ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠳᠠ ᠵᠢᠨ ᠲᠤᠷᠰᠢᠯᠲᠠ ᠵᠢᠨ ᠥᠷᠲᠡᠭᠡ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠵᠦ ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2024-11-21

   ᠡᠪᠦᠯ᠎ᠤᠨ ᠡᠬᠢᠨ᠎ᠤ ᠡᠪᠦᠯ᠎ᠤᠨ ᠤᠯᠠᠷᠢᠯ᠎ᠳᠤ᠂ ᠤᠯᠠᠭ᠋ᠠᠨᠴᠠᠪ ᠬᠤᠲᠠ ᠵᠢᠨ ᠯᠢᠶᠠᠩᠴᠧᠩ ᠰᠢᠶᠠᠨ᠎ᠤ ᠳᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠲᠠ ᠵᠢᠨ ᠲᠤᠷᠰᠢᠯᠲᠠ ᠵᠢᠨ ᠥᠷᠲᠡᠭᠡ ᠨᠠᠮᠤᠭᠤᠬᠠᠨ ᠪᠥᠭᠡᠳ ᠴᠡᠪᠡᠷ ᠰᠠᠢ᠌ᠬᠠᠨ ᠪᠠᠶ᠋ᠢᠵᠤ᠂ ᠲᠤᠷᠰᠢᠯᠲᠠ ᠵᠢᠨ ᠲᠠᠯᠠᠪᠤᠷ ᠳᠣᠲᠣᠷᠠᠬᠢ ᠲᠡᠷᠢ ᠲᠡᠭᠰᠢ ᠲᠣᠨᠤᠭ ᠲᠥᠬᠦᠭᠡᠷᠦᠮᠵᠢ᠎ᠨᠢ ᠨᠡᠷᠡᠨ᠎ᠤ ᠭᠡᠷᠡᠯ᠎ᠤᠨ ᠳᠣᠣᠷ᠎ᠠ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠤᠰᠤᠨ ᠠᠭᠤᠷ ᠨᠢᠭᠡᠪᠦᠷᠢ ᠵᠢᠨ ᠬᠤᠪᠢᠷᠠᠯᠲᠠ ᠵᠢ ᠨᠠᠷᠢᠨ ᠲᠡᠮᠳᠡᠭᠯᠡᠵᠦ᠂ ᠤᠰᠤᠨ ᠰᠢᠨᠵᠢᠯᠡᠭᠡᠨ᠎ᠤ ᠠᠵᠢᠯᠲᠠᠨ ᠰᠢᠭ ᠵᠶ᠋ᠡᠷ᠂ ᠨᠢᠭᠡ ᠲᠠᠯ᠎ᠠ ᠵᠢᠨ ᠭᠤᠤᠯ᠎ᠤᠨ ᠤᠰᠤ ᠵᠢ ᠬᠠᠮᠠᠭ᠋ᠠᠯᠠᠬᠤ ᠵᠢᠨ ᠲᠥᠯᠥᠭᠡ ᠥᠪᠡᠷ᠎ᠤᠨ ᠴᠢᠷᠮᠠᠶ᠋ᠢᠯᠭ᠎ᠠ᠎ᠪᠠᠨ ᠭᠠᠷᠭ᠋ᠠᠵᠤ ᠪᠠᠢ᠌ᠯ᠎ᠠ᠃


 

 

   ᠣᠶ᠋ᠢᠷ᠎ᠠ᠎ᠳᠤ᠂ ᠰᠤᠷᠪᠤᠯᠵᠢᠯᠠᠭᠴᠢ ᠤᠯᠠᠭ᠋ᠠᠨᠴᠠᠪ ᠬᠤᠲᠠ ᠵᠢᠨ ᠯᠢᠶᠠᠩᠴᠧᠩ ᠰᠢᠶᠠᠨ᠎ᠤ ᠳᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠲᠠ ᠵᠢᠨ ᠲᠤᠷᠰᠢᠯᠲᠠ ᠵᠢᠨ ᠥᠷᠲᠡᠭᠡ᠎ᠳᠤ ᠬᠦᠷᠴᠦ᠂ ᠲᠤᠷᠰᠢᠯᠲᠠ ᠵᠢᠨ ᠥᠷᠲᠡᠭᠡ ᠵᠢᠨ ᠪᠥᠲᠥᠭᠡᠨ ᠪᠠᠶ᠋ᠢᠭᠤᠯᠤᠯᠲᠠ᠂ ᠡᠵᠡᠩᠨᠡᠯᠲᠡ ᠵᠢᠴᠢ ᠳᠠᠭ᠎ᠠ ᠵᠢᠨ ᠨᠠᠭᠤᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠵᠠᠰᠠᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢ ᠣᠶ᠋ᠢᠯᠠᠭ᠋ᠠᠪᠠ᠃

   ᠳᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠳᠠ ᠵᠢᠨ ᠲᠤᠷᠰᠢᠯᠲᠠ ᠵᠢᠨ ᠥᠷᠲᠡᠭᠡ ᠵᠢ 2021 ᠣᠨ᠎ᠤ 12 ᠳ᠋ᠤᠭ᠋ᠠᠷ ᠰᠠᠷ᠎ᠠ᠎ᠳᠤ ᠡᠬᠢᠯᠡᠨ ᠪᠠᠶ᠋ᠢᠭᠤᠯᠵᠤ᠂ 2023 ᠣᠨ᠎ᠤ 3 ᠳ᠋ᠤᠭ᠋ᠠᠷ ᠰᠠᠷ᠎ᠠ᠎ᠳᠤ ᠪᠥᠬᠦ ᠪᠥᠲᠥᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠲᠤᠷᠰᠢᠯᠲᠠ ᠵᠢᠨ ᠥᠷᠲᠡᠭᠡ ᠵᠢ ᠨᠢᠭᠡᠨᠲᠡ 21 ᠰᠠᠷ᠎ᠠ ᠳᠠᠷᠠᠭ᠋ᠠᠯᠠᠨ ᠠᠵᠢᠭᠯᠠᠵᠤ᠂ ᠨᠡᠶ᠋ᠢᠲᠡ 27 ᠲᠦᠮᠡᠨ ᠵᠤᠷᠪᠤᠰ ᠲᠤᠭ᠎ᠠ ᠪᠠᠷᠢᠮᠲᠠ ᠴᠤᠭᠯᠠᠭᠤᠯᠵᠤ᠂ ᠡᠯ᠎ᠡ ᠲᠥᠬᠦᠭᠡᠷᠦᠮᠵᠢ ᠴᠥᠮ ᠬᠡᠪ᠎ᠤᠨ ᠶᠣᠰᠣᠭ᠋ᠠᠷ ᠠᠵᠢᠯᠯᠠᠵᠤ ᠪᠠᠶ᠋ᠢᠨ᠎ᠠ᠃  ᠲᠤᠷᠰᠢᠯᠲᠠ ᠵᠢᠨ ᠥᠷᠲᠡᠭᠡ ᠵᠢᠨ ᠣᠲᠣ ᠵᠢᠨ ᠪᠠᠶ᠋ᠢᠭ᠎ᠠ ᠵᠢᠩᠬᠢᠨᠢ ᠠᠵᠢᠯᠲᠠᠨ ᠵᠢᠷᠭᠤᠭ᠋ᠠᠨ ᠨᠡᠷᠡᠰ᠂ ᠲᠡᠳᠡᠨ᠎ᠤ ᠡᠳᠦᠷ ᠪᠦᠷᠢ ᠵᠢᠨ ᠭᠤᠤᠯ ᠠᠵᠢᠯ᠎ᠳᠤ ᠲᠥᠬᠦᠭᠡᠷᠦᠮᠵᠢ ᠵᠢᠨ ᠠᠵᠢᠭᠯᠠᠯᠲᠠ᠂ ᠪᠡᠯᠡᠳᠬᠡᠮᠵᠢ ᠲᠥᠬᠦᠭᠡᠷᠦᠮᠵᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭ᠋ᠠᠯᠠᠬᠤ ᠵᠢᠴᠢ ᠪᠠᠶ᠋ᠢᠴᠠᠭ᠋ᠠᠨ ᠬᠠᠮᠢᠶᠠᠷᠬᠤ ᠵᠢ ᠪᠠᠭᠲᠠᠭ᠋ᠠᠵᠤ᠂ ᠰᠠᠭᠤᠷᠢ ᠪᠡᠯᠡᠳᠬᠡᠮᠵᠢ ᠵᠢᠴᠢ ᠲᠥᠬᠦᠭᠡᠷᠦᠮᠵᠢ ᠵᠢᠨ ᠬᠡᠪ᠎ᠤᠨ ᠬᠡᠷᠡᠭᠯᠡᠯᠲᠡ ᠵᠢ ᠬᠢᠨᠠᠨ ᠬᠡᠮᠵᠢᠵᠦ᠂ ᠣᠷᠴᠢᠨ ᠲᠣᠭᠤᠷᠢᠨ᠎ᠢ ᠡᠪᠳᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃

   ᠲᠤᠷᠰᠢᠯᠲᠠ ᠵᠢᠨ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ᠎ᠨᠢ ᠳᠠᠭ᠎ᠠ ᠵᠢᠨ ᠨᠠᠭᠤᠷ᠎ᠤᠨ ᠠᠮᠢ ᠠᠬᠤᠶ ᠵᠢᠨ ᠶᠡᠷᠦᠩᠬᠡᠶ᠋ᠢᠯᠡᠭᠰᠡᠨ ᠵᠠᠰᠠᠯᠲᠠ᠎ᠳᠤ ᠬᠦᠴᠦᠲᠡᠶ ᠮᠡᠷᠭᠡᠵᠢᠯ᠎ᠤᠨ ᠳᠡᠮᠵᠢᠯᠭᠡ ᠪᠠ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃ ᠬᠠᠭᠤᠷᠠᠶ ᠳᠡᠭᠡᠷᠡᠬᠢ ᠤᠰᠤᠨ ᠭᠠᠳᠠᠷᠭᠤ ᠵᠢᠨ ᠠᠭᠤᠷᠰᠢᠯᠲᠠ ᠵᠢᠨ ᠲᠤᠷᠰᠢᠯᠲᠠ ᠵᠢᠨ ᠲᠠᠯᠠᠪᠠᠶ᠂ ᠭᠠᠵᠠᠷ᠎ᠤᠨ ᠳᠤᠮᠳᠠᠬᠢ ᠠᠭᠤᠷᠰᠢᠯᠲᠠ ᠵᠢᠨ ᠲᠤᠷᠰᠢᠯᠲᠠ ᠵᠢᠨ ᠲᠠᠯᠠᠪᠠᠶ ᠵᠡᠷᠭᠡ᠎ᠪᠠᠷ ᠳᠠᠮᠵᠢᠭᠤᠯᠤᠨ᠂ ᠲᠤᠷᠰᠢᠯᠲᠠ ᠵᠢᠨ ᠥᠷᠲᠡᠭᠡ᠎ᠨᠢ ᠳᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠳᠣᠲᠣᠷᠠᠬᠢ ᠤᠰᠤᠨ ᠭᠠᠳᠠᠷᠭᠤ ᠵᠢᠨ ᠠᠭᠤᠷᠰᠢᠯᠲᠠ ᠵᠢᠨ ᠵᠢᠮ᠎ᠡ ᠶᠣᠰᠣ ᠵᠢ ᠰᠤᠳᠤᠯᠵᠤ᠂ ᠴᠠᠭ ᠠᠭᠤᠷ᠎ᠤᠨ ᠬᠦᠴᠦᠨ ᠵᠦᠢ᠍ᠯ᠎ᠤᠨ ᠤᠰᠤᠨ᠎ᠤ ᠭᠠᠳᠠᠷᠭᠤ ᠠᠭᠤᠷᠰᠢᠬᠤ ᠪᠠ ᠤᠰᠤ ᠬᠦᠷᠦᠰᠦ ᠵᠢᠨ ᠤᠰᠤᠨ᠎ᠤ ᠠᠭᠤᠯᠤᠭᠳᠠᠴᠠ ᠵᠡᠷᠭᠡ ᠣᠯᠠᠨ ᠬᠦᠴᠦᠨ ᠵᠦᠢ᠍ᠯ᠎ᠤᠨ ᠨᠥᠯᠥᠭᠡᠯᠡᠬᠦ ᠵᠢᠮ᠎ᠡ ᠶᠣᠰᠣ ᠵᠢᠴᠢ ᠬᠠᠷᠢᠴᠠᠭ᠎ᠠ ᠵᠢ ᠵᠠᠳᠠᠯᠪᠠ᠃ ᠡᠳᠡᠭᠡᠷ ᠰᠤᠳᠤᠯᠭ᠋ᠠᠨ᠎ᠨᠢ ᠠᠭᠤᠷᠰᠢᠯᠲᠠ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠰᠦᠪᠡᠭᠴᠢᠯᠡᠨ᠂ ᠤᠰᠤᠨ᠎ᠤ ᠡᠬᠢ ᠪᠠᠶᠠᠯᠢᠭ᠎ᠤᠨ ᠠᠰᠢᠭᠯᠠᠮᠵᠢ ᠵᠢ ᠳᠡᠭᠡᠭᠰᠢᠯᠡᠭᠦᠯᠬᠦ᠎ᠳᠤ᠎ᠨᠢ ᠠᠰᠢᠭᠲᠠᠢ ᠪᠠᠶ᠋ᠢᠳᠠᠭ᠃ ᠡᠭᠦᠨ᠎ᠤ ᠬᠠᠮᠲᠤ᠂ ᠲᠤᠷᠰᠢᠯᠲᠠ ᠵᠢᠨ ᠥᠷᠲᠡᠭᠡ ᠪᠠᠰᠠ ᠤᠷᠭᠤᠮᠠᠯ᠎ᠤᠨ ᠬᠤᠴᠢᠯᠭ᠎ᠠ ᠵᠢᠨ ᠤᠰᠤ ᠠᠷᠪᠢᠯᠠᠬᠤ ᠵᠢᠮ᠎ᠡ ᠶᠣᠰᠣᠨ᠎ᠤ ᠰᠤᠳᠤᠯᠤᠯᠲᠠ᠎ᠪᠠᠷ ᠳᠠᠮᠵᠢᠭᠤᠯᠤᠨ᠂ ᠳᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠪᠠ ᠤᠰᠤ ᠬᠦᠷᠦᠰᠦ ᠵᠢ ᠬᠠᠮᠠᠭ᠋ᠠᠯᠠᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃


 


   ᠮᠡᠷᠭᠡᠵᠢᠯ᠎ᠤᠨ ᠲᠠᠯ᠎ᠠ᠎ᠪᠠᠷ ᠲᠤᠷᠰᠢᠯᠲᠠ ᠵᠢᠨ ᠥᠷᠲᠡᠭᠡ ᠪᠠᠰᠠ ᠳᠣᠪᠣᠶ᠋ᠢᠮ᠎ᠠ ᠠᠮᠵᠢᠯᠲᠠ ᠣᠯᠵᠠᠶ᠃ ᠵᠢᠱ᠌ᠢᠶᠡᠯᠡᠪᠡᠯ᠂ ᠬᠠᠭᠤᠷᠠᠢ ᠲᠡᠬᠡᠷᠡᠭᠢ ᠤᠰᠤᠨ᠎ᠤ ᠠᠭᠤᠷᠰᠢᠯᠲᠠ ᠵᠢ ᠪᠠᠭ᠋ᠠᠰᠬᠠᠬᠤ ᠲᠤᠷᠰᠢᠯᠲᠠ ᠵᠢᠨ ᠲᠠᠯᠠᠪᠠᠢ ᠵᠢᠨ ᠰᠤᠲᠤᠯᠭ᠋ᠠᠨ᠎ᠠᠴᠠ ᠦᠵᠡᠪᠡᠯ᠂ 8 ᠰᠠᠨᠲ᠋ᠢᠮᠧᠲᠷ ᠬᠠᠷ᠎ᠠ PE ᠪᠦᠮᠪᠦᠭᠡ᠎ᠨᠢ ᠤᠰᠤᠨ᠎ᠤ ᠭᠠᠳᠠᠷᠭᠤ᠎ᠳᠤ ᠠᠭᠤᠷᠰᠢᠭᠰᠠᠨ᠎ᠢ ᠬᠤᠷᠢᠬᠯᠠᠬᠤ ᠦᠷ᠎ᠡ ᠳ᠋ᠦᠩ᠎ᠨᠢ ᠬᠠᠮᠤᠭ ᠰᠠᠶ᠋ᠢᠨ ᠪᠠᠢ᠌ᠳᠠᠭ᠃ ᠬᠡᠷᠪᠡ 2021 ᠣᠨ᠎ᠤ 7 ᠳ᠋ᠤᠭ᠋ᠠᠷ ᠰᠠᠷ᠎ᠠ᠎ᠠᠴᠠ 2023 ᠣᠨ᠎ᠤ 10 ᠳ᠋ᠤᠭ᠋ᠠᠷ ᠰᠠᠷ᠎ᠠ ᠪᠣᠯᠲᠠᠯᠠᠬᠢ ᠬᠤᠭᠤᠴᠠᠭ᠋ᠠᠨ᠎ᠳᠤ ᠲᠣᠰ ᠮᠠᠲ᠋ᠧᠷᠢᠶᠠᠯ᠎ᠢ ᠬᠡᠷᠡᠭᠯᠡᠨ ᠳᠠᠭ᠎ᠠ ᠵᠢᠨ ᠨᠠᠭᠤᠷ᠎ᠲᠤ ᠪᠦᠷᠬᠦᠭᠦᠯᠪᠡᠯ᠂ ᠵᠢᠱ᠌ᠢᠯᠲᠡ᠎ᠪᠠᠷ 0.81 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠠᠭᠤᠷᠰᠢᠯᠲᠠ ᠵᠢᠨ ᠤᠰᠤᠨ᠎ᠤ ᠬᠡᠮᠵᠢᠶ᠎ᠡ ᠵᠢ ᠪᠠᠭ᠋ᠠᠰᠬᠠᠵᠤ ᠪᠣᠯᠤᠨ᠎ᠠ᠃ ᠡᠨᠡ ᠬᠦ᠌ ᠦᠷ᠎ᠡ ᠪᠦᠲᠦᠭᠡᠯ᠎ᠨᠢ ᠳᠠᠭ᠎ᠠ ᠵᠢᠨ ᠨᠠᠭᠤᠷ᠎ᠤᠨ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠ ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ᠎ᠳᠤ ᠬᠦᠴᠦᠲᠡᠶ ᠮᠡᠷᠭᠡᠵᠢᠯ᠎ᠤᠨ ᠳᠡᠮᠵᠢᠯᠭᠡ ᠬᠠᠩᠭ᠋ᠠᠭᠰᠠᠨ ᠪᠠᠶ᠋ᠢᠨ᠎ᠠ᠃


 



   ᠲᠤᠷᠰᠢᠯᠲᠠ ᠵᠢᠨ ᠥᠷᠲᠡᠭᠡ ᠪᠠᠶ᠋ᠢᠭᠤᠯᠤᠭᠳᠠᠭᠰᠠᠨ᠎ᠠᠴᠠ ᠨᠠᠭ᠋ᠠᠰᠢ ᠣᠯᠵᠤ ᠮᠡᠳᠡᠭᠰᠡᠨ ᠳᠠᠭ᠎ᠠ ᠵᠢᠨ ᠨᠠᠭᠤᠷ᠎ᠤᠨ ᠤᠰᠤᠨ᠎ᠤ ᠠᠭᠤᠷᠰᠢᠯᠲᠠ ᠵᠢᠨ ᠵᠢᠮ᠎ᠡ ᠶᠣᠰᠣᠨ᠎ᠤ ᠲᠤᠬᠠᠢ ᠶᠠᠷᠢᠬᠤ᠎ᠳᠠᠭᠠᠨ᠂ ᠲᠤᠷᠰᠢᠯᠲᠠ ᠵᠢᠨ ᠥᠷᠲᠡᠭᠡᠨ᠎ᠤ ᠠᠵᠢᠯᠲᠠᠨ ᠨᠢᠩ ᠬᠤᠸᠠᠢ ᠢᠦᠶ᠎ᠠᠴᠠ᠂ ᠡᠳᠦᠷ᠎ᠤᠨ ᠠᠭᠤᠷᠰᠢᠯᠲᠠ ᠵᠢᠨ ᠬᠡᠮᠵᠢᠶᠡᠨ᠎ᠤ ᠬᠤᠪᠢᠷᠠᠯᠲᠠ᠎ᠨᠢ ᠭᠤᠣᠯᠳᠠᠭᠤ ᠬᠠᠮᠤᠭ᠎ᠤᠨ ᠥᠨᠳᠥᠷ ᠠᠭ᠋ᠠᠷ᠎ᠤᠨ ᠳᠤᠯᠠᠭ᠋ᠠᠨ᠎ᠠᠴᠠ ᠲᠣᠭᠲᠠᠭ᠋ᠠᠭᠳᠠᠵᠤ᠂ ᠬᠠᠷᠢᠨ ᠳᠤᠮᠳᠠᠴᠢ ᠬᠠᠷᠢᠴᠠᠩᠭᠤᠢ ᠴᠢᠬᠢᠭ᠎ᠤᠨ ᠬᠡᠮᠵᠢᠶ᠎ᠡ᠎ᠨᠢ ᠤᠰᠤᠨ ᠠᠭᠤᠷ᠎ᠤᠨ ᠠᠭᠤᠯᠤᠭᠳᠠᠴᠠ ᠪᠠ ᠠᠭᠤᠷᠰᠢᠯᠲᠠ ᠵᠢᠨ ᠬᠡᠮᠵᠢᠶ᠎ᠡ ᠵᠢ ᠬᠡᠮᠵᠢᠬᠦ ᠬᠠᠷᠢᠴᠠᠭ᠋ᠠᠨ᠎ᠳᠤ ᠨᠡᠩ ᠲᠥᠯᠥᠭᠡᠯᠡᠬᠦ ᠴᠢᠨᠠᠷ᠎ᠲᠠᠢ ᠶᠤᠮ᠃ ᠡᠭᠦᠨ᠎ᠠᠴᠠ ᠭᠠᠳᠠᠨ᠎ᠠ᠂ ᠰᠠᠯᠬᠢᠨ᠎ᠤ ᠬᠤᠷᠳᠤᠴᠠ᠎ᠨᠢ ᠤᠯᠠᠮ ᠶᠡᠭᠡ᠂ ᠠᠭᠤᠷᠰᠢᠯᠲᠠ ᠵᠢᠨ ᠬᠡᠮᠵᠢᠶ᠎ᠡ᠎ᠨᠢ ᠤᠯᠠᠮ ᠶᠡᠭᠡ ᠪᠣᠯᠳᠠᠭ᠂ ᠭᠦᠨ ᠳᠠᠪᠬᠤᠷᠭ᠎ᠠ ᠵᠢᠨ ᠭᠠᠵᠠᠷ᠎ᠤᠨ ᠭᠠᠳᠠᠷᠭᠤ ᠵᠢᠨ ᠳᠤᠯᠠᠭ᠋ᠠᠨ᠎ᠤ ᠬᠡᠮᠵᠢᠶ᠎ᠡ ᠳᠡᠭᠡᠭᠰᠢᠯᠡᠬᠦ ᠦᠶ᠎ᠡ᠎ᠳᠤ ᠠᠭᠤᠷᠰᠢᠬᠤ ᠬᠡᠮᠵᠢᠶ᠎ᠡ᠎ᠨᠢ ᠪᠠᠭ᠋ᠠᠰᠳᠠᠭ᠂ ᠭᠠᠵᠠᠷ᠎ᠤᠨ ᠭᠠᠳᠠᠷᠭᠤ ᠵᠢᠨ ᠳᠤᠯᠠᠭ᠋ᠠᠨ᠎ᠤ ᠬᠡᠮᠵᠢᠶ᠎ᠡ ᠳᠡᠭᠡᠭᠰᠢᠯᠡᠬᠦ ᠦᠶ᠎ᠡ᠎ᠳᠤ ᠠᠭᠤᠷᠰᠢᠬᠤ ᠬᠡᠮᠵᠢᠶ᠎ᠡ᠎ᠨᠢ ᠢᠯᠡᠳᠲᠡ ᠨᠡᠮᠡᠭᠳᠡᠨ᠎ᠡ᠃ ᠡᠳᠡᠭᠡᠷ ᠵᠢᠮ᠎ᠡ ᠶᠣᠰᠣ᠎ᠨᠢ ᠳᠠᠭ᠎ᠠ ᠵᠢᠨ ᠨᠠᠭᠤᠷ᠎ᠤᠨ ᠤᠰᠤᠨ᠎ᠤ ᠡᠬᠢ ᠰᠤᠷᠪᠤᠯᠵᠢ ᠵᠢ ᠨᠡᠩ ᠰᠠᠶ᠋ᠢᠲᠤᠷ ᠣᠶ᠋ᠢᠯᠠᠭ᠋ᠠᠨ ᠬᠠᠮᠠᠭ᠋ᠠᠯᠠᠬᠤ᠎ᠳᠤ ᠴᠢᠬᠤᠯᠠ ᠦᠨᠳᠦᠰᠦᠯᠡᠯ ᠬᠠᠩᠭ᠋ᠠᠵᠠᠢ᠃


 


   ᠲᠤᠷᠰᠢᠯᠲᠠ ᠵᠢᠨ ᠥᠷᠲᠡᠭᠡᠨ᠎ᠤ ᠠᠵᠢᠯᠲᠠᠨ ᠸᠠᠩ ᠸᠧᠨ ᠡᠾᠦ᠋ᠢ ᠠᠮᠢᠳᠤᠯᠢᠭ ᠵᠢᠱ᠌ᠢᠶ᠎ᠡ᠎ᠪᠠᠷ ᠳᠠᠮᠵᠢᠭᠤᠯᠤᠨ ᠤᠩᠰᠢᠭᠴᠢᠳ᠎ᠲᠤ ᠲᠤᠷᠰᠢᠯᠲᠠ ᠵᠢᠨ ᠥᠷᠲᠡᠭᠡᠨ᠎ᠤ ᠠᠵᠢᠯ᠎ᠤᠨ ᠦᠨᠳᠦᠰᠦᠨ ᠤᠭ ᠶᠣᠰᠣ ᠵᠢ ᠲᠠᠨᠢᠯᠴᠠᠭᠤᠯᠪᠠ᠃ ᠲᠡᠷᠡ ᠲᠤᠷᠰᠢᠯᠲᠠ ᠵᠢᠨ ᠥᠷᠲᠡᠭᠡ᠎ᠨᠢ ᠶᠠᠭ ᠨᠢᠭᠡ ᠲᠣᠮᠣ ᠬᠡᠯᠪᠡᠷᠢ ᠵᠢᠨ 《ᠵᠢᠭ᠋ᠠᠰᠤᠨ ᠭᠠᠩ》 ᠵᠢᠴᠢ 《ᠬᠤᠸᠠᠷ᠎ᠤᠨ ᠫᠧᠩᠰᠡ》᠎ᠲᠠᠢ ᠠᠳᠠᠯᠢ ᠪᠠᠶ᠋ᠢᠵᠤ᠂ ᠡᠳᠦᠷ ᠪᠦᠷᠢ ᠵᠢᠨ ᠠᠭᠤᠷᠰᠢᠭᠰᠠᠨ ᠤᠰᠤᠨ᠎ᠤ ᠬᠡᠮᠵᠢᠶ᠎ᠡ ᠵᠢ ᠬᠡᠮᠵᠢᠬᠦ᠂ ᠰᠠᠯᠬᠢᠨ᠎ᠤ ᠴᠢᠭᠯᠡᠯ᠂ ᠰᠠᠯᠬᠢᠨ᠎ᠤ ᠬᠤᠷᠳᠤᠴᠠ᠂ ᠳᠤᠯᠠᠭ᠋ᠠᠨ᠎ᠤ ᠬᠡᠮᠵᠢᠶ᠎ᠡ᠂ ᠴᠢᠭᠢᠭ᠎ᠤᠨ ᠬᠡᠮᠵᠢᠶ᠎ᠡ ᠵᠡᠷᠭᠡ ᠴᠠᠭ ᠠᠭᠤᠷ᠎ᠤᠨ ᠬᠦᠴᠦᠨ ᠵᠦᠢ᠍ᠯ᠎ᠢ ᠲᠡᠮᠳᠡᠭᠯᠡᠬᠦ᠎ᠪᠠᠷ ᠳᠠᠮᠵᠢᠭᠤᠯᠤᠨ ᠢᠳᠡᠭ ᠢᠳᠡᠭ ᠵᠶ᠋ᠠᠷ ᠠᠭ᠋ᠠᠷ᠎ᠲᠤ ᠬᠡᠷᠬᠢᠨ ᠠᠷᠢᠯᠬᠤ ᠨᠢᠭᠤᠴᠠ ᠵᠢ ᠬᠠᠷᠠᠭᠤᠯᠳᠠᠭ᠃ ᠡᠨᠡ᠎ᠨᠢ ᠳᠠᠭ᠎ᠠ ᠵᠢᠨ ᠨᠠᠭᠤᠷ᠎ᠤᠨ ᠤᠰᠤᠨ᠎ᠤ ᠵᠦᠢ ᠵᠢᠨ ᠤᠷᠴᠢᠯ᠎ᠤᠨ ᠵᠢᠮ᠎ᠡ ᠶᠣᠰᠣ ᠵᠢ ᠣᠶ᠋ᠢᠯᠠᠭ᠋ᠠᠵᠤ ᠡᠵᠡᠮᠰᠢᠬᠦ ᠵᠢᠨ ᠤᠯᠠᠮ ᠵᠶ᠋ᠠᠷ ᠬᠤᠪᠣᠷ ᠨᠠᠨᠳᠢᠨ ᠤᠰᠤᠨ᠎ᠤ ᠡᠬᠢ ᠪᠠᠶᠠᠯᠢᠭ᠎ᠢ ᠨᠡᠩ ᠰᠠᠶ᠋ᠢᠲᠤᠷ ᠬᠠᠮᠠᠭ᠋ᠠᠯᠠᠨ ᠠᠰᠢᠭᠯᠠᠬᠤ᠎ᠳᠤ ᠠᠰᠢᠭᠲᠠᠢ ᠶᠤᠮ᠃


 


   ᠵᠠᠯᠠᠭᠤ ᠨᠢᠭᠡ ᠦᠶ᠎ᠡ ᠵᠢᠨ ᠠᠵᠢᠯᠲᠠᠨ ᠭᠦᠸᠸ ᠤᠤ ᠥᠪᠡᠷ᠎ᠤᠨ ᠤᠰᠤᠨ᠎ᠤ ᠠᠵᠢᠯ᠎ᠤᠨ ᠲᠤᠬᠠᠢ ᠲᠠᠨᠢᠯᠲᠠ ᠪᠠ ᠣᠶ᠋ᠢᠯᠠᠭ᠋ᠠᠯᠲᠠ᠎ᠪᠠᠨ ᠬᠤᠪᠢᠶᠠᠯᠴᠠᠪᠠ᠃ ᠲᠡᠷᠡ᠂ ᠬᠡᠳᠦᠶ᠋ᠢᠪᠡᠷ ᠤᠰᠤᠨ ᠵᠦᠢ ᠵᠢᠨ ᠠᠵᠢᠯ᠎ᠨᠢ ᠦᠵᠡᠬᠦ᠎ᠳᠤ ᠦᠭᠡ ᠳᠠᠭᠤᠨ ᠦᠭᠡᠢ ᠰᠢᠭ ᠪᠣᠯᠪᠠᠴᠤ ᠲᠡᠷᠡ᠎ᠨᠢ ᠤᠯᠤᠰ᠎ᠤᠨ ᠬᠥᠭᠵᠢᠯᠲᠡ᠎ᠲᠠᠢ ᠨᠢᠭᠲᠠ ᠬᠤᠯᠪᠣᠭ᠎ᠠ᠎ᠲᠠᠢ ᠶᠤᠮ᠃ ᠲᠡᠷᠡ ᠪᠣᠯ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢ ᠦᠨᠳᠦᠰᠦᠯᠡᠯ ᠮᠥᠨ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠪᠠᠲᠤ ᠴᠢᠩᠭ᠎ᠠ ᠰᠡᠷᠭᠡᠶ᠋ᠢᠯᠡᠯᠲᠡ ᠵᠢᠨ ᠱᠤᠭᠤᠮ ᠮᠥᠨ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠴᠢᠬᠤᠯᠠ ᠲᠤᠯᠭ᠋ᠠᠭᠤᠷᠢᠯᠠᠯ ᠮᠥᠨ᠂ ᠨᠡᠩ ᠴᠤ᠌ ᠤᠯᠤᠰ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃


 


   ᠬᠤᠪᠢᠶᠠᠷᠢ ᠲᠥᠪ᠎ᠤᠨ ᠰᠦᠯᠵᠢᠶᠡᠨ᠎ᠤ ᠰᠠᠯᠠᠭ᠋ᠠᠨ᠎ᠤ ᠳᠠᠷᠤᠭ᠎ᠠ ᠸᠠᠩ ᠴᠧᠨ ᠴᠧᠨ᠎ᠠᠴᠠ ᠲᠤᠷᠰᠢᠯᠲᠠ ᠵᠢᠨ ᠥᠷᠲᠡᠭᠡ ᠵᠢᠨ ᠲᠠᠷᠠᠭ᠋ᠠᠴᠢ ᠵᠢᠨ ᠠᠯᠬᠤᠮ᠎ᠤᠨ ᠬᠥᠭᠵᠢᠯᠲᠡ ᠵᠢᠨ ᠲᠥᠯᠥᠪᠯᠡᠭᠡ ᠵᠢ ᠲᠠᠨᠢᠯᠴᠠᠭᠤᠯᠪᠠ᠃ ᠲᠡᠷᠡ᠂ ᠲᠤᠷᠰᠢᠯᠲᠠ ᠵᠢᠨ ᠥᠷᠲᠡᠭᠡ᠎ᠨᠢ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ ᠬᠢᠭᠡᠳ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠶᠡᠭᠡ ᠳᠡᠭᠡᠳᠦ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ; ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠬᠤᠰᠢᠭᠤᠷᠠᠯ ᠮᠡᠷᠭᠡᠵᠢᠯ᠎ᠤᠨ ᠬᠥᠳᠡᠯᠦᠯ ᠪᠠᠶ᠋ᠢᠳᠠᠯ᠎ᠢ ᠠᠩᠬᠠᠷᠴᠤ᠂ ᠰᠢᠨ᠎ᠡ ᠮᠡᠷᠭᠡᠵᠢᠯ᠂ ᠰᠢᠨ᠎ᠡ ᠠᠷᠭ᠎ᠠ ᠵᠢ ᠢᠳᠡᠪᠬᠢᠲᠡᠶ᠎ᠪᠠᠷ ᠣᠷᠣᠭᠤᠯᠤᠨ ᠠᠪᠴᠢᠷᠠᠬᠤ ᠪᠠ ᠬᠡᠷᠡᠭᠯᠡᠨ᠎ᠡ; ᠰᠢᠨᠵᠢᠯᠡᠭᠡᠨ᠎ᠤ ᠰᠠᠯᠠᠭ᠎ᠠ ᠮᠥᠴᠢᠷ ᠠᠯᠤᠰᠯᠠᠨ  ᠰᠤᠳᠤᠯᠬᠤ ᠵᠢ ᠥᠷᠨᠢᠭᠦᠯᠵᠦ᠂ ᠴᠠᠭ ᠠᠭᠤᠷ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠯᠦᠭᠡ ᠵᠢᠨ ᠬᠤᠯᠪᠣᠭ᠋ᠠᠯᠠᠨ ᠬᠥᠳᠡᠯᠦᠯᠴᠡᠬᠦ ᠪᠠ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠎ᠠ ᠭᠡᠵᠦ ᠢᠯᠡᠳᠬᠡᠵᠡᠢ᠃ ᠡᠳᠡᠭᠡᠷ ᠲᠥᠯᠥᠪᠯᠡᠭᠡ ᠪᠠ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠤᠷᠰᠢᠯᠲᠠ ᠵᠢᠨ ᠥᠷᠲᠡᠭᠡ᠎ᠨᠢ ᠲᠡᠭᠦᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃

   ᠲᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠲᠠ ᠵᠢᠨ ᠲᠤᠷᠰᠢᠯᠲᠠ ᠵᠢᠨ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ᠎ᠨᠢ ᠠᠳᠠᠯᠢ ᠥᠷᠭᠡᠷᠢᠭ᠎ᠤᠨ ᠤᠰᠤᠨ ᠰᠢᠨᠵᠢᠯᠡᠭᠡᠨ᠎ᠤ ᠲᠤᠷᠰᠢᠯᠲᠠ ᠵᠢᠨ ᠥᠷᠲᠡᠭᠡ ᠵᠢᠨ ᠬᠢᠨᠠᠨ ᠬᠡᠮᠵᠢᠯᠲᠡ ᠵᠢᠨ ᠬᠤᠭᠤᠰᠣᠨ᠎ᠢ ᠨᠥᠬᠦᠪᠥᠷᠢᠯᠡᠭᠰᠡᠨ ᠵᠶ᠋ᠠᠷ ᠪᠠᠷᠠᠬᠤ ᠥᠬᠡᠶ᠂ ᠲᠠᠭ᠎ᠠ ᠵᠢᠨ ᠨᠠᠭᠤᠷ᠎ᠤᠨ ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ᠎ᠳᠤ ᠬᠦᠴᠦᠲᠡᠶ ᠮᠡᠷᠭᠡᠵᠢᠯ᠎ᠤᠨ ᠳᠡᠮᠵᠢᠯᠭᠡ ᠪᠠ ᠰᠢᠨᠵᠢᠯᠡᠬᠦ ᠤᠬᠠᠭ᠋ᠠᠨ᠎ᠤ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃ ᠢᠷᠡᠭᠡᠳᠦᠢ᠎ᠳᠤ ᠲᠤᠷᠰᠢᠯᠲᠠ ᠵᠢᠨ ᠥᠷᠲᠡᠭᠡ᠎ᠨᠢ ᠦᠷᠭᠦᠯᠵᠢᠯᠡᠨ ᠴᠢᠬᠤᠯᠠ ᠦᠢ᠍ᠯᠡᠳᠦᠯ ᠦᠵᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠬᠠᠮᠠᠭ᠋ᠠᠯᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠡᠢ᠃

  

  《ᠲᠠᠯ᠎ᠠ ᠨᠤᠲᠤᠭ᠎ᠤᠨ ᠡᠭᠦᠯᠡ》᠎ᠠᠴᠠ ᠰᠢᠯᠵᠢᠭᠦᠯᠪᠡ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠲᠥᠪ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠲᠥᠪ
          
ᠬᠠᠮᠢᠶ᠎ᠡ ᠪᠦᠬᠦᠢ ᠰᠣᠨᠢᠨ
15 ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠪᠡ
ᠬᠠᠲᠤᠨ ᠭᠤᠤᠯ᠎ᠤᠨ ᠰᠦᠩ᠎ᠢ ᠰᠡᠷᠭᠡᠢ᠌ᠯᠡᠬᠦ ᠲᠤᠬᠠᠢ ᠬᠡᠳᠦᠢ ᠮᠡᠳᠡᠬᠦ ᠪᠤᠢ — ᠰᠦᠩ ᠬᠠᠯᠢᠶ᠎ᠠ ᠭᠡᠭᠴᠢ ᠴᠣᠬᠤᠮ ᠶᠠᠭᠤ ᠪᠤᠢ?
《ᠤᠰᠤ ᠵᠢ ᠠᠷᠪᠢᠯᠠᠨ ᠭᠠᠮᠨᠠᠬᠤ ᠲᠦᠷᠢᠮ》᠎ᠢ ᠤᠬᠠᠭᠤᠯᠤᠨ ᠲᠤᠭᠤᠰᠢᠯᠠᠭᠤᠯᠬᠤ — ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠵᠤ ᠬᠠᠤᠯᠢ ᠶᠣᠰᠣᠭ᠋ᠠᠷ ᠤᠰᠤ ᠵᠢ ᠵᠠᠰᠠᠵᠤ ᠤᠰᠤ ᠬᠠᠮᠢᠶᠠᠷᠬᠤ ᠵᠢ ᠬᠡᠷᠡᠭᠵᠢᠭᠦᠯᠪᠡ
ᠭᠠᠵᠠᠷ ᠳᠤᠤᠷᠠᠬᠢ ᠤᠰᠤᠨ ᠳᠠᠷᠤᠯᠲᠠ ᠵᠢᠨ ᠡᠬᠢ ᠰᠤᠷᠪᠤᠯᠵᠢ ᠵᠢ ᠨᠡᠭᠡᠭᠡᠨ ᠠᠰᠢᠭᠯᠠᠬᠤ᠎ᠳᠤ ᠣᠯᠠᠨ ᠲᠠᠯ᠎ᠠ᠎ᠪᠠᠷ ᠬᠦᠴᠦᠯᠡᠨ᠎ᠡ — ᠥᠪᠥᠷ ᠮᠣᠩᠭᠤᠯ᠎ᠤᠨ ᠣᠲᠤᠭ᠎ᠤᠨ ᠡᠮᠦᠨᠡᠲᠦ ᠬᠤᠰᠢᠭᠤ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠭᠰᠠᠨ ᠦᠷ᠎ᠡ ᠪᠦᠲᠦᠭᠡᠯ ᠵᠶ᠋ᠠᠨ ᠪᠡᠬᠢᠵᠢᠭᠦᠯᠪᠡ
《ᠤᠰᠤ ᠵᠢ ᠠᠷᠪᠢᠯᠠᠨ ᠭᠠᠮᠨᠠᠬᠤ ᠲᠦᠷᠢᠮ》᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ
 
            