ᠪᠥᠬᠥ ᠲᠠᠯ᠎ᠠ ᠪᠠ ᠰᠢᠨ᠎ᠡ ᠬᠥᠭᠵᠢᠯᠲᠡ ᠵᠢᠨ ᠪᠠᠢ᠌ᠷᠢᠰᠢᠯᠢ ᠪᠠᠢ᠌ᠭᠤᠯᠬᠤ ᠳᠤᠮᠳᠠ ᠲᠠᠯᠪᠢᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠪᠠᠢ᠌ᠳᠠᠯ ᠰᠢᠨ᠎ᠡ ᠠᠵᠠ ᠲᠣᠬᠢᠶᠠᠯ ᠰᠢᠨ᠎ᠡ ᠱᠠᠭ᠋ᠠᠷᠳᠠᠯᠭ᠎ᠠ ᠵᠢ ᠪᠠᠲᠤ ᠡᠵᠡᠮᠳᠡᠨ᠂ ᠤᠰᠤᠨ ᠠᠰᠢᠭᠯᠠᠯᠲᠠ ᠵᠢᠨ ᠦᠢᠯᠡᠰᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠠᠵᠠ ᠲᠣᠬᠢᠶᠠᠯᠢ ᠠᠮᠵᠢᠵᠤ᠂ ᠬᠡᠬᠦᠳᠡᠭ ᠴᠡᠭᠡᠵᠢᠨᠳᠡᠭᠡᠨ ᠶᠡᠬᠡ ᠲᠠᠯ᠎ᠠ ᠵᠢ ᠪᠠᠭᠲᠠᠭ᠋ᠠᠵᠤ᠂ ᠠᠯᠤᠰ ᠬᠡᠲᠦ ᠵᠢ ᠪᠣᠳᠣᠯᠬᠢᠯᠠᠨ᠂ ᠬᠥᠭᠵᠢᠯᠲᠡ ᠵᠢᠨ ᠠᠷᠭ᠎ᠠ ᠬᠡᠮᠵᠢᠶ᠎ᠡ ᠵᠢ ᠭᠦᠨᠵᠡᠭᠡᠶ ᠪᠣᠳᠣᠯᠬᠢᠯᠠᠨ ᠰᠢᠨᠵᠢᠯᠡᠬᠦ ᠤᠬᠠᠭ᠋ᠠᠨᠴᠢᠪᠠᠷ ᠲᠥᠯᠥᠪᠵᠢᠭᠦᠯᠵᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠪᠠ ᠬᠥᠭᠵᠢᠯᠲᠡ ᠵᠢ ᠴᠢᠷᠮᠠᠢ᠌ᠨ ᠠᠬᠢᠭᠤᠯᠵᠤ᠂ ᠨᠠᠮᠤᠨ ᠠᠷᠪᠠ ᠶᠢᠰᠦᠳᠦᠭᠡᠷ ᠬᠤᠭᠤᠴᠠᠭ᠋ᠠᠨᠤ ᠲᠥᠪ ᠬᠣᠷᠢᠶᠠᠨᠤ ᠲᠠᠪᠤᠳᠤᠭ᠋ᠠᠷ ᠪᠥᠬᠥᠳᠡ ᠬᠤᠷᠠᠯ ᠤᠨ ᠤᠰᠤᠨ ᠠᠰᠢᠭᠯᠠᠯᠲᠠ ᠵᠢᠨ ᠠᠵᠢᠯᠤᠨ ᠲᠤᠬᠠᠶ ᠡᠯ᠎ᠡ ᠵᠦᠢᠯᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠡᠷᠡ ᠶᠣᠰᠣᠭ᠋ᠠᠷᠨᠢ ᠪᠣᠳᠠᠲᠠᠶᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠶ ᠃
ᠤᠳᠤᠬᠠᠨ ᠶᠠᠭ ᠰᠠᠢ᠌ᠬᠠᠨ《ᠬᠣᠣᠰ ᠵᠠᠭᠤᠨ ᠵᠢᠯ》ᠤᠨ ᠲᠡᠮᠡᠴᠡᠬᠦ ᠬᠠᠷᠠᠯᠲᠠ ᠵᠢᠨ ᠲᠡᠦᠬᠡ ᠵᠢᠨ ᠰᠣᠯᠪᠢᠴᠠᠯᠤᠨ ᠬᠤᠭᠤᠴᠠᠭ᠎ᠠ ᠪᠣᠯᠤᠨ ᠰᠢᠨ᠎ᠡ ᠬᠥᠭᠵᠢᠯᠲᠡ ᠵᠢᠨ ᠪᠠᠢ᠌ᠷᠢᠰᠢᠯᠢ ᠪᠠᠢ᠌ᠭᠤᠯᠬᠤ ᠲᠡᠦᠬᠡ ᠵᠢᠨ ᠭᠠᠷᠤᠭᠠᠳᠤ ᠣᠷᠣᠰᠢᠵᠤ ᠪᠠᠢ᠌ᠨ᠎ᠠ᠂ ᠪᠢᠳᠡ ᠲᠠᠷᠢᠬᠢ ᠲᠣᠯᠣᠭ᠋ᠠᠢᠪᠠᠨ ᠢᠮᠠᠭᠲᠠ ᠰᠡᠷᠭᠡᠭ ᠪᠠᠢ᠌ᠯᠭ᠋ᠠᠨ᠂ ᠰᠡᠳᠬᠢᠮᠵᠢᠪᠠᠨ ᠪᠠᠷᠢᠮᠵᠢᠶᠠᠯᠠᠨ ᠬᠠᠷᠭᠤᠭᠤᠯᠬᠤ ᠵᠢ ᠢᠮᠠᠭᠲᠠ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ ᠪᠣᠯᠤᠨ ᠠᠷᠭ᠎ᠠ ᠵᠠᠮᠢ ᠣᠨᠣᠪᠴᠢᠲᠠᠢ ᠡᠷᠢᠵᠦ᠂ ᠤᠰᠤᠨ ᠠᠰᠢᠭᠯᠠᠯᠲᠠ ᠵᠢᠨ ᠠᠵᠢᠯᠤᠨ ᠰᠡᠳᠬᠢᠴᠡ ᠵᠢ ᠲᠥᠪᠤᠨ ᠱᠠᠭ᠋ᠠᠷᠳᠠᠯᠭᠠᠲᠠᠢ ᠢᠮᠠᠭᠲᠠ ᠨᠢᠭᠲᠠ ᠵᠣᠯᠭ᠋ᠠᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠢᠮᠠᠭᠲᠠ ᠵᠥᠪ ᠴᠢᠭᠯᠡᠯ ᠵᠶ᠋ᠡᠷ ᠪᠠᠢ᠌ᠯᠭ᠋ᠠᠬᠤ ᠵᠢ ᠦᠨᠡᠨ ᠬᠦ᠌ ᠪᠠᠲᠤᠯᠠᠨ᠂ ᠰᠢᠨ᠎ᠡ ᠱᠠᠲᠤᠨᠤ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠴᠢᠭᠯᠡᠯᠢ ᠦᠨᠡᠨ ᠬᠦ᠌ ᠪᠠᠲᠤᠯᠠᠵᠤ᠂ ᠤᠰᠤᠨ ᠠᠰᠢᠭᠯᠠᠯᠲᠠ ᠵᠢ ᠢᠮᠠᠭᠲᠠ ᠴᠠᠭ ᠦᠶᠡᠲᠠᠢ ᠵᠡᠷᠭᠡᠪᠠᠷ ᠤᠷᠤᠭᠰᠢᠯᠠᠭᠤᠯᠬᠤ ᠵᠢ ᠦᠨᠡᠨ ᠬᠦ᠌ ᠪᠠᠲᠤᠯᠠᠵᠤ᠂ ᠠᠵᠤ ᠠᠬᠤᠢ ᠨᠡᠢ᠌ᠭᠡᠮᠤᠨ ᠴᠢᠨᠠᠷ ᠰᠠᠢ᠌ᠲᠠᠢ ᠬᠥᠭᠵᠢᠯᠲᠡᠳᠤ ᠴᠢᠩᠭ᠎ᠠ ᠬᠦᠴᠦᠲᠡᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠪᠣᠯᠤᠨ ᠪᠠᠲᠤᠯᠠᠭ᠎ᠠ ᠬᠠᠩᠭ᠋ᠠᠬᠤ ᠬᠡᠷᠡᠭᠲᠡᠢ ᠃