ᠤᠰᠤᠨ ᠠᠰᠢᠭᠯᠠᠯᠲᠠ ᠵᠢᠨ ᠶᠠᠮᠤᠨ᠎ᠤ ᠲᠣᠭᠣᠷᠢᠨ ᠪᠠᠢ᠌ᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠦ 《ᠭᠤᠷᠪᠠ ᠵᠢ ᠬᠠᠷᠢᠴᠠᠭᠤᠯᠵᠤ᠂ ᠨᠢᠭᠡ ᠵᠢ ᠲᠥᠯᠥᠪᠵᠢᠭᠦᠯᠬᠦ》 ᠲᠤᠰᠬᠠᠶ ᠠᠵᠢᠯᠯᠠᠭ᠎ᠠ ᠵᠢᠨ 《ᠤᠯᠤᠰ ᠲᠥᠷᠥ ᠵᠢᠨ ᠪᠠᠷᠢᠮᠵᠢᠶ᠎ᠠ᠎ᠪᠠᠷ ᠬᠠᠷᠢᠴᠠᠭᠤᠯᠬᠤ》 ᠱᠠᠲᠤᠨ᠎ᠤ ᠰᠤᠷᠤᠯᠴᠠᠯᠭ᠎ᠠ ᠵᠢᠨ ᠪᠣᠳᠠᠲᠤ ᠲᠡᠮᠳᠡᠭᠯᠡᠯ
ᠶᠡᠷᠦᠩᠬᠡᠢ ᠱᠦᠵᠢ ᠰᠢ ᠵᠢᠨ ᠫᠢᠩ᠎ᠠᠴᠠ᠂ ᠲᠣᠭᠣᠷᠢᠨ ᠪᠠᠢ᠌ᠴᠠᠭ᠋ᠠᠯᠲᠠ ᠵᠢᠨ ᠢᠯᠡᠷᠡᠭᠦᠯᠦᠭᠰᠡᠨ ᠠᠰᠠᠭᠤᠳᠠᠯ᠎ᠤᠨ ᠵᠣᠷᠢᠯᠭ᠎ᠠ᠎ᠨᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠶᠤᠮ᠂ ᠲᠣᠭᠣᠷᠢᠨ ᠪᠠᠢ᠌ᠴᠠᠭ᠋ᠠᠯᠲᠠ ᠵᠢᠨ 《ᠰᠡᠭᠦᠯᠴᠢ ᠵᠢᠨ ᠠᠵᠢᠯ》᠎ᠢ ᠰᠠᠢ᠌ᠲᠤᠷ ᠬᠢᠬᠦ ᠵᠢᠨ ᠵᠠᠩᠭᠢᠯᠠᠭ᠎ᠠ᠎ᠨᠢ ᠴᠡᠭᠴᠡᠯᠡᠨ ᠰᠠᠢ᠌ᠵᠢᠷᠠᠭᠤᠯᠬᠤ ᠳᠡᠭᠡᠷ᠎ᠡ ᠬᠦᠴᠦᠯᠡᠬᠦ᠎ᠳᠤ ᠪᠠᠢ᠌ᠨ᠎ᠠ ᠭᠡᠵᠦ ᠴᠢᠬᠤᠯᠠᠴᠢᠯᠠᠪᠠ᠃ ᠡᠨᠡ ᠵᠢᠯ᠎ᠤᠨ 2 ᠰᠠᠷ᠎ᠠ ᠵᠢᠨ ᠰᠡᠭᠦᠯᠴᠢ᠎ᠪᠠᠷ᠂ ᠲᠣᠭᠣᠷᠢᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠬᠦᠯᠦᠨ᠂ ᠤᠰᠤᠨ ᠠᠰᠢᠭᠯᠠᠯᠲᠠ ᠵᠢᠨ ᠶᠠᠮᠤᠨ᠎ᠨᠢ 《ᠤᠯᠤᠰ ᠲᠥᠷᠥ ᠵᠢᠨ ᠪᠠᠷᠢᠮᠵᠢᠶ᠎ᠠ᠂ ᠰᠡᠳᠬᠢᠴᠡ ᠵᠢᠨ ᠪᠠᠷᠢᠮᠵᠢᠶ᠎ᠠ᠂ ᠡᠭᠦᠷᠭᠡ ᠵᠢᠨ ᠪᠠᠷᠢᠮᠵᠢᠶ᠎ᠠ᠂ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠢᠰᠲ᠋ᠧᠮ᠎ᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠬᠤ》 ᠲᠤᠰᠬᠠᠶ ᠠᠵᠢᠯᠯᠠᠭ᠎ᠠ ᠵᠢ ᠦᠳᠲᠡᠷ ᠲᠦᠷᠭᠡᠨ ᠪᠠᠢ᠌ᠷᠢᠯᠠᠭᠤᠯᠤᠨ ᠥᠷᠨᠢᠭᠦᠯᠪᠡ᠃ 《ᠭᠤᠷᠪᠠ ᠵᠢ ᠬᠠᠷᠭᠤᠭᠤᠯᠵᠤ᠂ ᠨᠢᠭᠡ ᠵᠢ ᠲᠥᠯᠥᠪᠵᠢᠭᠦᠯᠬᠦ》 ᠲᠤᠰᠬᠠᠶ ᠠᠵᠢᠯᠯᠠᠭ᠎ᠠ ᠪᠣᠯ ᠤᠰᠤᠨ ᠠᠰᠢᠭᠯᠠᠯᠲᠠ ᠵᠢᠨ ᠰᠢᠰᠲ᠋ᠧᠮ᠎ᠤᠨ ᠨᠢᠭᠡᠨ ᠲᠣᠮᠣ ᠶᠠᠪᠤᠳᠠᠯ ᠮᠥᠨ᠂ ᠤᠰᠤᠨ ᠠᠰᠢᠭᠯᠠᠯᠲᠠ ᠵᠢᠨ ᠶᠠᠮᠤᠨ᠎ᠨᠢ ᠥᠨᠳᠥᠷ ᠪᠠᠷᠢᠮᠵᠢᠶ᠎ᠠ᠎ᠪᠠᠷ ᠲᠥᠪ᠎ᠤᠨ ᠲᠣᠭᠣᠷᠢᠨ ᠪᠠᠢ᠌ᠴᠠᠭ᠋ᠠᠬᠤ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ ᠶᠣᠰᠣᠭ᠋ᠠᠷ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠤᠨ᠂ ᠶᠡᠷᠦᠩᠬᠡᠶ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠡᠷᠡᠰ ᠲᠤᠤᠱᠯᠠᠭᠤᠯᠤᠨ ᠨᠠᠢ᠌ᠳᠠᠪᠤᠷᠢᠵᠢᠭᠤᠯᠬᠤ ᠪᠣᠳᠠᠲᠤ ᠠᠵᠢᠯᠯᠠᠭ᠎ᠠ ᠮᠥᠨ᠃
ᠲᠤᠰ ᠱᠠᠲᠤᠨ᠎ᠤ ᠰᠤᠷᠤᠯᠴᠠᠯᠭ᠎ᠠ᠎ᠨᠢ ᠪᠦᠬᠦ ᠲᠠᠯ᠎ᠠ ᠵᠢ ᠪᠦᠷᠬᠦᠬᠦᠯᠬᠦ᠂ ᠪᠦᠬᠦ ᠬᠥᠮᠦᠰ ᠣᠷᠣᠯᠴᠠᠬᠤ᠂ ᠤᠯᠠᠨ᠎ᠤ ᠶᠠᠷᠢᠶᠠᠨ᠎ᠤ ᠭᠣᠣᠯ ᠰᠡᠳᠦᠪ᠎ᠢ ᠲᠥᠪᠯᠡᠷᠡᠭᠦᠯᠬᠦ᠂ ᠪᠣᠳᠠᠲᠠᠢ᠎ᠲᠠᠢ ᠤᠶᠠᠯᠳᠤᠭᠤᠯᠬᠤ᠂ ᠭᠦᠨᠵᠡᠭᠡᠢ ᠰᠤᠳᠤᠯᠤᠨ ᠶᠠᠷᠢᠯᠴᠠᠬᠤ᠂ ᠭᠦᠨᠵᠡᠭᠡᠢ ᠲᠠᠨᠢᠯᠲᠠ᠎ᠲᠠᠢ ᠪᠣᠯᠬᠤ ᠵᠢ ᠪᠡᠶᠡᠯᠡᠭᠦᠯᠵᠦ᠂ ᠰᠤᠷᠤᠯᠴᠠᠨ ᠰᠤᠳᠤᠯᠤᠨ ᠶᠠᠷᠢᠯᠴᠠᠬᠤ ᠵᠢᠱ᠌ᠢᠭᠰᠡᠨ ᠬᠠᠷᠠᠯᠲᠠ᠎ᠳᠠᠭᠠᠨ ᠬᠦᠷᠴᠡᠢ᠃ 3 ᠰᠠᠷ᠎ᠠ ᠵᠢᠨ 17᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠲᠣᠭᠣᠷᠢᠨ ᠪᠠᠢ᠌ᠴᠠᠭ᠋ᠠᠬᠤ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠤᠨ 《ᠭᠤᠷᠪᠠ ᠵᠢ ᠬᠠᠷᠢᠴᠠᠭᠤᠯᠵᠤ᠂ ᠨᠢᠭᠡ ᠵᠢ ᠲᠥᠯᠥᠪᠵᠢᠭᠦᠯᠬᠦ》 ᠲᠤᠰᠬᠠᠶ ᠠᠵᠢᠯᠯᠠᠭ᠎ᠠ ᠵᠢᠨ 《ᠤᠯᠤᠰ ᠲᠥᠷᠥ ᠵᠢᠨ ᠪᠠᠷᠢᠮᠵᠢᠶ᠎ᠠ᠎ᠪᠠᠷ ᠬᠠᠷᠢᠴᠠᠭᠤᠯᠬᠤ》 ᠱᠠᠲᠤᠨ᠎ᠤ ᠰᠤᠷᠤᠯᠴᠠᠭᠰᠠᠨ ᠦᠷ᠎ᠡ ᠪᠦᠲᠦᠭᠡᠯ᠎ᠢ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠢᠩ ᠳ᠋ᠦᠩᠨᠡᠯᠲᠡ ᠬᠢᠪᠡ᠃
ᠤᠰᠤᠨ ᠠᠰᠢᠭᠯᠠᠯᠲᠠ ᠵᠢᠨ ᠶᠠᠮᠤᠨ 《ᠭᠤᠷᠪᠠ ᠵᠢ ᠪᠠᠷᠢᠮᠵᠢᠶᠠᠯᠠᠵᠤ᠂ ᠨᠢᠭᠡ ᠵᠢ ᠲᠥᠯᠥᠪᠵᠢᠭᠦᠯᠬᠦ》 ᠲᠤᠰᠬᠠᠶ ᠠᠵᠢᠯᠯᠠᠭ᠎ᠠ ᠵᠢ ᠦᠷᠨᠢᠬᠦᠯᠦᠭᠰᠡᠨ ᠵᠣᠷᠢᠯᠭ᠎ᠠ ᠪᠣᠯ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠬᠣᠯᠪᠣᠭᠳᠠᠯ ᠪᠥᠬᠥᠶ ᠴᠢᠬᠤᠯᠠ ᠱᠠᠭ᠋ᠠᠷᠳᠠᠯᠭ᠎ᠠ ᠵᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ ᠡᠵᠡᠮᠳᠡᠨ ᠲᠤᠤᠱᠯᠠᠭᠤᠯᠵᠦ᠂ ᠲᠣᠭᠣᠷᠢᠨ ᠪᠠᠢ᠌ᠴᠠᠭ᠋ᠠᠬᠤ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠬᠢᠭᠡᠳ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠬᠦ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠡᠷᠭᠡ ᠲᠠᠯ᠎ᠠ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠲᠣᠭᠣᠷᠢᠨ ᠪᠠᠢ᠌ᠴᠠᠭ᠋ᠠᠬᠤ᠎ᠳᠤ ᠢᠯᠡᠷᠡᠬᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠤᠯᠤᠰ ᠲᠥᠷᠥ ᠵᠢᠨ ᠡᠭᠦᠷᠭᠡ ᠵᠢ ᠪᠣᠳᠠᠲᠠᠶ᠎ᠳᠤ ᠨᠠᠢ᠌ᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷᠯᠢᠭ ᠬᠥᠭᠵᠢᠯᠲᠡ ᠵᠢ ᠰᠠᠢ᠌ᠲᠤᠷ ᠡᠬᠢᠯᠡᠭᠦᠯᠬᠦ ᠵᠢᠨ ᠳᠦᠯᠦᠭᠡ ᠶᠤᠮ᠃
ᠲᠤᠰᠬᠠᠶ ᠠᠵᠢᠯᠯᠠᠭ᠎ᠠ ᠵᠢᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ ᠲᠣᠭᠲᠠᠭ᠋ᠠᠨ᠂ ᠰᠤᠷᠤᠯᠴᠠᠬᠤ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠰᠢᠯᠭ᠋ᠠᠨ ᠬᠢᠨᠠᠵᠤ ᠦᠨᠡᠯᠡᠨ ᠵᠢᠱ᠌ᠢᠬᠦ ᠪᠠᠷᠢᠮᠵᠢᠶ᠎ᠠ ᠵᠢ ᠲᠣᠭᠲᠠᠭ᠋ᠠᠨ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠡᠯ᠎ᠡ ᠵᠤᠷᠭ᠋ᠠᠨ ᠲᠣᠪᠴᠢᠶ᠎ᠠ᠂ ᠡᠯ᠎ᠡ ᠨᠢᠭᠡᠴᠡ ᠵᠢ ᠱᠠᠭ᠋ᠠᠷᠳᠠᠵᠤ ᠪᠠᠢ᠌ᠭ᠋ᠠᠳ ᠪᠥᠬᠥ ᠠᠵᠢᠯᠲᠠᠨ᠎ᠢ ᠨᠡᠢ᠌ᠳᠡᠮ ᠭᠦᠨᠵᠡᠭᠡᠶ ᠰᠤᠷᠤᠯᠴᠠᠭᠤᠯᠵᠤ᠂ 20 ᠭᠠᠷᠤᠶ ᠡᠳᠦᠷ᠎ᠤᠨ ᠪᠠᠴᠢᠮ ᠶᠠᠭ᠋ᠠᠷᠠᠯᠲᠠᠶ ᠪᠥᠭᠡᠳ ᠡᠮᠬᠢ ᠵᠢᠷᠤᠮ᠎ᠲᠠᠢ ᠰᠤᠷᠤᠯᠴᠠᠯᠭ᠎ᠠ ᠦᠷᠨᠢᠬᠦᠯᠬᠦ ᠪᠠᠷ ᠳᠠᠮᠵᠢᠨ᠂ ᠲᠤᠰᠬᠠᠶ ᠠᠵᠢᠯᠯᠠᠭ᠎ᠠ ᠵᠢᠨ ᠨᠢᠭᠡᠳᠦᠭᠡᠷ ᠱᠠᠲᠤᠨ᠎ᠤ 《ᠤᠯᠤᠰ ᠲᠥᠷᠥ ᠵᠢᠨ ᠪᠠᠷᠢᠮᠵᠢᠶ᠎ᠠ》 ᠵᠢᠨ ᠰᠤᠷᠤᠯᠴᠠᠯᠭ᠎ᠠ ᠰᠣᠯᠢᠯᠴᠠᠭ᠋ᠠᠨ᠎ᠤ ᠰᠤᠳᠤᠯᠤᠨ ᠶᠠᠷᠢᠯᠴᠠᠬᠤ ᠬᠤᠷᠠᠯ ᠲᠣᠭᠲᠠᠭᠰᠠᠨ ᠬᠤᠭᠤᠴᠠᠭ᠋ᠠᠨ᠎ᠳᠠᠭᠠᠨ ᠶᠠᠪᠤᠭᠳᠠᠪᠠ᠃ ᠬᠤᠷᠠᠯ ᠳᠡᠭᠡᠷ᠎ᠡ᠂ ᠣᠯᠠᠨ ᠵᠶ᠋ᠠᠷ ᠵᠶ᠋ᠠᠨ ᠰᠢᠨ᠎ᠡ ᠬᠥᠭᠵᠢᠯᠲᠡ ᠵᠢᠨ ᠱᠠᠲᠤ ᠵᠢ ᠡᠵᠡᠮᠳᠡᠬᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠤᠱᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠶ ᠣᠢ᠌ᠯᠠᠭ᠋ᠠᠯᠲᠠ᠎ᠪᠠᠨ ᠭᠦᠨᠵᠡᠭᠡᠶ ᠲᠣᠳᠣᠷᠬᠠᠢ᠌ᠯᠠᠨ ᠥᠭᠦᠯᠡᠵᠦ᠂ 《ᠳᠦᠷᠦ ᠭᠦᠷᠦᠨ᠎ᠤ ᠶᠡᠬᠡ ᠶᠠᠪᠤᠳᠠᠯ ᠵᠶ᠋ᠠᠷ ᠦᠵᠡᠬᠦ》᠂ 《ᠤᠰᠤᠨ ᠠᠰᠢᠭᠯᠠᠯᠲᠠ᠎ᠠᠴᠠ ᠭᠠᠷᠴᠤ ᠤᠰᠤᠨ ᠠᠰᠢᠭᠯᠠᠯᠲᠠ ᠵᠢ ᠦᠵᠡᠬᠦ》 ᠰᠡᠳᠬᠢᠴᠡ ᠵᠢ ᠡᠪᠦᠷᠯᠡᠨ᠂ ᠲᠣᠰ ᠪᠡᠶ᠎ᠡ ᠵᠢᠨ ᠠᠵᠢᠯ᠎ᠲᠠᠢ᠎ᠪᠠᠨ ᠤᠶᠠᠯᠳᠤᠭᠤᠯᠤᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠳᠦᠯᠦᠪᠵᠢᠬᠦᠯᠭᠡ ᠵᠢᠨ ᠤᠰᠤᠨ ᠠᠰᠢᠭᠯᠠᠯᠲᠠ ᠵᠢᠨ ᠴᠢᠨᠠᠷᠯᠢᠭ ᠬᠥᠭᠵᠢᠯᠲᠡ ᠵᠢ ᠬᠡᠷᠬᠢᠨ ᠠᠬᠢᠭᠤᠯᠬᠤ᠂ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ᠎ᠳᠤ ᠬᠡᠷᠬᠢᠨ ᠬᠦᠴᠦᠷᠬᠡᠭ ᠶᠡᠬᠡ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠬᠠᠩᠭ᠋ᠠᠬᠤ ᠲᠤᠬᠠᠶ ᠶᠠᠷᠢᠯᠴᠠᠪᠠ᠃
ᠲᠥᠪᠯᠡᠷᠡᠩᠭᠦᠢ ᠭᠦᠨᠵᠡᠭᠡᠢ ᠰᠤᠷᠤᠯᠴᠠᠨ ᠰᠣᠯᠢᠯᠴᠠᠵᠤ᠂ ᠶᠠᠷᠢᠯᠴᠠᠭᠰᠠᠨ᠎ᠠᠴᠠ ᠪᠦᠬᠦ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠤᠨ ᠤᠯᠤᠰ ᠲᠦᠷᠦ ᠵᠢᠨ ᠵᠣᠭᠰᠣᠴᠠ ᠵᠢ᠎ᠨᠢ ᠤᠯᠠᠮ ᠳᠡᠭᠡᠭᠰᠢᠯᠡᠭᠦᠯᠵᠦ᠂ ᠤᠯᠤᠰ ᠲᠦᠷᠦ ᠵᠢᠨ ᠴᠢᠭᠯᠡᠯ᠎ᠢ᠎ᠨᠢ ᠪᠠᠲᠤ ᠡᠵᠡᠮᠳᠡᠨ᠂ ᠤᠯᠤᠰ ᠲᠦᠷᠦ ᠵᠢᠨ ᠬᠠᠷᠢᠭᠤᠴᠠᠯᠭ᠎ᠠ ᠵᠢ᠎ᠨᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠴᠢᠨᠠᠷᠯᠢᠭ ᠬᠥᠭᠵᠢᠯᠲᠡ᠎ᠳᠤ ᠤᠯᠤᠰ ᠲᠦᠷᠦ ᠵᠢᠨ 《ᠰᠠᠭᠤᠷᠢ》 ᠵᠢ᠎ᠨᠢ ᠪᠡᠬᠢᠵᠢᠭᠦᠯᠪᠡ᠃
ᠪᠠᠲᠦ ᠴᠢᠩᠭ᠎ᠠ ᠦᠵᠡᠯ ᠤᠬᠠᠮᠰᠠᠷ ᠵᠶ᠋ᠠᠷ ᠬᠠᠨᠳᠤᠪᠠ
《ᠣᠳᠣ ᠦᠨᠡᠯᠡᠨ ᠵᠢᠱ᠌ᠢᠬᠦ ᠳᠤᠭᠤᠢ᠌ᠯᠠᠩ᠎ᠤᠨ ᠪᠦᠷᠢᠯᠳᠦᠬᠦᠨ ᠨᠡᠷ ᠲᠤᠬᠠᠶ ᠵᠢᠨ ᠲᠠᠯᠠᠪᠠᠶ᠎ᠳᠤ ᠬᠤᠪᠢ ᠲᠣᠭᠲᠠᠭ᠋ᠠᠬᠤ ᠪᠣᠯᠪᠠᠤ᠃》
《ᠤᠯᠤᠰ ᠲᠥᠷᠥ ᠵᠢᠨ ᠪᠠᠷᠢᠮᠵᠢᠶ᠎ᠠ》 ᠵᠢᠨ ᠱᠠᠲᠤᠨ᠎ᠤ ᠰᠤᠷᠤᠯᠴᠠᠵᠤ ᠰᠣᠯᠢᠯᠴᠠᠬᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠡᠯ᠎ᠡ ᠨᠢᠭᠡᠴᠡ ᠵᠢᠨ᠎ᠬᠢᠨ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠭᠰᠠᠨ᠎ᠤ ᠳᠠᠷᠠᠭ᠎ᠠ᠂ ᠦᠨᠡᠯᠡᠨ ᠵᠢᠱ᠌ᠢᠬᠦ ᠳᠤᠭᠤᠢ᠌ᠯᠠᠩ᠎ᠤᠨ᠎ᠬᠢᠨ ᠲᠤᠬᠠᠶ ᠵᠢᠨ ᠲᠠᠯᠠᠪᠠᠶ᠎ᠳᠤ ᠲᠡᠷᠡ ᠳᠠᠷᠤᠶᠳᠤᠨᠢ ᠬᠤᠪᠢ ᠥᠭᠴᠡᠶ᠂ ᠡᠢ᠌ᠮᠦᠷᠬᠦ ᠦᠨᠡᠯᠡᠨ ᠵᠢᠱ᠌ᠢᠬᠦ ᠠᠷᠭ᠎ᠠ ᠮᠠᠶᠢᠭ᠎ᠨᠢ ᠬᠥᠮᠦᠨ᠎ᠢ ᠥᠪᠡᠷ᠎ᠤᠨ ᠡᠷᠬᠡ ᠥᠬᠡᠶ ᠰᠠᠨᠳᠤᠷᠠᠭᠤᠯᠤᠨᠠ᠃
ᠶᠡᠷᠦᠩᠬᠡᠶ ᠬᠤᠪᠢ᠎ᠨᠢ 5 ᠬᠤᠪᠢ᠂ ᠡᠭᠦᠨ᠎ᠳᠤ 4 ᠵᠦᠢᠯ᠎ᠤᠨ ᠦᠨᠡᠯᠡᠨ ᠵᠢᠱ᠌ᠢᠬᠦ ᠠᠭᠤᠯᠭ᠎ᠠ ᠵᠢ ᠪᠠᠭᠲᠠᠭ᠋ᠠᠵᠤ᠂ ᠬᠤᠪᠢ ᠥᠭᠭᠦᠭᠰᠡᠨ᠎ᠤ ᠳᠠᠷᠠᠭ᠎ᠠ ᠭᠠᠷᠤᠨ ᠥᠰᠥᠭ ᠵᠢᠷᠤᠬᠤ ᠴᠢᠬᠤᠯᠠᠲᠠᠶ᠂ ᠲᠣᠭᠲᠠᠭ᠋ᠠᠯ ᠨᠢᠭᠡᠪᠦᠷᠢ᠂ ᠲᠣᠳᠣᠷᠬᠠᠢ᠌ᠯᠠᠯᠲᠠ ᠨᠢᠭᠡᠪᠦᠷᠢ᠂ ᠶᠠᠪᠤᠴᠠ ᠨᠢᠭᠡᠪᠦᠷᠢ᠎ᠨᠢ ᠴᠥᠮ ᠤᠰᠤᠨ ᠠᠰᠢᠭᠯᠠᠯᠲᠠ ᠵᠢᠨ ᠶᠠᠮᠤᠨ᠎ᠤ 《ᠤᠯᠤᠰ ᠲᠥᠷᠥ ᠵᠢᠨ ᠪᠠᠷᠢᠮᠵᠢᠶ᠎ᠠ》 ᠵᠢᠨ ᠰᠤᠷᠤᠯᠴᠠᠯᠭ᠎ᠠ ᠥᠷᠨᠢᠭᠦᠯᠵᠦ ᠪᠠᠢ᠌ᠭ᠎ᠠ ᠲᠥᠪ ᠴᠢᠩᠭ᠎ᠠ ᠨᠠᠷᠢᠨ ᠬᠢᠨᠠᠮᠠᠭ᠋ᠠᠶ ᠪᠠᠢ᠌ᠬᠤ ᠵᠢ ᠬᠥᠮᠦᠰ᠎ᠲᠤ ᠮᠡᠳᠡᠷᠡᠭᠦᠯᠦᠨ᠎ᠡ᠃
《ᠤᠯᠤᠰ ᠲᠥᠷᠥ ᠵᠢᠨ ᠪᠠᠷᠢᠮᠵᠢᠶ᠎ᠠ》 ᠪᠣᠯ 《ᠭᠤᠷᠪᠠᠨ ᠪᠠᠷᠢᠮᠵᠢᠶ᠎ᠠ᠂ ᠨᠢᠭᠡ ᠲᠥᠯᠥᠪᠵᠢᠭᠦᠯᠭᠡ》 ᠵᠢᠨ ᠲᠤᠰᠬᠠᠶ ᠠᠵᠢᠯᠯᠠᠭ᠎ᠠ ᠵᠢᠨ ᠨᠢᠭᠡᠳᠦᠭᠡᠷ ᠱᠠᠲᠤ ᠪᠣᠯᠤᠨ᠎ᠠ᠃ ᠤᠯᠤᠰ ᠲᠦᠷᠦ ᠵᠢᠨ ᠪᠠᠷᠢᠮᠵᠢᠶ᠎ᠠ ᠪᠣᠯ ᠤᠰᠤᠨ ᠠᠰᠢᠭᠯᠠᠯᠲᠠ ᠵᠢᠨ ᠶᠠᠮᠤᠨ᠎ᠤ ᠤᠯᠤᠰ ᠲᠦᠷᠦ ᠵᠢᠨ ᠪᠠᠢ᠌ᠭᠤᠯᠭ᠎ᠠ ᠵᠢᠨ ᠰᠢᠨᠵᠢ ᠴᠢᠨᠠᠷ᠎ᠤᠨ ᠦᠨᠳᠦᠰᠦᠨ ᠱᠠᠭ᠋ᠠᠷᠳᠠᠯᠭ᠎ᠠ ᠪᠣᠯᠬᠤ᠎ᠪᠠᠷ ᠪᠠᠷᠠᠬᠤ ᠦᠭᠡᠢ ᠪᠠᠰᠠ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢᠨ ᠪᠣᠳᠠᠲᠤ ᠱᠠᠭ᠋ᠠᠷᠳᠠᠯᠭ᠎ᠠ ᠪᠣᠯᠤᠨ᠎ᠠ᠂ ᠨᠡᠩ ᠴᠤ᠌ ᠰᠢᠨ᠎ᠡ ᠱᠠᠲᠤᠨ᠎ᠳᠤ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ᠎ᠢ ᠣᠨᠣᠪᠴᠢᠲᠠᠢ ᠡᠷᠢᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠤᠨ᠎ᠠ᠃ 《ᠤᠯᠤᠰ ᠲᠥᠷᠥ ᠵᠢᠨ ᠪᠠᠷᠢᠮᠵᠢᠶ᠎ᠠ》 ᠵᠢ ᠰᠠᠢ᠌ᠲᠤᠷ ᠬᠢᠬᠦ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠴᠢᠨᠠᠭᠰᠢᠯᠠᠪᠠᠯ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠯᠠᠪᠳᠠᠭᠤᠨ ᠵᠶ᠋ᠠᠷ ᠬᠣᠯᠠ ᠠᠶᠠᠯᠠᠬᠤ ᠵᠢ ᠦᠨᠡᠨ ᠬᠦ᠌ ᠪᠠᠲᠤᠯᠠᠬᠤ ᠵᠢᠨ ᠦᠨᠳᠦᠰᠦ ᠮᠥᠨ᠃
《ᠤᠯᠤᠰ ᠲᠥᠷᠥ ᠵᠢᠨ ᠪᠠᠷᠢᠮᠵᠢᠶ᠎ᠠ》 ᠵᠢ ᠬᠡᠷᠬᠢᠨ ᠰᠠᠢ᠌ᠲᠤᠷ ᠬᠢᠬᠦ ᠠᠰᠠᠭᠤᠳᠠᠯ᠎ᠳᠤ ᠴᠢᠭᠯᠡᠭᠦᠯᠦᠨ᠂ ᠲᠤᠰᠬᠠᠶ ᠤᠳᠤᠷᠢᠳᠬᠤ ᠳᠤᠭᠤᠢ᠌ᠯᠠᠩ ᠰᠤᠷᠤᠯᠴᠠᠯᠭ᠎ᠠ ᠵᠢᠨ ᠲᠥᠰᠦᠯ ᠵᠶ᠋ᠡᠨ ᠦᠳᠲᠡᠷ ᠲᠦᠷᠭᠡᠨ ᠲᠣᠭᠲᠠᠭ᠋ᠠᠵᠤ᠂ ᠰᠤᠷᠤᠯᠴᠠᠯᠭ᠎ᠠ ᠵᠢᠨ ᠬᠠᠷᠠᠯᠲᠠ ᠡᠭᠦᠷᠭᠡ᠎ᠪᠠᠨ ᠨᠠᠷᠢᠯᠢᠭᠵᠢᠭᠤᠯᠤᠨ᠂ ᠬᠤᠭᠤᠴᠠᠭ᠎ᠠ ᠶᠣᠰᠣᠭ᠋ᠠᠷ ᠢᠳᠡᠪᠬᠢᠲᠡᠶ ᠵᠣᠬᠢᠶᠠᠨ ᠪᠠᠢ᠌ᠭᠤᠯᠤᠨ ᠠᠬᠢᠭᠤᠯᠵᠤ᠂ ᠬᠢᠨᠠᠨ ᠵᠢᠯᠣᠭᠣᠳᠴᠤ ᠬᠢᠨᠠᠨ ᠰᠢᠯᠭ᠋ᠠᠬᠤ᠎ᠪᠠᠨ ᠴᠢᠩᠭ᠋ᠠᠳᠬᠠᠨ᠂ ᠰᠤᠷᠤᠯᠴᠠᠯᠭ᠎ᠠ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃
ᠶᠡᠷᠦᠩᠬᠡᠶ ᠱᠦᠵᠢ ᠰᠢ ᠵᠢᠨ ᠫᠢᠩ᠎ᠤᠨ ᠮᠤᠵᠢ ᠶᠠᠮᠤᠨ᠎ᠤ ᠲᠠᠰ᠎ᠤᠨ ᠭᠣᠤᠯ ᠤᠳᠤᠷᠢᠳᠬᠤ ᠺᠠᠳ᠋ᠷ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠣᠷᠢᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ᠂ ᠤᠯᠤᠰ ᠲᠥᠷᠥ ᠵᠢᠨ ᠤᠬᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠬᠦᠴᠦᠨ᠎ᠤ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ 《ᠤᠯᠤᠰ᠎ᠤᠨ ᠶᠡᠬᠡ ᠲᠠᠯ᠎ᠠ》 ᠵᠢᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ —— ᠪᠦᠬᠦ ᠲᠠᠯ᠎ᠠ᠎ᠪᠠᠷ ᠲᠣᠳᠣᠷᠬᠠᠢ ᠰᠤᠷᠤᠯᠴᠠᠬᠤ ᠰᠡᠳᠦᠪ᠎ᠢ ᠰᠤᠷᠤᠯᠴᠠᠨ ᠤᠢ᠌ᠯᠠᠭᠤᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠵᠢᠯᠲᠠᠨ᠎ᠢ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠡᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠲᠠᠢ ᠨᠢᠭᠡᠳᠦᠯᠲᠡᠶ ᠪᠠᠢ᠌ᠬᠤ᠂ ᠨᠠᠮ᠎ᠤᠨ ᠣᠨᠣᠯ ᠪᠠ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ᠎ᠲᠠᠢ ᠨᠢᠭᠡᠳᠦᠯᠲᠡᠶ ᠪᠠᠢ᠌ᠬᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ᠎ᠲᠠᠢ ᠨᠢᠭᠡᠳᠦᠯᠲᠡᠢ ᠪᠠᠢ᠌ᠬᠤ ᠵᠢ ᠵᠢᠯᠤᠭᠤᠳᠤᠨ ᠬᠦᠮᠦᠵᠢᠬᠦᠯᠪᠡ᠃ ᠤᠯᠠᠮ ᠨᠢᠭᠡ ᠠᠯᠬᠤᠮ ᠭᠣᠤᠯᠳᠠᠯᠭ᠎ᠠ ᠵᠢ ᠳᠣᠪᠣᠢ᠌ᠯᠭ᠋ᠠᠵᠤ᠂ ᠰᠤᠷᠤᠯᠴᠠᠵᠤ ᠰᠤᠳᠤᠯᠤᠨ ᠶᠠᠷᠢᠯᠴᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠢ ᠭᠦᠸᠧ ᠶᠢᠩ ᠪᠡᠶ᠎ᠡ᠎ᠪᠠᠷ ᠵᠶ᠋ᠡᠨ 6 ᠭᠣᠤᠯᠳᠠᠯᠭ᠎ᠠ᠎ᠲᠠᠢ ᠰᠤᠳᠤᠯᠤᠨ ᠶᠠᠷᠢᠯᠴᠠᠬᠤ ᠰᠡᠳᠦᠪ᠎ᠢ ᠲᠣᠭᠲᠠᠭ᠋ᠠᠪᠠ᠃
ᠡᠭᠦᠨ᠎ᠤ ᠬᠠᠮᠲᠤ᠂ ᠪᠠᠰᠠ ᠬᠣᠶᠠᠷ ᠲᠤᠰᠬᠠᠶ ᠮᠡᠷᠭᠡᠵᠢᠯᠲᠡᠨ᠎ᠢ ᠣᠨᠴᠠᠭ᠋ᠠᠢ᠌ᠯᠠᠨ ᠤᠷᠢᠵᠤ ᠬᠣᠶᠠᠷ ᠲᠠᠯᠠᠪᠤᠷ ᠬᠠᠪᠰᠤᠷᠤᠨ ᠵᠢᠯᠣᠭᠣᠳᠬᠤ ᠲᠠᠢ᠌ᠯᠤᠮᠵᠢ ᠬᠢᠯᠭᠡᠵᠦ᠂ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠬᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠤᠱᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠮᠥᠨ ᠴᠢᠨᠠᠷ᠎ᠤᠨ ᠠᠴᠢ ᠬᠣᠯᠪᠣᠭᠳᠠᠯ ᠪᠠ ᠠᠭᠤᠯᠤᠭᠳᠠᠬᠤᠨ᠎ᠤ ᠱᠠᠭ᠋ᠠᠷᠳᠠᠯᠭ᠎ᠠ ᠵᠢ ᠨᠠᠷᠢᠨ ᠵᠠᠳᠠᠯᠵᠤ᠂ ᠣᠯᠠᠨ᠎ᠤ ᠲᠥᠪ᠎ᠤᠨ ᠵᠣᠷᠢᠭ ᠰᠠᠨᠠᠭ᠎ᠠ ᠪᠠ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠣᠨᠣᠪᠴᠢᠲᠠᠶ ᠣᠢ᠌ᠯᠠᠭ᠋ᠠᠬᠤ᠎ᠳᠤ ᠬᠠᠪᠰᠤᠷᠤᠯᠭ᠎ᠠ ᠪᠠ ᠯᠠᠪᠯᠠᠯᠲᠠ ᠬᠠᠩᠭ᠋ᠠᠪᠠ᠃
《ᠤᠯᠤᠰ ᠲᠦᠷᠦ ᠵᠢᠨ ᠪᠠᠷᠢᠮᠵᠢᠶ᠎ᠠ》᠎ᠪᠠᠷ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ᠎ᠪᠠᠷ ᠳᠠᠮᠵᠢᠨ᠂ ᠤᠯᠠᠨ ᠵᠶ᠋ᠠᠷ ᠵᠶ᠋ᠠᠨ᠂ ᠡᠷᠬᠡᠪᠰᠢ ᠤᠯᠤᠰ ᠲᠦᠷᠦ ᠵᠢ ᠡᠷᠬᠢᠮᠯᠡᠬᠦ᠎ᠪᠠᠷ ᠦᠨᠳᠦᠰᠦᠨ ᠱᠠᠭ᠋ᠠᠷᠳᠠᠯᠭ᠎ᠠ ᠪᠣᠯᠭ᠋ᠠᠵᠤ᠂ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠢ᠎ᠠ᠎ᠲᠠᠢ ᠨᠢᠭᠡᠳᠦᠯᠲᠡᠢ ᠪᠠᠢ᠌ᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠦᠷᠦ ᠵᠢᠨ ᠴᠢᠭᠯᠡᠯ ᠵᠶ᠋ᠡᠨ ᠣᠨᠣᠪᠴᠢᠲᠠᠢ ᠡᠵᠡᠮᠳᠡᠨ᠂ ᠤᠯᠤᠰ ᠲᠦᠷᠦ ᠪᠣᠯᠤᠨ ᠤᠰᠤᠨ ᠠᠰᠢᠭᠯᠠᠯᠲᠠ ᠵᠢᠨ ᠲᠤᠬᠠᠢ᠌ᠯᠠᠭᠰᠠᠨ ᠠᠵᠢᠯ᠎ᠤᠨ ᠬᠠᠷᠢᠴᠠᠭ᠎ᠠ ᠵᠢ ᠵᠥᠪ ᠰᠢᠢ᠍ᠳᠪᠦᠷᠢᠯᠡᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠤᠱᠯᠠᠭᠤᠯᠵᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠤᠨ᠂ ᠶᠡᠬᠡ ᠲᠠᠯ᠎ᠠ ᠳᠣᠣᠷ᠎ᠠ ᠤᠰᠤᠨ ᠠᠰᠢᠭᠯᠠᠯᠲᠠ ᠵᠢᠨ ᠴᠢᠨᠠᠷᠯᠢᠭ ᠬᠥᠭᠵᠢᠯᠲᠡ ᠵᠢ ᠲᠥᠯᠥᠪᠵᠢᠭᠦᠯᠦᠨ ᠠᠬᠢᠭᠤᠯᠬᠤ ᠦᠵᠡᠯ ᠰᠠᠨᠠᠭ᠋ᠠᠨ᠎ᠤ ᠤᠬᠠᠮᠰᠠᠷ ᠪᠣᠯᠤᠨ ᠴᠢᠳᠠᠪᠤᠷᠢ ᠵᠢᠨ ᠲᠦᠪᠰᠢᠨ ᠵᠶ᠋ᠡᠨ ᠴᠢᠩᠭ᠋ᠠᠳᠬᠠᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃
ᠵᠣᠭᠰᠣᠯᠲᠠ ᠪᠠᠲᠤ ᠪᠠᠢ᠌ᠵᠦ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠢ᠌ᠯᠠᠭ᠋ᠠᠪᠠ
ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠨ ᠪᠠᠢ᠌ᠭᠤᠯᠬᠤ ᠪᠣᠯ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ 〈ᠬᠣᠶᠠᠳᠤᠭ᠋ᠠᠷ ᠵᠠᠭᠤᠨ ᠵᠢᠯ〉᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠪᠠᠢ᠌ᠯᠳᠤᠬᠤ ᠪᠤᠳᠤᠯᠭ᠎ᠠ ᠵᠢᠨ ᠰᠣᠩᠭᠣᠯᠲᠠ ᠪᠣᠯᠤᠨ᠎ᠠ᠃ 3 ᠰᠠᠷ᠎ᠠ ᠵᠢᠨ 2᠎ᠤᠨ ᠡᠳᠦᠷ᠂ 《ᠤᠯᠤᠰ ᠲᠥᠷᠥ ᠵᠢᠨ ᠪᠠᠷᠢᠮᠵᠢᠶ᠎ᠠ》 ᠵᠢᠨ ᠱᠠᠲᠤᠨ᠎ᠤ ᠨᠢᠭᠡᠳᠦᠭᠡᠷ ᠤᠳᠠᠭ᠋ᠠᠨ᠎ᠤ ᠬᠠᠪᠰᠤᠷᠤᠨ ᠵᠢᠯᠣᠭᠣᠳᠬᠤ ᠲᠠᠢ᠌ᠯᠤᠮᠵᠢ ᠳᠡᠭᠡᠷ᠎ᠡ᠂ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠠᠵᠤ ᠠᠬᠤᠶ ᠵᠢᠨ ᠤᠬᠠᠭ᠋ᠠᠨ᠎ᠤ ᠵᠢᠭ᠋ᠠᠨ ᠰᠤᠳᠤᠯᠬᠤ ᠬᠡᠯᠲᠡᠰ᠎ᠤᠨ ᠡᠷᠬᠢᠯᠡᠭᠴᠢ ᠬᠠᠨ ᠪᠣᠤ ᠵᠢᠶᠠᠩ ᠫᠷᠤᠹᠧᠰᠰᠤᠷ ᠰᠢᠨ᠎ᠡ ᠬᠥᠭᠵᠢᠯᠲᠡ ᠵᠢᠨ ᠱᠠᠲᠤ ᠵᠢ ᠡᠵᠡᠮᠳᠡᠬᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠤᠱᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠣᠨᠣᠯ᠎ᠤᠨ ᠯᠣᠭᠢᠭ᠂ ᠲᠡᠦᠬᠡ ᠵᠢᠨ ᠯᠣᠭᠢᠭ ᠪᠠ ᠦᠢᠯᠡᠳᠦᠯᠭᠡ ᠵᠢᠨ ᠯᠣᠭᠢᠭ᠎ᠲᠤ ᠭᠦᠨᠵᠡᠭᠡᠶ ᠲᠠᠢ᠌ᠯᠤᠮᠵᠢ ᠬᠢᠪᠠ᠃ ᠬᠤᠷᠠᠯ᠎ᠤᠨ ᠲᠠᠯᠠᠪᠠᠢ᠎ᠳᠤ᠂ ᠪᠦᠬᠦ ᠭᠡᠰᠢᠭᠦᠳ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ᠂ ᠨᠠᠷᠢᠨ ᠬᠢᠨᠠᠮᠠᠭ᠋ᠠᠶ ᠲᠡᠮᠳᠡᠭᠯᠡᠪᠡ᠃
ᠤᠯᠤᠰ ᠲᠦᠷᠦ ᠵᠢᠨ ᠤᠬᠠᠮᠰᠠᠷ ᠵᠶ᠋ᠠᠨ ᠴᠢᠩᠭ᠋ᠠᠳᠬᠠᠨ᠂ ᠤᠯᠤᠰ ᠲᠦᠷᠦ ᠵᠢᠨ ᠶᠡᠬᠡ ᠲᠠᠯ᠎ᠠ ᠵᠢ ᠰᠠᠢ᠌ᠲᠤᠷ ᠡᠵᠡᠮᠳᠡᠵᠦ᠂ ᠤᠯᠤᠰ ᠲᠦᠷᠦ ᠵᠢᠨ 《ᠭᠤᠷᠪᠠᠨ ᠬᠦᠴᠦᠨ》 ᠵᠶ᠋ᠡᠨ ᠲᠠᠰᠤᠷᠠᠯᠳᠠ ᠦᠭᠡᠢ ᠳᠡᠭᠡᠭᠰᠢᠯᠡᠭᠦᠯᠬᠦ᠎ᠳᠤ ᠲᠥᠪ ᠬᠣᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠵᠤ ᠨᠡᠪᠳᠡᠷᠡᠳᠡᠯ᠎ᠠ ᠣᠢ᠌ᠯᠠᠭ᠋ᠠᠬᠤ ᠬᠡᠷᠡᠭᠲᠡᠢ᠃ ᠡᠨᠡ ᠬᠦ᠌ ᠬᠠᠷᠠᠯᠲᠠ᠎ᠳᠤ ᠬᠥᠷᠬᠥ ᠵᠢᠨ ᠲᠥᠯᠥᠭᠡ᠂ ᠲᠤᠰᠬᠠᠶ ᠮᠡᠷᠭᠡᠵᠢᠯᠲᠡᠨ᠎ᠢ ᠤᠷᠢᠵᠤ ᠲᠤᠬᠠᠶ ᠵᠢᠨ ᠲᠠᠯᠠᠪᠠᠶ ᠪᠠ ᠸᠢᠳᠢᠣ᠋ ᠵᠢᠨ ᠬᠡᠯᠪᠡᠷᠢ᠎ᠪᠠᠷ ᠪᠥᠬᠥ ᠠᠵᠢᠯᠲᠠᠨ᠎ᠢ ᠲᠥᠪᠯᠡᠷᠡᠭᠦᠯᠦᠨ ᠬᠠᠪᠰᠤᠷᠤᠨ ᠵᠢᠯᠣᠭᠣᠳᠬᠤ ᠲᠠᠢ᠌ᠯᠤᠮᠵᠢ ᠬᠢᠯᠭᠡᠬᠦ᠎ᠠᠴᠠ ᠭᠠᠳᠠᠨ᠎ᠠ᠂ ᠡᠯ᠎ᠡ ᠵᠤᠷᠭ᠋ᠠᠨ᠂ ᠲᠣᠪᠴᠢᠶ᠎ᠠ᠂ ᠡᠯ᠎ᠡ ᠨᠢᠭᠡᠴᠡ ᠵᠢᠨ᠎ᠬᠢᠨ ᠪᠠᠰᠠ ᠲᠣᠰ ᠪᠡᠶ᠎ᠡ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠣᠯᠠᠨ ᠵᠦᠢᠯ᠎ᠤᠨ ᠬᠡᠯᠪᠡᠷᠢ᠎ᠪᠠᠷ 《ᠤᠯᠤᠰ ᠲᠥᠷᠥ ᠵᠢᠨ ᠪᠠᠷᠢᠮᠵᠢᠶ᠎ᠠ》 ᠵᠢᠨ ᠰᠤᠷᠤᠯᠴᠠᠯᠭ᠎ᠠ ᠵᠢ ᠣᠯᠠᠨ ᠤᠳᠠᠭ᠎ᠠ ᠥᠷᠨᠢᠭᠦᠯᠪᠡ᠃
ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ ᠪᠥᠬᠥ ᠲᠢᠩᠬᠢᠮ ᠵᠶ᠋ᠡᠷ ᠵᠶ᠋ᠡᠨ ᠬᠥᠳᠡᠯᠦᠯᠴᠡᠵᠦ᠂ ᠪᠥᠬᠥ ᠠᠵᠢᠯᠲᠠᠨ᠎ᠢ ᠬᠠᠮᠤᠷᠤᠭᠰᠠᠨ᠂ 《ᠤᠯᠤᠰ ᠲᠥᠷᠥ ᠵᠢᠨ ᠪᠠᠷᠢᠮᠵᠢᠶ᠎ᠠ》 ᠵᠢᠨ ᠱᠠᠲᠤᠨ᠎ᠤ 6 ᠭᠣᠤᠯᠳᠠᠯᠭ᠎ᠠ᠎ᠲᠠᠢ ᠰᠡᠳᠦᠪ᠎ᠤᠨ ᠲᠣᠭᠣᠷᠢᠨ᠎ᠳᠤ᠂ ᠨᠠᠮ᠎ᠤᠨ ᠳᠤᠭᠤᠢ᠌ᠯᠠᠩ᠂ ᠨᠠᠮ᠎ᠤᠨ ᠡᠭᠦᠷ (ᠥᠷᠭᠡᠳᠬᠡᠭᠰᠡᠨ)᠎ᠤᠨ ᠬᠤᠷᠠᠯ ᠭᠡᠵᠦ ᠬᠣᠶᠠᠷ ᠳᠠᠪᠬᠤᠷᠭ᠎ᠠ ᠬᠤᠪᠢᠶᠠᠨ ᠰᠤᠷᠤᠯᠴᠠᠵᠤ᠂ ᠰᠤᠳᠤᠯᠤᠨ ᠶᠠᠷᠢᠯᠴᠠᠯᠭ᠎ᠠ ᠬᠢᠵᠦ᠂ ᠲᠤᠰᠬᠠᠶ ᠠᠵᠢᠯᠯᠠᠭ᠎ᠠ ᠵᠢᠨ ᠰᠠᠢ᠌ᠨ ᠡᠬᠢᠯᠡᠯᠲᠡ᠎ᠲᠠᠢ᠂ ᠪᠣᠳᠠᠲᠤ ᠦᠷ᠎ᠡ ᠪᠦᠲᠦᠮᠵᠢ᠎ᠲᠠᠢ ᠪᠠᠢ᠌ᠬᠤ ᠵᠢ ᠦᠨᠡᠨ ᠬᠦ᠌ ᠪᠠᠲᠤᠯᠠᠪᠠ᠃
ᠠᠵᠢᠯᠲᠠᠨ᠎ᠤ ᠶᠠᠪᠤᠳᠠᠯ᠎ᠤᠨ ᠵᠤᠷᠭ᠋ᠠᠨ 3 ᠤᠳᠠᠭ᠎ᠠ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠡᠯ᠎ᠡ ᠨᠠᠮ᠎ᠤᠨ ᠳᠤᠭᠤᠢ᠌ᠯᠠᠩ ᠲᠣᠰ ᠲᠣᠰ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ᠎ᠢ ᠵᠣᠬᠢᠶᠠᠨ ᠪᠠᠢ᠌ᠭᠤᠯᠵᠤ᠂ ᠵᠠᠯᠠᠭᠤ ᠨᠠᠮ᠎ᠤᠨ ᠭᠡᠰᠢᠭᠦᠨ᠎ᠨᠢ ᠵᠠᠯᠠᠭᠤᠴᠤᠳ᠎ᠤᠨ ᠬᠢᠴᠢᠶᠡᠯ᠎ᠤᠨ ᠲᠢᠩᠬᠢᠮ᠎ᠳᠤ ᠣᠯᠤᠯᠲᠠ ᠲᠥᠷᠥᠭᠳᠡᠯ ᠵᠶ᠋ᠡᠨ ᠬᠤᠪᠢᠶᠠᠯᠴᠠᠪᠠ᠃
ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠵᠤᠷᠭ᠋ᠠᠨ᠎ᠨᠢ ᠬᠤᠪᠢ ᠬᠥᠮᠦᠨ ᠥᠪᠡᠷ ᠵᠶ᠋ᠡᠨ ᠰᠤᠷᠬᠤ᠂ ᠳᠤᠭᠤᠢ᠌ᠯᠠᠩ ᠵᠶ᠋ᠠᠷ ᠰᠤᠳᠤᠯᠤᠨ ᠶᠠᠷᠢᠯᠴᠠᠬᠤ᠂ ᠲᠤᠰᠬᠠᠶ ᠰᠡᠳᠦᠪ ᠵᠶ᠋ᠡᠷ ᠬᠠᠪᠰᠤᠷᠤᠨ ᠵᠢᠯᠣᠭᠣᠳᠬᠤ᠂ ᠬᠠᠮᠲᠤ᠎ᠪᠠᠷ ᠰᠤᠳᠤᠯᠤᠨ ᠶᠠᠷᠢᠯᠴᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠬᠤ ᠵᠢᠨ ᠬᠠᠮᠲᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠬᠤ᠂ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠵᠡᠷᠭᠡ ᠡᠭᠦᠷᠭᠡ ᠬᠠᠷᠢᠭᠤᠴᠠᠯᠭ᠎ᠠ᠎ᠲᠠᠢ ᠤᠶᠠᠯᠳᠤᠭᠤᠯᠤᠨ᠂ 《ᠤᠯᠤᠰ ᠲᠥᠷᠥ ᠵᠢᠨ ᠪᠠᠷᠢᠮᠵᠢᠶ᠎ᠠ》᠎ᠳᠤ ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠢ ᠥᠷᠨᠢᠭᠦᠯᠪᠡ᠃
ᠬᠠᠢ ᠾᠧ ᠤᠰᠤᠨ ᠠᠰᠢᠭᠯᠠᠯᠲᠠ ᠵᠢᠨ ᠵᠥᠪᠯᠡᠯ ᠪᠦᠬᠦ ᠺᠠᠳ᠋ᠷ ᠠᠵᠢᠯᠳᠠᠨ᠎ᠳᠤ ᠲᠤᠰᠬᠠᠢ ᠰᠡᠳᠦᠪᠲᠦ ᠰᠤᠷᠤᠯᠴᠠᠯᠭ᠎ᠠ ᠵᠢᠨ ᠮᠠᠲ᠋ᠧᠷᠢᠶᠠᠯ᠎ᠢ ᠴᠠᠭ ᠲᠤᠬᠠᠢᠳᠤᠨᠢ ᠲᠠᠷᠬᠠᠭ᠋ᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠲᠦᠷᠦᠭᠦᠯᠡᠨ ᠰᠤᠳᠤᠯᠤᠨ ᠰᠤᠷᠤᠯᠴᠠᠵᠤ᠂ ᠨᠠᠮ᠎ᠤᠨ ᠬᠣᠷᠢᠶᠠᠨ᠎ᠤ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠬᠣᠷᠢᠶᠠᠨ᠎ᠤ ᠰᠢᠭᠤᠳ ᠬᠠᠷᠢᠶ᠎ᠠ ᠡᠯ᠎ᠡ ᠨᠢᠭᠡᠴᠡ ᠵᠢᠨ᠎ᠬᠢᠨ ᠠᠵᠢᠯ᠎ᠤᠨ ᠲᠥᠰᠦᠯ ᠵᠶ᠋ᠡᠨ ᠨᠠᠷᠢᠯᠢᠬ᠍ᠵᠢᠭᠤᠯᠵᠤ᠂ ᠰᠤᠷᠤᠯᠴᠠᠬᠤ ᠲᠥᠯᠥᠪᠯᠡᠭᠡ ᠲᠣᠭᠲᠠᠭ᠋ᠠᠨ᠂ ᠬᠤᠪᠢ ᠬᠥᠮᠦᠨ᠎ᠤ ᠰᠤᠷᠤᠯᠴᠠᠯᠭ᠎ᠠ᠂ ᠲᠥᠪᠯᠡᠷᠡᠩᠭᠦᠢ ᠰᠤᠷᠤᠯᠴᠠᠯᠭ᠎ᠠ᠂ ᠰᠦᠯᠵᠢᠶᠡᠨ᠎ᠤ ᠰᠤᠷᠤᠯᠴᠠᠯᠭ᠎ᠠ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠰᠤᠷᠤᠯᠴᠠᠯᠭ᠎ᠠ ᠵᠢ ᠦᠳᠲᠡᠷ ᠲᠦᠷᠭᠡᠨ ᠥᠷᠨᠢᠭᠦᠯᠪᠡ᠃
ᠲᠥᠰᠦᠪ᠎ᠢ ᠭᠦᠢᠴᠡᠳᠬᠡᠬᠦ ᠲᠥᠪ᠎ᠠᠴᠠ 《ᠤᠯᠤᠰ ᠲᠥᠷᠥ ᠵᠢᠨ ᠪᠠᠷᠢᠮᠵᠢᠶ᠎ᠠ》 ᠵᠢᠨ ᠲᠤᠰᠬᠠᠶ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠬᠤ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ ᠰᠤᠷᠤᠯᠴᠠᠬᠤ ᠠᠭᠤᠯᠭ᠎ᠠ᠂ ᠰᠤᠳᠤᠯᠤᠨ ᠶᠠᠷᠢᠯᠴᠠᠬᠤ ᠭᠣᠤᠯᠳᠠᠯᠭ᠎ᠠ᠎ᠲᠠᠢ ᠰᠡᠳᠦᠪ ᠵᠡᠷᠭᠡ᠎ᠳᠤ ᠲᠣᠳᠣᠷᠬᠠᠶ ᠲᠣᠬᠢᠷᠠᠭᠤᠯᠤᠯᠲᠠ ᠬᠢᠵᠦ᠂ ᠪᠥᠬᠥ ᠺᠠᠳ᠋ᠷ ᠠᠵᠢᠯᠲᠠᠨ᠎ᠢ ᠲᠥᠪᠯᠡᠷᠡᠭᠦᠯᠦᠨ ᠰᠤᠷᠤᠯᠴᠠᠭᠤᠯᠵᠦ᠂ ᠰᠤᠳᠤᠯᠤᠨ ᠶᠠᠷᠢᠯᠴᠠᠬᠤ᠎ᠳᠤ ᠤᠷᠤᠭᠤᠯᠵᠦ᠂ ᠥᠪᠡᠰᠦᠪᠡᠨ ᠰᠤᠷᠤᠯᠴᠠᠬᠤ ᠵᠢ ᠬᠢᠨᠠᠮᠠᠭ᠋ᠠᠶ ᠥᠷᠨᠢᠭᠦᠯᠪᠡ᠃
ᠭᠦᠨᠵᠡᠭᠡᠶ ᠰᠤᠷᠤᠯᠴᠠᠬᠤ᠂ ᠭᠦᠢᠴᠡᠳ ᠰᠤᠳᠤᠯᠤᠨ ᠶᠠᠷᠢᠯᠴᠠᠬᠤ᠂ ᠴᠢᠩᠭ᠎ᠠ ᠬᠠᠷᠢᠴᠠᠭᠤᠯᠬᠤ᠎ᠪᠠᠷ ᠳᠠᠮᠵᠢᠭᠤᠯᠤᠨ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠨᠢᠭᠡᠳᠦᠯᠲᠡᠶ ᠪᠠᠢ᠌ᠬᠤ ᠤᠬᠠᠮᠰᠠᠷ ᠪᠠ ᠶᠡᠬᠡ ᠲᠠᠯ᠎ᠠ ᠵᠢᠨ ᠳᠣᠤᠷ᠎ᠠ ᠠᠵᠢᠯ ᠵᠶ᠋ᠠᠨ ᠲᠥᠯᠥᠪᠯᠡᠬᠦ ᠦᠵᠡᠯ ᠰᠠᠨᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠤᠯᠤᠰ ᠲᠥᠷᠥ ᠵᠢᠨ ᠤᠬᠠᠮᠰᠠᠷ᠂ ᠠᠵᠢᠯᠯᠠᠭ᠋ᠠᠨ᠎ᠤ ᠤᠬᠠᠮᠰᠠᠷ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠤᠬᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠪᠣᠳᠠᠲᠠᠢ᠎ᠲᠠᠢ ᠤᠶᠠᠯᠳᠤᠭᠤᠯᠤᠨ ᠬᠥᠭᠵᠢᠭᠦᠯᠬᠦ ᠵᠢ ᠰᠦᠪᠡᠭᠴᠢᠯᠡᠪᠡ
《ᠤᠯᠤᠰ ᠲᠥᠷᠥ ᠵᠢᠨ ᠪᠠᠷᠢᠮᠵᠢᠶ᠎ᠠ》 ᠵᠢᠨ ᠱᠠᠲᠤᠨ᠎ᠤ ᠰᠤᠷᠤᠯᠴᠠᠯᠭ᠎ᠠ ᠵᠢᠨ ᠡᠴᠦᠰ᠎ᠤᠨ ᠲᠤᠰᠤᠯᠲᠠ ᠪᠣᠯ ᠥᠷᠭᠡᠨ ᠣᠯᠠᠨ ᠤᠰᠤᠨ ᠠᠰᠢᠭᠯᠠᠯᠲᠠ ᠵᠢᠨ ᠺᠠᠳ᠋ᠷ ᠠᠵᠢᠯᠲᠠᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠤᠯᠤᠰ ᠲᠥᠷᠥ ᠵᠢᠨ ᠵᠣᠭᠰᠣᠯᠲᠠ᠎ᠨᠢ ᠭᠤᠢ᠌ᠪᠢᠰᠢ ᠦᠭᠡᠢ᠂ ᠤᠯᠤᠰ ᠲᠥᠷᠥ ᠵᠢᠨ ᠴᠢᠭᠯᠡᠯ᠎ᠢ᠎ᠨᠢ ᠬᠡᠯᠪᠡᠢ᠌ᠯᠭᠡᠬᠦ ᠦᠭᠡᠢ ᠪᠠᠢ᠌ᠬᠤ ᠵᠢ ᠪᠠᠷᠢᠮᠲᠠᠯᠠᠵᠤ᠂ ᠤᠰᠤᠨ ᠠᠰᠢᠭᠯᠠᠯᠲᠠ ᠵᠢᠨ ᠦᠢᠯᠡᠰ᠎ᠤᠨ ᠬᠥᠭᠵᠢᠯᠲᠡ ᠵᠢᠨ ᠵᠥᠪ ᠴᠢᠭᠯᠡᠯ ᠵᠶ᠋ᠡᠷ ᠯᠠᠪᠳᠠᠭᠤᠨ ᠵᠶ᠋ᠠᠷ ᠬᠣᠯᠠ ᠠᠶᠠᠯᠠᠬᠤ ᠵᠢ ᠠᠬᠢᠭᠤᠯᠬᠤ ᠶᠠᠪᠤᠳᠠᠯ ᠪᠣᠯᠤᠨ᠎ᠠ᠃ 《ᠤᠯᠤᠰ ᠲᠥᠷᠥ ᠵᠢᠨ ᠪᠠᠷᠢᠮᠵᠢᠶ᠎ᠠ》᠎ᠪᠠᠷ ᠪᠣᠳᠠᠲᠤ ᠦᠷ᠎ᠡ ᠪᠦᠲᠦᠮᠵᠢ ᠣᠯᠵᠤ᠂ ᠦᠷ᠎ᠡ ᠪᠦᠲᠦᠭᠡᠯ ᠭᠠᠷᠭ᠋ᠠᠬᠤ ᠵᠢ ᠦᠨᠡᠨ ᠬᠦ᠌ ᠪᠠᠲᠤᠯᠠᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠡᠯ᠎ᠡ ᠵᠤᠷᠭ᠋ᠠᠨ᠂ ᠲᠣᠪᠴᠢᠶ᠎ᠠ᠂ ᠡᠯ᠎ᠡ ᠨᠢᠭᠡᠴᠡ ᠵᠢᠨ᠎ᠬᠢᠨ ᠰᠤᠷᠤᠯᠴᠠᠯᠭ᠎ᠠ᠎ᠪᠠᠨ ᠲᠣᠰ ᠪᠡᠶ᠎ᠡ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ᠂ ᠲᠥᠷᠥᠭᠳᠡᠯ ᠪᠣᠳᠣᠯ ᠲᠦᠰᠦᠪ ᠵᠶ᠋ᠠᠨ ᠶᠠᠷᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠬᠤ᠎ᠳᠤ ᠴᠢᠭᠯᠡᠭᠦᠯᠦᠨ᠂ ᠲᠥᠯᠥᠪᠵᠢᠭᠦᠯᠭᠡ ᠵᠢᠨ ᠵᠤᠷᠭ᠋ᠠᠨ᠎ᠤ ᠺᠠᠳ᠋ᠷ ᠠᠵᠢᠯᠲᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ 《ᠬᠣᠶᠠᠷ ᠶᠡᠬᠡ ᠲᠠᠯ᠎ᠠ》 ᠵᠢ ᠨᠢᠭᠡᠳᠦᠯᠲᠡᠶ ᠲᠥᠯᠥᠪᠵᠢᠭᠦᠯᠤᠨ᠂ 《ᠤᠯᠤᠰ᠎ᠤᠨ ᠶᠡᠬᠡ ᠲᠠᠯ᠎ᠠ》 ᠵᠢ ᠡᠪᠦᠷᠯᠡᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠬᠥᠭᠵᠢᠯᠲᠡ ᠵᠢ ᠲᠥᠯᠥᠪᠵᠢᠭᠦᠯᠬᠦ᠂ ᠲᠥᠷᠥ ᠵᠢᠨ ᠪᠣᠳᠣᠯᠭ᠎ᠠ ᠲᠣᠭᠲᠠᠭ᠋ᠠᠬᠤ᠂ ᠡᠭᠦᠷᠭᠡ ᠵᠢ ᠪᠠᠢ᠌ᠷᠢᠯᠠᠭᠤᠯᠬᠤ᠂ ᠠᠵᠢᠯ᠎ᠢ ᠠᠬᠢᠭᠤᠯᠬᠤ ᠡᠯ᠎ᠡ ᠭᠣᠭᠴᠣᠭ᠎ᠠ᠎ᠳᠤ ᠲᠤᠤᠱᠯᠠᠭᠤᠯᠵᠦ᠂ ᠠᠰᠠᠭᠤᠳᠠᠯ᠎ᠤᠨ ᠳᠤᠲᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠷᠠᠳ᠎ᠤᠨ ᠠᠮᠢᠳᠤᠷᠠᠯ᠎ᠤᠨ ᠤᠳᠤᠷᠢᠳᠤᠮᠵᠢ ᠵᠢ ᠳᠣᠪᠣᠢ᠌ᠯᠭ᠋ᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ᠎ᠡ ᠭᠡᠵᠦ ᠢᠯᠡᠷᠬᠡᠢ᠌ᠯᠡᠪᠡ᠃
ᠤᠰᠤᠨ ᠠᠰᠢᠭᠯᠠᠯᠲᠠ ᠵᠢᠨ ᠤᠰᠤ᠎ᠪᠠᠷ ᠴᠠᠬᠢᠯᠭ᠋ᠠᠨ ᠭᠠᠷᠭ᠋ᠠᠬᠤ ᠵᠢᠷᠤᠭ ᠲᠥᠯᠥᠪᠯᠡᠭᠡ ᠵᠢᠨ ᠶᠡᠷᠦᠩᠬᠡᠢ ᠬᠦᠷᠢᠶᠡᠯᠡᠩ᠎ᠤᠨ ᠺᠠᠳ᠋ᠷ ᠠᠵᠢᠯᠳᠠᠨ᠂ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ 《ᠠᠷᠪᠠᠨ ᠵᠢᠷᠭᠤᠭ᠋ᠠᠨ ᠦᠰᠦᠭ》᠎ᠤᠨ ᠤᠰᠤ ᠵᠠᠰᠠᠬᠤ ᠰᠡᠳᠬᠢᠴᠡ ᠵᠢ ᠡᠷᠡᠰ ᠨᠠᠢ᠌ᠳᠠᠪᠤᠷᠢᠵᠢᠭᠤᠯᠵᠤ᠂ ᠤᠰᠤ ᠵᠢ ᠵᠠᠰᠠᠵᠤ ᠤᠰᠤ ᠵᠢ ᠮᠠᠨᠳᠤᠭᠤᠯᠬᠤ᠂ ᠤᠯᠤᠰ᠎ᠤᠨ ᠲᠥᠯᠥᠭᠡ ᠠᠷᠠᠳ ᠲᠦᠮᠡᠨ᠎ᠤ ᠲᠥᠯᠥᠭᠡ ᠵᠢᠳᠬᠦᠬᠦ ᠵᠢ ᠪᠠᠷᠢᠮᠲᠠᠯᠠᠨ᠂ ᠢᠮᠠᠭᠲᠠ ᠤᠯᠤᠰ ᠲᠦᠷᠦ ᠵᠢ ᠡᠷᠬᠢᠮᠯᠡᠬᠦ ᠦᠨᠳᠦᠷᠴᠡ᠎ᠠᠴᠠ᠂ ᠤᠰᠤᠨ ᠠᠰᠢᠭᠯᠠᠯᠲᠠ ᠵᠢᠨ ᠲᠥᠯᠥᠪᠵᠢᠭᠦᠯᠭᠡ᠂ ᠪᠠᠢ᠌ᠯᠳᠤᠬᠤ ᠪᠤᠳᠤᠯᠭ᠎ᠠ ᠵᠢᠨ ᠰᠤᠳᠤᠯᠭ᠋ᠠᠨ ᠪᠣᠯᠤᠨ ᠡᠮᠦᠨᠡᠬᠢ ᠬᠤᠭᠤᠴᠠᠭ᠋ᠠᠨ᠎ᠤ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ᠎ᠪᠠᠷ ᠬᠦᠷᠢᠶᠡᠯᠡᠩ ᠪᠠᠢ᠌ᠭᠤᠯᠬᠤ ᠦᠨᠳᠦᠰᠦ ᠪᠣᠯᠭ᠋ᠠᠵᠤ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠳᠡᠭᠡᠳᠦ ᠲᠥᠯᠥᠪᠯᠡᠭᠡ ᠵᠢ ᠲᠤᠯᠭ᠋ᠠᠭᠤᠷᠢᠯᠠᠨ᠎ᠠ ᠭᠡᠪᠡ᠃
ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠪᠣᠯ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠮᠥᠨ᠂ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠤᠨ ᠺᠠᠳ᠋ᠷ ᠠᠵᠢᠯᠳᠠᠨ ᠨᠠᠷ ᠢᠯᠡᠷᠬᠡᠢ᠌ᠯᠡᠬᠦ᠎ᠳᠡᠭᠡᠨ᠂ ᠪᠢᠳᠡ ᠬᠥᠬᠡᠮᠥ᠋ᠷᠡᠨ᠎ᠤ ᠰᠠᠪᠠ ᠭᠠᠵᠠᠷ (ᠬᠡᠰᠡᠭ )᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠥᠯᠥᠪᠵᠢᠭᠦᠯᠭᠡ ᠪᠣᠯᠤᠨ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠤᠨ ᠥᠭᠡᠷᠡᠴᠢᠯᠡᠯᠲᠡ ᠬᠥᠭᠵᠢᠯᠲᠡ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠰᠠᠢ᠌ᠲᠤᠷ ᠨᠠᠢ᠌ᠷᠠᠭᠤᠯᠤᠨ ᠵᠣᠬᠢᠶᠠᠵᠤ᠂ ᠰᠢᠨ᠎ᠡ ᠵᠢ ᠡᠭᠦᠳᠬᠦ ᠣᠢ᠌ᠯᠠᠭ᠋ᠠᠭᠳᠠᠬᠤᠨ᠎ᠢ ᠤᠰᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ᠂ ᠳᠣᠲᠣᠭ᠋ᠠᠳᠤ ᠵᠢᠨ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠲᠤᠯᠭ᠋ᠠᠭᠤᠷᠢᠯᠠᠯ ᠵᠡᠷᠭᠡ ᠬᠦᠷᠢᠶᠡᠨ᠎ᠳᠤ ᠪᠦᠬᠦ ᠲᠠᠯ᠎ᠠ᠎ᠪᠠᠷ ᠬᠡᠷᠡᠭᠯᠡᠵᠦ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠳᠬᠠᠬᠤ᠂ ᠮᠥᠷᠡᠨ᠎ᠢ ᠵᠠᠰᠠᠬᠤ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ᠂ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠰᠠᠢ᠌ᠵᠢᠷᠠᠭᠤᠯᠬᠤ᠂ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠪᠰᠢᠨ᠎ᠢ ᠳᠡᠭᠡᠭᠰᠢᠯᠡᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠢ᠎ᠡ ᠪᠣᠯᠤᠨ ᠵᠠᠩᠭᠢᠯᠠᠭ᠎ᠠ ᠵᠢᠨ ᠭᠣᠭᠴᠣᠭ᠎ᠠ᠎ᠳᠤ ᠦᠭᠡᠷᠡᠴᠢᠯᠡᠯᠳᠡ ᠵᠢ ᠦᠷᠭᠦᠯᠵᠢᠯᠡᠨ ᠭᠦᠨᠵᠡᠭᠡᠢ᠌ᠷᠡᠬᠦᠯᠦᠨᠡ ᠭᠡᠪᠡ᠃
《ᠬᠠᠳᠤᠨ ᠭᠣᠣᠯ᠎ᠢ ᠠᠷᠠᠳ ᠲᠦᠮᠡᠨ᠎ᠳᠤ ᠤᠮᠳᠠ᠎ᠪᠠᠨ ᠬᠦᠷᠳᠡᠭᠡᠬᠦ ᠵᠢᠷᠭ᠋ᠠᠯ᠎ᠤᠨ ᠭᠣᠣᠯ ᠪᠣᠯᠭ᠋ᠠᠬᠤ ᠬᠡᠷᠡᠭᠲᠡᠢ》 ᠭᠡᠵᠦ ᠶᠡᠷᠦᠩᠬᠡᠢ ᠱᠦᠵᠢ ᠰᠢ ᠵᠢᠨ ᠫᠢᠩ᠎ᠠᠴᠠ ᠠᠭᠤᠤ ᠶᠡᠬᠡ ᠤᠷᠢᠶᠠᠯᠠᠭ᠎ᠠ ᠭᠠᠷᠭ᠋ᠠᠭᠰᠠᠨ ᠶᠤᠮ᠃ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠺᠠᠳ᠋ᠷ ᠠᠵᠢᠯᠳᠠᠨ ᠨᠠᠷ ᠢᠯᠡᠷᠬᠡᠢ᠌ᠯᠡᠬᠦ᠎ᠳᠡᠭᠡᠨ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ ᠲᠦᠷᠦ ᠵᠢ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠣᠢ᠌ᠯᠠᠭ᠋ᠠᠵᠤ᠂ ᠳᠡᠭᠡᠳᠦ ᠳᠡᠰ᠎ᠤᠨ ᠲᠥᠯᠥᠪᠯᠡᠭᠡ ᠵᠢ ᠲᠡᠭᠦᠯᠳᠡᠷᠵᠢᠭᠦᠯᠤᠨ᠂ ᠬᠠᠳᠤᠨ ᠭᠣᠣᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠤᠱᠯᠠᠭᠤᠯᠤᠨ᠂ ᠬᠠᠳᠤᠨ ᠭᠣᠣᠯ᠎ᠤᠨ ᠬᠠᠮᠠᠭ᠋ᠠᠯᠠᠯᠲᠠ ᠵᠠᠰᠠᠯᠲᠠ ᠵᠢᠨ ᠪᠣᠳᠠᠲᠠᠢ᠎ᠲᠠᠢ ᠨᠢᠭᠲᠠ ᠤᠶᠠᠯᠳᠤᠭᠤᠯᠵᠤ᠂ 《ᠤᠯᠤᠰ᠎ᠤᠨ ᠶᠡᠬᠡ ᠲᠠᠯ᠎ᠠ》 ᠵᠢᠨ ᠠᠭᠤᠯᠤᠭᠳᠠᠬᠤᠨ᠎ᠢ ᠭᠦᠨᠵᠡᠭᠡᠢ ᠡᠵᠡᠮᠳᠡᠵᠦ᠂ ᠰᠢᠨ᠎ᠡ ᠱᠠᠳᠤ ᠦᠶ᠎ᠡ ᠵᠢᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ ᠭᠡᠪᠡ᠃
ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠪᠣᠯᠤᠨ᠎ᠠ᠂ ᠨᠠᠮ᠎ᠤᠨ ᠪᠠᠢ᠌ᠭᠤᠯᠤᠯᠲᠠ ᠵᠢᠨ ᠠᠵᠢᠯ᠎ᠲᠠᠢ ᠤᠶᠠᠯᠳᠤᠭᠤᠯᠤᠨ᠂ ᠤᠰᠤᠨ ᠠᠰᠢᠭᠯᠠᠯᠲᠠ ᠵᠢᠨ ᠶᠠᠮᠤᠨ᠎ᠤ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠺᠠᠳ᠋ᠷ ᠠᠵᠢᠯᠲᠠᠨ ᠢᠯᠡᠷᠬᠡᠢ᠌ᠯᠡᠬᠦ᠎ᠳᠡᠭᠡᠨ᠂ ᠰᠢᠨ᠎ᠡ ᠱᠠᠲᠤᠨ᠎ᠳᠠᠬᠢ ᠬᠠᠲᠠᠭᠤ ᠪᠡᠷᠬᠡ ᠪᠥᠭᠡᠳ ᠨᠦᠰᠡᠷ ᠬᠦᠨᠳᠦ ᠡᠭᠦᠷᠭᠡ ᠵᠢᠨ ᠡᠮᠦᠨ᠎ᠡ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠎ᠨᠢ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠪᠠ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠰᠠᠢ᠌ᠵᠢᠷᠠᠭᠤᠯᠬᠤ ᠵᠢ ᠬᠥᠲᠥᠯᠥᠨ ᠵᠢᠯᠣᠭᠣᠳᠴᠤ᠂ 《ᠭᠤᠷᠪᠠᠨ ᠰᠢᠨ᠎ᠡ ᠨᠢᠭᠡ ᠥᠨᠳᠥᠷ》᠎ᠢ ᠨᠠᠢ᠌ᠳᠠᠪᠤᠷᠢᠵᠢᠭᠤᠯᠬᠤ ᠳᠤᠮᠳᠠ ᠬᠥᠲᠥᠯᠥᠨ ᠵᠢᠯᠣᠭᠣᠳᠴᠤ ᠪᠠᠲᠤᠯᠠᠬᠤ ᠦᠢᠯᠡᠳᠦᠯ ᠵᠶ᠋ᠠᠨ ᠪᠠᠳᠠᠷᠠᠭᠤᠯᠤᠨ᠎ᠠ ᠭᠡᠪᠡ᠃
............
ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ ᠵᠢ ᠡᠷᠬᠢᠮᠯᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠥᠭᠵᠢᠯᠲᠡ ᠵᠢ ᠰᠦᠪᠡᠭᠴᠢᠯᠡᠨ᠎ᠡ᠃ 《ᠤᠯᠤᠰ ᠲᠥᠷᠥ ᠵᠢᠨ ᠪᠠᠷᠢᠮᠵᠢᠶ᠎ᠠ》 ᠵᠢᠨ ᠱᠠᠲᠤᠨ᠎ᠤ ᠰᠤᠷᠤᠯᠴᠠᠯᠭ᠎ᠠ᠎ᠪᠠᠷ ᠳᠡᠮᠵᠢᠨ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ᠎ᠨᠢ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠳᠡᠭᠡᠷ᠎ᠡ᠎ᠪᠠᠨ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢ᠌ᠵᠤ᠂ ᠪᠥᠬᠥ ᠠᠵᠢᠯ ᠲᠥᠷᠥᠯ ᠵᠶ᠋ᠡᠷ ᠵᠶ᠋ᠡᠨ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷᠯᠢᠭ ᠬᠥᠭᠵᠢᠯᠲᠡ ᠵᠢᠨ ᠰᠢᠨ᠎ᠡ ᠠᠶᠠᠨ ᠵᠶ᠋ᠠᠨ ᠡᠬᠢᠯᠡᠭᠦᠯᠪᠡ᠃