ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ 《ᠭᠤᠷᠪᠠ ᠵᠢ ᠪᠠᠷᠢᠮᠵᠢᠶᠠᠯᠠᠨ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ 》 ᠲᠤᠰᠬᠠᠢ ᠠᠵᠢᠯᠯᠠᠭ᠎ᠠ ᠵᠢᠨ ᠰᠢᠷᠢᠰ ᠰᠢᠭᠦᠮᠵᠢ ᠬᠣᠶᠠᠷ᠄ ᠰᠡᠳᠬᠢᠮᠵᠢ ᠪᠠᠷᠢᠮᠵᠢᠶ᠎ᠠ ᠪᠣᠯ ᠳᠠᠷᠤᠢ ᠰᠢᠨ᠎ᠡ ᠱᠠᠲᠤᠨ᠎ᠤ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠴᠢᠭᠯᠡᠯ᠎ᠢ ᠪᠠᠲᠤᠯᠠᠬᠤ ᠶᠠᠪᠤᠳᠠᠯ ᠪᠣᠯᠤᠨ᠎ᠠ
ᠨᠡᠶ᠋ᠢᠲᠡᠯᠡᠭᠰᠡᠨ ᠴᠠᠭ᠄ 2021-05-31

     《ᠭᠤᠷᠪᠠ ᠵᠢ ᠪᠠᠷᠢᠮᠵᠢᠶᠠᠯᠠᠨ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ》   ᠲᠤᠰᠬᠠᠶ ᠠᠵᠢᠯᠯᠠᠭ᠎ᠠ ᠵᠢᠨ ᠬᠣᠶᠠᠳᠤᠭ᠋ᠠᠷ ᠱᠠᠲᠤᠨ᠎ᠤ ᠠᠵᠢᠯ ᠪᠣᠯ ᠰᠡᠳᠬᠢᠮᠵᠢ ᠵᠢᠨ ᠪᠠᠷᠢᠮᠵᠢᠶ᠎ᠠ ᠵᠢ ᠰᠠᠢ᠌ᠲᠤᠷ ᠬᠢᠬᠦ ᠶᠠᠪᠤᠳᠠᠯ ᠪᠣᠯᠤᠨ᠎ᠠ  ᠃ ᠪᠢᠳᠡ ᠰᠡᠳᠬᠢᠮᠵᠢ᠎ᠪᠠᠷ ᠪᠠᠷᠢᠮᠵᠢᠶᠠᠯᠠᠬᠤ ᠴᠢᠬᠤᠯᠠ ᠠᠴᠢ ᠬᠣᠯᠪᠣᠭᠳᠠᠯ ᠪᠠ ᠲᠣᠳᠣᠷᠬᠠᠶ ᠱᠠᠭ᠋ᠠᠷᠳᠠᠯᠭ᠎ᠠ ᠵᠢ ᠭᠦᠨᠵᠡᠭᠡᠶ ᠣᠢ᠌ᠯᠠᠭ᠋ᠠᠵᠤ᠂   ᠰᠢ ᠵᠢᠨ ᠫᠢᠩ ᠶᠡᠷᠦᠩᠬᠡᠶ ᠱᠦᠵᠢ ᠵᠢᠨ 《ᠠᠷᠪᠠᠨ ᠵᠢᠷᠭᠤᠭ᠋ᠠᠨ ᠥᠰᠥᠭ》᠎ᠤᠨ ᠤᠰᠤ ᠵᠠᠰᠠᠬᠤ ᠰᠡᠳᠬᠢᠮᠵᠢ ᠪᠠ ᠤᠰᠤ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠪᠠᠷ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠬᠥᠲᠥᠯᠥᠨ ᠵᠢᠯᠣᠭᠣᠳᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ ᠪᠠ ᠠᠷᠭ᠎ᠠ ᠵᠠᠮ᠎ᠢ ᠣᠨᠣᠪᠴᠢᠲᠠᠶ ᠡᠷᠢᠵᠦ᠂ ᠤᠬᠠᠮᠰᠠᠷ᠎ᠠᠴᠠ᠎ᠪᠠᠨ᠂ ᠰᠠᠨᠠᠭ᠋ᠠᠴᠢᠯᠠᠭ᠎ᠠ᠎ᠠᠴᠠ᠎ᠪᠠᠨ᠂ ᠪᠥᠬᠥ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠬᠤ ᠳᠤᠮᠳᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢ ᠳᠠᠬᠢᠨ ᠭᠦᠨᠵᠡᠭᠡᠢ᠌ᠷᠡᠭᠦᠯᠬᠦ᠂ ᠲᠠᠨᠢᠯᠲᠠ ᠵᠢ ᠳᠠᠬᠢᠨ ᠭᠦᠨᠵᠡᠭᠡᠢ᠌ᠷᠡᠭᠦᠯᠬᠦ᠂ ᠦᠢᠯᠡᠳᠦᠯᠭᠡ ᠵᠢ ᠳᠠᠬᠢᠨ ᠰᠢᠨᠡᠴᠢᠯᠡᠬᠦ ᠵᠢ ᠠᠬᠢᠭᠤᠯᠵᠤ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢᠨ ᠴᠢᠭᠯᠡᠯ᠎ᠢ ᠦᠨᠡᠨ ᠬᠦ᠌ ᠪᠠᠲᠤᠯᠠᠬᠤ ᠬᠡᠷᠡᠭᠲᠡᠶ  ᠃
      ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ   ᠪᠣᠯ ᠳᠠᠷᠤᠢ ᠨᠠᠮ᠎ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ᠎ᠲᠠᠢ ᠨᠢᠭᠡᠳᠦᠯᠲᠡᠢ ᠪᠠᠢ᠌ᠵᠤ᠂ 《ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠪᠣᠯᠤᠨ ᠰᠢ ᠵᠢᠨ ᠫᠢᠩ ᠶᠡᠷᠦᠩᠬᠡᠢ ᠱᠦᠵᠢ ᠵᠢᠨ ᠤᠰᠤ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠬᠢᠨᠠᠮᠠᠭ᠋ᠠᠢ ᠰᠤᠳᠤᠯᠤᠨ ᠣᠢ᠌ᠯᠠᠭ᠋ᠠᠵᠤ᠂ ᠨᠠᠮ᠎ᠤᠨ ᠲᠥᠪ ᠬᠣᠷᠢᠶᠠᠨ᠎ᠤ ᠤᠰᠤᠨ ᠠᠰᠢᠭᠯᠠᠯᠲᠠ ᠵᠢᠨ ᠠᠵᠢᠯ᠎ᠤᠨ ᠲᠤᠬᠠᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠬᠦ ᠶᠠᠪᠤᠳᠠᠯ ᠪᠣᠯᠤᠨ᠎ᠠ᠃ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ   ᠭᠡᠳᠡᠭ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ   ᠰᠡᠳᠬᠢᠮᠵᠢ ᠵᠢ ᠭᠦᠨᠵᠡᠭᠡᠶ ᠰᠤᠳᠤᠯᠵᠤ᠂ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠲᠤᠤᠱᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠬᠤ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠭᠯᠡᠯ ᠪᠠ ᠠᠷᠭ᠎ᠠ ᠵᠠᠮ᠎ᠢ ᠤᠯᠠᠮ ᠨᠢᠭᠡ ᠠᠯᠬᠤᠮ ᠣᠨᠣᠪᠴᠢᠲᠠᠶ ᠡᠷᠢᠬᠦ ᠶᠠᠪᠤᠳᠠᠯ ᠪᠣᠯᠤᠨ᠎ᠠ  ᠃ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ ᠵᠢᠨ ᠡᠴᠦᠰ᠎ᠤᠨ ᠵᠣᠷᠢᠯᠭ᠎ᠠ᠎ᠨᠢ ᠳᠠᠷᠤᠶ 《ᠠᠷᠪᠠᠨ ᠵᠢᠷᠭᠤᠭ᠋ᠠᠨ ᠥᠰᠥᠭ》᠎ᠤᠨ ᠤᠰᠤ ᠵᠠᠰᠠᠬᠤ ᠰᠡᠳᠬᠢᠮᠵᠢ ᠵᠢ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢᠨ ᠦᠢᠯᠡᠳᠦᠯᠭᠡ ᠳᠤᠮᠳᠠ ᠪᠣᠳᠠᠲᠠᠶ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠨᠠᠩ ᠶᠡᠬᠡ ᠦᠢᠯᠡᠳᠦᠯ᠎ᠢ       ᠪᠠᠳᠠᠷᠠᠭᠤᠯᠤᠨ᠂ ᠨᠠᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠪᠡᠶᠡᠯᠡᠭᠦᠯᠬᠦ ᠶᠠᠪᠤᠳᠠᠯ ᠪᠣᠯᠤᠨ᠎ᠠ  ᠃
      ᠦᠵᠡᠯ ᠰᠠᠨᠠᠭ᠎ᠠ ᠪᠣᠯ ᠦᠢ᠍ᠯᠡ ᠠᠵᠢᠯᠯᠠᠭ᠎ᠠ ᠵᠢᠨ ᠤᠳᠤᠷᠢᠳᠤᠮᠵᠢ ᠮᠥᠨ᠂ ᠲᠠᠨᠢᠯᠲᠠ ᠪᠣᠯ ᠦᠢ᠍ᠯᠡ ᠠᠵᠢᠯᠯᠠᠭ᠋ᠠᠨ᠎ᠤ ᠬᠥᠳᠡᠯᠭᠡᠭᠴᠢ ᠬᠦᠴᠦᠨ ᠮᠥᠨ  ᠃ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠬᠤ ᠵᠢ ᠰᠠᠢ᠌ᠲᠤᠷ ᠬᠢᠬᠦ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠤᠰᠤ ᠵᠢ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ   ᠲᠤᠤᠱᠯᠠᠭᠤᠯᠤᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ᠎ᠢ ᠣᠨᠣᠪᠴᠢᠲᠠᠢ ᠡᠵᠡᠮᠰᠢᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠤᠨ᠎ᠠ  ᠃ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠰᠢ᠂   ᠰᠢ ᠵᠢᠨ ᠫᠢᠩ ᠶᠡᠷᠦᠩᠬᠡᠶ ᠱᠦᠵᠢ ᠤᠰᠤᠨ ᠠᠰᠢᠭᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠎ᠳᠠᠭᠠᠨ《ᠠᠷᠪᠠᠨ ᠵᠢᠷᠭᠤᠭ᠋ᠠᠨ ᠥᠰᠥᠭ》᠎ᠤᠨ ᠤᠰᠤ ᠵᠠᠰᠠᠬᠤ ᠰᠡᠳᠬᠢᠮᠵᠢ ᠵᠢ ᠲᠣᠳᠣᠷᠬᠠᠶ ᠳᠤᠷᠠᠳᠴᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠂ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠬᠥᠭᠵᠢᠯᠲᠡ ᠵᠢ ᠠᠬᠢᠭᠤᠯᠬᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠡᠷᠭᠡ ᠲᠤᠬᠠᠶ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠶᠡᠬᠡ ᠤᠰᠤᠨ᠎ᠤ ᠠᠰᠠᠭᠤᠳᠠᠯ᠎ᠢ ᠰᠢᠢᠳᠪᠦᠷᠢᠯᠡᠬᠦ᠂ ᠤᠰᠤᠨ ᠠᠰᠢᠭᠯᠠᠯᠲᠠ ᠵᠢᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠭᠯᠡᠯ ᠪᠠ ᠬᠦᠴᠦᠯᠡᠬᠦ ᠴᠡᠭ᠎ᠢ ᠲᠣᠳᠣᠷᠬᠠᠶ ᠵᠢᠭ᠋ᠠᠵᠤ ᠭᠠᠷᠭ᠋ᠠᠪᠠ  ᠃ ᠭᠠᠭᠴᠠᠬᠦ ᠰᠡᠳᠬᠢᠮᠵᠢ ᠵᠢ ᠪᠠᠷᠢᠮᠵᠢᠶᠠᠯᠠᠨ ᠬᠠᠷᠭᠤᠭᠤᠯᠵᠤ᠂   ᠰᠢ ᠵᠢᠨ ᠫᠢᠩ ᠶᠡᠷᠦᠩᠬᠡᠢ ᠱᠦᠵᠢ ᠵᠢᠨ ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠴᠢᠬᠤᠯᠠ ᠶᠠᠷᠢᠶ᠎ᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠪᠠᠷ ᠤᠰᠤᠨ ᠠᠰᠢᠭᠯᠠᠯᠲᠠ ᠵᠢᠨ ᠡᠯ᠎ᠡ ᠲᠠᠯ᠎ᠠ ᠡᠯ᠎ᠡ ᠬᠦᠷᠢᠶᠡᠨ᠎ᠤ ᠠᠵᠢᠯ᠎ᠤᠨ ᠦᠨᠳᠦᠰᠦᠨ ᠵᠢᠷᠤᠮᠯᠠᠯ ᠪᠣᠯᠭ᠋ᠠᠵᠤ᠂ ᠮᠠᠨ᠎ᠤ ᠤᠯᠤᠰ᠎ᠤᠨ ᠪᠤᠳᠤᠯᠢᠶᠠᠨᠲᠠᠢ ᠤᠰᠤᠨ᠎ᠤ ᠠᠰᠠᠭᠤᠳᠠᠯ᠎ᠢ ᠲᠠᠨᠢᠵᠤ᠂ ᠵᠠᠳᠠᠯᠵᠤ᠂ ᠰᠢᠢ᠍ᠳᠪᠦᠷᠢᠯᠡᠬᠦ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ ᠪᠣᠯᠭ᠋ᠠᠪᠠᠯ ᠰᠠᠶᠢ ᠤᠰᠤᠨ ᠠᠰᠢᠭᠯᠠᠯᠲᠠ ᠵᠢᠨ ᠦᠢ᠍ᠯᠡᠰ᠎ᠤᠨ ᠢᠮᠠᠭᠲᠠ ᠵᠥᠪ ᠵᠠᠮ ᠵᠶ᠋ᠠᠷ ᠤᠷᠤᠭᠰᠢᠯᠠᠬᠤ ᠵᠢ ᠪᠠᠲᠤᠯᠠᠵᠤ᠂ ᠨᠠᠮ᠎ᠤᠨ ᠲᠥᠪ ᠬᠣᠷᠢᠶᠠᠨ᠎ᠤ ᠤᠰᠤᠨ ᠠᠰᠢᠭᠯᠠᠯᠲᠠ᠎ᠳᠤ ᠳᠤᠷᠠᠳᠤᠭᠰᠠᠨ ᠰᠢᠨ᠎ᠡ ᠰᠡᠳᠦᠪ᠎ᠢ ᠰᠠᠢ᠌ᠲᠤᠷ ᠬᠠᠷᠢᠭᠤᠯᠵᠤ᠂ ᠨᠠᠮ᠎ᠤᠨ ᠲᠥᠪ ᠬᠣᠷᠢᠢ᠎ᠠ᠎ᠠᠴᠠ ᠪᠢᠳᠡᠨ᠎ᠳᠤ ᠣᠯᠭᠣᠭᠰᠠᠨ ᠡᠭᠦᠷᠭᠡ ᠬᠠᠷᠢᠭᠤᠴᠠᠯᠭ᠎ᠠ ᠵᠢ ᠰᠠᠢ᠌ᠲᠤᠷ ᠪᠡᠶᠡᠯᠡᠭᠦᠯᠵᠦ ᠴᠢᠳᠠᠨ᠎ᠠ  ᠃
      ᠰᠡᠳᠬᠢᠮᠵᠢ᠎ᠪᠠᠨ ᠪᠠᠷᠢᠮᠵᠢᠶᠠᠯᠠᠨ ᠬᠠᠷᠭᠤᠭᠤᠯᠵᠤ ᠰᠤᠷᠤᠯᠴᠠᠯᠭ᠎ᠠ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠬᠡᠷᠡᠭᠲᠡᠶ  ᠃ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠪᠠᠯ ᠰᠠᠶᠢ ᠴᠢᠭᠯᠡᠯ ᠵᠶ᠋ᠡᠨ ᠲᠣᠳᠣᠷᠬᠠᠢ᠌ᠯᠠᠵᠤ ᠴᠢᠳᠠᠨ᠎ᠠ  ᠃ ᠰᠢ ᠵᠢᠨ ᠫᠢᠩ ᠶᠡᠷᠦᠩᠬᠡᠶ ᠱᠦᠵᠢ ᠵᠢᠨ ᠤᠰᠤ ᠵᠢ ᠵᠠᠰᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠰᠠᠢ᠌ᠲᠤᠷ ᠰᠤᠷᠤᠯᠴᠠᠨ ᠰᠠᠢ᠌ᠲᠤᠷ ᠬᠡᠷᠡᠭᠯᠡᠵᠦ᠂ ᠶᠡᠷᠦᠩᠬᠡᠶ ᠰᠢ ᠵᠢᠨ ᠫᠢᠩ ᠱᠦᠵᠢ ᠵᠢᠨ ᠤᠰᠤ ᠵᠢ ᠵᠠᠰᠠᠬᠤ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠡᠷᠡᠰ   ᠲᠤᠤᠱᠯᠠᠭᠤᠯᠤᠨ᠂   ᠲᠠᠭᠦᠨ᠎ᠤ ᠤᠰᠤᠨ ᠠᠰᠢᠭᠯᠠᠯᠲᠠ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠳᠤ ᠠᠭᠤᠯᠤᠭᠳᠠᠵᠤ ᠪᠠᠢ᠌ᠭ᠎ᠠ ᠵᠣᠭᠰᠣᠯᠲᠠ ᠦᠵᠡᠯᠲᠡ ᠠᠷᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠣᠢ᠌ᠯᠠᠭ᠋ᠠᠵᠤ᠂ ᠤᠬᠠᠮᠰᠠᠷ᠎ᠠᠴᠠ᠎ᠪᠠᠨ ᠪᠠᠷᠢᠮᠵᠢᠶᠠᠯᠠᠨ ᠬᠠᠷᠭᠤᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ ᠤᠰᠤᠨ ᠠᠰᠢᠭᠯᠠᠯᠲᠠ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠪᠠᠷ ᠦᠢᠯᠡᠳᠦᠯᠭᠡ᠎ᠪᠠᠨ ᠵᠢᠯᠣᠭᠣᠳᠣᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠶ  ᠃ ᠰᠡᠳᠬᠢᠮᠵᠢ᠎ᠪᠠᠨ ᠪᠠᠷᠢᠮᠵᠢᠶᠠᠯᠠᠨ ᠬᠠᠷᠭᠤᠭᠤᠯᠬᠤ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠶ  ᠃ ᠲᠣᠭᠣᠷᠢᠨ ᠪᠠᠢ᠌ᠴᠠᠭ᠋ᠠᠬᠤ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠢ ᠰᠢᠰᠲ᠋ᠧᠮ᠎ᠲᠠᠢ ᠡᠮᠬᠢᠯᠡᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠤᠪᠤᠢ᠍ᠢ᠍ᠮ᠎ᠠ ᠠᠰᠠᠭᠤᠳᠠᠯ ᠪᠣᠯᠤᠨ ᠢᠯᠡᠷᠬᠡᠢ ᠳᠤᠲᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠯᠲᠠᠭ᠋ᠠᠨ᠎ᠢ ᠭᠦᠨᠵᠡᠭᠡᠢ ᠵᠠᠳᠠᠯᠵᠤ᠂ ᠠᠷᠭ᠎ᠠ ᠪᠤᠳᠤᠯᠭ᠎ᠠ ᠵᠢ ᠰᠤᠳᠤᠯᠵᠤ᠂ ᠠᠷᠭ᠎ᠠ ᠬᠡᠮᠵᠢᠢ᠎ᠡ ᠲᠣᠭᠲᠠᠭ᠋ᠠᠵᠤ᠂ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠴᠡ ᠵᠢ   ᠲᠤᠤᠱᠯᠠᠭᠤᠯᠬᠤ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ ᠡᠭᠦᠷᠭᠡ᠂ ᠠᠷᠭ᠎ᠠ ᠵᠠᠮ᠂ ᠡᠭᠦᠷᠭᠡᠯᠡᠵᠦ ᠪᠠᠢ᠌ᠭ᠎ᠠ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ ᠪᠣᠯᠭ᠋ᠠᠵᠤ᠂ ᠲᠣᠳᠣᠷᠬᠠᠢ ᠣᠢ᠌ᠯᠠᠭ᠋ᠠᠵᠤ᠂ ᠠᠰᠠᠭᠤᠳᠠᠯ᠎ᠢ ᠰᠢᠢ᠍ᠳᠪᠦᠷᠢᠯᠡᠬᠦ᠎ᠪᠠᠷ ᠬᠥᠭᠡᠭᠡᠴᠡᠯᠳᠦᠯ᠎ᠤᠨ ᠲᠡᠮᠡᠴᠡᠬᠦ ᠬᠠᠷᠠᠯᠲᠠ᠎ᠪᠠᠨ ᠪᠣᠯᠭ᠋ᠠᠵᠤ᠂ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠴᠡ ᠵᠢ   ᠲᠤᠤᠱᠯᠠᠭᠤᠯᠬᠤ ᠵᠢ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠠᠵᠢᠯ ᠳᠤᠮᠳᠠ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ  ᠃ ᠰᠡᠳᠬᠢᠮᠵᠢ᠎ᠪᠠᠨ ᠪᠠᠷᠢᠮᠵᠢᠶᠠᠯᠠᠨ ᠬᠠᠷᠭᠤᠭᠤᠯᠬᠤ᠎ᠳᠤ ᠨᠡᠩ ᠴᠤ᠌ ᠪᠦᠬᠦ ᠲᠠᠯ᠎ᠠ ᠵᠢ ᠪᠣᠳᠣᠯᠬᠢᠯᠠᠨ ᠶᠡᠬᠡ ᠬᠠᠨᠳᠤᠰᠢ ᠵᠢ ᠡᠵᠡᠮᠳᠡᠬᠦ ᠬᠡᠷᠡᠭᠲᠡᠢ  ᠃ ᠪᠢᠳᠡ ᠪᠠᠢ᠌ᠯᠳᠤᠬᠤ ᠪᠣᠳᠣᠯᠭ᠎ᠠ ᠵᠢᠨ ᠰᠡᠳᠬᠢᠬᠦᠶ᠎ᠪᠠᠷ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠪᠥᠬᠥ ᠲᠠᠯ᠎ᠠ ᠪᠠ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠳᠤᠮᠳᠠ ᠲᠠᠯᠪᠢᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠪᠠᠢ᠌ᠳᠠᠯ ᠰᠢᠨ᠎ᠡ ᠠᠵᠠ ᠲᠣᠬᠢᠶᠠᠯ ᠰᠢᠨ᠎ᠡ ᠱᠠᠭ᠋ᠠᠷᠳᠠᠯᠭ᠎ᠠ ᠵᠢ ᠪᠠᠲᠤ ᠡᠵᠡᠮᠳᠡᠨ᠂ ᠤᠰᠤᠨ ᠠᠰᠢᠭᠯᠠᠯᠲᠠ ᠵᠢᠨ ᠦᠢᠯᠡᠰ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠠᠵᠠ ᠲᠣᠬᠢᠶᠠᠯ᠎ᠢ ᠠᠮᠵᠢᠵᠤ᠂ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ ᠵᠢ ᠪᠠᠭᠲᠠᠭ᠋ᠠᠵᠤ᠂ ᠠᠯᠤᠰ ᠬᠡᠲᠦ ᠵᠢ ᠪᠣᠳᠣᠯᠬᠢᠯᠠᠨ᠂ ᠬᠥᠭᠵᠢᠯᠲᠡ ᠵᠢᠨ ᠠᠷᠭ᠎ᠠ ᠬᠡᠮᠵᠢᠶ᠎ᠡ ᠵᠢ ᠭᠦᠨᠵᠡᠭᠡᠶ ᠪᠣᠳᠣᠯᠬᠢᠯᠠᠨ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠪᠠ ᠬᠥᠭᠵᠢᠯᠲᠡ ᠵᠢ ᠴᠢᠷᠮᠠᠢ᠌ᠨ ᠠᠬᠢᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ ᠎ᠤᠨ ᠤᠰᠤᠨ ᠠᠰᠢᠭᠯᠠᠯᠲᠠ ᠵᠢᠨ ᠠᠵᠢᠯ᠎ᠤᠨ ᠲᠤᠬᠠᠶ ᠡᠯ᠎ᠡ ᠵᠦᠢᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠶ  ᠃
      ᠤᠳᠤᠬᠠᠨ ᠶᠠᠭ ᠰᠠᠢ᠌ᠬᠠᠨ《ᠬᠣᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡ ᠵᠢᠨ ᠰᠣᠯᠪᠢᠴᠠᠯ᠎ᠤᠨ ᠬᠤᠭᠤᠴᠠᠭ᠎ᠠ ᠪᠣᠯᠤᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠲᠡᠦᠬᠡ ᠵᠢᠨ ᠭᠠᠷᠤᠭ᠎ᠠ᠎ᠳᠤ ᠣᠷᠣᠰᠢᠵᠤ ᠪᠠᠢ᠌ᠨ᠎ᠠ᠂ ᠪᠢᠳᠡ ᠲᠠᠷᠢᠬᠢ ᠲᠣᠯᠣᠭ᠋ᠠᠢ᠎ᠪᠠᠨ ᠢᠮᠠᠭᠲᠠ ᠰᠡᠷᠭᠡᠭ ᠪᠠᠢ᠌ᠯᠭ᠋ᠠᠨ᠂ ᠰᠡᠳᠬᠢᠮᠵᠢ᠎ᠪᠠᠨ ᠪᠠᠷᠢᠮᠵᠢᠶᠠᠯᠠᠨ ᠬᠠᠷᠭᠤᠭᠤᠯᠬᠤ ᠵᠢ ᠢᠮᠠᠭᠲᠠ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ ᠪᠣᠯᠤᠨ ᠠᠷᠭ᠎ᠠ ᠵᠠᠮ᠎ᠢ ᠣᠨᠣᠪᠴᠢᠲᠠᠢ ᠡᠷᠢᠵᠦ᠂ ᠤᠰᠤᠨ ᠠᠰᠢᠭᠯᠠᠯᠲᠠ ᠵᠢᠨ ᠠᠵᠢᠯ᠎ᠤᠨ ᠰᠡᠳᠬᠢᠴᠡ ᠵᠢ ᠲᠥᠪ᠎ᠤᠨ ᠱᠠᠭ᠋ᠠᠷᠳᠠᠯᠭ᠎ᠠ᠎ᠲᠠᠢ ᠢᠮᠠᠭᠲᠠ ᠨᠢᠭᠲᠠ ᠵᠣᠯᠭ᠋ᠠᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠢᠮᠠᠭᠲᠠ ᠵᠥᠪ ᠴᠢᠭᠯᠡᠯ ᠵᠶ᠋ᠡᠷ ᠪᠠᠢ᠌ᠯᠭ᠋ᠠᠬᠤ ᠵᠢ ᠦᠨᠡᠨ ᠬᠦ᠌ ᠪᠠᠲᠤᠯᠠᠨ᠂ ᠰᠢᠨ᠎ᠡ ᠱᠠᠲᠤᠨ᠎ᠤ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠴᠢᠭᠯᠡᠯ᠎ᠢ ᠦᠨᠡᠨ ᠬᠦ᠌ ᠪᠠᠲᠤᠯᠠᠵᠤ᠂ ᠤᠰᠤᠨ ᠠᠰᠢᠭᠯᠠᠯᠲᠠ ᠵᠢ ᠢᠮᠠᠭᠲᠠ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠭᠤᠯᠬᠤ ᠵᠢ ᠦᠨᠡᠨ ᠬᠦ᠌ ᠪᠠᠲᠤᠯᠠᠵᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠴᠢᠩᠭ᠎ᠠ ᠬᠦᠴᠦᠲᠡᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠪᠣᠯᠤᠨ ᠪᠠᠲᠤᠯᠠᠭ᠎ᠠ ᠬᠠᠩᠭ᠋ᠠᠬᠤ ᠬᠡᠷᠡᠭᠲᠡᠢ  ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ 《ᠭᠤᠷᠪᠠ ᠵᠢ ᠪᠠᠷᠢᠮᠵᠢᠶᠠᠯᠠᠨ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ 》 ᠲᠤᠰᠬᠠᠢ ᠠᠵᠢᠯᠯᠠᠭ᠎ᠠ ᠵᠢᠨ ᠰᠢᠷᠢᠰ ᠰᠢᠭᠦᠮᠵᠢ ᠬᠣᠶᠠᠷ᠄ ᠰᠡᠳᠬᠢᠮᠵᠢ ᠪᠠᠷᠢᠮᠵᠢᠶ᠎ᠠ ᠪᠣᠯ ᠳᠠᠷᠤᠢ ᠰᠢᠨ᠎ᠡ ᠱᠠᠲᠤᠨ᠎ᠤ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠴᠢᠭᠯᠡᠯ ᠎ᠢ ᠪᠠᠲᠤᠯᠠᠬᠤ ᠶᠠᠪᠤᠳᠠᠯ ᠪᠣᠯᠤᠨ᠎ᠠ
ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ《ᠭᠤᠷᠪᠠ ᠵᠢ ᠪᠠᠷᠢᠮᠵᠢᠶᠠᠯᠠᠨ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ 》 ᠲᠤᠰᠬᠠᠢ ᠠᠵᠢᠯᠯᠠᠭ᠎ᠠ ᠵᠢᠨ ᠰᠢᠷᠢᠰ ᠰᠢᠭᠦᠮᠵᠢ ᠭᠤᠷᠪᠠ᠄ ᠡᠭᠦᠷᠭᠡ ᠵᠢᠨ ᠪᠠᠷᠢᠮᠵᠢᠶ᠎ᠠ ᠪᠣᠯ ᠳᠠᠷᠤᠢ ᠲᠥᠪ᠎ᠤᠨ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ᠎ᠶᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠶᠠᠪᠤᠳᠠᠯ ᠪᠣᠯᠤᠨ᠎ᠠ
ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ 《ᠭᠤᠷᠪᠠ ᠵᠢ ᠪᠠᠷᠢᠮᠵᠢᠶᠠᠯᠠᠨ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ》 ᠲᠤᠰᠬᠠᠢ ᠠᠵᠢᠯᠯᠠᠭ᠎ᠠ ᠵᠢᠨ ᠰᠢᠷᠢᠰ ᠰᠢᠭᠦᠮᠵᠢ ᠨᠢᠭᠡ᠄ ᠤᠯᠤᠰ ᠲᠦᠷᠦ ᠵᠢᠨ ᠪᠠᠷᠢᠮᠵᠢᠶ᠎ᠠ ᠪᠣᠯ ᠳᠠᠷᠤᠢ ᠢᠮᠠᠭᠲᠠ ᠨᠠᠮ᠎ᠤᠨ ᠲᠥᠪ ᠬᠣᠷᠢᠢ᠎ᠠ᠎ᠲᠠᠢ ᠳᠡᠭᠡᠳᠦ ᠬᠡᠮᠵᠢᠢ᠎ᠡ᠎ᠪᠠᠷ ᠨᠢᠭᠡᠳᠦᠯᠲᠡᠢ ᠪᠠᠢ᠌ᠬᠤ ᠶᠠᠪᠤᠳᠠᠯ ᠪᠣᠯᠤᠨ᠎ᠠ
 ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠤᠰᠤᠨ ᠠᠰᠢᠬᠯᠠᠯᠲᠠ ᠵᠢᠨ ᠲᠢᠩᠬᠢᠮ᠎ᠳᠤ ᠲᠤᠰᠬᠠᠶ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠪᠠ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠣᠤᠯ᠎ᠤᠨ 2021 ᠣᠨ᠎ᠤ ᠦᠶᠡᠷ᠎ᠠᠴᠠ ᠡᠮᠦᠨᠡᠬᠢ ᠤᠰᠤ ᠪᠠ ᠡᠯᠡᠰᠦ ᠵᠢ ᠲᠣᠬᠢᠷᠠᠭᠤᠯᠬᠤ ᠠᠵᠢᠯ ᠡᠬᠢᠯᠡᠪᠡ᠃
 
            