ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠳᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ 4665.7 ᠲᠦᠮᠡᠨ ᠮᠦ᠍ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2024-07-05

   ᠲᠦᠷᠦᠭᠦᠬᠡᠨ᠂ ᠰᠤᠷᠪᠤᠯᠵᠢᠯᠠᠭᠴᠢ ᠪᠥᠬᠦ ᠤᠯᠤᠰ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ 2023 ᠣᠨ᠎ᠳᠤ᠂ ᠮᠠᠨ᠎ᠤ ᠣᠷᠣᠨ᠎ᠤ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠵᠣ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠲᠤᠭ᠎ᠠ 0.583 ᠪᠣᠯᠵᠣ᠂ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠪᠠ᠃  ᠪᠥᠬᠦ ᠣᠷᠣᠨ᠎ᠤ 73 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠰᠢᠨ᠎ᠡ ᠨᠢᠭᠡ ᠡᠭᠡᠯᠵᠢ ᠵᠢᠨ ᠦᠨ᠎ᠡ ᠵᠢ ᠲᠣᠭᠲᠠᠭ᠋ᠠᠨ ᠲᠣᠬᠢᠷᠠᠭᠤᠯᠬᠤ ᠵᠢ ᠪᠡᠶᠡᠯᠡᠭᠦᠯᠬᠦ ᠵᠢᠨ ᠬᠠᠮᠲᠤ᠂ ᠤᠰᠤ ᠠᠪᠬᠤ ᠠᠮᠠᠰᠠᠷ᠎ᠤᠨ ᠰᠦᠯᠵᠢᠶᠡᠨ ᠳᠡᠭᠡᠷ᠎ᠡ ᠬᠡᠮᠵᠢᠬᠦ ᠵᠢ ᠪᠡᠶᠡᠯᠡᠭᠦᠯᠵᠦ᠂ ᠲᠠᠷᠢᠶᠠᠯᠠᠩ᠎ᠳᠤ ᠬᠡᠷᠡᠭᠯᠡᠬᠦ 65 ᠲᠦᠮᠡᠨ ᠮᠠᠰᠢᠨ ᠴᠠᠬᠢᠯᠭ᠋ᠠᠨ ᠬᠤᠳᠳᠤᠭ᠎ᠲᠤ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠣᠳᠣᠬᠤ》 ᠵᠢ ᠪᠡᠶᠡᠯᠡᠭᠦᠯᠪᠡ᠃ ᠣᠳᠣᠬᠠᠨ᠎ᠳᠤ᠂ ᠪᠥᠬᠦ ᠣᠷᠣᠨ᠎ᠳᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠨᠢᠭᠡᠨᠲᠡ 4665.7 ᠲᠦᠮᠡᠨ ᠮᠥ᠍ ᠪᠡᠶᠡᠯᠡᠭᠦᠯᠵᠦ᠂ ᠡᠨᠡ ᠵᠢᠯ ᠥᠭᠡᠷᠡᠴᠢᠯᠡᠯᠲᠡ ᠵᠢᠨ ᠡᠭᠦᠷᠭᠡ ᠬᠠᠷᠠᠯᠲᠠ᠎ᠪᠠᠨ ᠨᠢᠭᠡ ᠵᠢᠯ ᠤᠷᠢᠳᠴᠢᠯᠠᠨ ᠪᠡᠶᠡᠯᠡᠭᠦᠯᠬᠦ ᠪᠣᠯᠤᠨ᠎ᠠ᠃

   ᠲᠠᠨᠢᠯᠴᠠᠭᠤᠯᠤᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ ᠲᠣᠭᠲᠠᠴᠠ ᠪᠠᠶ᠋ᠢᠭᠤᠯᠤᠮᠵᠢ ᠵᠢ ᠰᠢᠯᠤᠭᠤᠳᠬᠠᠬᠤ᠂ ᠰᠠᠭᠤᠷᠢ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠂ ᠬᠤᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠬᠤ᠂ ᠣᠶᠤᠨᠴᠢ ᠬᠥᠭᠵᠢᠯᠲᠡ ᠵᠢ ᠬᠠᠶ᠋ᠢᠨ ᠰᠦᠪᠡᠭᠴᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠪᠠ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ ᠵᠢᠨ ᠵᠣᠬᠢᠴᠠᠯᠳᠤᠨ ᠬᠥᠭᠵᠢᠬᠦ ᠵᠢ ᠠᠬᠢᠭᠤᠯᠪᠠ᠃  ᠥᠪᠡᠷᠲᠡᠭᠡᠨ ᠵᠠᠰᠠᠬᠤ ᠣᠷᠣᠨ ᠤᠷᠢᠳ ᠬᠤᠵᠢᠳ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠶ ᠲᠥᠰᠦᠯ᠂ 《ᠨᠢᠭᠡ ᠠᠶ᠋ᠢᠮᠠᠭ (ᠬᠤᠲᠠ)᠎ᠲᠤ ᠨᠢᠭᠡ ᠠᠷᠭ᠎ᠠ ᠪᠣᠳᠣᠯᠭ᠎ᠠ》᠂ 《ᠶᠡᠬᠡ ᠤᠰᠤ᠎ᠪᠠᠷ ᠨᠡᠯᠦᠢ᠌ᠲᠡᠯ᠎ᠡ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠬᠦ ᠲᠤᠰᠬᠠᠶ ᠲᠥᠰᠦᠯ ᠪᠠ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠵᠢ ᠱᠠᠩᠨᠠᠬᠤ ᠠᠷᠭ᠎ᠠ ᠵᠡᠷᠭᠡ ᠰᠢᠷᠢᠰ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠲᠡᠷᠢᠭᠦᠯᠡᠭᠴᠢ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠳᠤᠭᠤᠶ᠋ᠢᠯᠠᠩ᠎ᠢ ᠪᠠᠶ᠋ᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠡ᠃

   ᠣᠶ᠋ᠢᠷ᠎ᠠ ᠵᠢᠨ 10 ᠵᠢᠯ᠎ᠳᠤ᠂ ᠮᠠᠨ᠎ᠤ ᠣᠷᠣᠨ ᠨᠡᠶ᠋ᠢᠲᠡ 75 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ᠂ 31 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠣᠳᠣᠬᠢᠴᠢᠯᠠᠭᠰᠠᠨ ᠥᠭᠡᠷᠡᠴᠢᠯᠡᠯᠲᠡ ᠵᠢ ᠬᠡᠷᠡᠭᠵᠢᠭᠦᠯᠵᠦ᠂ ᠤᠰᠤᠯᠠᠯᠲᠠ ᠵᠢᠨ ᠲᠠᠯᠠᠪᠠᠶ ᠵᠢ 1697 ᠲᠦᠮᠡᠨ ᠮᠥ᠍ ᠰᠢᠨ᠎ᠡ᠎ᠪᠠᠷ ᠨᠡᠮᠡᠭᠳᠡᠭᠦᠯᠵᠦ᠂ ᠤᠰᠤ ᠠᠷᠪᠢᠯᠠᠬᠤ ᠴᠢᠳᠠᠪᠤᠷᠢ ᠵᠢ 6.1 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠵᠦ᠂ ᠠᠮᠤ ᠪᠤᠳᠠᠭ᠋ᠠᠨ᠎ᠤ ᠤᠨᠠᠯᠲᠠ ᠵᠢ 8 ᠳ᠋ᠦᠩᠰᠢᠭᠤᠷ ᠵᠢᠩ ᠨᠡᠮᠡᠭᠳᠡᠭᠦᠯᠵᠦ᠂ ᠤᠰᠤᠯᠠᠯᠲᠠ ᠵᠢᠨ ᠣᠷᠣᠨ᠎ᠤ ᠢᠨᠵᠸᠨ᠋ᠸᠷᠢᠩ᠎ᠤᠨ ᠪᠠᠷᠢᠯᠭ᠎ᠠ ᠵᠢ ᠪᠦᠷᠢᠨ ᠪᠦᠲᠦᠨ ᠪᠠᠶ᠋ᠢᠯᠭ᠋ᠠᠬᠤ ᠨᠣᠷᠮ᠎ᠠ ᠵᠢ 60% ᠪᠣᠯᠲᠠᠯ᠎ᠠ ᠳᠡᠭᠡᠭᠰᠢᠯᠡᠭᠦᠯᠵᠦ᠂ ᠭᠤᠤᠯᠯᠠᠬᠤ ᠤᠰᠤᠨ ᠰᠤᠪᠠᠭ᠎ᠤᠨ ᠤᠰᠤ ᠳᠠᠮᠵᠢᠭᠤᠯᠬᠤ ᠴᠢᠳᠠᠪᠤᠷᠢ ᠵᠢ 15%᠎ᠠᠴᠠ 20% ᠪᠣᠯᠲᠠᠯ᠎ᠠ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠶ᠋ᠢᠲᠡ 5237 ᠲᠦᠮᠡᠨ ᠮᠥ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ 3 ᠲᠦᠮᠡ ᠪᠠᠶ᠋ᠢᠭᠤᠯᠵᠤ᠂ ᠤᠰᠤ ᠪᠤᠷᠳᠤᠭᠤᠷ᠎ᠢ ᠨᠢᠭᠡ ᠴᠤᠭᠴᠠᠵᠢᠭᠤᠯᠬᠤ ᠮᠡᠷᠭᠡᠵᠢᠯ᠎ᠢ ᠬᠡᠷᠡᠭᠵᠢᠭᠦᠯᠵᠦ᠂ 33 ᠲᠦᠮᠡᠨ ᠮᠥ᠍ ᠤᠰᠤ ᠶᠡᠭᠡ ᠬᠤᠷᠣᠭᠳᠠᠭᠤᠯᠬᠤ ᠲᠠᠷᠢᠮᠠᠯ᠎ᠢ ᠪᠠᠭ᠋ᠠᠰᠬᠠᠵᠤ᠂ ᠭᠠᠩ ᠬᠠᠭᠰᠠᠷᠠᠭ᠋ᠠᠨ᠎ᠳᠤ ᠲᠡᠰᠪᠦᠷᠢᠲᠡᠶ ᠲᠠᠷᠢᠮᠠᠯ᠎ᠤᠨ ᠡᠭᠦᠯᠳᠡᠷ᠎ᠢ 1100 ᠲᠦᠮᠡᠨ ᠮᠥ᠍        ᠳᠡᠯᠭᠡᠷᠡᠭᠦᠯᠪᠡ᠃

  2021 ᠣᠨ᠎ᠠᠴᠠ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ 3 ᠳ᠋ᠦᠩᠰᠢᠭᠤᠷ ᠰᠢᠬᠠᠮ ᠲᠥᠭᠦᠷᠢᠭ᠎ᠤᠨ ᠪᠠᠯᠠ ᠣᠷᠣᠭᠤᠯᠵᠤ ᠡᠯ᠎ᠡ ᠭᠠᠵᠠᠷ᠎ᠤᠨ ᠤᠰᠤ ᠠᠷᠪᠢᠯᠠᠬᠤ ᠱᠠᠩᠨᠠᠯ ᠨᠥᠬᠦᠪᠥᠷᠢ ᠥᠷᠨᠢᠭᠦᠯᠬᠦ ᠵᠢ ᠳᠡᠮᠵᠢᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠠᠶ᠋ᠢᠮᠠᠭ ᠬᠤᠲᠠ ᠵᠢᠴᠢ ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠢᠨᠵᠧᠨᠧᠷᠢᠩ᠎ᠢ ᠶᠡᠬᠡᠪᠡᠷ ᠳᠥᠯᠭᠢᠨ ᠠᠬᠢᠭᠤᠯᠵᠤ᠂ ᠲᠠᠷᠢᠶᠠᠯᠠᠩ᠎ᠤᠨ ᠤᠰᠤ ᠬᠡᠷᠡᠭᠯᠡᠬᠦ ᠭᠦᠢ᠍ᠴᠡᠳᠭᠡᠯ ᠲᠤᠭ᠎ᠠ ᠵᠢ 4.76 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠪᠡ᠃ 2023 ᠣᠨ᠎ᠳᠤ ᠬᠠᠲᠤᠨ ᠭᠤᠤᠯ᠎ᠤᠨ ᠭᠤᠤᠯ ᠤᠷᠤᠰᠬᠠᠯ᠎ᠤᠨ ᠤᠰᠤᠨ᠎ᠤ ᠡᠷᠬᠡ ᠵᠢᠨ ᠠᠶ᠋ᠢᠮᠠᠭ ᠬᠤᠲᠠ ᠵᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ᠎ᠨᠢ 23.13 ᠳ᠋ᠦᠩᠰᠢᠭᠤᠷ ᠲᠥᠭᠦᠷᠢᠭ᠎ᠲᠤ ᠬᠦᠷᠴᠦ᠂ ᠣᠳᠣᠬᠠᠨ᠎ᠳᠤ ᠨᠢᠭᠡᠨᠲᠡ 13.21 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠢᠨᠵᠧᠨᠧᠷᠢᠩ ᠪᠠᠶ᠋ᠢᠭᠤᠯᠤᠭᠳᠠᠭᠰᠠᠨ᠎ᠤ ᠳᠠᠷᠠᠭ᠎ᠠ᠂ ᠬᠠᠲᠤᠨ ᠭᠤᠤᠯ ᠳᠠᠭ᠋ᠠᠤ ᠵᠢᠨ ᠠᠶ᠋ᠢᠮᠠᠭ ᠬᠤᠲᠠ ᠵᠢᠨ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠵᠦ ᠪᠣᠯᠤᠨ᠎ᠠ᠃  ᠪᠠᠷᠤᠭ 12 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢ ᠨᠢᠭᠡᠳᠦᠯᠲᠡᠶ ᠲᠥᠯᠥᠪᠯᠡᠵᠦ᠂ 18 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠮᠡᠳᠡᠭᠡ ᠵᠠᠩᠭᠢᠴᠢᠯᠠᠯᠲᠠ ᠵᠢᠨ ᠲᠣᠭ᠋ᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠭᠤᠣᠯ ᠵᠠᠮ ᠰᠤᠪᠠᠭ᠎ᠤᠨ ᠤᠰᠤᠨ ᠲᠦᠪᠰᠢᠨ᠂ ᠤᠷᠤᠰᠬᠠᠯ᠎ᠤᠨ ᠬᠡᠮᠵᠢᠶ᠎ᠡ᠂ ᠸᠢᠳᠢᠣ᠋ ᠵᠡᠷᠭᠡ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠴᠠᠭ ᠬᠤᠭᠤᠴᠠᠭ᠎ᠠ ᠪᠠ ᠤᠰᠤ ᠳᠠᠮᠵᠢᠭᠤᠯᠬᠤ ᠢᠨᠵᠧᠨᠧᠷᠢᠩ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃

   ᠡᠭᠦᠨ᠎ᠠᠴᠠ ᠭᠠᠳᠠᠨ᠎ᠠ᠂ ᠭᠠᠵᠠᠷ ᠳᠡᠭᠡᠷᠡᠬᠢ ᠤᠰᠤᠨ᠎ᠤ ᠤᠰᠤᠯᠠᠯᠲᠠ ᠵᠢᠨ ᠣᠷᠣᠨ᠎ᠤ ᠤᠰᠤᠨ᠎ᠤ ᠶᠠᠪᠤᠳᠠᠯ᠎ᠤᠨ ᠬᠤᠷᠰᠢᠶ᠎ᠠ᠂ ᠲᠠᠷᠢᠶᠠᠴᠢᠳ᠎ᠤᠨ ᠤᠰᠤ ᠬᠡᠷᠡᠭᠯᠡᠬᠦ ᠨᠡᠶ᠋ᠢᠭᠡᠮᠯᠢᠭ᠂ ᠰᠤᠪᠠᠭ᠎ᠤᠨ ᠳᠠᠷᠤᠭ᠎ᠠ ᠵᠢᠨ ᠳᠦᠷᠢᠮ᠎ᠢ ᠲᠦᠷᠭᠡᠳᠬᠡᠨ ᠬᠡᠷᠡᠭᠵᠢᠭᠦᠯᠵᠦ᠂ ᠬᠤᠳᠳᠤᠭ᠎ᠤᠨ ᠤᠰᠤᠯᠠᠯᠲᠠ ᠵᠢᠨ ᠣᠷᠣᠨ᠎ᠳᠤ 《ᠬᠤᠳᠳᠤᠭ᠎ᠤᠨ ᠳᠠᠷᠤᠭ᠎ᠠ ᠵᠢᠨ ᠳᠦᠷᠢᠮ》᠂ 《ᠬᠦᠰᠦᠨᠦᠭᠲᠦ ᠵᠢᠨ ᠳᠠᠷᠤᠭ᠎ᠠ ᠵᠢᠨ ᠳᠦᠷᠢᠮ》᠎ᠢ ᠬᠡᠷᠡᠭᠵᠢᠭᠦᠯᠦᠨ᠎ᠡ; 《ᠤᠰᠤ᠎ᠪᠠᠷ ᠳᠥᠷᠪᠡ ᠵᠢ ᠲᠣᠭᠲᠠᠭ᠋ᠠᠬᠤ》 ᠵᠠᠷᠴᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠬᠦ ᠲᠤᠭ᠎ᠠ ᠵᠢᠨ ᠰᠢᠰᠲ᠋ᠧᠮᠵᠢ ᠵᠢ ᠪᠠᠶ᠋ᠢᠭᠤᠯᠵᠤ᠂ ᠲᠠᠷᠢᠶᠠᠯᠠᠩ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠬᠦ ᠲᠤᠭ᠎ᠠ ᠵᠢ ᠪᠦᠬᠦᠨ᠎ᠢ ᠭᠠᠴᠠᠭ᠎ᠠ ᠲᠣᠰᠬᠤᠨ ᠵᠡᠷᠭᠡ ᠦᠨᠳᠦᠰᠦᠨ ᠤᠰᠤ ᠬᠡᠷᠡᠭᠯᠡᠬᠦ ᠡᠷᠦᠬᠡ᠎ᠳᠤ ᠬᠦᠷᠲᠡᠯ᠎ᠡ ᠵᠠᠳᠠᠯᠵᠤ᠂ ᠭᠠᠵᠠᠷ ᠳᠣᠤᠷᠠᠬᠢ ᠤᠰᠤᠨ᠎ᠤ ᠲᠦᠪᠰᠢᠨ᠂ ᠤᠰᠤᠨ᠎ᠤ ᠬᠡᠮᠵᠢᠶ᠎ᠡ ᠵᠢᠨ 《ᠬᠤᠣᠰ ᠡᠵᠡᠮᠳᠡᠯ》᠎ᠤᠨ ᠭᠦᠢ᠍ᠴᠡᠳᠬᠡᠬᠦ ᠲᠤᠭ᠎ᠠ ᠵᠢ ᠪᠦᠬᠦ ᠣᠷᠣᠨ᠎ᠤ 371 ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠨᠢᠭᠡᠴᠢ᠎ᠳᠤ ᠨᠠᠷᠢᠯᠢᠭᠵᠢᠭᠤᠯᠤᠨ ᠵᠠᠳᠠᠯᠤᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠤᠰᠤ ᠠᠷᠪᠢᠯᠠᠬᠤ ᠠᠵᠢᠯᠯᠠᠭ᠎ᠠ ᠵᠢ ᠠᠬᠢᠭᠤᠯᠵᠤ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤ ᠠᠷᠪᠢᠯᠠᠬᠤ ᠬᠡᠪ ᠳᠠᠭᠤᠷᠢᠶᠠᠯ᠎ᠢ ᠪᠣᠶ ᠪᠣᠯᠭ᠋ᠠᠪᠠ
ᠥᠪᠥᠷ ᠮᠣᠩᠭᠤᠯ ᠤᠰᠤᠨ᠎ᠤ ᠡᠷᠬᠡ ᠵᠢ ᠰᠢᠯᠵᠢᠭᠦᠯᠦᠨ ᠥᠭᠴᠦ 10 ᠵᠢᠯ᠎ᠳᠤ 260 ᠭᠠᠷᠤᠶ ᠠᠵᠤ ᠦᠢ᠍ᠯᠡᠳᠪᠦᠷᠢ ᠵᠢᠨ ᠲᠦᠰᠦᠯ᠎ᠤᠨ ᠤᠰᠤ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠪᠡ
ᠡᠯᠪᠡᠭ ᠬᠤᠷᠢᠶᠠᠯᠲᠠ ᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠴᠢᠳᠠᠪᠤᠷᠢ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ — ᠬᠥᠬᠡᠮᠳᠦᠭ ᠨᠣᠭᠤᠭ᠋ᠠᠨ ᠠᠭᠤᠯᠠ ᠤᠰᠤ ᠤᠮᠠᠷᠠᠲᠤ ᠬᠢᠯᠢ᠎ᠳᠤ ᠥᠨᠢᠳᠡ ᠤᠷᠤᠰᠤᠨ᠎ᠠ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ (ᠰᠠᠨᠠᠯ ᠬᠤᠷᠢᠶᠠᠬᠤ ᠨᠣᠤᠷᠠᠭ)》᠎ᠢ ᠢᠯᠡ᠎ᠪᠠᠷ ᠰᠠᠨᠠᠯ ᠬᠤᠷᠢᠶᠠᠪᠠ
 
            