ᠦᠬᠡᠷ ᠬᠤᠨᠢ ᠠᠯᠭᠤᠷᠬᠠᠨ ᠪᠡᠯᠴᠢᠵᠦ᠂ ᠬᠤᠸᠠᠷ ᠴᠡᠴᠡᠭ ᠮᠢᠷᠠᠯᠵᠠᠨ ᠳᠡᠯᠭᠡᠷᠡᠨ᠎ᠡ᠃
ᠡᠬᠡ ᠤᠯᠤᠰ᠎ᠤᠨ ᠤᠮᠠᠷᠠᠲᠤ ᠬᠢᠯᠢ᠎ᠳᠤ ᠪᠠᠶ᠋ᠢᠷᠢᠯᠠᠵᠤ ᠪᠠᠶ᠋ᠢᠭ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ᠎ᠤᠨ ᠴᠢᠬᠤᠯᠠ ᠶᠡᠭᠡ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠴᠢ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠴᠢᠬᠤᠯᠠ ᠶᠡᠭᠡ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠳᠠᠭ᠋ᠠᠭ᠋ᠠᠴᠠ ᠵᠢᠨ ᠣᠷᠣᠨ ᠪᠣᠯᠤᠨ᠎ᠠ᠃
ᠥᠪᠥᠷ ᠮᠣᠩᠭᠤᠯ ᠣᠶ᠋ᠢᠷ᠎ᠠ ᠵᠢᠨ ᠵᠢᠯ᠎ᠤᠳ᠎ᠲᠤ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠤᠰᠤᠨ᠎ᠤ ᠲᠣᠤᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭᠯᠡᠨ ᠬᠥᠭᠵᠢᠭᠰᠡᠨ ᠤᠰᠤᠨ᠎ᠤ ᠡᠬᠢ ᠪᠠᠶᠠᠯᠢᠭ᠎ᠢ ᠳᠣᠭᠢᠷᠠᠭᠤᠯᠬᠤ ᠴᠢᠳᠠᠪᠤᠷᠢ᠂ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃
ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠪᠠ ᠬᠤᠲᠠ ᠬᠥᠳᠡᠭᠡ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠪᠠ
ᠬᠠᠲᠤᠨ ᠭᠣᠤᠯ᠂ ᠨᠤᠨ ᠮᠥᠷᠡᠨ᠂ ᠯᠢᠶᠣᠤ ᠾᠧ ᠭᠣᠤᠯ ᠪᠣᠯ ᠥᠪᠥᠷ ᠮᠣᠩᠭᠣᠯ᠎ᠤᠨ ᠭᠠᠵᠠᠷ ᠣᠷᠣᠨ᠎ᠤ ᠭᠣᠤᠯ ᠪᠣᠯᠬᠤ ᠭᠠᠳᠠᠭᠰᠢ ᠤᠷᠤᠰᠬᠠᠬᠤ ᠤᠰᠤᠨ ᠰᠢᠰᠲ᠋ᠧᠮ ᠪᠣᠯᠬᠤ ᠪᠥᠭᠡᠳ ᠪᠠᠰᠠ ᠦᠶᠡᠷ᠎ᠢ ᠰᠡᠷᠭᠡᠶ᠋ᠢᠯᠡᠬᠦ ᠭᠣᠤᠯᠳᠠᠯᠭ᠎ᠠ᠎ᠲᠠᠢ ᠣᠷᠣᠨ ᠪᠣᠯᠤᠨ᠎ᠠ᠃ ᠣᠳᠣᠬᠠᠨ᠎ᠳᠤ᠂ ᠬᠠᠲᠤᠨ ᠭᠣᠤᠯ᠂ ᠨᠤᠨ ᠮᠥᠷᠡᠨ ᠪᠣᠯᠤᠨ ᠯᠢᠶᠣᠤ ᠾᠧ ᠭᠣᠤᠯ᠎ᠤᠨ ᠭᠣᠤᠯ ᠤᠷᠤᠰᠬᠠᠯ᠎ᠤᠨ ᠳᠠᠯᠠᠩ ᠨᠢᠭᠡᠨᠲᠡ ᠰᠡᠷᠭᠡᠶ᠋ᠢᠯᠡᠯᠲᠡ ᠪᠠᠶ᠋ᠢᠷᠢᠯᠠᠭᠤᠯᠬᠤ ᠪᠠᠷᠢᠮᠵᠢᠶ᠎ᠠ᠎ᠳᠤ ᠦᠨᠳᠦᠰᠦᠨ᠎ᠳᠡᠭᠡᠨ ᠬᠦᠷᠴᠦ᠂ ᠥᠪᠥᠷ ᠮᠣᠩᠭᠣᠯ᠎ᠳᠤ ᠤᠰᠤᠨ ᠴᠥᠭᠥᠷᠥᠮ᠂ ᠳᠠᠯᠠᠩ᠂ ᠤᠰᠤᠨ ᠬᠠᠭ᠋ᠠᠯᠲᠠ᠂ ᠦᠶᠡᠷ ᠰᠠᠯᠭ᠋ᠠᠬᠤ ᠣᠷᠣᠨ ᠵᠡᠷᠭᠡ ᠵᠢ ᠨᠢᠭᠡ ᠴᠣᠭᠴᠠᠵᠢᠭᠤᠯᠤᠭᠰᠠᠨ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠨᠡᠯᠢᠶᠡᠳ ᠪᠦᠷᠢᠨ ᠲᠡᠭᠦᠯᠳᠡᠷ ᠰᠢᠰᠲ᠋ᠧᠮ᠎ᠢ ᠠᠩᠬ᠎ᠠ ᠠᠯᠬᠤᠮ ᠪᠣᠶ ᠪᠣᠯᠭ᠋ᠠᠪᠠ᠃ ᠣᠳᠣᠬᠠᠨ᠎ᠳᠤ᠂ ᠥᠪᠥᠷ ᠮᠣᠩᠭᠤᠯ᠎ᠤᠨ ᠡᠯ᠎ᠡ ᠱᠠᠲᠤᠨ᠎ᠤ ᠬᠠᠰᠢᠯᠭ᠎ᠠ ᠵᠢᠨ ᠶᠡᠷᠦᠩᠬᠡᠶ ᠣᠷᠳᠣᠨ᠎ᠢ 8356 ᠺᠢᠯᠤᠮᠸᠲᠷ ᠪᠠᠶ᠋ᠢᠵᠤ᠂ ᠨᠢᠭᠡᠨᠲᠡ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠤᠳᠬᠤ ᠰᠢᠰᠲ᠋ᠧᠮ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠰᠢᠰᠲ᠋ᠧᠮ᠎ᠢ ᠪᠠᠶ᠋ᠢᠭᠤᠯᠵᠤ᠂ ᠦᠶᠡᠷ᠎ᠢ ᠰᠡᠷᠭᠡᠶ᠋ᠢᠯᠡᠬᠦ ᠪᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠨ᠎ᠳᠡᠭᠡᠨ ᠬᠠᠩᠭ᠋ᠠᠪᠠ᠃
ᠥᠪᠥᠷ ᠮᠤᠩᠭᠤᠯ᠎ᠤᠨ ᠭᠠᠵᠠᠷ ᠤᠷᠤᠨ ᠥᠷᠭᠡᠨ ᠬᠥᠮᠦᠨ ᠰᠡᠶ᠋ᠢᠷᠡᠭ ᠪᠠᠢ᠌ᠳᠠᠭ᠃ ᠥᠪᠡᠷᠮᠢᠴᠡ ᠭᠠᠵᠠᠷ ᠵᠦᠢ ᠵᠢᠨ ᠪᠠᠶ᠋ᠢᠷᠢᠯᠠᠯ ᠪᠣᠯᠤᠨ ᠬᠥᠮᠦᠨ ᠠᠮᠠ ᠵᠢᠨ ᠲᠠᠷᠬᠠᠯᠲᠠ ᠵᠢᠨ ᠪᠠᠶ᠋ᠢᠳᠠᠯ᠎ᠨᠢ ᠥᠪᠥᠷ ᠮᠣᠩᠭᠣᠯ᠎ᠤᠨ ᠬᠣᠲᠠ ᠬᠥᠳᠡᠭᠡ᠂ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ ᠪᠣᠯᠤᠨ ᠠᠵᠤ ᠦᠢ᠍ᠯᠡᠳᠪᠦᠷᠢ ᠲᠠᠷᠢᠶᠠᠯᠠᠩ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠵᠢ ᠪᠦᠬᠦ ᠬᠦᠴᠦᠨ ᠵᠶ᠋ᠠᠷ ᠪᠠᠲᠤᠯᠠᠬᠤ ᠲᠠᠯ᠎ᠠ᠎ᠪᠠᠷ ᠡᠭᠦᠷᠭᠡ ᠬᠠᠲᠠᠭᠤ ᠪᠡᠷᠬᠡ ᠪᠠᠶ᠋ᠢᠨ᠎ᠠ᠃
ᠥᠪᠥᠷ ᠮᠣᠩᠭᠣᠯ ᠤᠢ᠌ᠷ᠎ᠠ ᠵᠢᠨ ᠵᠢᠯ᠎ᠳᠤ ᠤᠰᠤᠨ ᠠᠰᠢᠭᠯᠠᠯᠲᠠ ᠵᠢᠨ ᠪᠠᠷᠢᠯᠭ᠎ᠠ ᠵᠢ ᠶᠡᠬᠡ ᠬᠡᠪᠴᠢᠶ᠎ᠡ᠎ᠪᠠᠷ ᠪᠦᠲᠦᠭᠡᠨ ᠪᠠᠢ᠌ᠭᠤᠯᠬᠤ᠎ᠪᠠᠷ ᠳᠠᠮᠵᠢᠨ ᠤᠰᠤ ᠬᠠᠩᠭ᠋ᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠪᠥᠬᠦ ᠥᠪᠡᠷᠲᠡᠭᠡᠨ ᠵᠠᠰᠠᠬᠤ ᠣᠷᠣᠨ᠎ᠳᠤ ᠨᠢᠭᠡᠨᠲᠡ 475 ᠴᠥᠭᠦᠷᠥᠮ᠂ ᠬᠠᠰᠢᠯᠭ᠎ᠠ ᠪᠠ ᠵᠣᠭᠤᠷᠢ᠎ᠤᠨ ᠴᠥᠭᠦᠷᠥᠮ᠎ᠢ ᠪᠠᠶ᠋ᠢᠭᠤᠯᠵᠤ᠂ ᠬᠤᠲᠠ ᠬᠥᠳᠡᠭᠡ ᠵᠢᠨ ᠲᠥᠪᠯᠡᠷᠡᠩᠭᠦᠶ ᠮᠠᠶᠢᠭ᠎ᠤᠨ ᠤᠰᠤ ᠬᠠᠩᠭ᠋ᠠᠬᠤ ᠢᠨᠵᠧᠨᠧᠷᠢᠩ᠎ᠢ 1.78 ᠲᠦᠮᠡᠨ ᠪᠠᠶ᠋ᠢᠭᠤᠯᠵᠤ᠂ ᠬᠥᠳᠡᠭᠡ ᠲᠣᠰᠬᠤᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠣᠷᠮ᠎ᠠ 83.65%᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠤᠰᠤ ᠬᠠᠩᠭ᠋ᠠᠬᠤ ᠶᠡᠷᠦᠩᠬᠡᠶ ᠴᠢᠳᠠᠪᠤᠷᠢ 238.2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠲᠤ ᠬᠦᠷᠴᠦ᠂ ᠬᠤᠲᠠ ᠪᠠᠯᠭ᠋ᠠᠰᠤ᠂ ᠠᠵᠤ ᠦᠢ᠍ᠯᠡᠳᠪᠦᠷᠢ ᠲᠠᠷᠢᠶᠠᠯᠠᠩ᠎ᠤᠨ ᠬᠥᠭᠵᠢᠯᠲᠡ ᠵᠢᠨ ᠤᠰᠤ ᠬᠡᠷᠡᠭᠯᠡᠬᠦ ᠬᠡᠷᠡᠭᠴᠡᠭᠡ ᠵᠢ ᠪᠦᠲᠦᠮᠵᠢᠲᠡᠶ ᠪᠠᠲᠤᠯᠠᠪᠠ᠃
ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠤᠰᠤ᠎ᠪᠠᠷ ᠳᠥᠷᠪᠡ ᠵᠢ ᠲᠣᠭᠲᠠᠭ᠋ᠠᠬᠤ》 ᠵᠠᠷᠴᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠡᠮᠵᠢᠶ᠎ᠡ᠂ ᠤᠰᠤᠨ᠎ᠤ ᠲᠦᠪᠰᠢᠨ᠎ᠢ ᠡᠵᠡᠮᠳᠡᠬᠦ ᠬᠦᠢ᠍ᠴᠡᠳᠭᠡᠯ ᠲᠤᠭ᠎ᠠ ᠵᠢ 371 ᠬᠠᠮᠢᠶᠠᠷᠤᠯᠲᠠ ᠵᠢᠨ ᠨᠢᠭᠡᠴᠢ᠎ᠳᠤ ᠨᠠᠷᠢᠯᠢᠬ᠍ᠵᠢᠭᠤᠯᠤᠨ ᠵᠠᠳᠠᠯᠵᠤ᠂ 《ᠬᠤᠶᠠᠷ᠎ᠢ ᠡᠵᠡᠮᠳᠡᠬᠦ》 ᠬᠠᠮᠢᠶᠠᠷᠤᠯᠲᠠ ᠵᠢ ᠬᠡᠷᠡᠭᠵᠢᠭᠦᠯᠦᠨ᠂ ᠤᠰᠤ ᠬᠡᠲᠦ ᠲᠦᠷᠭᠡᠨ ᠨᠡᠮᠡᠭᠳᠡᠵᠦ ᠪᠠᠶ᠋ᠢᠭ᠎ᠠ ᠪᠠᠶ᠋ᠢᠳᠠᠯ᠎ᠢ ᠪᠦᠲᠦᠮᠵᠢᠲᠡᠶ ᠡᠵᠡᠮᠳᠡᠪᠡ᠃ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠤᠰᠤ ᠠᠷᠪᠢᠯᠠᠬᠤ ᠳᠠᠯᠳᠠ ᠬᠦᠴᠦᠨ᠎ᠢ ᠠᠭᠤᠳᠠᠯᠠᠨ᠂ ᠥᠪᠡᠷᠲᠡᠭᠡᠨ ᠵᠠᠰᠠᠬᠤ ᠣᠷᠣᠨ᠎ᠤ ᠲᠦᠮᠡᠨ ᠲᠥᠭᠦᠷᠢᠭ᠎ᠤᠨ GDP (ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ) ᠵᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠲᠣᠰ ᠲᠣᠰ 2020 ᠣᠨ᠎ᠤ᠎ᠬᠢ᠎ᠠᠴᠠ 9.58% ᠪᠠ 12.76%᠎ᠪᠠᠷ ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ 124 ᠪᠠᠶ᠋ᠢᠭᠤᠯᠵᠤ᠂ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠢᠯᠡᠳᠬᠡᠮᠵᠢ ᠵᠢ 0.583᠎ᠳᠤ ᠬᠦᠷᠦᠭᠦᠯᠵᠦ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠪᠡ᠃
ᠤᠰᠤᠨ᠎ᠤ ᠠᠮᠢ ᠠᠬᠤᠢ ᠵᠢᠨ ᠬᠠᠮᠠᠭ᠋ᠠᠯᠠᠯᠳᠠ ᠪᠠ ᠰᠡᠷᠬᠦᠭᠡᠯᠳᠡ᠎ᠳᠤ ᠰᠢᠨ᠎ᠡ ᠰᠢᠪᠳᠤᠯᠤᠯᠳᠠ᠎ᠲᠠᠢ ᠪᠤᠯᠪᠠ
《ᠤᠮᠠᠷᠠᠲᠦ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠤᠤᠯ ᠲᠡᠶ᠋ᠢᠨ᠎ᠤ ᠲᠠᠯᠠᠪᠤᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠵᠦ᠂ ᠤᠰᠤ ᠰᠢᠷᠣᠶ ᠵᠢᠨ ᠢᠳᠡᠭᠳᠡᠯ᠎ᠢ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂ ᠥᠪᠥᠷ ᠮᠣᠩᠭᠤᠯ ᠨᠡᠶ᠋ᠢᠭᠡᠮ᠎ᠤᠨ ᠬᠥᠷᠥᠩᠭᠡ ᠵᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ᠂ ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ᠂ ᠡᠵᠡᠯᠡᠬᠦ ᠨᠥᠬᠦᠪᠥᠷᠢ ᠵᠢ ᠲᠡᠩᠴᠡᠭᠦᠷᠢᠲᠡᠶ ᠪᠠᠶ᠋ᠢᠯᠭ᠋ᠠᠬᠤ ᠵᠡᠷᠭᠡ ᠰᠢᠨ᠎ᠡ ᠵᠠᠭᠪᠤᠷ᠎ᠢ ᠬᠠᠶ᠋ᠢᠨ ᠰᠦᠪᠡᠭᠴᠢᠯᠡᠵᠦ᠂ ᠵᠢᠯ ᠪᠦᠷᠢ 1128 ᠲᠦᠮᠡᠨ ᠮᠥ᠍ ᠬᠤᠷᠳᠤᠴᠠ᠎ᠪᠠᠷ ᠤᠰᠤ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ᠃ 2023 ᠣᠨ᠎ᠤ ᠤᠰᠤ ᠰᠢᠷᠣᠶ ᠵᠢᠨ ᠢᠳᠡᠭᠳᠡᠯ᠎ᠤᠨ ᠪᠠᠶ᠋ᠢᠳᠠᠯ᠎ᠢ ᠬᠢᠨᠠᠨ ᠬᠡᠮᠵᠢᠭᠰᠡᠨ ᠦᠷ᠎ᠡ ᠳ᠋ᠦᠩ᠎ᠠᠴᠠ ᠦᠵᠡᠪᠡᠯ᠂ 2011 ᠣᠨ᠎ᠤ᠎ᠬᠢ᠎ᠲᠠᠢ ᠬᠠᠷᠢᠴᠠᠭᠤᠯᠪᠠᠯ᠂ ᠪᠥᠬᠦ ᠥᠪᠡᠷᠲᠡᠭᠡᠨ ᠵᠠᠰᠠᠬᠤ ᠣᠷᠣᠨ᠎ᠤ ᠤᠰᠤ ᠰᠢᠷᠣᠶ ᠵᠢᠨ ᠢᠳᠡᠭᠳᠡᠯ᠎ᠤᠨ ᠲᠠᠯᠠᠪᠠᠶ 5.93 ᠲᠦᠮᠡᠨ ᠲᠡᠭᠰᠢ ᠳᠥᠷᠪᠡᠯᠵᠢᠨ ᠺᠢᠯᠤᠮᠸᠲᠷ ᠪᠠᠭ᠋ᠠᠰᠴᠤ᠂ ᠬᠠᠰᠤᠭᠳᠠᠭᠰᠠᠨ ᠬᠡᠮᠵᠢᠶ᠎ᠡ 9.43%᠎ᠳᠤ ᠬᠥᠷᠪᠡ; ᠴᠢᠩᠭ᠎ᠠ᠎ᠠᠴᠠ ᠳᠡᠭᠡᠭᠰᠢᠬᠢ ᠢᠳᠡᠭᠳᠡᠭᠰᠡᠨ ᠲᠠᠯᠠᠪᠠᠶ 13.18 ᠲᠦᠮᠡᠨ ᠲᠡᠭᠰᠢ ᠳᠥᠷᠪᠡᠯᠵᠢᠨ ᠺᠢᠯᠤᠮᠸᠲᠷ ᠪᠠᠭ᠋ᠠᠰᠴᠤ᠂ ᠬᠠᠰᠤᠭᠳᠠᠭᠰᠠᠨ ᠬᠡᠮᠵᠢᠶ᠎ᠡ 50.47%᠎ᠳᠤ ᠬᠥᠷᠪᠡ᠃
ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ ᠵᠢᠨ ᠤᠰᠤᠨ᠎ᠤ ᠬᠡᠮᠵᠢᠶ᠎ᠡ ᠵᠢ ᠤᠰᠤᠨ᠎ᠤ ᠡᠬᠢ ᠪᠠᠶᠠᠯᠢᠭ᠎ᠤᠨ ᠨᠢᠭᠡᠳᠦᠯᠲᠡᠶ ᠲᠣᠬᠢᠷᠠᠭᠤᠯᠤᠯᠲᠠ ᠪᠠ ᠬᠠᠮᠢᠶᠠᠷᠤᠯᠲᠠ᠎ᠳᠤ ᠣᠷᠣᠭᠤᠯᠵᠤ᠂ ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠤᠰᠤ ᠨᠥᠬᠦᠪᠥᠷᠢᠯᠡᠬᠦ ᠵᠢ ᠬᠡᠷᠡᠭᠵᠢᠭᠦᠯᠵᠦ᠂ ᠭᠤᠤᠯ᠎ᠤᠨ ᠵᠠᠮ᠎ᠳᠠᠬᠢ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠪᠡ᠃ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠡ᠎ᠪᠠᠷ ᠶᠠᠪᠤᠬᠤ》 ᠵᠢ ᠦᠷᠭᠦᠯᠵᠢᠯᠡᠨ ᠠᠬᠢᠭᠤᠯᠵᠤ᠂ 2020 ᠣᠨ᠎ᠠᠴᠠ ᠨᠠᠭ᠋ᠠᠰᠢ᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠬᠠᠯ᠎ᠤᠨ ᠠᠮᠢ ᠠᠬᠤᠶ ᠵᠢᠨ ᠤᠰᠤᠨ᠎ᠤ ᠬᠡᠮᠵᠢᠶ᠎ᠡ ᠨᠡᠶ᠋ᠢᠲᠡ 11.4 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠪᠠ᠃ 2024 ᠣᠨ᠎ᠤ 9 ᠳ᠋ᠦ᠍ᠭᠡᠷ ᠰᠠᠷ᠎ᠠ ᠵᠢᠨ 3᠎ᠤ ᠡᠳᠦᠷ᠂ ᠪᠠᠷᠠᠭᠤᠨ ᠯᠢᠶᠣᠤ ᠾᠧ ᠭᠤᠣᠯ᠎ᠤᠨ ᠭᠤᠣᠯ ᠤᠷᠤᠰᠬᠠᠯ᠎ᠤᠨ ᠤᠰᠤᠨ ᠲᠦᠷᠦᠭᠦᠦ ᠣᠶ᠋ᠢᠷ᠎ᠠ ᠵᠢᠨ 26 ᠵᠢᠯ᠎ᠤᠨ ᠲᠤᠷᠰᠢ ᠠᠩᠬ᠎ᠠ ᠤᠳᠠᠭ᠎ᠠ ᠲᠦᠩᠯᠢᠶᠣᠤ ᠬᠤᠳᠠ ᠵᠢᠨ ᠭᠤᠣᠯ ᠬᠤᠳᠠ ᠵᠢᠨ ᠲᠣᠭᠤᠷᠢᠭ᠎ᠲᠤ ᠬᠦᠷᠴᠦ᠂ ᠰᠠᠪᠠ ᠭᠠᠵᠠᠷ᠎ᠤᠨ ᠭᠠᠵᠠᠷ ᠳᠣᠣᠷᠠᠬᠢ ᠤᠰᠤᠨ᠎ᠤ ᠲᠦᠪᠰᠢᠨ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠬᠡᠰᠡᠭ ᠭᠠᠵᠠᠷ᠎ᠲᠤ ᠳᠡᠭᠡᠭᠰᠢᠯᠡᠵᠡᠢ᠃
ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ᠎ᠢ ᠨᠡᠶ᠋ᠢᠲᠡᠯᠡᠵᠦ᠂ ᠭᠠᠵᠠᠷ ᠳᠣᠤᠷᠠᠬᠢ ᠤᠰᠤᠨ᠎ᠤ ᠬᠡᠮᠵᠢᠶ᠎ᠡ᠂ ᠤᠰᠤᠨ᠎ᠤ ᠲᠦᠪᠰᠢᠨ᠎ᠤ 《ᠬᠤᠶᠠᠷ᠎ᠢ ᠡᠵᠡᠮᠳᠡᠬᠦ》 ᠵᠢ ᠦᠨᠡᠯᠡᠨ ᠵᠢᠱ᠌ᠢᠬᠦ ᠵᠡᠷᠭᠡ ᠠᠷᠭ᠎ᠠ ᠪᠠᠷᠢᠯ᠎ᠢ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ᠎ᠠᠴᠠ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠬᠤᠳᠳᠤᠭ᠎ᠢ 2600 ᠭᠠᠷᠤᠶ ᠪᠠᠶ᠋ᠢᠷᠢᠯᠠᠭᠤᠯᠵᠤ᠂ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠤᠳᠤᠬᠤ》 ᠵᠡᠷᠭᠡ ᠠᠷᠭ᠎ᠠ ᠮᠠᠶᠢᠭ ᠵᠶ᠋ᠠᠷ ᠬᠤᠳᠳᠤᠭ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ ᠪᠦᠷᠢᠨ ᠪᠥᠷᠬᠦᠭᠦᠯᠬᠦ ᠵᠢ ᠪᠡᠶᠡᠯᠡᠭᠦᠯᠵᠦ᠂ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠤᠰᠤ ᠵᠢ ᠬᠢᠨᠠᠨ ᠬᠡᠮᠵᠢᠬᠦ ᠲᠣᠤᠷ ᠰᠦᠯᠵᠢᠶ᠎ᠡ ᠵᠢ ᠦᠨᠳᠦᠰᠦᠨ᠎ᠳᠤ᠎ᠪᠠᠨ ᠪᠦᠷᠢᠯᠳᠦᠭᠦᠯᠪᠡ᠃
ᠤᠰᠤᠨ ᠲᠤᠤᠷ᠎ᠤᠨ ᠪᠤᠷᠤ ᠲᠦᠯᠦᠪ᠎ᠤᠨ ᠰᠢᠰᠲ᠋ᠧᠮ᠎ᠢ ᠠᠭ᠋ᠠᠵᠢᠮ ᠵᠶ᠋ᠠᠷ ᠴᠤᠭᠴᠠᠯᠠᠪᠠ
ᠥᠪᠥᠷ ᠮᠣᠩᠭᠤᠯ 《ᠨᠢᠭᠡ ᠭᠤᠣᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠦᠨᠳᠡᠯᠡᠨ᠂ ᠪᠠᠷᠠᠭᠤᠨᠰᠢ᠎ᠪᠠᠨ ᠵᠡᠭᠦᠨᠰᠢ ᠲᠠᠲᠠᠬᠤ᠂ ᠭᠠᠳᠠᠭᠰᠢ ᠬᠤᠯᠪᠣᠭ᠋ᠠᠯᠠᠨ ᠳᠣᠲᠣᠭ᠋ᠠᠳᠤ᠎ᠳᠤ ᠨᠡᠪᠲᠡᠷᠡᠬᠦ》 ᠤᠰᠤᠨ ᠲᠣᠣᠷ᠎ᠤᠨ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢ ᠲᠦᠷᠭᠡᠳᠬᠡᠨ ᠪᠠᠶ᠋ᠢᠭᠤᠯᠵᠤ᠂ ᠬᠠᠳᠤᠨ ᠭᠤᠣᠯ᠂ ᠯᠢᠶᠣᠤ ᠾᠧ ᠭᠤᠣᠯ ᠵᠡᠷᠭᠡ ᠴᠢᠬᠤᠯᠠ ᠰᠠᠪᠠ ᠭᠠᠵᠠᠷ᠎ᠤᠨ ᠤᠰᠤᠨ ᠲᠣᠣᠷ᠎ᠤᠨ ᠪᠠᠶ᠋ᠢᠷᠢᠰᠢᠭᠤᠯᠤᠯᠲᠠ ᠪᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠᠷᠠᠭᠤᠨ ᠱᠤᠭᠤᠮ ᠵᠡᠷᠭᠡ ᠴᠢᠬᠤᠯᠠ ᠶᠡᠭᠡ ᠢᠨᠵᠧᠨᠧᠷᠢᠩ᠎ᠢ ᠮᠥᠷᠳᠡᠨ ᠪᠠᠶ᠋ᠢᠷᠢᠰᠢᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠲᠣᠣᠷ᠎ᠤᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭ᠋ᠠᠵᠤ᠂ ᠠᠶ᠋ᠢᠮᠠᠭ ᠬᠤᠳᠠ ᠵᠢᠨ ᠤᠰᠤᠨ ᠲᠣᠣᠷ᠎ᠤᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠤᠰᠢᠭᠤᠴᠢ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠪᠡ᠃
ᠣᠳᠣᠬᠠᠨ᠎ᠳᠤ᠂ ᠨᠤᠨ ᠮᠦᠷᠡᠨ᠎ᠤ ᠢᠨᠵᠧᠨᠧᠷᠢᠩ᠎ᠤᠨ ᠲᠥᠯᠥᠪᠵᠢᠭᠦᠯᠭᠡ ᠵᠢ ᠪᠡᠶᠡᠯᠡᠭᠦᠯᠦᠭᠰᠡᠨ ᠨᠤᠲᠠᠯᠠᠯᠲᠠ ᠵᠢ ᠪᠡᠶᠡᠯᠡᠭᠦᠯᠵᠦ᠂ ᠬᠠᠲᠤᠨ ᠭᠤᠤᠯ᠎ᠤᠨ ᠥᠪᠥᠷ ᠮᠣᠩᠭᠤᠯ᠎ᠤᠨ ᠬᠡᠰᠡᠭ᠎ᠤᠨ ᠭᠤᠤᠯ᠎ᠤᠨ ᠵᠠᠮ᠎ᠢ ᠵᠠᠰᠠᠬᠤ ᠢᠨᠵᠧᠨᠧᠷᠢᠩ᠎ᠤᠨ ᠪᠣᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠬᠢᠨᠠᠨ ᠬᠠᠷᠭᠤᠭᠤᠯᠤᠭᠰᠠᠨ ᠰᠠᠨᠠᠯ᠎ᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠪᠡ᠃ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠠᠭᠤᠢ ᠵᠢᠨ ᠬᠡᠰᠡᠭ᠎ᠢ ᠪᠦᠬᠦ ᠲᠠᠯ᠎ᠠ᠎ᠪᠠᠷ ᠨᠡᠪᠲᠡᠷᠡᠭᠦᠯᠵᠦ᠂ ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠵᠢᠨ ᠳᠣᠣᠷ᠎ᠠ᠎ᠠᠴᠠ ᠤᠰᠤ ᠬᠠᠳᠠᠭ᠋ᠠᠯᠠᠬᠤ᠂ ᠳ᠋ᠦᠩ ᠲᠠᠢ᠌ᠰᠠ ᠤᠰᠤᠨ ᠴᠥᠭᠦᠷᠥᠮ᠎ᠳᠤ ᠤᠰᠤ ᠲᠠᠲᠠᠵᠤ ᠤᠰᠤ ᠬᠠᠳᠠᠭ᠋ᠠᠯᠠᠬᠤ ᠵᠢ ᠨᠡᠪᠲᠡᠷᠡᠭᠦᠯᠦᠨ᠎ᠡ ᠁ ᠨᠢᠭᠡ ᠪᠦᠯᠦᠭ ᠴᠢᠬᠤᠯᠠ ᠶᠡᠭᠡ ᠪᠠᠶ᠋ᠢᠭᠤᠯᠵᠤ ᠪᠠᠶ᠋ᠢᠭ᠎ᠠ ᠤᠰᠤᠨ ᠲᠣᠣᠷ᠎ᠤᠨ ᠭᠤᠣᠯ ᠪᠣᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠷᠭᠡᠳᠭᠡᠪᠡ᠃
2023 ᠣᠨ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠠ 《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠳᠬᠠᠬᠤ ᠲᠤᠬᠠᠢ ᠲᠣᠳᠣᠷᠬᠠᠢ ᠳᠤᠷᠠᠳᠴᠠᠢ᠃ ᠲᠤᠰ ᠵᠢᠯ᠎ᠤᠨ ᠡᠴᠦᠰ᠎ᠲᠤ ᠤᠰᠤᠨ ᠠᠰᠢᠭᠯᠠᠯᠲᠠ ᠵᠢᠨ ᠶᠠᠮᠤᠨ ᠪᠠᠰᠠ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠦ ᠤᠰᠤᠨ ᠠᠰᠢᠭᠯᠠᠯᠲᠠ ᠵᠢᠨ ᠬᠡᠷᠡᠭᠵᠢᠭᠦᠯᠬᠦ ᠲᠥᠰᠦᠯ》᠎ᠢ ᠨᠡᠶ᠋ᠢᠲᠡᠯᠡᠵᠦ᠂ ᠤᠰᠤᠨ ᠠᠰᠢᠭᠯᠠᠯᠲᠠ ᠵᠢᠨ ᠲᠣᠤᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠪᠠ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦᠲᠡᠶ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠪᠠ᠃
ᠥᠪᠥᠷ ᠮᠣᠩᠭᠤᠯ ᠪᠠᠰᠠ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠤᠰᠤᠨ᠎ᠤ ᠬᠠᠤᠯᠢ ᠲᠣᠭᠲᠠᠭ᠋ᠠᠯ᠎ᠤᠨ ᠲᠦᠷᠢᠮ᠎ᠤᠨ ᠰᠢᠰᠲ᠋ᠧᠮ᠎ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶ᠋ᠢᠮᠠᠭ ᠬᠤᠲᠠ ᠬᠤᠰᠢᠭᠤ ᠰᠢᠶᠠᠨ᠎ᠤ ᠲᠥᠪ᠎ᠤᠨ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠢᠵᠢ ᠪᠥᠷᠢᠳᠦᠭᠦᠯᠬᠦ ᠪᠠᠯᠠ ᠮᠥᠩᠭᠦ ᠵᠢ ᠬᠦᠴᠦᠨ ᠥᠬᠡᠶ ᠪᠣᠯᠭ᠋ᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ᠎ᠪᠠᠷ ᠳᠠᠮᠵᠢᠭᠤᠯᠤᠨ ᠣᠷᠣᠯᠭ᠎ᠠ ᠵᠠᠷᠤᠯᠭ᠎ᠠ ᠵᠢ ᠬᠤᠶᠠᠷ ᠱᠤᠭᠤᠮ᠎ᠢ ᠬᠡᠷᠡᠭᠵᠢᠭᠦᠯᠵᠦ᠂ 《ᠤᠰᠤ᠎ᠪᠠᠷ ᠬᠥᠮᠦᠨ᠎ᠢ ᠲᠡᠵᠢᠭᠡᠬᠦ》 ᠬᠦᠴᠢᠷ ᠠᠰᠠᠭᠤᠳᠠᠯ᠎ᠢ ᠰᠢᠢ᠍ᠳᠪᠦᠷᠢᠯᠡᠪᠡ ᠁ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠢ ᠥᠪᠥᠷ ᠮᠣᠩᠭᠣᠯ᠎ᠤᠨ ᠤᠰᠤᠨ᠎ᠤ ᠲᠤᠤᠷ᠎ᠤᠨ ᠪᠦᠲᠦᠭᠡᠨ ᠪᠠᠶ᠋ᠢᠭᠤᠯᠤᠯᠲᠠ᠎ᠳᠤ ᠬᠦᠴᠦᠲᠡᠢ ᠪᠠᠲᠤᠯᠠᠭ᠎ᠠ ᠵᠢ ᠬᠠᠩᠭ᠋ᠠᠪᠠ᠃
(《ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ》᠎ᠠᠴᠠ ᠰᠢᠯᠵᠢᠭᠦᠯᠪᠡ ᠲᠤᠰ ᠰᠣᠨᠢᠨ᠎ᠤ ᠮᠡᠳᠡᠭᠡᠯᠡᠭᠴᠢ ᠾᠧᠦ ᠶᠠᠨ ᠵᠢᠶᠣᠣ)