ᠣᠶ᠋ᠢᠷ᠎ᠠ ᠵᠢᠨ ᠵᠢᠯᠠᠴᠠ ᠨᠠᠭ᠋ᠠᠰᠢ᠂ ᠥᠪᠥᠷ ᠮᠣᠩᠭᠤᠯ ᠤᠰᠤᠨᠤ ᠡᠬᠢ ᠪᠠᠶᠠᠯᠢᠭᠤᠨ ᠬᠠᠲᠠᠭᠤ ᠬᠢᠵᠠᠭ᠋ᠠᠷᠯᠠᠯᠢ ᠲᠠᠰᠤᠷᠠᠯᠲᠠ ᠥᠬᠡᠶ ᠴᠢᠩᠭ᠋ᠠᠳᠬᠠᠵᠤ᠂ ᠤᠰᠤᠨᠤ ᠡᠬᠢ ᠪᠠᠶᠠᠯᠢᠭᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠦᠴᠢᠷ ᠠᠰᠠᠭᠤᠳᠠᠯᠢ ᠬᠦᠴᠦᠯᠡᠨ ᠰᠢᠢ᠍ᠳᠪᠦᠷᠢᠯᠡᠵᠦ᠂ ᠤᠯᠤᠰᠤᠨ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯᠠᠪᠠᠷ ᠠᠬᠢᠭᠤᠯᠵᠤ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠪ ᠳᠠᠭᠤᠷᠢᠶᠠᠯᠢ ᠪᠣᠶ ᠪᠣᠯᠭ᠋ᠠᠪᠠ᠃ ᠪᠥᠬᠦ ᠤᠯᠤᠰᠤᠨ 《2024 - 2026 ᠣᠨᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤᠨᠤ ᠠᠰᠢᠭᠯᠠᠮᠵᠢ ᠵᠢᠨ ᠳᠠᠭ᠋ᠠᠭᠤᠯᠤᠭᠴᠢ》 ᠵᠢᠨ ᠨᠡᠷᠡᠰᠲᠤ ᠣᠷᠣᠵᠤ ᠂ ᠥᠪᠥᠷ ᠮᠣᠩᠭᠤᠯᠳᠤ ᠥᠪᠡᠷᠲᠡᠭᠡᠨ ᠵᠠᠰᠠᠬᠤ ᠣᠷᠣᠨᠤ ᠤᠰᠤᠨ ᠠᠰᠢᠭᠯᠠᠯᠲᠠ ᠵᠢᠨ ᠲᠢᠩᠬᠢᠮᠢ ᠪᠠᠭᠲᠠᠭ᠋ᠠᠭᠰᠠᠨ 6 ᠣᠯᠠᠨ ᠨᠡᠶ᠋ᠢᠲᠡ ᠵᠢᠨ ᠪᠠᠶ᠋ᠢᠭᠤᠯᠤᠮᠵᠢ ᠰᠣᠩᠭᠤᠭᠳᠠᠪᠠ᠃
ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠲᠣᠭ᠎ᠠ ᠮᠤᠨᠳᠠᠭ ᠶᠡᠬᠡ᠂ ᠲᠥᠷᠥᠯ ᠵᠦᠢ᠍ᠯᠨᠢ ᠣᠯᠠᠨ ᠶᠠᠩᠵᠤ᠂ ᠤᠰᠤ ᠬᠡᠷᠡᠭᠯᠡᠬᠦ ᠬᠡᠮᠵᠢᠶ᠎ᠡᠨᠢ ᠶᠡᠬᠡ᠂ ᠨᠡᠶ᠋ᠢᠭᠡᠮᠤᠨ ᠠᠩᠬᠠᠷᠤᠯᠤᠨ ᠬᠡᠮᠵᠢᠶ᠎ᠡ ᠪᠠᠷ ᠥᠨᠳᠥᠷ᠃ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠠᠵᠢᠯᠢ ᠰᠠᠶ᠋ᠢᠲᠤᠷ ᠬᠢᠬᠦ ᠪᠣᠯ ᠥᠪᠥᠷ ᠮᠣᠩᠭᠣᠯᠤᠨ ᠤᠯᠤᠰᠤᠨ ᠤᠰᠤ ᠠᠷᠪᠢᠯᠠᠬᠤ ᠠᠵᠢᠯᠯᠠᠭ᠎ᠠ ᠵᠢ ᠬᠡᠷᠡᠭᠵᠢᠭᠦᠯᠬᠦ ᠴᠢᠬᠤᠯᠠ ᠠᠭᠤᠯᠭ᠎ᠠ ᠪᠣᠯᠬᠤ ᠪᠥᠭᠡᠳ ᠮᠥᠨ ᠴᠤ᠌ ᠪᠦᠬᠦ ᠨᠡᠶ᠋ᠢᠭᠡᠮᠤᠨ ᠤᠰᠤ ᠠᠷᠪᠢᠯᠠᠬᠤ ᠵᠢ ᠲᠦᠯᠬᠢᠨ ᠠᠬᠢᠭᠤᠯᠬᠤ ᠵᠢᠨ ᠵᠠᠩᠭᠢᠯᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨᠤ ᠤᠰᠤᠨ ᠠᠰᠢᠭᠯᠠᠯᠲᠠ ᠵᠢᠨ ᠲᠢᠩᠬᠢᠮ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠤᠰᠤ ᠵᠢ ᠠᠷᠪᠢᠯᠠᠨ ᠭᠠᠮᠨᠠᠬᠤ ᠲᠦᠷᠢᠮ》ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠰᠤ ᠠᠷᠪᠢᠯᠠᠬᠤ ᠲᠦᠷᠢᠮ ᠪᠦᠷᠢᠨ ᠭᠦᠢ᠍ᠴᠡᠳ᠂ ᠤᠰᠤ ᠠᠷᠪᠢᠯᠠᠬᠤ ᠬᠠᠮᠢᠶᠠᠷᠤᠯᠲᠠ ᠴᠢᠩᠭ᠎ᠠ᠂ ᠤᠰᠤ ᠠᠷᠪᠢᠯᠠᠬᠤ ᠭᠦᠢ᠍ᠴᠡᠳᠭᠡᠯ ᠲᠤᠭ᠎ᠠ ᠲᠡᠷᠢᠭᠦᠯᠡᠬᠦ》 ᠱᠠᠭ᠋ᠠᠷᠳᠠᠯᠭ᠎ᠠ ᠶᠣᠰᠣᠭ᠋ᠠᠷ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤᠨᠤ ᠠᠰᠢᠭᠯᠠᠮᠵᠢ ᠵᠢᠨ ᠳᠠᠭ᠋ᠠᠭᠤᠯᠤᠭᠴᠢ ᠵᠢᠨ ᠪᠦᠲᠦᠮᠵᠢᠲᠡᠶ ᠵᠠᠭᠪᠤᠷ ᠪᠠ ᠠᠷᠭ᠎ᠠ ᠬᠡᠮᠵᠢᠶ᠎ᠡ ᠵᠢ ᠲᠦᠭᠡᠮᠡᠯᠵᠢᠭᠦᠯᠵᠦ᠂ ᠲᠥᠷᠥ ᠵᠢᠨ ᠪᠣᠳᠣᠯᠭ᠎ᠠ ᠲᠣᠭᠲᠠᠭ᠋ᠠᠬᠤ᠂ ᠪᠠᠭ᠋ᠠᠵᠢ ᠬᠡᠷᠡᠭᠰᠡᠯᠤᠨ ᠬᠡᠷᠡᠭᠯᠡᠯᠲᠡ᠂ ᠠᠴᠢᠶᠠᠯᠠᠪᠤᠷᠢ ᠵᠢᠨ ᠪᠠᠶ᠋ᠢᠭᠤᠯᠤᠯᠲᠠ᠂ ᠤᠬᠠᠭᠤᠯᠭ᠎ᠠ ᠬᠥᠮᠦᠵᠢᠯ ᠵᠡᠷᠭᠡ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠵᠢ ᠠᠷᠪᠢᠯᠠᠨ ᠬᠡᠷᠡᠭᠯᠡᠬᠦ ᠬᠠᠮᠢᠶᠠᠷᠤᠯᠲᠠ ᠵᠢᠨ ᠲᠣᠭᠲᠠᠴᠠ ᠵᠢ ᠪᠥᠬᠦ ᠲᠠᠯᠠᠪᠠᠷ ᠳᠡᠭᠡᠭᠰᠢᠯᠡᠭᠦᠯᠵᠦ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠵᠢ ᠠᠷᠪᠢᠯᠠᠨ ᠬᠡᠷᠡᠭᠯᠡᠬᠦ ᠠᠵᠢᠯᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠠᠢ᠃
( 《ᠦᠪᠦᠷ ᠮᠣᠩᠭᠤᠯᠤᠨ ᠡᠳᠦᠷᠤᠨ ᠰᠣᠨᠢᠨ》 ᠠᠴᠠ ᠳᠠᠮᠵᠢᠭᠤᠯᠵᠠᠢ 2024 ᠣᠨᠤ 7 ᠳ᠋ᠤᠭ᠋ᠠᠷ ᠰᠠᠷ᠎ᠠ ᠵᠢᠨ 11ᠤ ᠡᠳᠦᠷ ᠰᠤᠷᠪᠤᠯᠵᠢᠯᠠᠭᠴᠢ ᠵᠠᠩ ᠾᠦᠢ ᠯᠢᠩ