ᠲᠤᠰ ᠰᠣᠨᠢᠠ᠎ᠤ ᠴᠢᠮᠡᠭᠯᠡᠭᠴᠢ ᠯᠢ ᠴᠸᠨ ᠡᠢ᠍ᠣᠢ ᠰᠣᠷᠪᠤᠯᠵᠢᠯᠠᠬ᠍ᠴᠢ ᠯᠢ ᠵᠢᠶᠠᠨ ᠭᠦᠸᠸ

ᠥᠪᠥᠷ ᠮᠤᠩᠭᠤᠯ᠎ᠤᠨ ᠣᠷᠳᠣᠰ ᠬᠣᠲᠠ ᠵᠢᠨ ᠬᠠᠩᠭᠢᠨ ᠬᠤᠰᠢᠭᠤᠨ᠎ᠤ ᠴᠢ ᠰᠢᠩ ᠬᠤ᠌ ᠨᠠᠭᠤᠷ᠎ᠤᠨ ᠠᠮᠢ ᠠᠬᠤᠢ ᠰᠠᠢ᠌ᠵᠢᠷᠠᠵᠤ᠂ ᠲᠤᠯ ᠡᠳᠦᠷ ᠤᠷᠢᠬᠠᠨ ᠲᠡᠭᠷᠢ ᠪᠠᠢ᠌ᠵᠠᠢ ᠲᠤᠰ ᠰᠣᠨᠢᠨ᠎ᠤ ᠰᠤᠷᠪᠤᠯᠵᠢᠯᠠᠭᠴᠢ ᠯᠢ ᠵᠢᠶᠠᠨ ᠭᠦᠸᠧ ᠰᠡᠭᠦᠳᠡᠷᠯᠡᠪᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ᠂ ᠭᠤᠣᠯ ᠮᠥᠷᠡᠨ ᠣᠯᠠᠨ ᠪᠠᠶ᠋ᠢᠵᠤ᠂ ᠨᠡᠶ᠋ᠢᠳᠡ 4087 ᠭᠤᠣᠯ᠂ 428 ᠨᠠᠭᠤᠷ ᠪᠤᠢ᠃ ᠤᠢ᠍ᠢ᠍ᠷ᠎ᠠ ᠵᠢᠨ ᠵᠢᠯ᠎ᠠᠴᠠ᠂ ᠥᠪᠥᠷ ᠮᠣᠩᠭᠤᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠰᠠᠭᠤᠷᠢᠯᠠᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠣᠷᠴᠢᠨ ᠲᠣᠭᠤᠷᠢᠨ᠎ᠤ ᠵᠠᠰᠠᠯᠲᠠ᠂ ᠤᠰᠤᠨ᠎ᠤ ᠠᠮᠢ ᠠᠬᠤᠢ ᠵᠢᠨ ᠰᠡᠷᠭᠦᠭᠡᠯᠲᠡ ᠵᠢ ᠨᠢᠭᠡᠳᠦᠯᠲᠡᠢ ᠲᠥᠯᠥᠪᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠵᠤ᠂ ᠬᠥᠭᠵᠢᠯᠲᠡ ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠰᠢᠨ᠎ᠡ ᠵᠠᠮ᠎ᠢ ᠨᠡᠬᠡᠬᠡᠵᠤ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠵᠠᠢ᠃
ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠵᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠭᠤᠯᠭ᠎ᠠ ᠪᠠ ᠬᠦᠴᠦᠲᠡᠢ ᠠᠷᠭ᠎ᠠ ᠬᠡᠮᠵᠢᠶ᠎ᠡ ᠪᠣᠯᠭ᠋ᠠᠬᠤ ᠵᠢ ᠪᠠᠷᠢᠮᠲᠠᠯᠠᠵᠤ᠂ ᠤᠢ᠍ᠢ᠍ᠷ᠎ᠠ ᠵᠢᠨ ᠵᠢᠯ᠎ᠠᠴᠠ᠂ ᠨᠢᠩᠰᠢᠶᠠ ᠬᠠᠳᠤᠨ ᠭᠤᠣᠯ᠎ᠤᠨ ᠰᠠᠪᠠ ᠭᠠᠵᠠᠷ᠎ᠤᠨ ᠬᠥᠨᠳᠡᠯᠡᠨ ᠠᠮᠢ ᠠᠬᠤᠢ ᠵᠢᠨ ᠨᠥᠬᠦᠪᠥᠷᠢ ᠵᠢᠨ ᠲᠣᠭᠲᠠᠴᠠ ᠵᠢ ᠪᠠᠶ᠋ᠢᠭᠤᠯᠵᠤ᠂ ᠭᠠᠨᠰᠦ ᠮᠤᠵᠢ᠎ᠲᠠᠢ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠵᠦ ᠬᠤᠯᠪᠣᠭ᠋ᠠᠯᠠᠨ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠵᠠᠰᠠᠯᠲᠠ ᠵᠢ 《ᠬᠡᠰᠡᠭ ᠬᠤᠪᠢᠶᠠᠨ ᠵᠠᠰᠠᠬᠤ》᠎ᠠᠴᠠ 《ᠪᠦᠬᠦ ᠣᠷᠣᠨ ᠪᠦᠰᠡ ᠵᠢᠨ ᠵᠠᠰᠠᠯᠲᠠ》 ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ ᠪᠠ 《ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠢ᠌ᠴᠠᠭ᠋ᠠᠬᠤ ᠳᠠᠷᠤᠭ᠎ᠠ》 ᠵᠢᠨ ᠬᠠᠮᠵᠢᠯᠴᠠᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠺᠠᠳ᠋ᠷ᠎ᠢ ᠬᠠᠷᠢᠯᠴᠠᠨ ᠲᠣᠮᠢᠯᠠᠵᠤ ᠰᠣᠯᠢᠯᠴᠠᠬᠤ ᠲᠣᠭᠲᠠᠴᠠ ᠵᠢ ᠪᠠᠶ᠋ᠢᠭᠤᠯᠤᠨ᠂ ᠪᠤᠭᠤᠲᠤ ᠬᠤᠲᠠ ᠵᠢᠨ ᠸᠠᠩ ᠳ᠋ᠠ ᠬᠠᠨ ᠬᠥᠭᠦᠷᠭᠡ ᠵᠢ ᠨᠤᠷᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠪᠥᠭᠡᠳ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠡᠶ᠋ᠢᠲᠡᠯᠡᠭᠰᠡᠨ ᠨᠤᠭᠤ ᠭᠠᠵᠠᠷ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠤᠭᠳᠠᠪᠠ; 《ᠬᠤᠤᠰ ᠶᠡᠷᠦᠩᠬᠡᠶ ᠭᠤᠤᠯ᠎ᠤᠨ ᠳᠠᠷᠤᠭ᠎ᠠ》 ᠵᠢᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠢ ᠬᠠᠮᠤᠷᠤᠭᠰᠠᠨ ᠲᠠᠪᠤᠨ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠦᠷᠢᠯᠳᠦᠭᠦᠯᠵᠦ᠂ ᠡᠯ᠎ᠡ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠨ ᠵᠠᠰᠠᠬᠤ ᠨᠢᠭᠡ ᠪᠦᠯᠦᠭ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠢ ᠬᠦᠴᠦᠲᠡᠶ ᠳᠥᠯᠭᠢᠨ ᠠᠬᠢᠭᠤᠯᠪᠠ᠃ 2023 ᠣᠨ᠎ᠳᠤ᠂ ᠬᠠᠲᠤᠨ ᠭᠤᠤᠯ ᠪᠥᠬᠦ ᠤᠯᠤᠰ᠎ᠤᠨ ᠬᠤᠶᠠᠳᠤᠭ᠋ᠠᠷ ᠬᠤᠭᠤᠴᠠᠭ᠋ᠠᠨ᠎ᠤ 《ᠬᠠᠮᠤᠭ᠎ᠤᠨ ᠭᠤᠶᠣ ᠨᠤᠲᠤᠭ᠎ᠤᠨ ᠭᠤᠤᠯ》 ᠵᠶ᠋ᠠᠷ ᠰᠣᠩᠭᠤᠭᠳᠠᠵᠤ᠂ ᠬᠢᠩᠭ᠋ᠠᠨ ᠠᠶ᠋ᠢᠮᠠᠭ᠎ᠤᠨ ᠬᠠᠯᠬ᠎ᠠ ᠭᠤᠤᠯ᠂ ᠣᠷᠳᠣᠰ ᠬᠤᠲᠠ ᠵᠢᠨ ᠦ᠋ ᠳ᠋ᠢᠩ ᠾᠧ ᠭᠤᠤᠯ᠎ᠨᠢ ᠦᠵᠡᠰᠬᠦᠯᠡᠩᠲᠦ ᠰᠠᠶ᠋ᠢᠬᠠᠨ ᠭᠤᠤᠯ ᠮᠥᠷᠡᠨ ᠨᠠᠭᠤᠷ ᠴᠥᠭᠦᠷᠥᠮ᠎ᠤᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠵᠤ᠂ 5 ᠨᠡᠷᠡᠰ ᠲᠣᠭᠤᠷᠢᠨ ᠴᠠᠭᠳᠠᠵᠤ (ᠬᠠᠮᠠᠭ᠋ᠠᠯᠠᠭᠴᠢ) ᠪᠥᠬᠦ ᠤᠯᠤᠰ᠎ᠤᠨ 《ᠬᠠᠮᠤᠭ᠎ᠤᠨ ᠭᠤᠶᠣ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠭᠴᠢ》᠎ᠪᠠᠷ ᠦᠨᠡᠯᠡᠭᠳᠡᠪᠡ᠃
ᠭᠤᠣᠯ ᠮᠥᠷᠡᠨ ᠨᠠᠭᠤᠷ ᠴᠥᠭᠦᠷᠥᠮ᠎ᠢ ᠵᠠᠰᠠᠬᠤ᠎ᠳᠤ ᠬᠠᠤᠯᠢ᠎ᠪᠠᠷ ᠵᠠᠰᠠᠬᠤ ᠬᠦᠴᠦᠲᠡᠢ ᠪᠠᠲᠤᠯᠠᠭ᠎ᠠ ᠬᠡᠷᠡᠭᠲᠡᠢ᠃ ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ ᠣᠯᠠᠨ ᠶᠠᠮᠤᠨ᠎ᠤ ᠬᠠᠮᠢᠶᠠᠷᠤᠯᠲᠠ ᠵᠢᠨ ᠲᠦᠷᠢᠮ ᠪᠠ ᠬᠡᠷᠡᠭᠵᠢᠭᠦᠯᠬᠦ ᠲᠥᠰᠦᠯ᠎ᠢ ᠨᠡᠶ᠋ᠢᠲᠡᠯᠡᠵᠦ᠂ ᠭᠤᠤᠯ ᠮᠥᠷᠡᠨ ᠨᠠᠭᠤᠷ ᠴᠥᠭᠦᠷᠥᠮ᠎ᠤᠨ ᠵᠠᠰᠠᠯᠲᠠ ᠵᠢᠨ ᠬᠠᠥᠯᠢ᠎ᠪᠠᠷ ᠵᠠᠰᠠᠬᠤ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃ 23 ᠰᠠᠯᠠᠭ᠎ᠠ ᠮᠥᠴᠢᠷ ᠵᠶ᠋ᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ᠎ᠢ ᠬᠡᠷᠡᠭᠵᠢᠭᠦᠯᠵᠦ᠂ ᠬᠥᠯᠥᠨ ᠨᠠᠭᠤᠷ᠂ ᠨᠤᠨ ᠮᠥᠷᠡᠨ ᠵᠡᠷᠭᠡ ᠭᠤᠤᠯ ᠮᠥᠷᠡᠨ ᠨᠠᠭᠤᠷ ᠴᠥᠭᠦᠷᠥᠮ᠎ᠳᠤ ᠬᠠᠮᠢᠶᠠᠷᠴᠤ ᠬᠠᠮᠠᠭ᠋ᠠᠯᠠᠬᠤ ᠭᠤᠤᠯᠳᠠᠯᠭ᠎ᠠ᠎ᠲᠠᠢ ᠠᠵᠢᠯ᠎ᠤᠨ ᠡᠬᠡ ᠲᠠᠩᠰᠠ ᠪᠠᠶ᠋ᠢᠭᠤᠯᠪᠠ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ᠎ᠤᠨ ᠨᠡᠷᠡᠰ᠎ᠤᠨ ᠵᠢᠭᠰᠠᠭ᠋ᠠᠯᠲᠠ ᠵᠢ ᠡᠮᠬᠢᠯᠡᠨ ᠳᠠᠬᠢᠨ ᠬᠢᠨᠠᠬᠤ ᠠᠵᠢᠯ᠎ᠢ ᠥᠷᠨᠢᠭᠦᠯᠵᠦ᠂ 《ᠬᠤᠪᠢᠶᠠᠷᠢᠯᠠᠬᠤ ᠶᠣᠰᠣᠲᠠᠶ ᠵᠢ᠎ᠨᠢ ᠪᠦᠬᠦᠨ᠎ᠢ ᠬᠤᠪᠢᠶᠠᠷᠢᠯᠠᠬᠤ》 ᠵᠢ ᠪᠡᠶᠡᠯᠡᠭᠦᠯᠵᠦ᠂ ᠠᠩᠬᠠᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢᠨ ᠳᠣᠲᠣᠨ᠎ᠠ ᠭᠠᠳᠠᠨᠠᠬᠢ ᠪᠣᠶ ᠪᠥᠬᠦᠶ ᠭᠤᠤᠯ ᠮᠥᠷᠡᠨ᠎ᠤ ᠬᠠᠮᠢᠶᠠᠷᠤᠯᠲᠠ ᠵᠢᠨ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠬᠤ ᠠᠵᠢᠯ᠎ᠢ ᠪᠥᠬᠦ ᠲᠠᠯ᠎ᠠ᠎ᠪᠠᠷ ᠪᠡᠶᠡᠯᠡᠭᠦᠯᠪᠡ; ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ 《ᠨᠢᠭᠡ ᠭᠤᠣᠯ (ᠨᠠᠭᠤᠷ) ᠨᠢᠭᠡ ᠲᠦᠷᠦ ᠵᠢᠨ ᠪᠤᠳᠣᠯᠭ᠎ᠠ》 ᠵᠢ ᠬᠡᠷᠡᠭᠵᠢᠭᠦᠯᠬᠦ ᠲᠦᠰᠦᠯ᠎ᠢ ᠪᠠᠷᠢᠮᠲᠠᠯᠠᠵᠤ᠂ 1685 ᠭᠤᠣᠯ ᠮᠥᠷᠡᠨ᠂ 350 ᠨᠠᠭᠤᠷ ᠴᠥᠭᠦᠷᠥᠮ᠎ᠤᠨ ᠡᠷᠭᠢ ᠵᠢᠨ ᠱᠤᠭᠤᠮ᠎ᠢ ᠬᠠᠮᠠᠭ᠋ᠠᠯᠠᠬᠤ ᠪᠠ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ 434 ᠭᠤᠤᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ ᠵᠢᠨ ᠦᠨᠡᠯᠡᠯᠲᠡ ᠵᠢᠨ ᠡᠭᠦᠷᠭᠡ ᠵᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠨ ᠬᠠᠮᠠᠭ᠋ᠠᠯᠠᠬᠤ᠎ᠳᠤ ᠳᠡᠮᠵᠢᠯᠭᠡ ᠪᠠ ᠦᠨᠳᠦᠰᠦᠯᠡᠯ ᠬᠠᠩᠭ᠋ᠠᠪᠠ᠃
ᠳᠤᠷ᠎ᠠ᠎ᠪᠠᠷ ᠵᠶ᠋ᠠᠨ ᠡᠵᠡᠯᠡᠬᠦ᠂ ᠳᠤᠷ᠎ᠠ᠎ᠪᠠᠷ ᠵᠶ᠋ᠠᠨ ᠮᠠᠯᠲᠠᠬᠤ᠂ ᠳᠤᠷ᠎ᠠ᠎ᠪᠠᠷ ᠵᠶ᠋ᠠᠨ ᠣᠪᠣᠭ᠋ᠠᠯᠠᠬᠤ᠂ ᠳᠤᠷ᠎ᠠ᠎ᠪᠠᠷ ᠵᠶ᠋ᠠᠨ ᠪᠠᠶ᠋ᠢᠭᠤᠯᠬᠤ ᠵᠡᠷᠭᠡ 《ᠲᠦᠷᠪᠡᠨ ᠰᠠᠮᠠᠭᠤᠨ》 ᠠᠷᠬᠠᠭ ᠭᠡᠮ᠎ᠨᠢ ᠭᠤᠣᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ ᠵᠢ ᠨᠥᠯᠥᠭᠡᠯᠡᠵᠦ ᠪᠠᠶ᠋ᠢᠨ᠎ᠠ᠃ ᠥᠪᠥᠷ ᠮᠣᠩᠭᠤᠯ ᠭᠤᠤᠯ ᠮᠥᠷᠡᠨ ᠨᠠᠭᠤᠷ ᠴᠥᠭᠦᠷᠥᠮ᠎ᠤᠨ 《ᠳᠥᠷᠪᠡᠨ ᠰᠠᠮᠠᠭᠤᠨ᠎ᠢ ᠠᠷᠢᠯᠭ᠋ᠠᠬᠤ》 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢ ᠭᠦᠨᠵᠡᠭᠡᠶ ᠠᠬᠢᠭᠤᠯᠵᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠵᠢᠯ ᠪᠦᠷᠢ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠴᠠᠭ᠋ᠠᠬᠤ ᠵᠡᠷᠭᠡ ᠰᠠᠯᠠᠭ᠎ᠠ ᠮᠥᠴᠢᠷ᠎ᠲᠠᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠲᠤᠷᠠᠨ᠂ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠤᠨ ᠬᠠᠮᠠᠭ᠋ᠠᠯᠠᠬᠤ 《ᠬᠠᠪᠤᠷ᠎ᠤᠨ ᠤᠯᠠᠷᠢᠯ᠎ᠤᠨ ᠠᠵᠢᠯᠯᠠᠭ᠎ᠠ》᠂ 《ᠨᠠᠮᠤᠷ᠎ᠤᠨ ᠤᠯᠠᠷᠢᠯ᠎ᠤᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ 2018 ᠣᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ ᠭᠤᠤᠯ ᠮᠥᠷᠡᠨ ᠨᠠᠭᠤᠷ ᠴᠥᠭᠦᠷᠥᠮ᠎ᠤᠨ 《ᠳᠥᠷᠪᠡᠨ ᠰᠠᠮᠠᠭᠤᠨ》᠎ᠤ ᠠᠰᠠᠭᠤᠳᠠᠯ᠎ᠢ ᠨᠡᠶ᠋ᠢᠲᠡ 1.3 ᠲᠦᠮᠡ ᠭᠠᠷᠤᠶ ᠴᠡᠭᠴᠡᠯᠡᠨ ᠵᠠᠰᠠᠵᠤ᠂ 192 ᠲᠦᠮᠡᠨ ᠲᠡᠭᠰᠢ ᠳᠥᠷᠪᠡᠯᠵᠢᠨ ᠮᠸᠲᠷ ᠲᠣᠭᠲᠠᠭ᠋ᠠᠯ᠎ᠠᠴᠠ ᠵᠥᠷᠢᠴᠡᠨ ᠪᠠᠶ᠋ᠢᠭᠤᠯᠤᠭᠰᠠᠨ ᠪᠠᠷᠢᠯᠭ᠎ᠠ ᠵᠢ ᠨᠤᠷᠠᠭ᠋ᠠᠵᠤ᠂ 70 ᠺᠢᠯᠤᠮᠸᠲᠷ᠎ᠤᠨ ᠬᠠᠰᠢᠯᠭ᠎ᠠ ᠳᠠᠯᠠᠩ᠎ᠢ ᠴᠡᠪᠡᠷᠯᠡᠵᠦ᠂ 200 ᠲᠦᠮᠡ ᠭᠠᠷᠤᠶ ᠲᠣᠨ ᠬᠤᠭ ᠨᠣᠪᠰᠢ ᠵᠢ ᠴᠡᠪᠡᠷᠯᠡᠵᠦ᠂ ᠭᠤᠤᠯ ᠮᠥᠷᠡᠨ ᠨᠠᠭᠤᠷ ᠴᠥᠭᠦᠷᠥᠮ᠎ᠤᠨ ᠳᠦᠷᠰᠦ ᠪᠠᠶ᠋ᠢᠳᠠᠯ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠪᠡᠶᠡᠯᠡᠭᠦᠯᠪᠡ᠃ ᠤᠰᠤᠨ ᠠᠰᠢᠭᠯᠠᠯᠲᠠ ᠵᠢᠨ ᠶᠠᠮᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠠᠯᠤᠰ ᠰᠡᠷᠡᠯ᠎ᠤᠨ ᠵᠢᠷᠤᠭ᠎ᠢ ᠬᠠᠷᠭᠤᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠂ ᠲᠤᠰᠬᠠᠶ ᠬᠥᠮᠦᠨ᠎ᠢ ᠵᠣᠬᠢᠶᠠᠨ ᠪᠠᠶ᠋ᠢᠭᠤᠯᠤᠨ 1.8 ᠲᠦᠮᠡ ᠭᠠᠷᠤᠶ ᠭᠤᠤᠯ ᠮᠥᠷᠡᠨ ᠨᠠᠭᠤᠷ ᠴᠥᠭᠦᠷᠥᠮ᠎ᠤᠨ ᠰᠡᠵᠢᠭᠯᠡᠯᠲᠡᠶ ᠵᠢᠷᠤᠭ᠎ᠤᠨ ᠲᠣᠯᠪᠤ ᠵᠢ ᠳᠠᠬᠢᠨ ᠬᠢᠨᠠᠵᠤ᠂ 1229 ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠢᠯᠡᠷᠡᠭᠦᠯᠪᠡ; ᠭᠤᠣᠯ ᠮᠥᠷᠡᠨ᠎ᠤ ᠡᠯᠡᠰᠦ ᠮᠠᠯᠲᠠᠬᠤ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠡᠯᠡᠰᠦ ᠮᠠᠯᠲᠠᠬᠤ ᠬᠠᠮᠢᠶᠠᠷᠤᠯᠲᠠ ᠵᠢᠨ 《ᠳᠥᠷᠪᠡᠨ ᠬᠠᠷᠢᠭᠤᠴᠠᠯᠭ᠋ᠠᠲᠠᠨ》᠎ᠢ ᠨᠡᠶ᠋ᠢᠲᠡ 2800 ᠭᠠᠷᠤᠶ ᠬᠥᠮᠦᠨ᠎ᠳᠤ ᠲᠣᠬᠢᠷᠠᠭᠤᠯᠤᠯᠲᠠ ᠬᠢᠵᠦ᠂ ᠥᠨᠳᠥᠷ ᠳᠠᠷᠤᠯᠲᠠᠲᠤ ᠪᠠᠶ᠋ᠢᠳᠠᠯ ᠵᠶ᠋ᠠᠷ ᠭᠤᠤᠯ ᠮᠥᠷᠡᠨ᠎ᠤ ᠬᠠᠤᠯᠢ ᠪᠤᠰᠤ᠎ᠪᠠᠷ ᠡᠯᠡᠰᠦ ᠮᠠᠯᠲᠠᠬᠤ᠎ᠳᠤ ᠴᠣᠬᠢᠯᠲᠠ ᠥᠭᠪᠡ᠃
ᠥᠪᠥᠷ ᠮᠣᠩᠭᠣᠯ᠎ᠤᠨ ᠬᠢᠯᠢ ᠳᠣᠲᠣᠷ᠎ᠠ ᠭᠣᠣᠯ ᠮᠥᠷᠡᠨ ᠣᠯᠠᠨ᠂ ᠠᠰᠠᠭᠤᠳᠠᠯ ᠪᠤᠳᠤᠯᠢᠶᠠᠨᠲᠠᠢ᠃ ᠥᠪᠡᠷᠲᠡᠭᠡᠨ ᠵᠠᠰᠠᠬᠤ ᠣᠷᠣᠨ᠎ᠠᠴᠠ ᠪᠣᠳᠠᠲᠠᠢ ᠠᠰᠠᠭᠤᠳᠠᠯ᠎ᠢ ᠪᠣᠳᠠᠲᠠᠢ᠎ᠪᠠᠷ ᠵᠠᠳᠠᠯᠬᠤ ᠵᠢ ᠪᠠᠷᠢᠮᠲᠠᠯᠠᠨ᠂ ᠲᠥᠷᠥ ᠵᠢᠨ ᠪᠣᠳᠣᠯᠭ᠎ᠠ ᠵᠢ ᠶᠡᠷᠦᠩᠬᠡᠶ᠋ᠢᠯᠡᠨ ᠬᠡᠷᠡᠭᠵᠢᠭᠦᠯᠵᠦ᠂ ᠭᠤᠣᠯᠳᠠᠯᠭ᠎ᠠ ᠵᠢ ᠴᠢᠩᠭ᠎ᠠ ᠠᠳᠬᠤᠨ᠂ ᠬᠠᠲᠤᠨ ᠭᠤᠣᠯ᠎ᠤᠨ ᠲᠠᠩ ᠣᠷᠣᠨ᠎ᠤ 1178.55 ᠮᠦ᠍ ᠦᠶᠡᠷ᠎ᠢ ᠵᠠᠯᠠᠬᠤ ᠵᠢ ᠬᠦᠨᠳᠦ ᠨᠣᠴᠢᠲᠠᠢ ᠬᠠᠷᠰᠢᠯᠠᠬᠤ ᠪᠠ ᠭᠤᠣᠯ᠎ᠤᠨ ᠪᠠᠶ᠋ᠢᠳᠠᠯ᠎ᠢ ᠲᠣᠭᠲᠠᠭᠤᠨ ᠪᠣᠯᠭ᠋ᠠᠵᠤ ᠪᠠᠶ᠋ᠢᠭ᠎ᠠ ᠣᠢ ᠮᠣᠳᠣ ᠵᠢ ᠢᠯᠭ᠋ᠠᠷᠠᠭᠤᠯᠤᠨ ᠴᠡᠭᠴᠡᠯᠡᠬᠦ ᠠᠵᠢᠯ᠎ᠢ ᠪᠡᠶᠡᠯᠡᠭᠦᠯᠵᠦ᠂ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠪᠡ᠃ ᠬᠠᠲᠤᠨ ᠭᠤᠤᠯ᠎ᠤᠨ ᠲᠠᠩ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠪᠠᠶ᠋ᠢᠭᠤᠯᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠲᠠᠩ ᠭᠠᠵᠠᠷ᠎ᠤᠨ ᠰᠠᠭᠤᠭ᠋ᠠᠯᠢ ᠠᠷᠠᠳ᠎ᠢ ᠨᠡᠭᠦᠯᠭᠡᠨ ᠪᠠᠶ᠋ᠢᠭᠤᠯᠬᠤ ᠡᠭᠦᠷᠭᠡ ᠵᠢ 2 ᠵᠢᠯ ᠤᠷᠢᠳᠴᠢᠯᠠᠨ ᠪᠡᠶᠡᠯᠡᠭᠦᠯᠪᠡ᠃ 《ᠬᠦᠯᠦᠨ ᠨᠠᠭᠤᠷ᠂ ᠲᠠᠬ᠎ᠠ ᠨᠠᠭᠤᠷ᠂ ᠤᠯᠠᠭ᠋ᠠᠨᠰᠤᠬᠠᠢ ᠨᠠᠭᠤᠷ》᠎ᠢ ᠵᠠᠰᠠᠭᠰᠠᠨ ᠦᠷ᠎ᠡ ᠪᠦᠲᠦᠮᠵᠢ ᠵᠢ ᠦᠷᠭᠦᠯᠵᠢᠯᠡᠨ ᠪᠠᠬᠢᠵᠢᠭᠦᠯᠵᠦ᠂ ᠬᠥᠯᠥᠨ ᠨᠠᠭᠤᠷ᠎ᠤᠨ ᠲᠠᠯᠠᠪᠠᠢ 2237.1 ᠲᠡᠭᠰᠢ ᠳᠥᠷᠪᠡᠯᠵᠢᠨ ᠺᠢᠯᠤᠮᠸᠲᠷ᠎ᠲᠤ ᠬᠦᠷᠴᠦ᠂ ᠤᠯᠠᠭ᠋ᠠᠨᠰᠤᠬᠠᠢ ᠵᠢᠨ 2023 ᠣᠨ᠎ᠳᠤ ᠠᠮᠢ ᠠᠬᠤᠢ ᠵᠢᠨ ᠤᠰᠤ ᠨᠥᠬᠦᠪᠥᠷᠢᠯᠡᠵᠦ ᠪᠠᠶ᠋ᠢᠭ᠎ᠠ᠎ᠨᠢ 4.87 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠬᠦᠷᠴᠦ᠂ ᠤᠰᠤᠨ᠎ᠤ ᠭᠠᠳᠠᠷᠭᠤ ᠵᠢᠨ ᠲᠠᠯᠠᠪᠠᠢ 293 ᠲᠡᠭᠰᠢ ᠳᠥᠷᠪᠡᠯᠵᠢᠨ ᠺᠢᠯᠤᠮᠸᠲᠷ᠎ᠲᠤ ᠲᠣᠭᠲᠠᠪᠤᠷᠢᠵᠢᠵᠤ᠂ ᠳᠠᠭ᠎ᠠ ᠵᠢᠨ ᠨᠠᠭᠤᠷ᠎ᠤᠨ ᠲᠠᠯᠠᠪᠠᠢ 45.1 ᠲᠡᠭᠰᠢ ᠳᠥᠷᠪᠡᠯᠵᠢᠨ ᠺᠢᠯᠤᠮᠸᠲᠷ᠎ᠲᠤ ᠬᠦᠷᠪᠡ᠃ 2023 ᠣᠨ᠎ᠳᠤ᠂ ᠪᠠᠷᠠᠭᠤᠨ ᠯᠢᠶᠣᠤᠾᠧ ᠭᠤᠣᠯ᠎ᠤᠨ ᠭᠤᠣᠯ ᠤᠷᠤᠰᠬᠠᠯ᠎ᠤᠨ ᠤᠰᠤᠨ ᠲᠦᠷᠦᠭᠦᠦ 25 ᠵᠢᠯ᠎ᠤᠨ ᠲᠤᠷᠰᠢ ᠠᠩᠬ᠎ᠠ ᠤᠳᠠᠭ᠎ᠠ ᠲᠦᠩᠯᠢᠶᠣᠤ ᠬᠤᠳᠠ ᠵᠢᠨ ᠭᠤᠣᠯ ᠬᠤᠳᠠ ᠵᠢᠨ ᠲᠣᠭᠤᠷᠢᠭ᠎ᠤᠨ ᠣᠭᠲᠣᠯᠤᠭ᠋ᠠᠰᠤ᠎ᠳᠤ ᠬᠦᠷᠴᠦ᠂ ᠵᠡᠭᠦᠨ ᠰᠤᠪᠨᠠᠭᠤᠷ᠎ᠨᠢ ᠠᠮᠢ ᠠᠬᠤᠢ ᠵᠢᠨ ᠤᠰᠤ ᠨᠥᠬᠦᠪᠥᠷᠢᠯᠡᠬᠦ᠎ᠪᠠᠷ ᠳᠠᠮᠵᠢᠨ 19 ᠵᠢᠯ ᠳᠠᠷᠠᠭ᠋ᠠᠯᠠᠨ ᠬᠠᠲᠠᠬᠤ ᠦᠭᠡᠢ ᠪᠠᠢ᠌ᠬᠤ ᠵᠢ ᠪᠡᠶᠡᠯᠡᠭᠦᠯᠪᠡ᠃
ᠤᠰᠤᠨ᠎ᠤ ᠬᠡᠮᠵᠢᠶ᠎ᠡ ᠵᠢ ᠪᠠᠲᠤᠯᠠᠬᠤ᠎ᠪᠠᠷ ᠪᠠᠷᠠᠬᠤ ᠦᠭᠡᠢ ᠤᠰᠤᠨ᠎ᠤ ᠴᠢᠨᠠᠷ᠎ᠢ ᠨᠡᠩ ᠴᠤ᠌ ᠪᠠᠲᠤᠯᠠᠬᠤ ᠬᠡᠷᠡᠭᠲᠡᠢ᠃ ᠥᠪᠥᠷ ᠮᠣᠩᠭᠤᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠵᠢᠨ ᠬᠤᠤᠰ ᠡᠵᠡᠮᠳᠡᠯ᠎ᠤᠨ ᠭᠦᠢ᠍ᠴᠡᠳᠭᠡᠯ ᠲᠤᠭ᠎ᠠ ᠵᠢ ᠱᠠᠲᠤ ᠳᠠᠷᠠᠭ᠋ᠠᠯᠠᠨ ᠵᠠᠳᠠᠯᠵᠤ᠂ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠬᠢᠵᠠᠭ᠋ᠠᠷᠯᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠵᠦ᠂ 0.96 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠰᠤᠯᠠ ᠪᠠᠶ᠋ᠢᠭ᠎ᠠ ᠤᠰᠤᠨ᠎ᠤ ᠭᠦᠢ᠍ᠴᠡᠳᠭᠡᠯ ᠲᠤᠭ᠎ᠠ ᠵᠢ ᠪᠦᠬᠦᠨ᠎ᠢ ᠳᠠᠬᠢᠨ ᠳᠣᠭᠢᠷᠠᠭᠤᠯᠬᠤ ᠵᠢᠨ ᠬᠠᠮᠲᠤ ᠦᠷ᠎ᠡ ᠠᠰᠢᠭ᠎ᠢ ᠪᠠᠳᠠᠷᠠᠭᠤᠯᠤᠨ᠎ᠠ᠃ ᠬᠤᠲᠠ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠭᠤᠤᠯᠳᠠᠯᠭ᠎ᠠ᠎ᠲᠠᠢ ᠰᠠᠪᠠ ᠭᠠᠵᠠᠷ᠎ᠤᠨ ᠬᠤᠲᠠ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠴᠥᠮ ᠨᠢᠭᠡᠳᠦᠭᠡᠷ ᠳᠡᠰ᠎ᠤᠨ A ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠴᠦ᠂ ᠪᠣᠬᠢᠷ ᠤᠰᠤ ᠵᠢ ᠰᠢᠢ᠍ᠳᠪᠦᠷᠢᠯᠡᠬᠦ ᠪᠠᠷᠢᠮᠵᠢᠶ᠎ᠠ᠎ᠳᠤ ᠬᠦᠷᠦᠭᠰᠡᠨ ᠨᠣᠷᠮ᠎ᠠ 97.92% ᠪᠣᠯᠪᠠ᠃ 2023 ᠣᠨ᠎ᠤ ᠡᠴᠦᠰ᠎ᠲᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠰᠢᠯᠢᠳᠡᠭ ᠰᠠᠶ᠋ᠢᠨ 121 ᠬᠠᠷᠢᠴᠠᠯ᠎ᠢ 78.5%᠎ᠳᠤ ᠬᠦᠷᠦᠭᠦᠯᠵᠦ᠂ ᠬᠠᠲᠤᠨ ᠭᠤᠤᠯ᠎ᠤᠨ ᠰᠠᠯᠪᠤᠷᠢ ᠤᠷᠤᠰᠬᠠᠯ᠎ᠤᠨ ᠣᠭᠲᠣᠯᠤᠭ᠋ᠠᠰᠤ ᠵᠢ ᠪᠦᠬᠦᠨ᠎ᠢ ᠦᠭᠡᠶ᠋ᠢᠰᠬᠡᠪᠡ᠃
(《ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ》᠎ᠠᠴᠠ ᠰᠢᠯᠵᠢᠭᠦᠯᠪᠡ (2024 ᠣᠨ᠎ᠤ 4 ᠳ᠋ᠦ᠍ᠭᠡᠷ ᠰᠠᠷ᠎ᠠ ᠵᠢᠨ 02᠎ᠤᠨ ᠡᠳᠦᠷ)