ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠠᠲᠤᠨ ᠭᠤᠤᠯ᠎ᠤᠨ ᠰᠦᠩ᠎ᠢ ᠰᠡᠷᠭᠡᠢ᠌ᠯᠡᠬᠦ ᠲᠤᠬᠠᠢ ᠬᠡᠳᠦᠢ ᠮᠡᠳᠡᠬᠦ ᠪᠤᠢ — ᠰᠦᠩ ᠬᠠᠯᠢᠶ᠎ᠠ ᠭᠡᠭᠴᠢ ᠴᠣᠬᠤᠮ ᠶᠠᠭᠤ ᠪᠤᠢ?
ᠨᠡᠶ᠋ᠢᠲᠡᠯᠡᠭᠰᠡᠨ ᠴᠠᠭ᠄ 2024-11-28

   ᠨᠢᠭᠡ᠂ ᠶᠠᠭᠤ ᠵᠢ ᠰᠥᠩ ᠬᠠᠯᠢᠶ᠎ᠠ ᠭᠡᠬᠦ ᠪᠤᠢ?

   ᠰᠥᠩ ᠬᠠᠯᠢᠶ᠎ᠠ ᠭᠡᠳᠡᠭ᠎ᠨᠢ ᠭᠣᠣᠯ ᠮᠥᠷᠡᠨ ᠬᠥᠯᠳᠡᠬᠦ᠎ᠠᠴᠠ ᠡᠮᠦᠨ᠎ᠡ᠂ ᠮᠥᠰᠥ ᠪᠣᠯᠣᠨ ᠭᠣᠣᠯ᠎ᠤᠨ ᠤᠰᠤ ᠬᠠᠮᠲᠤ ᠤᠷᠤᠰᠬᠤ ᠦᠵᠡᠭᠳᠡᠯ᠎ᠢ ᠵᠢᠭ᠋ᠠᠵᠤ ᠪᠠᠢ᠌ᠨ᠎ᠠ᠂ ᠪᠠᠰᠠ ᠭᠣᠣᠯ ᠮᠥᠷᠡᠨ ᠬᠠᠢ᠌ᠯᠤᠭᠰᠠᠨ᠎ᠤ ᠳᠠᠷᠠᠭ᠎ᠠ ᠮᠥᠰᠥ ᠤᠷᠤᠰᠬᠠᠯ ᠳᠠᠭ᠋ᠠᠤ ᠤᠷᠤᠰᠤᠨ ᠪᠠᠭᠤᠬᠤ ᠦᠵᠡᠭᠳᠡᠯ᠎ᠢ ᠵᠢᠭ᠋ᠠᠵᠤ ᠪᠠᠢ᠌ᠨ᠎ᠠ᠃ ᠤᠷᠤᠰᠴᠤ ᠪᠠᠢ᠌ᠭ᠎ᠠ ᠮᠥᠰᠥ ᠵᠢ ᠰᠥᠩ ᠭᠡᠳᠡᠭ ᠤᠴᠢᠷ᠎ᠠᠴᠠ ᠤᠰᠤ ᠪᠤᠶᠤ ᠤᠰᠤᠨ ᠳᠣᠲᠣᠷ᠎ᠠ ᠤᠰᠤ ᠵᠢ ᠳᠠᠭ᠋ᠠᠵᠤ ᠤᠷᠤᠰᠴᠤ ᠪᠠᠢ᠌ᠭ᠎ᠠ ᠮᠥᠰᠥ ᠵᠢ ᠰᠥᠩ ᠬᠠᠯᠢᠶ᠎ᠠ ᠭᠡᠳᠡᠭ᠃ ᠰᠥᠩ ᠬᠠᠯᠢᠶ᠎ᠠ᠎ᠨᠢ ᠡᠪᠦᠯ᠎ᠤᠨ ᠤᠯᠠᠷᠢᠯ᠎ᠳᠤ ᠮᠥᠰᠥ ᠬᠥᠯᠳᠡᠭᠰᠡᠨ ᠰᠥᠩ ᠬᠠᠯᠢᠶ᠎ᠠ ᠪᠠ ᠬᠠᠪᠤᠷ᠎ᠤᠨ ᠤᠯᠠᠷᠢᠯ᠎ᠳᠤ ᠭᠡᠰᠬᠦ ᠰᠥᠩ ᠬᠠᠯᠢᠶ᠎ᠠ ᠭᠡᠵᠦ ᠠᠩᠭᠢᠯᠠᠳᠠᠭ᠃ ᠡᠮᠦᠨᠡᠬᠢ ᠰᠥᠩ ᠬᠠᠯᠢᠶ᠎ᠠ᠎ᠨᠢ ᠮᠥᠰᠥ ᠪᠠ ᠮᠥᠰᠥᠨ᠎ᠳᠤ ᠬᠤᠷᠠᠭᠰᠠᠨ ᠵᠶ᠋ᠠᠷ ᠭᠣᠣᠯᠯᠠᠵᠤ᠂ ᠬᠣᠢ᠌ᠨᠠᠬᠢ᠎ᠨᠢ ᠮᠥᠰᠥ ᠬᠡᠮᠬᠡᠷᠡᠬᠦ᠎ᠪᠠᠷ ᠭᠣᠣᠯᠯᠠᠳᠠᠭ᠃ ᠬᠠᠲᠤᠨ ᠭᠣᠣᠯ᠎ᠤᠨ ᠤᠷᠤᠰᠬᠠᠯ᠎ᠤᠨ ᠰᠦᠩ᠎ᠤᠨ ᠦᠶ᠎ᠡ ᠵᠢᠨ ᠰᠦᠩ ᠬᠠᠯᠢᠶ᠎ᠠ᠎ᠨᠢ ᠬᠥᠯᠳᠡᠬᠦ᠎ᠠᠴᠠ ᠡᠮᠦᠨᠡᠬᠢ ᠰᠦᠩ ᠬᠠᠯᠢᠶ᠎ᠠ ᠵᠢ ᠵᠢᠭ᠋ᠠᠵᠤ ᠪᠠᠢ᠌ᠨ᠎ᠠ᠃

   ᠬᠣᠶᠠᠷ᠂ ᠬᠡᠵᠢᠶ᠎ᠡ ᠤᠷᠤᠰᠴᠤ ᠡᠬᠢᠯᠡᠬᠦ ᠪᠤᠢ?

   ᠬᠠᠲᠤᠨ ᠭᠤᠣᠯ᠎ᠤᠨ ᠰᠥᠩ ᠬᠠᠯᠢᠶ᠎ᠠ ᠡᠬᠢᠯᠡᠬᠦ ᠡᠳᠦᠷ ᠬᠤᠭᠤᠴᠠᠭ᠎ᠠ ᠭᠡᠳᠡᠭ᠎ᠨᠢ ᠬᠠᠲᠤᠨ ᠭᠤᠣᠯ᠎ᠤᠨ ᠬᠡᠰᠡᠭ ᠭᠠᠵᠠᠷ ᠪᠤᠶᠤ ᠣᠭᠲᠣᠯᠤᠭ᠋ᠠᠰᠤ᠎ᠳᠤ ᠠᠩᠬ᠎ᠠ ᠤᠳᠠᠭ᠎ᠠ ᠬᠠᠯᠢᠶ᠎ᠠ ᠭᠠᠷᠤᠭᠰᠠᠨ ᠡᠳᠦᠷ ᠬᠤᠭᠤᠴᠠᠭ᠎ᠠ ᠵᠢ ᠵᠢᠭ᠋ᠠᠵᠤ ᠪᠠᠶ᠋ᠢᠨ᠎ᠠ᠃ ᠬᠠᠲᠤᠨ ᠭᠤᠣᠯ᠎ᠳᠤ ᠶᠡᠷᠦ᠎ᠳᠤ᠎ᠪᠠᠨ ᠡᠷᠭᠢ ᠮᠥᠰᠥ ᠪᠤᠶᠤ ᠤᠰᠤᠨ ᠳᠣᠲᠣᠷᠠᠬᠢ ᠮᠥᠰᠥ ᠪᠤᠢ ᠪᠣᠯᠤᠭᠰᠠᠨ᠎ᠤ ᠳᠠᠷᠠᠭ᠋ᠠᠬᠢ 1 — 2 ᠡᠳᠦᠷ᠎ᠤᠨ ᠳᠣᠲᠣᠷ᠎ᠠ ᠬᠠᠯᠢᠶ᠎ᠠ ᠭᠠᠷᠳᠠᠭ᠃ ᠬᠠᠲᠤᠨ ᠭᠤᠤᠯ᠎ᠤᠨ ᠳᠡᠭᠡᠳᠦ ᠤᠷᠤᠰᠬᠠᠯ᠎ᠤᠨ ᠰᠦᠩ ᠬᠠᠯᠢᠶ᠎ᠠ ᠢᠯᠡᠷᠡᠬᠦ ᠴᠠᠭ᠎ᠨᠢ ᠵᠢᠯ ᠪᠦᠷᠢ ᠠᠳᠠᠯᠢ ᠦᠭᠡᠢ᠂ ᠰᠦᠩ ᠬᠠᠯᠢᠶ᠎ᠠ ᠵᠢᠨ ᠡᠬᠢᠯᠡᠬᠦ ᠴᠠᠭ᠎ᠨᠢ ᠠᠭ᠋ᠠᠷ᠎ᠤᠨ ᠳᠤᠯᠠᠭ᠋ᠠᠨ ᠵᠶ᠋ᠠᠷ ᠲᠣᠭᠲᠠᠭ᠋ᠠᠭᠳᠠᠵᠤ᠂ ᠥᠪᠥᠷ ᠮᠣᠩᠭᠤᠯ᠎ᠳᠠᠬᠢ ᠭᠤᠣᠯ᠎ᠤᠨ ᠬᠡᠰᠡᠭ᠎ᠤᠨ ᠰᠦᠩ ᠬᠠᠯᠢᠶ᠎ᠠ ᠵᠢᠨ ᠡᠬᠢᠯᠡᠬᠦ ᠴᠠᠭ᠎ᠨᠢ ᠶᠡᠷᠦ᠎ᠳᠤ᠎ᠪᠠᠨ ᠵᠢᠯ ᠪᠦᠷᠢ ᠵᠢᠨ 11 ᠳ᠋ᠦ᠍ᠭᠡᠷ ᠰᠠᠷ᠎ᠠ ᠵᠢᠨ ᠳᠤᠮᠳᠠᠴᠢ ᠬᠠᠭ᠋ᠠᠰ ᠵᠶ᠋ᠠᠷ ᠶᠠᠪᠤᠭᠳᠠᠨ᠎ᠠ᠃

   ᠭᠤᠷᠪᠠ᠂ ᠰᠦᠩ ᠬᠠᠯᠢᠶ᠎ᠠ ᠵᠢᠨ ᠬᠤᠭᠤᠴᠠᠭ᠎ᠠ ᠪᠠ ᠰᠦᠩ ᠬᠠᠯᠢᠶ᠎ᠠ ᠵᠢᠨ ᠦᠶᠡᠷ᠎ᠤᠨ ᠬᠠᠲᠤᠨ ᠭᠤᠣᠯ᠎ᠨᠢ ᠡᠬᠢᠯᠡᠵᠦ ᠰᠦᠩ ᠬᠠᠯᠢᠶ᠎ᠠ ᠭᠠᠷᠤᠭᠰᠠᠨ ᠡᠳᠦᠷ᠎ᠠᠴᠠ ᠡᠬᠢᠯᠡᠭᠡᠳ᠂ ᠬᠡᠰᠡᠭ ᠭᠠᠵᠠᠷ᠎ᠤᠨ ᠭᠤᠣᠯ ᠪᠤᠶᠤ ᠣᠭᠲᠣᠯᠤᠭ᠋ᠠᠰᠤ ᠵᠢ ᠬᠦᠯᠳᠡᠭᠡᠬᠦ ᠡᠳᠦᠷ ᠬᠦᠷᠲᠡᠯ᠎ᠡ᠂ ᠡᠭᠦᠨ᠎ᠢ ᠡᠨᠡ ᠬᠦ᠌ ᠨᠢᠭᠡ ᠴᠠᠭ᠎ᠤᠨ ᠬᠡᠰᠡᠭ᠎ᠢ ᠰᠦᠩ ᠬᠠᠯᠢᠶ᠎ᠠ ᠵᠢᠨ ᠬᠤᠭᠤᠴᠠᠭ᠎ᠠ ᠭᠡᠳᠡᠭ᠃ ᠰᠦᠩ ᠬᠠᠯᠢᠶ᠎ᠠ ᠵᠢᠨ ᠬᠤᠭᠤᠴᠠᠭ᠋ᠠᠨ᠎ᠤ ᠤᠷᠲᠤ ᠣᠬᠣᠷ᠎ᠨᠢ ᠠᠭ᠋ᠠᠷ᠎ᠤᠨ ᠳᠤᠯᠠᠭ᠋ᠠᠨ᠎ᠤ ᠬᠤᠪᠢᠷᠠᠯᠲᠠ ᠪᠠ ᠤᠷᠤᠰᠬᠠᠯ᠎ᠤᠨ ᠬᠡᠮᠵᠢᠶ᠎ᠡ ᠵᠢᠨ ᠶᠡᠬᠡ ᠪᠠᠭ᠎ᠠ᠎ᠠᠴᠠ ᠲᠣᠭᠲᠠᠭ᠋ᠠᠭᠳᠠᠨ᠎ᠠ᠂ ᠡᠭᠦᠨ᠎ᠳᠤ ᠠᠭ᠋ᠠᠷ᠎ᠤᠨ ᠳᠤᠯᠠᠭ᠋ᠠᠨ ᠪᠣᠯ ᠭᠣᠤᠯᠯᠠᠬᠤ ᠦᠢ᠍ᠯᠡᠳᠦᠯ ᠦᠵᠡᠭᠦᠯᠬᠦ ᠬᠦᠴᠦᠨ ᠵᠦᠢ᠍ᠯ ᠪᠣᠯᠬᠣᠷ᠂ ᠤᠷᠤᠰᠬᠠᠯ᠎ᠤᠨ ᠬᠡᠮᠵᠢᠶ᠎ᠡ ᠵᠢᠨ ᠶᠡᠬᠡ ᠪᠠᠭ᠎ᠠ᠎ᠨᠢ ᠬᠥᠯᠳᠡᠬᠦ ᠬᠤᠭᠤᠴᠠᠭ᠎ᠠ ᠵᠢ ᠤᠷᠢᠳᠴᠢᠯᠠᠬᠤ ᠪᠤᠶᠤ ᠬᠣᠶ᠋ᠢᠰᠢᠯᠠᠭᠤᠯᠵᠤ ᠪᠣᠯᠤᠨ᠎ᠠ᠃ ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠭᠤᠤᠯ᠎ᠤᠨ ᠬᠡᠰᠡᠭ᠎ᠤᠨ ᠰᠦᠩ ᠬᠠᠯᠢᠶ᠎ᠠ ᠵᠢᠨ ᠬᠤᠭᠤᠴᠠᠭ᠋ᠠᠨ᠎ᠤ ᠵᠢᠯ᠎ᠤᠨ ᠳᠤᠮᠳᠠᠴᠢ ᠬᠡᠮᠵᠢᠭᠳᠡᠯ᠎ᠨᠢ 13 ᠡᠳᠦᠷ (1971 ᠣᠨ᠎ᠠᠴᠠ 2020 ᠣᠨ ᠪᠣᠯᠲᠠᠯᠠᠬᠢ ᠳᠤᠮᠳᠠᠴᠢ ᠬᠡᠮᠵᠢᠭᠳᠡᠯ᠎ᠨᠢ 11 ᠳ᠋ᠦ᠍ᠭᠡᠷ ᠰᠠᠷ᠎ᠠ ᠵᠢᠨ 20᠎ᠤ ᠡᠳᠦᠷ᠎ᠤᠨ ᠲᠡᠷᠢᠭᠦᠨ᠎ᠤ ᠰᠦᠩ᠂ 12 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠲᠡᠷᠢᠭᠦᠨ᠎ᠤ ᠪᠢᠲᠡᠭᠦᠮᠵᠢ) ᠪᠤᠯᠤᠨ᠎ᠠ᠃

   ᠬᠠᠯᠢᠶ᠎ᠠ ᠦᠶᠡᠷ᠎ᠤᠨ ᠬᠤᠭᠤᠴᠠᠭ᠎ᠠ ᠵᠢ ᠪᠠᠰᠠ ᠰᠦᠩ᠎ᠤᠨ ᠪᠦᠭᠡᠮ ᠭᠡᠳᠡᠭ᠂ ᠲᠡᠷᠡ᠎ᠨᠢ ᠮᠥᠰᠥ ᠤᠰᠤ ᠵᠢ ᠬᠠᠰᠢᠭᠰᠠᠨ᠎ᠠᠴᠠ ᠪᠣᠯᠤᠭᠰᠠᠨ ᠭᠣᠣᠯ ᠮᠥᠷᠡᠨ᠎ᠤ ᠤᠰᠤ ᠥᠰᠬᠦ ᠦᠵᠡᠭᠳᠡᠯ ᠪᠤᠯᠤᠨ᠎ᠠ᠃ ᠳᠥᠭᠥᠮ ᠵᠶ᠋ᠠᠷ ᠬᠡᠯᠡᠪᠡᠯ᠂ ᠤᠰᠤᠨ᠎ᠤ ᠭᠠᠳᠠᠷᠭᠤ᠎ᠨᠢ ᠮᠥᠰᠥ ᠬᠡᠯᠪᠡᠷᠢ᠎ᠲᠠᠢ ᠪᠣᠯᠣᠭᠰᠠᠨ ᠪᠥᠭᠡᠳ ᠮᠥᠰᠥ᠎ᠨᠢ ᠬᠡᠰᠡᠭ ᠵᠶ᠋ᠠᠷ ᠰᠢᠷᠦᠭᠦᠰᠴᠦ᠂ ᠮᠥᠰᠥ᠎ᠨᠢ ᠳᠣᠣᠷᠠᠲᠤ ᠤᠷᠤᠰᠬᠠᠯ ᠥᠭᠡᠳᠡ ᠬᠥᠳᠡᠯᠭᠡᠭᠡᠨ ᠬᠢᠵᠦ᠂ ᠭᠣᠣᠯ᠎ᠤᠨ ᠳᠠᠯᠠᠩ ᠨᠠᠷᠢᠰᠬᠤ ᠦᠶᠡᠰ ᠮᠥᠰᠥ᠎ᠨᠢ ᠲᠠᠰᠤᠷᠠᠯᠲᠠ ᠦᠭᠡᠶ ᠣᠪᠣᠭ᠋ᠠᠷᠠᠵᠤ᠂ ᠬᠠᠰᠢᠯᠭ᠎ᠠ᠎ᠳᠤ ᠳᠡᠩᠳᠡᠭᠦᠦ ᠶᠡᠬᠡ ᠳᠠᠷᠤᠯᠲᠠ ᠪᠣᠯᠵᠤ᠂ ᠬᠠᠯᠢᠶ᠎ᠠ ᠦᠶᠡᠷ ᠡᠭᠦᠰᠦᠨ᠎ᠡ᠃ ᠰᠥᠩ᠎ᠨᠢ ᠵᠠᠷᠢᠮ᠎ᠳᠠᠭᠠᠨ ᠮᠥᠰᠥᠨ ᠤᠷᠤᠯᠳᠤᠭ᠋ᠠᠨ ᠪᠤᠶᠤ ᠮᠥᠰᠥᠨ ᠬᠠᠰᠢᠯᠭ᠎ᠠ ᠪᠣᠯᠣᠨ ᠬᠤᠷᠠᠵᠤ᠂ ᠤᠰᠤᠨ᠎ᠤ ᠲᠦᠪᠰᠢᠨ᠎ᠢ ᠶᠡᠬᠡ ᠬᠡᠮᠵᠢᠶ᠎ᠡ᠎ᠪᠠᠷ ᠥᠨᠳᠥᠷ ᠪᠣᠯᠭ᠋ᠠᠵᠤ᠂ ᠬᠠᠮᠤᠭ ᠡᠴᠦᠰ᠎ᠲᠤ ᠰᠠᠢ᠌ᠷᠭ᠋ᠠᠯ ᠪᠤᠶᠤ ᠳᠠᠯᠠᠩ ᠰᠡᠲᠡᠷᠡᠬᠦ ᠵᠢ ᠰᠥᠩ ᠦᠶᠡᠷ ᠭᠡᠳᠡᠭ᠃

  2024 — 2025 ᠣᠨ᠎ᠤ ᠬᠠᠲᠤᠨ ᠭᠤᠤᠯ᠎ᠤᠨ ᠥᠪᠥᠷ ᠮᠣᠩᠭᠤᠯ᠎ᠳᠠᠬᠢ ᠭᠤᠤᠯ᠎ᠤᠨ ᠬᠡᠰᠡᠭ᠎ᠤᠨ ᠦᠶᠡᠷ᠎ᠤᠨ ᠬᠤᠭᠤᠴᠠᠭ᠋ᠠᠨ᠎ᠤ ᠡᠬᠢᠯᠡᠨ ᠤᠷᠤᠰᠬᠤ ᠴᠠᠭ᠎ᠨᠢ 2024 ᠣᠨ᠎ᠤ 11 ᠳ᠋ᠦ᠍ᠭᠡᠷ ᠰᠠᠷ᠎ᠠ ᠵᠢᠨ 27᠎ᠤ ᠡᠳᠦᠷ ᠪᠣᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠤᠰᠤ ᠵᠢ ᠠᠷᠪᠢᠯᠠᠨ ᠭᠠᠮᠨᠠᠬᠤ ᠲᠦᠷᠢᠮ》᠎ᠢ ᠤᠬᠠᠭᠤᠯᠤᠨ ᠲᠤᠭᠤᠰᠢᠯᠠᠭᠤᠯᠬᠤ — ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠵᠤ ᠬᠠᠤᠯᠢ ᠶᠣᠰᠣᠭ᠋ᠠᠷ ᠤᠰᠤ ᠵᠢ ᠵᠠᠰᠠᠵᠤ ᠤᠰᠤ ᠬᠠᠮᠢᠶᠠᠷᠬᠤ ᠵᠢ ᠬᠡᠷᠡᠭᠵᠢᠭᠦᠯᠪᠡ
ᠭᠠᠵᠠᠷ ᠳᠤᠤᠷᠠᠬᠢ ᠤᠰᠤᠨ ᠳᠠᠷᠤᠯᠲᠠ ᠵᠢᠨ ᠡᠬᠢ ᠰᠤᠷᠪᠤᠯᠵᠢ ᠵᠢ ᠨᠡᠭᠡᠭᠡᠨ ᠠᠰᠢᠭᠯᠠᠬᠤ᠎ᠳᠤ ᠣᠯᠠᠨ ᠲᠠᠯ᠎ᠠ᠎ᠪᠠᠷ ᠬᠦᠴᠦᠯᠡᠨ᠎ᠡ — ᠥᠪᠥᠷ ᠮᠣᠩᠭᠤᠯ᠎ᠤᠨ ᠣᠲᠤᠭ᠎ᠤᠨ ᠡᠮᠦᠨᠡᠲᠦ ᠬᠤᠰᠢᠭᠤ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠭᠰᠠᠨ ᠦᠷ᠎ᠡ ᠪᠦᠲᠦᠭᠡᠯ ᠵᠶ᠋ᠠᠨ ᠪᠡᠬᠢᠵᠢᠭᠦᠯᠪᠡ
《ᠤᠰᠤ ᠵᠢ ᠠᠷᠪᠢᠯᠠᠨ ᠭᠠᠮᠨᠠᠬᠤ ᠲᠦᠷᠢᠮ》᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ
ᠬᠠᠲᠤᠨ ᠭᠤᠤᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠥᠷ ᠮᠣᠩᠭᠤᠯ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠵᠢ ᠴᠢᠩᠭ᠋ᠠᠳᠬᠠᠪᠠ
 
            