ᠨᠢᠭᠡᠳᠦᠭᠡᠷ ᠵᠦᠢ᠍ᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠠ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠤᠢ᠌ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠲᠢᠩᠬᠢᠮ᠎ᠤᠨ ᠳᠡᠰ ᠪᠣᠯᠤᠨ᠎ᠠ᠃
ᠭᠤᠷᠪᠠᠳᠤᠭ᠋ᠠᠷ ᠵᠤᠢ᠌ᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤᠨ ᠠᠰᠢᠭᠯᠠᠯᠲᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠮᠢᠶ᠎ᠠ ᠪᠦᠬᠦᠢ ᠰᠢᠢ᠍ᠳᠪᠤᠷᠢᠳᠦ ᠪᠣᠳᠣᠯᠭ᠎ᠠ ᠪᠠᠢ᠌ᠷᠢᠯᠠᠭᠤᠯᠤᠯᠳᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠬᠦ ᠶᠠᠪᠤᠴᠠ᠎ᠳᠤ ᠤᠰᠤᠨ ᠠᠰᠢᠭᠯᠠᠯᠲᠠ ᠵᠢᠨ ᠠᠵᠢᠯ᠎ᠳᠠᠬᠢ ᠨᠠᠮ᠎ᠤᠨ ᠲᠦᠪᠯᠡᠷᠡᠩᠬᠦᠢ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠣᠯ ᠲᠤᠰᠢᠶᠠᠯ ᠬᠠᠷᠢᠭᠤᠴᠠᠯᠭ᠎ᠠ᠎ᠨᠢ᠄
(ᠨᠢᠭᠡ) ᠤᠰᠤᠨ᠎ᠤ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠰᠢᠭᠯᠠᠬᠤ ᠵᠢ ᠬᠠᠷᠢᠭᠤᠴᠠᠨ ᠪᠠᠲᠤᠯᠠᠨ᠎ᠠ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠲᠦᠯᠦᠪᠵᠢᠬᠦᠯᠭᠡ ᠪᠠ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠵᠤ᠂ ᠪᠦᠬᠦ ᠣᠷᠣᠨ᠎ᠤ ᠤᠰᠤᠨ᠎ᠤ ᠡᠬᠢ ᠪᠠᠶᠠᠯᠢᠭ᠎ᠤᠨ ᠲᠥᠯᠥᠪᠵᠢᠭᠦᠯᠭᠡ᠂ ᠴᠢᠬᠤᠯᠠ ᠭᠤᠤᠯ ᠮᠥᠷᠡᠨ ᠨᠠᠭᠤᠷ ᠴᠥᠭᠥᠷᠥᠮ᠎ᠤᠨ ᠰᠠᠪᠠ ᠭᠠᠵᠠᠷ᠎ᠤᠨ ᠶᠡᠷᠦᠩᠬᠡᠢ᠌ᠯᠡᠭᠰᠡᠨ ᠲᠥᠯᠥᠪᠵᠢᠭᠦᠯᠭᠡ᠂ ᠦᠶᠡᠷ᠎ᠢ ᠰᠡᠷᠭᠡᠢ᠌ᠯᠡᠬᠦ ᠲᠦᠯᠦᠪᠵᠢᠬᠦᠯᠭᠡ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠤᠬᠢᠶᠠᠨ᠎ᠠ᠃
(ᠬᠣᠶᠠᠷ) ᠠᠮᠢᠳᠤᠷᠠᠯ᠂ ᠦᠢ᠍ᠯᠡᠳᠪᠤᠷᠢᠯᠡᠯ ᠡᠵᠡᠩᠨᠡᠯᠲᠡ ᠪᠣᠯᠤᠨ ᠠᠮᠢ ᠠᠬᠤᠶ ᠣᠷᠴᠢᠨ ᠲᠣᠭᠣᠷᠢᠨ᠎ᠳᠤ ᠬᠡᠷᠡᠭᠯᠡᠬᠦ ᠤᠰᠤ ᠵᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠵᠢ ᠬᠠᠷᠢᠭᠤᠴᠠᠨ᠎ᠠ᠃ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠬᠢᠨᠠᠨ ᠬᠠᠮᠢᠶᠠᠷᠬᠤ ᠵᠢ ᠬᠡᠷᠡᠭᠵᠢᠭᠦᠯᠵᠦ᠂ ᠪᠦᠬᠦ ᠣᠷᠣᠨ᠎ᠤ ᠤᠰᠤᠨ᠎ᠤ ᠤᠷᠲᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ᠂ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠬᠦᠯᠦᠨ᠎ᠡ᠃ ᠪᠦᠬᠦ ᠣᠷᠣᠨ᠎ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠤᠰᠤ ᠲᠣᠬᠢᠷᠠᠭᠤᠯᠬᠤ ᠴᠢᠬᠤᠯᠠ ᠶᠡᠬᠡ ᠢᠨᠵᠧᠨᠧᠷᠢᠩ᠎ᠤᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠬᠠᠷᠢᠭᠤᠴᠠᠨ᠎ᠠ᠃ ᠤᠰᠤ ᠠᠪᠬᠤ ᠵᠥᠪᠰᠢᠶᠡᠷᠡᠯ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠪᠠ ᠦᠶᠡᠷ᠎ᠢ ᠰᠡᠷᠭᠡᠢ᠌ᠯᠡᠬᠦ ᠨᠤᠳᠠᠯᠠᠯᠳᠠ ᠵᠢᠨ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠦᠨ᠎ᠡ ᠲᠥᠯᠥᠪᠦᠷᠢ᠎ᠲᠠᠢ ᠪᠠᠷ ᠬᠡᠷᠡᠭᠯᠡᠬᠦ ᠠᠵᠢᠯ᠎ᠢ ᠵᠢᠯᠣᠭᠣᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠤᠰᠤ ᠬᠠᠩᠭ᠋ᠠᠬᠤ ᠪᠠ ᠰᠤᠮᠤ ᠰᠢᠶᠠᠩ ᠪᠠᠯᠭ᠋ᠠᠰᠤ ᠵᠢᠨ ᠤᠰᠤ ᠬᠠᠩᠭ᠋ᠠᠬᠤ ᠠᠵᠢᠯ᠎ᠢ ᠵᠢᠯᠣᠭᠣᠳᠤᠨ᠎ᠠ᠃
(ᠭᠤᠷᠪᠠ) ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠵᠢᠨ ᠬᠣᠯᠪᠣᠭᠳᠠᠯ ᠪᠦᠬᠦᠢ ᠲᠦᠷᠢᠮ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠦᠨᠳᠦᠰᠦᠨ ᠪᠦᠲᠦᠭᠡᠨ ᠪᠠᠢ᠌ᠭᠤᠯᠤᠯᠳᠠ ᠵᠢᠨ ᠪᠡᠯᠡ ᠣᠷᠣᠭᠤᠯᠤᠯᠲᠠ ᠵᠢ ᠲᠣᠬᠢᠷᠠᠭᠤᠯᠬᠤ ᠰᠠᠨᠠᠭᠤᠯᠭ᠎ᠠ ᠳᠤᠷᠠᠳᠬᠤ ᠵᠢ ᠬᠠᠷᠢᠭᠤᠴᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ ᠵᠢ ᠲᠣᠬᠢᠷᠠᠭᠤᠯᠬᠤ ᠰᠠᠨᠠᠯ᠎ᠢ ᠲᠤᠷᠠᠳᠴᠤ᠂ ᠲᠥᠷᠥᠯ ᠵᠤᠢ᠌ᠯ᠎ᠤᠨ ᠬᠡᠷᠡᠭᠵᠢᠭᠦᠯᠦᠯᠲᠡ ᠵᠢ ᠬᠢᠨᠠᠨ ᠬᠠᠮᠢᠶᠠᠷᠬᠤ ᠵᠢ ᠬᠠᠷᠢᠭᠤᠴᠠᠨ᠎ᠠ᠃ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ ᠳᠣᠲᠣᠷ᠎ᠠ᠎ᠪᠠᠨ ᠲᠦᠯᠦᠪᠵᠢᠬᠦᠯᠭᠡ ᠵᠢᠨ ᠬᠡᠪᠴᠢᠶᠡᠨ ᠳᠣᠲᠣᠷᠠᠬᠢ ᠪᠠ ᠤᠨ᠎ᠤ ᠲᠦᠯᠦᠪᠯᠡᠭᠡ ᠵᠢᠨ ᠬᠡᠪᠴᠢᠶᠡᠨ ᠲᠤᠲᠤᠷᠠᠬᠢ ᠲᠥᠷᠥᠯ ᠵᠤᠢ᠌ᠯ᠎ᠢ ᠬᠢᠨᠠᠨ ᠵᠥᠪᠰᠢᠶᠡᠷᠡᠵᠦ᠂ ᠬᠠᠷᠭᠤᠭᠤᠯᠤᠨ ᠵᠥᠪᠰᠢᠶᠡᠷᠡᠨ᠎ᠡ᠃
(ᠲᠦᠷᠪᠡ) ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠵᠢᠯᠣᠭᠣᠳᠤᠨ᠎ᠠ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠭᠠᠵᠠᠷ ᠲᠤᠤᠷᠠᠬᠢ ᠤᠰᠤ ᠵᠢ ᠨᠡᠭᠡᠭᠡᠨ ᠠᠰᠢᠭᠯᠠᠬᠤ ᠪᠠ ᠭᠠᠵᠠᠷ ᠲᠤᠤᠷᠠᠬᠢ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠳᠠ ᠬᠠᠮᠠᠭ᠋ᠠᠯᠠᠯᠲᠠ ᠵᠢ ᠵᠢᠯᠣᠭᠣᠳᠤᠨ᠎ᠠ᠃ ᠭᠠᠵᠠᠷ ᠲᠤᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠤᠨ᠎ᠠ᠃
(ᠲᠠᠪᠤ) ᠤᠰᠤ ᠵᠢ ᠠᠷᠪᠢᠯᠠᠨ ᠬᠡᠷᠡᠭᠯᠡᠬᠦ ᠠᠵᠢᠯ᠎ᠢ ᠬᠠᠷᠢᠭᠤᠴᠠᠨ᠎ᠠ᠃ ᠤᠰᠤ ᠠᠷᠪᠢᠯᠠᠵᠤ ᠬᠡᠷᠡᠭᠯᠡᠬᠦ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠤᠰᠤ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠬᠦᠯᠵᠦ᠂ ᠬᠣᠯᠪᠣᠭᠳᠠᠯ ᠪᠦᠬᠦᠢ ᠪᠠᠷᠢᠮᠵᠢᠶ᠎ᠠ ᠵᠢ ᠵᠣᠬᠢᠶᠠᠨ ᠪᠠᠢ᠌ᠭᠤᠯᠤᠨ ᠲᠤᠭᠳᠠᠭ᠋ᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠡᠷᠭᠡ ᠬᠠᠮᠢᠶᠠᠷᠤᠯᠲᠠ ᠵᠢᠨ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠠᠢ᠌ᠭᠤᠯᠤᠯᠳᠠ ᠵᠢᠨ ᠠᠵᠢᠯ᠎ᠢ ᠵᠢᠯᠤᠭᠤᠳᠤᠨ ᠠᠬᠢᠭᠤᠯᠤᠨ᠎ᠠ᠃
(ᠵᠢᠷᠭᠤᠭ᠎ᠠ) ᠤᠰᠤᠨ ᠰᠢᠨᠵᠢᠯᠡᠭᠡᠨ᠎ᠤ ᠠᠵᠢᠯ᠎ᠢ ᠵᠢᠯᠣᠭᠣᠳᠤᠨ᠎ᠠ᠃ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠢ ᠬᠢᠨᠠᠨ ᠰᠢᠨᠵᠢᠬᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ᠎ᠤ ᠥᠷᠲᠡᠭᠡ ᠵᠢᠨ ᠲᠤᠤᠷ ᠰᠦᠯᠵᠢᠶᠡᠨ᠎ᠤ ᠪᠦᠲᠦᠭᠡᠨ ᠪᠠᠢ᠌ᠭᠤᠯᠤᠯᠳᠠ ᠪᠠ ᠬᠠᠮᠢᠶᠠᠷᠤᠯᠲᠠ ᠵᠢ ᠬᠠᠷᠢᠭᠤᠴᠠᠵᠤ᠂ ᠪᠤᠰᠤᠳ ᠡᠩ᠎ᠤᠨ ᠤᠰᠤᠨ ᠵᠦᠶ ᠵᠢᠨ ᠬᠡᠮᠵᠢᠬᠦ ᠥᠷᠲᠡᠭᠡ ᠪᠠᠢ᠌ᠭᠤᠯᠬᠤ ᠪᠠ ᠲᠣᠬᠢᠷᠠᠭᠤᠯᠬᠤ᠂ ᠲᠤᠰᠬᠠᠶ ᠬᠡᠷᠡᠭᠯᠡᠬᠦ ᠤᠰᠤᠨ ᠵᠦᠶ ᠵᠢᠨ ᠬᠡᠮᠵᠢᠬᠦ ᠥᠷᠲᠡᠭᠡ ᠪᠠᠢ᠌ᠭᠤᠯᠬᠤ ᠪᠠ ᠬᠦᠴᠦᠨ ᠦᠭᠡᠶ ᠪᠣᠯᠭ᠋ᠠᠬᠤ ᠵᠢ ᠬᠢᠨᠠᠨ ᠵᠥᠪᠰᠢᠶᠡᠷᠡᠨ᠎ᠡ᠃ ᠭᠤᠤᠯ ᠮᠥᠷᠡᠨ ᠨᠠᠭᠤᠷ ᠴᠥᠭᠥᠷᠥᠮ ᠪᠠ ᠭᠠᠵᠠᠷ ᠲᠤᠤᠷᠠᠬᠢ ᠤᠰᠤᠨ᠎ᠳᠤ ᠬᠢᠨᠠᠨ ᠬᠡᠮᠵᠢᠯᠲᠡ ᠬᠢᠵᠦ᠂ ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠮᠡᠳᠡᠭᠡ ᠵᠠᠩᠭᠢ᠂ ᠴᠢᠮᠡᠭᠡ ᠮᠡᠳᠡᠭᠡ ᠵᠢ ᠤᠷᠢᠳᠴᠢᠯᠠᠨ ᠮᠡᠳᠡᠭᠡᠯᠡᠬᠦ ᠪᠠ ᠦᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠯᠪᠠᠨ ᠮᠡᠳᠡᠭᠡ ᠵᠢ ᠨᠡᠢ᠌ᠳᠡᠯᠡᠨ᠎ᠡ᠃ ᠤᠰᠤᠨ᠎ᠤ ᠡᠬᠢ ᠪᠠᠶᠠᠯᠢᠭ᠂ ᠤᠰᠤᠨ᠎ᠤ ᠡᠨᠧᠷᠭᠢ ᠵᠢᠨ ᠡᠬᠢ ᠪᠠᠶᠠᠯᠢᠭ᠎ᠢ ᠪᠠᠢ᠌ᠴᠠᠭ᠋ᠠᠨ ᠦᠨᠡᠯᠡᠬᠦ ᠪᠠ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ ᠵᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ᠎ᠢ ᠲᠣᠭᠲᠠᠭ᠋ᠠᠯ ᠶᠣᠰᠣᠭ᠋ᠠᠷ ᠵᠤᠬᠢᠶᠠᠨ ᠪᠠᠢ᠌ᠭᠤᠯᠤᠨ ᠥᠷᠨᠢᠭᠦᠯᠦᠨ᠎ᠡ᠃
(ᠳᠣᠯᠣᠭ᠎ᠠ) ᠤᠰᠤᠨ ᠠᠰᠢᠭᠯᠠᠯᠲᠠ ᠵᠢᠨ ᠪᠡᠯᠡᠳᠬᠡᠮᠵᠢ᠂ ᠤᠰᠤᠨ ᠣᠷᠣᠨ ᠵᠢᠴᠢ ᠲᠡᠭᠦᠨ᠎ᠤ ᠡᠷᠭᠢ ᠵᠢᠨ ᠱᠤᠭᠤᠮ᠎ᠢ ᠬᠠᠮᠢᠶᠠᠷᠬᠤ᠂ ᠬᠠᠮᠠᠭ᠋ᠠᠯᠠᠬᠤ ᠪᠠ ᠶᠡᠷᠦᠩᠬᠡᠢ᠌ᠯᠡᠨ ᠠᠰᠢᠭᠯᠠᠬᠤ ᠵᠢ ᠵᠢᠯᠣᠭᠣᠳᠤᠨ᠎ᠠ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠲᠤᠤᠷ ᠰᠦᠯᠵᠢᠶ᠎ᠡ ᠵᠢᠨ ᠪᠦᠲᠦᠭᠡᠨ ᠪᠠᠢ᠌ᠭᠤᠯᠤᠯᠳᠠ ᠵᠢ ᠵᠣᠬᠢᠶᠠᠨ ᠪᠠᠢ᠌ᠭᠤᠯᠤᠨ ᠵᠢᠯᠣᠭᠣᠳᠤᠨ᠎ᠠ᠃ ᠪᠦᠬᠦ ᠣᠷᠣᠨ᠎ᠤ ᠴᠢᠬᠤᠯᠠ ᠭᠤᠤᠯ ᠮᠥᠷᠡᠨ᠂ ᠨᠠᠭᠤᠷ ᠴᠥᠭᠥᠷᠥᠮ᠎ᠢ ᠵᠠᠰᠠᠬᠤ᠂ ᠨᠡᠭᠡᠭᠡᠨ ᠬᠥᠭᠵᠢᠭᠦᠯᠬᠦ ᠪᠠ ᠬᠠᠮᠠᠭ᠋ᠠᠯᠠᠬᠤ ᠵᠢ ᠵᠢᠯᠣᠭᠣᠳᠤᠨ᠎ᠠ᠃ ᠪᠦᠬᠦ ᠣᠷᠣᠨ᠎ᠤ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠪᠠ ᠰᠡᠯᠪᠢᠨ ᠰᠡᠷᠬᠦᠭᠡᠬᠦ᠂ ᠭᠤᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶᠡᠨ᠎ᠤ ᠬᠠᠮᠢᠶᠠᠷᠤᠯᠲᠠ ᠵᠢᠴᠢ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ ᠰᠢᠰᠲ᠋ᠧᠮ᠎ᠢ ᠬᠣᠯᠪᠣᠨ ᠨᠡᠪᠲᠡᠷᠡᠭᠦᠯᠬᠦ ᠠᠵᠢᠯ᠎ᠢ ᠵᠢᠯᠣᠭᠣᠳᠤᠨ᠎ᠠ᠃
(ᠨᠠᠢ᠍ᠮᠠ) ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠬᠢᠭᠡᠳ ᠠᠵᠢᠯᠯᠠᠭ᠋ᠠᠨ᠎ᠤ ᠬᠠᠮᠢᠶᠠᠷᠤᠯᠳᠠ ᠵᠢ ᠵᠢᠯᠣᠭᠣᠳᠤᠨ ᠬᠢᠨᠠᠯᠲᠠ ᠲᠠᠯᠪᠢᠨ᠎ᠠ᠃ ᠪᠦᠬᠦ ᠣᠷᠣᠨ᠎ᠤ ᠡᠵᠡᠮᠰᠢᠯ᠎ᠤᠨ ᠴᠢᠨᠠᠷᠲᠠᠶ ᠪᠠ ᠣᠷᠣᠨ ᠪᠦᠰᠡ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢ ᠵᠣᠬᠢᠶᠠᠨ ᠪᠠᠢ᠌ᠭᠤᠯᠤᠨ ᠬᠡᠷᠡᠭᠵᠢᠬᠦᠯᠦᠨ᠎ᠡ᠃ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠵᠢᠯᠤᠭᠤᠳᠴᠤ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠵᠢ ᠵᠢᠯᠣᠭᠣᠳᠤᠨ ᠬᠢᠨᠠᠯᠲᠠ ᠲᠠᠯᠪᠢᠨ᠎ᠠ᠃ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ ᠲᠤᠲᠤᠷ᠎ᠠ᠎ᠪᠠᠨ ᠬᠣᠯᠪᠣᠭᠳᠠᠯ ᠪᠦᠬᠦᠢ ᠢᠨᠵᠸᠨ᠋ᠸᠷᠢᠩ᠎ᠢ ᠰᠢᠯᠭ᠋ᠠᠨ ᠠᠪᠬᠤ ᠠᠵᠢᠯ᠎ᠢ ᠵᠣᠬᠢᠶᠠᠨ ᠪᠠᠢ᠌ᠭᠤᠯᠤᠨ᠎ᠠ᠃ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠠᠵᠢᠯ᠎ᠢ ᠵᠣᠬᠢᠴᠠᠭᠤᠯᠤᠨ ᠵᠢᠯᠣᠭᠣᠳᠤᠨ᠎ᠠ᠃
(ᠶᠢᠰᠦ) ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ᠂ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢᠨ ᠬᠠᠮᠲᠤ ᠲᠣᠭᠲᠠᠮᠠᠯ ᠬᠤᠭᠤᠴᠠᠭ᠎ᠠ ᠪᠠᠷ ᠵᠠᠷᠯᠠᠨ ᠨᠡᠢ᠌ᠳᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠡᠳᠦᠪ ᠲᠣᠭᠲᠠᠭ᠋ᠠᠭᠰᠠᠨ ᠦᠢ᠍ᠯᠡᠳᠪᠤᠷᠢᠯᠡᠯ ᠪᠦᠲᠦᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠬᠥᠷᠥᠰᠥ ᠰᠢᠷᠣᠶ ᠵᠢ ᠬᠠᠮᠠᠭ᠋ᠠᠯᠠᠬᠤ ᠭᠤᠤᠯᠳᠠᠯᠭ᠎ᠠ᠎ᠲᠠᠢ ᠪᠦᠲᠦᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠢ ᠵᠤᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
(ᠠᠷᠪᠠ) ᠲᠠᠷᠢᠶᠠᠯᠠᠬᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠢ ᠵᠢᠯᠣᠭᠣᠳᠤᠨ᠎ᠠ᠃ ᠲᠣᠮᠣ ᠳᠤᠮᠳᠠ ᠬᠡᠯᠪᠡᠷᠢ ᠵᠢᠨ ᠤᠰᠤᠯᠠᠬᠤ ᠪᠠ ᠤᠰᠤ ᠲᠠᠳᠠᠷᠠᠭᠤᠯᠬᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠳᠠ ᠬᠢᠭᠡᠳ ᠦᠭᠡᠷᠡᠴᠢᠯᠡᠯᠳᠡ ᠵᠢ ᠵᠣᠬᠢᠶᠠᠨ ᠪᠠᠢ᠌ᠭᠤᠯᠤᠨ ᠦᠷᠨᠢᠬᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠵᠢᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠴᠤ᠂ ᠤᠰᠤ ᠠᠷᠪᠢᠯᠠᠬᠤ ᠤᠰᠤᠯᠠᠯᠲᠠ ᠵᠢᠨ ᠬᠣᠯᠪᠣᠭᠳᠠᠯ ᠪᠦᠬᠦᠢ ᠠᠵᠢᠯ᠎ᠢ ᠵᠢᠯᠤᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠤᠰᠤᠨ ᠡᠨᠧᠷᠭᠢ ᠵᠢᠨ ᠡᠬᠢ ᠪᠠᠶᠠᠯᠢᠭ᠎ᠢ ᠨᠡᠭᠡᠭᠡᠬᠦ᠂ ᠵᠢᠵᠢᠭ ᠤᠰᠤᠨ ᠴᠠᠬᠢᠯᠭ᠋ᠠᠨ᠎ᠢ ᠥᠭᠡᠷᠡᠴᠢᠯᠡᠬᠦ ᠪᠠ ᠤᠰᠤᠨ ᠴᠠᠬᠢᠯᠭ᠋ᠠᠨ᠎ᠢ ᠬᠥᠳᠡᠭᠡ ᠲᠣᠰᠬᠣᠨ᠎ᠳᠤ ᠴᠠᠬᠢᠯᠭ᠋ᠠᠨᠵᠢᠭᠤᠯᠬᠤ ᠠᠵᠢᠯ᠎ᠢ ᠵᠣᠬᠢᠶᠠᠨ ᠪᠠᠢ᠌ᠭᠤᠯᠤᠨ ᠵᠢᠯᠤᠭᠤᠳᠤᠨ᠎ᠠ᠃
(ᠠᠷᠪᠠᠨ ᠨᠢᠭᠡ) ᠤᠰᠤᠳᠤ ᠬᠣᠯᠪᠣᠭᠳᠠᠬᠤ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠬᠦ ᠵᠢ ᠬᠠᠷᠢᠭᠤᠴᠠᠨ᠎ᠠ᠃ ᠠᠢ᠌ᠮᠠᠭ ᠬᠣᠲᠠ ᠠᠯᠤᠰᠯᠠᠭᠰᠠᠨ ᠤᠰᠤᠨ᠎ᠤ ᠶᠠᠪᠤᠳᠠᠯ᠎ᠤᠨ ᠵᠢᠭᠤᠷᠠᠯᠳᠤᠭ᠋ᠠᠨ᠎ᠢ ᠵᠣᠬᠢᠴᠠᠭᠤᠯᠤᠨ᠂ ᠬᠥᠨᠳᠡᠯᠡᠨ᠎ᠠᠴᠠ ᠲᠠᠰᠤᠯᠵᠤ᠂ ᠤᠰᠤᠨ᠎ᠤ ᠶᠠᠪᠤᠳᠠᠯ᠎ᠢ ᠬᠢᠨᠠᠨ ᠪᠠᠢ᠌ᠴᠠᠭ᠋ᠠᠬᠤ ᠪᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢ ᠵᠣᠬᠢᠶᠠᠨ ᠪᠠᠢ᠌ᠭᠤᠯᠤᠨ ᠵᠢᠯᠣᠭᠣᠳᠤᠨ᠎ᠠ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠬᠠᠤᠯᠢ ᠶᠣᠰᠣᠭ᠋ᠠᠷ ᠬᠠᠷᠢᠭᠤᠴᠠᠵᠤ᠂ ᠤᠰᠤᠨ ᠴᠥᠭᠥᠷᠥᠮ᠂ ᠤᠰᠤᠨ ᠴᠠᠬᠢᠯᠭ᠋ᠠᠨ ᠥᠷᠲᠡᠭᠡ ᠵᠢᠨ ᠲᠣᠮᠣ ᠬᠠᠰᠢᠯᠭ᠎ᠠ᠂ ᠬᠥᠳᠡᠭᠡ ᠲᠣᠰᠬᠣᠨ᠎ᠤ ᠤᠰᠤᠨ ᠴᠠᠬᠢᠯᠭ᠋ᠠᠨ ᠥᠷᠲᠡᠭᠡ ᠵᠢᠨ ᠠᠶᠤᠯᠬᠦᠢ ᠵᠢᠨ ᠬᠢᠨᠠᠯᠲᠠ ᠬᠠᠮᠢᠶᠠᠷᠤᠯᠲᠠ ᠵᠢ ᠵᠣᠬᠢᠶᠠᠨ ᠪᠠᠢ᠌ᠭᠤᠯᠤᠨ ᠵᠢᠯᠤᠭᠤᠳᠤᠨ᠎ᠠ᠃
(ᠠᠷᠪᠠᠨ ᠬᠣᠶᠠᠷ) ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠣᠯᠤᠨ ᠭᠠᠳᠠᠭ᠋ᠠᠳᠤ ᠶᠠᠪᠤᠳᠠᠯ᠎ᠤᠨ ᠠᠵᠢᠯ᠎ᠢ ᠦᠷᠨᠢᠬᠦᠯᠦᠨ᠎ᠡ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠵᠢᠷᠤᠮᠯᠠᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃ ᠤᠰᠤᠨ ᠠᠰᠢᠭᠯᠠᠯᠲᠠ ᠵᠢᠨ ᠲᠣᠭ᠎ᠠ ᠪᠦᠷᠢᠳᠬᠡᠯ᠎ᠤᠨ ᠠᠵᠢᠯ᠎ᠢ ᠡᠭᠦᠷᠭᠡᠯᠡᠨ᠎ᠡ᠃ ᠤᠯᠠᠨ ᠤᠯᠤᠰ᠎ᠤᠨ ᠭᠤᠤᠯ ᠮᠥᠷᠡᠨ᠎ᠤ ᠭᠠᠳᠠᠭ᠋ᠠᠳᠤ᠎ᠳᠤ ᠬᠣᠯᠪᠣᠭᠳᠠᠬᠤ ᠬᠣᠯᠪᠣᠭᠳᠠᠯ ᠪᠦᠬᠦᠢ ᠬᠡᠷᠡᠭ ᠶᠠᠪᠤᠳᠠᠯ᠎ᠢ ᠰᠢᠢ᠍ᠳᠪᠤᠷᠢᠯᠡᠨ᠎ᠡ᠃
(ᠠᠷᠪᠠᠨ ᠭᠤᠷᠪᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ ᠤᠨ ᠣᠷᠳᠣᠨ᠎ᠠᠴᠠ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
(ᠠᠷᠪᠠᠨ ᠳᠥᠷᠪᠡ) ᠡᠭᠦᠷᠭᠡ ᠴᠢᠳᠠᠪᠤᠷᠢ ᠵᠢ ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠤᠰᠤᠨ᠎ᠤ ᠡᠬᠢ ᠪᠠᠶᠠᠯᠢᠭ᠎ᠢ ᠵᠦᠶ ᠵᠤᠬᠢᠰᠳᠠᠢ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠬᠠᠮᠠᠭ᠋ᠠᠯᠠᠬᠤ᠎ᠪᠠᠨ ᠦᠨᠡᠨᠬᠦ ᠴᠢᠩᠭ᠋ᠠᠳᠬᠠᠬᠤ ᠬᠡᠷᠡᠭᠲᠡᠶ᠃ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠬᠠᠩᠭ᠋ᠠᠯᠭ᠎ᠠ ᠵᠢ ᠨᠡᠮᠡᠭᠳᠡᠭᠦᠯᠬᠦ᠎ᠠᠴᠠ ᠬᠡᠷᠡᠭᠴᠡᠭᠡ ᠱᠠᠭ᠋ᠠᠷᠳᠠᠯᠭ᠎ᠠ ᠵᠢᠨ ᠬᠠᠮᠢᠶᠠᠷᠤᠯᠲᠠ ᠵᠢ ᠨᠡᠩ ᠴᠢᠬᠤᠯᠠᠴᠢᠯᠠᠬᠤ ᠲᠡᠢ᠌ᠰᠢ ᠬᠤᠪᠢᠷᠠᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠴᠢᠩᠭ᠎ᠠ ᠬᠢᠵᠠᠭ᠋ᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠵᠢ ᠲᠡᠭᠡᠭᠰᠢᠯᠡᠬᠦᠯᠦᠨ᠎ᠡ᠃ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠂ ᠤᠰᠤᠨ ᠪᠦᠰᠡ ᠪᠣᠯᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠤᠤᠯ ᠮᠥᠷᠡᠨ ᠨᠠᠭᠤᠷ ᠴᠥᠭᠥᠷᠥᠮ᠎ᠤᠨ ᠡᠷᠡᠭᠦᠯ ᠴᠢᠭᠢᠷᠠᠭ ᠦᠵᠡᠰᠬᠦᠯᠡᠩᠲᠦ ᠰᠠᠢ᠌ᠬᠠᠨ ᠪᠠᠢ᠌ᠳᠠᠯ᠎ᠢ ᠬᠠᠮᠠᠭ᠋ᠠᠯᠠᠨ᠎ᠠ᠃ ᠨᠢᠭᠡᠳᠦᠯᠲᠡᠶ ᠲᠥᠯᠥᠪᠯᠡᠨ ᠨᠡᠶ᠋ᠢᠢ᠍ᠲᠡᠳᠤᠨᠢ ᠬᠠᠷᠠᠭ᠋ᠠᠯᠵᠠᠬᠤ ᠵᠢ ᠪᠠᠷᠢᠮᠲᠠᠯᠠᠨ᠂ ᠵᠦᠶ ᠵᠣᠬᠢᠰᠲᠠᠶ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠪᠣᠯᠤᠨ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠪᠠᠲᠤᠯᠠᠵᠤ᠂ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ᠃
ᠳᠥᠷᠪᠡᠳᠦᠭᠡᠷ ᠵᠤᠢ᠌ᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠲᠤᠤᠷᠠᠬᠢ ᠮᠡᠲᠦ ᠲᠤᠳᠤᠭ᠋ᠠᠳᠤ ᠪᠠᠢ᠌ᠭᠤᠯᠤᠮᠵᠢ ᠪᠠᠢ᠌ᠭᠤᠯᠤᠨ᠎ᠠ᠄
(ᠨᠢᠭᠡ) ᠠᠯᠪᠠᠨ ᠭᠡᠷ᠃ ᠪᠠᠢ᠌ᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠮᠡᠳᠡᠭᠡ ᠵᠠᠩᠬᠢᠴᠢᠯᠠᠯᠳᠠ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠠᠵᠢᠯ᠎ᠢ ᠡᠭᠦᠷᠭᠡᠯᠡᠨ᠎ᠡ᠃
(ᠬᠣᠶᠠᠷ) ᠠᠵᠢᠯᠲᠠᠨ᠎ᠤ ᠶᠠᠪᠤᠳᠠᠯ᠎ᠤᠨ ᠭᠠᠵᠠᠷ᠃ ᠪᠠᠢ᠌ᠭᠤᠯᠭ᠎ᠠ ᠪᠠ ᠬᠠᠷᠢᠶ᠎ᠠ ᠨᠢᠭᠡᠴᠢ ᠵᠢᠨ ᠵᠶ᠋ᠡᠨ ᠺᠠᠳ᠋ᠷ ᠠᠵᠢᠯᠲᠠᠨ᠎ᠤ ᠶᠠᠪᠤᠳᠠᠯ᠂ ᠪᠠᠢ᠌ᠭᠤᠯᠤᠮᠵᠢ ᠵᠢᠨ ᠣᠷᠣᠨ ᠲᠣᠭ᠎ᠠ᠂ ᠴᠠᠯᠢᠩ ᠬᠦᠯᠦᠰᠦ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠵᠢᠯᠣᠭᠣᠳᠤᠨ᠎ᠠ᠃
(ᠭᠤᠷᠪᠠ) ᠲᠥᠯᠥᠪᠯᠡᠭᠡ ᠡᠳ᠋᠎ᠤᠨ ᠶᠠᠪᠤᠳᠠᠯ᠎ᠤᠨ ᠭᠠᠵᠠᠷ᠃ ᠴᠢᠬᠤᠯᠠ ᠶᠡᠬᠡ ᠤᠰᠤᠨ ᠠᠰᠢᠭᠯᠠᠯᠲᠠ ᠵᠢᠨ ᠶᠡᠷᠦᠩᠬᠡᠶ ᠲᠥᠯᠥᠪᠵᠢᠭᠦᠯᠪᠡ᠂ ᠲᠤᠰᠬᠠᠶ ᠮᠡᠷᠭᠡᠵᠢᠯ᠎ᠤᠨ ᠲᠥᠯᠥᠪᠵᠢᠭᠦᠯᠪᠡ ᠪᠠ ᠲᠤᠰᠬᠠᠶ ᠵᠤᠢ᠌ᠯ᠎ᠤᠨ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠵᠤ᠂ ᠪᠦᠬᠦ ᠤᠷᠤᠨ᠎ᠤ ᠭᠤᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠲᠥᠷᠥᠯ ᠵᠤᠢ᠌ᠯ᠎ᠤᠨ ᠰᠠᠨᠠᠭᠤᠯᠭ᠎ᠠ ᠵᠢᠨ ᠪᠢᠴᠢᠭ᠂ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠵᠢ ᠬᠢᠨᠠᠨ ᠬᠠᠷᠭᠤᠭᠤᠯᠤᠨ᠎ᠠ᠃ ᠤᠰᠤᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠤᠨ ᠲᠣᠭᠲᠠᠭ᠋ᠠᠯ᠎ᠳᠤ ᠨᠡᠢ᠌ᠴᠡᠬᠦ ᠴᠢᠨᠠᠷᠳᠠᠢ ᠬᠢᠨᠠᠨ ᠪᠠᠢ᠌ᠴᠠᠭ᠋ᠠᠬᠤ ᠠᠵᠢᠯ᠎ᠢ ᠵᠢᠯᠣᠭᠣᠳᠤᠨ᠎ᠠ᠃ ᠬᠣᠯᠪᠣᠭᠳᠠᠯ ᠪᠦᠬᠦᠢ ᠦᠶᠡᠷ᠎ᠢ ᠰᠡᠷᠭᠡᠢ᠌ᠯᠡᠬᠦ ᠨᠤᠲᠠᠯᠠᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠵᠢᠯᠤᠭᠤᠳᠴᠤ᠂ ᠲᠣᠮᠣ ᠬᠡᠯᠪᠡᠷᠢ ᠵᠢᠨ ᠤᠰᠤ ᠲᠠᠲᠠᠬᠤ ᠪᠠᠷᠢᠯᠭ᠎ᠠ ᠵᠢᠨ ᠪᠡᠯᠡᠳᠭᠡᠯ ᠬᠤᠭᠤᠴᠠᠭ᠋ᠠᠨ᠎ᠤ ᠠᠵᠢᠯ᠎ᠢ ᠵᠣᠬᠢᠶᠠᠨ ᠪᠠᠢ᠌ᠭᠤᠯᠤᠨ ᠦᠷᠨᠢᠬᠦᠯᠦᠨ᠎ᠡ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠦᠨᠳᠦᠰᠦᠨ ᠪᠦᠲᠦᠭᠡᠨ ᠪᠠᠢ᠌ᠭᠤᠯᠤᠯᠳᠠ ᠵᠢᠨ ᠪᠡᠯᠡ ᠣᠷᠣᠭᠤᠯᠤᠯᠲᠠ ᠵᠢᠨ ᠲᠦᠯᠦᠪᠯᠡᠭᠡ ᠪᠣᠯᠤᠨ ᠤᠰᠤᠨ ᠠᠰᠢᠭᠯᠠᠯᠲᠠ ᠵᠢᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠰᠠᠨᠠᠭᠤᠯᠭ᠎ᠠ ᠵᠢ ᠳᠤᠷᠠᠳᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠰᠠᠯᠠᠭ᠎ᠠ ᠮᠥᠴᠢᠷ᠎ᠤᠨ ᠲᠥᠰᠦᠪ ᠪᠠ ᠲᠥᠰᠦᠪ᠎ᠤᠨ ᠬᠦᠢ᠍ᠴᠡᠳᠭᠡᠯ᠎ᠢ ᠨᠠᠢ᠌ᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠡᠳ᠋᠎ᠤᠨ ᠶᠠᠪᠤᠳᠠᠯ ᠪᠠ ᠡᠳ᠋ ᠬᠦᠷᠦᠨᠭᠭᠡ ᠵᠢᠨ ᠬᠠᠮᠢᠶᠠᠷᠤᠯᠲᠠ ᠵᠢ ᠬᠠᠷᠢᠭᠤᠴᠠᠵᠤ᠂ ᠲᠦᠷᠦᠯ ᠵᠤᠢ᠌ᠯ᠎ᠤᠨ ᠬᠡᠷᠡᠭᠵᠢᠭᠦᠯᠦᠯᠲᠡ ᠵᠢ ᠬᠢᠨᠠᠵᠤ ᠬᠠᠮᠢᠶᠠᠷᠬᠤ ᠪᠠ ᠠᠮᠵᠢᠯᠲᠠ ᠪᠦᠲᠦᠮᠵᠢ ᠵᠢᠨ ᠦᠨᠡᠯᠡᠯᠲᠡ ᠵᠢ ᠨᠢᠭᠡᠳᠦᠯᠲᠡᠶ ᠲᠥᠯᠥᠪᠯᠡᠨ ᠵᠤᠬᠢᠴᠠᠭᠤᠯᠤᠨ᠎ᠠ᠃
(ᠲᠦᠷᠪᠡ) ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠵᠢᠨ ᠭᠠᠵᠠᠷ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠵᠢᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠴᠤ᠂ ᠭᠤᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ ᠲᠤᠲᠤᠷ᠎ᠠ᠎ᠪᠠᠨ ᠬᠢᠨᠠᠨ ᠵᠦᠪᠰᠢᠶᠡᠷᠡᠬᠦ ᠵᠢ ᠬᠠᠷᠢᠭᠤᠴᠠᠨ᠎ᠠ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠣᠯᠤᠨ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠳᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠳᠠ ᠵᠢᠨ ᠠᠵᠢᠯ᠎ᠢ ᠵᠢᠯᠣᠭᠣᠳᠤᠨ᠎ᠠ᠃
(ᠲᠠᠪᠤ) ᠬᠥᠷᠥᠰᠥ ᠰᠢᠷᠣᠶ ᠵᠢ ᠬᠠᠮᠠᠭ᠋ᠠᠯᠠᠬᠤ ᠭᠠᠵᠠᠷ᠃ ᠪᠦᠬᠦ ᠣᠷᠣᠨ᠎ᠤ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠠᠵᠢᠯ᠎ᠢ ᠬᠠᠷᠢᠭᠤᠴᠠᠨ᠎ᠠ᠃ ᠬᠥᠷᠥᠰᠥ ᠰᠢᠷᠣᠶ ᠵᠢ ᠬᠠᠮᠠᠭ᠋ᠠᠯᠠᠬᠤ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠶ ᠵᠢᠨ ᠢᠳᠡᠭᠳᠡᠯ᠎ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠵᠢ ᠵᠣᠬᠢᠶᠠᠨ ᠪᠠᠢ᠌ᠭᠤᠯᠬᠤ ᠵᠢᠨ ᠬᠠᠮᠲᠤ ᠠᠯᠪᠠᠨ ᠵᠠᠷ ᠵᠶ᠋ᠠᠷ ᠨᠡᠢ᠌ᠳᠡᠯᠡᠨ᠎ᠡ᠃ ᠦᠢ᠍ᠯᠡᠳᠪᠤᠷᠢᠯᠡᠯ ᠪᠦᠲᠦᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠢᠨᠠᠨ ᠵᠥᠪᠰᠢᠶᠡᠷᠡᠬᠦ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃
(ᠵᠢᠷᠭᠤᠭ᠎ᠠ) ᠲᠠᠷᠢᠶᠠᠯᠠᠩ ᠮᠠᠯ ᠠᠵᠤ ᠠᠬᠤᠶ ᠵᠢᠨ ᠤᠰᠤᠨ ᠠᠰᠢᠭᠯᠠᠯᠲᠠ ᠵᠢᠨ ᠭᠠᠵᠠᠷ᠃ ᠲᠣᠮᠣ ᠳᠤᠮᠳᠠ ᠬᠡᠯᠪᠡᠷᠢ ᠵᠢᠨ ᠤᠰᠤᠯᠠᠯᠲᠠ ᠪᠠ ᠤᠰᠤ ᠲᠠᠳᠠᠷᠠᠭᠤᠯᠬᠤ ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠳᠠ ᠬᠢᠭᠡᠳ ᠦᠭᠡᠷᠡᠴᠢᠯᠡᠯᠳᠡ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠭᠤᠤᠯᠳᠠᠯᠭ᠎ᠠ᠎ᠲᠠᠢ ᠲᠠᠷᠢᠶᠠᠯᠠᠩ ᠮᠠᠯ ᠠᠵᠤ ᠠᠬᠤᠢ ᠵᠢᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ ᠲᠤᠲᠤᠷ᠎ᠠ᠎ᠪᠠᠨ ᠬᠢᠨᠠᠨ ᠵᠥᠪᠰᠢᠶᠡᠷᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠳᠠ ᠬᠢᠭᠡᠳ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠵᠢᠯᠤᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠤᠰᠤᠨ ᠡᠨᠧᠷᠭᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠲᠦᠯᠦᠪᠵᠢᠬᠦᠯᠬᠡ ᠵᠢ ᠵᠣᠬᠢᠶᠠᠨ ᠪᠠᠢ᠌ᠭᠤᠯᠤᠨ ᠲᠤᠭᠤᠷᠪᠢᠵᠤ᠂ ᠤᠰᠤᠨ ᠴᠠᠬᠢᠯᠭ᠋ᠠᠨ᠎ᠢ ᠬᠥᠳᠡᠭᠡ ᠲᠣᠰᠬᠣᠨ᠎ᠳᠤ ᠴᠠᠬᠢᠯᠭ᠋ᠠᠨᠵᠢᠭᠤᠯᠬᠤ᠂ ᠬᠥᠳᠡᠭᠡ ᠲᠣᠰᠬᠣᠨ᠎ᠤ ᠤᠰᠤᠨ ᠴᠠᠬᠢᠯᠭ᠋ᠠᠨ᠎ᠤ ᠦᠷ᠎ᠡ ᠠᠰᠢᠭ᠎ᠢ ᠨᠡᠮᠡᠭᠳᠡᠭᠦᠯᠵᠦ ᠪᠠᠭᠲᠠᠭ᠋ᠠᠮᠵᠢ ᠵᠢ᠎ᠨᠢ ᠦᠷᠭᠡᠳᠭᠡᠨ ᠥᠭᠡᠷᠡᠴᠢᠯᠡᠬᠦ ᠵᠢᠴᠢ ᠵᠢᠵᠢᠭ ᠤᠰᠤᠨ ᠴᠠᠬᠢᠯᠭ᠋ᠠᠨ ᠵᠶ᠋ᠠᠷ ᠲᠦᠯᠡᠰᠢ ᠵᠢ ᠣᠷᠣᠯᠠᠭᠤᠯᠬᠤ ᠵᠡᠷᠭᠡ ᠬᠥᠳᠡᠭᠡ ᠲᠣᠰᠬᠣᠨ᠎ᠤ ᠤᠰᠤᠨ ᠡᠨᠧᠷᠭᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠠᠵᠢᠯ᠎ᠢ ᠵᠢᠯᠤᠭᠤᠳᠤᠨ᠎ᠠ᠃ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠢ ᠵᠢᠯᠣᠭᠣᠳᠤᠨ᠎ᠠ᠃
(ᠳᠣᠯᠣᠭ᠎ᠠ) ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠠᠵᠠᠷ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ᠎ᠢ ᠡᠭᠦᠷᠭᠡᠯᠡᠵᠦ᠂ ᠤᠰᠤᠨ᠎ᠤ ᠡᠬᠢ ᠪᠠᠶᠠᠯᠢᠭ᠎ᠤᠨ ᠤᠰᠤ ᠠᠪᠬᠤ ᠵᠥᠪᠰᠢᠶᠡᠷᠡᠯ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠵᠡᠷᠭᠡ ᠳᠦᠷᠢᠮ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠠᠵᠢᠯ᠎ᠢ ᠵᠢᠯᠣᠭᠣᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠵᠤ᠂ ᠤᠤᠭᠤᠬᠤ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠬᠣᠯᠪᠣᠭᠳᠠᠯ ᠪᠦᠬᠦᠢ ᠠᠵᠢᠯ᠎ᠢ ᠵᠢᠯᠣᠭᠣᠳᠤᠨ᠎ᠠ᠃ ᠤᠰᠤᠨ᠎ᠤ ᠡᠬᠢ ᠪᠠᠶᠠᠯᠢᠭ᠎ᠢ ᠪᠠᠢ᠌ᠴᠠᠭ᠋ᠠᠬᠤ᠂ ᠦᠨᠡᠯᠡᠬᠦ ᠬᠣᠯᠪᠣᠭᠳᠠᠯ ᠪᠦᠬᠦᠢ ᠠᠵᠢᠯ᠎ᠢ ᠵᠣᠬᠢᠶᠠᠨ ᠪᠠᠢ᠌ᠭᠤᠯᠤᠨ ᠦᠷᠨᠢᠬᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠯᠪᠠᠨ ᠮᠡᠳᠡᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠨᠡᠢ᠌ᠳᠡᠯᠡᠵᠦ᠂ ᠤᠰᠤᠨ᠎ᠤ ᠴᠢᠳᠠᠮᠵᠢᠲᠤ ᠣᠷᠣᠨ᠎ᠤ ᠬᠤᠪᠢᠶᠠᠷᠢᠯᠠᠯ᠎ᠢ ᠨᠠᠢ᠌ᠷᠠᠭᠤᠯᠤᠨ ᠵᠣᠬᠢᠶᠠᠬᠤ ᠪᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ ᠬᠠᠮᠢᠶᠠᠷᠤᠯᠲᠠ ᠵᠢᠨ ᠠᠵᠢᠯ᠎ᠢ ᠵᠢᠯᠣᠭᠣᠳᠬᠤ᠎ᠳᠤ ᠣᠷᠣᠯᠴᠠᠨ᠎ᠠ᠃ ᠤᠰᠤ ᠠᠷᠪᠢᠯᠠᠬᠤ ᠲᠥᠷᠥ ᠵᠢᠨ ᠪᠣᠳᠣᠯᠭ᠎ᠠ ᠲᠣᠭᠲᠠᠭ᠋ᠠᠵᠤ᠂ ᠤᠰᠤ ᠠᠷᠪᠢᠯᠠᠬᠤ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠵᠢ ᠠᠷᠪᠢᠯᠠᠵᠤ ᠬᠡᠷᠡᠭᠯᠡᠬᠦ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠴᠤ᠂ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠠᠢ᠌ᠭᠤᠯᠤᠯᠳᠠ ᠵᠢᠨ ᠠᠵᠢᠯ᠎ᠢ ᠵᠢᠯᠣᠭᠣᠳᠤᠨ ᠠᠬᠢᠭᠤᠯᠤᠨ᠎ᠠ᠃ ᠤᠰᠤᠨ᠎ᠤ ᠡᠷᠬᠡ ᠵᠢ ᠬᠣᠷᠢᠶᠠᠨ ᠬᠠᠳᠠᠭ᠋ᠠᠯᠠᠬᠤ ᠠᠵᠢᠯ᠎ᠢ ᠵᠢᠯᠣᠭᠣᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠬᠦᠯᠦᠨ᠎ᠡ᠃
(ᠨᠠᠢ᠍ᠮᠠ) ᠠᠵᠢᠯᠯᠠᠭ᠋ᠠᠨ᠎ᠤ ᠬᠠᠮᠢᠶᠠᠷᠤᠯᠲᠠ ᠬᠢᠨᠠᠯᠲᠠ ᠵᠢᠨ ᠭᠠᠵᠠᠷ᠃ ᠤᠰᠤᠨ ᠠᠰᠢᠭᠯᠠᠯᠲᠠ ᠵᠢᠨ ᠴᠢᠬᠤᠯᠠ ᠶᠡᠬᠡ ᠲᠥᠷᠥ ᠵᠢᠨ ᠪᠣᠳᠣᠯᠭ᠎ᠠ᠂ ᠰᠢᠢ᠍ᠳᠪᠤᠷᠢᠳᠦ ᠪᠣᠳᠣᠯᠭ᠎ᠠ ᠪᠠᠢ᠌ᠷᠢᠯᠠᠭᠤᠯᠤᠯᠳᠠ ᠪᠣᠯᠤᠨ ᠭᠤᠤᠯᠳᠠᠯᠭ᠎ᠠ᠎ᠲᠠᠢ ᠠᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ᠎ᠢ ᠱᠠᠭ᠋ᠠᠷᠳᠠᠨ ᠪᠠᠢ᠌ᠴᠠᠭ᠋ᠠᠨ᠎ᠠ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ ᠪᠠ ᠠᠮᠤᠷ ᠲᠦᠪᠰᠢᠨ᠎ᠤ ᠬᠢᠨᠠᠯᠲᠠ ᠲᠠᠯᠪᠢᠯᠲᠠ ᠵᠢ ᠵᠤᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠰᠡᠷᠭᠡᠢ᠌ᠯᠡᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠵᠢᠯᠣᠭᠣᠳᠤᠨ᠎ᠠ᠃ ᠤᠰᠤᠨ ᠴᠥᠭᠥᠷᠥᠮ᠂ ᠤᠰᠤᠨ ᠴᠠᠬᠢᠯᠭ᠋ᠠᠨ᠎ᠤ ᠥᠷᠲᠡᠭᠡ ᠵᠢᠨ ᠬᠠᠰᠢᠯᠭ᠎ᠠ᠂ ᠬᠠᠰᠢᠯᠭ᠎ᠠ ᠳᠠᠯᠠᠩ᠂ ᠤᠰᠤᠨ ᠬᠠᠭ᠋ᠠᠯᠲᠠ ᠵᠡᠷᠭᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ ᠪᠠ ᠬᠠᠮᠢᠶᠠᠷᠤᠯᠲᠠ ᠵᠢ ᠬᠠᠷᠢᠭᠤᠴᠠᠨ ᠵᠢᠯᠣᠭᠣᠳᠤᠨ᠎ᠠ᠃ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠠᠵᠢᠯ᠎ᠢ ᠵᠣᠬᠢᠴᠠᠭᠤᠯᠤᠨ ᠵᠢᠯᠣᠭᠣᠳᠤᠨ᠎ᠠ᠃
(ᠶᠢᠰᠦ) ᠤᠰᠤᠨ᠎ᠤ ᠶᠠᠪᠤᠳᠠᠯ᠎ᠤᠨ ᠭᠠᠵᠠᠷ᠃ ᠣᠷᠣᠨ ᠨᠤᠲᠤᠭ᠎ᠤᠨ ᠴᠢᠨᠠᠷᠲᠠᠶ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠬᠠᠷᠢᠭᠤᠴᠠᠨ ᠲᠤᠭᠤᠷᠪᠢᠵᠤ᠂ ᠤᠰᠤᠨ ᠠᠰᠢᠭᠯᠠᠯᠲᠠ ᠵᠢᠨ ᠠᠵᠢᠯ᠎ᠤᠨ ᠲᠥᠷᠥ ᠵᠢᠨ ᠪᠣᠳᠣᠯᠭ᠎ᠠ ᠵᠢ ᠰᠤᠳᠤᠯᠤᠨ ᠲᠤᠭᠳᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠬᠦᠯᠦᠨ᠎ᠡ᠃ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠠᠵᠢᠯ᠎ᠢ ᠵᠢᠯᠣᠭᠣᠳᠬᠤ ᠪᠥᠭᠡᠳ ᠬᠢᠨᠠᠯᠲᠠ ᠲᠠᠯᠪᠢᠵᠤ ᠪᠠᠢ᠌ᠴᠠᠭ᠋ᠠᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠂ ᠵᠠᠰᠠᠭ ᠵᠠᠬᠢᠷᠭ᠋ᠠᠨ᠎ᠤ ᠲᠦᠯᠦᠪᠤᠷᠢ ᠵᠢᠨ ᠠᠵᠢᠯ᠎ᠢ ᠳᠠᠭ᠋ᠠᠭ᠋ᠠᠨ ᠬᠦᠢ᠍ᠴᠡᠳᠭᠡᠨ᠎ᠡ᠃ ᠤᠰᠤᠨ᠎ᠤ ᠶᠠᠪᠤᠳᠠᠯ᠎ᠢ ᠬᠢᠨᠠᠨ ᠪᠠᠢ᠌ᠴᠠᠭ᠋ᠠᠬᠤ ᠪᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠣᠬᠢᠶᠠᠨ ᠪᠠᠢ᠌ᠭᠤᠯᠤᠨ ᠵᠢᠯᠣᠭᠣᠳᠴᠤ᠂ ᠠᠢ᠌ᠮᠠᠭ ᠬᠣᠲᠠ ᠠᠯᠤᠰᠯᠠᠭᠰᠠᠨ ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠵᠣᠬᠢᠴᠠᠭᠤᠯᠵᠤ᠂ ᠤᠰᠤᠨ᠎ᠳᠤ ᠬᠤᠯᠪᠤᠭᠳᠠᠭᠰᠠᠨ ᠬᠦᠨᠳᠦ ᠶᠡᠬᠡ ᠬᠠᠤᠯᠢ᠎ᠠᠴᠠ ᠵᠥᠷᠢᠴᠡᠭᠰᠡᠨ ᠬᠡᠷᠡᠭ᠎ᠢ ᠵᠣᠬᠢᠶᠠᠨ ᠪᠠᠢ᠌ᠭᠤᠯᠤᠨ ᠪᠠᠢ᠌ᠴᠠᠭ᠋ᠠᠨ ᠰᠢᠢ᠍ᠳᠪᠤᠷᠢᠯᠡᠨ᠎ᠡ᠃
(ᠠᠷᠪᠠ) ᠭᠤᠤᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ᠎ᠤ ᠳᠠᠷᠤᠭ᠎ᠠ ᠵᠢᠨ ᠳᠦᠷᠢᠮ᠎ᠤᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠵᠣᠬᠢᠴᠠᠭᠤᠯᠬᠤ᠂ ᠲᠣᠬᠢᠷᠠᠭᠤᠯᠬᠤ᠂ ᠬᠢᠨᠠᠨ ᠵᠢᠯᠣᠭᠣᠳᠬᠤ ᠪᠠ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ ᠵᠣᠬᠢᠶᠠᠨ ᠪᠠᠢ᠌ᠭᠤᠯᠤᠨ᠎ᠠ᠃ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ ᠪᠦᠰᠡ ᠵᠢᠴᠢ ᠲᠡᠭᠦᠨ᠎ᠤ ᠡᠷᠭᠢ ᠵᠢᠨ ᠱᠤᠭᠤᠮ᠎ᠤᠨ ᠬᠠᠮᠢᠶᠠᠷᠤᠯᠲᠠ ᠪᠠ ᠬᠠᠮᠠᠭ᠋ᠠᠯᠠᠯᠳᠠ ᠵᠢ ᠵᠢᠯᠣᠭᠣᠳᠤᠨ᠎ᠠ᠃ ᠭᠤᠤᠯ ᠮᠥᠷᠡᠨ᠎ᠤ ᠭᠤᠯᠳᠤᠷᠢᠯ᠎ᠠᠴᠠ ᠡᠯᠡᠰᠦ ᠬᠠᠢ᠌ᠷ ᠮᠠᠯᠲᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠵᠢᠯᠣᠭᠣᠳᠤᠨ᠎ᠠ᠃ ᠪᠦᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ᠎ᠢ ᠵᠢᠯᠣᠭᠣᠳᠴᠤ᠂ ᠡᠩ᠎ᠤᠨ ᠤᠰᠤᠨ ᠵᠦᠶ ᠵᠢᠨ ᠬᠡᠮᠵᠢᠯᠲᠡ ᠵᠢᠨ ᠥᠷᠲᠡᠭᠡ ᠪᠠᠢ᠌ᠭᠤᠯᠬᠤ ᠪᠠ ᠲᠣᠬᠢᠷᠠᠭᠤᠯᠬᠤ᠂ ᠲᠤᠰᠬᠠᠶ ᠬᠡᠷᠡᠭᠯᠡᠬᠦ ᠤᠰᠤᠨ ᠵᠦᠶ ᠵᠢᠨ ᠬᠡᠮᠵᠢᠯᠲᠡ ᠵᠢᠨ ᠥᠷᠲᠡᠭᠡ ᠪᠠᠢ᠌ᠭᠤᠯᠬᠤ ᠪᠠ ᠬᠦᠴᠦᠨ ᠦᠭᠡᠢ ᠪᠣᠯᠭ᠋ᠠᠬᠤ ᠵᠢ ᠬᠢᠨᠠᠨ ᠵᠥᠪᠰᠢᠶᠡᠷᠡᠨ᠎ᠡ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠬᠠᠷᠢᠭᠤᠴᠠᠨ᠎ᠠ᠃
ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠃ ᠪᠠᠢ᠌ᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠵᠶ᠋ᠡᠨ ᠨᠠᠮ ᠪᠠ ᠤᠯᠡᠠ ᠲᠦᠮᠡᠨ᠂ ᠰᠠᠬᠢᠯᠭ᠎ᠠ ᠪᠠᠲᠤ ᠪᠠᠢ᠌ᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
ᠠᠵᠢᠯ᠎ᠠᠴᠠ᠎ᠪᠠᠨ ᠰᠠᠯᠵᠤ ᠠᠮᠠᠷᠠᠭᠰᠠᠳ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠃ ᠪᠠᠢ᠌ᠭᠤᠯᠭ᠎ᠠ ᠵᠢᠨ ᠠᠵᠢᠯ᠎ᠠᠴᠠ᠎ᠪᠠᠨ ᠰᠠᠯᠵᠤ ᠠᠮᠠᠷᠠᠭᠰᠠᠳ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠠᠵᠢᠯ᠎ᠢ ᠬᠠᠷᠢᠭᠤᠴᠠᠨ᠎ᠠ᠃ ᠬᠠᠷᠢᠶ᠎ᠠ ᠨᠢᠭᠡᠴᠢ ᠵᠢᠨ ᠵᠶ᠋ᠡᠨ ᠠᠵᠢᠯ᠎ᠠᠴᠠ᠎ᠪᠠᠨ ᠰᠠᠯᠵᠤ ᠠᠮᠠᠷᠠᠭᠰᠠᠳ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠠᠵᠢᠯ᠎ᠢ ᠵᠢᠯᠣᠭᠣᠳᠤᠨ᠎ᠠ᠃
ᠲᠠᠪᠤᠳᠤᠭ᠋ᠠᠷ ᠵᠤᠢ᠌ᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠣᠷᠣᠨ ᠲᠣᠭ᠎ᠠ᠎ᠨᠢ 56 ᠃ ᠲᠢᠩᠬᠢᠮ᠎ᠤᠨ ᠳᠠᠷᠤᠭ᠎ᠠ 1᠂ ᠲᠢᠩᠬᠢᠮ᠎ᠤᠨ ᠳᠡᠳ᠋ ᠳᠠᠷᠤᠭ᠎ᠠ 3 ; ᠭᠠᠵᠠᠷ᠎ᠤᠨ ᠲᠠᠰ᠎ᠤᠨ ᠤᠳᠤᠷᠢᠳᠤᠯᠭ᠎ᠠ ᠵᠢᠨ ᠲᠤᠰᠢᠶᠠᠯ᠎ᠤᠨ ᠲᠣᠭ᠎ᠠ 27 (ᠵᠢᠩᠬᠢᠨᠢ ᠲᠤᠰᠢᠶᠠᠯ 14᠂ ᠡᠬᠦᠨ᠎ᠳᠤ ᠶᠡᠷᠦᠩᠬᠡᠶ ᠢᠨᠵᠧᠨᠧᠷ᠂ ᠶᠡᠷᠦᠩᠬᠡᠢ ᠠᠵᠤ ᠠᠬᠤᠢ᠌ᠴᠢ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠤᠨ ᠭᠠᠵᠠᠷ᠎ᠤᠨ ᠳᠠᠷᠤᠭ᠎ᠠ ᠲᠣᠰ ᠲᠣᠰ 1 ᠨᠡᠷ᠎ᠡ ᠪᠠᠭᠲᠠᠨ᠎ᠠ; ᠳᠡᠳ᠋ ᠲᠤᠰᠢᠶᠠᠯ 13᠂ ᠡᠬᠦᠨ᠎ᠳᠤ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ᠂ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠤᠨ ᠭᠠᠵᠠᠷ᠎ᠤᠨ ᠳᠡᠳ᠋ ᠳᠠᠷᠤᠭ᠎ᠠ ᠲᠣᠰ ᠲᠣᠰ 1 ᠨᠡᠷ᠎ᠡ ᠪᠠᠭᠲᠠᠨ᠎ᠠ)᠃
ᠵᠢᠷᠭᠤᠳᠤᠭ᠋ᠠᠷ ᠵᠤᠢ᠌ᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠲᠤᠬᠢᠷᠠᠭᠤᠯᠤᠯᠳᠠ᠂ ᠡᠭᠦᠷᠭᠡ ᠬᠠᠷᠢᠭᠤᠴᠠᠯᠭ᠎ᠠ ᠪᠣᠯᠤᠨ ᠤᠷᠤᠨ ᠲᠤᠭ᠎ᠠ ᠵᠢ ᠠᠰᠲᠤᠨᠢ ᠲᠣᠭᠲᠠᠭ᠋ᠠᠨ᠎ᠠ᠃
ᠳᠣᠯᠣᠳᠤᠭ᠋ᠠᠷ ᠵᠤᠢ᠌ᠯ ᠲᠣᠰ ᠲᠣᠭᠲᠠᠭ᠋ᠠᠯ᠎ᠢ ᠲᠠᠢ᠌ᠯᠪᠤᠷᠢᠯᠠᠬᠤ ᠵᠢ ᠬᠦᠢ᠍ᠴᠡᠳᠭᠡᠬᠦ ᠠᠵᠢᠯ᠎ᠢ ᠥᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶᠠᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠬᠠᠷᠢᠭᠤᠴᠠᠵᠤ᠂ ᠲᠡᠬᠦᠨ᠎ᠤ ᠲᠣᠬᠢᠷᠠᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠲᠤᠭᠳᠠᠭᠰᠠᠨ ᠵᠢᠷᠦᠮ ᠶᠣᠰᠣᠭ᠋ᠠᠷ ᠬᠦᠢ᠍ᠴᠡᠳᠭᠡᠨ᠎ᠡ᠃
ᠨᠠᠢ᠍ᠮᠠᠳᠤᠭ᠋ᠠᠷ ᠵᠤᠢ᠌ᠯ ᠲᠣᠰ ᠲᠣᠭᠲᠠᠭ᠋ᠠᠯ᠎ᠢ 2018 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ ᠡᠬᠢᠯᠡᠵᠦ ᠬᠡᠷᠡᠭᠵᠢᠬᠦᠯᠦᠨ᠎ᠡ᠃
ᠠᠵᠢᠯᠯᠠᠬᠤ ᠬᠠᠶᠢᠭ᠄ ᠬᠦᠬᠡᠬᠤᠳᠠ ᠵᠢᠨ ᠬᠥᠯᠥᠨ ᠡᠮᠦᠨ᠎ᠡ ᠵᠠᠮ᠎ᠤᠨ 119 ᠳ᠋ᠤᠭ᠋ᠠᠷ ᠨᠣᠮᠧᠷ
ᠠᠯᠪᠠᠯᠠᠬᠤ ᠤᠲᠠᠰᠤ᠄ 0471-5259680
ᠠᠵᠢᠯᠯᠠᠬᠤ ᠴᠠᠭ᠄ 9:00~12:00 13:00~17:00
ᠬᠠᠷᠢᠭᠤᠴᠠᠯᠭ᠋ᠠᠲᠠᠨ᠄ ᠯᠢᠦ ᠸᠠᠨ ᠬᠤᠸᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠨ ᠦᠨᠳᠦᠰᠦᠨ ᠪᠠᠶ᠋ᠢᠳᠠᠯ
ᠨᠢᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢᠨ ᠰᠤᠳᠤᠯᠬᠤ ᠬᠦᠷᠢᠶᠡᠯᠡᠩ
(ᠨᠢᠭᠡ) ᠭᠤᠤᠯ ᠡᠭᠦᠷᠭᠡ ᠴᠢᠳᠠᠪᠤᠷᠢ
ᠬᠠᠷᠢᠶ᠎ᠠ ᠣᠷᠣᠨ᠎ᠤ ᠳᠣᠲᠣᠷᠠᠬᠢ ᠭᠤᠤᠯ ᠮᠥᠷᠡᠨ ᠨᠠᠭᠤᠷ ᠴᠦᠬᠦᠷᠦᠮᠯᠤᠭᠠ ᠬᠣᠯᠪᠣᠭᠳᠠᠬᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠨ᠎ᠠ; ᠤᠰᠤᠨ᠎ᠤ ᠡᠬᠢ ᠪᠠᠶᠠᠯᠢᠭ᠎ᠢ ᠪᠠᠢ᠌ᠴᠠᠭ᠋ᠠᠨ ᠦᠨᠡᠯᠡᠬᠦ ᠪᠠ ᠬᠠᠮᠠᠭ᠋ᠠᠯᠠᠵᠤ ᠠᠰᠢᠭᠯᠠᠬᠤ᠂ ᠬᠥᠷᠥᠰᠥ ᠰᠢᠷᠣᠶ ᠵᠢ ᠬᠠᠮᠠᠭ᠋ᠠᠯᠠᠬᠤ᠂ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ᠂ ᠤᠰᠤᠯᠠᠬᠤ᠂ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠪᠥᠬᠥ ᠣᠷᠣᠨ᠎ᠤ ᠴᠢᠨᠠᠷᠲᠠᠶ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠡᠭᠦᠷᠭᠡᠯᠡᠨ᠎ᠡ; ᠲᠣᠮᠣ᠂ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠲᠥᠯᠥᠪᠵᠢᠭᠦᠯᠭᠡ᠂ ᠲᠦᠷᠦᠯ ᠵᠤᠢ᠌ᠯ᠎ᠤᠨ ᠰᠠᠨᠠᠭᠤᠯᠭ᠎ᠠ ᠵᠢᠨ ᠪᠢᠴᠢᠭ᠂ ᠪᠣᠯᠤᠮᠵᠢᠲᠤ ᠰᠤᠳᠤᠯᠭ᠋ᠠᠨ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠮᠡᠳᠡᠭᠦᠯᠦᠯᠲᠡ ᠵᠢᠨ ᠮᠡᠷᠭᠡᠵᠢᠯ᠎ᠤᠨ ᠬᠢᠨᠠᠨ ᠪᠠᠢ᠌ᠴᠠᠭ᠋ᠠᠯᠳᠠ ᠵᠢᠨ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ᠂ ᠳᠡᠯᠭᠡᠷᠡᠭᠦᠯᠬᠦ ᠪᠠ ᠰᠤᠳᠤᠯᠬᠤ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠶᠡᠷᠦᠩᠬᠡᠢ᠌ᠯᠡᠨ ᠨᠡᠭᠡᠭᠡᠨ ᠬᠥᠭᠵᠢᠭᠦᠯᠬᠦ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠠᠵᠢᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠭᠠᠵᠠᠷ ᠲᠠᠳᠠᠪᠤᠷᠢᠯᠠᠵᠤ ᠠᠷᠠᠳ᠎ᠢ ᠨᠡᠭᠦᠯᠭᠡᠬᠦ᠂ ᠮᠡᠷᠭᠡᠵᠢᠯ᠎ᠤᠨ ᠯᠠᠪᠯᠠᠯᠭ᠎ᠠ ᠥᠭᠬᠦ ᠵᠡᠷᠭᠡ ᠬᠠᠮᠢᠶ᠎ᠠ ᠪᠦᠬᠦᠢ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠦᠨᠳᠦᠰᠦᠨ ᠪᠦᠲᠦᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠤᠨ ᠪᠡᠯᠡᠳᠭᠡᠯ ᠬᠤᠭᠤᠴᠠᠭ᠋ᠠᠨ᠎ᠤ ᠠᠵᠢᠯ᠂ ᠦᠶᠡᠷ᠎ᠢ ᠰᠡᠷᠭᠡᠢ᠌ᠯᠡᠬᠦ ᠨᠥᠯᠥᠭᠡ ᠵᠢ ᠦᠨᠡᠯᠡᠭᠰᠡᠨ ᠮᠡᠳᠡᠭᠦᠯᠦᠯᠲᠡ ᠵᠡᠷᠭᠡ ᠪᠡᠯᠡᠳᠭᠡᠯ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠢ᠌ᠴᠠᠭ᠋ᠠᠯᠳᠠ ᠵᠢ ᠡᠭᠦᠷᠭᠡᠯᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠳᠡᠳ᠋ ᠲᠢᠩᠬᠢᠮ᠎ᠤᠨ ᠲᠠᠰ᠎ᠤᠨ ᠨᠡᠢ᠌ᠳᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
649 ᠠᠵᠢᠯ ᠦᠢ᠍ᠯᠡᠰ᠎ᠤᠨ ᠣᠷᠣᠨ ᠲᠣᠭ᠎ᠠ᠎ᠲᠠᠢ; ᠳᠡᠳ᠋ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 2 (ᠬᠣᠷᠢᠶᠠᠨ ᠳᠠᠷᠤᠭ᠎ᠠ 1 ᠂ ᠱᠦᠵᠢ 1 )᠂ ᠭᠠᠵᠠᠷ᠎ᠤᠨ ᠳᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 34 (ᠵᠢᠩᠬᠢᠨᠢ ᠲᠤᠰᠢᠶᠠᠯ 16᠂ ᠡᠬᠦᠨ᠎ᠳᠤ ᠬᠣᠷᠢᠶᠠᠨ᠎ᠤ ᠳᠡᠳ᠋ ᠲᠤᠰᠢᠶᠠᠯ᠎ᠤᠨ ᠲᠣᠭ᠎ᠠ 3 ᠂ ᠶᠡᠷᠦᠩᠬᠡᠶ ᠢᠨᠵᠧᠨᠧᠷ᠎ᠤᠨ ᠲᠤᠰᠢᠶᠠᠯ᠎ᠤᠨ ᠲᠣᠭ᠎ᠠ 1 ᠪᠠᠭᠳᠠᠨ᠎ᠠ᠂ ᠳᠡᠳ᠋ ᠲᠤᠰᠢᠶᠠᠯ 18)᠃
(ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠸᠠᠩ ᠶᠠ ᠳ᠋ᠦᠩ
ᠬᠤᠶᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ᠎ᠤ ᠶᠡᠷᠦᠩᠬᠡᠶ ᠲᠣᠪᠴᠢᠶ᠎ᠠ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠲᠥᠪ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠡᠩᠴᠡᠭᠦᠷᠢ ᠵᠢ ᠰᠢᠯᠭ᠋ᠠᠬᠤ ᠲᠥᠪ᠎ᠤᠨ ᠫᠠᠢ᠌ᠰᠠ ᠵᠢ ᠡᠯᠬᠦᠨ᠎ᠡ)
(ᠨᠢᠭᠡ) ᠭᠤᠤᠯ ᠡᠭᠦᠷᠭᠡ ᠴᠢᠳᠠᠪᠤᠷᠢ
ᠤᠰᠤᠨ ᠰᠢᠨᠵᠢᠯᠡᠭᠡᠨ᠎ᠤ ᠠᠵᠢᠯ ᠲᠥᠷᠥᠯ᠎ᠳᠤ ᠪᠣᠳᠠᠲᠠᠶ ᠬᠠᠮᠢᠶᠠᠷᠤᠯᠲᠠ ᠶᠠᠪᠤᠭᠤᠯᠵᠤ᠂ ᠡᠭᠦᠨ᠎ᠳᠤ ᠤᠰᠤᠨ ᠰᠢᠨᠵᠢᠯᠡᠭᠡᠨ᠎ᠤ ᠮᠠᠲ᠋ᠧᠷᠢᠶᠠᠯ᠎ᠢ ᠬᠢᠨᠠᠨ ᠲᠣᠭᠲᠠᠭ᠋ᠠᠬᠤ᠂ ᠲᠠᠰᠤᠯᠤᠨ ᠲᠣᠭᠲᠠᠭ᠋ᠠᠬᠤ᠂ ᠬᠤᠷᠢᠶᠠᠩᠭᠤᠢ᠌ᠯᠠᠨ ᠬᠠᠮᠢᠶᠠᠷᠬᠤ ᠪᠠ ᠤᠰᠤᠨ᠎ᠤ ᠡᠬᠢ ᠪᠠᠶᠠᠯᠢᠭ᠎ᠢ ᠪᠠᠢ᠌ᠴᠠᠭ᠋ᠠᠨ ᠦᠨᠡᠯᠡᠬᠦ᠂ ᠤᠰᠤᠨ ᠵᠦᠶ ᠵᠢᠨ ᠬᠠᠢ᠌ᠨ ᠬᠡᠮᠵᠢᠬᠦ ᠡᠭᠦᠷᠭᠡ ᠵᠢᠨ ᠪᠢᠴᠢᠭ ᠪᠠᠭᠤᠯᠭ᠋ᠠᠨ᠎ᠠ; ᠤᠰᠤᠨ ᠰᠢᠨᠵᠢᠯᠡᠭᠡᠨ᠎ᠤ ᠲᠤᠰᠬᠠᠶ ᠮᠡᠷᠭᠡᠵᠢᠯ᠎ᠤᠨ ᠲᠥᠯᠥᠪᠵᠢᠭᠦᠯᠭᠡ ᠪᠠ ᠤᠰᠤᠨ ᠰᠢᠨᠵᠢᠯᠡᠭᠡᠨ᠎ᠤ ᠠᠵᠢᠯ᠎ᠤᠨ ᠲᠥᠯᠥᠪᠯᠡᠭᠡ᠂ ᠤᠰᠤᠨ᠎ᠤ ᠡᠬᠢ ᠪᠠᠶᠠᠯᠢᠭ᠎ᠢ ᠬᠠᠢ᠌ᠨ ᠬᠡᠮᠵᠢᠬᠦ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠬᠦᠯᠦᠨ᠎ᠡ; ᠪᠥᠬᠥ ᠣᠷᠣᠨ᠎ᠤ ᠡᠯ᠎ᠡ ᠲᠥᠷᠥᠯ᠎ᠤᠨ ᠤᠰᠤᠨ ᠰᠢᠨᠵᠢᠯᠡᠭᠡᠨ᠎ᠤ ᠥᠷᠲᠡᠭᠡ ᠵᠢᠨ ᠲᠤᠤᠷ ᠰᠦᠯᠵᠢᠶ᠎ᠡ ᠵᠢᠨ ᠲᠣᠬᠢᠷᠠᠭᠤᠯᠤᠯᠲᠠ᠂ ᠴᠡᠭᠴᠡᠯᠡᠯᠲᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠠᠵᠠᠷ᠎ᠤᠨ ᠭᠠᠳᠠᠷᠭᠤ ᠵᠢᠨ ᠤᠰᠤ᠂ ᠭᠠᠵᠠᠷ ᠲᠤᠤᠷᠠᠬᠢ ᠤᠰᠤᠨ᠎ᠤ ᠬᠡᠮᠵᠢᠶ᠎ᠡ᠂ ᠤᠰᠤᠨ᠎ᠤ ᠴᠢᠨᠠᠷ ᠵᠡᠷᠭᠡ ᠲᠥᠷᠥᠯ ᠵᠤᠢ᠌ᠯ᠎ᠢ ᠬᠠᠢ᠌ᠨ ᠰᠢᠨᠵᠢᠬᠦ᠂ ᠮᠠᠲ᠋ᠧᠷᠢᠶᠠᠯ᠎ᠢ ᠡᠮᠬᠢᠯᠡᠨ ᠨᠠᠢ᠌ᠷᠠᠭᠤᠯᠬᠤ ᠵᠢᠨ ᠬᠢᠨᠠᠯᠲᠠ ᠬᠠᠮᠢᠶᠠᠷᠤᠯᠲᠠ᠂ ᠤᠰᠤᠨ ᠰᠢᠨᠵᠢᠯᠡᠭᠡᠨ᠎ᠤ ᠮᠠᠲ᠋ᠧᠷᠢᠶᠠᠯ᠎ᠢ ᠡᠮᠬᠢᠳᠬᠡᠨ ᠨᠠᠢ᠌ᠷᠠᠭᠤᠯᠬᠤ᠂ ᠬᠡᠪᠯᠡᠨ ᠳᠠᠷᠤᠮᠠᠯᠯᠠᠬᠤ ᠪᠠ ᠬᠠᠩᠭ᠋ᠠᠬᠤ ᠵᠢᠴᠢ ᠤᠰᠤᠨ ᠰᠢᠨᠵᠢᠯᠡᠭᠡᠨ᠎ᠤ ᠮᠠᠲ᠋ᠧᠷᠢᠶᠠᠯ᠎ᠤᠨ ᠳ᠋ᠡᠢ᠌ᠲ᠋ᠠ ᠬᠥᠮᠥᠷᠭᠡ ᠵᠢ ᠪᠠᠢ᠌ᠭᠤᠯᠬᠤ ᠪᠠ ᠬᠠᠮᠢᠶᠠᠷᠬᠤ ᠵᠡᠷᠭᠡ ᠠᠵᠢᠯ᠎ᠢ ᠡᠭᠦᠷᠭᠡᠯᠡᠨ᠎ᠡ; ᠪᠥᠬᠥ ᠣᠷᠣᠨ᠎ᠤ ᠤᠰᠤᠨ᠎ᠤ ᠪᠠᠢ᠌ᠳᠠᠯ᠂ ᠮᠥᠰᠥᠲᠦᠯᠭᠡ ᠵᠢᠨ ᠪᠠᠢ᠌ᠳᠠᠯ᠂ ᠭᠠᠩ᠎ᠤᠨ ᠪᠠᠢ᠌ᠳᠠᠯ ᠵᠢᠴᠢ ᠦᠶᠡᠷ᠎ᠤᠨ ᠤᠰᠤᠨ ᠵᠦᠶ ᠵᠢᠨ ᠴᠢᠮᠡᠭᠡ ᠮᠡᠳᠡᠭᠡ ᠬᠢᠭᠡᠳ ᠤᠷᠢᠳᠴᠢᠯᠠᠨ ᠮᠡᠳᠡᠭᠡᠯᠡᠬᠦ ᠵᠢᠴᠢ ᠤᠰᠤᠨ᠎ᠤ ᠪᠠᠢ᠌ᠳᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠪᠠᠢ᠌ᠭᠤᠯᠬᠤ ᠠᠵᠢᠯ᠎ᠢ ᠡᠭᠦᠷᠭᠡᠯᠡᠨ᠎ᠡ; ᠪᠥᠬᠥ ᠣᠷᠣᠨ᠎ᠤ ᠬᠡᠪᠴᠢᠶᠡᠨ᠎ᠳᠠᠬᠢ ᠤᠰᠤᠨ ᠰᠢᠨᠵᠢᠯᠡᠭᠡᠨ᠎ᠤ ᠵᠠᠳᠠᠯᠤᠨ ᠪᠤᠳᠤᠬᠤ᠂ ᠤᠰᠤᠨ᠎ᠤ ᠡᠬᠢ ᠪᠠᠶᠠᠯᠢᠭ᠎ᠢ ᠪᠠᠢ᠌ᠴᠠᠭ᠋ᠠᠨ ᠦᠨᠡᠯᠡᠬᠦ ᠵᠢᠴᠢ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢ ᠵᠢ ᠵᠠᠳᠠᠯᠬᠤ ᠠᠵᠢᠯ᠎ᠢ ᠡᠭᠦᠷᠭᠡᠯᠡᠨ᠎ᠡ; ᠦᠢ᠍ᠯᠡᠳᠪᠤᠷᠢᠯᠡᠯ᠎ᠤᠨ ᠬᠡᠷᠡᠭᠴᠡᠭᠡ᠎ᠲᠠᠢ ᠤᠶᠠᠯᠳᠤᠭᠤᠯᠤᠨ᠂ ᠤᠰᠤᠨ ᠵᠦᠶ ᠵᠢᠨ ᠲᠤᠷᠰᠢᠯᠲᠠ ᠵᠢᠨ ᠰᠤᠳᠤᠯᠤᠯ ᠵᠡᠷᠭᠡ ᠬᠠᠮᠢᠶ᠎ᠠ ᠪᠦᠬᠦᠢ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠬᠦᠯᠦᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠳᠡᠳ᠋ ᠲᠢᠩᠬᠢᠮ᠎ᠤᠨ ᠲᠠᠰ᠎ᠤᠨ ᠠᠯᠪᠠᠲᠠᠨ᠎ᠤ ᠬᠠᠤᠯᠢ᠎ᠪᠠᠷ ᠯᠠᠪᠯᠠᠯᠲᠠ ᠪᠤᠯᠭ᠋ᠠᠨ ᠬᠠᠮᠢᠶᠠᠷᠬᠤ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠲᠤᠤᠷ᠎ᠠ᠎ᠨᠢ 10 ᠠᠢ᠌ᠮᠠᠭ ᠬᠣᠲᠠ᠎ᠳᠤ ᠰᠠᠭᠤᠭ᠎ᠠ ᠤᠰᠤᠨ ᠰᠢᠨᠵᠢᠯᠡᠭᠡᠨ᠎ᠤ ᠬᠠᠢ᠌ᠨ ᠰᠢᠨᠵᠢᠬᠦ ᠲᠣᠪᠴᠢᠶ᠎ᠠ ᠪᠠᠢ᠌ᠭᠤᠯᠵᠤ᠂ ᠳᠡᠳ᠋ ᠭᠠᠵᠠᠷ᠎ᠤᠨ ᠲᠠᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠶᠡᠷᠦᠩᠬᠡᠶ ᠲᠣᠪᠴᠢᠶ᠎ᠠ᠎ᠨᠢ ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ 84 ᠪᠤᠢ; ᠳᠡᠳ᠋ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 1 ᠂ ᠭᠠᠵᠠᠷ᠎ᠤᠨ ᠲᠠᠰ᠎ᠤᠨ ᠤᠳᠤᠷᠢᠳᠬᠤ ᠲᠤᠰᠢᠶᠠᠯ᠎ᠤᠨ ᠤᠷᠤᠨ 15 (ᠵᠢᠩᠬᠢᠨᠢ ᠲᠤᠰᠢᠶᠠᠯ 9᠂ ᠡᠬᠦᠨ᠎ᠳᠤ 3 ᠳᠡᠳ᠋ ᠲᠣᠪᠴᠢᠶᠠᠨ ᠳᠠᠷᠤᠭ᠎ᠠ ᠪᠠᠭᠲᠠᠨ᠎ᠠ᠂ ᠳᠡᠳ᠋ ᠲᠤᠰᠢᠶᠠᠯ 6)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠸᠠᠩ ᠨᠠᠨ ᠹᠸᠩ
ᠭᠤᠷᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ
(ᠨᠢᠭᠡ) ᠭᠤᠤᠯ ᠡᠭᠦᠷᠭᠡ ᠴᠢᠳᠠᠪᠤᠷᠢ
ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠤᠰᠤᠨ ᠠᠰᠢᠭᠯᠠᠯᠲᠠ ᠵᠢᠨ ᠪᠠᠷᠢᠯᠭ᠎ᠠ᠂ ᠬᠥᠷᠥᠰᠥ ᠰᠢᠷᠣᠶ ᠵᠢ ᠬᠠᠮᠠᠭ᠋ᠠᠯᠠᠬᠤ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠨᠡᠭᠡᠭᠡᠨ ᠠᠰᠢᠭᠯᠠᠬᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠮᠡᠷᠭᠡᠵᠢᠯ᠎ᠢ ᠤᠰᠤᠨ ᠠᠰᠢᠭᠯᠠᠯᠲᠠ ᠳᠡᠭᠡᠷ᠎ᠡ ᠬᠡᠷᠡᠭᠯᠡᠬᠦ ᠵᠡᠷᠭᠡ ᠰᠢᠨᠵᠢᠯᠡᠭᠡᠨ᠎ᠤ ᠬᠡᠷᠡᠭᠯᠡᠭᠡᠨ᠎ᠤ ᠮᠡᠷᠭᠡᠵᠢᠯ᠎ᠤᠨ ᠰᠤᠳᠤᠯᠤᠯ ᠪᠠ ᠨᠡᠭᠡᠭᠡᠨ ᠬᠥᠭᠵᠢᠭᠦᠯᠬᠦ ᠠᠵᠢᠯ᠎ᠢ ᠥᠷᠨᠢᠭᠦᠯᠦᠨ᠎ᠡ᠃ ᠬᠡᠷᠡᠭᠯᠡᠭᠡᠨ᠎ᠤ ᠰᠠᠭᠤᠷᠢ ᠰᠤᠳᠤᠯᠭ᠋ᠠᠨ ᠪᠠ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠣᠷᠣᠯᠴᠠᠨ᠎ᠠ; ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠤᠷᠢᠯᠡᠬᠦ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ᠂ ᠬᠦᠳᠡᠭᠡ ᠠᠵᠤ ᠠᠬᠤᠢ ᠵᠢ ᠬᠦᠭᠵᠢᠬᠦᠯᠬᠦ ᠣᠴᠢ ᠲᠥᠯᠥᠪᠯᠡᠭᠡ᠂ ᠳᠡᠯᠭᠡᠷᠡᠭᠦᠯᠬᠦ ᠲᠥᠯᠥᠪᠯᠡᠭᠡ ᠵᠡᠷᠭᠡ ᠡᠯ᠎ᠡ ᠲᠥᠷᠥᠯ᠎ᠤᠨ ᠰᠡᠳᠦᠪ᠎ᠢ ᠡᠭᠦᠷᠭᠡᠯᠡᠵᠦ᠂ ᠦᠢ᠍ᠯᠡᠳᠪᠦᠷᠢᠯᠡᠯ᠎ᠤᠨ ᠪᠣᠳᠠᠲᠤ ᠪᠠᠶ᠋ᠢᠳᠠᠯ᠎ᠲᠠᠢ ᠨᠢᠭᠳᠠ ᠤᠶᠠᠯᠳᠤᠭᠤᠯᠤᠨ᠂ ᠣᠳᠣ ᠪᠠᠢ᠌ᠭ᠎ᠠ ᠣᠷᠣᠨ᠎ᠤ ᠳᠣᠲᠣᠷ᠎ᠠ ᠭᠠᠳᠠᠨ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠢᠳᠡᠪᠬᠢᠲᠡᠢ ᠳᠡᠯᠭᠡᠷᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠦᠢ᠍ᠯᠡᠳᠪᠤᠷᠢᠯᠡᠯ᠎ᠤᠨ ᠬᠡᠷᠡᠭᠯᠡᠭᠡᠨ᠎ᠤ ᠠᠷᠭ᠎ᠠ ᠵᠠᠮ᠎ᠢ ᠨᠡᠪᠲᠡᠷᠡᠭᠦᠯᠵᠦ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠤᠨ᠎ᠠ; ᠤᠯᠠᠨ ᠤᠯᠤᠰ᠎ᠤᠨ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ ᠪᠠ ᠬᠠᠮᠳᠤᠷᠠᠯᠴᠠᠭ᠋ᠠᠨ᠎ᠤ ᠰᠤᠳᠤᠯᠭ᠋ᠠᠨ᠎ᠢ ᠥᠷᠨᠢᠭᠦᠯᠵᠦ᠂ ᠲᠧᠭᠨᠢᠭ ᠮᠡᠷᠭᠡᠵᠢᠯ ᠪᠠ ᠭᠠᠳᠠᠭ᠋ᠠᠳᠤ ᠪᠡᠯᠡ ᠵᠢ ᠣᠷᠣᠭᠤᠯᠵᠤ᠂ ᠤᠳᠤ ᠪᠠᠢ᠌ᠭ᠎ᠠ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠷᠢ ᠬᠡᠮᠵᠢᠶ᠎ᠡ ᠪᠠ ᠥᠷᠢᠰᠥᠯᠳᠦᠬᠦ ᠴᠢᠳᠠᠪᠤᠷᠢ ᠵᠢ ᠳᠡᠭᠡᠭᠰᠢᠯᠡᠭᠦᠯᠦᠨ᠎ᠡ; ᠪᠥᠬᠥ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠰᠲ᠋ᠧᠮ᠎ᠤᠨ ᠲᠤᠬᠠᠢ᠌ᠯᠠᠭᠰᠠᠨ ᠠᠵᠢᠯ᠎ᠤᠨ ᠵᠣᠬᠢᠴᠠᠭᠤᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡ᠂ ᠴᠢᠳᠠᠪᠤᠷᠢᠳᠠᠨ᠎ᠢ ᠬᠥᠮᠦᠵᠢᠭᠦᠯᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠥᠪᠯᠡᠯᠭᠡ ᠥᠭᠬᠦ ᠵᠡᠷᠭᠡ ᠡᠭᠦᠷᠭᠡ ᠵᠢ ᠡᠭᠦᠷᠭᠡᠯᠡᠨ᠎ᠡ; ᠪᠦᠬᠦ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠨᠡᠭᠡᠭᠡᠯᠲᠡ᠂ ᠲᠡᠯᠭᠡᠷᠡᠬᠦᠯᠦᠯᠳᠡ ᠵᠢᠨ ᠳᠤᠮᠳᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢᠨ ᠣᠨ᠎ᠤ ᠲᠥᠯᠥᠪᠯᠡᠭᠡ ᠵᠢ ᠲᠤᠭᠳᠠᠭ᠋ᠠᠬᠤ᠎ᠳᠤ ᠣᠷᠣᠯᠴᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠪᠠ ᠵᠤᠬᠢᠴᠠᠭᠤᠯᠤᠨ᠎ᠠ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 87; ᠭᠠᠵᠠᠷ᠎ᠤᠨ ᠲᠡᠰ᠎ᠤᠨ ᠤᠳᠤᠷᠢᠳᠤᠯᠭ᠎ᠠ ᠵᠢᠨ ᠲᠤᠰᠢᠶᠠᠯ᠎ᠤᠨ ᠲᠣᠭ᠎ᠠ 5 (ᠵᠢᠩᠬᠢᠨᠢ ᠲᠤᠰᠢᠶᠠᠯ 2 ᠂ ᠲᠡᠳ᠋ ᠲᠤᠰᠢᠶᠠᠯ 3)᠂ ᠰᠠᠯᠠᠭ᠋ᠠᠨ ᠲᠡᠰ᠎ᠤᠨ ᠤᠳᠤᠷᠢᠳᠤᠯᠭ᠎ᠠ ᠵᠢᠨ ᠲᠤᠰᠢᠶᠠᠯ᠎ᠤᠨ ᠲᠣᠭ᠎ᠠ 3 (ᠵᠢᠩᠬᠢᠨᠢ ᠲᠤᠰᠢᠶᠠᠯ 2 ᠂ ᠲᠡᠳ᠋ ᠲᠤᠰᠢᠶᠠᠯ 1)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠡᠤ ᠴᠸᠩ ᠢ
ᠳᠥᠷᠪᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠯᠠᠯᠲᠠ ᠪᠠ ᠲᠠᠳᠠᠷᠠᠭᠤᠯᠤᠯᠳᠠ ᠵᠢᠨ ᠬᠥᠭᠵᠢᠯᠲᠡ ᠵᠢᠨ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠦᠶᠡᠷ᠎ᠢ ᠰᠡᠷᠭᠡᠢ᠌ᠯᠡᠵᠦ ᠠᠶᠤᠯ᠎ᠠᠴᠠ ᠠᠪᠤᠷᠠᠬᠤ ᠪᠡᠯᠡᠳᠭᠡᠯ ᠠᠩᠭᠢ ᠵᠢᠨ ᠫᠠᠢ᠌ᠰᠠ ᠵᠢ ᠡᠯᠬᠦᠨ᠎ᠡ)
(ᠨᠢᠭᠡ) ᠭᠤᠤᠯ ᠡᠭᠦᠷᠭᠡ ᠴᠢᠳᠠᠪᠤᠷᠢ
ᠪᠥᠬᠥ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠭᠤᠤᠯ ᠮᠠᠲ᠋ᠧᠷᠢᠶᠠᠯ᠂ ᠪᠦᠷᠢᠨ ᠲᠥᠬᠥᠷ ᠲᠥᠬᠥᠭᠡᠷᠦᠮᠵᠢ᠂ ᠪᠠᠷᠢᠯᠭ᠎ᠠ ᠵᠢᠨ ᠴᠢᠬᠤᠯᠠ ᠲᠣᠨᠣᠭ ᠲᠥᠬᠥᠭᠡᠷᠦᠮᠵᠢ ᠵᠢᠨ ᠬᠠᠩᠭ᠋ᠠᠯᠭ᠎ᠠ ᠵᠢᠨ ᠬᠠᠮᠢᠶᠠᠷᠤᠯᠲᠠ ᠵᠢᠨ ᠠᠵᠢᠯ᠎ᠢ ᠡᠬᠦᠷᠭᠡᠯᠡᠨ᠎ᠡ; ᠤᠰᠤᠨ ᠠᠰᠢᠭᠯᠠᠯᠲᠠ ᠵᠢᠨ ᠡᠳ᠋ ᠪᠣᠳᠠᠰ᠎ᠤᠨ ᠠᠵᠢᠯ ᠲᠥᠷᠥᠯ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠬᠥᠲᠥᠯᠥᠨ ᠵᠢᠯᠤᠭᠤᠳᠴᠤ᠂ ᠡᠵᠡᠩᠨᠡᠯᠲᠡ᠎ᠪᠠᠨ ᠥᠷᠭᠡᠳᠬᠡᠨ᠂ ᠦᠢ᠍ᠯᠡᠴᠢᠯᠡᠭᠡ᠎ᠪᠠᠨ ᠰᠠᠢ᠌ᠳᠤᠷ ᠬᠢᠵᠦ᠂ ᠤᠰᠤᠨ ᠠᠰᠢᠭᠯᠠᠯᠲᠠ ᠵᠢᠨ ᠡᠳ᠋ ᠪᠣᠳᠠᠰ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠤᠤᠷ ᠰᠦᠯᠵᠢᠶ᠎ᠡ ᠵᠢ ᠪᠠᠢ᠌ᠭᠤᠯᠬᠤ ᠵᠢ ᠡᠭᠦᠷᠭᠡᠯᠡᠨ᠎ᠡ; ᠪᠦᠬᠦ ᠣᠷᠣᠨ᠎ᠤ ᠤᠰᠤᠯᠠᠯᠲᠠ ᠪᠠ ᠲᠠᠳᠠᠷᠠᠭᠤᠯᠤᠯᠳᠠ᠂ ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠵᠢᠴᠢ ᠤᠰᠤ ᠠᠷᠪᠢᠯᠠᠬᠤ ᠤᠰᠤᠯᠠᠯᠲᠠ ᠵᠢᠨ ᠲᠥᠷᠥᠯ ᠵᠤᠢ᠌ᠯ᠎ᠤᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠪᠡᠯᠡᠳᠭᠡᠯ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠵᠢᠯᠣᠭᠣᠳᠤᠯᠭ᠎ᠠ ᠪᠣᠯᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃ ᠦᠢ᠍ᠯᠡᠳᠬᠦᠨ᠎ᠤ ᠶᠠᠰᠤ ᠴᠢᠨᠠᠷ᠎ᠤᠨ ᠮᠡᠳᠡᠭᠡ ᠵᠠᠩᠭᠢ ᠨᠡᠢ᠌ᠳᠡᠯᠡᠬᠦ᠂ ᠲᠡᠷᠢᠭᠦᠨ᠎ᠤ ᠲᠥᠬᠥᠭᠡᠷᠦᠮᠵᠢ ᠪᠠ ᠦᠢ᠍ᠯᠡᠳᠬᠦᠨ ᠨᠡᠭᠡᠭᠡᠨ ᠳᠡᠯᠭᠡᠷᠡᠭᠦᠯᠬᠦ ᠵᠡᠷᠭᠡ ᠠᠵᠢᠯ ᠵᠢᠴᠢ ᠮᠠᠯᠵᠢᠬᠤ ᠲᠠᠷᠢᠶᠠᠯᠠᠬᠤ ᠣᠷᠣᠨ᠎ᠤ ᠬᠠᠮᠢᠶ᠎ᠠ ᠪᠥᠬᠥᠶ ᠤᠰᠤᠨ ᠠᠰᠢᠭᠯᠠᠯᠳᠠ ᠵᠢᠨ ᠰᠡᠳᠦᠪ᠎ᠤᠨ ᠰᠤᠳᠤᠯᠭ᠋ᠠᠨ᠂ ᠮᠡᠷᠭᠡᠵᠢᠯ᠎ᠤᠨ ᠨᠡᠭᠡᠭᠡᠯᠲᠡ᠂ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠪᠠ ᠳᠡᠯᠭᠡᠷᠡᠭᠦᠯᠦᠨ ᠪᠣᠯᠪᠠᠰᠤᠷᠠᠭᠤᠯᠬᠤ ᠠᠵᠢᠯ᠎ᠢ ᠬᠠᠷᠢᠭᠤᠴᠠᠨ᠎ᠠ; ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠤᠨ ᠪᠡᠯᠡᠳᠭᠡᠯ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠢ᠌ᠴᠠᠭ᠋ᠠᠯᠳᠠ ᠵᠢ ᠡᠭᠦᠷᠭᠡᠯᠡᠨ᠎ᠡ; ᠪᠦᠬᠦ ᠣᠷᠣᠨ᠎ᠤ ᠤᠰᠤᠯᠠᠯᠲᠠ ᠪᠠ ᠲᠠᠳᠠᠷᠠᠭᠤᠯᠤᠯᠳᠠ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠬᠤ ᠮᠠᠯᠵᠢᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠳᠤ ᠮᠡᠷᠭᠡᠵᠢᠯ᠎ᠤᠨ ᠲᠤᠯᠭ᠋ᠠᠭᠤᠷᠢᠯᠠᠯ ᠪᠣᠯᠤᠨ ᠦᠢ᠍ᠯᠡᠴᠢᠯᠡᠭᠡ ᠬᠠᠩᠭ᠋ᠠᠨ᠎ᠠ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 50; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 4 (ᠵᠢᠩᠬᠢᠨᠢ ᠲᠤᠰᠢᠶᠠᠯ 1᠂ ᠲᠡᠳ᠋ ᠲᠤᠰᠢᠶᠠᠯ 3)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 10 (ᠵᠢᠩᠬᠢᠨᠢ ᠲᠤᠰᠢᠶᠠᠯ 6 ᠂ ᠲᠡᠳ᠋ ᠲᠤᠰᠢᠶᠠᠯ 4)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠯᠢ ᠬᠠᠶ ᠮᠢᠩ
ᠲᠠᠪᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ ᠬᠢᠭᠡᠳ ᠤᠰᠤᠨ᠎ᠤ ᠡᠷᠬᠡ ᠵᠢ ᠬᠤᠳᠠᠯᠳᠤᠨ ᠠᠪᠴᠤ ᠬᠠᠳᠠᠭ᠋ᠠᠯᠠᠬᠤ ᠲᠥᠪ
(ᠨᠢᠭᠡ) ᠭᠤᠤᠯ ᠡᠭᠦᠷᠭᠡ ᠴᠢᠳᠠᠪᠤᠷᠢ
ᠬᠠᠮᠤᠭ᠎ᠤᠨ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠦᠷᠢᠮ᠎ᠢ ᠬᠢᠨᠠᠨ ᠰᠢᠯᠭ᠋ᠠᠬᠤ᠂ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠠᠢ᠌ᠭᠤᠯᠤᠯᠳᠠ ᠵᠡᠷᠭᠡ ᠬᠠᠮᠢᠶ᠎ᠠ ᠪᠥᠬᠥᠶ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ ᠬᠢᠭᠡᠳ ᠤᠰᠤᠨ᠎ᠤ ᠡᠬᠢ ᠪᠠᠶᠠᠯᠢᠭ᠎ᠢ ᠳᠣᠭᠢᠷᠠᠭᠤᠯᠬᠤ᠂ ᠤᠰᠤ ᠠᠪᠬᠤ ᠵᠦᠪᠰᠢᠶᠡᠷᠡᠯ ᠬᠢᠭᠡᠳ ᠤᠰᠤᠨ᠎ᠤ ᠡᠬᠢ ᠪᠠᠶᠠᠯᠢᠭ᠎ᠢ ᠨᠤᠲᠠᠯᠠᠬᠤ᠂ ᠤᠰᠤᠨ᠎ᠤ ᠴᠢᠳᠠᠮᠵᠢᠳᠣ ᠣᠷᠣᠨ ᠬᠢᠭᠡᠳ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ᠂ ᠤᠰᠤ ᠵᠢ ᠲᠥᠯᠥᠪᠯᠡᠭᠡ᠎ᠲᠠᠢ᠎ᠪᠠᠷ ᠬᠡᠷᠡᠭᠯᠡᠬᠦ ᠬᠢᠭᠡᠳ ᠤᠰᠤ ᠵᠢ ᠠᠷᠪᠢᠯᠠᠨ ᠬᠡᠷᠡᠭᠯᠡᠬᠦ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠥᠬᠥᠶ ᠮᠡᠷᠭᠡᠵᠢᠯ᠎ᠤᠨ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠴᠢᠬᠤᠯᠠ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠪᠠᠷᠢᠮᠵᠢᠶ᠎ᠠ᠎ᠳᠤ ᠬᠦᠷᠭᠡᠬᠦ ᠪᠥᠲᠥᠭᠡᠨ ᠪᠠᠢ᠌ᠭᠤᠯᠤᠯᠳᠠ ᠵᠢ ᠦᠨᠡᠯᠡᠨ ᠵᠢᠱ᠌ᠢᠵᠦ ᠬᠡᠷᠡᠭᠵᠢᠭᠦᠯᠬᠦ ᠠᠵᠢᠯ᠎ᠢ ᠡᠭᠦᠷᠭᠡᠯᠡᠨ᠎ᠡ; ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠶᠠᠪᠤᠳᠠᠯ᠎ᠤᠨ ᠬᠠᠮᠢᠶᠠᠷᠤᠯᠲᠠ ᠵᠡᠷᠭᠡ ᠲᠣᠭ᠎ᠠ ᠪᠦᠷᠢᠳᠬᠡᠯ᠎ᠤᠨ ᠣᠨ᠎ᠤ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠪᠠ ᠳᠡᠭᠡᠭᠰᠢ ᠮᠡᠳᠡᠭᠦᠯᠬᠦ ᠠᠵᠢᠯ᠎ᠢ ᠡᠭᠦᠷᠭᠡᠯᠡᠨ᠎ᠡ; ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠡᠳᠦᠷ ᠲᠤᠲᠤᠮ᠎ᠤᠨ ᠬᠠᠮᠠᠭ᠋ᠠᠯᠠᠨ ᠬᠠᠮᠢᠶᠠᠷᠬᠤ ᠠᠵᠢᠯ᠎ᠢ ᠡᠭᠦᠷᠭᠡᠯᠡᠨ᠎ᠡ; ᠤᠰᠤᠨ᠎ᠤ ᠡᠷᠬᠡ ᠵᠢᠨ ᠳᠦᠷᠢᠮ᠎ᠤᠨ ᠪᠠᠢ᠌ᠭᠤᠯᠤᠯᠳᠠ ᠵᠡᠷᠭᠡ ᠬᠠᠮᠢᠶ᠎ᠠ ᠪᠦᠬᠦᠢ ᠮᠡᠷᠭᠡᠵᠢᠯ᠎ᠤᠨ ᠲᠤᠰᠠᠯᠠᠬᠤ ᠴᠢᠨᠠᠷᠳᠠᠢ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠷᠬᠡ ᠵᠢ ᠬᠤᠳᠠᠯᠳᠤᠨ ᠠᠪᠴᠤ ᠨᠥᠭᠡᠴᠡᠯᠡᠵᠦ ᠰᠢᠯᠵᠢᠭᠦᠯᠦᠨ ᠥᠭᠬᠦ ᠰᠠᠭᠤᠷᠢᠯᠠᠬᠤ ᠴᠢᠨᠠᠷᠲᠠᠶ᠂ ᠮᠡᠷᠭᠡᠵᠢᠯ᠎ᠤᠨ ᠴᠢᠨᠠᠷᠲᠠᠶ ᠠᠵᠢᠯ᠎ᠢ ᠳᠠᠭ᠋ᠠᠭ᠋ᠠᠨ ᠬᠦᠢ᠍ᠴᠡᠳᠭᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 45; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠤᠷᠤᠨ 3 (ᠵᠢᠩᠬᠢᠨᠢ ᠲᠤᠰᠢᠶᠠᠯ 1᠂ ᠲᠡᠳ᠋ ᠲᠤᠰᠢᠶᠠᠯ 2)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 10 (ᠵᠢᠩᠬᠢᠨᠢ ᠲᠤᠰᠢᠶᠠᠯ 5 ᠂ ᠲᠡᠳ᠋ ᠲᠤᠰᠢᠶᠠᠯ 5)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠰᠢᠶᠧ ᠸᠧᠶ ᠳ᠋ᠦᠩ
ᠵᠢᠷᠭᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠩᠱ᠌ᠠᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠣᠪᠴᠢᠶ᠎ᠠ
(ᠨᠢᠭᠡ) ᠭᠤᠤᠯ ᠡᠭᠦᠷᠭᠡ ᠴᠢᠳᠠᠪᠤᠷᠢ
ᠦᠶᠡᠷ᠎ᠢ ᠰᠡᠷᠭᠡᠢ᠌ᠯᠡᠬᠦ᠎ᠪᠠᠷ ᠭᠤᠤᠯ ᠪᠣᠯᠭ᠋ᠠᠵᠤ᠂ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠠᠵᠤ ᠦᠢ᠍ᠯᠡᠳᠪᠤᠷᠢ ᠲᠠᠷᠢᠶᠠᠯᠠᠩ ᠠᠵᠤ ᠠᠬᠤᠶ ᠪᠠ ᠠᠷᠠᠳ ᠲᠦᠮᠡᠨ᠎ᠤ ᠠᠮᠢ ᠨᠠᠰᠤ ᠡᠳ᠋ ᠬᠦᠷᠦᠨᠭᠭᠡ ᠵᠢᠨ ᠠᠮᠤᠷ ᠲᠦᠪᠰᠢᠨ᠎ᠢ ᠪᠠᠲᠤᠯᠠᠨ᠎ᠠ; ᠤᠰᠤᠨ ᠴᠥᠭᠥᠷᠥᠮ᠎ᠤᠨ ᠪᠠᠷᠢᠯᠭ᠎ᠠ ᠵᠢᠨ ᠲᠥᠬᠥᠭᠡᠷᠦᠮᠵᠢ ᠵᠢ ᠬᠠᠮᠢᠶᠠᠷᠤᠨ ᠬᠠᠮᠠᠭ᠋ᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠪᠠᠷᠢᠯᠭ᠎ᠠ ᠵᠢᠨ ᠠᠶᠤᠯᠭᠦᠶ ᠠᠵᠢᠯᠯᠠᠭ᠋ᠠᠨ᠎ᠢ ᠦᠨᠡᠨᠬᠦ ᠪᠠᠲᠤᠯᠠᠨ᠎ᠠ; ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠤᠨ᠎ᠠ; ᠬᠠᠷᠢᠶᠠᠲᠤ ᠣᠷᠣᠨ᠎ᠤ ᠳᠣᠲᠣᠷᠠᠬᠢ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ; ᠴᠥᠭᠥᠷᠥᠮ᠎ᠤᠨ ᠳᠣᠣᠷᠠᠳᠤ ᠤᠷᠤᠰᠬᠠᠯ ᠵᠢᠴᠢ ᠴᠥᠭᠥᠷᠥᠮ᠎ᠤᠨ ᠣᠷᠣᠨ᠎ᠤ ᠡᠷᠭᠢᠨ ᠲᠣᠭᠣᠷᠢᠨ᠎ᠳᠤ ᠲᠠᠷᠢᠶᠠᠯᠠᠩ᠎ᠳᠤ ᠬᠡᠷᠡᠭᠯᠡᠬᠦ ᠤᠰᠤ ᠬᠠᠩᠭ᠋ᠠᠨ᠎ᠠ; ᠢᠨᠵᠧᠨᠧᠷᠢᠩ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷᠠᠬᠢ ᠰᠠᠯᠬᠢ ᠵᠢ ᠰᠡᠷᠭᠡᠢ᠌ᠯᠡᠵᠦ ᠡᠯᠡᠰᠦ ᠵᠢ ᠲᠤᠭᠳᠠᠪᠤᠷᠢᠵᠢᠭᠤᠯᠬᠤ ᠪᠠ ᠬᠥᠷᠥᠰᠥ ᠰᠢᠷᠣᠶ ᠵᠢ ᠬᠠᠮᠠᠭ᠋ᠠᠯᠠᠬᠤ ᠠᠮᠢ ᠠᠬᠤᠢ ᠵᠢᠨ ᠪᠦᠲᠦᠭᠡᠨ ᠪᠠᠢ᠌ᠭᠤᠯᠤᠯᠳᠠ ᠵᠢᠨ ᠠᠵᠢᠯ᠎ᠢ ᠦᠷᠨᠢᠬᠦᠯᠦᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 220; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 5 (ᠵᠢᠩᠬᠢᠨᠢ ᠲᠤᠰᠢᠶᠠᠯ 2᠂ ᠲᠡᠳ᠋ ᠲᠤᠰᠢᠶᠠᠯ 3)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 24 (ᠵᠢᠩᠬᠢᠨᠢ ᠲᠤᠰᠢᠶᠠᠯ 12 ᠂ ᠲᠡᠳ᠋ ᠲᠤᠰᠢᠶᠠᠯ 12)᠃
(ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠴᠧᠩ ᠶᠠᠨ ᠹᠸᠩ
ᠳᠣᠯᠣᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠤᠤᠯ᠎ᠤᠨ ᠢᠨᠵᠸᠨ᠋ᠸᠷᠢᠩ᠎ᠤᠨ ᠬᠠᠮᠢᠶᠠᠷᠤᠯᠳᠠ ᠵᠢᠨ ᠲᠣᠪᠴᠢᠶ᠎ᠠ
(ᠨᠢᠭᠡ) ᠭᠤᠤᠯ ᠡᠭᠦᠷᠭᠡ ᠴᠢᠳᠠᠪᠤᠷᠢ
ᠬᠠᠲᠤᠨ ᠭᠤᠤᠯ᠎ᠤᠨ ᠰᠠᠨ ᠱᠧᠩ ᠭᠦᠩ᠎ᠤᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠠᠵᠢᠯᠯᠠᠭ᠋ᠠᠨ᠎ᠤ ᠬᠠᠮᠢᠶᠠᠷᠤᠯᠳᠠ ᠵᠢ ᠡᠭᠦᠷᠭᠡᠯᠡᠵᠦ᠂ ᠬᠦᠢ᠍ᠰᠦ ᠵᠢᠨ ᠣᠨ᠎ᠤ ᠠᠵᠢᠯᠯᠠᠭ᠋ᠠᠨ᠎ᠤ ᠲᠥᠯᠥᠪᠯᠡᠭᠡ ᠪᠠ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠬᠦᠯᠦᠨ᠎ᠡ; ᠬᠠᠳᠤᠨ ᠭᠣᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠠᠮᠤᠷ ᠲᠦᠪᠰᠢᠨ᠎ᠤ ᠠᠵᠢᠯ᠎ᠢ ᠬᠠᠷᠢᠭᠤᠴᠠᠨ᠎ᠠ; ᠬᠠᠲᠤᠨ ᠭᠤᠤᠯ᠎ᠤᠨ ᠰᠠᠨ ᠱᠧᠩ ᠭᠦᠩ᠎ᠤᠨ ᠤᠰᠤᠨ ᠠᠰᠢᠭᠯᠠᠯᠲᠠ ᠵᠢᠨ ᠬᠦᠢ᠍ᠰᠦ ᠵᠢᠨ ᠤᠰᠤᠨ ᠵᠦᠶ ᠵᠢᠨ ᠰᠤᠳᠤᠯᠤᠯ᠂ ᠤᠰᠤᠨ᠎ᠤ ᠪᠠᠢ᠌ᠳᠠᠯ᠎ᠢ ᠬᠡᠮᠵᠢᠨ ᠮᠡᠳᠡᠭᠦᠯᠬᠦ᠂ ᠳᠠᠮᠵᠢᠭᠤᠯᠬᠤ᠂ ᠠᠰᠢᠭᠯᠠᠬᠤ ᠵᠢᠴᠢ ᠬᠠᠮᠢᠶᠠᠷᠬᠤ ᠬᠡᠪᠴᠢᠶᠡᠨ᠎ᠳᠠᠬᠢ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ᠂ ᠬᠥᠷᠥᠰᠥ ᠰᠢᠷᠣᠶ ᠵᠢ ᠬᠠᠮᠠᠭ᠋ᠠᠯᠠᠬᠤ ᠬᠠᠮᠢᠶ᠎ᠠ ᠪᠥᠬᠥᠶ ᠠᠵᠢᠯ᠎ᠢ ᠡᠬᠦᠷᠭᠡᠯᠡᠨ᠎ᠡ; ᠬᠠᠳᠤᠨ ᠭᠣᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠮᠡᠷᠭᠡᠵᠢᠯ᠎ᠤᠨ ᠰᠢᠨᠡᠴᠢᠯᠡᠯᠳᠡ᠂ ᠥᠭᠡᠷᠡᠴᠢᠯᠡᠵᠦ ᠥᠷᠭᠡᠳᠬᠡᠨ ᠪᠠᠢ᠌ᠭᠤᠯᠬᠤ᠂ ᠲᠤᠰᠬᠠᠢ ᠲᠥᠷᠥᠯ᠎ᠤᠨ ᠵᠠᠰᠠᠯᠲᠠ ᠵᠡᠷᠭᠡ ᠠᠵᠢᠯ᠎ᠢ ᠵᠤᠬᠢᠶᠠᠨ ᠪᠠᠢ᠌ᠭᠤᠯᠤᠨ ᠬᠡᠷᠡᠭᠵᠢᠭᠦᠯᠦᠨ᠎ᠡ; ᠬᠦᠢ᠍ᠰᠦ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ; ᠬᠦᠢ᠍ᠰᠦ ᠵᠢᠨ ᠤᠰᠤ ᠬᠠᠩᠭ᠋ᠠᠬᠤ ᠤᠰᠤᠨ᠎ᠤ ᠦᠨ᠎ᠡ ᠬᠠᠩᠰᠢ᠂ ᠴᠠᠬᠢᠯᠭ᠋ᠠᠨ᠎ᠤ ᠦᠨ᠎ᠡ ᠵᠢᠨ ᠲᠣᠬᠢᠷᠠᠭᠤᠯᠤᠯᠲᠠ ᠵᠢ ᠲᠤᠭᠳᠠᠭ᠋ᠠᠬᠤ᠎ᠳᠤ ᠣᠷᠣᠯᠴᠠᠬᠤ ᠵᠢᠨ ᠬᠠᠮᠲᠤ ᠤᠰᠤᠨ᠎ᠤ ᠰᠦᠢ᠍ᠳᠭᠡᠯ᠎ᠢ ᠪᠣᠳᠣᠵᠤ ᠬᠤᠷᠢᠶᠠᠬᠤ ᠬᠠᠮᠢᠶᠠᠷᠤᠯᠲᠠ ᠵᠡᠷᠭᠡ ᠵᠠᠷᠤᠳᠠᠯ᠎ᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ; ᠴᠠᠬᠢᠯᠭ᠋ᠠᠨ᠎ᠤ ᠰᠦᠢ᠍ᠳᠭᠡᠯ ᠲᠠᠲᠠᠪᠤᠷᠢᠯᠠᠬᠤ ᠬᠠᠮᠢᠶᠠᠷᠤᠯᠲᠠ ᠵᠢᠨ ᠠᠵᠢᠯ᠎ᠳᠤ ᠬᠢᠨᠠᠯᠲᠠ ᠲᠠᠯᠪᠢᠵᠤ᠂ ᠵᠢᠯᠣᠭᠣᠳᠤᠨ᠎ᠠ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 286; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 5 (ᠵᠢᠩᠬᠢᠨᠢ ᠲᠤᠰᠢᠶᠠᠯ 2᠂ ᠲᠡᠳ᠋ ᠲᠤᠰᠢᠶᠠᠯ 3)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 30 (ᠵᠢᠩᠬᠢᠨᠢ ᠲᠤᠰᠢᠶᠠᠯ 15 ᠂ ᠲᠡᠳ᠋ ᠲᠤᠰᠢᠶᠠᠯ 15)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠴᠧᠨ ᠰᠢᠨ ᠵᠥᠩ
ᠨᠠᠢ᠍ᠮᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳ᠋ᠸᠩ ᠺᠸᠤ ᠤᠰᠤ ᠲᠠᠲᠠᠬᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ
(ᠨᠢᠭᠡ) ᠭᠤᠤᠯ ᠡᠭᠦᠷᠭᠡ ᠴᠢᠳᠠᠪᠤᠷᠢ
ᠴᠠᠬᠢᠯᠭ᠋ᠠᠨ ᠬᠦᠴᠦ᠎ᠪᠠᠷ ᠤᠰᠤ ᠲᠠᠲᠠᠬᠤ᠎ᠪᠠᠷ ᠭᠣᠣᠯ ᠪᠣᠯᠭ᠋ᠠᠵᠤ᠂ ᠲᠠᠷᠢᠶᠠᠯᠠᠩ᠎ᠤᠨ ᠤᠰᠤᠯᠠᠯᠲᠠ᠎ᠳᠤ ᠦᠢ᠍ᠯᠡᠴᠢᠯᠡᠨ᠎ᠡ; ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠳᠦᠬᠡᠨ ᠪᠠᠢ᠌ᠭᠤᠯᠤᠯᠳᠠ᠂ ᠠᠵᠢᠯᠯᠠᠭ᠋ᠠᠨ᠎ᠤ ᠬᠠᠮᠢᠶᠠᠷᠤᠯᠲᠠ ᠪᠣᠯᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢᠴᠢ ᠠᠮᠤᠷ᠎ᠢ ᠬᠠᠮᠠᠭ᠋ᠠᠯᠠᠬᠤ ᠠᠵᠢᠯ᠎ᠢ ᠡᠬᠦᠷᠭᠡᠯᠡᠨ᠎ᠡ; ᠤᠰᠤᠯᠠᠯᠲᠠ ᠵᠢᠨ ᠣᠷᠣᠨ᠎ᠤ ᠦᠶᠡᠷ᠎ᠢ ᠰᠡᠷᠭᠡᠢ᠌ᠯᠡᠬᠦ ᠲᠥᠰᠦᠯ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ᠂ ᠵᠤᠬᠢᠶᠠᠨ ᠪᠠᠢ᠌ᠭᠤᠯᠬᠤ ᠪᠠ ᠬᠡᠷᠡᠭᠵᠢᠭᠦᠯᠬᠦ ᠵᠢᠴᠢ ᠦᠶᠡᠷ᠎ᠢ ᠰᠡᠷᠭᠡᠢ᠌ᠯᠡᠬᠦ ᠡᠳ᠋ ᠪᠣᠳᠠᠰ᠎ᠢ ᠨᠥᠭᠡᠴᠡᠯᠡᠬᠦ ᠡᠬᠦᠷᠭᠡ ᠵᠢ ᠡᠬᠦᠷᠭᠡᠯᠡᠵᠦ᠂ ᠦᠶᠡᠷ᠎ᠢ ᠰᠡᠷᠭᠡᠢ᠌ᠯᠡᠵᠦ ᠠᠮᠤᠷ ᠲᠦᠪᠰᠢᠨ᠎ᠢ ᠦᠨᠡᠨᠬᠦ ᠪᠠᠳᠤᠯᠠᠨ᠎ᠠ; ᠬᠥᠭᠡᠷᠭᠡ ᠵᠢᠨ ᠥᠷᠲᠡᠭᠡ ᠵᠢᠨ ᠪᠠᠢ᠌ᠭ᠎ᠠ ᠣᠷᠣᠨ᠎ᠤ ᠬᠡᠰᠡᠭ᠎ᠤᠨ ᠬᠠᠳᠤᠨ ᠭᠤᠤᠯ᠎ᠤᠨ ᠬᠤᠢ᠌ᠳᠤ ᠡᠷᠭᠢ ᠵᠢᠨ ᠰᠦᠩ ᠬᠠᠯᠢᠶ᠎ᠠ ᠵᠢ ᠰᠡᠷᠭᠡᠢ᠌ᠯᠡᠬᠦ ᠠᠵᠢᠯ᠎ᠢ ᠡᠭᠦᠷᠭᠡᠯᠡᠵᠦ᠂ ᠰᠦᠩ ᠬᠠᠯᠢᠶ᠎ᠠ ᠵᠢ ᠠᠮᠤᠷ ᠲᠦᠪᠰᠢᠨ ᠥᠩᠭᠡᠷᠡᠭᠦᠯᠬᠦ ᠪᠠ ᠦᠶᠡᠷ᠎ᠢ ᠭᠡᠲᠦᠯᠬᠦ ᠵᠢ ᠦᠨᠡᠨᠬᠦ ᠪᠠᠳᠤᠯᠠᠨ᠎ᠠ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 169; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 5 (ᠵᠢᠩᠬᠢᠨᠢ ᠲᠤᠰᠢᠶᠠᠯ 2᠂ ᠲᠡᠳ᠋ ᠲᠤᠰᠢᠶᠠᠯ 3)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 24 (ᠵᠢᠩᠬᠢᠨᠢ ᠲᠤᠰᠢᠶᠠᠯ 12 ᠂ ᠲᠡᠳ᠋ ᠲᠤᠰᠢᠶᠠᠯ 12)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠬᠤ᠌ ᠱᠧᠩ
ᠶᠢᠰᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ ᠬᠢᠭᠡᠳ ᠠᠶᠤᠯᠬᠦᠢ ᠵᠢᠨ ᠬᠢᠨᠠᠯᠲᠠ ᠲᠠᠯᠪᠢᠬᠤ ᠲᠥᠪ ᠥᠷᠲᠡᠭᠡ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠵᠠᠷᠤᠴᠠᠭᠤᠯᠬᠤ ᠦᠷᠲᠡᠭ᠎ᠤᠨ ᠬᠠᠮᠢᠶᠠᠷᠤᠯᠲᠠ ᠵᠢᠨ ᠦᠷᠲᠡᠭᠡ ᠵᠢᠨ ᠫᠠᠢ᠌ᠰᠠ ᠵᠢ ᠡᠯᠬᠦᠨ᠎ᠡ)
(ᠨᠢᠭᠡ) ᠭᠤᠤᠯ ᠡᠭᠦᠷᠭᠡ ᠴᠢᠳᠠᠪᠤᠷᠢ
ᠥᠪᠡᠷᠲᠡᠭᠡᠨ ᠵᠠᠰᠠᠬᠤ ᠣᠷᠣᠨ᠎ᠤ ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠦᠲᠦᠭᠡᠨ ᠪᠠᠢ᠌ᠭᠤᠯᠤᠯᠳᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠵᠤ᠂ ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠦᠲᠦᠭᠡᠨ ᠪᠠᠢ᠌ᠭᠤᠯᠤᠯᠳᠠ ᠵᠢᠨ ᠢᠨᠵᠸᠨ᠋ᠸᠷᠢᠩ᠎ᠤᠨ ᠲᠥᠷᠥᠯ ᠵᠤᠢ᠌ᠯ᠎ᠤᠨ ᠳᠠᠭ᠋ᠠᠭ᠋ᠠᠴᠢᠯᠠᠯᠲᠠ ᠬᠦᠯᠢᠶᠡᠵᠦ ᠪᠦᠲᠦᠭᠡᠨ ᠪᠠᠢ᠌ᠭᠤᠯᠬᠤ ᠨᠪᠢᠭᠡᠴᠢ ᠵᠢᠨ ᠬᠢᠷᠢ ᠬᠡᠮ᠎ᠢ ᠬᠢᠨᠠᠨ ᠪᠠᠢ᠌ᠴᠠᠭ᠋ᠠᠬᠤ᠎ᠳᠤ ᠣᠷᠣᠯᠴᠠᠨ᠎ᠠ᠃ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠦᠳᠦᠭᠡᠨ ᠪᠠᠢ᠌ᠭᠤᠯᠤᠯᠳᠠ ᠵᠢᠨ ᠢᠨᠵᠸᠨ᠋ᠸᠷᠢᠩ᠎ᠢ ᠪᠠᠢ᠌ᠴᠠᠭ᠋ᠠᠬᠤ᠂ ᠬᠢᠨᠠᠨ ᠲᠣᠭᠲᠠᠭ᠋ᠠᠬᠤ ᠪᠠ ᠬᠢᠨᠠᠨ ᠰᠢᠯᠭ᠋ᠠᠬᠤ᠂ ᠲᠠᠭᠤᠰᠬᠠᠭᠰᠠᠨ ᠪᠠᠷᠢᠯᠭ᠎ᠠ ᠵᠢᠨ ᠲᠦᠷᠦᠯ ᠵᠤᠢ᠌ᠯ ᠢ ᠰᠢᠯᠭ᠋ᠠᠨ ᠠᠪᠬᠤ ᠠᠵᠢᠯ᠎ᠳᠤ ᠣᠷᠣᠯᠴᠠᠨ᠎ᠠ; ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠦᠳᠦᠭᠡᠨ ᠪᠠᠢ᠌ᠭᠤᠯᠤᠯᠳᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠷᠭ᠎ᠠ ᠵᠢ ᠲᠣᠭᠲᠠᠭ᠋ᠠᠨ᠎ᠠ; ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠳᠠ ᠵᠢᠨ ᠲᠣᠭᠲᠠᠭᠰᠠᠨ ᠲᠣᠭ᠋ᠠᠨ᠎ᠤ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠵᠤ ᠬᠡᠷᠡᠭᠵᠢᠬᠦᠯᠦᠨ᠎ᠡ; ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠰᠢᠰᠲ᠋ᠧᠮ᠎ᠤᠨ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠳᠠ ᠵᠢᠨ ᠵᠠᠷᠤᠴᠠᠭᠤᠯᠤᠭᠰᠠᠨ ᠦᠨ᠎ᠡ ( ᠰᠦᠢ᠍ᠳᠭᠡᠯ ᠠᠪᠬᠤ ᠡᠯ᠎ᠡ ᠵᠤᠢ᠌ᠯ᠎ᠤᠨ ᠪᠠᠷᠢᠮᠵᠢᠶ᠎ᠠ ᠵᠢ ᠪᠠᠭᠳᠠᠭ᠋ᠠᠨ᠎ᠠ) ᠵᠢᠨ ᠬᠠᠮᠢᠶᠠᠷᠤᠯᠳᠠ ᠵᠢᠨ ᠲᠦᠷᠢᠮ ᠪᠠ ᠬᠡᠷᠡᠭᠵᠢᠭᠦᠯᠬᠦ ᠠᠷᠭ᠎ᠠ ᠵᠢ ᠲᠣᠭᠲᠠᠭ᠋ᠠᠬᠤ ᠵᠢᠨ ᠬᠠᠮᠲᠤ ᠨᠠᠢ᠌ᠳᠠᠪᠤᠷᠢᠵᠢᠭᠤᠯᠤᠨ᠎ᠠ; ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠳᠠ ᠵᠢᠨ ᠡᠯ᠎ᠡ ᠵᠤᠢ᠌ᠯ᠎ᠤᠨ ᠰᠦᠢ᠍ᠳᠭᠡᠯ ᠠᠪᠬᠤ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠬᠢᠨᠠᠵᠤ ᠪᠠᠢ᠌ᠴᠠᠭ᠋ᠠᠨ᠎ᠠ; ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠳᠠ ᠵᠢᠨ ᠮᠡᠷᠭᠡᠵᠢᠯ᠎ᠤᠨ ᠯᠠᠪᠯᠠᠯᠭ᠎ᠠ ᠥᠭᠬᠦ ᠠᠵᠢᠯ᠎ᠢ ᠡᠭᠦᠷᠭᠡᠯᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 30; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 2 (ᠵᠢᠩᠬᠢᠨᠢ ᠲᠤᠰᠢᠶᠠᠯ 1᠂ ᠲᠡᠳ᠋ ᠲᠤᠰᠢᠶᠠᠯ 1)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 8 (ᠵᠢᠩᠬᠢᠨᠢ ᠲᠤᠰᠢᠶᠠᠯ 5 ᠂ ᠲᠡᠳ᠋ ᠲᠤᠰᠢᠶᠠᠯ 3)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠯᠢᠦ ᠹᠦ᠋ ᠱᠧᠩ
ᠠᠷᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠮᠡᠳᠡᠭᠡ ᠵᠠᠩᠭᠢ ᠵᠢᠨ ᠲᠥᠪ
(ᠨᠢᠭᠡ) ᠭᠤᠤᠯ ᠡᠭᠦᠷᠭᠡ ᠴᠢᠳᠠᠪᠤᠷᠢ
ᠤᠯᠤᠰ ᠪᠠ ᠠᠵᠢᠯ ᠲᠥᠷᠥᠯ᠎ᠤᠨ ᠬᠣᠯᠪᠣᠭᠳᠠᠯ ᠪᠥᠬᠥᠶ ᠮᠡᠳᠡᠭᠡ ᠵᠠᠩᠬᠢᠴᠢᠯᠠᠯᠳᠠ ᠵᠢᠨ ᠪᠥᠲᠥᠭᠡᠨ ᠪᠠᠢ᠌ᠭᠤᠯᠤᠯᠳᠠ ᠵᠢᠨ ᠠᠵᠢᠯ᠎ᠤᠨ ᠪᠣᠳᠠᠲᠠᠶ ᠠᠵᠢᠯ ᠶᠠᠪᠤᠳᠠᠯ᠎ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠰᠠᠢ᠌ᠳᠤᠷ ᠬᠢᠨ᠎ᠠ; ᠥᠪᠡᠷᠲᠡᠭᠡᠨ ᠵᠠᠰᠠᠬᠤ ᠣᠷᠣᠨ᠎ᠤ ᠤᠶᠤᠨᠲᠤ ᠤᠰᠤᠨ ᠠᠰᠢᠭᠯᠠᠯᠲᠠ ᠵᠢᠨ ᠲᠣᠮᠣ ᠳ᠋ᠡᠢ᠌ᠲ᠋ᠠ ᠵᠢᠨ ᠬᠥᠭᠵᠢᠯᠲᠡ ᠵᠢᠨ ᠪᠤᠳᠠᠳᠠᠢ ᠬᠡᠷᠡᠭ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠲᠣᠮᠣ ᠳ᠋ᠡᠢ᠌ᠲ᠋ᠠ ᠵᠢᠨ ᠡᠬᠢ ᠪᠠᠶᠠᠯᠢᠭ᠎ᠢ ᠴᠤᠭᠯᠠᠭᠤᠯᠬᠤ᠂ ᠳᠠᠮᠵᠢᠭᠤᠯᠬᠤ᠂ ᠲᠠᠪᠴᠠᠩ᠎ᠤᠨ ᠪᠠᠢ᠌ᠭᠤᠯᠤᠯᠳᠠ ᠵᠡᠷᠭᠡ ᠠᠵᠢᠯ᠎ᠢ ᠡᠭᠦᠷᠭᠡᠯᠡᠨ᠎ᠡ; ᠪᠥᠬᠥ ᠣᠷᠣᠨ᠎ᠤ ᠤᠰᠤᠨ ᠠᠰᠢᠭᠯᠠᠯᠲᠠ ᠵᠢᠨ ᠮᠡᠳᠡᠭᠡ ᠵᠠᠩᠬᠢᠴᠢᠯᠠᠯᠳᠠ ᠵᠢᠨ ᠪᠥᠲᠥᠭᠡᠨ ᠪᠠᠢ᠌ᠭᠤᠯᠤᠯᠳᠠ ᠵᠢᠨ ᠬᠠᠮᠢᠶ᠎ᠠ ᠪᠥᠬᠥᠶ ᠮᠡᠷᠭᠡᠵᠢᠯ᠎ᠤᠨ ᠵᠢᠷᠤᠮᠵᠢᠯ᠂ ᠪᠠᠷᠢᠮᠵᠢᠶ᠎ᠠ ᠵᠢ ᠬᠠᠪᠰᠤᠷᠤᠨ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠬᠦ ᠠᠵᠢᠯ᠎ᠢ ᠰᠠᠢ᠌ᠳᠤᠷ ᠬᠢᠨ᠎ᠠ; ᠤᠰᠤᠨ ᠠᠰᠢᠭᠯᠠᠯᠲᠠ ᠵᠢᠨ ᠰᠢᠰᠲ᠋ᠧᠮ᠎ᠤᠨ ᠲᠤᠤᠷ ᠰᠦᠯᠵᠢᠶ᠎ᠡ ᠵᠢᠨ ᠠᠵᠢᠯᠯᠠᠭ᠋ᠠᠨ᠎ᠢ ᠬᠠᠮᠠᠭ᠋ᠠᠯᠠᠵᠤ ᠬᠠᠮᠢᠶᠠᠷᠬᠤ ᠵᠢᠴᠢ ᠮᠡᠷᠭᠡᠵᠢᠯ᠎ᠤᠨ ᠪᠣᠯᠪᠠᠰᠤᠷᠠᠭᠤᠯᠤᠯ ᠵᠡᠷᠭᠡ ᠠᠵᠢᠯ᠎ᠢ ᠡᠭᠦᠷᠭᠡᠯᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 20; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 2 (ᠵᠢᠩᠬᠢᠨᠢ ᠲᠤᠰᠢᠶᠠᠯ 1᠂ ᠲᠡᠳ᠋ ᠲᠤᠰᠢᠶᠠᠯ 1)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 5 (ᠵᠢᠩᠬᠢᠨᠢ ᠲᠤᠰᠢᠶᠠᠯ 3 ᠂ ᠲᠡᠳ᠋ ᠲᠤᠰᠢᠶᠠᠯ 2)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠪᠦ᠋ᠦ ᠰᠦᠩ ᠯᠢᠨ
ᠠᠷᠪᠠᠨ ᠨᠢᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ
(ᠨᠢᠭᠡ) ᠭᠤᠤᠯ ᠡᠭᠦᠷᠭᠡ ᠴᠢᠳᠠᠪᠤᠷᠢ
ᠤᠰᠤᠨ ᠠᠰᠢᠭᠯᠠᠯᠲᠠ ᠵᠢ ᠬᠢᠨᠠᠨ ᠪᠠᠢ᠌ᠴᠠᠭ᠋ᠠᠵᠤ ᠬᠢᠨᠠᠨ ᠵᠥᠪᠰᠢᠶᠡᠷᠡᠬᠦ ᠶᠠᠪᠤᠴᠠ᠎ᠳᠤ ᠦᠢ᠍ᠯᠡᠴᠢᠯᠡᠭᠡ ᠵᠡᠷᠭᠡ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠬᠢᠨᠠᠨ ᠪᠠᠢ᠌ᠴᠠᠭ᠋ᠠᠵᠤ ᠰᠢᠯᠵᠢᠭᠦᠯᠦᠨ ᠬᠦᠢ᠍ᠴᠡᠳᠭᠡᠬᠦ ᠠᠵᠢᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠵᠥᠪᠯᠡᠯᠭᠡ ᠥᠭᠬᠦ ᠦᠢ᠍ᠯᠡᠴᠢᠯᠡᠭᠡ ᠵᠢ ᠡᠭᠦᠷᠭᠡᠯᠡᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠤᠢ᠌ᠯᠡᠰ᠎ᠢ ᠭᠥᠯᠢᠶᠡᠨ ᠠᠪᠴᠤ ᠰᠢᠢ᠍ᠳᠪᠤᠷᠢᠯᠡᠬᠦ᠂ ᠵᠣᠬᠢᠴᠠᠭᠤᠯᠤᠨ ᠰᠢᠮᠳᠠᠭᠤᠯᠤᠨ ᠬᠦᠢ᠍ᠴᠡᠳᠭᠡᠬᠦ᠂ ᠬᠡᠷᠡᠭ ᠶᠠᠪᠤᠳᠠᠯ᠎ᠤᠨ ᠴᠢᠨᠠᠷᠲᠠᠶ ᠠᠵᠢᠯ᠎ᠢ ᠬᠠᠷᠢᠭᠤ ᠲᠤᠰᠬᠠᠨ᠎ᠠ; ᠤᠰᠤᠨ ᠠᠰᠢᠭᠯᠠᠯᠲᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ᠂ ᠲᠣᠭᠲᠠᠮᠠᠯ ᠬᠥᠷᠥᠩᠭᠡ ᠵᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠥᠶ ᠠᠵᠢᠯ᠎ᠢ ᠬᠠᠪᠰᠤᠷᠤᠨ ᠬᠠᠷᠢᠭᠤᠴᠠᠨ᠎ᠠ; ᠤᠰᠤᠨ ᠠᠰᠢᠭᠯᠠᠯᠲᠠ ᠵᠢᠨ ᠰᠢᠰᠲ᠋ᠧᠮ᠎ᠤᠨ ᠣᠯᠠᠨ ᠨᠡᠢ᠌ᠳᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠬᠠᠮᠢᠶ᠎ᠠ ᠪᠥᠬᠥᠶ ᠠᠵᠢᠯ᠎ᠢ ᠬᠠᠪᠰᠤᠷᠤᠨ ᠥᠷᠨᠢᠭᠦᠯᠦᠨ᠎ᠡ; ᠤᠰᠤᠨ ᠠᠰᠢᠭᠯᠠᠯᠲᠠ ᠵᠢᠨ ᠲᠢᠩᠬᠢᠮ᠎ᠤᠨ ᠪᠠᠢ᠌ᠭᠤᠯᠭ᠎ᠠ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠠᠵᠢᠯᠳᠠᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠶᠠᠪᠤᠳᠠᠯ᠎ᠢ ᠡᠭᠦᠷᠭᠡᠯᠡᠨ᠎ᠡ; ᠤᠰᠤᠨ ᠠᠰᠢᠭᠯᠠᠯᠲᠠ ᠵᠢᠨ ᠲᠢᠩᠬᠢᠮ᠎ᠤᠨ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠠᠵᠢᠯ᠎ᠢ ᠬᠠᠮᠵᠢᠨ ᠥᠷᠨᠢᠭᠦᠯᠦᠨ᠎ᠡ; ᠠᠯᠪᠠᠨ ᠶᠠᠪᠤᠳᠠᠯ᠎ᠤᠨ ᠬᠦᠯᠢᠶᠡᠨ ᠵᠣᠴᠢᠯᠠᠬᠤ ᠵᠢᠴᠢ ᠦᠰᠦᠭ ᠪᠢᠴᠢᠭ᠎ᠤᠨ ᠲᠠᠮᠠᠭ᠎ᠠ ᠵᠢᠨ ᠠᠵᠢᠯ᠎ᠢ ᠡᠭᠦᠷᠭᠡᠯᠡᠨ᠎ᠡ; ᠲᠢᠩᠬᠢᠮ᠎ᠤᠨ ᠪᠠᠢ᠌ᠭᠤᠯᠭ᠎ᠠ ᠵᠢᠨ ᠶᠡᠷᠦᠩᠬᠡᠢ᠌ᠯᠡᠭᠰᠡᠨ ᠶᠠᠪᠤᠳᠠᠯ᠎ᠤᠨ ᠦᠢ᠍ᠯᠡᠴᠢᠯᠡᠭᠡ᠂ ᠴᠢᠬᠤᠯᠠ ᠶᠡᠬᠡ ᠬᠤᠷᠠᠯ᠂ ᠠᠵᠢᠯᠯᠠᠭ᠎ᠠ ᠵᠢᠨ ᠪᠠᠲᠤᠯᠠᠭ᠎ᠠ ᠵᠢᠴᠢ ᠡᠳ᠋ ᠪᠠᠷᠠᠭ᠎ᠠ ᠲᠥᠬᠥᠭᠡᠷᠦᠮᠵᠢ ᠬᠤᠳᠠᠯᠳᠤᠨ ᠠᠪᠬᠤ ᠵᠡᠷᠭᠡ ᠠᠵᠢᠯ᠎ᠢ ᠬᠠᠷᠢᠭᠤᠴᠠᠵᠤ᠂ ᠠᠯᠪᠠᠯᠠᠬᠤ ᠶᠡᠷᠦᠩᠬᠡᠢ᠌ᠯᠡᠭᠰᠡᠨ ᠲᠣᠮᠣ ᠠᠰᠠᠷ᠎ᠤᠨ ᠡᠳ᠋ᠯᠡᠩ᠎ᠤᠨ ᠦᠢ᠍ᠯᠡᠴᠢᠯᠡᠭᠡ᠎ᠳᠤ ᠬᠢᠨᠠᠯᠳᠠ ᠬᠠᠮᠢᠶᠠᠷᠤᠯᠳᠠ ᠬᠢᠨ᠎ᠡ; ᠪᠦᠬᠦ ᠣᠷᠣᠨ᠎ᠤ ᠤᠰᠤᠨ ᠠᠰᠢᠭᠯᠠᠯᠲᠠ ᠵᠢᠨ ᠤᠬᠠᠭᠤᠯᠭ᠎ᠠ᠂ ᠰᠣᠨᠢᠨ ᠮᠡᠳᠡᠭᠡ ᠨᠡᠢ᠌ᠳᠡᠯᠡᠬᠦ ᠵᠡᠷᠭᠡ ᠦᠢ᠍ᠯᠡᠴᠢᠯᠡᠭᠡᠨ᠎ᠤ ᠴᠢᠨᠠᠷᠲᠠᠶ ᠠᠵᠢᠯ᠎ᠢ ᠡᠭᠦᠷᠭᠡᠯᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 36; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 3 (ᠵᠢᠩᠬᠢᠨᠢ ᠲᠤᠰᠢᠶᠠᠯ 1᠂ ᠲᠡᠳ᠋ ᠲᠤᠰᠢᠶᠠᠯ 2)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 8 (ᠵᠢᠩᠬᠢᠨᠢ ᠲᠤᠰᠢᠶᠠᠯ 5 ᠂ ᠲᠡᠳ᠋ ᠲᠤᠰᠢᠶᠠᠯ 3)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠭᠤᠤ ᠵᠢᠶᠦ᠋ᠨ
ᠠᠷᠪᠠᠨ ᠬᠣᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠶᠠᠪᠤᠳᠠᠯ᠎ᠢ ᠬᠢᠨᠠᠨ ᠪᠠᠢ᠌ᠴᠠᠭ᠋ᠠᠬᠤ ᠶᠡᠷᠦᠩᠬᠡᠶ ᠠᠩᠭᠢ
(ᠨᠢᠭᠡ) ᠭᠤᠤᠯ ᠡᠭᠦᠷᠭᠡ ᠴᠢᠳᠠᠪᠤᠷᠢ
ᠤᠰᠤᠨ᠎ᠤ ᠡᠬᠢ ᠪᠠᠶᠠᠯᠢᠭ᠂ ᠤᠰᠤᠨ ᠪᠦᠰᠡ᠂ ᠤᠰᠤᠨ᠎ᠤ ᠢᠨᠵᠧᠨᠧᠷᠢᠩ᠂ ᠤᠰᠤᠨ᠎ᠤ ᠬᠠᠮᠠᠭ᠋ᠠᠯᠠᠯᠲᠠ ᠵᠢᠨ ᠠᠮᠢ ᠠᠬᠤᠢ ᠣᠷᠴᠢᠨ ᠲᠣᠭᠣᠷᠢᠨ᠂ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ ᠪᠠ ᠤᠰᠤᠨ ᠵᠦᠶ ᠵᠢᠨ ᠬᠢᠨᠠᠨ ᠬᠡᠮᠵᠢᠯᠳᠡ ᠵᠡᠷᠭᠡ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢ ᠬᠠᠤᠯᠢ ᠶᠣᠰᠣᠭ᠋ᠠᠷ ᠬᠠᠮᠠᠭ᠋ᠠᠯᠠᠨ᠎ᠠ; ᠮᠣᠵᠢ ᠣᠷᠣᠨ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ᠂ ᠠᠢ᠌ᠮᠠᠭ ᠬᠣᠲᠠ ᠠᠯᠤᠰᠯᠠᠭᠰᠠᠨ ᠤᠰᠤᠨ᠎ᠤ ᠬᠡᠷᠡᠭ᠎ᠤᠨ ᠵᠢᠭᠤᠷᠠᠯᠳᠤᠭ᠋ᠠᠨ ᠪᠠ ᠤᠰᠤᠨ᠎ᠤ ᠬᠡᠷᠡᠭ᠎ᠢ ᠬᠠᠤᠯᠢ ᠶᠣᠰᠣᠭ᠋ᠠᠷ ᠪᠠᠢ᠌ᠴᠠᠭ᠋ᠠᠨ ᠭᠡᠷᠡᠴᠢ ᠠᠪᠴᠤ᠂ ᠡᠭᠦᠨ᠎ᠤ ᠬᠠᠮᠲᠤ ᠵᠠᠰᠠᠭ ᠵᠠᠬᠢᠷᠭ᠋ᠠᠨ᠎ᠤ ᠰᠢᠢ᠍ᠳᠭᠡᠯ ᠪᠤᠶᠤ ᠪᠤᠰᠤᠳ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ ᠵᠢ ᠬᠡᠷᠡᠭᠵᠢᠬᠦᠯᠬᠦ ᠪᠣᠳᠠᠲᠠᠶ ᠰᠠᠨᠠᠭᠤᠯᠭ᠎ᠠ ᠳᠤᠷᠠᠳᠴᠤ᠂ ᠤᠰᠤᠨ᠎ᠤ ᠶᠠᠪᠤᠳᠠᠯ᠎ᠤᠨ ᠬᠡᠪ᠎ᠤᠨ ᠡᠮᠬᠢ ᠵᠢᠷᠤᠮ᠎ᠢ ᠬᠠᠮᠠᠭ᠋ᠠᠯᠠᠨ᠎ᠠ; ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠤᠰᠤ ᠲᠠᠲᠠᠵᠤ ᠬᠡᠷᠡᠭᠯᠡᠬᠦ ᠡᠷᠦᠬᠡ᠎ᠳᠤ ᠤᠰᠤ ᠠᠪᠬᠤ ᠵᠥᠪᠰᠢᠶᠡᠷᠡᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ; ᠭᠤᠤᠯ᠎ᠤᠨ ᠭᠤᠯᠳᠤᠷᠢᠯ᠎ᠢ ᠬᠠᠮᠠᠭ᠋ᠠᠯᠠᠬᠤ᠂ ᠭᠤᠤᠯ᠎ᠤᠨ ᠵᠠᠮ᠎ᠤᠨ ᠰᠠᠭ᠋ᠠᠳ ᠲᠣᠳᠬᠠᠷ᠎ᠢ ᠠᠷᠢᠯᠭ᠋ᠠᠬᠤ᠂ ᠭᠤᠤᠯ᠎ᠤᠨ ᠵᠠᠮ᠎ᠠᠴᠠ ᠡᠯᠡᠰᠦ ᠬᠠᠢ᠌ᠷ ᠮᠠᠯᠲᠠᠬᠤ ᠵᠢ ᠬᠢᠨᠠᠨ ᠬᠠᠮᠢᠶᠠᠷᠴᠤ᠂ ᠭᠤᠤᠯ᠎ᠤᠨ ᠪᠠᠢ᠌ᠳᠠᠯ᠎ᠢ ᠲᠣᠭᠲᠠᠭᠤᠨ ᠪᠠᠢ᠌ᠯᠭ᠋ᠠᠬᠤ ᠪᠠ ᠦᠶᠡᠷ᠎ᠢ ᠰᠠᠭ᠋ᠠᠳ ᠦᠭᠡᠢ ᠨᠡᠪᠲᠡᠷᠡᠭᠦᠯᠬᠦ ᠵᠢ ᠪᠠᠳᠤᠯᠠᠨ᠎ᠠ; ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠭᠤᠤᠯᠳᠠᠯᠭ᠎ᠠ᠎ᠲᠠᠢ ᠤᠷᠢᠳᠴᠢᠯᠠᠨ ᠰᠡᠷᠭᠡᠢ᠌ᠯᠡᠬᠦ ᠬᠠᠮᠠᠭ᠋ᠠᠯᠠᠯᠲᠠ ᠵᠢᠨ ᠣᠷᠣᠨ᠂ ᠭᠤᠤᠯᠳᠠᠯᠭ᠎ᠠ᠎ᠲᠠᠢ ᠬᠢᠨᠠᠯᠲᠠ ᠲᠠᠯᠪᠢᠬᠤ ᠣᠷᠣᠨ᠂ ᠭᠤᠤᠯᠳᠠᠯᠭ᠎ᠠ᠎ᠲᠠᠢ ᠵᠠᠰᠠᠬᠤ ᠣᠷᠣᠨ᠎ᠤ ᠵᠠᠰᠠᠵᠤ ᠬᠠᠮᠠᠭ᠋ᠠᠯᠠᠭᠰᠠᠨ ᠪᠠᠢ᠌ᠳᠠᠯ᠎ᠳᠤ ᠬᠠᠤᠯᠢ ᠶᠣᠰᠣᠭ᠋ᠠᠷ ᠬᠢᠨᠠᠯᠲᠠ ᠪᠠᠢ᠌ᠴᠠᠭ᠋ᠠᠯᠳᠠ ᠬᠢᠨ᠎ᠠ; ᠮᠣᠵᠢ ᠣᠷᠣᠨ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ᠂ ᠠᠢ᠌ᠮᠠᠭ ᠬᠣᠲᠠ ᠠᠯᠤᠰᠯᠠᠭᠰᠠᠨ ᠬᠥᠷᠥᠰᠥ ᠰᠢᠷᠣᠶ ᠵᠢᠨ ᠢᠳᠡᠭᠳᠡᠯ᠎ᠤᠨ ᠵᠢᠭᠤᠷᠠᠯᠳᠤᠭ᠋ᠠᠨ ᠪᠠ ᠬᠥᠷᠥᠰᠥ ᠰᠢᠷᠣᠶ ᠵᠢᠨ ᠢᠳᠡᠭᠳᠡᠯ᠎ᠤᠨ ᠬᠡᠷᠡᠭ᠎ᠢ ᠬᠠᠤᠯᠢ ᠶᠣᠰᠣᠭ᠋ᠠᠷ ᠪᠠᠢ᠌ᠴᠠᠭ᠋ᠠᠨ ᠭᠡᠷᠡᠴᠢ ᠠᠪᠴᠤ᠂ ᠲᠡᠷᠡᠴᠢᠯᠡᠨ ᠵᠠᠰᠠᠭ ᠵᠠᠬᠢᠷᠭ᠋ᠠᠨ᠎ᠤ ᠰᠢᠢ᠍ᠳᠭᠡᠯ ᠪᠤᠶᠤ ᠪᠤᠰᠤᠳ ᠵᠠᠰᠠᠭ ᠵᠠᠬᠢᠷᠭ᠋ᠠᠨ᠎ᠤ ᠠᠷᠭ᠎ᠠ ᠬᠡᠮᠵᠢᠶ᠎ᠡ ᠵᠢ ᠬᠡᠷᠡᠭᠵᠢᠬᠦᠯᠬᠦ ᠪᠣᠳᠠᠲᠠᠶ ᠰᠠᠨᠠᠭᠤᠯᠭ᠎ᠠ ᠳᠤᠷᠠᠳᠤᠨ᠎ᠠ; ᠳᠣᠣᠷᠠᠳᠤ ᠱᠠᠲᠤᠨ᠎ᠤ ᠤᠰᠤᠨ᠎ᠤ ᠶᠠᠪᠤᠳᠠᠯ᠎ᠢ ᠬᠢᠨᠠᠨ ᠪᠠᠢ᠌ᠴᠠᠭ᠋ᠠᠬᠤ ᠡᠩᠨᠡᠭᠡ ᠵᠢᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠰᠢᠰᠲ᠋ᠧᠮᠵᠢᠭᠦᠯᠦᠨ ᠵᠢᠯᠣᠭᠣᠳᠤᠨ᠎ᠠ᠃ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠲᠠᠢ ᠬᠠᠮᠵᠢᠯᠴᠠᠨ ᠤᠰᠤᠨ᠎ᠤ ᠶᠠᠪᠤᠳᠠᠯ᠎ᠤᠨ ᠠᠮᠤᠷ᠎ᠢ ᠬᠠᠮᠠᠭ᠋ᠠᠯᠠᠬᠤ ᠪᠠ ᠡᠷᠡᠬᠦᠦ ᠵᠢᠨ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠠᠯᠪᠠᠲᠠᠨ᠎ᠤ ᠬᠠᠤᠯᠢ᠎ᠪᠠᠷ ᠯᠠᠪᠯᠠᠯᠲᠠ ᠪᠤᠯᠭ᠋ᠠᠨ ᠬᠠᠮᠢᠶᠠᠷᠬᠤ ᠠᠵᠢᠯ ᠦᠢ᠍ᠯᠡᠰ᠎ᠤᠨ ᠨᠢᠭᠡᠴᠡ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠲᠤᠰᠬᠠᠢ ᠲᠦᠷᠦᠯ᠎ᠤᠨ ᠤᠷᠤᠨ ᠲᠤᠭ᠎ᠠ᠎ᠨᠢ 20; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 3 (ᠵᠢᠩᠬᠢᠨᠢ ᠲᠤᠰᠢᠶᠠᠯ 1᠂ ᠲᠡᠳ᠋ ᠲᠤᠰᠢᠶᠠᠯ 2)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 8 (ᠵᠢᠩᠬᠢᠨᠢ ᠲᠤᠰᠢᠶᠠᠯ 4 ᠂ ᠲᠡᠳ᠋ ᠲᠤᠰᠢᠶᠠᠯ 4)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠵᠠᠩ ᠱ᠌ᠢ ᠵᠢᠶᠠᠩ
ᠠᠷᠪᠠᠨ ᠭᠤᠷᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠥᠷᠲᠡᠭᠡ
(ᠨᠢᠭᠡ) ᠭᠤᠤᠯ ᠡᠭᠦᠷᠭᠡ ᠴᠢᠳᠠᠪᠤᠷᠢ
ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠪᠠᠯᠠ ᠣᠷᠣᠭᠤᠯᠤᠭᠰᠠᠨ ᠨᠡᠭᠡᠭᠡᠨ ᠬᠥᠭᠵᠢᠭᠦᠯᠬᠦ ᠪᠥᠲᠥᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠨᠠᠢ᠌ᠷᠠᠭᠤᠯᠤᠨ ᠵᠣᠬᠢᠶᠠᠬᠤ ᠰᠠᠭᠤᠷᠢᠯᠠᠬᠤ ᠴᠢᠨᠠᠷᠲᠠᠶ᠂ ᠮᠡᠷᠭᠡᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠪᠦᠬᠦ ᠣᠷᠣᠨ᠎ᠤ ᠬᠥᠷᠥᠰᠥ ᠰᠢᠷᠣᠶ ᠵᠢᠨ ᠬᠠᠮᠠᠭ᠋ᠠᠯᠠᠯᠲᠠ᠂ ᠠᠮᠢ ᠠᠬᠤᠶ ᠵᠢᠨ ᠪᠥᠲᠥᠭᠡᠨ ᠪᠠᠢ᠌ᠭᠤᠯᠤᠯᠳᠠ ᠪᠠ ᠭᠤᠤᠯᠳᠠᠯᠭ᠎ᠠ᠎ᠲᠠᠢ ᠵᠠᠰᠠᠬᠤ ᠲᠥᠷᠥᠯ ᠵᠤᠢ᠌ᠯ᠎ᠤᠨ ᠪᠡᠯᠡᠳᠭᠡᠯ ᠬᠤᠭᠤᠴᠠᠭ᠋ᠠᠨ᠎ᠤ ᠰᠠᠭᠤᠷᠢᠯᠠᠬᠤ ᠴᠢᠨᠠᠷᠲᠠᠶ᠂ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠡᠬᠦᠷᠭᠡᠯᠡᠨ᠎ᠡ; ᠪᠥᠬᠥ ᠣᠷᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠬᠦ ᠬᠣᠷᠸ᠎ᠠ ᠬᠠᠷᠠᠯᠲᠠ ᠪᠠ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠷᠭ᠎ᠠ ᠪᠣᠳᠣᠯᠭ᠎ᠠ᠂ ᠠᠷᠭ᠎ᠠ ᠬᠡᠮᠵᠢᠶ᠎ᠡ ᠵᠢᠨ ᠰᠠᠨᠠᠭᠤᠯᠭ᠎ᠠ ᠵᠢ ᠲᠤᠷᠠᠳᠤᠨ᠎ᠠ; ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠢ᠌ᠯᠡᠨ ᠵᠠᠰᠠᠬᠤ ᠠᠵᠢᠯ᠎ᠤᠨ ᠮᠡᠷᠭᠡᠵᠢᠯ᠎ᠤᠨ ᠲᠥᠯᠥᠪᠵᠢᠭᠦᠯᠭᠡ ᠪᠠ ᠣᠷᠣᠨ ᠨᠤᠲᠤᠭ᠎ᠤᠨ ᠴᠢᠨᠠᠷᠲᠠᠶ ᠮᠡᠷᠭᠡᠵᠢᠯ᠎ᠤᠨ ᠪᠠᠷᠢᠮᠵᠢᠶ᠎ᠠ᠂ ᠵᠢᠷᠤᠮᠵᠢᠯ᠎ᠤᠨ ᠰᠠᠭᠤᠷᠢ ᠰᠠᠨᠠᠯ᠎ᠢ ᠰᠤᠳᠤᠯᠤᠨ ᠲᠤᠷᠠᠳᠤᠨ᠎ᠠ; ᠬᠥᠷᠥᠰᠥ ᠰᠢᠷᠣᠶ ᠵᠢ ᠬᠠᠮᠠᠭ᠋ᠠᠯᠠᠬᠤ ᠲᠡᠷᠢᠭᠦᠨ᠎ᠤ ᠮᠡᠷᠭᠡᠵᠢᠯ᠎ᠢ ᠣᠷᠣᠭᠤᠯᠤᠨ ᠠᠪᠴᠢᠷᠠᠵᠤ ᠳᠡᠯᠭᠡᠷᠡᠭᠦᠯᠦᠨ᠂ ᠠᠳᠠᠯᠢ ᠪᠤᠰᠤ ᠲᠦᠷᠦᠯ ᠬᠡᠯᠪᠡᠷᠢ ᠵᠢᠨ ᠣᠷᠣᠨ ᠪᠦᠰᠡ ᠵᠢᠨ ᠭᠤᠤᠯᠳᠠᠯᠭ᠎ᠠ᠎ᠲᠠᠢ ᠰᠡᠷᠭᠡᠢ᠌ᠯᠡᠨ ᠵᠠᠰᠠᠬᠤ ᠨᠡᠢ᠌ᠳᠡᠯᠢᠭ ᠵᠢᠱ᠌ᠢᠶ᠎ᠡ ᠦᠵᠡᠭᠦᠯᠬᠦ ᠲᠥᠰᠦᠯ᠎ᠢ ᠳᠤᠷᠠᠳᠤᠨ ᠭᠠᠷᠭ᠋ᠠᠨ᠎ᠠ; ᠲᠢᠩᠬᠢᠮ᠎ᠤᠨ ᠪᠠᠢ᠌ᠭᠤᠯᠭ᠎ᠠ ᠵᠢ ᠬᠠᠮᠵᠢᠨ ᠭᠤᠤᠯᠳᠠᠯᠭ᠎ᠠ᠎ᠲᠠᠢ ᠲᠥᠷᠥᠯ ᠵᠤᠢ᠌ᠯ᠂ ᠭᠠᠳᠠᠭ᠋ᠠᠳᠤ ᠵᠢᠨ ᠪᠠᠯᠠ ᠤᠷᠤᠭᠤᠯᠤᠯᠳᠠ ᠵᠢᠨ ᠲᠥᠷᠥᠯ ᠵᠤᠢ᠌ᠯ ᠵᠢᠴᠢ ᠬᠥᠷᠥᠰᠥ ᠰᠢᠷᠣᠶ ᠵᠢ ᠵᠠᠰᠠᠬᠤ ᠠᠵᠢᠯ᠎ᠳᠤ ᠮᠡᠷᠭᠡᠵᠢᠯ᠎ᠤᠨ ᠵᠢᠯᠣᠭᠣᠳᠣᠯᠭ᠎ᠠ᠂ ᠮᠡᠷᠭᠡᠵᠢᠯ᠎ᠤᠨ ᠪᠣᠯᠪᠠᠰᠤᠷᠠᠭᠤᠯᠤᠯ᠂ ᠤᠬᠠᠭᠤᠯᠭ᠎ᠠ ᠬᠢᠬᠦ ᠵᠡᠷᠭᠡ ᠠᠵᠢᠯ᠎ᠢ ᠥᠷᠨᠢᠭᠦᠯᠦᠨ᠎ᠡ; ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠨ ᠬᠡᠮᠵᠢᠬᠦ ᠪᠠ ᠬᠥᠷᠥᠰᠥ ᠰᠢᠷᠣᠶ ᠵᠢ ᠬᠠᠮᠠᠭ᠋ᠠᠯᠠᠬᠤ ᠪᠡᠯᠡᠳᠬᠡᠮᠵᠢ ᠵᠢᠨ ᠮᠡᠷᠭᠡᠵᠢᠯ᠎ᠢ ᠦᠨᠡᠯᠡᠨ ᠵᠢᠱ᠌ᠢᠬᠦ ᠠᠵᠢᠯ᠎ᠢ ᠳᠠᠭ᠋ᠠᠭ᠋ᠠᠨ ᠬᠦᠢ᠍ᠴᠡᠳᠭᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 54; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 3 (ᠵᠢᠩᠬᠢᠨᠢ ᠲᠤᠰᠢᠶᠠᠯ 1᠂ ᠲᠡᠳ᠋ ᠲᠤᠰᠢᠶᠠᠯ 2)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 13 (ᠵᠢᠩᠬᠢᠨᠢ ᠲᠤᠰᠢᠶᠠᠯ 7᠂ ᠡᠬᠦᠨ᠎ᠳᠤ ᠶᠡᠷᠦᠩᠬᠡᠢ ᠢᠨᠵᠸᠨ᠋ᠸᠷ 1 ᠨᠡᠷ᠎ᠡ ᠪᠠᠭᠳᠠᠨ᠎ᠠ᠂ ᠲᠡᠳ᠋ ᠲᠤᠰᠢᠶᠠᠯ 6)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠪᠤᠯᠲᠤ
ᠠᠷᠪᠠᠨ ᠲᠦᠷᠪᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠡᠳ᠋᠎ᠤᠨ ᠶᠠᠪᠤᠳᠠᠯ᠎ᠤᠨ ᠳ᠋ᠦᠩᠨᠡᠨ ᠪᠣᠳᠣᠬᠤ ᠲᠥᠪ
(ᠨᠢᠭᠡ) ᠭᠤᠤᠯ ᠡᠭᠦᠷᠭᠡ ᠴᠢᠳᠠᠪᠤᠷᠢ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠢᠭᠡᠳᠦᠯᠲᠡᠶ ᠳ᠋ᠦᠩᠨᠡᠨ ᠪᠤᠳᠤᠯᠳᠠ᠎ᠳᠤ ᠤᠷᠤᠭᠤᠯᠤᠭᠰᠠᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠡᠳᠦᠷ ᠲᠤᠲᠤᠮ᠎ᠤᠨ ᠡᠳ᠋᠎ᠤᠨ ᠶᠠᠪᠤᠳᠠᠯ᠎ᠤᠨ ᠳ᠋ᠦᠩᠨᠡᠨ ᠪᠤᠳᠤᠬᠤ ᠪᠠ ᠨᠢᠭᠳᠠᠯᠠᠨ ᠪᠤᠳᠤᠵᠤ ᠲᠣᠭ᠋ᠠᠴᠠᠭ᠎ᠠ ᠬᠢᠬᠦ ᠠᠵᠢᠯ᠎ᠢ ᠡᠭᠦᠷᠭᠡᠯᠡᠨ᠎ᠡ; ᠲᠢᠩᠬᠢᠮ ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠤᠯᠤᠰ᠎ᠠᠴᠠ ᠦᠮᠴᠢᠯᠡᠯᠳᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠭᠤᠷᠢᠯᠠᠬᠤ ᠴᠢᠨᠠᠷᠲᠠᠶ᠂ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠳᠠᠭ᠋ᠠᠭ᠋ᠠᠨ ᠬᠦᠢ᠍ᠴᠡᠳᠭᠡᠨ᠎ᠡ᠃ ᠡᠯ᠎ᠡ ᠨᠢᠭᠡᠴᠢ ᠵᠢᠨ ᠨᠢᠭᠳᠠᠯᠠᠨ ᠪᠤᠳᠤᠬᠤ ᠮᠠᠲ᠋ᠧᠷᠢᠶᠠᠯ ᠪᠠ ᠨᠢᠭᠳᠠᠯᠠᠨ ᠪᠤᠳᠤᠬᠤ ᠲᠠᠩᠰᠠ ᠡᠪᠬᠡᠮᠡᠯ᠎ᠢ ᠡᠮᠬᠢᠯᠡᠵᠦ᠂ ᠲᠠᠩᠰᠠ ᠡᠪᠬᠡᠮᠡᠯ᠎ᠳᠤ ᠣᠷᠣᠭᠤᠯᠬᠤ ᠵᠡᠷᠭᠡ ᠠᠵᠢᠯ᠎ᠢ ᠰᠠᠢ᠌ᠳᠤᠷ ᠬᠢᠨ᠎ᠡ; ᠡᠯ᠎ᠡ ᠨᠢᠭᠡᠴᠢ ᠵᠢ ᠬᠠᠮᠵᠢᠨ ᠣᠨ᠎ᠤ ᠲᠥᠰᠦᠪ ᠪᠠ ᠲᠥᠰᠦᠪ᠎ᠤᠨ ᠬᠦᠢ᠍ᠴᠡᠳᠭᠡᠯ᠂ ᠡᠳ᠋᠎ᠤᠨ ᠶᠠᠪᠤᠳᠠᠯ᠎ᠤᠨ ᠵᠠᠳᠠᠯᠤᠯᠲᠠ ᠪᠠ ᠠᠮᠵᠢᠯᠲᠠ ᠪᠦᠲᠦᠮᠵᠢ ᠵᠢ ᠦᠨᠡᠯᠡᠬᠦ ᠵᠡᠷᠭᠡ ᠠᠵᠢᠯ᠎ᠢ ᠨᠠᠢ᠌ᠷᠠᠭᠤᠯᠤᠨ ᠵᠣᠬᠢᠶᠠᠨ᠎ᠠ; ᠲᠢᠩᠬᠢᠮ᠎ᠤᠨ ᠪᠠᠢ᠌ᠭᠤᠯᠭ᠎ᠠ ᠵᠢ ᠬᠠᠮᠵᠢᠨ ᠬᠢᠨᠠᠨ ᠪᠣᠳᠣᠬᠤ ᠠᠵᠢᠯ᠎ᠤᠨ ᠳᠤᠮᠳᠠᠬᠢ ᠰᠠᠭᠤᠷᠢᠯᠠᠬᠤ ᠴᠢᠨᠠᠷᠳᠠᠢ᠂ ᠲᠤᠰᠠᠯᠠᠬᠤ ᠴᠢᠨᠠᠷᠲᠠᠶ ᠠᠵᠢᠯ᠎ᠢ ᠦᠷᠨᠢᠬᠦᠯᠦᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 25; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 2 (ᠵᠢᠩᠬᠢᠨᠢ ᠲᠤᠰᠢᠶᠠᠯ 1᠂ ᠲᠡᠳ᠋ ᠲᠤᠰᠢᠶᠠᠯ 1)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 6 (ᠵᠢᠩᠬᠢᠨᠢ ᠲᠤᠰᠢᠶᠠᠯ 4᠂ ᠲᠡᠳ᠋ ᠲᠤᠰᠢᠶᠠᠯ 2)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠵᠠᠩ ᠪᠢᠩ ᠢ
ᠠᠷᠪᠠᠨ ᠲᠠᠪᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠨᠠᠭᠤᠷ ᠬᠢᠭᠡᠳ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠲᠥᠪ
(ᠨᠢᠭᠡ) ᠭᠤᠤᠯ ᠡᠭᠦᠷᠭᠡ ᠴᠢᠳᠠᠪᠤᠷᠢ
ᠥᠪᠡᠷᠲᠡᠭᠡᠨ ᠵᠠᠰᠠᠬᠤ ᠣᠷᠣᠨ᠎ᠤ ᠭᠤᠤᠯ᠎ᠤᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠤᠨ ᠡᠳᠦᠷ ᠲᠤᠲᠤᠮ᠎ᠤᠨ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠬᠠᠪᠰᠤᠷᠤᠨ ᠰᠠᠢ᠌ᠳᠤᠷ ᠬᠢᠨ᠎ᠠ; ᠭᠤᠤᠯ ᠮᠥᠷᠡᠨ ᠪᠠ ᠨᠠᠭᠤᠷ ᠴᠦᠬᠦᠷᠦᠮ᠎ᠤᠨ ᠬᠠᠮᠢᠶᠠᠷᠤᠯᠲᠠ ᠵᠢᠴᠢ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶᠡᠨ ᠳᠣᠲᠣᠷᠠᠬᠢ ᠪᠥᠲᠥᠭᠡᠨ ᠪᠠᠢ᠌ᠭᠤᠯᠤᠯᠳᠠ ᠵᠢᠨ ᠲᠥᠷᠥᠯ ᠵᠤᠢ᠌ᠯ᠎ᠤᠨ ᠬᠠᠮᠢᠶᠠᠷᠤᠯᠲᠠ ᠵᠡᠷᠭᠡ ᠵᠢᠨ ᠮᠡᠷᠭᠡᠵᠢᠯ᠎ᠤᠨ ᠴᠢᠨᠠᠷᠳᠠᠢ᠂ ᠲᠤᠰᠠᠯᠠᠬᠤ ᠴᠢᠨᠠᠷᠲᠠᠶ᠂ ᠦᠢ᠍ᠯᠡᠴᠢᠯᠡᠭᠡᠨ᠎ᠤ ᠴᠢᠨᠠᠷᠲᠠᠶ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠣᠳᠬᠤ ᠭᠠᠵᠠᠷ᠎ᠤᠨ ᠠᠯᠪᠠᠨ ᠭᠡᠷ᠎ᠢ ᠬᠠᠮᠵᠢᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠵᠦ᠂ ᠰᠦᠩ ᠬᠠᠯᠢᠶ᠎ᠠ ᠵᠢ ᠰᠡᠷᠭᠡᠢ᠌ᠯᠡᠬᠦ ᠮᠡᠷᠭᠡᠵᠢᠯ᠎ᠤᠨ ᠴᠢᠨᠠᠷᠲᠠᠶ᠂ ᠲᠤᠰᠠᠯᠠᠬᠤ ᠴᠢᠨᠠᠷᠲᠠᠶ᠂ ᠦᠢ᠍ᠯᠡᠴᠢᠯᠡᠭᠡᠨ᠎ᠤ ᠴᠢᠨᠠᠷᠲᠠᠶ ᠠᠵᠢᠯ᠎ᠢ ᠦᠷᠨᠢᠬᠦᠯᠦᠨ᠎ᠡ; ᠦᠶᠡᠷ ᠪᠠ ᠰᠦᠩ ᠬᠠᠯᠢᠶ᠎ᠠ ᠵᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠵᠦ ᠠᠶᠤᠯ᠎ᠠᠴᠠ ᠠᠪᠤᠷᠠᠬᠤ ᠤᠷᠢᠳᠴᠢᠯᠠᠭᠰᠠᠨ ᠲᠥᠰᠦᠯ ᠲᠦᠰᠦᠪ᠎ᠢ ᠨᠠᠢ᠌ᠷᠠᠭᠤᠯᠤᠨ ᠵᠣᠬᠢᠶᠠᠬᠤ᠂ ᠦᠶᠡᠷ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠂ ᠦᠶᠡᠷ᠎ᠤᠨ ᠨᠥᠯᠥᠭᠡ ᠵᠢ ᠦᠨᠡᠯᠡᠬᠦ᠂ ᠭᠠᠮᠰᠢᠭ᠎ᠢ ᠦᠨᠡᠯᠡᠬᠦ ᠵᠡᠷᠭᠡ ᠰᠠᠭᠤᠷᠢ ᠴᠢᠨᠠᠷᠲᠠᠶ ᠮᠡᠷᠭᠡᠵᠢᠯ᠎ᠤᠨ ᠠᠵᠢᠯ᠎ᠢ ᠡᠭᠦᠷᠭᠡᠯᠡᠨ᠎ᠡ; ᠪᠦᠬᠦ ᠣᠷᠣᠨ᠎ᠤ ᠤᠰᠤᠨ᠎ᠤ ᠪᠠᠶ᠋ᠢᠳᠠᠯ᠂ ᠦᠶᠡᠷ᠎ᠤᠨ ᠪᠠᠶ᠋ᠢᠳᠠᠯ᠂ ᠦᠶᠡᠷ ᠤᠰᠤᠲᠤᠯ ᠭᠠᠩ᠎ᠤᠨ ᠪᠠᠶ᠋ᠢᠳᠠᠯ ᠵᠡᠷᠭᠡ ᠮᠡᠳᠡᠭᠡ ᠵᠠᠩᠬᠢ ᠵᠢ ᠴᠤᠭᠯᠠᠭᠤᠯᠵᠤ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠮᠡᠳᠡᠭᠡ ᠵᠠᠩᠭᠢ᠂ ᠲᠣᠪᠴᠢ ᠮᠡᠳᠡᠭᠡ ᠵᠡᠷᠭᠡ ᠠᠵᠢᠯ᠎ᠢ ᠳᠠᠭ᠋ᠠᠭ᠋ᠠᠨ ᠬᠦᠢ᠍ᠴᠡᠳᠭᠡᠨ᠎ᠡ; ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠯ᠎ᠡ ᠲᠥᠷᠥᠯ᠎ᠤᠨ ᠬᠤᠷᠠᠯ ᠪᠠ ᠬᠠᠮᠢᠶ᠎ᠠ ᠪᠦᠬᠦᠢ ᠪᠤᠯᠪᠠᠰᠤᠷᠠᠭᠤᠯᠤᠯ᠎ᠤᠨ ᠠᠵᠢᠯ᠎ᠢ ᠳᠠᠭ᠋ᠠᠭ᠋ᠠᠨ ᠡᠷᠬᠢᠯᠡᠨ᠎ᠡ; ᠦᠶᠡᠷ᠎ᠢ ᠰᠡᠷᠭᠡᠢ᠌ᠯᠡᠵᠦ ᠠᠶᠤᠯ᠎ᠠᠴᠠ ᠠᠪᠤᠷᠠᠬᠤ ᠪᠠ ᠭᠠᠩ ᠬᠠᠭᠰᠠᠷᠠᠭ᠋ᠠᠨ᠎ᠲᠠᠢ ᠲᠡᠮᠡᠴᠡᠬᠦ ᠲᠡᠷᠢᠭᠦᠨ᠎ᠤ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠎ᠢ ᠳᠡᠯᠭᠡᠷᠡᠭᠦᠯᠵᠦ᠂ ᠦᠶᠡᠷ ᠤᠰᠤᠲᠤᠯ ᠭᠠᠩ ᠬᠠᠭᠰᠠᠷᠠᠭ᠋ᠠᠨ᠎ᠤ ᠪᠠᠢ᠌ᠳᠠᠯ᠎ᠢ ᠪᠦᠷᠢᠳᠬᠡᠬᠦ ᠪᠠ ᠦᠨᠡᠯᠡᠨ ᠵᠢᠱ᠌ᠢᠬᠦ ᠵᠡᠷᠭᠡ ᠠᠵᠢᠯ᠎ᠢ ᠡᠭᠦᠷᠭᠡᠯᠡᠨ᠎ᠡ᠃
(ᠬᠣᠶᠠᠷ) ᠪᠠᠢ᠌ᠭᠤᠯᠤᠮᠵᠢ ᠵᠢᠨ ᠬᠡᠪ ᠪᠠᠷᠢᠮᠵᠢᠶ᠎ᠠ
ᠵᠢᠩᠬᠢᠨᠢ ᠭᠠᠵᠠᠷ᠎ᠤᠨ ᠲᠡᠰ᠎ᠤᠨ ᠨᠡᠢ᠌ᠳᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠭᠤᠷᠪᠠ) ᠣᠷᠣᠨ ᠲᠣᠭ᠎ᠠ ᠵᠢᠴᠢ ᠺᠠᠳ᠋ᠷ᠎ᠤᠨ ᠲᠤᠰᠢᠶᠠᠯ᠎ᠤᠨ ᠲᠣᠭ᠎ᠠ
ᠬᠢᠨᠠᠨ ᠲᠤᠭᠳᠠᠭ᠋ᠠᠭᠰᠠᠨ ᠠᠵᠢᠯ ᠦᠢ᠍ᠯᠡᠰ᠎ᠤᠨ ᠣᠷᠣᠨ ᠲᠣᠭ᠎ᠠ᠎ᠨᠢ 25; ᠭᠠᠵᠠᠷ᠎ᠤᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 2 (ᠵᠢᠩᠬᠢᠨᠢ ᠲᠤᠰᠢᠶᠠᠯ 1᠂ ᠲᠡᠳ᠋ ᠲᠤᠰᠢᠶᠠᠯ 1)᠂ ᠰᠠᠯᠠᠭ᠋ᠠᠨ ᠲᠡᠰ᠎ᠤᠨ ᠤᠳᠤᠷᠢᠳᠬᠤ ᠲᠤᠰᠢᠶᠠᠯ᠎ᠤᠨ ᠲᠣᠭ᠎ᠠ 6 (ᠵᠢᠩᠬᠢᠨᠢ ᠲᠤᠰᠢᠶᠠᠯ 4᠂ ᠲᠡᠳ᠋ ᠲᠤᠰᠢᠶᠠᠯ 2)᠃
( ᠲᠦᠷᠪᠡ) ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠰᠢᠶᠧ ᠵᠠᠨ ᠶᠢᠤ
ᠠᠷᠪᠠᠨ ᠵᠢᠷᠭᠤᠭ᠎ᠠ᠂ ᠥᠪᠥᠷ ᠮᠣᠩᠭᠣᠯ᠎ᠤᠨ ᠬᠠᠳᠤᠨ ᠭᠤᠤᠯ᠎ᠤᠨ ᠢᠨᠵᠸᠨ᠋ᠸᠷᠢᠩ᠎ᠤᠨ ᠲᠣᠪᠴᠢᠶ᠎ᠠ ᠵᠢᠨ ᠬᠤᠪᠢ ᠤᠷᠤᠭᠤᠯᠤᠭᠰᠠᠨ ᠬᠢᠵᠠᠭ᠋ᠠᠷᠲᠤ ᠺᠣᠮᠫᠠᠨᠢ
ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠶᠡᠷᠦᠩᠬᠡᠶ ᠳᠠᠭ᠋ᠠᠭ᠋ᠠᠴᠢᠯᠠᠯᠲᠠ ᠵᠢᠨ ᠨᠢᠭᠡᠳᠦᠭᠡᠷ ᠳᠡᠰ᠎ᠤᠨ ᠬᠢᠷᠢ ᠬᠡᠮ᠎ᠲᠠᠢ᠂ ᠭᠤᠤᠯᠳᠠᠭᠤ ᠡᠯ᠎ᠡ ᠲᠥᠷᠥᠯ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠢᠨᠵᠧᠨᠧᠷᠢᠩ ᠵᠢᠴᠢ ᠲᠤᠰᠠᠯᠠᠬᠤ ᠦᠢ᠍ᠯᠡᠳᠪᠤᠷᠢᠯᠡᠯ᠎ᠤᠨ ᠪᠡᠯᠡᠳᠬᠡᠮᠵᠢ ᠵᠢᠨ ᠪᠠᠷᠢᠯᠭ᠎ᠠ ᠵᠢᠨ ᠠᠵᠢᠯ᠂ ᠲᠤᠳᠤᠭ᠋ᠠᠳᠤ ᠭᠤᠤᠯ ᠮᠥᠷᠡᠨ᠎ᠢ ᠯᠠᠢ᠌ᠳᠠᠬᠤ ᠪᠠ ᠳᠦᠭᠦᠷᠭᠡᠬᠦ ᠢᠨᠵᠸᠨ᠋ᠸᠷᠢᠩ ᠵᠢᠴᠢ ᠪᠤᠰᠤᠳ ᠰᠢᠷᠣᠶ ᠴᠢᠯᠠᠭᠤ ᠵᠢ ᠪᠥᠭᠯᠡᠵᠦ ᠮᠠᠯᠲᠠᠬᠤ ᠪᠠᠷᠢᠯᠭ᠎ᠠ ᠵᠢᠨ ᠠᠵᠢᠯ᠂ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠲᠥᠬᠥᠭᠡᠷᠦᠮᠵᠢ ᠤᠭᠰᠠᠷᠠᠬᠤ ᠵᠢᠴᠢ ᠲᠡᠮᠦᠷᠯᠢᠭ᠎ᠤᠨ ᠪᠦᠲᠦᠴᠡ ᠦᠢ᠍ᠯᠡᠳᠬᠦ ᠪᠠ ᠤᠭᠰᠠᠷᠠᠬᠤ ᠵᠡᠷᠭᠡ ᠵᠢ ᠡᠵᠡᠩᠨᠡᠨ᠎ᠡ᠃
ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠯᠢᠦ ᠢᠦᠢ ᠭᠦᠸᠧ
ᠠᠷᠪᠠᠨ ᠳᠣᠯᠣᠭ᠎ᠠ᠂ ᠥᠪᠥᠷ ᠮᠣᠩᠭᠣᠯ᠎ᠤᠨ ᠯᠢᠶᠣᠤ ᠾᠧ ᠢᠨᠵᠸᠨ᠋ᠸᠷᠢᠩ᠎ᠤᠨ ᠲᠣᠪᠴᠢᠶ᠎ᠠ ᠵᠢᠨ ᠬᠤᠪᠢ ᠣᠷᠣᠭᠤᠯᠤᠭᠰᠠᠨ ᠬᠢᠵᠠᠭ᠋ᠠᠷᠳᠤ ᠺᠣᠮᠫᠠᠨᠢ
ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠶᠡᠷᠦᠩᠬᠡᠶ ᠳᠠᠭ᠋ᠠᠭ᠋ᠠᠴᠢᠯᠠᠯᠲᠠ ᠵᠢᠨ ᠨᠢᠭᠡᠳᠦᠭᠡᠷ ᠳᠡᠰ᠎ᠤᠨ ᠬᠢᠷᠢ ᠬᠡᠮ᠎ᠲᠠᠢ᠂ ᠭᠤᠤᠯᠳᠠᠭᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠬᠢᠭᠡᠳ ᠤᠭᠰᠠᠷᠬᠤ ᠪᠠᠷᠢᠯᠭ᠎ᠠ ᠵᠢᠨ ᠠᠵᠢᠯ ᠬᠢᠬᠦ᠂ ᠲᠡᠮᠦᠷᠯᠢᠭ᠎ᠤᠨ ᠪᠦᠲᠦᠴᠡ ᠦᠢ᠍ᠯᠡᠳᠬᠦ ᠪᠠ ᠤᠭᠰᠠᠷᠠᠬᠤ᠂ ᠰᠠᠭᠤᠷᠢ ᠵᠢ ᠰᠢᠢ᠍ᠳᠪᠤᠷᠢᠯᠡᠬᠦ᠂ ᠭᠡᠷ ᠪᠠᠢ᠌ᠰᠢᠩ᠎ᠤᠨ ᠪᠠᠷᠢᠯᠭ᠎ᠠ ᠬᠢᠭᠡᠳ ᠤᠭᠰᠠᠷᠬᠤ ᠪᠠᠷᠢᠯᠭ᠎ᠠ ᠵᠢᠨ ᠠᠵᠢᠯ ᠵᠡᠷᠭᠡ ᠵᠢ ᠡᠵᠡᠩᠨᠡᠨ᠎ᠡ᠃
ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠵᠤᠤ ᠮᠢᠩ ᠢᠦᠢ
ᠠᠷᠪᠠᠨ ᠨᠠᠢ᠍ᠮᠠ᠂ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠮᠠᠰᠢᠨ ᠮᠸᠬᠠᠨᠢᠭ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠤᠮᠫᠠᠨᠢ
ᠤᠰᠤᠨ ᠬᠥᠭᠡᠷᠭᠡ ᠵᠢᠨ ᠠᠵᠤ ᠦᠢ᠍ᠯᠡᠳᠪᠤᠷᠢ ᠵᠢᠨ ᠦᠢ᠍ᠯᠡᠳᠬᠦᠨ ᠦᠢ᠍ᠯᠡᠳᠪᠤᠷᠢᠯᠡᠬᠦ ᠵᠥᠪᠰᠢᠶᠡᠷᠡᠯ᠎ᠤᠨ ᠦᠨᠡᠮᠯᠡᠯ᠎ᠲᠠᠢ᠂ ᠭᠤᠤᠯᠳᠠᠭᠤ ᠱᠤᠩᠪᠠᠬᠤ ᠴᠠᠬᠢᠯᠭ᠋ᠠᠨ ᠬᠥᠭᠡᠷᠭᠡ ᠪᠠ PVC᠂ PEC ᠬᠣᠭᠣᠯᠠᠶ ᠮᠠᠲ᠋ᠧᠷᠢᠶᠠᠯ᠎ᠢ ᠦᠢ᠍ᠯᠡᠳᠪᠤᠷᠢᠯᠡᠵᠦ ᠪᠤᠷᠤᠯᠠᠭᠤᠯᠤᠨ᠎ᠠ᠃
ᠬᠠᠷᠢᠭᠤᠴᠠᠯᠭ᠋ᠠᠲᠠᠨ᠎ᠤ ᠮᠡᠳᠡᠭᠡ ᠵᠠᠩᠭᠢ
ᠬᠠᠷᠢᠭᠤᠴᠠᠯᠭ᠋ᠠᠲᠠᠨ᠄ ᠽᠦᠸᠸ ᠹᠸᠢ ᠶᠦᠸᠸ.