ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠄ 《ᠤᠰᠤ ᠰᠢᠷᠣᠶ ᠵᠢ ᠬᠠᠮᠠᠭ᠋ᠠᠯᠠᠬᠤ᠎ᠨᠢ ᠤᠮᠠᠷᠠᠲᠤ ᠬᠢᠯᠢ ᠵᠢᠨ ᠠᠮᠢ ᠠᠬᠤᠶ ᠵᠢᠨ ᠵᠢᠷᠤᠭ᠎ᠲᠤ ᠭᠡᠷᠡᠯ ᠭᠢᠯᠪᠠᠭ᠎ᠠ ᠨᠡᠮᠡᠷᠢᠯᠡᠬᠦ》᠎ᠪᠠᠷ ᠭᠤᠤᠯ ᠰᠡᠳᠦᠪ ᠪᠣᠯᠭ᠋ᠠᠨ 《ᠭᠤᠷᠪᠠ ᠵᠢ ᠣᠷᠣᠭᠤᠯᠬᠤ》 ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-06-20

  6 ᠳ᠋ᠤᠭ᠋ᠠᠷ ᠰᠠᠷ᠎ᠠ ᠵᠢᠨ 17᠎ᠤ ᠡᠳᠦᠷ ᠪᠣᠯ 30 ᠳ᠋ᠤᠭ᠋ᠠᠷ ᠳᠡᠯᠡᠬᠡᠶ ᠵᠢᠨ ᠴᠦᠯᠡᠷᠬᠡᠭᠵᠢᠯ᠎ᠢ ᠰᠡᠷᠭᠡᠶ᠋ᠢᠯᠡᠨ ᠵᠠᠰᠠᠬᠤ ᠪᠠ ᠭᠠᠩ ᠬᠠᠭᠰᠠᠷᠠᠭ᠋ᠠᠨ᠎ᠤ ᠡᠳᠦᠷ ᠪᠣᠯᠤᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ᠎ᠠᠴᠠ ᠭᠤᠤᠯᠯᠠᠨ ᠡᠷᠭᠢᠯᠡᠭᠰᠡᠨ 《ᠤᠰᠤ ᠰᠢᠷᠣᠶ ᠵᠢ ᠬᠠᠮᠠᠭ᠋ᠠᠯᠠᠬᠤ ᠪᠠ ᠴᠦᠯᠡᠷᠬᠡᠭᠵᠢᠯ᠎ᠢ ᠰᠡᠷᠭᠡᠶ᠋ᠢᠯᠡᠨ ᠵᠠᠰᠠᠬᠤ》 ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠡᠮᠦᠨ᠎ᠡ ᠰᠤᠷᠭ᠋ᠠᠭᠤᠯᠢ ᠵᠢᠨ ᠲᠣᠭᠤᠷᠢᠭ᠎ᠲᠤ ᠵᠢᠩᠬᠢᠨᠢ᠎ᠪᠠᠷ ᠡᠬᠢᠯᠡᠪᠡ᠃

  6 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 19᠎ᠤ ᠡᠳᠦᠷ ᠪᠣᠯᠲᠠᠯ᠎ᠠ᠂ ᠲᠣᠰ ᠠᠵᠢᠯᠯᠠᠭ᠎ᠠ᠎ᠨᠢ ᠤᠷᠢᠳ ᠬᠤᠵᠢᠳ ᠬᠥᠬᠡᠬᠤᠲᠠ ᠵᠢᠨ ᠷᠦ᠋ ᠢ ᠨᠡᠭᠡᠭᠡᠯᠲᠡ ᠵᠢᠨ ᠲᠣᠭᠤᠷᠢᠭ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠬᠠᠷᠢᠶᠠᠲᠤ ᠪᠠᠭ᠎ᠠ ᠰᠤᠷᠭ᠋ᠠᠭᠤᠯᠢ᠂ ᠤᠰᠤᠨ ᠠᠰᠢᠭᠯᠠᠯᠲᠠ ᠵᠢᠨ ᠲᠢᠩᠬᠢᠮ᠎ᠤᠨ ᠣᠷᠣᠨ ᠰᠠᠭᠤᠴᠠ ᠵᠢᠨ ᠲᠣᠭᠤᠷᠢᠭ ᠪᠠ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠡᠶ᠋ᠢᠭᠡᠮ ᠲᠣᠭᠤᠷᠢᠭ᠎ᠲᠤ ᠬᠦᠷᠴᠦ᠂ ᠤᠰᠤ ᠰᠢᠷᠣᠶ ᠵᠢ ᠬᠠᠮᠠᠭ᠋ᠠᠯᠠᠬᠤ ᠪᠠ ᠴᠦᠯᠡᠷᠬᠡᠭᠵᠢᠯ᠎ᠢ  ᠰᠡᠷᠭᠡᠶ᠋ᠢᠯᠡᠨ ᠵᠠᠰᠠᠬᠤ ᠮᠡᠳᠡᠯᠭᠡ ᠵᠢ 《ᠠᠵᠤ ᠠᠬᠤᠶ᠋ᠢᠯᠠᠯ᠎ᠳᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠨᠡᠶ᠋ᠢᠭᠡᠮ ᠲᠣᠭᠤᠷᠢᠭ᠎ᠲᠤ ᠣᠷᠣᠭᠤᠯᠬᠤ》 ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠥᠷᠨᠢᠭᠦᠯᠵᠦ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠪᠠ ᠤᠬᠠᠭᠤᠯᠭ᠎ᠠ ᠵᠢᠨ ᠹᠢᠯᠢᠮ᠎ᠢ ᠨᠡᠪᠲᠡᠷᠡᠭᠦᠯᠬᠦ᠂ ᠤᠬᠠᠭᠤᠯᠭ᠎ᠠ ᠵᠢᠨ ᠭᠠᠷ ᠳᠡᠪᠲᠡᠷ᠂ ᠤᠬᠠᠭᠤᠯᠭ᠎ᠠ ᠵᠢᠨ ᠥᠩᠭᠡᠲᠦ ᠬᠠᠭᠤᠳᠠᠰᠤ ᠵᠢᠴᠢ ᠤᠬᠠᠭᠤᠯᠭ᠎ᠠ ᠵᠢᠨ ᠡᠳ᠋ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠺᠠᠳ᠋ᠷ ᠠᠵᠢᠯᠲᠠᠨ ᠠᠵᠢᠯᠴᠢᠨ᠂ ᠰᠤᠷᠤᠭᠴᠢ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠲᠤ ᠤᠰᠤ ᠰᠢᠷᠣᠶ ᠵᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠰᠤ ᠰᠢᠷᠣᠶ ᠵᠢ ᠬᠠᠮᠠᠭ᠋ᠠᠯᠠᠬᠤ ᠪᠠ ᠴᠦᠯᠡᠷᠬᠡᠭᠵᠢᠯ᠎ᠢ ᠰᠡᠷᠭᠡᠶ᠋ᠢᠯᠡᠨ ᠵᠠᠰᠠᠬᠤ ᠮᠡᠳᠡᠯᠭᠡ᠂ ᠤᠰᠤ ᠰᠢᠷᠣᠶ ᠵᠢ ᠬᠠᠮᠠᠭ᠋ᠠᠯᠠᠬᠤ ᠶᠡᠷᠦᠩᠬᠡᠶ᠋ᠢᠯᠡᠭᠰᠡᠨ ᠵᠠᠰᠠᠯᠲᠠ ᠵᠢᠨ ᠦᠷ᠎ᠡ ᠪᠦᠲᠦᠮᠵᠢ ᠵᠢᠴᠢ ᠤᠰᠤ ᠰᠢᠷᠣᠶ ᠵᠢ ᠬᠠᠮᠠᠭ᠋ᠠᠯᠠᠬᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠦᠵᠡᠭᠦᠯᠦᠭᠰᠡᠨ ᠴᠢᠬᠤᠯᠠ ᠦᠢ᠍ᠯᠡᠳᠦᠯ᠎ᠢ ᠤᠬᠠᠭᠤᠯᠤᠨ ᠲᠠᠶ᠋ᠢᠯᠪᠤᠷᠢᠯᠠᠪᠠ᠃  ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠰᠦᠯᠵᠢᠶ᠎ᠡ᠂ ᠤᠮᠠᠷᠠᠲᠤ ᠵᠢᠨ ᠰᠢᠨ᠎ᠡ ᠰᠣᠨᠢᠨ ᠵᠡᠷᠭᠡ ᠵᠠᠭᠤᠴᠢᠯᠠᠭᠤᠷ ᠰᠦᠯᠵᠢᠶ᠎ᠡ᠂ ᠰᠣᠨᠢᠨ᠂ ᠣᠯᠠᠨ ᠨᠡᠢ᠌ᠲᠡ ᠵᠢᠨ ᠸᠢᠴᠠᠲ ᠲᠠᠪᠴᠠᠩ᠂ ᠣᠬᠤᠷ ᠸᠢᠳᠢᠤ᠋ ᠵᠢᠨ ᠲᠠᠪᠴᠠᠩ ᠵᠶ᠋ᠠᠷ ᠳᠠᠮᠵᠢᠭᠤᠯᠤᠨ ᠠᠵᠢᠯᠯᠠᠭ᠎ᠠ ᠵᠢ ᠥᠷᠭᠡᠨ ᠵᠶ᠋ᠠᠷ ᠤᠬᠠᠭᠤᠯᠤᠨ ᠮᠡᠳᠡᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠠᠯᠪᠠᠨ ᠠᠰᠠᠷ᠂ ᠸᠠᠨ ᠳ᠋ᠠ ᠠᠭᠤᠳᠠᠮ ᠲᠠᠯᠠᠪᠠᠶ ᠵᠢᠨ ᠭᠠᠳᠠᠨ᠎ᠠ ᠶᠡᠭᠡ ᠳᠡᠯᠭᠡᠴᠡ᠂ ᠭᠠᠵᠠᠷ ᠳᠣᠤᠷᠠᠬᠢ ᠭᠠᠯᠲᠦ ᠲᠡᠷᠭᠡᠨ ᠥᠷᠲᠡᠭᠡ ᠵᠢᠴᠢ ᠸᠠᠭᠤᠨ᠎ᠤ ᠰᠣᠨᠢᠨ᠎ᠤ ᠥᠷᠲᠡᠭᠡ ᠵᠢᠨ ᠳᠡᠯᠭᠡᠴᠡ ᠵᠡᠷᠭᠡ 3517 ᠳᠡᠯᠭᠡᠴᠡ᠎ᠳᠤ ᠤᠰᠤ ᠰᠢᠷᠣᠶ ᠵᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠲᠠᠯᠪᠢᠪᠠ᠃

   ᠠᠵᠢᠯᠯᠠᠭ᠎ᠠ ᠵᠢᠨ ᠬᠤᠭᠤᠴᠠᠭ᠋ᠠᠨ᠎ᠳᠤ᠂ ᠤᠰᠤ ᠰᠢᠷᠣᠶ ᠵᠢ ᠬᠠᠮᠠᠭ᠋ᠠᠯᠠᠬᠤ ᠬᠠᠤᠯᠢ᠂ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ᠂ 《ᠰᠢᠨ᠎ᠡ ᠴᠠᠭ ᠦᠶ᠎ᠡ ᠵᠢᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠎ᠤᠨ ᠤᠬᠠᠭᠤᠯᠭ᠎ᠠ ᠵᠢᠨ ᠭᠠᠷ ᠳᠡᠪᠲᠡᠷ᠂ ᠤᠬᠠᠭᠤᠯᠭ᠎ᠠ ᠵᠢᠨ ᠬᠠᠭᠤᠳᠠᠰᠤ᠂ ᠠᠵᠤ ᠠᠬᠤᠶ᠋ᠢᠯᠠᠯ᠎ᠳᠤ ᠲᠥᠬᠦᠮ ᠦᠵᠡᠭᠦᠯᠬᠦ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠠᠵᠢᠯ ᠶᠠᠪᠤᠳᠠᠯ ᠭᠦᠢ᠍ᠴᠡᠳᠭᠡᠬᠦ       ᠵᠦᠭᠯᠡᠭᠦᠷ᠂ ᠭᠤᠤᠯ ᠰᠡᠳᠦᠪᠲᠦ ᠤᠬᠠᠭᠤᠯᠭ᠎ᠠ ᠵᠢᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠨᠡᠶ᠋ᠢᠲᠡ 2200 ᠬᠤᠪᠢ ᠲᠠᠷᠬᠠᠭ᠋ᠠᠪᠠ᠃

   ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠡᠯᠪᠡᠭ ᠪᠠᠶᠠᠯᠢᠭ ᠠᠭᠤᠯᠭ᠎ᠠ᠎ᠨᠢ ᠤᠯᠠᠨ ᠨᠡᠶ᠋ᠢᠲᠡ᠎ᠳᠤ ᠤᠰᠤ ᠰᠢᠷᠣᠶ ᠵᠢ ᠬᠠᠮᠠᠭ᠋ᠠᠯᠠᠬᠤ ᠮᠡᠳᠡᠯᠭᠡ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤ ᠰᠢᠷᠣᠶ ᠵᠢ ᠬᠠᠮᠠᠭ᠋ᠠᠯᠠᠵᠤ ᠵᠠᠰᠠᠬᠤ ᠦᠷ᠎ᠡ ᠪᠦᠲᠦᠮᠵᠢ ᠵᠢ ᠳᠡᠯᠭᠡᠨ ᠦᠵᠡᠭᠦᠯᠦᠭᠰᠡᠨ ᠵᠶ᠋ᠠᠷ ᠪᠠᠷᠠᠬᠤ ᠦᠭᠡᠢ᠂ ᠤᠯᠠᠨ ᠨᠡᠶ᠋ᠢᠲᠡ ᠵᠢᠨ ᠤᠰᠤ ᠰᠢᠷᠣᠶ ᠵᠢ ᠬᠠᠮᠠᠭ᠋ᠠᠯᠠᠬᠤ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠭᠰᠠᠨ ᠪᠥᠭᠡᠳ ᠪᠠᠰᠠ ᠨᠡᠶ᠋ᠢᠭᠡᠮ᠎ᠤᠨ ᠡᠯ᠎ᠡ ᠡᠲᠡᠭᠡᠳ᠎ᠤᠨ ᠤᠰᠤ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠤᠰᠤ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠭᠠᠷ ᠬᠤᠯᠪᠣᠨ ᠪᠣᠬᠢᠷᠲᠤᠯ ᠦᠭᠡᠢ ᠭᠡᠷ ᠣᠷᠣᠨ᠎ᠢ ᠬᠠᠮᠲᠤ᠎ᠪᠠᠷ ᠪᠠᠶ᠋ᠢᠭᠤᠯᠬᠤ᠂ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠭᠰᠠᠨ ᠪᠠᠶ᠋ᠢᠨ᠎ᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠭᠤᠣᠯ᠎ᠳᠤ ᠬᠤᠯᠪᠣᠭᠳᠠᠭᠰᠠᠨ ᠢᠨᠸᠨ᠋ᠸᠷᠢᠩ᠎ᠤᠨ ᠠᠭᠤᠯᠠᠨ ᠦᠶᠡᠷ᠎ᠤᠨ ᠭᠠᠮᠰᠢᠭ᠎ᠠᠴᠠ ᠵᠠᠶ᠋ᠢᠯᠠᠬᠤ ᠰᠣᠷᠢᠯᠲᠠ ᠵᠢᠴᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠠᠮᠢᠨ ᠰᠤᠳᠠᠰᠤ ᠵᠢ ᠬᠠᠮᠠᠭ᠋ᠠᠯᠠᠶ᠎ᠠ ᠥᠪᠥᠷ ᠮᠣᠩᠭᠤᠯ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠢᠳᠡᠪᠬᠢᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠳᠥᠯᠭᠢᠨ ᠠᠬᠢᠭᠤᠯᠪᠠ
ᠦᠶᠡᠷ᠎ᠤᠨ ᠬᠤᠭᠤᠴᠠᠭ᠋ᠠᠨ᠎ᠳᠤ ᠠᠭᠤᠯᠠᠨ ᠦᠶᠡᠷ᠎ᠤᠨ ᠭᠠᠮᠰᠢᠭ᠎ᠢ ᠬᠡᠷᠬᠢᠨ ᠰᠡᠷᠭᠡᠢ᠌ᠯᠡᠨ ᠠᠷᠭ᠋ᠠᠴᠠᠬᠤ ᠪᠣᠢ — ᠡᠳᠡᠭᠡᠷ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠮᠡᠳᠡᠯᠭᠡ ᠵᠢ ᠬᠤᠷᠳᠤᠨ ᠰᠤᠷᠤᠯᠴᠠᠶ᠎ᠠ!
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠠᠯᠪᠠᠨ ᠬᠡᠷ ᠣᠯᠠᠨ ᠰᠠᠯᠠᠭ᠎ᠠ ᠮᠥᠴᠢᠷ᠎ᠲᠠᠢ ᠬᠤᠯᠪᠣᠭ᠋ᠠᠯᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠬᠤ ᠪᠠ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
            