ᠶᠡᠷᠦᠩᠬᠡᠶ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠶᠤᠯ ᠲᠦᠭᠰᠢᠭᠦᠷᠢ ᠵᠢᠨ ᠤᠬᠠᠮᠰᠠᠷ᠂ ᠬᠤᠷᠢᠭ᠎ᠠ ᠱᠤᠭᠤᠮ᠎ᠤᠨ ᠰᠡᠳᠬᠢᠬᠦᠶ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠨ᠂ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ᠂ ᠲᠣᠨᠤᠭ ᠲᠥᠬᠦᠭᠡᠷᠦᠮᠵᠢ ᠡᠳ᠋ ᠪᠣᠳᠠᠰ᠎ᠢ ᠭᠦᠢ᠍ᠴᠡᠳ ᠪᠡᠯᠡᠳᠬᠡᠵᠦ᠂ ᠠᠵᠢᠯ᠎ᠤᠨ ᠪᠡᠯᠡᠳᠬᠡᠯ ᠲᠥᠰᠦᠯ᠎ᠢ ᠲᠡᠭᠦᠯᠳᠡᠷᠵᠢᠭᠦᠯᠦᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠠᠯᠠᠱ᠌ᠠ ᠠᠶ᠋ᠢᠮᠠᠭ᠎ᠤᠨ ᠠᠯᠠᠱ᠌ᠠ ᠵᠡᠭᠦᠨ ᠬᠤᠰᠢᠭᠤᠨ᠎ᠤ ᠳᠤᠮᠳᠠᠳᠤ ᠤᠯᠤᠰ᠎ᠤᠨ ᠲᠡᠮᠦᠷ ᠵᠠᠮ᠎ᠤᠨ ᠠᠷᠪᠠᠨ ᠲᠠᠪᠤᠳᠤᠭ᠋ᠠᠷ ᠲᠣᠪᠴᠢᠶ᠎ᠠ ᠵᠢᠨ ᠲᠦᠰᠦᠯ᠎ᠳᠤ ᠬᠤᠯᠪᠣᠭᠳᠠᠭᠰᠠᠨ ᠢᠨᠵᠧᠨᠧᠷᠢᠩ᠎ᠤᠨ ᠠᠭᠤᠯᠠᠨ ᠦᠶᠡᠷ᠎ᠤᠨ ᠭᠠᠮᠰᠢᠭ᠎ᠠᠴᠠ ᠵᠠᠶ᠋ᠢᠯᠠᠬᠤ ᠰᠣᠷᠢᠯᠲᠠ ᠵᠢᠴᠢ ᠤᠰᠤᠨ ᠠᠰᠢᠭᠯᠠᠯᠲᠠ ᠵᠢᠨ ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃

ᠲᠣᠰ ᠤᠳᠠᠭ᠋ᠠᠨ᠎ᠤ ᠰᠣᠷᠢᠯᠲᠠ᠎ᠳᠤ ᠵᠢᠯᠣᠭᠤᠳᠬᠤ ᠭᠠᠵᠠᠷ᠎ᠤᠨ ᠪᠠᠶ᠋ᠢᠳᠠᠯ᠎ᠢ ᠦᠨᠳᠦᠰᠦᠯᠡᠨ ᠪᠠᠶ᠋ᠢᠭᠤᠯᠬᠤ᠂ ᠭᠤᠤᠯ ᠬᠤᠪᠢᠶᠠᠷᠢ ᠲᠠᠯᠠᠪᠠᠶ ᠵᠢᠨ ᠰᠢᠭᠤᠳ ᠨᠡᠪᠲᠡᠷᠡᠭᠦᠯᠬᠦ ᠬᠡᠯᠪᠡᠷᠢ ᠵᠢ ᠠᠪᠴᠤ᠂ ᠠᠯᠠᠱ᠌ᠠ ᠵᠡᠭᠦᠨ ᠬᠤᠰᠢᠭᠤᠨ᠎ᠳᠤ ᠰᠢᠷᠦᠭᠦᠨ ᠪᠣᠷᠣᠭ᠋ᠠᠨ ᠣᠷᠣᠬᠤ ᠴᠠᠭ ᠠᠭᠤᠷ᠂ ᠰᠢᠶᠠ ᠽᠢ ᠭᠧᠤ᠂ ᠪᠠᠭ᠎ᠠ ᠭᠤᠤ᠂ ᠰᠠᠩ᠎ᠤᠨ ᠳᠠᠯᠠᠢ ᠵᠢᠨ ᠬᠤᠶ᠋ᠢᠲᠤ ᠭᠤᠤ ᠵᠢᠴᠢ ᠶᠢᠨᠴᠤᠸᠠᠨ᠎ᠠᠴᠠ ᠪᠠᠶᠠᠨᠬᠤᠲᠠ ᠬᠦᠷᠬᠦ ᠳᠡᠭᠡᠲᠦ ᠬᠤᠷᠳᠤᠨ ᠲᠡᠮᠦᠷ ᠵᠠᠮ᠎ᠤᠨ ᠴᠤᠪᠤᠭᠤ ᠲᠡᠷᠭᠡ ᠵᠢᠨ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠦᠰᠦᠯ᠎ᠤᠨ ᠬᠡᠯᠲᠡᠰ᠎ᠠᠴᠠ ᠪᠠᠶ᠋ᠢᠭ᠎ᠠ ᠣᠷᠣᠨ ᠪᠦᠰᠡ ᠵᠢᠨ ᠳᠡᠭᠡᠳᠦ ᠤᠷᠤᠰᠬᠠᠯ᠎ᠳᠤ ᠠᠭᠤᠯᠠᠨ ᠦᠶᠡᠷ᠎ᠤᠨ ᠭᠠᠮᠰᠢᠭ ᠭᠠᠷᠴᠤ ᠮᠡᠳᠡᠬᠦ ᠡᠰᠡᠬᠦ ᠵᠢ ᠳᠠᠭᠤᠷᠢᠶᠠᠵᠤ᠂ ᠠᠶᠤᠯᠲᠠᠶ ᠣᠷᠣᠨ᠎ᠤ ᠬᠥᠮᠦᠰ᠎ᠤᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠳᠤ ᠰᠦᠷᠳᠡᠭᠦᠯᠦᠯ ᠤᠴᠠᠷᠠᠭᠤᠯᠵᠤ᠂ ᠴᠠᠭ ᠠᠭᠤᠷ᠎ᠤᠨ ᠰᠠᠯᠠᠭ᠎ᠠ ᠮᠥᠴᠢᠷ᠎ᠠᠴᠠ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠨᠡᠶ᠋ᠢᠲᠡᠯᠡᠵᠦ᠂ ᠠᠯᠠᠱ᠌ᠠ ᠠᠶ᠋ᠢᠮᠠᠭ᠂ ᠠᠯᠠᠱ᠌ᠠ ᠵᠡᠭᠦᠨ ᠬᠤᠰᠢᠭᠤᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠤᠳᠬᠤ ᠭᠠᠵᠠᠷ᠎ᠤᠨ ᠠᠯᠪᠠᠨ ᠭᠡᠷ᠎ᠠᠴᠠ ᠵᠥᠪᠳᠡᠯᠴᠡᠨ ᠰᠤᠳᠤᠯᠤᠨ ᠮᠠᠭ᠋ᠠᠳᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠳᠠᠭ᠋ᠠᠬᠤ᠂ ᠪᠠᠴᠢᠮ ᠪᠠᠶ᠋ᠢᠳᠠᠯ᠎ᠢ ᠠᠷᠭ᠋ᠠᠴᠠᠵᠤ ᠲᠤᠰᠠᠯᠠᠬᠤ᠂ ᠲᠥᠪᠬᠢᠨᠡᠭᠦᠯᠬᠦ ᠵᠢ ᠪᠠᠲᠤᠯᠠᠬᠤ ᠵᠡᠷᠭᠡ ᠠᠵᠢᠯ᠎ᠢ ᠥᠷᠨᠢᠭᠦᠯᠵᠦ᠂ ᠪᠣᠳᠠᠲᠤ ᠪᠠᠶ᠋ᠢᠯᠳᠤᠭ᠋ᠠᠨ᠎ᠤ ᠲᠥᠷᠥᠯ᠎ᠤᠨ ᠰᠣᠷᠢᠯᠲᠠ ᠬᠢᠪᠡ᠃ ᠰᠣᠷᠢᠯᠲᠠ᠎ᠪᠠᠷ ᠳᠠᠮᠵᠢᠨ ᠦᠨᠳᠦᠰᠦᠨ ᠱᠠᠲᠤᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠵᠢᠯᠣᠭᠤᠳᠬᠤ ᠲᠣᠭᠲᠠᠴᠠ ᠪᠣᠯᠤᠨ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠪᠦᠬᠦ ᠲᠠᠯ᠎ᠠ᠎ᠪᠠᠷ ᠰᠢᠯᠭ᠋ᠠᠨ ᠪᠠᠶ᠋ᠢᠴᠠᠭ᠋ᠠᠵᠤ᠂ ᠭᠤᠣᠯ ᠮᠥᠷᠡᠨ᠎ᠲᠠᠢ ᠬᠤᠯᠪᠣᠭᠳᠠᠭᠰᠠᠨ ᠪᠠᠷᠢᠯᠭ᠎ᠠ ᠵᠢᠨ ᠨᠢᠭᠡᠴᠢ᠂ ᠦᠨᠳᠦᠰᠦᠨ ᠱᠠᠲᠤᠨ᠎ᠤ ᠺᠠᠳ᠋ᠷ ᠵᠢᠴᠢ ᠤᠯᠠᠨ ᠲᠦᠮᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ ᠪᠣᠯᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠠᠴᠠ ᠵᠠᠶ᠋ᠢᠯᠠᠬᠤ ᠤᠬᠠᠮᠰᠠᠷ᠎ᠢ ᠪᠦᠲᠦᠮᠵᠢᠲᠡᠢ ᠳᠡᠭᠡᠭᠰᠢᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠂ ᠠᠯᠠᠱ᠌ᠠ ᠠᠶ᠋ᠢᠮᠠᠭ᠎ᠤᠨ ᠤᠰᠤᠨ᠎ᠤ ᠶᠠᠪᠤᠳᠠᠯ᠎ᠤᠨ ᠲᠣᠪᠴᠢᠶ᠎ᠠ᠂ ᠠᠯᠠᠱ᠌ᠠ ᠠᠶ᠋ᠢᠮᠠᠭ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠤᠳᠬᠤ ᠭᠠᠵᠠᠷ᠎ᠤᠨ ᠠᠯᠪᠠᠨ ᠬᠡᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤᠰ ᠠᠵᠢᠯᠯᠠᠭ᠎ᠠ᠎ᠳᠤ ᠤᠷᠤᠯᠴᠠᠪᠠ᠃
(ᠡᠬᠡ ᠪᠢᠴᠢᠭ᠎ᠢ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠠᠴᠠ ᠬᠠᠩᠭ᠋ᠠᠪᠠ)