《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠰᠡᠳᠬᠢᠮᠵᠢ ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠂ ᠵᠠᠯᠠᠭᠤᠴᠤᠳ ᠪᠠᠭ᠋ᠠᠴᠤᠳ᠎ᠤᠨ ᠤᠰᠤ ᠵᠢ ᠠᠷᠪᠢᠯᠠᠨ ᠬᠡᠷᠡᠭᠯᠡᠬᠦ ᠣᠨᠣᠯᠵᠢᠬᠤᠨ ᠪᠠ ᠤᠰᠤᠨ᠎ᠤ ᠰᠠᠨᠠᠭ᠋ᠠᠰᠢᠷᠠᠯ᠎ᠤᠨ ᠤᠬᠠᠮᠰᠠᠷ᠎ᠢ ᠴᠢᠩᠭ᠋ᠠᠷᠠᠭᠤᠯᠵᠤ᠂ ᠤᠰᠤ ᠠᠷᠪᠢᠯᠠᠬᠤ᠂ ᠤᠰᠤ ᠵᠢ ᠬᠠᠮᠠᠭ᠋ᠠᠯᠠᠬᠤ᠂ ᠤᠰᠤ ᠵᠢ ᠬᠠᠶ᠋ᠢᠷᠠᠯᠠᠬᠤ᠂ ᠤᠰᠤ ᠵᠢ ᠬᠠᠶ᠋ᠢᠷᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠤᠰᠠᠳᠠ᠂ 《ᠪᠥᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ ᠡᠯᠴᠢ ᠵᠢ ᠰᠢᠯᠭ᠋ᠠᠷᠠᠭᠤᠯᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠲᠤᠷᠠᠨ 2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ ᠡᠯᠴᠢᠨ ᠰᠠᠶ᠋ᠢᠳ᠎ᠤᠨ ᠤᠰᠤ ᠠᠷᠪᠢᠯᠠᠬᠤ ᠪᠦᠲᠦᠭᠡᠯ᠎ᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠡᠷᠬᠡ ᠲᠡᠭᠰᠢ ᠪᠠᠶ᠋ᠢᠬᠤ ᠵᠠᠷᠴᠢᠮ ᠶᠣᠰᠣᠭ᠋ᠠᠷ᠂ ᠡᠯ᠎ᠡ ᠭᠠᠵᠠᠷ᠎ᠤᠨ ᠤᠰᠤ ᠠᠷᠪᠢᠯᠠᠬᠤ ᠡᠯᠴᠢᠨ ᠰᠠᠶ᠋ᠢᠳ᠎ᠤᠨ ᠳᠡᠪᠰᠢᠭᠦᠯᠦᠭᠰᠡᠨ ᠵᠢᠷᠤᠭ᠂ ᠬᠠᠶ᠋ᠢᠴᠢᠯᠠᠨ ᠨᠠᠭ᠋ᠠᠬᠤ ᠵᠢᠷᠤᠭ᠂ ᠴᠠᠭ᠋ᠠᠰᠤᠨ ᠬᠠᠶ᠋ᠢᠴᠢᠯᠠᠮᠠᠯ᠎ᠤᠨ ᠵᠢᠷᠤᠭ᠂ ᠸᠢᠳᠢᠣ᠋ ᠵᠡᠷᠭᠡ ᠤᠰᠤ ᠠᠷᠪᠢᠯᠠᠬᠤ ᠪᠦᠲᠦᠭᠡᠯ᠎ᠢ ᠰᠢᠯᠭ᠋ᠠᠷᠠᠭᠤᠯᠪᠠ᠃ ᠪᠦᠲᠦᠭᠡᠯ᠎ᠤᠨ ᠭᠤᠣᠯ ᠰᠡᠳᠦᠪ᠂ ᠬᠡᠯᠪᠡᠷᠢ᠂ ᠪᠦᠲᠦᠭᠡᠯᠴᠢ ᠰᠠᠨᠠᠭ᠎ᠠ᠂ ᠥᠩᠭᠡ ᠪᠤᠳᠤᠭ ᠪᠠ ᠪᠦᠲᠦᠴᠡ ᠵᠢᠨ ᠵᠢᠷᠤᠭ᠎ᠢ ᠦᠨᠳᠦᠰᠦᠯᠡᠨ᠂ ᠨᠢᠭᠡᠳᠦᠭᠡᠷ ᠳᠡᠰ᠎ᠤᠨ ᠱᠠᠩᠨᠠᠯ 5 ᠨᠡᠷᠡᠰ᠂ ᠬᠤᠶᠠᠳᠤᠭ᠋ᠠᠷ ᠳᠡᠰ᠎ᠤᠨ ᠱᠠᠩᠨᠠᠯ 10 ᠨᠡᠷᠡᠰ᠂ ᠭᠤᠷᠪᠠᠳᠤᠭ᠋ᠠᠷ ᠳᠡᠰ᠎ᠤᠨ ᠱᠠᠩᠨᠠᠯ 20 ᠨᠡᠷᠡᠰ ᠰᠢᠯᠭ᠋ᠠᠷᠠᠭᠤᠯᠪᠠ᠃ ᠥᠷᠭᠡᠨ ᠣᠯᠠᠨ ᠵᠠᠯᠠᠭᠤ ᠪᠠᠭ᠋ᠠᠴᠤᠳ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠦᠵᠡᠯ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠥᠬᠡᠮᠳᠦᠭ ᠨᠣᠭᠤᠭ᠋ᠠᠨ ᠠᠭᠤᠯᠠ ᠤᠰᠤᠨ᠎ᠤ ᠤᠬᠠᠭᠤᠯᠤᠭᠴᠢ᠂ ᠣᠷᠣᠯᠴᠠᠭᠴᠢ ᠪᠠ ᠪᠦᠲᠦᠭᠡᠨ ᠪᠠᠶ᠋ᠢᠭᠤᠯᠤᠭᠴᠢ ᠪᠣᠯᠬᠤ᠎ᠪᠠᠷ ᠴᠢᠷᠮᠠᠶ᠋ᠢᠬᠤ ᠵᠢ ᠬᠦᠰᠡᠵᠦ ᠪᠠᠶ᠋ᠢᠨ᠎ᠠ᠃

