《ᠬᠠᠲᠤᠨ ᠭᠤᠤᠯ᠎ᠢ ᠬᠠᠮᠠᠭ᠋ᠠᠯᠠᠬᠤ ᠬᠠᠤᠯᠢ》 ᠵᠢ ᠵᠢᠩᠬᠢᠨᠢ᠎ᠪᠠᠷ ᠬᠡᠷᠡᠭᠵᠢᠭᠦᠯᠦᠭᠰᠡᠨ ᠨᠢᠭᠡ ᠵᠢᠯ᠎ᠤᠨ ᠣᠶ ᠵᠢᠨ ᠲᠠᠰᠢᠷᠠᠮ᠎ᠳᠤ᠂ 4 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠡᠪᠯᠡᠯ᠎ᠤᠨ ᠬᠤᠷᠢᠶ᠎ᠠ ᠬᠥᠬᠡᠬᠤᠲᠠ ᠵᠢᠨ ᠲᠣᠭᠲᠠᠬᠤ ᠰᠢᠶᠠᠨ᠎ᠳᠤ 《ᠶᠡᠭᠡ ᠭᠤᠤᠯ ᠶᠢᠰᠦᠨ ᠮᠤᠷᠤᠢ᠎ᠳᠤ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠨᠡᠮᠡᠷᠢᠯᠡᠶ᠎ᠡ》 ᠭᠡᠬᠦ ᠡᠬᠡ ᠭᠤᠤᠯ᠎ᠤᠨ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ᠃

ᠠᠵᠢᠯᠯᠠᠭ᠎ᠠ ᠡᠬᠢᠯᠡᠮᠡᠭᠴᠡ᠂ ᠡᠪᠯᠡᠯ᠎ᠤᠨ ᠭᠡᠰᠢᠭᠦᠨ ᠵᠠᠯᠠᠭᠤᠴᠤᠳ ᠬᠤᠤ ᠵᠢᠶᠠ ᠶᠣᠣ ᠲᠣᠰᠬᠤᠨ᠎ᠳᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠲᠣᠰᠬᠤᠨ᠎ᠤ ᠠᠷᠠᠳ᠎ᠲᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ 《ᠬᠠᠲᠤᠨ ᠭᠤᠤᠯ᠎ᠢ ᠬᠠᠮᠠᠭ᠋ᠠᠯᠠᠬᠤ ᠬᠠᠤᠯᠢ》 ᠵᠢ ᠲᠦᠭᠡᠮᠡᠯᠵᠢᠭᠦᠯᠵᠦ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠪᠣᠯᠭ᠋ᠠᠵᠤ᠂ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯᠲᠡ ᠵᠢ ᠴᠢᠩᠭ᠋ᠠᠳᠬᠠᠵᠤ᠂ 《ᠬᠠᠲᠤᠨ ᠭᠤᠤᠯ᠎ᠢ ᠬᠠᠮᠠᠭ᠋ᠠᠯᠠᠬᠤ ᠬᠠᠤᠯᠢ》 ᠵᠢᠨ ᠡᠷᠬᠡ ᠰᠦᠷ᠎ᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃

ᠳᠠᠷᠠᠭ᠎ᠠ᠎ᠨᠢ᠂ ᠪᠦᠬᠦ ᠵᠠᠯᠠᠭᠤᠴᠤᠳ ᠬᠠᠳᠤᠨ ᠭᠤᠣᠯ ᠳᠠᠭ᠋ᠠᠤ ᠵᠢᠨ ᠶᠠᠪᠠᠭ᠋ᠠᠨ ᠵᠠᠮ ᠵᠶ᠋ᠠᠷ᠂ ᠬᠠᠲᠤᠨ ᠭᠤᠤᠯ᠎ᠤᠨ ᠨᠠᠮ᠎ᠤᠨ ᠬᠤᠷᠢᠶ᠎ᠡ ᠵᠢᠨ ᠲᠸᠤ ᠳ᠋ᠤᠤ ᠭᠤᠸᠠᠢ ᠤᠰᠤᠨ ᠰᠢᠨᠵᠢᠯᠡᠭᠡᠨ᠎ᠤ ᠦᠷᠳᠡᠭᠡ ᠪᠣᠯᠤᠨ ᠱ᠌ᠢ ᠰᠧ ᠹᠧᠨ ᠲᠣᠰᠬᠤᠨ᠎ᠤ ᠠᠶᠤᠯᠲᠠᠢ ᠪᠠᠷᠢᠯᠭ᠎ᠠ ᠵᠢᠨ ᠬᠡᠰᠡᠭ᠎ᠲᠤ ᠬᠦᠷᠴᠦ ᠲᠣᠭᠤᠷᠢᠨ ᠦᠵᠡᠵᠦ ᠪᠠᠶ᠋ᠢᠴᠠᠭ᠋ᠠᠨ ᠰᠤᠳᠤᠯᠤᠯᠲᠠ ᠬᠢᠪᠡ᠃ ᠳᠧᠦ ᠳ᠋ᠤᠤ ᠭᠤᠸᠠᠢ ᠤᠰᠤᠨ ᠰᠢᠨᠵᠢᠯᠡᠭᠡᠨ᠎ᠤ ᠦᠷᠳᠡᠭᠡ ᠵᠢᠨ ᠠᠵᠢᠯᠲᠠᠳ ᠪᠦᠯᠬᠦᠮ᠎ᠤᠨ ᠭᠡᠰᠢᠭᠦᠳ᠎ᠲᠤ ᠬᠠᠯᠢᠶ᠎ᠠ ᠦᠶᠡᠷ᠎ᠤᠨ ᠬᠤᠭᠤᠴᠠᠭ᠋ᠠᠨ᠎ᠤ ᠤᠰᠤᠨ ᠰᠢᠨᠵᠢᠯᠡᠭᠡᠨ᠎ᠤ ᠰᠢᠨᠵᠢᠯᠡᠨ ᠮᠡᠳᠡᠭᠡᠯᠡᠬᠦ ᠲᠦᠷᠦᠯ ᠵᠦᠢ᠍ᠯ ᠪᠣᠯᠤᠨ ᠤᠷᠤᠰᠬᠠᠯ᠎ᠤᠨ ᠬᠡᠮᠵᠢᠯᠲᠡ ᠵᠢᠨ ᠠᠵᠢᠭᠯᠠᠯᠲᠠ ᠵᠢᠨ ᠲᠥᠬᠦᠭᠡᠷᠦᠮᠵᠢ ᠵᠢ ᠲᠠᠨᠢᠯᠴᠠᠭᠤᠯᠤᠭᠰᠠᠨ ᠪᠥᠭᠡᠳ ᠬᠡᠮᠵᠢᠭᠦᠷᠯᠢᠭ᠎ᠤᠨ ᠬᠠᠵᠠᠭᠤ᠎ᠳᠤ ᠠᠵᠢᠯᠯᠠᠬᠤ ᠶᠠᠪᠤᠴᠠ ᠵᠢᠴᠢ ᠠᠵᠢᠯ᠎ᠤᠨ ᠤᠭ ᠶᠣᠰᠣ ᠵᠢ ᠨᠠᠷᠢᠨ ᠲᠠᠶ᠋ᠢᠯᠪᠤᠷᠢᠯᠠᠪᠠ᠃ ᠪᠠᠷᠲᠠᠭ᠋ᠠᠲᠤ ᠪᠠᠷᠢᠯᠭ᠎ᠠ ᠵᠢᠨ ᠬᠡᠰᠡᠭ᠎ᠲᠤ᠂ ᠡᠪᠯᠡᠯ᠎ᠤᠨ ᠭᠡᠰᠢᠭᠦᠳ ᠠᠩᠬ᠎ᠠ ᠤᠳᠠᠭ᠎ᠠ ᠮᠢᠩᠭ᠋ᠠᠨ ᠵᠢᠯ᠎ᠤᠨ ᠲᠡᠦᠬᠡ᠎ᠲᠠᠢ ᠵᠣᠴᠢᠨ᠎ᠤ ᠴᠢᠯᠠᠭᠤᠨ ᠰᠢᠩᠭᠡᠯᠢᠭ᠎ᠢ ᠣᠯᠵᠤ ᠬᠠᠷᠠᠵᠤ᠂ ᠲᠡᠷᠢ ᠲᠡᠭᠰᠢ ᠴᠢᠯᠠᠭᠤᠨ ᠰᠢᠩᠭᠡᠯᠢᠭ᠎ᠨᠢ ᠡᠷᠭᠢ ᠵᠢᠨ ᠬᠥᠪᠡᠭᠡᠨ᠎ᠳᠤ ᠪᠠᠶ᠋ᠢᠷᠢᠯᠠᠵᠤ᠂ ᠭᠤᠣᠯ᠎ᠤᠨ ᠰᠠᠪᠠ ᠵᠢ ᠬᠠᠮᠠᠭ᠋ᠠᠯᠠᠬᠤ᠂ ᠶᠡᠭᠦᠷᠡᠯᠢ ᠵᠠᠰᠠᠬᠤ᠂ ᠰᠢᠪᠠᠷ ᠴᠢᠯᠠᠭᠤᠨ᠎ᠤ ᠤᠷᠤᠰᠬᠠᠯ ᠵᠢᠴᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠰᠡᠷᠭᠡᠶ᠋ᠢᠯᠡᠨ ᠵᠠᠰᠠᠬᠤ᠎ᠳᠤ ᠴᠢᠬᠤᠯᠠ ᠦᠢ᠍ᠯᠡᠳᠦᠯ᠎ᠲᠠᠢ ᠶᠤᠮ᠃
ᠲᠣᠭᠲᠠᠬᠤ ᠰᠢᠶᠠᠨ᠎ᠤ ᠠᠷᠠᠳ᠎ᠤᠨ ᠰᠢᠭᠦᠬᠦ ᠬᠤᠷᠢᠶᠠᠨ᠎ᠤ ᠲᠠᠶ᠋ᠢᠯᠪᠤᠷᠢᠯᠠᠭᠴᠢ ᠵᠢᠨ ᠳᠠᠭ᠋ᠠᠭᠤᠯᠭ᠎ᠠ ᠳᠣᠣᠷ᠎ᠠ᠂ ᠡᠪᠯᠡᠯ᠎ᠤᠨ ᠭᠡᠰᠢᠭᠦᠨ ᠵᠠᠯᠠᠭᠤᠴᠤᠳ ᠣᠷᠴᠢᠨ ᠲᠣᠭᠤᠷᠢᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠰᠢᠭᠦᠬᠦ ᠲᠢᠩᠬᠢᠮ᠂ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠡᠬᠢ ᠪᠠᠶᠠᠯᠢᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠪᠣᠯᠤᠨ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠲᠣᠭᠤᠷᠢᠨ ᠦᠵᠡᠵᠦ ᠪᠠᠶ᠋ᠢᠴᠠᠭ᠋ᠠᠨ ᠰᠤᠳᠤᠯᠵᠤ᠂ 《ᠬᠠᠳᠤᠨ ᠭᠤᠣᠯ᠎ᠢ ᠬᠠᠮᠠᠭ᠋ᠠᠯᠠᠬᠤ ᠬᠠᠤᠯᠢ》 ᠵᠢᠨ ᠵᠦᠢ᠍ᠯ ᠵᠤᠷᠪᠤᠰ᠎ᠢ ᠰᠤᠷᠤᠯᠴᠠᠪᠠ᠃

ᠡᠴᠦᠰ᠎ᠲᠤ᠂ ᠪᠦᠬᠦ ᠡᠪᠯᠡᠯ᠎ᠤᠨ ᠭᠡᠰᠢᠭᠦᠨ ᠵᠠᠯᠠᠭᠤᠴᠤᠳ ᠡᠪᠯᠡᠯ᠎ᠳᠤ ᠣᠷᠣᠬᠤ ᠲᠥᠪ ᠴᠢᠩᠭ᠎ᠠ ᠲᠠᠩᠭ᠋ᠠᠷᠢᠭ ᠵᠶ᠋ᠠᠨ ᠳᠠᠬᠢᠨ ᠰᠠᠨᠠᠭ᠋ᠠᠯᠵᠠᠬᠤ ᠶᠣᠰᠣᠯᠠᠯ᠎ᠢ ᠥᠷᠨᠢᠭᠦᠯᠪᠡ᠃ ᠡᠪᠯᠡᠯ᠎ᠤᠨ ᠭᠡᠰᠢᠭᠦᠨ ᠪᠣᠯᠤᠨ ᠵᠠᠯᠠᠭᠤᠴᠤᠳ ᠲᠥᠪ ᠴᠢᠩᠭ᠎ᠠ ᠤᠯᠤᠰ ᠲᠦᠷᠦ ᠵᠢᠨ ᠶᠣᠰᠣᠯᠠᠯ᠎ᠤᠨ ᠳᠤᠮᠳᠠ ᠬᠥᠮᠦᠵᠢᠯ ᠬᠦᠷᠳᠡᠵᠦ᠂ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠲᠤᠬᠠᠢ ᠮᠡᠳᠡᠷᠡᠮᠵᠢ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠤᠬᠠᠢ ᠬᠦᠰᠡᠯ ᠡᠷᠡᠮᠡᠯᠵᠡᠯ᠎ᠢ ᠴᠢᠩᠭ᠋ᠠᠳᠬᠠᠪᠠ᠃
ᠡᠪᠯᠡᠯ᠎ᠤᠨ ᠭᠡᠰᠢᠭᠦᠳ᠂ ᠨᠢᠭᠡ ᠡᠳᠦᠷ᠎ᠤᠨ ᠠᠵᠢᠯᠯᠠᠭ᠎ᠠ᠎ᠪᠠᠷ ᠳᠠᠮᠵᠢᠨ᠂ 《ᠬᠠᠳᠤᠨ ᠭᠤᠣᠯ᠎ᠢ ᠬᠠᠮᠠᠭ᠋ᠠᠯᠠᠬᠤ ᠬᠠᠤᠯᠢ》 ᠵᠢᠨ ᠲᠤᠬᠠᠢ ᠨᠡᠩ ᠪᠦᠬᠦ ᠲᠠᠯ᠎ᠠ ᠵᠢᠨ ᠣᠶ᠋ᠢᠯᠠᠭ᠋ᠠᠯᠲᠠ ᠲᠠᠨᠢᠯᠲᠠ᠎ᠲᠠᠢ ᠪᠣᠯᠵᠤ᠂ ᠬᠠᠮᠠᠭ᠋ᠠᠯᠠᠬᠤ ᠬᠠᠤᠯᠢ ᠵᠢᠨ ᠬᠠᠳᠤᠨ ᠭᠤᠣᠯ᠎ᠤᠨ ᠵᠠᠰᠠᠯᠲᠠ᠎ᠳᠠᠬᠢ ᠴᠢᠬᠤᠯᠠ ᠦᠢ᠍ᠯᠡᠳᠦᠯ᠎ᠢ ᠭᠦᠢ᠍ᠴᠡᠳ ᠲᠠᠨᠢᠵᠤ᠂ ᠤᠰᠤᠨ᠎ᠤ ᠬᠠᠤᠯᠢ ᠵᠢᠨ ᠰᠤᠷᠤᠯᠴᠠᠯᠭ᠎ᠠ ᠵᠢ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠬᠠᠥᠯᠢ᠎ᠪᠠᠷ ᠵᠠᠰᠠᠬᠤ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠬᠤᠶᠠᠷ ᠶᠡᠭᠡ ᠶᠠᠪᠤᠳᠠᠯ᠎ᠳᠤ ᠰᠠᠶ᠋ᠢᠲᠤᠷ ᠦᠢ᠍ᠯᠡᠴᠢᠯᠡᠵᠦ ᠪᠠᠲᠤᠯᠠᠬᠤ ᠪᠠ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
ᠲᠢᠩᠬᠢᠮ᠎ᠤᠨ ᠬᠠᠷᠢᠶ᠎ᠠ ᠡᠯ᠎ᠡ ᠨᠢᠭᠡᠴᠢ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ 90 ᠭᠠᠷᠤᠢ ᠡᠪᠯᠡᠯ᠎ᠤᠨ ᠭᠡᠰᠢᠭᠦᠨ ᠵᠠᠯᠠᠭᠤᠴᠤᠳ ᠠᠵᠢᠯᠯᠠᠭ᠎ᠠ᠎ᠳᠤ ᠣᠷᠣᠯᠴᠠᠪᠠ᠃