2024 ᠣᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠪᠠᠶ᠋ᠢᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠨ᠂ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢ᠍ᠴᠡᠳᠬᠡᠬᠦ ᠠᠵᠤ ᠠᠬᠤᠶ᠋ᠢᠯᠠᠯ ᠪᠠ ᠣᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠤᠪᠠᠵᠦ ᠬᠦᠰᠡᠵᠦ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠥᠭᠡᠷᠡᠴᠢᠯᠡᠯᠲᠡ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠤᠰᠤ ᠲᠠᠲᠠᠬᠤ ᠵᠥᠪᠰᠢᠶᠡᠷᠡᠯ᠂ ᠦᠶᠡᠷ᠎ᠤᠨ ᠨᠥᠯᠥᠭᠡ ᠵᠢ ᠦᠨᠡᠯᠡᠬᠦ ᠲᠥᠷᠥᠯ᠎ᠤᠨ ᠬᠢᠨᠠᠨ ᠵᠥᠪᠰᠢᠶᠡᠷᠡᠬᠦ ᠵᠡᠷᠭᠡ 15 ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ 49 ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠵᠦᠢ᠍ᠯ᠎ᠢ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠠ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠴᠣᠩᠬᠤᠪᠴᠢ᠎ᠳᠤ ᠲᠦᠰᠢᠭᠯᠡᠨ᠂ 《ᠣᠨᠳᠣᠤ ᠭᠠᠵᠠᠷ᠎ᠲᠤ ᠭᠥᠯᠢᠶᠡᠨ ᠠᠪᠴᠤ ᠰᠢᠢ᠍ᠳᠪᠦᠷᠢᠯᠡᠬᠦ᠂ ᠬᠠᠷᠢᠶ᠎ᠠ ᠭᠠᠵᠠᠷ᠎ᠲᠤᠨᠢ ᠭᠦᠢ᠍ᠴᠡᠳᠬᠡᠬᠦ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠪᠥᠬᠦ ᠣᠷᠣᠨ᠎ᠤ ᠨᠢᠭᠡᠳᠦᠯᠲᠡᠶ ᠠᠵᠢᠯ ᠶᠠᠪᠤᠳᠠᠯ ᠭᠦᠢ᠍ᠴᠡᠳᠭᠡᠬᠦ ᠪᠠᠷᠢᠮᠵᠢᠶ᠎ᠠ ᠵᠢ ᠵᠢᠷᠤᠮᠵᠢᠭᠤᠯᠵᠤ᠂ ᠭᠤᠶᠤᠴᠢᠯᠠᠭᠴᠢ ᠰᠦᠯᠵᠢᠶᠡᠨ ᠳᠡᠭᠡᠷᠡᠬᠢ ᠪᠥᠬᠦ ᠶᠠᠪᠤᠴᠠ ᠵᠢ ᠰᠦᠯᠵᠢᠶ᠎ᠡ᠎ᠪᠠᠷ ᠭᠦᠢ᠍ᠴᠡᠳᠭᠡᠬᠦ ᠵᠢ ᠰᠣᠩᠭᠤᠭᠰᠠᠨ ᠵᠶ᠋ᠠᠷ ᠪᠠᠷᠠᠬᠤ ᠥᠬᠡᠶ᠂ ᠪᠠᠰᠠ ᠰᠦᠯᠵᠢᠶᠡᠨ᠎ᠤ ᠭᠠᠳᠠᠭᠤᠷ ᠣᠶ᠋ᠢᠷ᠎ᠠ ᠬᠠᠪᠢ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠢ ᠰᠣᠩᠭᠤᠨ ᠭᠦᠢ᠍ᠴᠡᠳᠭᠡᠭᠰᠡᠨ ᠪᠤᠶᠤ ᠰᠢᠢ᠍ᠳᠪᠦᠷᠢᠯᠡᠭᠰᠡᠨ ᠦᠷ᠎ᠡ ᠳ᠋ᠦᠩ᠎ᠢ ᠠᠪᠴᠤ ᠪᠣᠯᠤᠨ᠎ᠠ᠂ ᠣᠷᠣᠨ ᠪᠦᠰᠡ᠂ ᠲᠠᠰ ᠳᠠᠪᠬᠤᠷᠭ᠎ᠠ᠂ ᠰᠠᠯᠠᠭ᠎ᠠ ᠮᠥᠴᠢᠷ᠎ᠤᠨ ᠬᠢᠵᠠᠭ᠋ᠠᠷᠯᠠᠯ᠎ᠢ ᠡᠪᠳᠡᠵᠦ᠂ ᠣᠨᠳᠣᠤ ᠭᠠᠵᠠᠷ᠎ᠲᠤ ᠠᠵᠢᠯ ᠶᠠᠪᠤᠳᠠᠯ ᠭᠦᠢ᠍ᠴᠡᠳᠭᠡᠬᠦ᠎ᠳᠤ 《ᠣᠯᠠᠨ ᠭᠠᠵᠠᠷ᠎ᠲᠤ ᠭᠦᠶᠦᠬᠦ》᠂ 《ᠪᠤᠴᠠᠵᠤ ᠭᠦᠶᠦᠬᠦ》 ᠠᠰᠠᠭᠤᠳᠠᠯ᠎ᠢ ᠰᠢᠢ᠍ᠳᠪᠦᠷᠢᠯᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠴᠢᠨᠠᠷ ᠰᠠᠶ᠋ᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠵᠥᠷᠢᠶ᠎ᠡ ᠥᠬᠡᠶ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠵᠤ᠂ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠵᠢᠨ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠪᠡ᠃