ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠣᠰᠤᠨ᠎ᠤ ᠡᠳᠦᠷ ᠤᠰᠤᠨ᠎ᠤ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠦᠪᠡᠳᠡᠭᠰᠢ ᠶᠡᠭᠡ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2024-03-26

  3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠤᠯ᠎ᠤᠨ ᠮᠦᠽᠧᠶ ᠵᠢᠨ ᠠᠭᠤᠳᠠᠮ ᠲᠠᠯᠠᠪᠠᠶ᠎ᠳᠤ᠂ 《ᠤᠰᠤᠨ᠎ᠤ ᠡᠬᠢ ᠪᠠᠶᠠᠯᠢᠭ᠎ᠢ ᠨᠠᠨᠳᠢᠩᠨᠠᠨ ᠬᠠᠶ᠋ᠢᠷᠠᠯᠠᠵᠤ᠂ ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠵᠢ ᠬᠠᠮᠲᠤ᠎ᠪᠠᠷ ᠪᠥᠲᠥᠭᠡᠨ ᠪᠠᠶ᠋ᠢᠭᠤᠯᠬᠤ》 ᠤᠷᠢᠶᠠᠮᠠᠯ ᠲᠡᠩᠭᠡᠯᠢᠭ᠎ᠢ ᠠᠯᠭᠤᠷᠬᠠᠨ ᠨᠡᠭᠡᠭᠡᠬᠦ ᠵᠢ ᠳᠠᠭ᠋ᠠᠯᠳᠤᠨ᠂ ᠥᠪᠥᠷ ᠮᠣᠩᠭᠤᠯ 2024 ᠣᠨ᠎ᠤ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠵᠢᠩᠬᠢᠨᠢ᠎ᠪᠠᠷ ᠡᠬᠢᠯᠡᠭᠦᠯᠬᠦ ᠵᠢᠨ ᠬᠠᠮᠲᠤ 《ᠤᠰᠤ ᠠᠷᠪᠢᠯᠠᠬᠤ ᠳᠤᠮᠳᠠᠳᠤ ᠤᠯᠤᠰ᠎ᠤᠨ ᠠᠶᠠᠯᠠᠯ》 ᠵᠢᠴᠢ ᠲᠠᠪᠤᠳᠤᠭ᠋ᠠᠷ ᠬᠤᠭᠤᠴᠠᠭ᠋ᠠᠨ᠎ᠤ 《ᠤᠰᠤ ᠠᠷᠪᠢᠯᠠᠬᠤ ᠥᠪᠥᠷ ᠮᠣᠩᠭᠤᠯ  ᠪᠢᠳᠡᠨ᠎ᠤ ᠠᠵᠢᠯᠯᠠᠭ᠎ᠠ》 ᠭᠡᠬᠦ ᠭᠤᠤᠯ ᠰᠡᠳᠦᠪᠲᠦ ᠤᠬᠠᠭᠤᠯᠭ᠎ᠠ ᠵᠢᠨ ᠶᠣᠰᠣᠯᠠᠯ᠎ᠢ ᠡᠬᠢᠯᠡᠭᠦᠯᠪᠡ᠃


内蒙古水日水周宣传活动精彩迭起1.png


  3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠳᠡᠯᠡᠬᠡᠶ ᠵᠢᠨ ᠤᠰᠤᠨ᠎ᠤ ᠡᠳᠦᠷ · ᠳᠤᠮᠳᠠᠳᠤ ᠤᠯᠤᠰ᠎ᠤᠨ ᠤᠰᠤᠨ᠎ᠤ ᠭᠠᠷᠠᠭ᠎ᠤᠨ ᠡᠬᠢᠯᠡᠯᠲᠡ ᠵᠢᠨ ᠶᠣᠰᠣᠯᠠᠯ ᠥᠪᠥᠷ ᠮᠣᠩᠭᠤᠯ᠎ᠤᠨ ᠮᠦᠽᠧᠶ ᠵᠢᠨ ᠬᠦᠷᠢᠶᠡᠯᠡᠩ᠎ᠳᠤ ᠶᠠᠪᠤᠭᠳᠠᠪᠠ

   ᠲᠤᠬᠠᠢ ᠵᠢᠨ ᠲᠠᠯᠠᠪᠠᠢ᠎ᠳᠤ᠂ ᠬᠤᠶᠠᠷ ᠲᠠᠯ᠎ᠠ᠎ᠪᠠᠷ ᠲᠡᠷᠢ ᠲᠡᠭᠰᠢ ᠲᠠᠯᠪᠢᠵᠤ ᠪᠠᠶ᠋ᠢᠭ᠎ᠠ ᠤᠰᠤᠨ᠎ᠤ ᠡᠬᠢ ᠪᠠᠶᠠᠯᠢᠭ᠂ ᠤᠰᠤ ᠰᠢᠷᠣᠢ ᠵᠢ ᠬᠠᠮᠠᠭ᠋ᠠᠯᠠᠬᠤ᠂ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠦᠵᠡᠰᠬᠦᠯᠡᠩᠲᠦ ᠰᠠᠶ᠋ᠢᠬᠠᠨ ᠭᠤᠣᠯ ᠮᠥᠷᠡᠨ ᠨᠠᠭᠤᠷ ᠴᠥᠭᠦᠷᠥᠮ᠎ᠤᠨ ᠠᠭᠤᠯᠭ᠎ᠠ ᠵᠢᠨ ᠦᠵᠡᠭᠦᠯᠭᠡ ᠵᠢᠨ ᠰᠠᠮᠪᠠᠷ᠎ᠠ ᠵᠢ ᠬᠤᠳᠠ ᠵᠢᠨ ᠠᠷᠠᠳ᠎ᠲᠤ ᠠᠪᠴᠢᠷᠠᠪᠠ; ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠰᠣᠨᠢᠨ ᠮᠡᠳᠡᠭᠡᠨ᠎ᠤ ᠤᠬᠠᠭᠤᠯᠬᠤ ᠬᠡᠯᠲᠡᠰ᠎ᠤᠨ ᠯᠢ ᠵᠢᠶᠠᠨ ᠭᠦᠸᠧ ᠦᠭᠡ ᠵᠤᠬᠢᠶᠠᠵᠤ᠂ ᠤᠷᠭᠢᠯ ᠠᠶ᠎ᠠ ᠵᠤᠬᠢᠶᠠᠵᠤ᠂ ᠲᠤᠰᠬᠠᠶ᠋ᠢᠯᠠᠨ ᠤᠰᠤ ᠠᠷᠪᠢᠯᠠᠬᠤ ᠵᠢᠨ ᠲᠥᠯᠥᠭᠡ ᠤᠬᠠᠭᠤᠯᠵᠤ ᠵᠣᠬᠢᠶᠠᠨ ᠪᠦᠲᠦᠭᠡᠭᠰᠡᠨ ᠳᠠᠭᠤᠤ᠎ᠨᠢ 《ᠴᠢᠮ᠎ᠠ᠎ᠠᠴᠠ ᠰᠠᠯᠵᠤ ᠴᠢᠳᠠᠬᠤ ᠦᠭᠡᠢ》 ᠭᠡᠬᠦ ᠳᠠᠭᠤᠤ᠎ᠨᠢ ᠬᠥᠮᠦᠰ᠎ᠤᠨ ᠠᠩᠬᠠᠷᠤᠯ᠎ᠢ ᠲᠠᠲᠠᠪᠠ;  ᠡᠭᠦᠨ᠎ᠤ ᠬᠠᠮᠲᠤ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠦᠯᠢᠴᠡᠩᠭᠦᠢ᠎ᠪᠠᠷ ᠲᠠᠶ᠋ᠢᠯᠪᠤᠷᠢᠯᠠᠵᠤ᠂ ᠬᠤᠳᠠ ᠵᠢᠨ ᠠᠷᠠᠳ ᠤᠯᠠᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠠᠮᠢ ᠠᠬᠤᠢ ᠵᠢᠨ ᠵᠠᠰᠠᠯᠲᠠ ᠵᠢᠨ ᠲᠠᠯ᠎ᠠ ᠵᠢᠨ ᠵᠥᠪᠯᠡᠯᠭᠡ ᠪᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠪᠡ᠃


内蒙古水日水周宣传活动精彩迭起2.png


   ᠠᠵᠢᠯᠯᠠᠭ᠎ᠠ ᠵᠢᠨ ᠲᠤᠬᠠᠶ ᠵᠢᠨ ᠲᠠᠯᠠᠪᠠᠢ᠎ᠳᠤ᠂ ᠠᠵᠢᠯᠲᠠᠳ ᠠᠵᠢᠯᠯᠠᠭ᠎ᠠ᠎ᠳᠤ ᠣᠷᠣᠯᠴᠠᠭᠰᠠᠨ ᠡᠬᠡ ᠪᠣᠯᠤᠨ ᠪᠢᠴᠢᠬᠠᠨ ᠨᠠᠶ᠋ᠢᠵᠠ ᠨᠠᠷ᠎ᠲᠤ ᠤᠰᠤ ᠠᠷᠪᠢᠯᠠᠬᠤ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠪᠠ

   ᠣᠶ᠋ᠢᠯᠠᠭ᠋ᠠᠭᠰᠠᠨ ᠵᠶ᠋ᠠᠷ᠂ ᠭᠤᠤᠯ ᠬᠤᠷᠠᠯ᠎ᠤᠨ ᠲᠠᠯᠠᠪᠠᠶ ᠵᠢᠨ ᠠᠵᠢᠯᠯᠠᠭ᠎ᠠ᠎ᠠᠴᠠ ᠭᠠᠳᠠᠨ᠎ᠠ᠂ ᠥᠪᠥᠷ ᠮᠣᠩᠭᠤᠯ᠎ᠤᠨ ᠬᠥᠬᠡᠬᠤᠲᠠ᠂ ᠤᠯᠠᠭ᠋ᠠᠨᠬᠠᠳᠠ ᠬᠤᠲᠠ ᠪᠣᠯᠤᠨ ᠲᠦᠩᠯᠢᠶᠣᠤ ᠬᠤᠲᠠ ᠭᠤᠷᠪᠠᠨ ᠭᠠᠵᠠᠷ᠎ᠤᠨ ᠸᠠᠨ ᠳ᠋ᠠ ᠠᠭᠤᠳᠠᠮ ᠲᠠᠯᠠᠪᠠᠶ᠎ᠳᠤ 7 ᠡᠳᠦᠷ᠎ᠤᠨ ᠬᠤᠭᠤᠴᠠᠭ᠎ᠠ᠎ᠲᠠᠢ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠵᠡᠷᠭᠡᠪᠡᠷ ᠥᠷᠨᠢᠭᠦᠯᠪᠡ᠃ ᠬᠤᠳᠠᠯᠳᠤᠭ᠋ᠠᠨ᠎ᠤ ᠲᠠᠯᠠᠪᠤᠷ᠎ᠲᠤ᠂ ᠬᠦᠷ ᠬᠥᠭᠵᠢᠶᠡᠨ᠎ᠲᠠᠢ ᠳᠠᠭᠤᠤ ᠪᠥᠵᠢᠭ᠎ᠤᠨ ᠲᠣᠭᠯᠠᠯᠲᠠ ᠪᠣᠯᠤᠨ ᠲᠤᠬᠠᠢ ᠵᠢᠨ ᠲᠠᠯᠠᠪᠠᠢ ᠵᠢᠨ ᠮᠡᠳᠡᠯᠭᠡ ᠵᠢᠨ ᠬᠠᠷᠢᠯᠴᠠᠭ᠎ᠠ᠎ᠨᠢ ᠬᠡᠷᠡᠭᠯᠡᠭᠴᠢᠳ᠎ᠤᠨ ᠠᠩᠬᠠᠷᠤᠯ᠎ᠢ ᠲᠠᠲᠠᠵᠤ ᠪᠠᠶ᠋ᠢᠯ᠎ᠠ᠃  ᠬᠤᠳᠠᠯᠳᠤᠭ᠋ᠠᠨ᠎ᠤ ᠲᠠᠯᠠᠪᠤᠷ᠎ᠲᠤ᠂ ᠬᠦᠷ ᠬᠥᠭᠵᠢᠶᠡᠨ᠎ᠲᠠᠢ ᠳᠠᠭᠤᠤ ᠪᠥᠵᠢᠭ᠎ᠤᠨ ᠲᠣᠭᠯᠠᠯᠲᠠ ᠪᠣᠯᠤᠨ ᠲᠤᠬᠠᠢ ᠵᠢᠨ ᠲᠠᠯᠠᠪᠠᠢ ᠵᠢᠨ ᠮᠡᠳᠡᠯᠭᠡ ᠵᠢᠨ ᠬᠠᠷᠢᠯᠴᠠᠭ᠎ᠠ᠎ᠨᠢ ᠬᠡᠷᠡᠭᠯᠡᠭᠴᠢᠳ᠎ᠤᠨ ᠠᠩᠬᠠᠷᠤᠯ᠎ᠢ ᠲᠠᠲᠠᠵᠤ ᠪᠠᠶ᠋ᠢᠯ᠎ᠠ᠃

  3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠭᠤᠣᠯ ᠬᠤᠷᠠᠯ᠎ᠤᠨ ᠲᠠᠯᠠᠪᠠᠢ ᠵᠢᠨ ᠡᠬᠢᠯᠡᠯᠲᠡ ᠵᠢᠨ ᠶᠣᠰᠣᠯᠠᠯ᠎ᠤᠨ ᠰᠢᠭᠤᠳ ᠨᠡᠪᠲᠡᠷᠡᠭᠦᠯᠭᠡ᠎ᠨᠢ ᠡᠬᠡ ᠪᠢᠴᠢᠭ ᠲᠠᠷᠬᠠᠭ᠋ᠠᠬᠤ ᠦᠶ᠎ᠡ ᠵᠢᠨ ᠪᠦᠷᠢᠳᠬᠡᠯ᠎ᠢ ᠦᠨᠳᠦᠰᠦᠯᠡᠪᠡᠯ᠂ ᠨᠢᠭᠡᠨᠲᠡ ᠰᠦᠯᠵᠢᠶᠡᠨ ᠳᠡᠭᠡᠷ᠎ᠡ 10 ᠲᠦᠮᠡᠨ + ᠬᠥᠮᠦᠨ ᠤᠳᠠᠭ᠎ᠠ ᠲᠣᠭᠤᠷᠢᠨ ᠦᠵᠡᠵᠦ ᠰᠣᠨᠢᠷᠬᠠᠪᠠ᠃


内蒙古水日水周宣传活动精彩迭起3.png


   ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠠᠵᠢᠯᠲᠠᠨ᠎ᠤ ᠵᠢᠯᠣᠭᠤᠳᠣᠯᠭ᠎ᠠ ᠳᠣᠤᠷ᠎ᠠ ᠠᠵᠢᠯᠯᠠᠭ᠎ᠠ ᠵᠢᠨ ᠠᠭᠤᠯᠭ᠎ᠠ ᠵᠢ ᠣᠶ᠋ᠢᠯᠠᠭ᠋ᠠᠵᠤ᠂ ᠤᠬᠠᠭᠤᠯᠭ᠎ᠠ ᠵᠢᠨ ᠪᠡᠯᠡᠭ ᠠᠪᠴᠤ ᠪᠠᠶ᠋ᠢᠨ᠎ᠠ

   ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠠᠵᠢᠯᠲᠠᠳ ᠲᠤᠬᠠᠢ ᠵᠢᠨ ᠲᠠᠯᠠᠪᠠᠢ᠎ᠳᠤ 2000 ᠭᠠᠷᠤᠢ ᠪᠠᠭᠰᠢ ᠰᠤᠷᠤᠭᠴᠢᠳ᠎ᠲᠠᠢ ᠬᠠᠮᠲᠤ ᠤᠰᠤ ᠠᠷᠪᠢᠯᠠᠬᠤ ᠤᠬᠠᠭᠤᠯᠭ᠎ᠠ ᠵᠢᠨ ᠹᠢᠯᠢᠮ᠎ᠢ ᠬᠠᠮᠲᠤᠪᠠᠷ ᠦᠵᠡᠵᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠪᠣᠯᠤᠨ ᠬᠠᠮᠠᠭ᠋ᠠᠯᠠᠯᠲᠠ ᠵᠡᠷᠭᠡ ᠠᠰᠠᠭᠤᠳᠠᠯ᠎ᠢ ᠬᠠᠮᠲᠤᠪᠠᠷ ᠰᠤᠳᠤᠯᠤᠨ ᠶᠠᠷᠢᠯᠴᠠᠪᠠ᠃  ᠲᠤᠬᠠᠢ ᠵᠢᠨ ᠲᠠᠯᠠᠪᠠᠢ᠎ᠳᠤ᠂ ᠶᠡᠭᠡ ᠰᠤᠷᠭ᠋ᠠᠭᠤᠯᠢ ᠵᠢᠨ ᠰᠤᠷᠤᠭᠴᠢᠳ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠠᠵᠢᠯᠲᠠᠳ᠎ᠲᠠᠢ ᠢᠳᠡᠪᠬᠢᠲᠡᠢ ᠬᠥᠳᠡᠯᠦᠯᠴᠡᠵᠦ᠂ ᠤᠬᠠᠭᠤᠯᠭ᠎ᠠ ᠵᠢᠨ ᠲᠠᠪᠴᠠᠩ᠎ᠤᠨ ᠡᠮᠦᠨ᠎ᠡ ᠴᠥᠮ ᠨᠠᠷᠢᠨ ᠬᠢᠨᠠᠮᠠᠭ᠋ᠠᠢ ᠰᠣᠨᠣᠰᠤᠭᠰᠠᠨ ᠪᠠ  ᠢᠷᠡᠭᠰᠡᠨ ᠰᠤᠷᠤᠭᠴᠢᠳ ᠮᠠᠰᠢ ᠬᠦᠷ ᠬᠥᠭᠵᠢᠶᠡᠨ᠎ᠲᠠᠢ ᠪᠠᠶ᠋ᠢᠯ᠎ᠠ᠃ ᠡᠭᠦᠨ᠎ᠤ ᠬᠠᠮᠲᠤ᠂ ᠥᠪᠥᠷ ᠮᠣᠩᠭᠤᠯ᠎ᠤᠨ ᠤᠶᠤᠲᠠᠳ᠎ᠤᠨ ᠤᠰᠤ ᠠᠷᠪᠢᠯᠠᠬᠤ ᠤᠬᠠᠭᠤᠯᠭ᠎ᠠ ᠵᠢᠨ ᠰᠢᠨ᠎ᠡ ᠵᠠᠭᠤᠴᠢᠯᠠᠭᠤᠷ᠎ᠤᠨ ᠤᠷᠤᠯᠳᠤᠭ᠋ᠠᠨ᠎ᠢ ᠵᠡᠷᠭᠡᠪᠡᠷ ᠡᠬᠢᠯᠡᠭᠦᠯᠪᠡ᠃

   ᠥᠪᠥᠷ ᠮᠣᠩᠭᠣᠯ ᠣᠷᠣᠨ᠎ᠤ ᠤᠰᠤᠨ᠎ᠤ ᠡᠬᠢ ᠪᠠᠶᠠᠯᠢᠭ ᠳᠤᠲᠠᠭᠳᠠᠵᠤ ᠪᠠᠢ᠌ᠭ᠎ᠠ ᠪᠣᠯᠬᠣᠷ᠂ ᠪᠦᠬᠦ ᠣᠷᠣᠨ᠎ᠤ ᠰᠤᠩᠭ᠋ᠠᠷᠢ ᠮᠦᠷᠡᠨ᠎ᠤ ᠰᠠᠪᠠ ᠭᠠᠵᠠᠷ᠎ᠤᠨ ᠬᠣᠶᠠᠷ ᠠᠢ᠌ᠮᠠᠭ ᠬᠣᠲᠠ᠎ᠠᠴᠠ ᠭᠠᠳᠠᠨ᠎ᠠ᠂ ᠲᠦᠩᠯᠢᠶᠣᠣ᠎ᠠᠴᠠ ᠪᠠᠷᠠᠭᠤᠨᠰᠢ 10 ᠠᠢ᠌ᠮᠠᠭ ᠬᠣᠲᠠ ᠵᠢᠨ ᠬᠥᠮᠦᠨ ᠪᠦᠷᠢ ᠵᠢᠨ ᠳᠤᠮᠳᠠᠴᠢ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ᠎ᠨᠢ ᠵᠥᠪᠬᠡᠨ 800 ᠪᠣᠰᠤᠭ᠎ᠠ ᠳᠥᠷᠪᠡᠯᠵᠢᠨ ᠮᠧᠲᠷ ᠣᠷᠴᠢᠮ ᠪᠠᠢ᠌ᠵᠤ᠂ ᠪᠠᠷᠤᠭ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ ᠵᠢᠨ 40% ᠪᠣᠯᠤᠨ᠎ᠠ᠂ ᠳᠡᠯᠡᠬᠡᠢ ᠨᠡᠢ᠌ᠲᠡ᠎ᠳᠤ ᠮᠡᠳᠡᠷᠡᠭᠳᠡᠭᠰᠡᠨ 1000 ᠪᠣᠰᠤᠭ᠎ᠠ ᠳᠥᠷᠪᠡᠯᠵᠢᠨ ᠮᠧᠲᠷ᠎ᠤᠨ ᠤᠰᠤ ᠳᠤᠲᠠᠭᠳᠠᠵᠤ ᠪᠠᠢ᠌ᠭ᠎ᠠ ᠱᠤᠭᠤᠮ᠂ ᠢᠯᠠᠩᠭᠤᠶ᠎ᠠ ᠬᠠᠲᠤᠨ ᠭᠣᠣᠯ᠎ᠤᠨ ᠰᠠᠪᠠ ᠭᠠᠵᠠᠷ᠎ᠲᠤ ᠬᠥᠮᠦᠨ ᠠᠮᠠ ᠲᠥᠪᠯᠡᠷᠡᠵᠦ᠂ ᠠᠭᠤᠷᠬᠠᠢ ᠵᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠠᠬᠤᠢ᠎ᠨᠢ ᠨᠡᠯᠢᠶᠡᠳ ᠲᠦᠷᠭᠡᠨ ᠬᠥᠭᠵᠢᠭᠰᠡᠨ ᠪᠣᠯᠬᠣᠷ᠂ ᠤᠰᠤ ᠳᠤᠲᠠᠭᠳᠠᠵᠤ ᠪᠠᠢ᠍ᠭ᠎ᠠ ᠠᠰᠠᠭᠤᠳᠠᠯ᠎ᠨᠢ ᠨᠡᠩ ᠬᠦᠨᠳᠦ ᠨᠣᠴᠢᠲᠠᠢ ᠪᠣᠯᠪᠠ᠃

  《ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠡᠷᠴᠢᠮᠵᠢᠭᠦᠯᠦᠨ ᠠᠰᠢᠭᠯᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠰᠤ᠎ᠪᠠᠷ ᠬᠤᠲᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠬᠥᠮᠦᠨ᠎ᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠨ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠭᠡ ᠬᠠᠲᠠᠭᠤ ᠬᠢᠵᠠᠭ᠋ᠠᠷᠯᠠᠯ ᠪᠣᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠵᠠᠳᠠᠯᠬᠤ ᠰᠡᠳᠬᠢᠬᠦᠶ ᠵᠢ ᠪᠠᠷᠢᠮᠲᠠᠯᠠᠨ᠂ ᠤᠰᠤᠨ᠎ᠤ ᠭᠠᠮᠰᠢᠭ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠤᠷᠢᠨ᠎ᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠯᠡᠵᠦ᠂ ᠪᠥᠬᠦ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠬᠠᠮᠠᠭ᠋ᠠᠯᠠᠬᠤ ᠪᠠ ᠡᠷᠴᠢᠮᠵᠢᠭᠦᠯᠦᠨ ᠠᠰᠢᠭᠯᠠᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠪᠠ》᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ ᠲᠤᠬᠠᠢ ᠵᠢᠨ ᠲᠠᠯᠠᠪᠠᠢ᠎ᠳᠤ ᠦᠭᠡ ᠶᠠᠷᠢᠪᠠ᠃

   ᠡᠨᠡ ᠵᠢᠯ᠂ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠲᠣᠭᠲᠠᠭ᠋ᠠᠭᠰᠠᠨ 《ᠳᠡᠯᠡᠬᠡᠢ ᠵᠢᠨ ᠤᠰᠤᠨ᠎ᠤ ᠡᠳᠦᠷ》᠎ᠤᠨ ᠭᠣᠣᠯ ᠰᠡᠳᠦᠪ᠎ᠨᠢ 《Water for Peace 》 (ᠤᠰᠤ᠎ᠪᠠᠷ ᠡᠩᠬᠡ ᠲᠠᠢ᠍ᠪᠤᠩ᠎ᠢ ᠠᠬᠢᠭᠤᠯᠬᠤ) ᠪᠣᠯᠤᠨ᠎ᠠ᠂ ᠮᠠᠨ᠎ᠤ ᠤᠯᠤᠰ 《ᠳᠡᠯᠡᠬᠡᠢ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ ᠭᠠᠷᠠᠭ》᠎ᠢ ᠳᠤᠷᠠᠰᠬᠠᠬᠤ ᠠᠵᠢᠯᠯᠠᠭ᠎ᠠ ᠵᠢᠨ ᠭᠣᠣᠯ ᠰᠡᠳᠦᠪ᠎ᠨᠢ 《ᠤᠰᠤᠨ᠎ᠤ ᠡᠬᠢ ᠪᠠᠶᠠᠯᠢᠭ᠎ᠢ ᠨᠠᠷᠢᠨ ᠨᠢᠭᠲᠠ ᠪᠣᠳᠣᠵᠤ ᠰᠠᠢ᠌ᠳᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠢ ᠰᠠᠢ᠌ᠳᠤᠷ ᠬᠠᠮᠢᠶᠠᠷᠬᠤ》 ᠪᠣᠯᠤᠨ᠎ᠠ᠃ ᠥᠪᠥᠷ ᠮᠣᠩᠭᠤᠯ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠤᠬᠠᠭᠤᠯᠭ᠎ᠠ ᠵᠢᠨ ᠭᠤᠣᠯ ᠰᠡᠳᠦᠪ ᠵᠶ᠋ᠠᠨ 《ᠤᠰᠤᠨ᠎ᠤ ᠡᠬᠢ ᠪᠠᠶᠠᠯᠢᠭ᠎ᠢ ᠨᠠᠨᠳᠢᠩᠨᠠᠨ ᠬᠠᠶ᠋ᠢᠷᠠᠯᠠᠵᠤ᠂ ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠵᠢ ᠬᠠᠮᠲᠤ᠎ᠪᠠᠷ ᠪᠦᠲᠦᠭᠡᠨ ᠪᠠᠶ᠋ᠢᠭᠤᠯᠬᠤ》᠎ᠪᠠᠷ ᠲᠣᠭᠲᠠᠭ᠋ᠠᠪᠠ᠃

   ᠥᠪᠥᠷ ᠮᠣᠩᠭᠤᠯ᠎ᠤᠨ ᠡᠯ᠎ᠡ ᠭᠠᠵᠠᠷ᠎ᠤᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠭᠤᠣᠯ ᠰᠡᠳᠦᠪ᠎ᠤᠨ ᠲᠣᠭᠤᠷᠢᠨ᠎ᠳᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠣᠨᠴᠠᠯᠢᠭ ᠵᠶ᠋ᠠᠨ ᠳᠣᠪᠤᠶ᠋ᠢᠯᠭ᠋ᠠᠵᠤ᠂ ᠨᠠᠷᠢᠨ ᠨᠢᠮᠪᠠᠶ ᠤᠬᠠᠭ᠋ᠠᠯᠠᠨ ᠰᠡᠳᠦᠵᠠᠢ᠃ ᠪᠤᠭᠤᠲᠤ ᠬᠤᠲᠠ 3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ᠂ ᠲᠤᠬᠠᠢ ᠵᠢᠨ ᠲᠠᠯᠠᠪᠠᠢ᠎ᠳᠤ ᠪᠤᠭᠤᠲᠤ ᠵᠢᠨ ᠪᠤᠯᠤᠳ ᠲᠡᠮᠤᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠪᠤᠭᠤᠲᠤ ᠵᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠰᠤ ᠠᠷᠪᠢᠯᠠᠬᠤ ᠳᠡᠭᠡᠳᠦ ᠰᠤᠷᠭ᠋ᠠᠭᠤᠯᠢ ᠵᠢᠨ ᠢᠷᠠᠭᠤ ᠠᠯᠳᠠᠷ᠎ᠤᠨ ᠴᠣᠯᠠ ᠣᠯᠭᠤᠭᠰᠠᠨ ᠪᠥᠭᠡᠳ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠰᠤ ᠠᠷᠪᠢᠯᠠᠬᠤ ᠡᠯᠴᠢᠨ ᠰᠠᠶ᠋ᠢᠳ᠎ᠤᠨ ᠲᠥᠯᠥᠭᠡᠯᠡᠭᠴᠢ᠎ᠳᠤ ᠢᠷᠠᠭᠤ ᠠᠯᠳᠠᠷ᠎ᠤᠨ ᠦᠨᠡᠮᠯᠡᠯ ᠣᠯᠭᠤᠵᠠᠢ᠃  ᠠᠯᠠᠱ᠌ᠠ ᠠᠶ᠋ᠢᠮᠠᠭ ᠬᠠᠷᠢᠨ ᠪᠢᠴᠢᠬᠠᠨ ᠨᠠᠶ᠋ᠢᠵᠠ ᠨᠠᠷ᠎ᠠᠴᠠ ᠡᠬᠢᠯᠡᠨ᠂ ᠵᠠᠯᠠᠭᠤᠴᠤᠳ ᠪᠠᠭ᠋ᠠᠴᠤᠳ ᠪᠣᠯᠤᠨ ᠬᠡᠦᠬᠡᠳ᠎ᠤᠨ ᠤᠰᠤ ᠠᠷᠪᠢᠯᠠᠬᠤ ᠤᠬᠠᠮᠰᠠᠷ᠎ᠢ ᠬᠥᠮᠦᠵᠢᠭᠦᠯᠵᠦ᠂ ᠪᠦᠬᠦ ᠠᠶ᠋ᠢᠮᠠᠭ᠎ᠤᠨ ᠳᠤᠮᠳᠠᠳᠤ ᠪᠠᠭ᠎ᠠ ᠰᠤᠷᠭ᠋ᠠᠭᠤᠯᠢ᠎ᠳᠤ ᠬᠠᠨᠳᠤᠭᠤᠯᠤᠨ 《ᠤᠰᠤᠨ᠎ᠤ ᠡᠬᠢ ᠪᠠᠶᠠᠯᠢᠭ᠎ᠢ ᠠᠷᠪᠢᠯᠠᠵᠤ ᠠᠯᠠᠱ᠌ᠠ ᠵᠢ ᠬᠠᠮᠠᠭ᠋ᠠᠯᠠᠶ᠎ᠠ》 ᠭᠡᠬᠦ ᠤᠬᠠᠭᠤᠯᠭ᠎ᠠ ᠵᠢᠨ ᠸᠢᠳᠢᠣ᠋ ᠵᠢ ᠨᠡᠪᠲᠡᠷᠡᠭᠦᠯᠬᠦ ᠵᠢᠨ ᠬᠠᠮᠲᠤ ᠬᠡᠦᠬᠡᠳ᠎ᠤᠨ ᠴᠡᠴᠡᠷᠯᠢᠭ᠎ᠲᠤ ᠣᠷᠣᠵᠤ 《ᠤᠰᠤ ᠵᠢ ᠠᠷᠪᠢᠯᠠᠵᠤ ᠬᠡᠷᠡᠭᠯᠡᠬᠦ ᠠᠵᠢᠯ᠎ᠢ ᠪᠢᠳᠡ ᠡᠬᠢᠯᠡᠨ ᠬᠢᠪᠡ》 ᠭᠡᠬᠦ ᠤᠬᠠᠭᠤᠯᠤᠨ ᠲᠠᠶ᠋ᠢᠯᠪᠤᠷᠢᠯᠠᠯᠲᠠ ᠥᠷᠨᠢᠭᠦᠯᠪᠡ᠃ ᠦᠬᠠᠶ ᠬᠤᠲᠠ ᠰᠦᠯᠵᠢᠶᠡᠨ ᠳᠡᠭᠡᠷᠡᠬᠢ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃

   ᠣᠶ᠋ᠢᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ ᠨᠡᠶ᠋ᠢᠲᠡ 1 ᠭᠠᠷᠠᠭ ᠣᠷᠴᠢᠮ ᠦᠷᠭᠦᠯᠵᠢᠯᠡᠨ᠎ᠡ᠃ ᠡᠨᠡ ᠬᠤᠭᠤᠴᠠᠭ᠋ᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠰᠤᠷᠭ᠋ᠠᠭᠤᠯᠢ᠂ ᠬᠤᠳᠠᠯᠳᠤᠭ᠋ᠠᠨ᠎ᠤ ᠲᠣᠭᠤᠷᠢᠭ᠂ ᠨᠡᠶ᠋ᠢᠭᠡᠮ ᠲᠣᠭᠤᠷᠢᠭ᠂ ᠴᠡᠴᠡᠷᠯᠢᠭ᠂ ᠬᠤᠰᠢᠭᠤ ᠰᠢᠶᠠᠨ ᠵᠶ᠋ᠠᠷ ᠬᠦᠷᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠣᠬᠤᠷ ᠴᠢᠮᠡᠭᠡ ᠲᠠᠷᠬᠠᠭ᠋ᠠᠬᠤ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠨᠡᠪᠲᠡᠷᠡᠭᠦᠯᠬᠦ᠂ ᠤᠰᠤ ᠠᠷᠪᠢᠯᠠᠬᠤ ᠤᠬᠠᠭᠤᠯᠭ᠎ᠠ ᠵᠢᠨ ᠹᠢᠯᠢᠮ ᠨᠡᠪᠲᠡᠷᠡᠭᠦᠯᠬᠦ᠂ ᠣᠬᠤᠷ ᠸᠢᠳᠢᠣ᠋᠂ ᠣᠷᠳᠣ ᠵᠢᠷᠤᠭ ᠵᠡᠷᠭᠡ ᠣᠯᠠᠨ ᠵᠦᠢ᠍ᠯ᠎ᠤᠨ ᠤᠬᠠᠭᠤᠯᠭ᠎ᠠ ᠵᠢᠨ ᠠᠷᠭ᠎ᠠ ᠮᠠᠶᠢᠭ᠎ᠢ ᠠᠪᠴᠤ᠂ ᠣᠷᠣᠨ᠎ᠤ ᠳᠣᠲᠣᠨ᠎ᠠ ᠭᠠᠳᠠᠨᠠᠬᠢ ᠭᠤᠤᠯ ᠪᠣᠯᠬᠤ ᠵᠠᠭᠤᠴᠢᠯᠠᠭᠤᠷ ᠵᠢᠴᠢ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠬᠦ ᠵᠡᠷᠭᠡ ᠠᠷᠭ᠎ᠠ ᠪᠠᠷᠢᠯ᠎ᠢ ᠠᠪᠴᠤ᠂ ᠳᠡᠭᠡᠳᠦ ᠰᠤᠷᠭ᠋ᠠᠭᠤᠯᠢ ᠵᠢᠨ ᠰᠤᠷᠤᠭᠴᠢ᠂ ᠥᠷᠭᠡᠨ ᠣᠯᠠᠨ ᠬᠤᠲᠠ ᠵᠢᠨ ᠠᠷᠠᠳ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ ᠪᠣᠯᠤᠨ ᠬᠥᠳᠡᠭᠡ ᠲᠣᠰᠬᠤᠨ᠎ᠤ ᠰᠠᠭᠤᠭ᠋ᠠᠯᠢ ᠠᠷᠠᠳ ᠵᠡᠷᠭᠡ ᠡᠯ᠎ᠡ ᠲᠥᠷᠥᠯ᠎ᠤᠨ ᠬᠠᠮᠲᠦ ᠨᠡᠢ᠌ᠲᠡ᠎ᠳᠤ ᠬᠠᠨᠳᠤᠭᠤᠯᠤᠨ᠂ ᠨᠡᠶ᠋ᠢᠳᠡᠮ ᠬᠠᠮᠤᠷᠬᠤ ᠮᠠᠶᠢᠭ᠎ᠤᠨ ᠤᠬᠠᠭᠤᠯᠭ᠎ᠠ ᠵᠢ ᠥᠷᠨᠢᠭᠦᠯᠦᠨ᠎ᠡ᠃


内蒙古水日水周宣传活动精彩迭起4.png


  3 ᠳ᠋ᠤᠭ᠋ᠠᠷ ᠰᠠᠷ᠎ᠠ ᠵᠢᠨ 23᠎ᠤ ᠡᠳᠦᠷ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠬᠦᠷᠢᠶᠡᠨ᠎ᠳᠤ ᠪᠠᠭᠰᠢ ᠰᠤᠷᠤᠭᠴᠢᠳ ᠤᠰᠤᠨ᠎ᠤ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ᠎ᠳᠤ ᠬᠠᠯᠠᠭᠤᠮᠰᠤᠭ ᠵᠶ᠋ᠠᠷ ᠣᠷᠣᠯᠴᠠᠪᠠ

   ᠥᠩᠭᠡᠷᠡᠭᠰᠡᠨ ᠵᠢᠯ᠎ᠤᠳ᠎ᠲᠠᠢ ᠠᠳᠠᠯᠢ ᠦᠭᠡᠢ᠎ᠨᠢ ᠭᠡᠪᠡᠯ᠂ 《ᠳᠡᠯᠡᠬᠡᠢ ᠵᠢᠨ ᠤᠰᠤᠨ᠎ᠤ ᠡᠳᠦᠷ》 ᠲᠤᠬᠠᠢ ᠵᠢᠨ ᠡᠳᠦᠷ᠎ᠲᠤ᠂ 《ᠬᠠᠲᠤᠨ ᠭᠤᠣᠯ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ》 ᠭᠤᠣᠯ ᠰᠡᠳᠦᠪᠲᠦ ᠶᠠᠷᠢᠯᠴᠠᠬᠤ ᠬᠤᠷᠠᠯ ᠬᠢᠭᠡᠳ 《ᠤᠰᠤ ᠠᠷᠪᠢᠯᠠᠬᠤ ᠳᠤᠮᠳᠠᠳᠤ ᠤᠯᠤᠰ᠎ᠤᠨ ᠠᠶᠠᠯᠠᠯ》 ᠵᠢᠴᠢ ᠲᠠᠪᠤᠳᠤᠭ᠋ᠠᠷ ᠬᠤᠭᠤᠴᠠᠭ᠋ᠠᠨ᠎ᠤ 《ᠤᠰᠤ ᠠᠷᠪᠢᠯᠠᠬᠤ ᠥᠪᠥᠷ ᠮᠣᠩᠭᠤᠯ  ᠪᠢᠳᠡᠨ᠎ᠤ ᠠᠵᠢᠯᠯᠠᠭ᠎ᠠ》 ᠭᠤᠣᠯ ᠰᠡᠳᠦᠪᠲᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠢ ᠵᠡᠷᠭᠡᠪᠡᠷ ᠥᠷᠨᠢᠭᠦᠯᠪᠡ; ᠬᠥᠬᠡᠬᠤᠲᠠ᠂ ᠪᠤᠭᠤᠲᠤ ᠬᠤᠲᠠ ᠵᠡᠷᠭᠡ ᠭᠠᠵᠠᠷ 《ᠮᠢᠩᠭ᠋ᠠᠨ ᠬᠤᠳᠠ ᠵᠢᠨ ᠪᠡᠯᠭᠡ ᠲᠡᠮᠳᠡᠭ᠎ᠤᠨ ᠤᠰᠤ ᠠᠷᠪᠢᠯᠠᠬᠤ 》  ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ᠃ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠬᠤᠭᠤᠴᠠᠭ᠋ᠠᠨ᠎ᠳᠤ᠂ ᠥᠪᠥᠷ ᠮᠣᠩᠭᠤᠯ ᠪᠠᠰᠠ 《ᠤᠰᠤ ᠵᠢ ᠠᠷᠪᠢᠯᠠᠵᠤ ᠤᠰᠤ ᠵᠢ ᠬᠠᠶ᠋ᠢᠷᠠᠯᠠᠬᠤ᠂ ᠬᠠᠤᠯᠢ᠎ᠪᠠᠷ ᠤᠰᠤ ᠵᠢ ᠵᠠᠰᠠᠬᠤ》 ᠭᠤᠤᠯ ᠰᠡᠳᠦᠪᠲᠦ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ 《ᠤᠰᠤᠨ᠎ᠤ ᠭᠠᠷᠠᠭ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠡᠳᠦᠪ ᠬᠠᠷᠢᠭᠤᠯᠬᠤ》 ᠠᠵᠢᠯᠯᠠᠭ᠎ᠠ ᠪᠠ ᠰᠤᠷᠭ᠋ᠠᠭᠤᠯᠢ ᠵᠢᠨ ᠬᠦᠷᠢᠶ᠎ᠡ᠂ ᠦᠨᠳᠦᠰᠦᠨ ᠱᠠᠲᠤᠨ᠎ᠤ ᠨᠢᠭᠡᠴᠢ ᠵᠡᠷᠭᠡ ᠬᠡᠯᠪᠡᠷᠢ᠎ᠪᠠᠷ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠢᠭᠰᠡᠨ ᠪᠥᠭᠡᠳ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠫᠠᠶ᠋ᠢᠰᠠ ᠰᠡᠬᠦᠬᠦ ᠶᠣᠰᠣᠯᠠᠯ᠎ᠢ ᠡᠷᠭᠢᠯᠡᠪᠡ᠃

   ᠡᠯᠪᠡᠭ ᠪᠠᠶᠠᠯᠢᠭ ᠠᠵᠢᠯᠯᠠᠭ᠎ᠠ ᠵᠢᠨ ᠠᠭᠤᠯᠭ᠎ᠠ᠎ᠨᠢ ᠣᠯᠠᠨ ᠨᠡᠶ᠋ᠢᠲᠡ᠎ᠳᠤ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠮᠡᠳᠡᠯᠭᠡ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠦᠭᠰᠡᠨ ᠵᠶ᠋ᠠᠷ ᠪᠠᠷᠠᠬᠤ ᠥᠬᠡᠶ ᠪᠠᠰᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠭᠰᠡᠨ ᠪᠠᠶ᠋ᠢᠨ᠎ᠠ᠃

   ᠲᠤᠰ ᠤᠳᠠᠭ᠋ᠠᠨ᠎ᠤ ᠡᠬᠢᠯᠡᠯᠲᠡ ᠵᠢᠨ ᠶᠣᠰᠣᠯᠠᠯ᠎ᠨᠢ 2024 ᠣᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠠᠵᠢᠯᠯᠠᠭ᠎ᠠ ᠵᠢ ᠵᠢᠩᠬᠢᠨᠢ᠎ᠪᠠᠷ ᠡᠬᠢᠯᠡᠭᠦᠯᠪᠡ᠃

  (ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠰᠣᠨᠢᠨ ᠮᠡᠳᠡᠭᠡᠨ᠎ᠤ ᠤᠬᠠᠭᠤᠯᠬᠤ ᠬᠡᠯᠲᠡᠰ   ᠾᠧᠦ ᠶᠠᠨ ᠵᠢᠶᠤᠤ᠂ ᠯᠢ ᠴᠧᠨ ᠢᠤᠢ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠭᠣᠪᠢ ᠲᠠᠩ ᠳᠡᠭᠡᠷ᠎ᠡ᠂ ᠢᠩᠭᠢᠵᠦ ᠤᠰᠤ ᠵᠢ ᠠᠷᠪᠢᠯᠠᠵᠤ ᠤᠰᠤ ᠵᠢ ᠭᠠᠮᠨᠠᠵᠤ ᠤᠰᠤ ᠵᠢ ᠬᠠᠮᠠᠭ᠋ᠠᠯᠠᠬᠤ
ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠦᠨᠳᠦᠰᠦᠨ ᠱᠠᠳᠤᠨ᠎ᠳᠤ ᠤᠷᠤᠪᠠ — ᠦᠴᠣᠸᠠᠨ ᠰᠢᠶᠠᠨ
ᠤᠰᠤ ᠵᠢ ᠵᠠᠰᠠᠬᠤ᠎ᠳᠤ ᠠᠷᠭ᠎ᠠ᠎ᠲᠠᠢ ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠪᠠ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠬᠠᠭ᠋ᠠᠯᠲᠠ ᠵᠢ ᠨᠡᠭᠡᠭᠡᠵᠦ ᠤᠰᠤ ᠲᠠᠯᠪᠢᠪᠠ
ᠥᠪᠥᠷ ᠮᠣᠩᠭᠤᠯ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ 35 ᠪᠦᠲᠦᠭᠡᠯ᠎ᠢ ᠰᠢᠯᠭ᠋ᠠᠷᠠᠭᠤᠯᠤᠨ ᠭᠠᠷᠭ᠋ᠠᠪᠠ
 
            