ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠵᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2025-05-19

   ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂  ᠥᠪᠡᠷᠲᠡᠭᠡᠨ ᠵᠠᠰᠠᠬᠤ ᠣᠷᠣᠨ᠎ᠤ 《ᠤᠰᠤ ᠠᠷᠪᠢᠯᠠᠬᠤ ᠠᠵᠢᠯᠯᠠᠭ᠎ᠠ》 ᠵᠢ ᠬᠡᠷᠡᠭᠵᠢᠭᠦᠯᠬᠦ ᠵᠢ ᠭᠦᠨᠵᠡᠭᠡᠶ ᠠᠬᠢᠭᠤᠯᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂  ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠣᠶ᠋ᠢᠷ᠎ᠠ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠬᠢᠯᠲᠠ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠳᠬᠠᠬᠤ ᠲᠤᠬᠠᠶ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂  ᠲᠥᠯᠥᠪᠵᠢᠭᠦᠯᠦᠨ ᠪᠥᠲᠥᠭᠡᠨ ᠪᠠᠶ᠋ᠢᠭᠤᠯᠬᠤ᠂  ᠡᠬᠢ ᠪᠠᠶᠠᠯᠢᠭ᠎ᠢ ᠲᠣᠬᠢᠷᠠᠭᠤᠯᠬᠤ᠂  ᠵᠠᠬ᠎ᠠ ᠳᠡᠯᠭᠡᠭᠦᠷ᠎ᠢ ᠪᠤᠶ᠋ᠢᠵᠢᠭᠤᠯᠬᠤ᠂  ᠮᠡᠷᠭᠡᠵᠢᠯ᠎ᠤᠨ ᠪᠠᠲᠤᠯᠠᠭ᠎ᠠ ᠵᠡᠷᠭᠡ ᠳᠥᠷᠪᠡᠨ ᠶᠡᠭᠡ ᠭᠤᠤᠯ ᠭᠤᠭᠴᠤᠭ᠎ᠠ ᠵᠢᠨ ᠲᠣᠭᠤᠷᠢᠨ᠎ᠳᠤ 15 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂  ᠳᠠᠬᠢᠯᠲᠠ ᠤᠰᠤ ᠵᠢ ᠳᠣᠭᠢᠷᠠᠭᠤᠯᠤᠨ ᠠᠰᠢᠭᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ᠃

  《ᠠᠷᠭ᠎ᠠ ᠬᠡᠮᠵᠢᠶ᠎ᠡ᠎ᠨᠦᠭᠦᠳ》᠎ᠲᠤ ᠶᠡᠷᠦᠩᠬᠡᠶ᠋ᠢᠯᠡᠨ ᠠᠰᠢᠭᠯᠠᠬᠤ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂  ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠶᠡᠷᠦᠩᠬᠡᠶ ᠪᠠᠶ᠋ᠢᠷᠢᠰᠢᠭᠤᠯᠤᠯᠲᠠ ᠵᠢ ᠰᠢᠰᠲ᠋ᠧᠮ᠎ᠲᠠᠢ ᠲᠥᠯᠥᠪᠵᠢᠭᠦᠯᠵᠦ᠂  ᠪᠣᠬᠢᠷ ᠤᠰᠤ ᠵᠢ ᠬᠤᠷᠢᠶᠠᠨ ᠴᠤᠭᠯᠠᠭᠤᠯᠬᠤ ᠬᠤᠭᠤᠯᠠᠶ ᠵᠢᠨ ᠲᠣᠤᠷ᠂  ᠳᠠᠬᠢᠯᠲᠠ ᠤᠰᠤᠨ᠎ᠤ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠵᠦ ᠰᠢᠢ᠍ᠳᠪᠦᠷᠢᠯᠡᠬᠦ ᠲᠥᠬᠦᠭᠡᠷᠦᠮᠵᠢ ᠵᠢ ᠲᠡᠭᠦᠯᠳᠡᠷᠵᠢᠭᠦᠯᠬᠦ᠂  ᠡᠭᠡᠭᠦᠯᠦᠨ ᠬᠡᠷᠡᠭᠯᠡᠬᠦ ᠬᠤᠭᠤᠯᠠᠶ ᠵᠢᠨ ᠲᠣᠤᠷ᠎ᠢ ᠢᠵᠢ ᠪᠥᠷᠢᠳᠦᠭᠦᠯᠦᠨ ᠪᠥᠲᠥᠭᠡᠨ ᠪᠠᠶ᠋ᠢᠭᠤᠯᠬᠤ᠎ᠪᠠᠷ ᠳᠠᠮᠵᠢᠭᠤᠯᠤᠨ᠂  ᠪᠠᠶ᠋ᠢᠷᠢᠰᠢᠯ᠎ᠨᠢ ᠵᠦᠶ ᠵᠣᠬᠢᠰᠲᠠᠶ᠂  ᠪᠥᠬᠦ ᠣᠷᠣᠨ ᠪᠦᠰᠡ ᠵᠢ ᠬᠠᠮᠤᠷᠤᠭᠰᠠᠨ 《ᠱᠠᠲᠤᠯᠢᠭ ᠰᠢᠢ᠍ᠳᠪᠦᠷᠢᠯᠡᠬᠦ — ᠴᠢᠨᠠᠷ ᠬᠤᠪᠢᠶᠠᠨ ᠤᠰᠤ ᠬᠠᠩᠭ᠋ᠠᠬᠤ》 ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭ᠋ᠠᠪᠠ᠃  ᠳᠠᠬᠢᠯᠲᠠ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠤᠨ ᠬᠠᠮᠢᠶᠠᠷᠬᠤ ᠵᠢ ᠬᠡᠷᠡᠭᠵᠢᠭᠦᠯᠵᠦ᠂  ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ᠎ᠪᠠᠷ ᠣᠷᠣᠯᠠᠭᠤᠯᠬᠤ ᠵᠢ ᠭᠣᠤᠯᠳᠠᠯᠭ᠎ᠠ᠎ᠲᠠᠢ ᠲᠦᠯᠬᠢᠨ ᠠᠬᠢᠭᠤᠯᠵᠤ᠂  ᠠᠮᠢ ᠠᠬᠤᠶ ᠵᠢᠨ ᠤᠰᠤ ᠨᠥᠬᠥᠪᠥᠷᠢᠯᠡᠬᠦ᠂  ᠬᠣᠲᠠ ᠵᠢᠨ ᠶᠠᠪᠤᠳᠠᠯ᠎ᠤᠨ ᠰᠤᠯᠠ ᠬᠡᠷᠡᠭᠯᠡᠬᠦ ᠵᠡᠷᠭᠡ ᠬᠦᠷᠢᠶᠡᠨ᠎ᠤ ᠬᠡᠷᠡᠭᠯᠡᠯᠲᠡ ᠵᠢ ᠵᠢᠷᠤᠮᠵᠢᠭᠤᠯᠤᠨ ᠥᠷᠭᠡᠳᠬᠡᠬᠦ ᠬᠡᠷᠡᠭᠲᠡᠶ᠃  ᠵᠠᠬ᠎ᠠ ᠳᠡᠯᠭᠡᠭᠦᠷ᠎ᠤᠨ ᠳᠣᠲᠣᠭ᠋ᠠᠳᠤ ᠬᠥᠳᠡᠯᠭᠡᠬᠦ ᠬᠦᠴᠦᠨ᠎ᠢ ᠭᠦᠢ᠍ᠴᠡᠳ ᠬᠥᠭᠵᠢᠭᠡᠵᠦ᠂  ᠳᠠᠬᠢᠯᠲᠠ ᠤᠰᠤᠨ᠎ᠤ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂  ᠳᠠᠬᠢᠯᠲᠠ ᠤᠰᠤᠨ᠎ᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠢᠳᠡᠪᠬᠢᠲᠡᠶ ᠯᠠᠪᠳᠠᠭᠤᠨ ᠵᠶ᠋ᠠᠷ ᠠᠬᠢᠭᠤᠯᠵᠤ᠂  ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ ᠬᠠᠮᠠᠭ᠋ᠠᠯᠠᠯᠲᠠ᠎ᠳᠤ ᠣᠷᠣᠯᠴᠠᠭᠤᠯᠵᠤ᠂  ᠦᠷᠭᠦᠯᠵᠢᠯᠡᠬᠦ᠋ᠢ᠍ᠴᠡ 《ᠪᠠᠯᠠ ᠣᠷᠣᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ — ᠡᠵᠡᠩᠨᠡᠯᠲᠡ ᠬᠠᠮᠢᠶᠠᠷᠤᠯᠲᠠ — ᠦᠷ᠎ᠡ ᠠᠰᠢᠭ ᠵᠶ᠋ᠠᠷ ᠬᠥᠴᠥᠷᠬᠡᠭᠵᠢᠭᠦᠯᠬᠦ》 ᠬᠥᠭᠵᠢᠯᠲᠡ ᠵᠢᠨ ᠵᠠᠭᠪᠤᠷ᠎ᠢ ᠪᠠᠶ᠋ᠢᠭᠤᠯᠤᠨ᠎ᠠ᠃  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠦᠲᠦᠯᠦᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠤ᠂  ᠳᠠᠬᠢᠯᠲᠠ ᠤᠰᠤ ᠵᠢ ᠠᠰᠢᠭᠯᠠᠬᠤ ᠬᠦᠷᠢᠶᠡᠨ᠎ᠳᠠᠬᠢ ᠵᠠᠩᠭᠢᠯᠠᠭ᠎ᠠ ᠵᠢᠨ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠤᠮᠲᠠ ᠰᠢᠪᠲᠤᠯᠬᠤ ᠵᠢ ᠭᠦᠨᠵᠡᠭᠡᠢ ᠰᠦᠪᠡᠭᠴᠢᠯᠡᠨ᠎ᠡ᠃  ᠡᠭᠦᠨ᠎ᠤ ᠬᠠᠮᠲᠤ᠂  ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠲᠡᠭᠦᠯᠳᠡᠷᠵᠢᠭᠦᠯᠵᠦ᠂  ᠪᠥᠬᠦ ᠶᠠᠪᠤᠴᠠ ᠵᠢ ᠬᠢᠨᠠᠨ ᠬᠡᠮᠵᠢᠵᠦ ᠪᠦᠷᠢᠳᠬᠡᠬᠦ ᠰᠢᠰᠲ᠋ᠧᠮ᠎ᠢ ᠪᠠᠶ᠋ᠢᠭᠤᠯᠤᠨ᠎ᠠ᠃  ᠳᠠᠬᠢᠯᠲᠠ ᠤᠰᠤ ᠵᠢ ᠠᠰᠢᠭᠯᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂  ᠪᠦᠬᠦ ᠨᠡᠶ᠋ᠢᠭᠡᠮ ᠵᠶ᠋ᠠᠷ ᠵᠶ᠋ᠠᠨ ᠥᠷᠭᠡᠨ ᠵᠶ᠋ᠠᠷ ᠣᠷᠣᠯᠴᠠᠬᠤ᠂  ᠪᠦᠬᠦ ᠠᠷᠠᠳ ᠵᠶ᠋ᠠᠷ ᠵᠶ᠋ᠠᠨ ᠬᠠᠮᠲᠤ᠎ᠪᠠᠷ ᠤᠰᠤ ᠠᠷᠪᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ ᠭᠡᠵᠦ ᠲᠤᠳᠤᠷᠬᠠᠢ ᠲᠤᠭᠲᠠᠭ᠋ᠠᠪᠠ᠃

  《ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠦᠷᠢᠶᠡᠨ᠎ᠳᠤ ᠵᠠᠩᠭᠢᠯᠠᠭ᠎ᠠ ᠵᠢᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃ 《ᠲᠥᠷᠥ ᠵᠢᠨ ᠪᠣᠳᠣᠯᠭ᠎ᠠ᠎ᠪᠠᠷ ᠤᠷᠮᠠᠰᠢᠭᠤᠯᠬᠤ᠂  ᠵᠠᠬ᠎ᠠ ᠳᠡᠯᠭᠡᠭᠦᠷ ᠵᠶ᠋ᠠᠷ ᠭᠤᠤᠯᠯᠠᠭᠤᠯᠬᠤ᠂  ᠮᠡᠷᠭᠡᠵᠢᠯ ᠵᠶ᠋ᠠᠷ ᠡᠨᠧᠷᠭᠢ ᠣᠯᠭᠤᠬᠤ᠂  ᠬᠠᠮᠵᠢᠯᠴᠠᠨ ᠬᠠᠮᠲᠤ᠎ᠪᠠᠷ ᠵᠠᠰᠠᠬᠤ》 ᠳᠠᠬᠢᠯᠲᠠ ᠤᠰᠤ ᠵᠢ ᠠᠰᠢᠭᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠬᠤ᠎ᠪᠠᠷ ᠳᠠᠮᠵᠢᠭᠤᠯᠤᠨ᠂  ᠣᠳᠣᠬᠠᠨ᠎ᠤ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠳᠣᠤᠷ᠎ᠠ᠂  ᠬᠤᠭᠤᠯᠠᠶ ᠵᠢᠨ ᠲᠣᠤᠷ᠎ᠤᠨ ᠢᠵᠢ ᠪᠥᠷᠢᠳᠦᠭᠦᠯᠬᠦ ᠬᠦᠷᠦᠯᠴᠡᠬᠦ ᠥᠬᠡᠶ᠂  ᠵᠠᠬ᠎ᠠ ᠳᠡᠯᠭᠡᠭᠦᠷᠴᠢᠯᠡᠯᠲᠡ ᠵᠢᠨ ᠬᠡᠮᠵᠢᠶ᠎ᠡ ᠥᠨᠳᠥᠷ ᠪᠤᠰᠤ ᠵᠡᠷᠭᠡ ᠲᠣᠪᠤᠶ᠋ᠢᠮ᠎ᠠ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂  ᠳᠠᠬᠢᠯᠲᠠ ᠤᠰᠤ ᠵᠢ ᠠᠰᠢᠭᠯᠠᠬᠤ ᠬᠢᠷᠢ ᠬᠡᠮᠵᠢᠶ᠎ᠡ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂  ᠳᠠᠬᠢᠯᠲᠠ ᠤᠰᠤ ᠵᠢ 《ᠬᠤᠶᠠᠳᠤᠭ᠋ᠠᠷ ᠤᠰᠤᠨ᠎ᠤ ᠡᠬᠢ ᠰᠤᠷᠪᠤᠯᠵᠢ》 ᠪᠣᠯᠭ᠋ᠠᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠠ ᠪᠥᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠷᠬᠡᠭ ᠶᠡᠭᠡ ᠪᠣᠬᠢᠷᠲᠤᠯ ᠥᠬᠡᠶ ᠬᠥᠳᠡᠯᠭᠡᠬᠦ ᠬᠦᠴᠦᠨ ᠨᠡᠮᠡᠷᠢᠯᠡᠨ᠎ᠡ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
10 ᠳ᠋ᠦᠩᠰᠢᠭᠤᠷ ᠲᠦᠭᠦᠷᠢᠭ᠎ᠤᠨ 《ᠤᠰᠤ ᠠᠷᠪᠢᠯᠠᠬᠤ ᠵᠢᠭᠡᠯᠡᠯᠭᠡ》᠎ᠨᠢ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ 《ᠤᠮᠳᠠ ᠳᠠᠷᠤᠬᠤ》᠎ᠳᠤ ᠬᠦᠴᠦᠨ ᠨᠡᠮᠡᠷᠢᠯᠡᠪᠡ
ᠬᠤᠶᠠᠷ ᠲᠣᠮᠣ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠥᠷᠥᠯ ᠵᠦᠢ᠍ᠯ᠎ᠤᠨ ᠭᠡᠷ᠎ᠡ ᠲᠣᠭᠲᠠᠵᠤ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠪᠡ
ᠲᠦᠷᠦᠭᠦᠸ᠋ ᠬᠠᠭᠠᠰ ᠵᠢᠯ᠎ᠳᠦ ᠥᠪᠥᠷ ᠮᠣᠩᠭᠣᠯ᠎ᠤᠨ ᠬᠣᠲᠠ ᠪᠠᠯᠭᠠᠰᠤᠨ᠎ᠤ 12.3 ᠲᠦᠮᠡᠨ ᠬᠥᠮᠥᠨ᠎ᠳᠦ ᠱᠢᠨ᠎ᠡ᠎ᠪᠡᠷ ᠠᠵᠢᠯ ᠣᠯᠭᠣᠪᠠ ᠣᠨ᠎ᠤ ᠬᠠᠷᠠᠯᠲᠠ᠎ᠶᠢᠨ᠎ᠢᠶᠠᠨ 68.4%᠎ᠶᠢ ᠪᠡᠶᠡᠯᠡᠭᠦᠯᠪᠡ
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠬᠠᠭᠤᠯᠭ᠎ᠠ ᠬᠠᠮᠲᠤᠷᠠᠯᠴᠠᠭ᠎ᠠ ᠵᠢ ᠴᠢᠩᠭ᠋ᠠᠳᠬᠠᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ
ᠤᠰᠤᠨ ᠠᠰᠢᠭᠯᠠᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠲᠤᠭᠤᠢ᠌ᠯᠠᠩ᠎ᠤᠨ ᠨᠠᠮ᠎ᠤᠨ ᠡᠭᠦᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠦᠷᠦᠭᠦᠯᠡᠨ ᠵᠤᠬᠢᠶᠠᠨ ᠪᠠᠶ᠋ᠢᠭᠤᠯᠵᠤ ᠥᠷᠨᠢᠭᠦᠯᠪᠡ
 
            