ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠯᠪᠠᠨ ᠵᠢᠷᠤᠮ᠎ᠤᠨ ᠡᠮᠴᠢᠯᠡᠭᠡ ᠵᠢ ᠬᠦᠷᠭᠡᠵᠦ ᠦᠢ᠍ᠯᠡᠴᠢᠯᠡᠭᠡ᠎ᠨᠢ ᠬᠦᠮᠦᠰ᠎ᠤᠨ ᠰᠡᠳᠬᠢᠯ᠎ᠢ ᠳᠤᠯᠠᠭ᠋ᠠᠴᠠᠭᠤᠯᠪᠠ
ᠨᠡᠶ᠋ᠢᠲᠡᠯᠡᠭᠰᠡᠨ ᠴᠠᠭ᠄ 2024-11-07

   ᠥᠷᠭᠡᠨ ᠣᠯᠠᠨ ᠠᠵᠢᠯᠲᠠᠨ ᠠᠵᠢᠯᠴᠢᠨ᠎ᠤ ᠡᠷᠡᠭᠦᠯ ᠮᠡᠨᠳᠦ ᠵᠢᠨ ᠤᠬᠠᠮᠰᠠᠷ᠎ᠢ ᠳᠡᠭᠡᠭᠰᠢᠯᠡᠭᠦᠯᠵᠦ᠂ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠦᠨ᠂ ᠥᠷᠭᠡᠨ ᠣᠯᠠᠨ ᠠᠵᠢᠯᠲᠠᠨ ᠠᠵᠢᠯᠴᠢᠨ᠎ᠤ ᠪᠡᠶ᠎ᠡ ᠰᠡᠳᠬᠢᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ᠂ 11 ᠳ᠋ᠦ᠍ᠭᠡᠷ ᠰᠠᠷ᠎ᠠ ᠵᠢᠨ 6᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ᠂ ᠪᠠᠶ᠋ᠢᠭᠤᠯᠭ᠎ᠠ ᠵᠢᠨ ᠡᠮᠡᠭᠲᠡᠶ᠋ᠢᠴᠦᠳ᠎ᠤᠨ ᠵᠥᠪᠯᠡᠯ᠂ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ ᠠᠵᠢᠯᠴᠢᠨ᠎ᠤ ᠡᠪᠯᠡᠯ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ᠎ᠤᠨ ᠢ ᠹᠧᠩ ᠶᠤᠸᠠᠨ ᠺᠣᠮᠫᠠᠨᠢ ᠬᠠᠮᠵᠢᠯᠴᠠᠨ ᠡᠷᠭᠢᠯᠡᠵᠦ᠂ 《ᠨᠠᠮ᠎ᠤᠨ ᠪᠠᠶ᠋ᠢᠭᠤᠯᠤᠯᠲᠠ᠎ᠪᠠᠷ ᠡᠷᠡᠭᠦᠯ ᠮᠡᠨᠳᠦ ᠵᠢ ᠬᠠᠮᠠᠭ᠋ᠠᠯᠠᠬᠤ ᠠᠯᠪᠠᠨ ᠵᠢᠷᠤᠮ᠎ᠤᠨ ᠡᠮᠴᠢᠯᠡᠭᠡᠨ᠎ᠤ ᠦᠢ᠍ᠯᠡᠴᠢᠯᠡᠭᠡ᠎ᠪᠠᠷ ᠬᠥᠮᠦᠰ᠎ᠤᠨ ᠰᠡᠳᠬᠢᠯ᠎ᠢ ᠳᠤᠯᠠᠭ᠋ᠠᠴᠠᠭᠤᠯᠬᠤ》᠎ᠪᠠᠷ ᠭᠤᠤᠯ ᠰᠡᠳᠦᠪ ᠪᠣᠯᠭ᠋ᠠᠭᠰᠠᠨ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ᠃  ᠲᠣᠰ ᠤᠳᠠᠭ᠋ᠠᠨ᠎ᠤ ᠠᠯᠪᠠᠨ ᠵᠢᠷᠤᠮ᠎ᠤᠨ ᠡᠮᠴᠢᠯᠡᠭᠡ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠤᠷᠢᠶᠠᠨ᠎ᠤ ᠰᠢᠭᠡᠰᠦ ᠰᠢᠭᠦᠷᠡᠭᠦᠯᠬᠦ ᠭᠠᠳᠠᠷ ᠰᠠᠯᠠᠭ᠋ᠠᠨ᠎ᠤ ᠡᠷᠬᠢᠯᠡᠭᠴᠢ ᠵᠣᠣ ᠬᠠᠶ ᠲᠤᠤ ᠡᠮᠴᠢ ᠪᠠ ᠬᠠᠢ ᠹᠦ᠋ ᠵᠢᠨ ᠲᠥᠪ᠎ᠤᠨ ᠡᠷᠬᠢᠯᠡᠭᠴᠢ ᠬᠠᠨ ᠪᠸᠢ ᠡᠮᠴᠢ ᠪᠦᠯᠬᠦᠮ ᠳᠠᠭ᠋ᠠᠭᠤᠯᠤᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠢᠷᠡᠵᠦ ᠥᠷᠭᠡᠨ ᠣᠯᠠᠨ ᠠᠵᠢᠯᠲᠠᠨ ᠠᠵᠢᠯᠴᠢᠨ᠎ᠳᠤ ᠡᠷᠡᠭᠦᠯ ᠮᠡᠨᠳᠦ ᠵᠢᠨ ᠮᠡᠳᠡᠯᠭᠡ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠥᠷᠨᠢᠭᠦᠯᠬᠦ ᠵᠢᠨ ᠬᠠᠮᠲᠤ᠂ ᠰᠦᠢ᠍ᠳᠬᠡᠯ ᠬᠤᠷᠢᠶᠠᠬᠤ ᠥᠬᠡᠶ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ᠂ ᠲᠢᠩᠬᠢᠮ᠎ᠤᠨ ᠬᠠᠷᠢᠶ᠎ᠠ ᠨᠢᠭᠡᠴᠢ ᠵᠢᠴᠢ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ ᠠᠵᠢᠯᠲᠠᠨ ᠠᠵᠢᠯᠴᠢᠨ᠎ᠳᠤ ᠡᠷᠡᠭᠦᠯ ᠮᠡᠨᠳᠦ ᠵᠢᠨ ᠵᠥᠪᠯᠡᠯᠭᠡ ᠥᠭᠬᠦ ᠪᠠ ᠣᠨᠣᠰᠢᠯᠠᠨ ᠡᠮᠨᠡᠵᠦ᠂ ᠬᠠᠶ᠋ᠢᠷ᠎ᠠ ᠬᠠᠯᠠᠮᠵᠢ ᠵᠢ ᠳᠠᠮᠵᠢᠭᠤᠯᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠳᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠳᠠ ᠵᠢᠨ ᠲᠤᠷᠰᠢᠯᠲᠠ ᠵᠢᠨ ᠥᠷᠲᠡᠭᠡ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠵᠦ ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ᠎ᠳᠤ ᠬᠦᠴᠦᠨ ᠨᠡᠮᠡᠷᠢᠯᠡᠪᠡ
15 ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠪᠡ
ᠬᠠᠲᠤᠨ ᠭᠤᠤᠯ᠎ᠤᠨ ᠰᠦᠩ᠎ᠢ ᠰᠡᠷᠭᠡᠢ᠌ᠯᠡᠬᠦ ᠲᠤᠬᠠᠢ ᠬᠡᠳᠦᠢ ᠮᠡᠳᠡᠬᠦ ᠪᠤᠢ — ᠰᠦᠩ ᠬᠠᠯᠢᠶ᠎ᠠ ᠭᠡᠭᠴᠢ ᠴᠣᠬᠤᠮ ᠶᠠᠭᠤ ᠪᠤᠢ?
《ᠤᠰᠤ ᠵᠢ ᠠᠷᠪᠢᠯᠠᠨ ᠭᠠᠮᠨᠠᠬᠤ ᠲᠦᠷᠢᠮ》᠎ᠢ ᠤᠬᠠᠭᠤᠯᠤᠨ ᠲᠤᠭᠤᠰᠢᠯᠠᠭᠤᠯᠬᠤ — ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠵᠤ ᠬᠠᠤᠯᠢ ᠶᠣᠰᠣᠭ᠋ᠠᠷ ᠤᠰᠤ ᠵᠢ ᠵᠠᠰᠠᠵᠤ ᠤᠰᠤ ᠬᠠᠮᠢᠶᠠᠷᠬᠤ ᠵᠢ ᠬᠡᠷᠡᠭᠵᠢᠭᠦᠯᠪᠡ
ᠭᠠᠵᠠᠷ ᠳᠤᠤᠷᠠᠬᠢ ᠤᠰᠤᠨ ᠳᠠᠷᠤᠯᠲᠠ ᠵᠢᠨ ᠡᠬᠢ ᠰᠤᠷᠪᠤᠯᠵᠢ ᠵᠢ ᠨᠡᠭᠡᠭᠡᠨ ᠠᠰᠢᠭᠯᠠᠬᠤ᠎ᠳᠤ ᠣᠯᠠᠨ ᠲᠠᠯ᠎ᠠ᠎ᠪᠠᠷ ᠬᠦᠴᠦᠯᠡᠨ᠎ᠡ — ᠥᠪᠥᠷ ᠮᠣᠩᠭᠤᠯ᠎ᠤᠨ ᠣᠲᠤᠭ᠎ᠤᠨ ᠡᠮᠦᠨᠡᠲᠦ ᠬᠤᠰᠢᠭᠤ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠭᠰᠠᠨ ᠦᠷ᠎ᠡ ᠪᠦᠲᠦᠭᠡᠯ ᠵᠶ᠋ᠠᠨ ᠪᠡᠬᠢᠵᠢᠭᠦᠯᠪᠡ
 
            