ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ ᠤᠰᠤᠨ᠎ᠤ ᠡᠷᠬᠡ ᠵᠢ ᠰᠢᠯᠵᠢᠭᠦᠯᠦᠨ ᠥᠭᠴᠦ 10 ᠵᠢᠯ᠎ᠳᠤ 260 ᠭᠠᠷᠤᠶ ᠠᠵᠤ ᠦᠢ᠍ᠯᠡᠳᠪᠦᠷᠢ ᠵᠢᠨ ᠲᠦᠰᠦᠯ᠎ᠤᠨ ᠤᠰᠤ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2024-08-13

  《ᠤᠰᠤᠨ᠎ᠤ ᠡᠷᠬᠡ ᠵᠢ ᠰᠢᠯᠵᠢᠭᠦᠯᠦᠨ ᠥᠭᠬᠦ᠎ᠠᠴᠠ ᠡᠮᠦᠨᠡᠬᠢ᠎ᠲᠠᠢ ᠬᠠᠷᠢᠴᠠᠭᠤᠯᠪᠠᠯ᠂  ᠥᠪᠥᠷ ᠮᠣᠩᠭᠤᠯ᠎ᠤᠨ ᠤᠰᠤᠨ᠎ᠤ ᠡᠷᠬᠡ ᠵᠢ ᠰᠢᠯᠵᠢᠭᠦᠯᠦᠨ ᠥᠭᠭᠦᠭᠰᠡᠨ 6 ᠤᠰᠤᠯᠠᠯᠲᠠ ᠵᠢᠨ ᠣᠷᠣᠨ᠎ᠤ ᠵᠢᠯ᠎ᠤᠨ ᠪᠣᠳᠠᠲᠠᠶ ᠬᠡᠷᠡᠭᠯᠡᠬᠦ ᠤᠰᠤᠨ᠎ᠤ ᠬᠡᠮᠵᠢᠶ᠎ᠡ 7.73 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠠᠭ᠋ᠠᠰᠴᠤ᠂ ᠤᠰᠤ ᠬᠡᠷᠡᠭᠯᠡᠬᠦ ᠠᠰᠢᠭᠯᠠᠮᠵᠢ ᠵᠢ ᠬᠠᠮᠤᠭ᠎ᠤᠨ ᠥᠨᠳᠥᠷ᠎ᠲᠤ᠎ᠪᠠᠨ 117%᠎ᠪᠠᠷ ᠳᠡᠭᠡᠭᠰᠢᠯᠡᠭᠦᠯᠪᠡ 》᠃ 8 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠾᠧ ᠸᠧᠨ ᠬᠤᠸᠠ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ᠂ ᠤᠰᠤᠨ᠎ᠤ ᠡᠷᠬᠡ ᠵᠢ ᠰᠢᠯᠵᠢᠭᠦᠯᠦᠨ ᠥᠭᠬᠦ ᠵᠢ ᠬᠡᠷᠡᠭᠵᠢᠭᠦᠯᠵᠦ ᠬᠠᠲᠤᠨ ᠭᠤᠤᠯ ᠳᠠᠭ᠋ᠠᠤ ᠵᠢᠨ ᠡᠯ᠎ᠡ ᠠᠶ᠋ᠢᠮᠠᠭ ᠬᠤᠲᠠ ᠵᠢᠨ 《ᠤᠰᠤ᠎ᠪᠠᠷ ᠳᠥᠷᠪᠡ ᠵᠢ ᠲᠣᠭᠲᠠᠭ᠋ᠠᠬᠤ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ᠎ᠳᠤ ᠴᠢᠬᠤᠯᠠ ᠦᠢ᠍ᠯᠡᠳᠦᠯ ᠦᠵᠡᠭᠦᠯᠪᠡ᠃

   ᠤᠰᠤᠨ᠎ᠤ ᠡᠷᠬᠡ ᠪᠣᠯ ᠤᠰᠤᠨ᠎ᠤ ᠡᠬᠢ ᠪᠠᠶᠠᠯᠢᠭ᠎ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠪᠣᠯᠤᠨ᠎ᠠ᠃ ᠮᠠᠨ᠎ᠤ ᠤᠯᠤᠰ᠎ᠲᠤ᠂ ᠤᠰᠤᠨ᠎ᠤ ᠡᠬᠢ ᠪᠠᠶᠠᠯᠢᠭ᠎ᠤᠨ ᠥᠮᠴᠢᠯᠡᠬᠦ ᠡᠷᠬᠡ᠎ᠨᠢ ᠤᠯᠤᠰ᠎ᠲᠤ ᠥᠮᠴᠢᠯᠡᠭᠳᠡᠨ᠎ᠡ᠂ ᠡᠶ᠋ᠢᠮᠦ᠎ᠠᠴᠠ ᠶᠡᠷᠦᠳᠡᠭᠡᠨ ᠠᠴᠢ ᠬᠣᠯᠪᠣᠭᠳᠠᠯ ᠪᠦᠬᠦᠢ ᠤᠰᠤᠨ᠎ᠤ ᠡᠷᠬᠡ ᠲᠤᠬᠠᠶ᠋ᠢᠯᠠᠪᠠᠯ ᠤᠰᠤᠨ᠎ᠤ ᠡᠬᠢ ᠪᠠᠶᠠᠯᠢᠭ᠎ᠢ ᠬᠡᠷᠡᠭᠯᠡᠬᠦ ᠡᠷᠬᠡ᠂ ᠤᠰᠤᠨ᠎ᠤ ᠡᠬᠢ ᠪᠠᠶᠠᠯᠢᠭ᠎ᠢ ᠬᠡᠷᠡᠭᠯᠡᠭᠴᠢ᠎ᠠᠴᠠ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠬᠡᠪᠴᠢᠶᠡᠨ ᠳᠣᠲᠣᠷ᠎ᠠ ᠬᠡᠷᠡᠭᠯᠡᠵᠦ ᠪᠠᠶ᠋ᠢᠭ᠎ᠠ ᠤᠰᠤᠨ᠎ᠤ ᠡᠬᠢ ᠪᠠᠶᠠᠯᠢᠭ᠎ᠢ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠬᠠᠤᠯᠢ ᠶᠣᠰᠣᠭ᠋ᠠᠷ ᠰᠢᠢ᠍ᠳᠪᠦᠷᠢᠯᠡᠬᠦ ᠡᠷᠬᠡ ᠵᠢ ᠵᠢᠭ᠋ᠠᠵᠤ ᠪᠤᠶ᠃  ᠤᠰᠤᠨ᠎ᠤ ᠡᠷᠬᠡ ᠵᠢ ᠰᠢᠯᠵᠢᠭᠦᠯᠦᠨ ᠥᠭᠬᠦ ᠪᠣᠯ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠵᠢᠨ ᠬᠠᠲᠠᠭᠤ ᠬᠢᠵᠠᠭ᠋ᠠᠷᠯᠠᠯ ᠳᠣᠣᠷ᠎ᠠ᠂ ᠠᠷᠪᠢᠯᠠᠭᠰᠠᠨ ᠤᠰᠤᠨ᠎ᠤ ᠡᠬᠢ ᠪᠠᠶᠠᠯᠢᠭ᠎ᠢ ᠰᠢᠯᠵᠢᠭᠦᠯᠦᠨ ᠥᠭᠬᠦ᠎ᠪᠠᠷ ᠳᠠᠮᠵᠢᠭᠤᠯᠤᠨ ᠡᠷᠭᠢᠯᠳᠦᠭᠦᠯᠬᠦ᠂ ᠠᠮᠢᠳᠤᠯᠢᠭᠵᠢᠭᠤᠯᠬᠤ ᠵᠢ ᠪᠡᠶᠡᠯᠡᠭᠦᠯᠬᠦ ᠵᠢᠨ ᠬᠠᠮᠲᠤ ᠦᠷ᠎ᠡ ᠠᠰᠢᠭ᠎ᠢ ᠨᠡᠮᠡᠭᠳᠡᠭᠦᠯᠬᠦ᠎ᠪᠠᠷ ᠵᠣᠷᠢᠯᠭ᠎ᠠ ᠪᠣᠯᠭ᠋ᠠᠵᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠪᠣᠯᠤᠨ ᠦᠷ᠎ᠡ ᠠᠰᠢᠭ᠎ᠤᠨ ᠳᠡᠭᠡᠭᠰᠢᠯᠡᠯᠲᠡ ᠵᠢ ᠪᠡᠶᠡᠯᠡᠭᠦᠯᠬᠦ᠎ᠪᠠᠷ ᠵᠣᠷᠢᠯᠭ᠎ᠠ ᠪᠣᠯᠭ᠋ᠠᠵᠤ᠂ ᠳᠠᠷᠤᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠤᠪᠢᠷᠠᠭᠤᠯᠬᠤ ᠦᠭᠡᠢ ᠪᠠᠶ᠋ᠢᠬᠤ ᠤᠷᠢᠲᠠᠯ ᠳᠣᠣᠷ᠎ᠠ᠂ ᠠᠷᠪᠢᠯᠠᠭᠰᠠᠨ ᠤᠰᠤ ᠵᠢ ᠥᠭᠡᠷ᠎ᠡ ᠭᠠᠵᠠᠷ᠎ᠲᠤ ᠬᠡᠷᠡᠭᠯᠡᠵᠦ᠂ 《ᠬᠤᠯᠠ ᠵᠢᠨ ᠤᠰᠤ》᠎ᠨᠢ 《ᠤᠢ᠌ᠷ᠎ᠠ ᠵᠢᠨ ᠤᠮᠳᠠ》 ᠵᠢ ᠲᠠᠢ᠌ᠯᠬᠤ ᠬᠠᠷᠠᠯᠲᠠ ᠪᠣᠯᠤᠨ᠎ᠠ᠃

   ᠬᠠᠲᠤᠨ ᠭᠣᠤᠯ ᠥᠪᠥᠷ ᠮᠣᠩᠭᠣᠯ᠎ᠤᠨ 7 ᠠᠶ᠋ᠢᠮᠠᠭ ᠬᠣᠲᠠ᠎ᠪᠠᠷ ᠤᠷᠤᠰᠤᠨ ᠦᠩᠭᠡᠷᠡᠨ᠎ᠡ᠂ ᠭᠡᠪᠡᠴᠦ ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠨ᠎ᠠ᠃ 2003 ᠣᠨ᠎ᠠᠴᠠ ᠡᠬᠢᠯᠡᠨ᠂ ᠥᠪᠥᠷ ᠮᠣᠩᠭᠣᠯ ᠠᠶ᠋ᠢᠮᠠᠭ ᠬᠣᠲᠠ ᠵᠢᠨ ᠳᠣᠲᠣᠷᠠᠬᠢ ᠤᠰᠤᠨ᠎ᠤ ᠡᠷᠬᠡ᠎ᠪᠠᠨ ᠰᠢᠯᠵᠢᠭᠦᠯᠦᠨ ᠥᠭᠬᠦ ᠠᠵᠢᠯ᠎ᠢ ᠬᠠᠶ᠋ᠢᠨ ᠰᠦᠪᠡᠭᠴᠢᠯᠡᠪᠡ᠃ 2014 ᠣᠨ᠎ᠳᠤ᠂ ᠥᠪᠥᠷ ᠮᠣᠩᠭᠤᠯ ᠤᠰᠤᠨ ᠠᠰᠢᠭᠯᠠᠯᠲᠠ ᠵᠢᠨ ᠶᠠᠮᠤᠨ᠎ᠠᠴᠠ ᠪᠦᠬᠦ ᠤᠯᠤᠰ᠎ᠤᠨ ᠤᠰᠤᠨ᠎ᠤ ᠡᠷᠬᠡ ᠵᠢ ᠰᠢᠯᠵᠢᠭᠦᠯᠦᠨ ᠥᠭᠬᠦ 7 ᠲᠤᠷᠰᠢᠯᠲᠠ ᠵᠢᠨ ᠴᠡᠭ᠎ᠤᠨ ᠨᠢᠭᠡ᠎ᠪᠠᠷ ᠵᠢᠭᠰᠠᠭ᠋ᠠᠭᠳᠠᠵᠤ᠂ ᠲᠤᠷᠰᠢᠯᠲᠠ ᠵᠢᠨ ᠴᠡᠭ᠎ᠤᠨ ᠭᠤᠤᠯ ᠠᠭᠤᠯᠭ᠎ᠠ᠎ᠨᠢ ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠪᠣᠯᠤᠨ᠎ᠠ᠃

   ᠪᠦᠬᠦ ᠤᠯᠤᠰ᠎ᠤᠨ ᠤᠰᠤᠨ᠎ᠤ ᠡᠷᠬᠡ ᠵᠢ ᠰᠢᠯᠵᠢᠭᠦᠯᠦᠨ ᠥᠭᠬᠦ ᠲᠤᠷᠰᠢᠯᠲᠠ ᠪᠠ ᠠᠭᠤᠷ ᠠᠮᠢᠰᠬᠤᠯ ᠭᠠᠩ ᠬᠠᠭᠤᠷᠠᠶ᠂ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠡᠨᠧᠷᠭᠢ ᠵᠢᠨ ᠲᠣᠮᠣ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ ᠣᠶ᠋ᠢᠷ᠎ᠠ ᠵᠢᠨ ᠵᠢᠯ᠎ᠤᠳ᠎ᠲᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠢ ᠢᠳᠡᠪᠬᠢᠲᠡᠶ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ 《ᠥᠷᠲᠡᠭ᠎ᠤᠨ ᠨᠡᠮᠡᠭᠳᠡᠯ᠎ᠤᠨ ᠣᠷᠣᠨ ᠵᠠᠶ》 ᠵᠢ ᠢᠯᠡᠷᠡᠭᠦᠯᠪᠡ᠃ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤ ᠲᠠᠲᠠᠵᠤ ᠬᠡᠷᠡᠭᠯᠡᠬᠦ ᠡᠷᠦᠬᠡ ᠵᠢᠨ ᠰᠤᠯᠠ ᠪᠠᠶ᠋ᠢᠭ᠎ᠠ ᠤᠰᠤᠨ᠎ᠤ ᠭᠦᠢ᠍ᠴᠡᠳᠭᠡᠯ ᠲᠤᠭ᠎ᠠ ᠵᠢ ᠤᠶ᠋ᠢᠯᠠᠭ᠋ᠠᠨ ᠪᠠᠶ᠋ᠢᠴᠠᠭ᠋ᠠᠵᠤ ᠪᠠᠶ᠋ᠢᠭ᠎ᠠ ᠪᠠᠶ᠋ᠢᠳᠠᠯ᠎ᠢ ᠦᠨᠳᠦᠰᠦᠯᠡᠨ᠂ ᠠᠵᠤ ᠠᠬᠤᠶ᠋ᠢᠯᠠᠯ᠎ᠤᠨ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠵᠢᠯᠣᠭᠤᠳᠤᠨ ᠠᠬᠢᠭᠤᠯᠪᠠ; ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠪᠦᠷᠢᠨ ᠲᠡᠭᠦᠯᠳᠡᠷ ᠲᠦᠷᠢᠮ ᠪᠠ ᠭᠤᠷᠪᠠᠨ ᠱᠠᠲᠤᠨ᠎ᠤ ᠤᠰᠤᠨ᠎ᠤ ᠡᠷᠬᠡ ᠵᠢᠨ ᠠᠷᠠᠯᠵᠢᠶᠠᠨ᠎ᠤ ᠲᠠᠪᠴᠠᠩ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠪᠥᠬᠦ ᠣᠷᠣᠨ᠎ᠤ ᠬᠡᠪᠴᠢᠶᠡᠨ ᠳᠣᠲᠣᠷᠠᠬᠢ ᠭᠠᠩ ᠬᠠᠭᠤᠷᠠᠶ ᠭᠠᠵᠠᠷ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠤᠰᠤ ᠬᠡᠷᠡᠭᠯᠡᠬᠦ ᠠᠰᠠᠭᠤᠳᠠᠯ᠎ᠢ ᠠᠮᠵᠢᠯᠲᠠ᠎ᠲᠠᠢ᠎ᠪᠠᠷ ᠰᠢᠢ᠍ᠳᠪᠦᠷᠢᠯᠡᠨ᠎ᠡ᠃

  2023 ᠣᠨ᠎ᠳᠤ᠂ ᠥᠪᠥᠷ ᠮᠣᠩᠭᠤᠯ ᠬᠠᠲᠤᠨ ᠭᠤᠤᠯ᠎ᠤᠨ ᠭᠤᠤᠯ ᠤᠷᠤᠰᠬᠠᠯ᠎ᠤᠨ ᠤᠰᠤᠨ᠎ᠤ ᠡᠷᠬᠡ ᠵᠢᠨ ᠠᠶ᠋ᠢᠮᠠᠭ ᠬᠤᠲᠠ ᠵᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ᠎ᠨᠢ 23.13 ᠳ᠋ᠦᠩᠰᠢᠭᠤᠷ ᠲᠥᠭᠦᠷᠢᠭ᠎ᠲᠤ ᠬᠦᠷᠴᠦ᠂ ᠭᠤᠤᠯᠳᠠᠭᠤ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠳᠣᠲᠣᠷᠠᠬᠢ ᠹᠦ᠋ ᠰᠢᠩ ᠤᠰᠤᠯᠠᠯᠲᠠ ᠵᠢᠨ ᠣᠷᠣᠨ᠂ ᠴᠠᠩ ᠵᠢᠢ ᠤᠰᠤᠯᠠᠯᠲᠠ ᠵᠢᠨ ᠣᠷᠣᠨ᠂ ᠶᠡᠷᠦᠩᠬᠡᠶ ᠭᠤᠤᠯ ᠰᠤᠪᠠᠭ᠎ᠤᠨ ᠭᠤᠷᠪᠠᠳᠤᠭ᠋ᠠᠷ ᠬᠠᠭ᠋ᠠᠯᠲᠠ ᠵᠢᠨ ᠳᠣᠤᠷᠠᠬᠢ ᠤᠷᠤᠰᠬᠠᠯ᠎ᠤᠨ ᠬᠡᠰᠡᠭ᠎ᠤᠨ 3 ᠰᠤᠪᠠᠭ᠎ᠤᠨ ᠬᠡᠰᠡᠭ᠎ᠲᠤ 124 ᠵᠤᠷᠪᠤᠰ ᠨᠡᠪᠴᠢᠬᠦ ᠵᠢ ᠰᠡᠷᠭᠡᠶ᠋ᠢᠯᠡᠬᠦ ᠳᠤᠳᠤᠷ ᠥᠷᠥᠬᠦ ᠰᠤᠪᠠᠭ᠎ᠢ ᠪᠥᠲᠥᠭᠡᠨ ᠪᠠᠶ᠋ᠢᠭᠤᠯᠵᠤ᠂ ᠰᠤᠪᠠᠭ᠎ᠤᠨ ᠣᠷᠳᠣ᠎ᠨᠢ 550 ᠭᠠᠷᠤᠶ ᠺᠢᠯᠤᠮᠸᠲᠷ ᠪᠠᠶ᠋ᠢᠵᠤ᠂ ᠢᠨᠵᠧᠨᠧᠷᠢᠩ᠎ᠢ ᠬᠡᠷᠡᠭᠵᠢᠭᠦᠯᠦᠭᠰᠡᠨ᠎ᠤ ᠳᠠᠷᠠᠭ᠎ᠠ ᠵᠢᠯ ᠪᠦᠷᠢ ᠰᠢᠯᠵᠢᠭᠦᠯᠦᠨ ᠥᠭᠭᠦᠭᠰᠡᠨ ᠤᠰᠤᠨ᠎ᠤ ᠬᠡᠮᠵᠢᠶ᠎ᠡ ᠵᠢ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠡᠶᠡᠯᠡᠭᠦᠯᠵᠦ ᠪᠣᠯᠤᠨ᠎ᠠ᠃ ᠣᠳᠣᠬᠠᠨ᠎ᠳᠤ᠂ ᠠᠩᠬᠠᠨ᠎ᠤ ᠪᠦᠯᠦᠭ ᠤᠰᠤ ᠠᠷᠪᠢᠯᠠᠬᠤ ᠢᠨᠵᠧᠨᠧᠷᠢᠩ ᠨᠢᠭᠡᠨᠲᠡ ᠳᠠᠭᠤᠰᠪᠠ᠃ 2024 ᠣᠨ᠎ᠳᠤ᠂ ᠥᠪᠥᠷ ᠮᠣᠩᠭᠤᠯ ᠤᠰᠤᠨ᠎ᠤ ᠡᠷᠬᠡ ᠵᠢ ᠰᠢᠯᠵᠢᠭᠦᠯᠦᠨ ᠥᠭᠬᠦ ᠵᠠᠭᠪᠤᠷ ᠵᠶ᠋ᠠᠷ ᠯᠠᠪᠯᠠᠯᠲᠠ ᠪᠣᠯᠭ᠋ᠠᠨ ᠤᠷᠢᠳᠠᠪᠠᠷ 6000 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠤᠰᠤ ᠵᠢ ᠲᠣᠬᠢᠷᠠᠭᠤᠯᠵᠤ᠂ ᠬᠠᠲᠤᠨ ᠭᠤᠤᠯ ᠳᠠᠭ᠋ᠠᠤ ᠵᠢᠨ ᠠᠶ᠋ᠢᠮᠠᠭ ᠬᠤᠲᠠ ᠵᠢᠨ ᠬᠡᠰᠡᠭ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠨ᠎ᠡ᠃

  《ᠤᠰᠤ ᠠᠷᠪᠢᠯᠠᠬᠤ ᠢᠨᠵᠧᠨᠧᠷᠢᠩ᠎ᠤᠨ ᠠᠷᠪᠢᠯᠠᠭᠰᠠᠨ ᠤᠰᠤᠨ᠎ᠤ ᠬᠡᠮᠵᠢᠶ᠎ᠡ ᠵᠢ ᠪᠤᠭᠤᠲᠤ ᠬᠤᠲᠠ᠂ ᠦᠬᠠᠶ ᠬᠤᠲᠠ ᠪᠠ ᠠᠯᠠᠱ᠌ᠠ ᠠᠶ᠋ᠢᠮᠠᠭ᠎ᠲᠤ ᠳᠣᠭᠢᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠮᠵᠢ ᠵᠢ ᠪᠦᠲᠦᠮᠵᠢᠲᠡᠶ ᠳᠡᠭᠡᠭᠰᠢᠯᠡᠭᠦᠯᠪᠡ》 ᠭᠡᠵᠦ ᠾᠧ ᠸᠸᠨ ᠬᠤᠸᠠ ᠬᠡᠯᠡᠪᠡ᠃

   ᠦᠬᠠᠢ ᠬᠤᠳᠠ ᠵᠢᠨ ᠬᠠᠶ᠋ᠢᠨᠠᠨ ᠲᠣᠭᠤᠷᠢᠭ᠎ᠤᠨ ᠪᠠᠶᠠᠨᠲᠤᠬᠤᠢ ᠵᠢᠨ ᠤᠰᠤᠯᠠᠯᠲᠠ ᠵᠢᠨ ᠣᠷᠣᠨ᠎ᠳᠤ᠂ ᠱᠧᠨ ᠬᠤᠸᠠ ᠦᠬᠠᠢ ᠵᠢᠨ ᠨᠡᠭᠦᠷᠡᠰᠦ ᠬᠡᠦᠷᠰᠢᠭᠦᠯᠬᠦ ᠺᠣᠮᠫᠠᠨᠢ᠎ᠠᠴᠠ ᠪᠡᠯᠡ ᠮᠥᠩᠭᠦ ᠭᠠᠷᠭ᠋ᠠᠵᠤ᠂ 30 ᠭᠠᠷᠤᠢ ᠺᠢᠯᠤᠮᠸᠲᠷ᠎ᠤᠨ ᠲᠠᠷᠢᠶᠠᠨ ᠭᠠᠵᠠᠷ᠎ᠤᠨ ᠤᠰᠤᠯᠠᠯᠲᠠ ᠵᠢᠨ ᠰᠢᠷᠣᠢ ᠵᠢᠨ ᠰᠤᠪᠠᠭ᠎ᠲᠤ ᠤᠰᠤ ᠠᠷᠪᠢᠯᠠᠬᠤ ᠥᠭᠡᠷᠡᠴᠢᠯᠡᠯᠲᠡ ᠬᠢᠵᠡᠢ᠃ ᠥᠩᠭᠡᠷᠡᠭᠰᠡᠨ᠎ᠳᠤ᠂ ᠤᠰᠤ ᠰᠢᠷᠣᠶ ᠵᠢᠨ ᠰᠤᠪᠠᠭ ᠵᠶ᠋ᠠᠷ ᠥᠩᠭᠡᠷᠡᠬᠦ᠎ᠳᠤ᠂ ᠤᠰᠤᠨ᠎ᠤ ᠡᠬᠢ ᠰᠤᠷᠪᠤᠯᠵᠢ ᠵᠢ ᠪᠦᠷᠢᠯᠭᠡᠪᠡ᠃ ᠤᠰᠤᠨ ᠰᠤᠪᠠᠭ᠎ᠢ ᠥᠭᠡᠷᠡᠴᠢᠯᠡᠭᠰᠡᠨ᠎ᠤ ᠳᠠᠷᠠᠭ᠎ᠠ᠂ ᠲᠠᠷᠢᠶᠠᠨ ᠭᠠᠵᠠᠷ᠎ᠤᠨ ᠮᠦ᠍ ᠪᠦᠷᠢ ᠵᠢᠨ ᠬᠡᠷᠡᠭᠯᠡᠬᠦ ᠤᠰᠤᠨ᠎ᠤ ᠬᠡᠮᠵᠢᠶ᠎ᠡ 513.5 ᠪᠣᠰᠤᠭ᠎ᠠ ᠳᠥᠷᠪᠡᠯᠵᠢᠨ ᠮᠸᠲᠷ ᠪᠠᠶ᠋ᠢᠭᠰᠠᠨ᠎ᠠᠴᠠ᠎ᠪᠠᠨ ᠬᠠᠰᠤᠭᠳᠠᠵᠤ 283.3 ᠪᠣᠰᠤᠭ᠎ᠠ ᠳᠥᠷᠪᠡᠯᠵᠢᠨ ᠮᠸᠲᠷ ᠪᠣᠯᠵᠤ᠂ ᠠᠷᠪᠢᠯᠠᠭᠰᠠᠨ ᠤᠰᠤᠨ᠎ᠤ ᠭᠦᠢ᠍ᠴᠡᠳᠬᠡᠬᠦ ᠲᠤᠭ᠎ᠠ ᠵᠢ ᠠᠵᠤ ᠠᠬᠤᠶ᠋ᠢᠯᠠᠯ᠎ᠳᠤ ᠰᠢᠯᠵᠢᠭᠦᠯᠦᠨ ᠥᠭᠴᠦ ᠪᠣᠯᠬᠤ ᠪᠥᠭᠡᠳ ᠠᠷᠠᠯᠵᠢᠶᠠᠯᠠᠬᠤ ᠬᠡᠯᠪᠡᠷᠢ᠎ᠪᠠᠷ ᠬᠤᠳᠠᠯᠳᠤᠵᠤ᠂ ᠢᠩᠭᠢᠭᠰᠡᠨ᠎ᠠᠴᠠ ᠲᠠᠷᠢᠶᠠᠯᠠᠩ᠂ ᠠᠵᠤ ᠦᠢ᠍ᠯᠡᠳᠪᠦᠷᠢ ᠴᠥᠮ ᠪᠣᠳᠠᠲᠤ ᠠᠰᠢᠭ ᠬᠦᠷᠲᠡᠭᠰᠡᠨ ᠪᠠᠶ᠋ᠢᠨ᠎ᠠ᠃

  《ᠮᠠᠨ᠎ᠤ ᠦᠢ᠍ᠯᠡᠳᠪᠦᠷᠢ ᠵᠢᠨ ᠤᠰᠤᠨ᠎ᠤ ᠡᠷᠬᠡ ᠵᠢᠨ ᠨᠢᠭᠡ ᠬᠡᠰᠡᠭ᠎ᠨᠢ ᠠᠵᠢᠯ ᠲᠥᠷᠥᠯ ᠠᠯᠤᠰᠯᠠᠨ ᠡᠷᠭᠢᠯᠳᠦᠭᠦᠯᠬᠦ᠎ᠪᠠᠷ ᠳᠠᠮᠵᠢᠨ ᠢᠷᠡᠭᠰᠡᠨ ᠶᠤᠮ᠂ ᠡᠷᠭᠢᠯᠳᠦᠭᠦᠯᠵᠦ ᠢᠷᠡᠭᠰᠡᠨ ᠤᠰᠤᠨ᠎ᠤ ᠡᠷᠬᠡ᠎ᠨᠢ ᠦᠢ᠍ᠯᠡᠳᠪᠦᠷᠢ ᠵᠢᠨ ᠤᠰᠤ ᠬᠡᠷᠡᠭᠯᠡᠬᠦ ᠠᠰᠠᠭᠤᠳᠠᠯ᠎ᠢ ᠮᠠᠰᠢ ᠶᠡᠭᠡ ᠬᠡᠮᠵᠢᠶ᠎ᠡ᠎ᠪᠠᠷ ᠰᠢᠢ᠍ᠳᠪᠦᠷᠢᠯᠡᠵᠦ᠂ ᠲᠣᠨᠣᠭᠯᠠᠯ᠎ᠤᠨ 〈ᠦᠷᠭᠦᠯᠵᠢ᠂ ᠳᠦᠭᠦᠷᠡᠩ᠂ ᠰᠢᠯᠢᠳᠡᠭ〉 ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠪᠠ᠃ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠨᠡᠭᠦᠷᠡᠰᠦ ᠬᠡᠤᠷᠰᠢᠭᠦᠯᠦᠭᠰᠡᠨ ᠺᠣᠮᠫᠠᠨᠢ ᠵᠢᠨ ᠰᠢ ᠯᠠᠢ ᠹᠸᠩ ᠮᠧᠲ᠋ᠢᠯ ᠠᠯᠺᠣᠤᠯ᠎ᠤᠨ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠲᠥᠬᠥᠭᠡᠷᠦᠮᠵᠢ ᠵᠢᠨ ᠮᠡᠷᠭᠡᠵᠢᠯ᠎ᠤᠨ ᠬᠡᠯᠲᠡᠰ᠎ᠤᠨ ᠳᠠᠷᠤᠭ᠎ᠠ ᠯᠸᠢ ᡁᠢ ᠯᠢᠨ ᠬᠡᠯᠡᠪᠡ᠃

   ᠠᠵᠢᠯ ᠲᠥᠷᠥᠯ ᠠᠯᠤᠰᠯᠠᠭᠰᠠᠨ ᠤᠰᠤᠨ᠎ᠤ ᠡᠷᠬᠡ ᠵᠢᠨ ᠠᠷᠠᠯᠵᠢᠶ᠎ᠠ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠳᠤ ᠲᠤᠯᠭ᠋ᠠᠷᠠᠵᠤ ᠪᠠᠶ᠋ᠢᠭ᠎ᠠ ᠤᠰᠤᠨ᠎ᠤ ᠡᠬᠢ ᠪᠠᠶᠠᠯᠢᠭ᠎ᠤᠨ ᠬᠦᠴᠢᠷᠳᠡᠯ ᠠᠶᠠᠨᠳᠠᠭ᠋ᠠᠨ ᠠᠷᠢᠯᠵᠤ᠂ ᠤᠰᠤᠨ᠎ᠤ ᠡᠬᠢ ᠪᠠᠶᠠᠯᠢᠭ᠎ᠤᠨ ᠦᠨ᠎ᠡ ᠥᠷᠲᠡᠭ᠎ᠢ ᠬᠠᠮᠤᠭ᠎ᠤᠨ ᠶᠡᠭᠡ ᠪᠣᠯᠭ᠋ᠠᠬᠤ ᠵᠢ ᠪᠡᠶᠡᠯᠡᠭᠦᠯᠦᠨ᠎ᠡ᠃ ᠣᠳᠣᠬᠠᠨ᠎ᠳᠤ᠂ ᠦᠬᠠᠶ ᠬᠤᠲᠠ᠎ᠳᠤ᠂ ᠡᠶ᠋ᠢᠮᠦᠷᠬᠦ 《ᠠᠵᠤ ᠦᠢ᠍ᠯᠡᠳᠪᠦᠷᠢ᠎ᠪᠠᠷ ᠲᠠᠷᠢᠶᠠᠯᠠᠩ᠎ᠢ ᠨᠥᠬᠦᠪᠥᠷᠢᠯᠡᠵᠦ᠂ ᠲᠠᠷᠢᠶᠠᠯᠠᠩ ᠵᠶ᠋ᠡᠷ ᠠᠵᠢᠯᠴᠢᠨ᠎ᠢ ᠳᠡᠵᠢᠭᠡᠬᠦ》᠂ 《ᠭᠡᠷ᠎ᠡ᠎ᠪᠠᠷ ᠤᠰᠤ ᠠᠷᠪᠢᠯᠠᠬᠤ + ᠤᠰᠤᠨ᠎ᠤ ᠡᠷᠬᠡ ᠵᠢ ᠰᠢᠯᠵᠢᠭᠦᠯᠦᠨ ᠥᠭᠬᠦ》 ᠠᠷᠠᠯᠵᠢᠶᠠᠨ᠎ᠤ ᠵᠠᠭᠪᠤᠷ᠎ᠢ ᠶᠠᠭ ᠪᠥᠬᠦ ᠲᠠᠯ᠎ᠠ᠎ᠪᠠᠷ ᠬᠡᠷᠡᠭᠵᠢᠭᠦᠯᠵᠦ ᠪᠠᠶ᠋ᠢᠨ᠎ᠠ᠃

   ᠥᠪᠥᠷ ᠮᠣᠩᠭᠣᠯ᠎ᠤᠨ ᠤᠰᠤᠨ᠎ᠤ ᠡᠷᠬᠡ ᠵᠢ ᠰᠢᠯᠵᠢᠭᠦᠯᠦᠨ ᠥᠭᠬᠦ᠎ᠨᠢ ᠤᠰᠤᠨ᠎ᠤ ᠡᠬᠢ ᠪᠠᠶᠠᠯᠢᠭ᠎ᠤᠨ ᠪᠣᠭᠣᠮᠢ ᠬᠢᠵᠠᠭ᠋ᠠᠷᠯᠠᠯ᠎ᠢ ᠨᠠᠮᠳᠠᠭᠤᠯᠵᠤ᠂ ᠬᠠᠲᠤᠨ ᠭᠣᠤᠯ ᠳᠠᠭ᠋ᠠᠤ ᠵᠢᠨ ᠠᠵᠤ ᠠᠬᠤᠶ ᠵᠢᠨ ᠪᠦᠰᠡ ᠵᠢᠨ ᠬᠠᠮᠵᠢᠯᠴᠠᠨ ᠬᠥᠭᠵᠢᠬᠦ ᠵᠢ ᠠᠬᠢᠭᠤᠯᠪᠠ᠃ 2003 ᠣᠨ᠎ᠠᠴᠠ ᠡᠮᠦᠨ᠎ᠡ᠂ ᠥᠪᠥᠷ ᠮᠣᠩᠭᠤᠯ᠎ᠤᠨ ᠬᠠᠲᠤᠨ ᠭᠤᠣᠯ᠎ᠤᠨ ᠰᠠᠪᠠ ᠭᠠᠵᠠᠷ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 100 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠢ ᠳᠠᠪᠠᠵᠤ᠂ ᠤᠰᠤᠨ᠎ᠤ ᠡᠷᠬᠡ ᠵᠢ ᠰᠢᠯᠵᠢᠭᠦᠯᠦᠨ ᠥᠭᠬᠦ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠎ᠢ ᠠᠯᠬᠤᠮ ᠠᠯᠬᠤᠮ ᠵᠶ᠋ᠠᠷ ᠬᠡᠷᠡᠭᠵᠢᠭᠦᠯᠵᠦ᠂ ᠬᠠᠲᠤᠨ ᠭᠤᠣᠯ᠎ᠤᠨ ᠤᠰᠤ ᠵᠢ ᠲᠠᠲᠠᠬᠤ ᠤᠰᠤᠨ᠎ᠤ ᠬᠡᠮᠵᠢᠶ᠎ᠡ ᠵᠢ ᠵᠢᠯ ᠳᠠᠷᠠᠭ᠋ᠠᠯᠠᠨ ᠪᠠᠭᠤᠷᠠᠭᠤᠯᠪᠠ᠃

   ᠤᠰᠤᠨ᠎ᠤ ᠡᠷᠬᠡ ᠵᠢ ᠰᠢᠯᠵᠢᠭᠦᠯᠦᠨ ᠥᠭᠬᠦ ᠵᠢ ᠬᠡᠷᠡᠭᠵᠢᠭᠦᠯᠦᠭᠰᠡᠨ 10 ᠵᠢᠯ᠎ᠤᠨ ᠲᠤᠷᠰᠢ᠂ ᠥᠪᠥᠷ ᠮᠣᠩᠭᠤᠯ ᠬᠠᠲᠤᠨ ᠭᠤᠤᠯ ᠳᠠᠭ᠋ᠠᠤ ᠭᠠᠵᠠᠷ ᠣᠷᠣᠨ᠎ᠤ 260 ᠭᠠᠷᠤᠶ ᠠᠵᠤ ᠦᠢ᠍ᠯᠡᠳᠪᠦᠷᠢ ᠵᠢᠨ ᠲᠦᠰᠦᠯ᠎ᠤᠨ ᠤᠰᠤ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠵᠦ᠂ ᠪᠠᠷᠤᠭ 4000 ᠳ᠋ᠦᠩᠰᠢᠭᠤᠷ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠯ ᠬᠠᠩᠭ᠋ᠠᠬᠤ ᠵᠢᠨ ᠬᠠᠮᠲᠤ ᠤᠰᠤᠯᠠᠯᠲᠠ ᠵᠢᠨ ᠣᠷᠣᠨ᠎ᠳᠤ 60 ᠭᠠᠷᠤᠶ ᠳ᠋ᠦᠩᠰᠢᠭᠤᠷ ᠲᠥᠭᠦᠷᠢᠭ᠎ᠤᠨ ᠤᠰᠤ ᠠᠷᠪᠢᠯᠠᠬᠤ ᠥᠭᠡᠷᠡᠴᠢᠯᠡᠯᠲᠡ ᠵᠢᠨ ᠪᠡᠯᠡ ᠮᠥᠩᠭᠦ ᠴᠤᠭᠯᠠᠭᠤᠯᠪᠠ᠃ ᠣᠲᠣ ᠪᠣᠯᠲᠠᠯ᠎ᠠ᠂ ᠤᠰᠤᠨ᠎ᠤ ᠭᠦᠢ᠍ᠴᠡᠳᠬᠡᠯ ᠲᠤᠭ᠎ᠠ ᠵᠢ ᠨᠢᠭᠡᠨᠲᠡ 4.36 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠰᠢᠯᠵᠢᠭᠦᠯᠦᠨ ᠥᠭᠴᠦ᠂ ᠰᠢᠰᠲ᠋ᠧᠮ᠎ᠲᠠᠢ ᠤᠰᠤ ᠵᠠᠰᠠᠬᠤ ᠰᠡᠳᠬᠢᠴᠡ᠎ᠪᠠᠷ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃

  

  (《ᠡᠠᠷᠠᠣᠠ᠎ᠤᠨ ᠡᠳᠦᠷ᠎ᠤᠨ ᠰᠣᠨᠢᠠ》᠎ᠠᠴᠠ ᠰᠢᠯᠵᠢᠭᠦᠯᠪᠡ  2024 ᠣᠨ᠎ᠤ 08 ᠳ᠋ᠤᠭ᠋ᠠᠷ ᠰᠠᠷ᠎ᠠ ᠵᠢᠨ 10᠎ᠤ ᠡᠳᠦᠷ   ᠰᠤᠷᠪᠤᠯᠵᠢᠯᠠᠭᠴᠢ   ᠵᠠᠩ ᠾᠦᠢ ᠯᠢᠩ)

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠡᠯᠪᠡᠭ ᠬᠤᠷᠢᠶᠠᠯᠲᠠ ᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠴᠢᠳᠠᠪᠤᠷᠢ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ — ᠬᠥᠬᠡᠮᠳᠦᠭ ᠨᠣᠭᠤᠭ᠋ᠠᠨ ᠠᠭᠤᠯᠠ ᠤᠰᠤ ᠤᠮᠠᠷᠠᠲᠤ ᠬᠢᠯᠢ᠎ᠳᠤ ᠥᠨᠢᠳᠡ ᠤᠷᠤᠰᠤᠨ᠎ᠠ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ (ᠰᠠᠨᠠᠯ ᠬᠤᠷᠢᠶᠠᠬᠤ ᠨᠣᠤᠷᠠᠭ)》᠎ᠢ ᠢᠯᠡ᠎ᠪᠠᠷ ᠰᠠᠨᠠᠯ ᠬᠤᠷᠢᠶᠠᠪᠠ
ᠠᠯᠪᠠᠨ ᠵᠢᠷᠤᠮ᠎ᠤᠨ ᠡᠮᠴᠢᠯᠡᠭᠡ ᠵᠢ ᠬᠦᠷᠭᠡᠵᠦ ᠦᠢ᠍ᠯᠡᠴᠢᠯᠡᠭᠡ᠎ᠨᠢ ᠬᠦᠮᠦᠰ᠎ᠤᠨ ᠰᠡᠳᠬᠢᠯ᠎ᠢ ᠳᠤᠯᠠᠭ᠋ᠠᠴᠠᠭᠤᠯᠪᠠ
ᠳᠠᠭ᠎ᠠ ᠵᠢᠨ ᠨᠠᠭᠤᠷ᠎ᠤᠨ ᠤᠰᠤᠨ ᠭᠠᠳᠠᠷᠭᠤ ᠵᠢᠨ ᠠᠭᠤᠷᠰᠢᠯᠳᠠ ᠵᠢᠨ ᠲᠤᠷᠰᠢᠯᠲᠠ ᠵᠢᠨ ᠥᠷᠲᠡᠭᠡ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠵᠦ ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ᠎ᠳᠤ ᠬᠦᠴᠦᠨ ᠨᠡᠮᠡᠷᠢᠯᠡᠪᠡ
 
            