— ᠶᠡᠷᠦᠩᠬᠡᠶ ᠱᠦᠵᠢ ᠰᠢ ᠵᠢᠨ ᠫᠢᠩ᠎ᠤᠨ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢᠨ ᠬᠦᠤᠷᠨᠢᠯ
ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠢᠷᠠᠭᠤ ᠰᠠᠶ᠋ᠢᠬᠠᠨ ᠠᠶᠠᠰ᠎ᠢ ᠪᠢᠴᠢᠭᠯᠡᠨ᠎ᠡ— ᠶᠡᠷᠦᠩᠬᠡᠢ ᠱᠦᠵᠢ ᠰᠢ ᠵᠢᠨ ᠫᠢᠩ ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠶᠡᠷᠦᠩᠬᠡᠢ ᠲᠣᠭ᠋ᠠᠴᠢᠯ
ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠸᠠᠩ ᠰᠢᠶᠤᠤ ᠳ᠋ᠦᠩ ᠯᠢ ᠰᠢᠶᠠᠩ ᠯᠢᠦ ᠱᠤ ᠸᠤᠨ
《ᠨᠤᠲᠤᠭ᠎ᠤᠨ ᠠᠬ᠎ᠠ ᠲᠡᠭᠦᠤ ᠨᠠᠷ᠎ᠢ ᠰᠠᠶ᠋ᠢᠨ ᠰᠠᠶ᠋ᠢᠬᠠᠨ ᠠᠮᠢᠳᠤᠷᠠᠭᠤᠯᠬᠤ ᠪᠣᠯ ᠮᠠᠨ᠎ᠤ ᠨᠠᠮ᠎ᠤᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠂ ᠡᠪ ᠬᠠᠮᠲᠤ ᠨᠠᠮ ᠡᠨᠡ ᠬᠦ᠌ ᠶᠠᠪᠤᠳᠠᠯ᠎ᠢ ᠰᠠᠶ᠋ᠢᠲᠤᠷ ᠬᠢᠵᠦ᠂ ᠲᠠᠰᠤᠷᠠᠯᠳᠠ ᠦᠭᠡᠢ ᠰᠠᠶ᠋ᠢᠨ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ᠃ ᠪᠦᠬᠦ ᠨᠠᠮ ᠪᠦᠬᠦ ᠤᠯᠤᠰ ᠪᠦᠬᠦ ᠨᠡᠶ᠋ᠢᠭᠡᠮ ᠵᠶ᠋ᠠᠷ ᠵᠶ᠋ᠠᠨ ᠴᠥᠮ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠨᠡᠩ ᠶᠡᠭᠡ ᠰᠢᠨ᠎ᠡ ᠢᠯᠠᠯᠲᠠ ᠵᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠲᠡᠢ》᠃ ᠡᠨᠡ ᠵᠢᠯ᠎ᠤᠨ 9 ᠰᠠᠷ᠎ᠠ ᠵᠢᠨ 14᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨᠰᠢ ᠮᠤᠵᠢ ᠵᠢᠨ ᠲᠡᠮᠡᠭᠡᠲᠤ ᠬᠤᠳᠠ ᠵᠢᠨ ᠰᠦᠢ ᠳ᠋ᠧ ᠰᠢᠶᠠᠨ᠎ᠤ ᠵᠠᠩ ᠵᠢᠶᠠ ᠪᠢᠶᠠᠨ ᠪᠠᠯᠭ᠋ᠠᠰᠤᠨ᠎ᠤ ᠬᠤᠤ ᠵᠢᠶᠠ ᠴᠢᠶᠣᠤ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠵᠢᠭ᠋ᠠᠵᠤ ᠭᠠᠷᠭ᠋ᠠᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠳᠤᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠳᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢᠨ ᠪᠡᠯᠭᠡ ᠳᠡᠮᠳᠡᠭ᠎ᠤᠨ ᠴᠢᠨᠠᠷᠲᠠᠢ ᠢᠨᠵᠧᠨᠧᠷᠢᠩ ᠪᠣᠯᠭ᠋ᠠᠵᠤ᠂ ᠬᠥᠮᠦᠨ ᠲᠥᠷᠥᠯᠬᠢᠲᠡᠨ᠎ᠤ ᠲᠡᠦᠬᠡᠨ ᠳᠡᠭᠡᠷᠡᠬᠢ ᠬᠡᠪᠴᠢᠶ᠎ᠡ᠎ᠪᠠᠷ ᠤᠷᠢᠳ ᠡᠮᠦᠨ᠎ᠡ ᠪᠠᠶ᠋ᠢᠭ᠎ᠠ ᠦᠭᠡᠢ᠂ ᠡᠷᠴᠢᠮ ᠵᠶ᠋ᠠᠷ ᠬᠠᠮᠤᠭ᠎ᠤᠨ ᠶᠡᠭᠡ᠂ ᠠᠰᠢᠭ ᠬᠦᠷᠲᠡᠭᠡᠭᠰᠡᠨ ᠬᠥᠮᠦᠨ ᠠᠮᠠ᠎ᠪᠠᠷ ᠬᠠᠮᠤᠭ᠎ᠤᠨ ᠤᠯᠠᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠵᠣᠬᠢᠶᠠᠨ ᠪᠠᠶ᠋ᠢᠭᠤᠯᠤᠨ ᠲᠦᠯᠬᠢᠨ ᠠᠬᠢᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠡᠬᠢᠯᠡᠭᠦᠯᠦᠨ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠪᠠ᠃ ᠶᠡᠷᠦᠩᠬᠡᠶ ᠱᠦᠵᠢ ᠰᠢ ᠵᠢᠨ ᠫᠢᠩ᠎ᠤᠨ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠨᠢ ᠤᠳᠬ᠎ᠠ ᠰᠠᠨᠠᠭ᠎ᠠ ᠭᠦᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨᠵᠡᠭᠡᠶ ᠪᠠᠶ᠋ᠢᠵᠤ᠂ ᠰᠢᠨ᠎ᠡ ᠴᠠᠭ ᠦᠶ᠎ᠡ ᠵᠢᠨ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠵᠦ᠂ ᠪᠥᠬᠦ ᠨᠠᠮ ᠪᠥᠬᠦ ᠨᠡᠶ᠋ᠢᠭᠡᠮ᠎ᠤᠨ ᠬᠦᠴᠦᠨ᠎ᠢ ᠳᠠᠶ᠋ᠢᠴᠢᠯᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠥᠳᠡᠭᠡ ᠠᠵᠤ ᠠᠬᠤᠶ ᠵᠢ ᠴᠢᠨᠠᠷ ᠰᠠᠶ᠋ᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ᠎ᠢ ᠣᠷᠣᠰᠢᠨ ᠰᠠᠭᠤᠬᠤ᠎ᠳᠤ ᠲᠣᠬᠢᠷᠠᠮᠵᠢᠲᠠᠶ ᠦᠢᠯᠡᠰ ᠪᠤᠰᠬᠠᠬᠤ᠎ᠳᠤ ᠲᠣᠬᠢᠷᠠᠮᠵᠢᠲᠠᠶ᠂ ᠲᠠᠷᠢᠶᠠᠴᠢᠳ᠎ᠢ ᠪᠠᠶᠠᠵᠢᠨ ᠴᠢᠨᠡᠭᠡᠯᠢᠭ ᠪᠤᠯᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》᠎ᠤ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠲᠦᠢ᠍ᠯ᠎ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ᠎ᠲᠠᠢ ᠶᠤᠮ᠃
ᠡᠷᠬᠡᠪᠰᠢ 《ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠢᠮᠠᠭᠲᠠ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠬᠡᠷᠡᠭᠲᠡᠢ
《ᠬᠥᠳᠡᠭᠡ ᠠᠵᠤ ᠠᠬᠤᠶ ᠵᠢ ᠬᠦᠭᠵᠢᠭᠦᠯᠬᠦ ᠵᠢ ᠡᠷᠬᠢᠮᠯᠡᠬᠦ ᠪᠤᠯ ᠤᠯᠤᠰ ᠭᠦ᠍ᠷᠦᠨᠤ ᠦᠨᠳᠦᠰᠦᠨ ᠶᠡᠭᠡ ᠪᠤᠳᠤᠯᠭ᠎ᠠ》᠃ ᠳᠤᠮᠳᠠᠳᠤ ᠵᠢᠨ ᠦᠨᠳᠦᠰᠦᠲᠡᠨ ᠶᠡᠷᠦ᠎ᠠᠴᠠ ᠬᠥᠳᠡᠭᠡ ᠠᠵᠤ ᠠᠬᠤᠶ ᠬᠥᠳᠡᠭᠡ ᠲᠣᠰᠬᠤᠨ᠎ᠢ ᠴᠢᠬᠤᠯᠠᠴᠢᠯᠠᠭᠰᠠᠭ᠋ᠠᠷ ᠢᠷᠡᠭᠰᠡᠨ ᠶᠤᠮ᠃
ᠶᠡᠷᠦᠩᠬᠡᠶ ᠱᠦᠵᠢ ᠰᠢ ᠵᠢᠨ ᠫᠢᠩ᠄ 《ᠬᠥᠳᠡᠭᠡ ᠠᠵᠤ ᠠᠬᠤᠶ ᠪᠣᠯᠪᠠᠰᠦ ᠤᠯᠤᠰ ᠭᠦ᠍ᠷᠦᠨᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠤᠯᠤᠰ ᠭᠦᠷᠦᠨ ᠠᠮᠤᠭᠤᠯᠠᠩ ᠪᠤᠯᠤᠮᠤᠢ ᠭᠡᠳᠡᠭ᠎ᠢ ᠲᠡᠦᠬᠡ ᠪᠠ ᠪᠣᠳᠠᠲᠤ ᠠᠬᠤᠶ ᠪᠢᠳᠡᠨ᠎ᠳᠤ ᠬᠡᠯᠡᠵᠦ ᠥᠭᠴᠡᠶ᠃ ᠪᠢᠳᠡ ᠬᠥᠳᠡᠭᠡ ᠠᠵᠤ ᠠᠬᠤᠶ᠂ ᠬᠥᠳᠡᠭᠡ ᠲᠣᠰᠬᠤᠨ᠂ ᠲᠠᠷᠢᠶᠠᠴᠢᠨ᠎ᠤ ᠠᠰᠠᠭᠤᠳᠠᠯ᠎ᠢ ᠲᠡᠦᠬᠡ ᠵᠢᠨ ᠲᠤᠮᠤ ᠦᠵᠡᠯᠲᠡ᠎ᠪᠠᠷ ᠦᠵᠡᠬᠦ ᠵᠢ ᠪᠠᠷᠢᠮᠲᠠᠯᠠᠬᠤ ᠬᠡᠷᠡᠭᠲᠡᠢ᠂ ᠭᠠᠭᠴᠠ ᠬᠦ᠌ 〈ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠭᠦᠨᠵᠡᠭᠡᠢ ᠣᠶ᠋ᠢᠯᠠᠭ᠋ᠠᠪᠠᠯ ᠰᠠᠶᠢ ᠮᠠᠨ᠎ᠤ ᠡᠨᠡ ᠬᠦ᠌ ᠨᠠᠮ᠂ ᠡᠨᠡ ᠬᠦ᠌ ᠤᠯᠤᠰ᠂ ᠡᠨᠡ ᠬᠦ᠌ ᠦᠨᠳᠦᠰᠦᠲᠡᠨ᠎ᠢ ᠨᠡᠩ ᠰᠠᠶ᠋ᠢᠲᠤᠷ ᠣᠶ᠋ᠢᠯᠠᠭ᠋ᠠᠵᠤ ᠴᠢᠳᠠᠨ᠎ᠠ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠬᠠᠮᠤᠭ᠎ᠤᠨ ᠪᠡᠷᠬᠡ ᠬᠠᠲᠠᠭᠤᠵᠢᠯᠲᠠᠢ ᠬᠠᠮᠤᠭ᠎ᠤᠨ ᠨᠦᠰᠡᠷ ᠬᠦᠨᠳᠦ ᠡᠭᠦᠷᠭᠡ᠎ᠨᠢ ᠮᠥᠨ ᠯᠡ ᠬᠥᠳᠡᠭᠡ ᠲᠣᠰᠬᠤᠨ᠎ᠳᠤ ᠪᠠᠶ᠋ᠢᠵᠤ᠂ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠭᠦᠨ ᠵᠤᠵᠠᠭ᠋ᠠᠨ ᠰᠠᠭᠤᠷᠢᠨ᠎ᠢ ᠮᠥᠨ ᠯᠡ ᠬᠥᠳᠡᠭᠡ ᠲᠣᠰᠬᠤᠨ᠎ᠳᠤ ᠪᠠᠶ᠋ᠢᠬᠤ ᠵᠢ ᠡᠷᠬᠡᠪᠰᠢ ᠣᠯᠵᠤ ᠬᠠᠷᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠴᠢᠨᠡᠭᠡᠯᠢᠭ ᠡᠰᠡᠬᠦ ᠵᠢ ᠦᠵᠡᠭᠦ᠎ᠳᠤ᠂ ᠠᠷᠠᠳ᠎ᠤᠨ ᠠᠮᠢᠳᠤᠷᠠᠯ᠎ᠢ ᠦᠵᠡᠨ᠎ᠠ᠃ ᠬᠦᠳᠡᠭᠡ ᠠᠵᠤ ᠠᠬᠤᠢ ᠪᠣᠯ ᠮᠥᠨ ᠯᠡ 〈ᠳᠥᠷᠪᠡᠨ ᠣᠳᠣᠬᠢᠴᠢᠯᠠᠯᠲᠠ ᠵᠢ ᠵᠡᠷᠭᠡ᠎ᠪᠠᠷ ᠤᠷᠤᠭᠰᠢᠯᠠᠭᠤᠯᠬᠤ〉 ᠵᠢᠨ ᠳᠤᠲᠠᠭᠤᠳᠠᠯ ᠮᠥᠨ᠂ ᠬᠥᠳᠡᠭᠡ ᠲᠣᠰᠬᠤᠨ ᠪᠣᠯ ᠮᠥᠨ ᠯᠡ ᠴᠢᠨᠡᠭᠡᠯᠢᠭ ᠨᠡᠶ᠋ᠢᠭᠡᠮ᠎ᠢ ᠪᠥᠬᠦ ᠲᠠᠯ᠎ᠠ᠎ᠪᠠᠷ ᠪᠡᠶᠡᠯᠡᠭᠦᠯᠬᠦ ᠵᠢᠨ ᠳᠤᠲᠠᠭᠤᠳᠠᠯ ᠮᠥᠨ ᠭᠡᠳᠡᠭ᠎ᠢ ᠡᠷᠬᠡᠪᠰᠢ ᠣᠯᠵᠤ ᠬᠠᠷᠠᠬᠤ ᠬᠡᠷᠡᠭᠲᠡᠶ᠃ ᠳᠤᠮᠳᠠᠳᠤ ᠤᠯᠤᠰ ᠵᠶ᠋ᠠᠨ ᠬᠦᠴᠦᠷᠬᠡᠭᠵᠢᠭᠦᠯᠬᠦ᠎ᠳᠤ ᠬᠦᠳᠡᠭᠡ ᠠᠵᠤ ᠠᠬᠤᠢ ᠵᠢ ᠡᠷᠬᠡᠪᠰᠢ ᠬᠦᠴᠦᠷᠬᠡᠭᠵᠢᠭᠦᠯᠬᠦ ᠬᠡᠷᠡᠭᠲᠡᠢ; ᠳᠤᠮᠳᠠᠳᠤ ᠤᠯᠤᠰ ᠵᠶ᠋ᠠᠨ ᠦᠵᠡᠰᠬᠦᠯᠡᠩᠲᠦ ᠰᠠᠶ᠋ᠢᠬᠠᠨ ᠪᠣᠯᠭ᠋ᠠᠶ᠎ᠠ ᠭᠡᠪᠡᠯ ᠬᠥᠳᠡᠭᠡ ᠲᠣᠰᠬᠤᠨ᠎ᠢ ᠡᠷᠬᠡᠪᠰᠢ ᠦᠵᠡᠰᠬᠦᠯᠡᠩᠲᠦ ᠰᠠᠶ᠋ᠢᠬᠠᠨ ᠪᠣᠯᠭ᠋ᠠᠬᠤ ᠬᠡᠷᠡᠭᠲᠡᠢ; ᠳᠤᠮᠳᠠᠳᠤ ᠤᠯᠤᠰ᠎ᠢ ᠪᠠᠶᠠᠵᠢᠭᠤᠯᠬᠤ᠎ᠳᠤ ᠲᠠᠷᠢᠶᠠᠴᠢᠳ᠎ᠢ ᠡᠷᠬᠡᠪᠰᠢ ᠪᠠᠶᠠᠵᠢᠭᠤᠯᠬᠤ ᠬᠡᠷᠡᠭᠲᠡᠢ᠃ ᠬᠦᠳᠡᠭᠡ ᠠᠵᠤ ᠠᠬᠤᠢ ᠵᠢᠨ ᠰᠠᠭᠤᠷᠢ ᠪᠠᠲᠤ ᠪᠠᠬᠢ᠂ ᠬᠥᠳᠡᠭᠡ ᠲᠣᠰᠬᠤᠨ ᠡᠶ᠎ᠡ ᠵᠣᠬᠢᠴᠠᠯ᠎ᠲᠠᠢ ᠲᠣᠭᠲᠠᠭᠤᠨ᠂ ᠲᠠᠷᠢᠶᠠᠴᠢᠳ ᠲᠠᠶ᠋ᠢᠪᠤᠩ ᠠᠮᠢᠳᠤᠷᠠᠵᠤ ᠲᠠᠪᠠᠲᠠᠢ ᠠᠵᠢᠯᠯᠠᠪᠠᠯ ᠪᠦᠬᠦ᠋ᠢ᠍ᠯᠡ ᠶᠡᠭᠡ ᠲᠠᠯ᠎ᠠ ᠳᠠᠷᠤᠢ ᠪᠠᠲᠤᠯᠠᠭ᠎ᠠ᠎ᠲᠠᠢ ᠪᠤᠯᠵᠤ᠂ ᠡᠯ᠎ᠡ ᠵᠦᠢ᠍ᠯ᠎ᠤᠨ ᠠᠵᠢᠯ ᠴᠥᠮ ᠨᠡᠯᠢᠶᠡᠳ ᠰᠠᠨᠠᠭ᠋ᠠᠴᠢᠯᠠᠭ᠎ᠠ᠎ᠲᠠᠢ ᠪᠤᠯᠵᠤ ᠴᠢᠳᠠᠨ᠎ᠠ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠪᠢᠳᠡ ᠡᠷᠬᠡᠪᠰᠢ 〈ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠠᠵᠤ ᠦᠢ᠍ᠯᠡᠳᠪᠦᠷᠢ᠎ᠪᠠᠷ ᠬᠦᠳᠡᠭᠡ ᠠᠵᠤ ᠠᠬᠤᠢ ᠵᠢ ᠲᠡᠳᠬᠦᠬᠦ᠂ ᠬᠤᠳᠠ᠎ᠪᠠᠷ ᠬᠥᠳᠡᠭᠡ ᠲᠣᠰᠬᠤᠨ᠎ᠢ ᠳᠡᠮᠵᠢᠭᠦ ᠪᠠ ᠢᠯᠡᠭᠦᠦ ᠥᠭᠴᠦ ᠳᠤᠲᠠᠭᠤ ᠲᠠᠲᠠᠪᠤᠷᠢᠯᠠᠨ ᠠᠮᠢᠳᠤᠯᠢᠭ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂ ᠬᠦᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠦᠷᠦ ᠵᠢᠨ ᠪᠤᠳᠤᠯᠭ᠎ᠠ ᠵᠢᠨ ᠡᠷᠴᠢᠮ ᠵᠶ᠋ᠠᠨ ᠲᠠᠰᠤᠷᠠᠯᠳᠠ ᠦᠭᠡᠢ ᠴᠢᠩᠭ᠋ᠠᠷᠠᠭᠤᠯᠵᠤ᠂ 〈ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠢᠮᠠᠭᠲᠠ ᠴᠢᠩᠭ᠎ᠠ ᠠᠳᠬᠤᠵᠤ ᠰᠠᠶ᠋ᠢᠳᠤᠷ ᠠᠳᠬᠤᠬᠤ ᠬᠡᠷᠡᠭᠲᠡᠢ》 ᠭᠡᠵᠦ ᠴᠢᠬᠤᠯᠠᠴᠢᠯᠠᠪᠠ᠃
2015 ᠣᠨ᠎ᠤ 12 ᠰᠠᠷ᠎ᠠ ᠵᠢᠨ 24᠎ᠤ ᠡᠳᠦᠷ᠎ᠠᠴᠠ 25᠎ᠤ ᠡᠳᠦᠷ ᠪᠣᠯᠲᠠᠯ᠎ᠠ᠂ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ ᠲᠤᠬᠠᠢ᠄ 《ᠲᠠᠷᠢᠶᠠᠯᠠᠩ᠎ᠢ ᠴᠢᠬᠤᠯᠠᠴᠢᠯᠠᠵᠤ ᠦᠨᠳᠦᠰᠦ ᠵᠢ ᠪᠠᠬᠢᠵᠢᠭᠦᠯᠬᠦ ᠪᠣᠯ ᠠᠷᠠᠳ᠎ᠢ ᠠᠮᠤᠷᠵᠢᠭᠤᠯᠬᠤ ᠵᠢᠨ ᠰᠠᠭᠤᠷᠢ ᠮᠥᠨ᠃ ᠠᠷᠪᠠᠨ ᠬᠤᠶᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠢᠳᠡᠨ᠎ᠤ ᠪᠦᠬᠦ ᠲᠠᠯ᠎ᠠ ᠵᠢᠨ ᠠᠵᠢᠯ᠎ᠤᠨ ᠰᠠᠨᠠᠭ᠋ᠠᠴᠢᠯᠠᠭ᠋ᠠᠲᠤ ᠡᠷᠬᠡ ᠵᠢ ᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠡᠭᠦᠨ᠎ᠤ ᠬᠠᠮᠲᠤ᠂ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠪᠡᠷᠬᠡ ᠰᠡᠳᠦᠪ ᠪᠠ ᠦᠷᠢᠰᠦᠯᠳᠦᠭᠡᠨ ᠪᠠᠰᠠ ᠮᠠᠰᠢ ᠤᠯᠠᠨ ᠶᠤᠮ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠬᠡᠵᠢᠶ᠎ᠡ ᠴᠦ᠍ ᠣᠮᠲᠣᠭ᠋ᠠᠶ᠋ᠢᠯᠠᠬᠤ ᠪᠠ ᠰᠤᠯᠠᠷᠠᠭᠤᠯᠵᠤ ᠪᠣᠯᠬᠤ ᠦᠭᠡᠢ ᠭᠡᠳᠡᠭ᠎ᠢ ᠡᠷᠬᠡᠪᠰᠢ ᠣᠯᠵᠤ ᠬᠠᠷᠠᠬᠤ ᠬᠡᠷᠡᠭᠲᠡᠢ》 ᠭᠡᠵᠤ ᠴᠢᠬᠤᠯᠠ ᠵᠢᠭ᠋ᠠᠪᠤᠷᠢ ᠦᠭᠴᠡᠢ᠃
ᠶᠡᠷᠦᠩᠬᠡᠢ ᠱᠦᠵᠢ ᠰᠢ ᠵᠢᠨ ᠫᠢᠩ᠄ 《〈ᠠᠷᠪᠠᠨ ᠭᠤᠷᠪᠠᠳᠤᠭ᠋ᠠᠷ ᠲᠠᠪᠤᠨ ᠵᠢᠯ〉᠎ᠤᠨ ᠬᠤᠭᠤᠴᠠᠭ᠋ᠠᠨ᠎ᠳᠤ᠂ ᠡᠷᠬᠡᠪᠰᠢ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ᠂ ᠵᠣᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠬᠦᠭᠵᠢᠬᠦ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠢ ᠪᠣᠯᠭ᠋ᠠᠬᠤ ᠪᠠ ᠦᠨᠡᠨ ᠬᠦ᠌ ᠲᠤᠭᠤᠰᠢᠯᠠᠭᠤᠯᠵᠤ᠂ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠡᠷᠴᠢᠮ᠎ᠢ ᠴᠢᠩᠭ᠋ᠠᠷᠠᠭᠤᠯᠵᠤ᠂ ᠬᠥᠳᠡᠭᠡ ᠲᠣᠰᠬᠤᠨ᠎ᠤ ᠡᠯ᠎ᠡ ᠵᠦᠢ᠍ᠯ᠎ᠤᠨ ᠥᠭᠡᠷᠡᠴᠢᠯᠡᠯᠲᠡ ᠵᠢ ᠭᠦᠨᠵᠡᠭᠡᠢ ᠲᠦᠯᠬᠢᠨ ᠠᠬᠢᠭᠤᠯᠵᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠪᠡᠷᠬᠡ ᠰᠡᠳᠦᠪ᠎ᠢ ᠰᠢᠢ᠍ᠳᠪᠦᠷᠢᠯᠡᠵᠦ᠂ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠎ᠢ ᠴᠢᠩᠭ᠋ᠠᠳᠬᠠᠵᠤ᠂ ᠬᠥᠭᠵᠢᠯᠲᠡ ᠵᠢᠨ ᠳᠠᠪᠠᠭᠤᠯᠢᠭ᠎ᠢ ᠵᠤᠵᠠᠭ᠋ᠠᠳᠬᠠᠨ᠂ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠵᠤ ᠨᠡᠭᠡᠭᠡᠨ ᠬᠥᠭᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠨᠡᠶ᠋ᠢᠭᠡᠮ ᠵᠢᠷᠤᠮ᠎ᠤᠨ ᠰᠢᠨ᠎ᠡ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠶᠡᠭᠡ ᠦᠢᠯᠡᠰ ᠪᠦᠲᠦᠭᠡᠵᠦ ᠪᠣᠯᠬᠤ ᠥᠷᠭᠡᠨ ᠠᠭᠤᠳᠠᠮ ᠣᠷᠣᠨ ᠵᠠᠶ ᠪᠣᠯᠭ᠋ᠠᠬᠤ ᠬᠡᠷᠡᠭᠲᠡᠢ》 ᠭᠡᠵᠦ ᠴᠢᠬᠤᠯᠠᠴᠢᠯᠠᠪᠠ᠃
2016 ᠣᠨ᠎ᠤ 4 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠨᠾᠦ᠋ᠢ ᠵᠢᠨ ᠹᠧᠩᠶᠠᠩ ᠰᠢᠶᠠᠨ᠎ᠤ ᠰᠢᠶᠤᠤ ᠭᠠᠩ ᠲᠣᠰᠬᠤᠨ᠎ᠳᠤ ᠬᠥᠳᠡᠭᠡ ᠲᠣᠰᠬᠤᠨ᠎ᠤ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ᠄ 《〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠲᠤᠳᠤᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠪᠠᠶ᠋ᠢᠳᠠᠯ ᠳᠣᠣᠷᠠᠬᠢ ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠤᠳᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠦᠳᠡᠭᠡ ᠠᠵᠤ ᠠᠬᠤᠢ ᠵᠢᠨ ᠰᠠᠭᠤᠷᠢ ᠪᠠᠲᠤ ᠪᠠᠬᠢ᠂ ᠬᠥᠳᠡᠭᠡ ᠲᠣᠰᠬᠤᠨ ᠡᠶ᠎ᠡ ᠵᠣᠬᠢᠴᠠᠯ᠎ᠲᠠᠢ ᠲᠣᠭᠲᠠᠭᠤᠨ᠂ ᠲᠠᠷᠢᠶᠠᠴᠢᠳ ᠲᠠᠶ᠋ᠢᠪᠤᠩ ᠠᠮᠢᠳᠤᠷᠠᠵᠤ ᠲᠠᠪᠠᠲᠠᠢ ᠠᠵᠢᠯᠯᠠᠬᠤ ᠵᠢ ᠠᠬᠢᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2017 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ᠎ᠤᠨ ᠰᠧᠴᠤᠸᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠬᠥᠳᠡᠭᠡ ᠠᠵᠤ ᠠᠬᠤᠢ ᠵᠢ ᠴᠢᠬᠤᠯᠠᠴᠢᠯᠠᠵᠤ᠂ ᠬᠥᠳᠡᠭᠡ ᠠᠵᠤ ᠠᠬᠤᠢ ᠭᠡᠬᠦ ᠡᠨᠡᠬᠦ ᠰᠠᠭᠤᠷᠢ ᠵᠢ ᠪᠠᠬᠢᠵᠢᠭᠦᠯᠬᠦ ᠪᠣᠯ ᠶᠡᠷᠦ᠎ᠠᠴᠠ ᠦᠨᠳᠦᠰᠦ᠎ᠪᠠᠨ ᠪᠠᠬᠢᠵᠢᠭᠦᠯᠵᠦ ᠠᠷᠠᠳ᠎ᠢ ᠠᠮᠤᠷᠵᠢᠭᠤᠯᠬᠤ ᠴᠢᠬᠤᠯᠠ ᠵᠦᠢ᠍ᠯ ᠪᠣᠯᠤᠭᠰᠠᠭ᠋ᠠᠷ ᠢᠷᠡᠵᠠᠢ᠃ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠨᠢᠭᠡᠨᠲᠡ ᠲᠡᠦᠬᠡ ᠵᠢᠨ ᠰᠢᠨ᠎ᠡ ᠱᠠᠲᠤᠨ᠎ᠳᠤ ᠣᠷᠣᠵᠤ᠂ ᠬᠥᠳᠡᠭᠡ ᠠᠵᠤ ᠠᠬᠤᠢ ᠵᠢᠨ ᠭᠤᠣᠯ ᠵᠥᠷᠢᠴᠡᠯ᠎ᠨᠢ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶ᠋ᠢᠭᠰᠠᠨ᠎ᠠᠴᠠ᠎ᠪᠠᠨ ᠪᠦᠲᠦᠴᠡ ᠵᠢᠨ ᠴᠢᠨᠠᠷᠲᠠᠢ ᠵᠥᠷᠢᠴᠡᠯ ᠪᠤᠯᠤᠨ ᠬᠤᠪᠢᠷᠠᠵᠤ᠂ ᠵᠥᠷᠢᠴᠡᠯ᠎ᠤᠨ ᠭᠤᠣᠯ ᠲᠠᠯ᠎ᠠ᠎ᠨᠢ ᠬᠠᠩᠭ᠋ᠠᠯᠭ᠎ᠠ ᠵᠢᠨ ᠲᠠᠯ᠎ᠠ᠎ᠳᠤ ᠪᠤᠢ᠂ ᠡᠷᠬᠡᠪᠰᠢ ᠬᠥᠳᠡᠭᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠲᠦᠷᠭᠡᠪᠴᠢᠯᠡᠨ ᠪᠤᠶ᠋ᠢᠵᠢᠭᠤᠯᠵᠤ᠂ ᠬᠥᠳᠡᠭᠡ ᠠᠵᠤ ᠠᠬᠤᠢ ᠵᠢᠨ ᠣᠳᠣᠬᠢᠴᠢᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ》 ᠭᠡᠵᠦ ᠴᠢᠬᠤᠯᠠᠴᠢᠯᠠᠪᠠ᠃
2017 ᠣᠨ᠎ᠤ 10 ᠰᠠᠷ᠎ᠠ ᠵᠢᠨ 18᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠳᠤ᠄ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ᠎ᠤ ᠠᠰᠠᠭᠤᠳᠠᠯ ᠪᠣᠯ ᠤᠯᠤᠰ᠎ᠤᠨ ᠪᠤᠳᠤᠯᠭ᠎ᠠ ᠠᠷᠠᠳ᠎ᠤᠨ ᠠᠮᠢᠳᠤᠷᠠᠯ᠎ᠳᠤ ᠬᠤᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠂ ᠡᠷᠬᠡᠪᠰᠢ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠢᠮᠠᠭᠲᠠ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠠᠵᠤ ᠦᠢ᠍ᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶ᠋ᠢᠬᠤ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠮᠵᠢ ᠲᠣᠭᠲᠠᠴᠠ ᠪᠠ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠬᠡᠳᠭᠡᠨ ᠠᠬᠢᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2018 ᠣᠨ᠎ᠤ 9 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠶ᠋ᠢᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠶᠡᠷᠦᠩᠬᠡᠢ ᠴᠢᠭᠯᠡᠯᠲᠡ ᠵᠢ ᠪᠠᠷᠢᠮᠲᠠᠯᠠᠬᠤ᠎ᠳᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠢᠮᠠᠭᠲᠠ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠬᠡᠷᠡᠭᠲᠡᠢ᠃ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠳᠤ ᠢᠯᠡᠭᠦᠦ ᠥᠭᠴᠦ ᠳᠤᠲᠠᠭᠤ ᠲᠠᠲᠠᠪᠤᠷᠢᠯᠠᠨ ᠠᠮᠢᠳᠤᠯᠢᠭ ᠪᠣᠯᠭ᠋ᠠᠬᠤ ᠬᠡᠷᠡᠭᠲᠡᠢ ᠭᠡᠵᠦ ᠪᠢᠳᠡ ᠴᠢᠬᠤᠯᠠᠴᠢᠯᠠᠭᠰᠠᠭ᠋ᠠᠷ ᠢᠷᠡᠭᠰᠡᠨ ᠪᠣᠯᠪᠠᠴᠤ ᠪᠣᠳᠠᠲᠠᠢ ᠠᠵᠢᠯ᠎ᠤᠨ ᠳᠤᠮᠳᠠ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ 〈ᠬᠡᠯᠡᠬᠦ ᠦᠶ᠎ᠡ᠎ᠳᠤ ᠴᠢᠬᠤᠯᠠ᠂ ᠬᠢᠬᠦ ᠦᠶ᠎ᠡ᠎ᠳᠤ ᠴᠢᠬᠤᠯᠠᠴᠢᠯᠠᠬᠤ ᠦᠭᠡᠢ᠂ ᠶᠠᠭ᠋ᠠᠷᠠᠬᠤ ᠦᠶ᠎ᠡ᠎ᠳᠤ ᠤᠮᠳᠤᠭ᠋ᠠ᠊ ᠵᠢᠯᠠᠬᠤ〉 ᠠᠰᠠᠭᠤᠳᠠᠯ ᠪᠠᠰᠠ ᠨᠡᠯᠢᠶᠡᠳ ᠲᠤᠪᠤᠶ᠋ᠢᠮ᠎ᠠ ᠤᠷᠤᠰᠢᠬᠰᠠᠭ᠋ᠠᠷ᠃ ᠪᠢᠳᠡ ᠡᠨᠡ ᠬᠦ᠌ ᠬᠠᠨᠳᠤᠰᠢ ᠵᠢ ᠬᠤᠪᠢᠷᠠᠭᠤᠯᠵᠤ᠂ ᠪᠡᠯᠡ ᠮᠥᠩᠭᠦ ᠵᠢᠨ ᠣᠷᠣᠭᠤᠯᠤᠯᠲᠠ᠂ ᠴᠢᠬᠤᠯᠠ ᠡᠯᠧᠮᠧᠨ᠋ᠲ᠎ᠤᠨ ᠲᠤᠬᠢᠷᠠᠭᠤᠯᠤᠯᠳᠠ᠂ ᠤᠯᠠᠨ ᠨᠡᠶ᠋ᠢᠲᠡ ᠵᠢᠨ ᠦᠢ᠍ᠯᠡᠴᠢᠯᠡᠭᠡ᠂ ᠺᠠᠳ᠋ᠷ᠎ᠤᠨ ᠲᠤᠬᠢᠷᠠᠭᠤᠯᠤᠯᠳᠠ ᠵᠡᠷᠭᠡ ᠲᠠᠯ᠎ᠠ᠎ᠪᠠᠷ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠵᠢᠨ ᠳᠤᠲᠠᠭᠤᠳᠠᠯ᠎ᠢ ᠲᠦᠷᠭᠡᠨ ᠨᠥᠬᠦᠪᠥᠷᠢᠯᠡᠵᠦ᠂ ᠬᠤᠳᠠ ᠬᠥᠳᠡᠭᠡ ᠵᠢᠨ ᠵᠦᠷᠢᠶ᠎ᠡ ᠵᠢ ᠲᠠᠰᠤᠷᠠᠯᠳᠠ ᠦᠭᠡᠢ ᠪᠠᠭ᠋ᠠᠰᠬᠠᠵᠤ᠂ ᠬᠥᠳᠡᠭᠡ ᠠᠵᠤ ᠠᠬᠤᠢ ᠵᠢ ᠡᠷᠡᠮᠡᠯᠵᠡᠯ᠎ᠲᠠᠢ ᠠᠵᠤ ᠦᠢ᠍ᠯᠡᠰ ᠪᠣᠯᠭ᠋ᠠᠵᠤ᠂ ᠲᠠᠷᠢᠶᠠᠴᠢᠨ᠎ᠢ ᠲᠠᠲᠠᠬᠤ ᠬᠦᠴᠦᠨ᠎ᠲᠠᠢ ᠠᠵᠢᠯ ᠮᠡᠷᠭᠡᠵᠢᠯ ᠪᠣᠯᠭ᠋ᠠᠵᠤ᠂ ᠬᠥᠳᠡᠭᠡ ᠲᠣᠰᠬᠤᠨ᠎ᠢ ᠠᠮᠤᠷ ᠠᠮᠤᠭᠤᠯᠠᠩ ᠠᠵᠤ ᠲᠦᠷᠦᠭᠦ ᠭᠡᠷ ᠣᠷᠣᠨ ᠪᠣᠯᠭ᠋ᠠᠬᠤ ᠬᠡᠷᠡᠭᠲᠡᠢ》 ᠭᠡᠵᠦ ᠴᠢᠬᠤᠯᠠᠴᠢᠯᠠᠪᠠ᠃
2018 ᠣᠨ᠎ᠤ 9 ᠰᠠᠷ᠎ᠠ ᠵᠢᠨ 23᠎ᠤ ᠡᠳᠦᠷ᠂ ᠮᠠᠨ᠎ᠤ ᠤᠯᠤᠰ ᠠᠩᠬᠠᠳᠠᠭᠴᠢ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠢ ᠤᠭᠲᠤᠨ ᠠᠪᠴᠢᠷᠠᠪᠠ᠃ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠲᠦᠭ ᠲᠦᠮᠡᠨ ᠲᠠᠷᠢᠶᠠᠴᠢᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠰᠠᠶ᠋ᠢᠨ ᠰᠠᠶ᠋ᠢᠬᠠᠨ ᠵᠥᠩᠨᠡᠯ ᠳᠡᠪᠰᠢᠭᠦᠯᠪᠡ᠃
ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠲᠤᠬᠢᠷᠠᠭᠤᠯᠤᠯᠳᠠ ᠵᠢ ᠨᠠᠮ᠎ᠤᠨ ᠲᠥᠪ ᠬᠤᠷᠢᠶ᠎ᠠ᠎ᠠᠴᠠ ᠰᠤᠳᠤᠯᠤᠨ ᠲᠣᠭᠲᠠᠭ᠋ᠠᠵᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠬᠤ ᠪᠠᠶ᠋ᠢᠷᠢ ᠰᠠᠭᠤᠷᠢ ᠵᠢ ᠤᠯᠠᠮ ᠴᠢᠨᠠᠭᠰᠢᠳᠠ ᠢᠯᠡᠷᠡᠭᠦᠯᠦᠭᠰᠡᠨ ᠶᠤᠮ᠂ ᠡᠨᠡ᠎ᠨᠢ ᠠᠯᠤᠰ ᠬᠡᠳᠤ ᠵᠢᠨ ᠨᠥᠯᠥᠭᠡ᠎ᠲᠠᠢ ᠶᠡᠭᠡ ᠶᠠᠪᠤᠳᠠᠯ ᠪᠣᠯᠤᠨ᠎ᠠ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠥᠷᠭᠡᠨ ᠤᠯᠠᠨ ᠲᠠᠷᠢᠶᠠᠴᠢᠨ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ᠎ᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠥᠳᠡᠭᠡ ᠠᠵᠤ ᠠᠬᠤᠢ᠎ᠳᠤ ᠠᠩᠬᠠᠷᠤᠯ ᠲᠠᠯᠪᠢᠬᠤ᠂ ᠬᠥᠳᠡᠭᠡ ᠲᠣᠰᠬᠤᠨ᠎ᠢ ᠬᠠᠯᠠᠮᠵᠢᠯᠠᠬᠤ᠂ ᠲᠠᠷᠢᠶᠠᠴᠢᠳ᠎ᠢ ᠬᠠᠶ᠋ᠢᠷᠠᠯᠠᠬᠤ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠲᠦᠭ ᠲᠦᠮᠡᠨ ᠲᠠᠷᠢᠶᠠᠴᠢᠳ᠎ᠤᠨ ᠬᠥᠳᠡᠭᠡ ᠠᠵᠤ ᠠᠬᠤᠢ ᠵᠢ ᠴᠢᠬᠤᠯᠠᠴᠢᠯᠠᠵᠤ ᠲᠠᠷᠢᠶᠠᠨ ᠠᠵᠢᠯ ᠬᠢᠬᠦ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠳᠠᠶ᠋ᠢᠴᠢᠯᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ 〈ᠬᠤᠣᠰ ᠵᠠᠭᠤᠨ ᠵᠢᠯ〉᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠠᠶᠠᠨ᠎ᠳᠤ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠢᠷᠠᠭᠤ ᠬᠠᠭᠤᠳᠠᠰᠤ ᠵᠢ ᠪᠢᠴᠢᠭᠯᠡᠬᠦ ᠵᠢ ᠬᠦᠰᠡᠵᠦ ᠪᠠᠶ᠋ᠢᠨ᠎ᠠ!》 ᠭᠡᠵᠦ ᠴᠢᠬᠤᠯᠠᠴᠢᠯᠠᠪᠠ᠃
2020 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠬᠠᠪᠤᠷ᠎ᠤᠨ ᠤᠯᠠᠷᠢᠯ᠎ᠤᠨ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ᠄ 《ᠠᠶᠤᠯ ᠲᠦᠭᠰᠢᠭᠦᠷᠢ ᠥᠷᠢᠰᠥᠯᠳᠦᠭᠡᠨ᠎ᠳᠤ ᠲᠤᠯᠭ᠋ᠠᠷᠠᠬᠤ ᠳᠤᠳᠤᠮ ᠬᠥᠳᠡᠭᠡ ᠠᠵᠤ ᠠᠬᠤᠢ ᠵᠢ ᠤᠯᠠᠮ ᠲᠣᠭᠲᠠᠪᠤᠷᠢᠵᠢᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠬᠤᠯᠢᠰᠢᠨ ᠢᠳᠡᠭᠡᠨ᠎ᠤ ᠠᠮᠤᠷ ᠲᠦᠪᠰᠢᠨ᠎ᠢ ᠨᠡᠩ ᠢᠯᠡᠭᠦᠦ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠬᠤ ᠪᠠᠶ᠋ᠢᠷᠢᠨ᠎ᠳᠤ ᠲᠠᠯᠪᠢᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢ᠍ᠳᠪᠦᠷᠢᠲᠦ ᠳᠠᠶ᠋ᠢᠯᠠᠯᠳᠤᠭ᠋ᠠᠨ ᠬᠢᠬᠦ ᠭᠤᠣᠯᠳᠠᠯᠭ᠎ᠠ᠎ᠲᠠᠢ ᠡᠭᠦᠷᠭᠡ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠬᠥᠳᠡᠭᠡ ᠠᠵᠤ ᠠᠬᠤᠢ ᠵᠢᠨ ᠰᠠᠭᠤᠷᠢ ᠵᠢ ᠨᠡᠩ ᠪᠠᠲᠤ ᠲᠠᠯᠪᠢᠵᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠬᠦᠷᠢᠶᠡᠨ᠎ᠳᠠᠬᠢ ᠳᠤᠲᠠᠭᠤᠳᠠᠯ᠎ᠢ ᠨᠡᠩ ᠪᠣᠳᠠᠲᠠᠢ ᠨᠥᠬᠦᠪᠥᠷᠢᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠷᠢᠬᠯᠠᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠂ ᠪᠦᠬᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ》 ᠭᠡᠵᠦ ᠴᠢᠬᠤᠯᠠᠴᠢᠯᠠᠪᠠ᠃
2020 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠠᠴᠠ ᠦᠵᠡᠪᠡᠯ᠂ ᠬᠥᠳᠡᠭᠡ ᠠᠵᠤ ᠠᠬᠤᠢ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠵᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠰᠠᠭᠤᠷᠢ ᠵᠢ ᠰᠠᠶ᠋ᠢᠲᠤᠷ ᠰᠠᠬᠢᠬᠤ ᠪᠣᠯ ᠬᠤᠪᠢᠷᠠᠯᠲᠠ ᠵᠢ ᠠᠷᠭ᠋ᠠᠴᠠᠭ᠋ᠠᠬᠤ᠂ ᠰᠢᠨ᠎ᠡ ᠪᠠᠶ᠋ᠢᠳᠠᠯ᠎ᠢ ᠡᠭᠦᠳᠬᠦ ᠵᠢᠨ 〈ᠲᠣᠭᠲᠠᠪᠤᠷᠢᠵᠢᠭᠤᠯᠤᠭᠴᠢ〉 ᠮᠥᠨ᠃ 14 ᠳ᠋ᠦᠩᠰᠢᠭᠤᠷ ᠬᠥᠮᠦᠨ ᠠᠮᠠ᠎ᠲᠠᠢ ᠮᠠᠨ᠎ᠤ ᠤᠯᠤᠰ᠎ᠲᠤ ᠠᠪᠴᠤ ᠬᠡᠯᠡᠪᠡᠯ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ ᠰᠠᠶ᠋ᠢᠵᠢᠷᠠᠪᠡᠯ᠂ ᠪᠦᠬᠦ ᠲᠠᠯ᠎ᠠ ᠵᠢᠨ ᠠᠵᠢᠯ ᠰᠠᠶᠢ ᠰᠠᠨᠠᠭ᠋ᠠᠴᠢᠯᠠᠭ᠎ᠠ᠎ᠲᠠᠢ ᠶᠠᠪᠤᠭᠳᠠᠵᠤ ᠴᠢᠳᠠᠨ᠎ᠠ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠪᠦᠬᠦ ᠨᠠᠮ ᠵᠶ᠋ᠠᠷ ᠵᠶ᠋ᠠᠨ ᠰᠢᠨ᠎ᠡ ᠬᠥᠭᠵᠢᠯᠲᠡ ᠵᠢᠨ ᠱᠠᠲᠤᠨ᠎ᠳᠤ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ ᠪᠣᠯᠤᠨ ᠲᠤᠯᠭ᠋ᠠᠮ ᠴᠢᠨᠠᠷ᠎ᠢ ᠡᠷᠬᠡᠪᠰᠢ ᠭᠦᠢ᠍ᠴᠡᠳ ᠲᠠᠨᠢᠵᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠪᠦᠬᠦ ᠨᠠᠮ ᠪᠦᠬᠦ ᠨᠡᠶ᠋ᠢᠭᠡᠮ᠎ᠤᠨ ᠬᠦᠴᠦᠨ᠎ᠢ ᠲᠠᠶ᠋ᠢᠴᠢᠯᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠥᠳᠡᠭᠡ ᠠᠵᠤ ᠠᠬᠤᠢ ᠵᠢᠨ ᠴᠢᠨᠠᠷ ᠰᠠᠶ᠋ᠢᠲᠠᠢ ᠥᠨᠳᠥᠷ ᠪᠦᠲᠦᠮᠵᠢᠲᠡᠢ᠂ ᠬᠥᠳᠡᠭᠡ ᠲᠣᠰᠬᠤᠨ᠎ᠤ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢ᠍ᠯᠡᠰ ᠪᠤᠰᠬᠠᠬᠤ᠎ᠳᠤ ᠲᠣᠬᠢᠷᠠᠮᠵᠢᠲᠠᠢ᠂ ᠲᠠᠷᠢᠶᠠᠴᠢᠳ᠎ᠤᠨ ᠪᠠᠶᠠᠵᠢᠨ ᠴᠢᠨᠡᠭᠡᠯᠢᠭᠵᠢᠬᠦ ᠵᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢ ᠰᠢᠨ᠎ᠡ ᠴᠠᠭ ᠦᠶ᠎ᠡ ᠵᠢᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠠᠳᠬᠤᠴᠠ ᠪᠣᠯᠭ᠋ᠠᠬᠤ ᠬᠡᠷᠡᠭᠲᠡᠢ
ᠦᠨᠳᠦᠰᠦᠲᠡᠨ ᠵᠶ᠋ᠠᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠬᠤᠨ᠎ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠪᠣᠯ ᠮᠠᠨ᠎ᠤ ᠨᠠᠮ᠎ᠤᠨ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠠᠯᠢ ᠤᠯᠠᠨ ᠴᠢᠭᠯᠡᠯᠲᠡ ᠲᠦᠷᠦ ᠵᠢᠨ ᠪᠤᠳᠤᠯᠭ᠎ᠠ ᠵᠢᠨ ᠵᠠᠯᠭ᠋ᠠᠮᠵᠢᠯᠠᠯ ᠪᠠ ᠬᠥᠭᠵᠢᠭᠦᠯᠦᠯ ᠮᠥᠨ᠂ ᠲᠦᠭ ᠲᠦᠮᠡᠨ ᠲᠠᠷᠢᠶᠠᠴᠢᠨ᠎ᠤ ᠴᠢᠩ ᠰᠡᠳᠬᠢᠯ᠎ᠤᠨ ᠬᠦᠰᠡᠯ ᠡᠷᠡᠮᠡᠯᠵᠡᠯ ᠮᠥᠨ᠃ ᠪᠦᠬᠦ ᠨᠠᠮ᠎ᠤᠨ ᠨᠥᠬᠦᠳ ᠡᠷᠬᠡᠪᠰᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠴᠢᠬᠤᠯᠠ ᠶᠡᠭᠡ ᠵᠠᠷᠴᠢᠮ ᠪᠣᠯᠭ᠋ᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠴᠢᠬᠤᠯᠠ ᠶᠡᠭᠡ ᠡᠭᠦᠷᠭᠡ ᠪᠣᠯᠭ᠋ᠠᠵᠤ᠂ ᠨᠡᠩ ᠶᠡᠭᠡ ᠵᠣᠷᠢᠭ᠂ ᠨᠡᠩ ᠲᠣᠳᠣᠷᠬᠠᠢ ᠬᠠᠷᠠᠯᠲᠠ᠂ ᠨᠡᠩ ᠬᠦᠴᠦᠲᠡᠢ ᠠᠷᠭ᠎ᠠ ᠬᠡᠮᠵᠢᠶ᠎ᠡ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠰᠢᠨ᠎ᠡ ᠬᠠᠭᠤᠳᠠᠰᠤ ᠵᠢ ᠰᠠᠶ᠋ᠢᠳᠤᠷ ᠪᠢᠴᠢᠭᠯᠡᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
《ᠪᠢ ᠬᠥᠳᠡᠭᠡ ᠲᠣᠰᠬᠤᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠬᠦ᠎ᠳᠤ᠂ ᠮᠠᠰᠢ ᠤᠯᠠᠨ ᠲᠣᠰᠬᠤᠨ᠎ᠳᠤ ᠨᠠᠰᠤᠲᠠᠶ᠋ᠢᠴᠤᠳ ᠪᠣᠯᠤᠨ ᠬᠡᠦᠬᠡᠳ᠎ᠢ ᠯᠡ ᠣᠯᠵᠤ ᠬᠠᠷᠠᠳᠠᠭ᠂ ᠵᠠᠯᠠᠭᠤᠴᠤᠳ ᠴᠥᠭᠡᠨ᠂ ᠵᠠᠯᠠᠭᠤ ᠢᠳᠡᠷ ᠡᠷᠡᠭᠲᠡᠶ᠋ᠢᠴᠦᠳ ᠨᠡᠩ ᠴᠤ᠌ ᠴᠥᠭᠡᠨ ᠪᠠᠶ᠋ᠢᠳᠠᠭ᠃ ᠬᠥᠳᠡᠭᠡ ᠲᠣᠰᠬᠤᠨ᠎ᠳᠠᠭᠠᠨ ᠦᠯᠡᠳᠡᠭᠰᠡᠨ᠎ᠨᠢ 〈ᠡᠮᠡᠭᠲᠡᠶ᠋ᠢᠴᠦᠳ ᠪᠠᠭ᠋ᠠᠴᠤᠳ ᠨᠠᠰᠤᠲᠠᠶ᠋ᠢᠴᠤᠳ᠎ᠤᠨ ᠪᠦᠯᠬᠦᠮ〉 ᠪᠤᠯᠤᠨ᠎ᠠ᠃ ᠭᠠᠳᠠᠭᠰᠢ ᠭᠠᠷᠤᠭᠰᠠᠨ᠎ᠨᠢ ᠨᠤᠲᠤᠭ᠎ᠲᠠᠭᠠᠨ ᠬᠠᠷᠢᠵᠤ ᠬᠥᠳᠡᠭᠡ ᠠᠵᠤ ᠠᠬᠤᠢ ᠡᠷᠬᠢᠯᠡᠬᠦ ᠳᠤᠷ᠎ᠠ ᠦᠭᠡᠢ᠂ ᠦᠯᠡᠳᠡᠭᠰᠡᠨ᠎ᠨᠢ ᠬᠥᠳᠡᠭᠡ ᠠᠵᠤ ᠠᠬᠤᠢ ᠵᠢ ᠰᠡᠳᠬᠢᠯ ᠲᠤᠬᠳᠠᠭᠤᠨ ᠡᠷᠬᠢᠯᠡᠬᠦ ᠦᠭᠡᠢ᠂ ᠳᠠᠬᠢᠭ᠋ᠠᠳ ᠠᠷᠪᠠᠨ ᠵᠢᠯ᠂ ᠬᠤᠷᠢᠨ ᠵᠢᠯ ᠥᠩᠭᠡᠷᠡᠪᠡᠯ ᠬᠡᠨ ᠲᠠᠷᠢᠶ᠎ᠠ ᠲᠠᠷᠢᠬᠤ ᠪᠤᠢ? ᠬᠥᠳᠡᠭᠡ ᠠᠵᠤ ᠠᠬᠤᠢ ᠵᠢ ᠵᠠᠯᠭ᠋ᠠᠮᠵᠢᠯᠠᠨ ᠬᠢᠬᠦ᠎ᠳᠤ ᠬᠥᠮᠦᠨ ᠳᠤᠲᠠᠬᠤ ᠠᠰᠠᠭᠤᠳᠠᠯ ᠪᠤᠯ ᠬᠦᠨᠳᠦ ᠨᠣᠴᠢᠲᠠᠶ ᠶᠤᠮ᠂ ᠡᠨᠡ ᠦᠨᠡᠬᠡᠷ ᠬᠡᠷᠡᠭ ᠦᠭᠡᠢ ᠤᠴᠢᠷ᠎ᠤᠨ ᠲᠥᠯᠥᠭᠡ ᠵᠣᠪᠠᠵᠤ ᠪᠠᠶ᠋ᠢᠭ᠎ᠠ ᠶᠠᠪᠤᠳᠠᠯ ᠪᠢᠰᠢ!》 2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ ᠵᠢᠭ᠋ᠠᠵᠤ ᠭᠠᠷᠭ᠋ᠠᠵᠠᠢ᠃
ᠶᠡᠷᠦᠩᠬᠡᠢ ᠱᠦᠵᠢ ᠰᠢ ᠵᠢᠨ ᠫᠢᠩ᠄ 《ᠠᠶ᠋ᠢᠯ ᠲᠣᠰᠬᠤᠨ ᠬᠤᠭᠤᠰᠣᠷᠠᠭᠰᠠᠨ ᠪᠠ 〈ᠭᠡᠷ᠎ᠲᠡᠭᠡᠨ ᠬᠤᠴᠤᠷᠤᠭᠰᠠᠨ ᠭᠤᠷᠪᠠᠨ ᠲᠦᠷᠦᠯ᠎ᠤᠨ ᠬᠦᠮᠦᠨ〉 ᠪᠣᠯ ᠨᠢᠭᠡ ᠠᠰᠠᠭᠤᠳᠠᠯ᠎ᠤᠨ ᠬᠤᠶᠠᠷ ᠲᠠᠯ᠎ᠠ ᠪᠣᠯᠤᠨ᠎ᠠ᠃ ᠭᠠᠳᠠᠷ ᠢᠯᠡᠷᠡᠯ᠎ᠨᠢ ᠲᠣᠰᠬᠤᠨ ᠬᠤᠭᠤᠰᠣᠷᠠᠵᠤ᠂ ᠮᠥᠨ ᠴᠢᠨᠠᠷ ᠳᠡᠭᠡᠷ᠎ᠡ᠎ᠪᠠᠨ ᠬᠥᠮᠦᠰ ᠪᠦᠯᠦᠭ ᠪᠦᠯᠦᠭ ᠵᠶ᠋ᠠᠷ ᠬᠥᠳᠡᠭᠡ ᠲᠣᠰᠬᠤᠨ᠎ᠠᠴᠠ ᠰᠠᠯᠤᠭᠰᠠᠨ ᠶᠠᠪᠤᠳᠠᠯ ᠪᠤᠯᠤᠨ᠎ᠠ᠃ ᠬᠥᠳᠡᠭᠡ ᠲᠣᠰᠬᠤᠨ ᠪᠣᠯ ᠮᠠᠨ᠎ᠤ ᠤᠯᠤᠰ᠎ᠤᠨ ᠤᠯᠠᠮᠵᠢᠯᠠᠯᠲᠤ ᠪᠣᠯᠪᠠᠰᠤᠨ᠎ᠤ ᠭᠤᠯᠤᠮᠳᠠ ᠮᠥᠨ᠂ ᠨᠤᠲᠤᠭ᠎ᠤᠨ ᠰᠣᠶᠣᠯ᠎ᠤᠨ ᠦᠨᠳᠦᠰᠦ ᠵᠢ ᠲᠠᠰᠤᠯᠵᠤ ᠪᠣᠯᠬᠤ ᠦᠭᠡᠢ᠂ ᠬᠥᠳᠡᠭᠡ ᠲᠣᠰᠬᠤᠨ᠎ᠢ ᠡᠵᠡᠭᠦᠢ ᠬᠥᠳᠡᠭᠡ ᠲᠣᠰᠬᠤᠨ᠂ ᠬᠤᠴᠤᠷᠴᠤ ᠦᠯᠡᠳᠡᠭᠰᠡᠨ ᠬᠥᠳᠡᠭᠡ ᠲᠣᠰᠬᠤᠨ᠂ ᠳᠤᠷᠠᠰᠤᠮᠵᠢ᠎ᠳᠠᠬᠢ ᠬᠠᠭᠤᠴᠢᠨ ᠨᠤᠲᠤᠭ ᠪᠣᠯᠭ᠋ᠠᠵᠤ ᠪᠣᠯᠬᠤ ᠦᠭᠡᠢ》 ᠭᠡᠵᠤ ᠴᠢᠬᠤᠯᠠᠴᠢᠯᠠᠵᠠᠢ᠃
2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠪᠢ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠳᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠦᠨ᠎ᠡ ᠭᠡᠵᠦ ᠳᠤᠷᠠᠳᠴᠠᠢ᠂ ᠡᠨᠡ ᠪᠣᠯ ᠨᠠᠮ᠎ᠤᠨ ᠲᠥᠪ ᠬᠤᠷᠢᠶ᠎ᠠ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠪᠦᠬᠦ ᠲᠠᠯ᠎ᠠ᠎ᠠᠴᠠ ᠪᠤᠳᠤᠯᠬᠢᠯᠠᠵᠤ᠂ 〈ᠬᠤᠣᠰ ᠵᠠᠭᠤᠨ ᠵᠢᠯ〉᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠲᠦᠭ ᠲᠦᠮᠡᠨ ᠲᠠᠷᠢᠶᠠᠴᠢᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠳᠤ ᠵᠤᠷᠢᠭᠤᠯᠤᠨ ᠭᠠᠷᠭ᠋ᠠᠭᠰᠠᠨ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠣᠯᠤᠨ᠎ᠠ᠃ ᠡᠨᠡ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠰᠠᠶ᠋ᠢᠲᠤᠷ ᠬᠢᠬᠦ ᠶᠡᠷᠦᠩᠬᠡᠢ ᠠᠳᠬᠤᠴᠠ ᠪᠣᠯᠤᠨ᠎ᠠ》 ᠭᠡᠵᠤ ᠵᠢᠭ᠋ᠠᠵᠤ ᠭᠠᠷᠭ᠋ᠠᠪᠠ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠳᠠᠭᠠᠨ᠄ 《ᠬᠥᠳᠡᠭᠡ ᠠᠵᠤ ᠠᠬᠤᠢ ᠬᠦᠴᠦᠷᠬᠡᠭ ᠡᠰᠡᠬᠦ᠂ ᠬᠥᠳᠡᠭᠡ ᠲᠣᠰᠬᠤᠨ ᠦᠵᠡᠰᠬᠦᠯᠡᠩᠲᠦ ᠰᠠᠶ᠋ᠢᠬᠠᠨ ᠡᠰᠡᠬᠦ᠂ ᠲᠠᠷᠢᠶᠠᠴᠢᠳ ᠪᠠᠶᠠᠨ ᠴᠢᠨᠡᠭᠡᠯᠢᠭ ᠡᠰᠡᠬᠦ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠴᠢᠨᠠᠷ ᠴᠢᠨᠰᠠᠭ᠎ᠠ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠶᠠᠰᠤ ᠴᠢᠨᠠᠷ᠎ᠢ ᠲᠣᠭᠲᠠᠭ᠋ᠠᠨ᠎ᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢᠨ ᠴᠢᠬᠤᠯᠠ ᠴᠢᠨᠠᠷ ᠪᠣᠯᠤᠨ ᠵᠠᠶ᠋ᠢᠯᠠᠰᠢ ᠦᠭᠡᠢ ᠴᠢᠨᠠᠷ᠎ᠢ ᠭᠦᠨᠵᠡᠭᠡᠢ ᠲᠠᠨᠢᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠯᠠᠪᠳᠠᠭᠤᠨ ᠪᠠᠲᠤᠲᠠᠢ ᠰᠠᠶ᠋ᠢᠲᠤᠷ ᠬᠡᠷᠡᠭᠵᠢᠭᠦᠯᠬᠦ ᠬᠡᠷᠡᠭᠲᠡᠢ》 ᠭᠡᠵᠤ ᠴᠢᠬᠤᠯᠠᠴᠢᠯᠠᠵᠠᠢ᠃
2018 ᠣᠨ᠎ᠤ 9 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠶ᠋ᠢᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠪᠢ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠬᠡᠯ᠎ᠳᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠎ᠳᠤ ᠬᠤᠷᠢᠶᠠᠩᠭᠤᠶ᠋ᠢᠯᠠᠯ ᠬᠢᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠠᠵᠤ ᠦᠢ᠍ᠯᠡᠰ᠎ᠨᠢ ᠬᠥᠭᠵᠢᠭᠰᠡᠨ᠂ ᠠᠮᠢ ᠠᠬᠤᠢ᠎ᠨᠢ ᠣᠷᠣᠰᠢᠨ ᠰᠠᠭᠤᠬᠤ᠎ᠳᠤ ᠲᠤᠬᠢᠷᠠᠮᠵᠢᠳᠠᠢ᠂ ᠨᠤᠲᠤᠭ᠎ᠤᠨ ᠰᠤᠷᠲᠠᠯ᠎ᠨᠢ ᠪᠣᠯᠪᠠᠰᠤᠨ᠂ ᠵᠠᠰᠠᠯᠲᠠ᠎ᠨᠢ ᠪᠦᠲᠦᠮᠵᠢᠲᠡᠢ᠂ ᠠᠮᠢᠳᠤᠷᠠᠯ᠎ᠨᠢ ᠪᠠᠶᠠᠨ ᠴᠢᠨᠡᠭᠡᠯᠢᠭ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠮᠵᠢ ᠲᠣᠭᠲᠡᠴᠡ ᠪᠣᠯᠤᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠡᠭᠦᠨ᠎ᠳᠤ᠂ ᠬᠥᠳᠡᠭᠡ ᠠᠵᠤ ᠠᠬᠤᠶ ᠬᠥᠳᠡᠭᠡ ᠲᠣᠰᠬᠤᠨ᠎ᠤ ᠣᠳᠣᠬᠢᠴᠢᠯᠠᠯᠲᠠ ᠪᠣᠯ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠶᠡᠷᠦᠩᠬᠡᠶ ᠬᠠᠷᠠᠯᠲᠠ ᠮᠥᠨ᠂ ᠬᠥᠳᠡᠭᠡ ᠠᠵᠤ ᠠᠬᠤᠶ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠬᠤ ᠪᠣᠯ ᠶᠡᠷᠦᠩᠬᠡᠶ ᠴᠢᠭᠯᠡᠯᠲᠡ ᠮᠥᠨ᠂ ᠠᠵᠤ ᠦᠢᠯᠡᠰ᠎ᠨᠢ ᠬᠥᠭᠵᠢᠭᠰᠡᠨ᠂ ᠠᠮᠢ ᠠᠬᠤᠶ᠎ᠨᠢ ᠣᠷᠣᠰᠢᠨ ᠰᠠᠭᠤᠬᠤ᠎ᠳᠤ ᠲᠣᠬᠢᠷᠠᠮᠵᠢᠲᠠᠶ᠂ ᠨᠤᠲᠤᠭ᠎ᠤᠨ ᠰᠤᠷᠲᠠᠯ᠎ᠨᠢ ᠪᠣᠯᠪᠠᠰᠤᠨ᠂ ᠵᠠᠰᠠᠯᠲᠠ᠎ᠨᠢ ᠪᠦᠲᠦᠮᠵᠢᠲᠡᠶ᠂ ᠠᠮᠢᠳᠤᠷᠠᠯ᠎ᠨᠢ ᠪᠠᠶᠠᠨ ᠴᠢᠨᠡᠭᠡᠯᠢᠭ ᠪᠠᠶ᠋ᠢᠬᠤ ᠪᠣᠯ ᠶᠡᠷᠦᠩᠬᠡᠶ ᠱᠠᠭ᠋ᠠᠷᠳᠠᠯᠭ᠎ᠠ ᠮᠥᠨ᠂ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠮᠵᠢ ᠲᠣᠭᠲᠡᠴᠡ ᠪᠠ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠬᠦ ᠪᠣᠯ ᠲᠦᠷᠢᠮ᠎ᠤᠨ ᠪᠠᠲᠤᠯᠠᠭ᠎ᠠ ᠮᠥᠨ》 ᠭᠡᠵᠤ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠣᠳᠣᠬᠢᠴᠢᠯᠠᠯᠲᠠ ᠵᠢᠨ ᠠᠬᠢᠴᠠ ᠳᠤᠮᠳᠠ᠂ ᠬᠤᠲᠠ ᠵᠢᠨ ᠬᠤᠪᠢ ᠵᠢᠨ ᠵᠢᠩ ᠳᠡᠭᠡᠭᠰᠢᠯᠡᠵᠦ᠂ ᠬᠦᠳᠡᠭᠡ ᠲᠤᠰᠬᠤᠨ᠎ᠤ ᠬᠤᠪᠢ ᠵᠢᠨ ᠵᠢᠩ ᠪᠠᠭᠤᠷᠠᠬᠤ ᠪᠣᠯ ᠪᠤᠰᠤᠳᠴᠢ ᠵᠢᠮ᠎ᠡ ᠶᠣᠰᠣ ᠮᠥᠨ᠂ ᠭᠡᠪᠡᠴᠦ ᠮᠠᠨ᠎ᠤ ᠤᠯᠤᠰ 14 ᠳ᠋ᠦᠩᠰᠢᠭᠤᠷ ᠰᠢᠬᠠᠮ ᠬᠥᠮᠦᠨ ᠠᠮᠠ᠎ᠲᠠᠢ ᠪᠠᠶ᠋ᠢᠳᠠᠯ ᠳᠣᠣᠷ᠎ᠠ᠂ ᠠᠵᠤ ᠦᠢ᠍ᠯᠡᠳᠪᠦᠷᠢᠵᠢᠯᠲᠡ᠂ ᠬᠤᠲᠠ ᠪᠠᠯᠭ᠋ᠠᠰᠤᠵᠢᠯᠲᠠ ᠵᠢᠨ ᠠᠬᠢᠴᠠ ᠶᠠᠮᠠᠷ ᠠᠯᠬᠤᠮ᠎ᠳᠤ ᠬᠦᠷᠦᠭᠰᠡᠨ ᠴᠦ᠍ ᠲᠠᠷᠢᠶᠠᠯᠠᠩ ᠪᠦᠷ ᠬᠥᠭᠵᠢᠬᠦ ᠶᠤᠰᠤᠲᠠᠢ᠂ ᠬᠥᠳᠡᠭᠡ ᠲᠣᠰᠬᠤᠨ ᠤᠰᠠᠳᠬᠤ ᠦᠭᠡᠢ ᠶᠤᠮ᠂ ᠬᠤᠲᠠ ᠬᠥᠳᠡᠭᠡ ᠤᠷᠲᠤ ᠬᠤᠭᠤᠴᠠᠭ᠎ᠠ᠎ᠪᠠᠷ ᠵᠡᠷᠭᠡᠴᠡᠨ ᠣᠷᠣᠰᠢᠬᠤ ᠪᠣᠯᠤᠨ᠎ᠠ᠂ ᠡᠨᠡ ᠪᠣᠯ ᠪᠠᠰᠠ ᠴᠤ᠌ ᠪᠤᠰᠤᠳᠴᠢ ᠵᠢᠮ᠎ᠡ ᠶᠣᠰᠣ ᠮᠥᠨ᠃ ᠮᠠᠨ᠎ᠤ ᠤᠯᠤᠰ᠎ᠤᠨ ᠬᠤᠳᠠ ᠪᠠᠯᠭ᠋ᠠᠰᠣᠵᠢᠯᠳᠡ ᠵᠢᠨ ᠨᠣᠷᠮ᠎ᠠ 70%᠎ᠳᠤ ᠬᠥᠷᠥᠭᠰᠡᠨ ᠴᠦ᠍ ᠬᠥᠳᠡᠭᠡ ᠲᠣᠰᠬᠤᠨ᠎ᠳᠤ ᠮᠥᠨ ᠯᠡ 4 ᠳ᠋ᠦᠩᠰᠢᠭᠤᠷ ᠭᠠᠷᠤᠢ ᠬᠥᠮᠦᠨ ᠠᠮᠠ ᠪᠤᠢ᠃ ᠬᠡᠷᠪᠡ ᠣᠳᠣᠬᠢᠴᠢᠯᠠᠯᠲᠠ ᠵᠢᠨ ᠠᠬᠢᠴᠠ᠎ᠳᠤ ᠬᠥᠳᠡᠭᠡ ᠲᠣᠰᠬᠤᠨ᠎ᠤ 4 ᠳ᠋ᠦᠩᠰᠢᠭᠤᠷ ᠭᠠᠷᠤᠢ ᠬᠥᠮᠦᠨ᠎ᠢ ᠣᠷᠬᠢᠭᠳᠠᠭᠤᠯᠴᠢᠬᠠᠪᠠᠯ᠂ ᠡᠴᠦᠰ᠎ᠲᠡᠭᠡᠨ 〈ᠨᠢᠭᠡ ᠲᠠᠯ᠎ᠠ᠎ᠨᠢ ᠴᠡᠴᠡᠭᠯᠡᠨ ᠬᠥᠭᠵᠢᠭᠰᠡᠨ ᠬᠤᠳᠠ᠂ ᠨᠦᠭᠦᠭᠡ ᠲᠠᠯ᠎ᠠ᠎ᠨᠢ ᠤᠷᠤᠭᠤᠳᠠᠨ ᠲᠤᠷᠦ᠋ᠢ᠍ᠳᠠᠭᠰᠠᠨ ᠬᠥᠳᠡᠭᠡ ᠲᠣᠰᠬᠤᠨ〉 ᠪᠤᠯᠤᠨ᠎ᠠ᠂ ᠡᠨᠡ᠎ᠨᠢ ᠮᠠᠨ᠎ᠤ ᠨᠠᠮ᠎ᠤᠨ ᠲᠦᠷᠦ ᠪᠠᠷᠢᠬᠤ ᠵᠣᠷᠢᠯᠲᠠ᠎ᠲᠠᠢ ᠨᠡᠶ᠋ᠢᠴᠡᠬᠦ ᠦᠭᠡᠢ ᠮᠥᠷᠲᠡᠭᠡᠨ ᠨᠡᠶ᠋ᠢᠭᠡᠮ ᠵᠢᠷᠤᠮ᠎ᠤᠨ ᠮᠥᠨ ᠴᠢᠨᠠᠷ᠎ᠤᠨ ᠱᠠᠭ᠋ᠠᠷᠳᠠᠯᠭ᠎ᠠ᠎ᠲᠠᠢ ᠴᠤ᠌ ᠨᠡᠶ᠋ᠢᠴᠡᠬᠦ ᠦᠭᠡᠢ ᠶᠤᠮ᠃ ᠡᠶ᠋ᠢᠮᠦ ᠣᠳᠣᠬᠢᠴᠢᠯᠠᠯᠲᠠ ᠠᠮᠵᠢᠯᠲᠠ ᠣᠯᠵᠤ ᠴᠢᠳᠠᠬᠤ ᠦᠭᠡᠢ ᠶᠤᠮ! 40 ᠵᠢᠯ᠎ᠤᠨ ᠡᠮᠦᠨ᠎ᠡ᠂ ᠪᠢᠳᠡ ᠬᠥᠳᠡᠭᠡ ᠲᠣᠰᠬᠤᠨ᠎ᠤ ᠥᠭᠡᠷᠡᠴᠢᠯᠡᠯᠲᠡ᠎ᠪᠠᠷ ᠳᠠᠮᠵᠢᠨ ᠥᠭᠡᠷᠡᠴᠢᠯᠡᠯᠲᠡ ᠨᠡᠬᠡᠬᠡᠯᠳᠡ ᠵᠢᠨ ᠬᠥᠰᠢᠭᠡ ᠵᠢ ᠰᠡᠬᠦᠪᠡ᠃ 40 ᠵᠢᠯ᠎ᠤᠨ ᠳᠠᠷᠠᠭ᠋ᠠᠬᠢ ᠥᠨᠥᠳᠦᠷ᠂ ᠪᠢᠳᠡ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠪᠠᠷ ᠳᠠᠮᠵᠢᠨ ᠬᠤᠲᠠ ᠬᠥᠳᠡᠭᠡ ᠵᠢᠨ ᠠᠭᠤᠰᠤᠯᠴᠠᠨ ᠬᠥᠭᠵᠢᠬᠦ ᠪᠠ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠨᠡᠭᠡᠭᠡᠪᠡᠯ ᠵᠣᠬᠢᠨ᠎ᠠ》 ᠭᠡᠵᠤ ᠴᠢᠬᠤᠯᠠᠴᠢᠯᠠᠵᠠᠢ᠃
《ᠤᠳᠤᠷᠢᠳᠬᠤ ᠺᠠᠳ᠋ᠷᠴᠤᠳ ᠬᠡᠬᠦᠳᠡᠭ ᠴᠡᠭᠡᠵᠢᠨ᠎ᠳᠡᠭᠡᠨ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ ᠵᠢ ᠪᠣᠳᠣᠯᠬᠢᠯᠠᠬᠤ ᠬᠡᠷᠡᠭᠲᠡᠢ ᠭᠡᠵᠦ ᠪᠢ ᠦᠷᠭᠦᠯᠵᠢ ᠶᠠᠷᠢᠳᠠᠭ᠃ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠲᠡᠦᠬᠡ ᠵᠢᠨ ᠪᠣᠭᠤᠮᠲᠠ ᠳᠡᠭᠡᠷ᠎ᠡ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠵᠢ ᠨᠢᠭᠡᠨᠲᠡ ᠪᠡᠶᠡᠯᠡᠭᠦᠯᠦᠭᠰᠡᠨ ᠪᠠᠶ᠋ᠢᠳᠠᠯ ᠳᠣᠣᠷ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠨᠢ ᠳᠡᠯᠡᠬᠡᠢ ᠵᠢᠨ ᠤᠷᠪᠠᠭ᠋ᠠᠨ ᠬᠥᠷᠪᠡᠭᠡᠨᠢ ᠬᠤᠷᠴᠠᠳᠬᠠᠭᠰᠠᠨ ᠣᠨᠴᠠᠭ᠋ᠠᠢ ᠴᠠᠭ ᠮᠥᠴᠡ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠬᠦ ᠪᠣᠯ ᠪᠦᠬᠦ ᠨᠠᠮ ᠵᠶ᠋ᠠᠷ ᠵᠶ᠋ᠠᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠶᠤᠰᠤᠳᠠᠢ ᠶᠡᠭᠡ ᠲᠠᠯ᠎ᠠ᠎ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠪᠣᠯᠤᠨ᠎ᠠ》 ᠭᠡᠵᠤ 2020 ᠣᠨ᠎ᠤ 12 ᠰᠠᠷ᠎ᠠ ᠵᠢᠨ 28᠎ᠤ ᠡᠳᠦᠷ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠢᠯᠠᠯᠲᠠ ᠣᠯᠤᠭᠰᠠᠨ᠎ᠤ ᠲᠠᠷᠠᠭ᠎ᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠂ ᠡᠨᠡ ᠪᠣᠯ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠭᠤᠣᠯᠳᠠᠯᠭ᠎ᠠ ᠵᠢᠨ ᠲᠡᠦᠬᠡᠲᠦ ᠴᠢᠨᠠᠷᠲᠠᠢ ᠰᠢᠯᠵᠢᠯᠲᠡ ᠪᠣᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠡᠷᠡᠰ ᠰᠠᠬᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠰᠠᠶ᠋ᠢᠲᠤᠷ ᠬᠢᠵᠦ᠂ ᠠᠵᠢᠯ᠎ᠢ ᠬᠤᠭᠤᠰᠣᠨ ᠪᠠᠶ᠋ᠢᠯᠭ᠋ᠠᠬᠤ ᠦᠭᠡᠢ᠂ ᠲᠦᠷᠦ ᠵᠢᠨ ᠪᠤᠳᠤᠯᠭ᠎ᠠ ᠵᠢ ᠬᠤᠭᠤᠰᠣᠨ ᠪᠠᠶ᠋ᠢᠯᠭ᠋ᠠᠬᠤ ᠦᠭᠡᠢ ᠪᠠᠶ᠋ᠢᠬᠤ ᠬᠡᠷᠡᠭᠲᠡᠢ》 ᠭᠡᠵᠤ ᠴᠢᠬᠤᠯᠠᠴᠢᠯᠠᠪᠠ᠃
ᠡᠨᠡ ᠵᠢᠯ᠎ᠤᠨ 2 ᠰᠠᠷ᠎ᠠ ᠵᠢᠨ 3᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠭᠦᠢ᠍ᠵᠧᠦ ᠵᠢᠨ ᠪᠢᠵᠢᠶ᠋ᠤ ᠬᠤᠳᠠ ᠵᠢᠨ ᠴᠢᠶᠠᠨ ᠰᠢ ᠰᠢᠶᠠᠨ᠎ᠤ ᠰᠢᠨ ᠷᠧᠨ ᠮᠢᠶᠣᠣ ᠦᠨᠳᠦᠰᠦᠲᠡᠨ᠎ᠤ ᠰᠢᠶᠠᠩ᠎ᠤᠨ ᠬᠤᠸᠠ ᠡᠤ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠄ 《ᠡᠨᠡ ᠵᠢᠯ ᠪᠢᠳᠡ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠠᠭᠤᠤ ᠶᠡᠭᠡ ᠢᠯᠠᠯᠲᠠ ᠵᠢ ᠤᠭᠲᠤᠨ ᠠᠪᠬᠤ ᠪᠣᠯᠤᠨ᠎ᠠ᠃ ᠳᠤᠮᠳᠠᠳᠤ ᠵᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠦᠨ᠂ ᠲᠠᠪᠢᠨ ᠵᠢᠷᠭᠤᠭ᠋ᠠᠨ ᠦᠨᠳᠦᠰᠦᠲᠡᠨ ᠲᠠᠪᠢᠨ ᠵᠢᠷᠭᠤᠭ᠋ᠠᠨ ᠪᠤᠳᠠ ᠴᠡᠴᠡᠭ᠃ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ; ᠨᠡᠶ᠋ᠢᠭᠡᠮ ᠵᠢᠷᠤᠮᠳᠤ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠶᠠᠳᠠᠭᠤ᠎ᠠᠴᠠ ᠠᠩᠭᠢᠵᠢᠷᠠᠭᠰᠠᠨᠤ ᠳᠠᠷᠠᠭ᠎ᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠨᠤᠲᠤᠭ᠎ᠤᠨ ᠠᠬ᠎ᠠ ᠳᠡᠭᠦᠦ ᠨᠡᠷ ᠦᠷᠭᠦᠯᠵᠢᠯᠡᠨ ᠴᠢᠷᠮᠠᠶ᠋ᠢᠨ ᠲᠡᠮᠡᠴᠡᠵᠦ᠂ ᠬᠥᠳᠡᠭᠡ ᠲᠣᠰᠬᠤᠨ᠎ᠤ ᠠᠵᠤ ᠦᠢ᠍ᠯᠡᠰ᠎ᠢ ᠨᠡᠩ ᠰᠠᠶ᠋ᠢᠲᠤᠷᠬᠥᠭᠵᠢᠭᠦᠯᠵᠦ᠂ ᠬᠥᠳᠡᠭᠡ ᠲᠣᠰᠬᠤᠨ᠎ᠢ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠳᠦᠭᠡᠨ ᠪᠠᠶ᠋ᠢᠭᠤᠯᠬᠤ ᠵᠢ ᠬᠦᠰᠡᠵᠦ ᠪᠠᠶ᠋ᠢᠨ᠎ᠠ》 ᠭᠡᠵᠤ ᠵᠢᠭ᠋ᠠᠵᠤ ᠭᠠᠷᠭ᠋ᠠᠵᠠᠢ᠃
ᠡᠨᠡ ᠵᠢᠯ᠎ᠤᠨ 2 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠎ᠢ ᠳ᠋ᠦᠩᠨᠡᠵᠤ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠴᠢᠬᠤᠯᠠ ᠶᠡᠭᠡ ᠡᠭᠦᠷᠭᠡ ᠮᠥᠨ᠃ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠰᠢᠨ᠎ᠡ ᠪᠠᠶ᠋ᠢᠳᠠᠯ᠂ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢᠨ ᠲᠣᠭᠤᠷᠢᠨ᠎ᠳᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠲᠤᠳᠤᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠦᠷᠢᠶ᠎ᠡ ᠵᠢ ᠦᠷᠭᠦᠯᠵᠢᠯᠡᠨ ᠪᠠᠭ᠋ᠠᠰᠬᠠᠵᠤ᠂ ᠣᠷᠣᠯᠭ᠎ᠠ ᠪᠠᠭ᠋ᠠᠲᠠᠢ ᠬᠥᠮᠦᠨ ᠠᠮᠠ ᠪᠣᠯᠤᠨ ᠬᠥᠭᠵᠢᠭᠡᠳᠦᠢ ᠭᠠᠵᠠᠷ ᠣᠷᠣᠨ᠎ᠳᠤ ᠬᠥᠭᠵᠢᠯᠲᠡ ᠵᠢᠨ ᠦᠷ᠎ᠡ ᠪᠦᠲᠦᠭᠡᠯ᠎ᠢ ᠡᠳ᠋ᠯᠡᠭᠦᠯᠵᠦ᠂ ᠣᠳᠣᠬᠢᠴᠢᠯᠠᠯᠲᠠ ᠵᠢᠨ ᠠᠬᠢᠴᠠ ᠳᠤᠮᠳᠠ ᠲᠡᠲᠡᠨᠤᠰ᠎ᠤᠨ ᠡᠩᠨᠡᠭᠡ᠎ᠠᠴᠠ ᠬᠤᠴᠣᠷᠬᠤ ᠦᠭᠡᠢ᠂ ᠬᠥᠭᠡᠭᠡᠵᠦ ᠭᠦᠢ᠍ᠴᠡᠬᠦ ᠵᠢ ᠪᠠᠳᠤᠯᠠᠬᠤ ᠬᠡᠷᠡᠭᠲᠡᠢ》 ᠭᠡᠵᠤ ᠴᠢᠬᠤᠯᠠᠴᠢᠯᠠᠪᠠ᠃
《ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ ᠪᠣᠯ 〈ᠤᠯᠤᠰ᠎ᠤᠨ ᠶᠡᠭᠡ ᠶᠠᠪᠤᠳᠠᠯ〉 ᠮᠥᠨ》᠂ ᠡᠨᠡ ᠵᠢᠯ᠎ᠤᠨ 4 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠭᠤᠸᠠᠩᠰᠢ ᠵᠢᠨ ᠭᠦᠢ᠍ᠯᠢᠨ ᠬᠤᠳᠠ ᠵᠢᠨ ᠴᠢᠤᠸᠠᠨ ᠵᠧᠦ ᠰᠢᠶᠠᠨ᠎ᠤ ᠼᠠᠢ ᠸᠠᠨ ᠪᠠᠯᠭ᠋ᠠᠰᠤᠨ᠎ᠤ ᠮᠤᠤ ᠵᠦ᠍ ᠱᠠᠨ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ᠎ᠨᠢ ᠴᠥᠮ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠎ᠠᠴᠠ ᠳᠣᠣᠷ᠎ᠠ ᠦᠭᠡᠢ ᠶᠤᠮ᠂ ᠶᠠᠭ᠋ᠠᠬᠢᠭᠰᠠᠨ ᠴᠤ᠌ ᠠᠮᠠᠷᠠᠭ᠋ᠠᠳ ᠠᠪᠤᠶ᠎ᠠ᠂ ᠠᠮᠤᠰᠬᠢᠭᠡᠳ ᠤᠷᠤᠶ᠎ᠠ ᠭᠡᠬᠦ ᠪᠤᠳᠤᠯ ᠣᠷᠣᠵᠤ ᠪᠣᠯᠬᠤ ᠦᠭᠡᠢ᠂ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠪᠦᠬᠦ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠵᠤ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠭ᠋ᠠᠬᠤ ᠬᠡᠷᠡᠭᠲᠡᠢ》 ᠭᠡᠵᠤ ᠴᠢᠬᠤᠯᠠᠴᠢᠯᠠᠵᠠᠢ᠃
ᠡᠨᠡ ᠵᠢᠯ᠎ᠤᠨ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠲᠥᠪᠡᠳ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ᠄ 《ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠤᠯᠠᠨ ᠲᠦᠮᠡᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠳᠤ ᠠᠩᠬᠠᠷᠤᠯ ᠵᠶ᠋ᠠᠨ ᠨᠡᠩ ᠲᠥᠪᠯᠡᠷᠡᠭᠦᠯᠵᠦ᠂ ᠠᠵᠢᠯ ᠣᠯᠭᠤᠯᠲᠠ᠂ ᠰᠤᠷᠭ᠋ᠠᠨ ᠬᠥᠮᠦᠵᠢᠯ᠂ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠬᠡᠦᠬᠡᠳ᠎ᠤᠨ ᠴᠡᠴᠡᠷᠯᠢᠭ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠶ᠋ᠢᠲᠤᠷ ᠬᠢᠵᠦ᠂ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠎ᠢ ᠨᠡᠩ ᠭᠦᠢ᠍ᠴᠡᠳ᠂ ᠵᠢᠷᠭ᠋ᠠᠯᠲᠤ ᠲᠦᠷᠦᠭᠳᠡᠯ᠎ᠢ ᠨᠡᠩ ᠦᠷᠭᠦᠯᠵᠢᠯᠡᠭᠦᠯᠵᠤ᠂ ᠠᠮᠤᠷ ᠲᠦᠪᠰᠢᠨ᠎ᠤ ᠲᠦᠷᠦᠭᠳᠡᠯ᠎ᠢ ᠨᠡᠩ ᠪᠠᠲᠤᠯᠠᠭ᠎ᠠ᠎ᠲᠠᠢ ᠪᠣᠯᠭ᠋ᠠᠬᠤ ᠬᠡᠷᠡᠭᠲᠡᠢ》 ᠭᠡᠵᠤ ᠴᠢᠬᠤᠯᠠᠴᠢᠯᠠᠪᠠ᠃
ᠠᠵᠤ ᠦᠢᠯᠡᠳᠪᠦᠷᠢ᠎ᠪᠠᠷ ᠬᠦᠳᠡᠭᠡ ᠠᠵᠤ ᠠᠬᠤᠢ ᠵᠢ ᠠᠬᠢᠭᠤᠯᠬᠤ᠂ ᠬᠤᠲᠠ᠎ᠪᠠᠷ ᠬᠥᠳᠡᠭᠡ ᠵᠢ ᠳᠠᠶ᠋ᠢᠴᠢᠯᠠᠬᠤ᠂ ᠠᠵᠤ ᠦᠢᠯᠡᠳᠪᠦᠷᠢ ᠬᠦᠳᠡᠭᠡ ᠠᠵᠤ ᠠᠬᠤᠢ ᠬᠠᠷᠢᠯᠴᠠᠨ ᠠᠰᠢᠭ ᠬᠦᠷᠲᠡᠭᠡᠬᠦ᠂ ᠬᠤᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠰᠢᠨ᠎ᠠ ᠮᠠᠶᠢᠭ᠎ᠤᠨ ᠠᠵᠤ ᠦᠢᠯᠡᠳᠪᠦᠷᠢ ᠬᠦᠳᠡᠭᠡ ᠠᠵᠤ ᠠᠬᠤᠢ ᠬᠤᠲᠠ ᠬᠥᠳᠡᠭᠡ ᠵᠢᠨ ᠬᠠᠷᠢᠴᠠᠭ᠎ᠠ ᠵᠢ ᠪᠠᠶ᠋ᠢᠭᠤᠯᠬᠤ ᠬᠡᠷᠡᠭᠳᠠᠢ
ᠬᠦᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠪᠠᠶ᠋ᠢᠬᠤ ᠦᠭᠡᠢ ᠪᠣᠯ ᠪᠦᠬᠦ᠋ᠢ᠍ᠯᠡ ᠤᠯᠤᠰ ᠣᠷᠣᠨ᠎ᠤ ᠣᠳᠣᠬᠢᠴᠢᠯᠠᠯᠲᠠ ᠪᠠᠶ᠋ᠢᠵᠤ ᠴᠢᠳᠠᠬᠤ ᠦᠭᠡᠢ᠃ ᠬᠤᠳᠠ ᠬᠥᠳᠡᠭᠡ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ ᠴᠢᠳᠠᠬᠤ ᠡᠰᠡᠬᠦ᠎ᠨᠢ ᠨᠡᠶ᠋ᠢᠭᠡᠮ ᠵᠢᠷᠤᠮᠳᠤ ᠣᠳᠣᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠲᠠ ᠵᠢᠨ ᠪᠦᠬᠦ ᠲᠠᠯ᠎ᠠ᠎ᠳᠤ ᠬᠤᠯᠪᠤᠭᠳᠠᠨ᠎ᠠ᠃
ᠶᠡᠷᠦᠩᠬᠡᠢ ᠱᠦᠵᠢ ᠰᠢ ᠵᠢᠨ ᠫᠢᠩ᠄ 《ᠬᠤᠳᠠ ᠬᠥᠳᠡᠭᠡ ᠵᠢᠨ ᠬᠥᠭᠵᠢᠯᠲᠡ ᠵᠢ ᠨᠢᠭᠡ ᠴᠤᠭᠴᠠᠵᠢᠭᠤᠯᠬᠤ ᠵᠢ ᠠᠬᠢᠭᠤᠯᠬᠤ ᠪᠣᠯ ᠠᠵᠤ ᠦᠢ᠍ᠯᠡᠳᠪᠦᠷᠢᠵᠢᠯᠲᠡ᠂ ᠬᠤᠳᠠ ᠪᠠᠯᠭ᠋ᠠᠰᠤᠵᠢᠯᠳᠠ᠂ ᠬᠦᠳᠡᠭᠡ ᠠᠵᠤ ᠠᠬᠤᠢ ᠵᠢᠨ ᠣᠳᠣᠬᠢᠴᠢᠯᠠᠯᠲᠠ ᠵᠣᠬᠢᠬᠤ ᠱᠠᠲᠤᠨ᠎ᠳᠤ ᠬᠦᠷᠲᠡᠯ᠎ᠡ ᠬᠥᠭᠵᠢᠭᠰᠡᠨ᠎ᠤ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠤᠯᠤᠰ ᠣᠷᠣᠨ᠎ᠤ ᠣᠳᠣᠬᠢᠴᠢᠯᠠᠯᠲᠠ ᠵᠢᠨ ᠴᠢᠬᠤᠯᠠ ᠪᠡᠯᠭᠡ ᠲᠡᠮᠳᠡᠭ ᠮᠥᠨ》 ᠭᠡᠵᠤ ᠵᠢᠭ᠋ᠠᠵᠤ ᠭᠠᠷᠭ᠋ᠠᠵᠠᠢ᠃
2013 ᠣᠨ᠎ᠤ 11 ᠰᠠᠷ᠎ᠠ ᠵᠢᠨ 9᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ 《〈ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ〉᠎ᠤᠨ ᠲᠤᠬᠠᠢ ᠲᠣᠳᠣᠷᠬᠠᠶ᠋ᠢᠯᠠᠯᠲᠠ》᠎ᠳᠤ᠄ 《ᠬᠤᠳᠠ ᠬᠥᠳᠡᠭᠡ ᠵᠢᠨ ᠬᠥᠭᠵᠢᠯᠲᠡ ᠲᠡᠩᠴᠡᠭᠦᠷᠢ ᠦᠭᠡᠢ ᠵᠣᠬᠢᠴᠠᠩᠭᠤᠢ ᠦᠭᠡᠢ ᠪᠠᠶ᠋ᠢᠬᠤ ᠪᠣᠯ ᠮᠠᠨ᠎ᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠣᠷᠣᠰᠢᠵᠤ ᠪᠠᠶ᠋ᠢᠭ᠎ᠠ ᠲᠤᠪᠤᠶ᠋ᠢᠮ᠎ᠠ ᠵᠥᠷᠢᠴᠡᠯ ᠮᠥᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠲᠦᠷᠭᠡᠨ ᠠᠬᠢᠭᠤᠯᠬᠤ᠎ᠳᠤ ᠡᠷᠬᠡᠪᠰᠢ ᠰᠢᠢ᠍ᠳᠪᠦᠷᠢᠯᠡᠬᠦ ᠬᠡᠷᠡᠭᠲᠡᠢ ᠴᠢᠬᠤᠯᠠ ᠶᠡᠭᠡ ᠠᠰᠠᠭᠤᠳᠠᠯ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢ᠂ ᠮᠠᠨ᠎ᠤ ᠤᠯᠤᠰ᠎ᠤᠨ ᠬᠥᠳᠡᠭᠡ ᠲᠣᠰᠬᠤᠨ᠎ᠤ ᠳᠦᠷᠰᠦ ᠪᠠᠶ᠋ᠢᠳᠠᠯ᠎ᠳᠤ ᠲᠩᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠪᠠ᠃ ᠭᠡᠪᠡᠴᠦ ᠬᠤᠳᠠ ᠬᠥᠳᠡᠭᠡ ᠵᠢᠨ ᠬᠤᠶᠠᠷ ᠡᠰᠢᠲᠦ ᠪᠦᠲᠦᠴᠡ᠎ᠳᠤ ᠦᠨᠳᠦᠰᠦᠨ ᠬᠤᠪᠢᠷᠠᠯᠲᠠ ᠭᠠᠷᠤᠭᠰᠠᠨ ᠦᠭᠡᠢ᠂ ᠬᠤᠳᠠ ᠬᠥᠳᠡᠭᠡ ᠵᠢᠨ ᠬᠥᠭᠵᠢᠯᠲᠡ ᠵᠢᠨ ᠵᠦᠷᠢᠶ᠎ᠡ ᠲᠠᠰᠤᠷᠠᠯᠳᠠ ᠦᠭᠡᠢ ᠶᠡᠬᠡᠰᠬᠦ ᠬᠠᠨᠳᠤᠰᠢ᠎ᠳᠤ ᠦᠨᠳᠦᠰᠦᠨ ᠬᠤᠪᠢᠷᠠᠯᠲᠠ ᠭᠠᠷᠤᠭᠰᠠᠨ ᠦᠭᠡᠢ᠃ ᠡᠳᠡᠭᠡᠷ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ᠎ᠳᠤ ᠡᠷᠬᠡᠪᠰᠢ ᠬᠤᠲᠠ ᠬᠥᠳᠡᠭᠡ ᠵᠢᠨ ᠬᠥᠭᠵᠢᠯᠲᠡ ᠵᠢ ᠨᠢᠭᠡ ᠴᠣᠭᠴᠠᠵᠢᠭᠤᠯᠬᠤ ᠵᠢ ᠠᠬᠢᠭᠤᠯᠬᠤ ᠬᠡᠷᠡᠭᠲᠡᠢ》 ᠭᠡᠵᠤ ᠵᠢᠭ᠋ᠠᠵᠤ ᠭᠠᠷᠭ᠋ᠠᠵᠠᠢ᠃
2013 ᠣᠨ᠎ᠤ 12 ᠰᠠᠷ᠎ᠠ ᠵᠢᠨ 12᠎ᠤᠨ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠤᠲᠠ ᠪᠠᠯᠭ᠋ᠠᠰᠤᠵᠢᠯᠲᠠ ᠵᠢᠨ ᠠᠵᠢᠯ᠎ᠤᠨ ᠬᠤᠷᠠᠯ ᠳᠡᠭᠡᠷ᠎ᠡ᠄ 《ᠬᠤᠲᠠ ᠪᠠᠯᠭ᠋ᠠᠰᠤᠵᠢᠯᠲᠠ ᠪᠣᠯ ᠬᠤᠲᠠ ᠬᠥᠳᠡᠭᠡ ᠵᠢᠨ ᠵᠣᠬᠢᠴᠠᠩᠭᠤᠢ ᠬᠥᠭᠵᠢᠯᠲᠡ ᠵᠢᠨ ᠶᠠᠪᠤᠴᠠ ᠮᠥᠨ᠃ ᠬᠥᠳᠡᠭᠡ ᠲᠣᠰᠬᠤᠨ᠎ᠤ ᠬᠥᠭᠵᠢᠯᠲᠡ ᠪᠠᠶ᠋ᠢᠬᠤ ᠦᠭᠡᠢ ᠪᠣᠯ ᠬᠤᠲᠠ ᠪᠠᠯᠭ᠋ᠠᠰᠤᠵᠢᠯᠲᠠ ᠦᠨᠳᠦᠰᠦ ᠰᠠᠭᠤᠷᠢ᠎ᠪᠠᠷ ᠳᠤᠲᠠᠮᠠᠭ ᠪᠣᠯᠤᠨ᠎ᠠ᠃ ᠵᠠᠷᠢᠮ ᠭᠠᠵᠠᠷ᠎ᠤᠨ᠎ᠬᠢᠨ ᠬᠤᠲᠠ ᠪᠠᠯᠭ᠋ᠠᠰᠤᠵᠢᠯᠲᠠ ᠪᠣᠯᠤᠨ ᠬᠤᠲᠠ ᠬᠥᠳᠡᠭᠡ ᠵᠢ ᠨᠢᠭᠡ ᠴᠣᠭᠴᠠᠵᠢᠭᠤᠯᠬᠤ ᠶᠠᠪᠤᠳᠠᠯ᠎ᠢ ᠪᠤᠷᠤᠭᠤ᠎ᠪᠠᠷ ᠣᠶ᠋ᠢᠯᠠᠭ᠋ᠠᠵᠤ᠂ 〈ᠬᠤᠲᠠ᠎ᠪᠠᠷ ᠬᠥᠳᠡᠭᠡ ᠵᠢ ᠵᠠᠯᠭᠢᠬᠤ᠂ ᠠᠷᠠᠳ᠎ᠢ ᠠᠯᠪᠠᠳᠠᠵᠤ ᠠᠰᠠᠷ ᠳᠡᠭᠡᠷ᠎ᠡ ᠭᠠᠷᠭ᠋ᠠᠬᠤ〉 ᠶᠠᠪᠤᠳᠠᠯ᠎ᠢ ᠬᠢᠵᠦ᠂ ᠲᠠᠷᠢᠶᠠᠴᠢᠳ᠎ᠤᠨ ᠠᠰᠢᠭ ᠲᠤᠰᠠ ᠵᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠶ᠋ᠢᠨ᠎ᠠ᠃ ᠬᠤᠳᠠ ᠪᠠᠯᠭ᠋ᠠᠰᠤᠵᠢᠯᠳᠠ ᠪᠠ ᠬᠤᠳᠠ ᠬᠥᠳᠡᠭᠡ ᠵᠢ ᠨᠢᠭᠡ ᠴᠤᠭᠴᠠᠵᠢᠭᠤᠯᠬᠤ ᠭᠡᠳᠡᠭ᠎ᠨᠢ ᠬᠥᠳᠡᠭᠡ ᠲᠣᠰᠬᠤᠨ᠎ᠢ ᠴᠥᠮ ᠬᠤᠳᠠ ᠪᠣᠯᠭ᠋ᠠᠵᠤ᠂ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠤᠨ ᠤᠷᠤᠨ ᠰᠠᠭᠤᠴᠠ ᠵᠢ ᠴᠥᠮ ᠥᠨᠳᠥᠷ ᠠᠰᠠᠷ ᠲᠠᠭᠳᠤ ᠪᠣᠯᠭ᠋ᠠᠨ ᠬᠤᠪᠢᠷᠠᠭᠤᠯᠬᠤ ᠭᠡᠰᠡᠨ ᠶᠠᠪᠤᠳᠠᠯ ᠤᠭᠳᠤ ᠪᠢᠰᠢ》 ᠭᠡᠵᠤ ᠴᠢᠬᠤᠯᠠᠴᠢᠯᠠᠪᠠ᠃
2015 ᠣᠨ᠎ᠤ 4 ᠰᠠᠷ᠎ᠠ ᠵᠢᠨ 30᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢᠨ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠠᠵᠤ ᠦᠢ᠍ᠯᠡᠳᠪᠦᠷᠢ ᠪᠠ ᠬᠦᠳᠡᠭᠡ ᠠᠵᠤ ᠠᠬᠤᠢ᠂ ᠬᠤᠳᠠ ᠪᠠ ᠬᠥᠳᠡᠭᠡ ᠲᠣᠰᠬᠤᠨ᠎ᠢ ᠪᠦᠬᠦᠯᠢ ᠴᠣᠭᠴᠠ ᠪᠣᠯᠭ᠋ᠠᠨ ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠵᠢᠨ ᠲᠥᠯᠥᠪᠵᠢᠭᠦᠯᠭᠡ ᠪᠠᠶ᠋ᠢᠷᠢᠰᠢᠭᠤᠯᠤᠯᠲᠠ᠂ ᠡᠯᠧᠮᠧᠨ᠋ᠲ᠎ᠤᠨ ᠲᠤᠬᠢᠷᠠᠭᠤᠯᠤᠯᠳᠠ᠂ ᠠᠵᠤ ᠦᠢ᠍ᠯᠡᠰ᠎ᠤᠨ ᠬᠥᠭᠵᠢᠯᠲᠡ᠂ ᠤᠯᠠᠨ ᠨᠡᠶ᠋ᠢᠲᠡ ᠵᠢᠨ ᠦᠢ᠍ᠯᠡᠴᠢᠯᠡᠭᠡ᠂ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠲᠠᠯ᠎ᠠ᠎ᠪᠠᠷ ᠬᠠᠷᠢᠯᠴᠠᠨ ᠠᠭᠤᠰᠤᠯᠴᠠᠬᠤ ᠪᠠ ᠬᠠᠮᠲᠤ᠎ᠪᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠬᠦᠴᠦᠯᠡᠬᠦ ᠴᠡᠭ᠎ᠨᠢ ᠲᠠᠷᠤᠢ ᠬᠤᠳᠠ ᠬᠥᠳᠡᠭᠡ ᠵᠢ ᠠᠭᠤᠰᠤᠯᠴᠠᠭᠤᠯᠬᠤ ᠪᠠᠶ᠋ᠢᠭᠤᠯᠤᠮᠵᠢ ᠲᠣᠭᠲᠡᠴᠡ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠠᠵᠤ ᠦᠢ᠍ᠯᠡᠳᠪᠦᠷᠢ᠎ᠪᠠᠷ ᠬᠦᠳᠡᠭᠡ ᠠᠵᠤ ᠠᠬᠤᠢ ᠵᠢ ᠠᠬᠢᠭᠤᠯᠬᠤ᠂ ᠬᠤᠳᠠ᠎ᠪᠠᠷ ᠬᠥᠳᠡᠭᠡ ᠲᠣᠰᠬᠤᠨ᠎ᠢ ᠳᠠᠶ᠋ᠢᠴᠢᠯᠠᠬᠤ᠂ ᠠᠵᠤ ᠦᠢ᠍ᠯᠡᠳᠪᠦᠷᠢ ᠪᠣᠯᠤᠨ ᠬᠦᠳᠡᠭᠡ ᠠᠵᠤ ᠠᠬᠤᠢ ᠬᠠᠷᠢᠯᠴᠠᠨ ᠠᠰᠢᠭ ᠬᠦᠷᠲᠡᠭᠡᠬᠦ᠂ ᠬᠤᠳᠠ ᠬᠥᠳᠡᠭᠡ ᠵᠢ ᠨᠢᠭᠡ ᠴᠤᠭᠴᠠᠵᠢᠭᠤᠯᠤᠭᠰᠠᠨ ᠰᠢᠨ᠎ᠡ ᠮᠠᠶᠢᠭ᠎ᠤᠨ ᠠᠵᠤ ᠦᠢ᠍ᠯᠡᠳᠪᠦᠷᠢ ᠬᠦᠳᠡᠭᠡ ᠠᠵᠤ ᠠᠬᠤᠢ ᠬᠤᠳᠠ ᠬᠥᠳᠡᠭᠡ ᠵᠢᠨ ᠬᠠᠷᠢᠴᠠᠭ᠎ᠠ ᠵᠢ ᠪᠠᠶ᠋ᠢᠭᠤᠯᠤᠨ᠎ᠠ᠂ ᠬᠠᠷᠠᠯᠲᠠ᠎ᠨᠢ ᠲᠠᠷᠤᠢ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠷᠬᠡ ᠠᠰᠢᠭ᠎ᠢ ᠠᠳᠠᠯᠢ ᠲᠡᠭᠰᠢ ᠪᠣᠯᠭ᠋ᠠᠬᠤ᠂ ᠬᠤᠳᠠ ᠬᠥᠳᠡᠭᠡ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠲᠡᠩᠴᠡᠭᠦᠷᠢᠲᠡᠢ ᠪᠣᠯᠭ᠋ᠠᠬᠤ᠂ ᠬᠤᠳᠠ ᠬᠥᠳᠡᠭᠡ ᠵᠢᠨ ᠡᠯᠧᠮᠧᠨ᠋ᠲ᠎ᠤᠨ ᠲᠤᠬᠢᠷᠠᠭᠤᠯᠤᠯᠳᠠ ᠵᠢ ᠵᠦᠢ ᠵᠣᠬᠢᠰᠲᠠᠢ ᠪᠣᠯᠭ᠋ᠠᠬᠤ ᠵᠢᠴᠢ ᠬᠤᠳᠠ ᠬᠥᠳᠡᠭᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠭᠤᠰᠤᠯᠴᠠᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ》 ᠭᠡᠵᠤ ᠵᠢᠭ᠋ᠠᠵᠤ ᠭᠠᠷᠭ᠋ᠠᠵᠠᠢ᠃
《ᠬᠤᠳᠠ ᠶᠠᠭ᠋ᠠᠬᠢᠵᠤ ᠬᠥᠭᠵᠢᠭᠰᠡᠨ ᠴᠦ᠍᠂ ᠮᠠᠨ᠎ᠤ ᠤᠯᠤᠰ᠎ᠲᠤ ᠮᠥᠨ ᠬᠦ᠌ ᠶᠡᠭᠡ ᠬᠡᠮᠵᠢᠶᠡᠨ᠎ᠤ ᠲᠠᠷᠢᠶᠠᠴᠢᠳ ᠬᠥᠳᠡᠭᠡ ᠲᠣᠰᠬᠤᠨ᠎ᠳᠤ ᠦᠯᠡᠳᠡᠵᠦ᠂ ᠬᠦᠳᠡᠭᠡ ᠠᠵᠤ ᠠᠬᠤᠢ ᠵᠢᠨ ᠰᠠᠭᠤᠷᠢ ᠪᠣᠯᠬᠤ ᠪᠠᠶ᠋ᠢᠷᠢ ᠰᠠᠭᠤᠷᠢ ᠵᠢ ᠪᠠᠬᠢᠵᠢᠭᠦᠯᠬᠦ ᠴᠢᠬᠤᠯᠠᠲᠠᠢ᠂ ᠡᠨᠡ᠎ᠨᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠨᠡ᠎ᠨᠢ ᠳᠠᠷᠤᠢ ᠮᠠᠨ᠎ᠤ ᠤᠯᠤᠰ᠎ᠤᠨ ᠬᠤᠳᠠ ᠪᠠᠯᠭ᠋ᠠᠰᠣᠵᠢᠯᠳᠡ ᠡᠷᠬᠡᠪᠰᠢ ᠬᠦᠳᠡᠭᠡ ᠠᠵᠤ ᠠᠬᠤᠢ ᠵᠢᠨ ᠣᠳᠣᠬᠢᠴᠢᠯᠠᠯᠲᠠ᠎ᠲᠠᠢ ᠵᠡᠷᠭᠡ᠎ᠪᠠᠷ ᠬᠥᠭᠵᠢᠵᠦ᠂ ᠬᠤᠳᠠ ᠵᠢᠨ ᠠᠵᠢᠯ᠎ᠢ ᠡᠷᠬᠡᠪᠰᠢ 〈ᠬᠦᠳᠡᠭᠡᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠲᠠᠢ ᠵᠡᠷᠭᠡ᠎ᠪᠠᠷ ᠠᠬᠢᠭᠤᠯᠬᠤ ᠵᠢ ᠱᠠᠭ᠋ᠠᠷᠳᠠᠵᠤ ᠪᠠᠶ᠋ᠢᠨ᠎ᠠ》᠃ 2015 ᠣᠨ᠎ᠤ 12 ᠰᠠᠷ᠎ᠠ ᠵᠢᠨ 20᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠤᠳᠠ ᠵᠢᠨ ᠠᠵᠢᠯ᠎ᠤᠨ ᠬᠤᠷᠠᠯ ᠳᠡᠭᠡᠷ᠎ᠡ᠂ 《ᠠᠵᠤ ᠦᠢ᠍ᠯᠡᠳᠪᠦᠷᠢ᠎ᠪᠠᠷ ᠬᠦᠳᠡᠭᠡ ᠠᠵᠤ ᠠᠬᠤᠢ ᠵᠢ ᠲᠡᠳᠬᠦᠬᠦ᠂ ᠬᠤᠳᠠ᠎ᠪᠠᠷ ᠬᠥᠳᠡᠭᠡ ᠲᠣᠰᠬᠤᠨ᠎ᠢ ᠳᠡᠮᠵᠢᠭᠦ ᠪᠠ ᠢᠯᠡᠭᠦᠦ ᠥᠭᠴᠦ ᠳᠤᠲᠠᠭᠤ ᠲᠠᠳᠠᠪᠤᠷᠢᠯᠠᠬᠤ ᠠᠮᠢᠳᠤᠯᠢᠭ ᠴᠢᠭᠯᠡᠯᠲᠡ ᠵᠢ ᠪᠠᠷᠢᠮᠲᠠᠯᠠᠵᠤ᠂ ᠬᠤᠳᠠ ᠬᠥᠳᠡᠭᠡ ᠵᠢᠨ ᠲᠥᠯᠥᠪᠵᠢᠭᠦᠯᠭᠡ᠂ ᠰᠠᠭᠤᠷᠢ ᠲᠥᠬᠦᠭᠡᠷᠦᠮᠵᠢ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠡᠷᠭᠡ ᠵᠢ ᠨᠢᠭᠡ ᠴᠤᠬ᠍ᠴᠠᠵᠢᠭᠤᠯᠤᠨ ᠬᠥᠭᠵᠢᠭᠦᠯᠬᠦ ᠵᠢ ᠠᠬᠢᠭᠤᠯᠵᠤ᠂ ᠬᠤᠳᠠ᠎ᠠᠴᠠ ᠬᠥᠳᠡᠭᠡ ᠲᠣᠰᠬᠤᠨ᠎ᠢ ᠳᠡᠳᠭᠦᠬᠦ ᠴᠢᠳᠠᠪᠤᠷᠢ᠂ ᠳᠠᠶ᠋ᠢᠴᠢᠯᠠᠬᠤ ᠴᠢᠳᠠᠪᠤᠷᠢ ᠵᠢ ᠴᠢᠩᠭ᠋ᠠᠳᠬᠠᠵᠤ᠂ ᠬᠤᠳᠠ ᠬᠥᠳᠡᠭᠡ ᠵᠢᠨ ᠬᠥᠭᠵᠢᠯᠲᠡ ᠵᠢ ᠨᠢᠭᠡ ᠴᠤᠬ᠍ᠴᠠᠵᠢᠭᠤᠯᠬᠤ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ᠃
《ᠬᠤᠲᠠ ᠪᠠᠯᠭ᠋ᠠᠰᠤ ᠪᠠ ᠬᠥᠳᠡᠭᠡ ᠲᠣᠰᠬᠤᠨ ᠪᠣᠯ ᠬᠠᠷᠢᠯᠴᠠᠨ ᠠᠬᠢᠭᠤᠯᠵᠤ᠂ ᠬᠠᠮᠲᠤ᠎ᠪᠠᠷ ᠣᠷᠣᠰᠢᠵᠤ ᠪᠠᠶ᠋ᠢᠳᠠᠭ ᠭᠡᠳᠡᠭ᠎ᠢ ᠪᠢᠳᠡ ᠡᠷᠬᠡᠪᠰᠢ ᠲᠠᠨᠢᠵᠤ ᠤᠯᠬᠤ ᠬᠡᠷᠡᠭᠲᠡᠶ》᠃ 2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠬᠤᠲᠠ ᠪᠠᠯᠭ᠋ᠠᠰᠤᠵᠢᠯᠲᠠ ᠪᠣᠯ ᠬᠤᠲᠠ ᠬᠥᠳᠡᠭᠡ ᠵᠢᠨ ᠵᠣᠬᠢᠴᠠᠩᠭᠤᠶ ᠬᠥᠭᠵᠢᠯᠲᠡ ᠵᠢᠨ ᠶᠠᠪᠤᠴᠠ ᠮᠥᠨ᠂ ᠬᠦᠳᠡᠭᠡ ᠠᠵᠤ ᠠᠬᠤᠢ ᠵᠢ ᠮᠠᠭᠤᠳᠠᠭᠤᠯᠵᠤ᠂ ᠬᠥᠳᠡᠭᠡ ᠲᠣᠰᠬᠤᠨ᠎ᠢ ᠤᠷᠤᠭᠤᠳᠠᠭᠤᠯᠬᠤᠪᠠᠷ ᠦᠷᠡᠭᠳᠡᠯ ᠪᠣᠯᠭ᠋ᠠᠵᠤ ᠪᠣᠯᠬᠤ ᠥᠬᠡᠶ᠃ ᠣᠶ᠋ᠢᠷ᠎ᠠ ᠵᠢᠨ ᠵᠢᠯ᠎ᠳᠤ᠂ ᠪᠢᠳᠡ ᠬᠤᠲᠠ ᠬᠥᠳᠡᠭᠡ ᠵᠢᠨ ᠬᠥᠭᠵᠢᠯᠲᠡ ᠵᠢ ᠨᠢᠭᠡᠳᠦᠯᠲᠡᠶ ᠲᠦᠯᠦᠪᠵᠢᠭᠦᠯᠬᠦ ᠲᠠᠯ᠎ᠠ᠎ᠪᠠᠷ ᠮᠠᠰᠢ ᠶᠡᠭᠡ ᠴᠢᠷᠮᠠᠶ᠋ᠢᠯᠭ᠎ᠠ ᠭᠠᠷᠭ᠋ᠠᠵᠤ᠂ ᠴᠢᠬᠤᠯᠠ ᠶᠡᠭᠡ ᠠᠬᠢᠴᠠ᠎ᠲᠠᠢ ᠪᠣᠯᠪᠠ᠃ ᠭᠡᠪᠡᠴᠦ᠂ ᠬᠤᠳᠠ ᠬᠥᠳᠡᠭᠡ ᠵᠢᠨ ᠡᠯᠧᠮᠧᠨ᠋ᠲ᠎ᠤᠨ ᠵᠦᠢ ᠵᠣᠬᠢᠰᠲᠠᠢ ᠰᠢᠯᠵᠢᠬᠦ ᠲᠣᠭᠲᠡᠴᠡ᠎ᠳᠤ ᠪᠠᠰᠠ ᠳᠤᠲᠠᠭᠳᠠᠯ ᠣᠷᠣᠰᠢᠵᠤ ᠪᠤᠢ᠂ ᠬᠤᠳᠠ ᠤᠷᠤᠬᠤ ᠪᠤᠶᠤ ᠬᠥᠳᠡᠭᠡ ᠪᠠᠭᠤᠬᠤ ᠠᠷᠭ᠎ᠠ ᠵᠠᠮ ᠪᠠᠰᠠ ᠪᠦᠷᠢᠮᠦᠰᠦᠨ ᠨᠡᠪᠲᠡᠷᠡᠵᠤ ᠳᠡᠶ᠋ᠢᠯᠦᠭᠡᠳᠦᠢ᠂ ᠡᠯᠧᠮᠧᠨ᠋ᠲ᠎ᠲᠤ ᠪᠠᠰᠠ ᠲᠡᠭᠰᠢ ᠪᠤᠰᠤ ᠰᠣᠯᠢᠯᠴᠠᠭ᠎ᠠ ᠣᠷᠣᠰᠢᠵᠤ ᠪᠠᠶ᠋ᠢᠨ᠎ᠠ᠃ ᠠᠵᠤ ᠦᠢ᠍ᠯᠡᠳᠪᠦᠷᠢ᠎ᠪᠠᠷ ᠬᠦᠳᠡᠭᠡ ᠠᠵᠤ ᠠᠬᠤᠢ ᠵᠢ ᠨᠥᠬᠦᠪᠥᠷᠢᠯᠡᠬᠦ᠂ ᠬᠤᠳᠠ᠎ᠪᠠᠷ ᠬᠥᠳᠡᠭᠡ ᠲᠣᠰᠬᠤᠨ᠎ᠢ ᠳᠠᠶ᠋ᠢᠴᠢᠯᠠᠬᠤ ᠵᠢ ᠪᠠᠷᠢᠮᠲᠠᠯᠠᠵᠤ᠂ ᠠᠵᠤ ᠦᠢ᠍ᠯᠡᠳᠪᠦᠷᠢ ᠬᠦᠳᠡᠭᠡ ᠠᠵᠤ ᠠᠬᠤᠢ ᠬᠠᠷᠢᠯᠴᠠᠨ ᠠᠬᠢᠭᠤᠯᠤᠭᠰᠠᠨ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠭᠰᠡᠨ᠂ ᠪᠦᠬᠦ ᠲᠠᠯ᠎ᠠ᠎ᠪᠠᠷ ᠠᠭᠤᠰᠤᠯᠴᠠᠭᠰᠠᠨ᠂ ᠬᠠᠮᠲᠤ᠎ᠪᠠᠷ ᠴᠡᠴᠡᠭᠯᠡᠨ ᠬᠥᠭᠵᠢᠭᠰᠡᠨ ᠰᠢᠨ᠎ᠡ ᠮᠠᠶᠢᠭ᠎ᠤᠨ ᠠᠵᠤ ᠦᠢ᠍ᠯᠡᠳᠪᠦᠷᠢ ᠬᠦᠳᠡᠭᠡ ᠠᠵᠤ ᠠᠬᠤᠢ ᠬᠤᠳᠠ ᠬᠥᠳᠡᠭᠡ ᠵᠢᠨ ᠬᠠᠷᠢᠴᠠᠭ᠎ᠠ ᠵᠢ ᠠᠬᠢᠭᠤᠯᠤᠨ ᠪᠦᠷᠢᠯᠳᠦᠭᠦᠯᠬᠦ ᠬᠡᠷᠡᠭᠲᠡᠢ》 ᠭᠡᠵᠤ ᠵᠢᠭ᠋ᠠᠵᠤ ᠭᠠᠷᠭ᠋ᠠᠵᠠᠢ᠃
ᠶᠡᠷᠦᠩᠬᠡᠢ ᠱᠦᠵᠢ ᠰᠢ ᠵᠢᠨ ᠫᠢᠩ᠄ 《ᠣᠳᠣᠬᠠᠨ᠎ᠤ ᠱᠠᠲᠤᠨ᠎ᠳᠤ᠂ ᠬᠤᠳᠠ ᠬᠥᠳᠡᠭᠡ ᠵᠢᠨ ᠵᠦᠷᠢᠶ᠎ᠡ ᠶᠡᠭᠡ ᠪᠠᠶ᠋ᠢᠭ᠎ᠠ ᠵᠢᠨ ᠬᠠᠮᠤᠭ᠎ᠤᠨ ᠳᠤᠳᠤ ᠢᠯᠡᠷᠡᠯ ᠪᠤᠯ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠷᠢᠶ᠎ᠡ ᠶᠡᠭᠡ ᠪᠠᠶ᠋ᠢᠭ᠎ᠠ ᠶᠠᠪᠤᠳᠠᠯ ᠪᠣᠯᠤᠨ᠎ᠠ᠃ ᠬᠦᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠳᠡᠭᠡᠷ᠎ᠡ ᠢᠯᠡᠷᠡᠭᠦᠯᠬᠦ ᠬᠡᠷᠡᠭᠲᠡᠶ᠃ ᠤᠯᠠᠨ ᠨᠡᠶ᠋ᠢᠲᠡ ᠵᠢᠨ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠭᠤᠣᠯᠳᠠᠯᠭ᠎ᠠ ᠵᠢ ᠬᠥᠳᠡᠭᠡ ᠲᠣᠰᠬᠤᠨ᠎ᠳᠤ ᠲᠠᠯᠪᠢᠵᠤ᠂ ᠬᠤᠳᠠ ᠬᠥᠳᠡᠭᠡ ᠵᠢᠨ ᠰᠠᠭᠤᠷᠢ ᠲᠥᠬᠦᠭᠡᠷᠦᠮᠵᠢ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠬᠤᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠲᠡᠰ ᠳᠡᠪᠰᠢᠬᠦ ᠵᠢ ᠠᠬᠢᠭᠤᠯᠵᠤ᠂ ᠢᠯᠠᠩᠭᠤᠶ᠎ᠠ ᠵᠠᠮ᠂ ᠲᠠᠷᠢᠶᠠᠨ ᠭᠠᠵᠠᠷ᠎ᠤᠨ ᠤᠰᠤᠨ ᠠᠰᠢᠬᠯᠠᠯᠲᠠ᠂ ᠤᠰᠤᠨ ᠠᠰᠢᠬᠯᠠᠯᠲᠠ ᠵᠢᠨ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠠᠮᠢᠶᠠᠷᠤᠨ ᠬᠠᠮᠠᠭ᠋ᠠᠯᠠᠬᠤ ᠠᠵᠢᠯᠯᠠᠭ᠋ᠠᠨ᠎ᠤ ᠲᠣᠭᠲᠡᠴᠡ ᠵᠢ ᠲᠡᠭᠦᠯᠳᠡᠷᠵᠢᠭᠦᠯᠬᠦ ᠬᠡᠷᠡᠭᠲᠡᠢ᠃ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠥᠳᠡᠭᠡ ᠪᠠᠭᠤᠯᠭ᠋ᠠᠬᠤ ᠵᠢ ᠲᠦᠷᠭᠡᠳᠬᠡᠨ ᠠᠬᠢᠭᠤᠯᠵᠤ᠂ ᠪᠦᠬᠦ ᠠᠷᠠᠳ᠎ᠢ ᠬᠠᠮᠤᠷᠤᠭᠰᠠᠨ᠂ ᠲᠦᠭᠡᠮᠡᠯ ᠠᠰᠢᠭ ᠬᠦᠷᠲᠡᠭᠡᠵᠦ ᠬᠠᠮᠲᠤ᠎ᠪᠠᠷ ᠡᠳ᠋ᠯᠡᠭᠰᠡᠨ᠂ ᠬᠤᠳᠠ ᠬᠥᠳᠡᠭᠡ ᠵᠢ ᠨᠢᠭᠡ ᠴᠤᠬ᠍ᠴᠠᠵᠢᠭᠤᠯᠤᠬᠰᠠᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠢ》 ᠭᠡᠵᠤ ᠴᠢᠬᠤᠯᠠᠴᠢᠯᠠᠵᠠᠢ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠬᠥᠳᠡᠭᠡ ᠲᠣᠰᠬᠤᠨ᠎ᠤ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠦ᠂ ᠬᠥᠮᠦᠨ᠎ᠤ ᠬᠦᠴᠦᠨ᠎ᠤ ᠬᠥᠷᠥᠩᠭᠡ ᠵᠢ ᠨᠡᠭᠡᠭᠡᠨ ᠬᠥᠭᠵᠢᠭᠦᠯᠬᠦ ᠵᠢ ᠲᠡᠷᠢᠭᠦᠨ ᠪᠠᠶ᠋ᠢᠷᠢᠨ᠎ᠳᠤ ᠲᠠᠯᠪᠢᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠵᠦ᠂ ᠰᠢᠨ᠎ᠡ ᠬᠡᠯᠪᠡᠷᠢ ᠵᠢᠨ ᠬᠦᠳᠡᠭᠡ ᠠᠵᠤ ᠠᠬᠤᠢ ᠵᠢᠨ ᠡᠵᠡᠩᠨᠡᠯᠲᠡ ᠵᠢᠨ ᠪᠡᠶᠡᠴᠢ ᠴᠣᠭᠴᠠ ᠵᠢ ᠲᠦᠷᠭᠡᠨ ᠪᠤᠶ᠋ᠢᠵᠢᠭᠤᠯᠵᠦ᠂ ᠬᠥᠳᠡᠭᠡ ᠲᠤᠰᠬᠤᠨ᠎ᠳᠤ ᠦᠯᠡᠳᠡᠵᠦ᠂ ᠨᠤᠲᠤᠭ ᠤᠰᠤ᠎ᠪᠠᠨ ᠪᠦᠲᠦᠭᠡᠨ ᠪᠠᠶ᠋ᠢᠭᠤᠯᠬᠤ ᠲᠤᠷᠠᠲᠠᠢ ᠬᠥᠮᠦᠰ᠎ᠢ ᠰᠠᠨᠠᠭ᠎ᠠ ᠠᠮᠤᠷ ᠪᠠᠶ᠋ᠢᠯᠭ᠋ᠠᠵᠦ᠂ ᠠᠭᠤᠯᠠᠷᠬᠠᠭ ᠤᠷᠤᠠ ᠪᠠ ᠬᠥᠳᠡᠭᠡ ᠲᠤᠰᠬᠤᠨ᠎ᠳᠤ ᠤᠴᠢᠵᠦ᠂ ᠬᠥᠳᠡᠭᠡ ᠲᠣᠰᠬᠤᠨ᠎ᠳᠤ ᠠᠴᠢ ᠬᠠᠷᠢᠭᠤᠯᠬᠤ ᠬᠥᠮᠦᠰ᠎ᠢ ᠨᠠᠩ ᠢᠲᠡᠭᠡᠯ᠎ᠲᠠᠢ ᠪᠤᠯᠭ᠋ᠠᠵᠦ᠂ ᠡᠯ᠎ᠡ ᠲᠥᠷᠥᠯ᠎ᠤᠨ ᠴᠢᠳᠠᠪᠤᠷᠢᠲᠠᠨ᠎ᠤ ᠬᠥᠳᠡᠭᠡ ᠲᠣᠰᠬᠤᠨ᠎ᠤ ᠥᠷᠭᠡᠨ ᠠᠭᠤᠳᠠᠮ ᠣᠷᠣᠨ ᠵᠠᠶ᠎ᠳᠤ ᠴᠢᠳᠠᠪᠤᠷᠢ᠎ᠪᠠᠨ ᠶᠡᠭᠡ᠎ᠪᠠᠷ ᠪᠠᠳᠠᠷᠠᠭᠤᠯᠵᠦ᠂ ᠠᠪᠢᠶᠠᠰ ᠪᠢᠯᠢᠭ ᠵᠶ᠋ᠠᠨ ᠪᠠᠳᠠᠷᠠᠭᠤᠯᠵᠦ᠂ ᠡᠷᠳᠡᠮ ᠴᠢᠲᠠᠯ ᠵᠶ᠋ᠠᠨ ᠶᠡᠭᠡ᠎ᠪᠠᠷ ᠭᠠᠶ᠋ᠢᠬᠠᠭᠤᠯᠬᠤ ᠵᠢ ᠤᠷᠮᠠᠰᠢᠭᠤᠯᠤᠨ ᠵᠤᠷᠢᠠᠠᠵᠢᠭᠤᠯᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠴᠢᠳᠠᠪᠤᠷᠢᠲᠠᠨ᠎ᠤ ᠡᠩᠨᠡᠭᠡ ᠵᠢ ᠴᠣᠭᠴᠠᠯᠠᠵᠦ᠂ ᠬᠥᠳᠡᠭᠡ ᠲᠣᠰᠬᠤᠨ᠎ᠳᠤ ᠴᠢᠳᠠᠪᠤᠷᠢᠲᠠᠨ᠂ ᠭᠠᠵᠠᠷ ᠰᠢᠷᠣᠶ᠂ ᠪᠡᠯᠡ ᠮᠥᠩᠭᠦ᠂ ᠠᠵᠤ ᠦᠢᠯᠡᠰ ᠲᠦᠪᠯᠡᠷᠡᠭᠰᠡᠡ ᠰᠠᠶ᠋ᠢᠨ ᠣᠷᠴᠢᠯ᠎ᠢ ᠪᠦᠷᠢᠯᠲᠦᠭᠦᠯᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
《ᠮᠠᠨ᠎ᠤ ᠤᠯᠤᠰ᠎ᠤᠨ ᠬᠥᠭᠵᠢᠯᠲᠡ ᠵᠢᠨ ᠬᠠᠮᠤᠭ᠎ᠤᠨ ᠶᠡᠭᠡ ᠲᠡᠩᠴᠡᠭᠦᠷᠢ ᠦᠭᠡᠢ ᠪᠠᠶ᠋ᠢᠳᠠᠯ ᠭᠡᠪᠡᠯ ᠬᠤᠳᠠ ᠬᠥᠳᠡᠭᠡ ᠵᠢᠨ ᠬᠥᠭᠵᠢᠯᠲᠡ ᠲᠡᠩᠴᠡᠭᠦᠷᠢ ᠦᠭᠡᠢ ᠪᠠᠶ᠋ᠢᠬᠤ ᠶᠠᠪᠤᠳᠠᠯ ᠪᠣᠯᠤᠨ᠎ᠠ᠂ ᠬᠠᠮᠤᠭ᠎ᠤᠨ ᠶᠡᠭᠡ ᠭᠦᠢ᠍ᠴᠡᠳ ᠦᠭᠡᠢ ᠪᠠᠶ᠋ᠢᠳᠠᠯ ᠭᠡᠪᠡᠯ ᠬᠥᠳᠡᠭᠡ ᠲᠣᠰᠬᠤᠨ᠎ᠤ ᠬᠥᠭᠵᠢᠯᠲᠡ ᠭᠦᠢ᠍ᠴᠡᠳ ᠦᠭᠡᠢ ᠪᠠᠶ᠋ᠢᠬᠤ ᠶᠠᠪᠤᠳᠠᠯ ᠪᠣᠯᠤᠨ᠎ᠠ》᠃ 2018 ᠣᠨ᠎ᠤ 9 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠ ᠶᠢᠰᠦᠳᠦᠭᠡᠷ ᠬᠤᠭᠤᠴᠠᠭ᠋ᠠᠨ᠎ᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ 《ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠠᠵᠢᠯᠴᠢᠨ ᠲᠠᠷᠢᠶᠠᠴᠢᠨ᠎ᠤ ᠬᠠᠷᠢᠴᠠᠭ᠎ᠠ᠂ ᠬᠤᠳᠠ ᠬᠥᠳᠡᠭᠡ ᠵᠢᠨ ᠬᠠᠷᠢᠴᠠᠭ᠎ᠠ᠎ᠳᠤ ᠲᠤᠬᠢᠷᠠᠭᠤᠯᠤᠯᠳᠠ ᠬᠢᠬᠦ᠎ᠪᠠᠷ ᠵᠣᠷᠢᠭ ᠰᠢᠭᠤᠳᠴᠤ᠂ ᠠᠯᠢ ᠤᠯᠠᠨ ᠠᠷᠭ᠎ᠠ ᠬᠡᠮᠵᠢᠶ᠎ᠡ ᠠᠪᠴᠤ 〈ᠠᠵᠤ ᠦᠢ᠍ᠯᠡᠳᠪᠦᠷᠢ᠎ᠪᠠᠷ ᠬᠦᠳᠡᠭᠡ ᠠᠵᠤ ᠠᠬᠤᠢ ᠵᠢ ᠲᠡᠳᠬᠦᠬᠦ᠂ ᠬᠤᠳᠠ᠎ᠪᠠᠷ ᠬᠥᠳᠡᠭᠡ ᠲᠣᠰᠬᠤᠨ᠎ᠢ ᠳᠡᠮᠵᠢᠬᠦ〉 ᠵᠢ ᠠᠬᠢᠭᠤᠯᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠪᠠᠷ ᠳᠤᠷᠠᠳᠤᠭᠰᠠᠨ᠎ᠨᠢ ᠳᠠᠷᠤᠢ ᠪᠦᠬᠦ ᠲᠠᠯ᠎ᠠ ᠪᠣᠯᠤᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠠᠵᠤ ᠦᠢ᠍ᠯᠡᠳᠪᠦᠷᠢ ᠬᠦᠳᠡᠭᠡ ᠠᠵᠤ ᠠᠬᠤᠢ ᠵᠢᠨ ᠬᠠᠷᠢᠴᠠᠭ᠎ᠠ᠂ ᠬᠤᠳᠠ ᠬᠥᠳᠡᠭᠡ ᠵᠢᠨ ᠬᠠᠷᠢᠴᠠᠭ᠎ᠠ ᠵᠢ ᠡᠵᠡᠮᠳᠡᠨ ᠰᠢᠢ᠍ᠳᠪᠦᠷᠢᠯᠡᠬᠦ ᠵᠢᠨ ᠲᠥᠯᠥᠭᠡ ᠶᠤᠮ》 ᠭᠡᠵᠦ ᠵᠢᠭ᠋ᠠᠵᠦ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠡᠨᠡ ᠬᠦ᠌ ᠲᠤᠮᠤ ᠤᠴᠢᠷ᠎ᠢ ᠰᠠᠶ᠋ᠢᠲᠤᠷ ᠪᠡᠶᠡᠯᠡᠭᠦᠯᠬᠦ᠎ᠳᠤ ᠡᠷᠬᠡᠪᠰᠢ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠠᠮ ᠵᠶ᠋ᠠᠷ ᠵᠠᠮᠨᠠᠬᠤ ᠬᠡᠷᠡᠭᠲᠡᠢ᠃ ᠪᠢᠳᠡ ᠡᠬᠢᠯᠡᠩᠭᠦᠳᠡ᠎ᠪᠠᠨ ᠬᠤᠲᠠᠴᠢᠯᠠᠯᠲᠠ ᠵᠢ ᠳᠤᠷᠠᠳᠤᠭᠰᠠᠨ ᠥᠬᠡᠶ᠂ ᠬᠠᠷᠢᠨ ᠬᠤᠲᠠ ᠪᠠᠯᠭ᠋ᠠᠰᠤᠵᠢᠯᠲᠠ ᠵᠢ ᠳᠤᠷᠠᠳᠤᠭᠰᠠᠨ᠎ᠤ ᠵᠣᠷᠢᠯᠭ᠎ᠠ᠎ᠨᠢ ᠬᠤᠲᠠ ᠬᠥᠳᠡᠭᠡ ᠵᠢᠨ ᠠᠭᠤᠰᠤᠯᠴᠠᠯ᠎ᠢ ᠠᠬᠢᠭᠤᠯᠬᠤ ᠵᠢᠨ ᠲᠥᠯᠥᠭᠡ ᠶᠤᠮ᠃ ᠥᠭᠡᠷᠡᠴᠢᠯᠡᠯᠲᠡ᠎ᠠᠴᠠ ᠬᠥᠳᠡᠯᠭᠡᠬᠦ ᠬᠦᠴᠦᠨ ᠣᠯᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠮᠵᠢ ᠲᠣᠭᠲᠠᠴᠠ ᠪᠣᠯᠤᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠦᠷᠬᠡᠨ ᠪᠠᠶ᠋ᠢᠭᠤᠯᠤᠨ ᠪᠦᠷᠢᠨᠰᠢᠬᠦᠯᠬᠦ ᠬᠡᠷᠡᠭᠲᠡᠢ》᠃ 《ᠡᠷᠦᠬᠡ ᠠᠮᠠ ᠵᠢᠨ ᠲᠠᠩᠰᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠦᠨᠳᠦᠰᠦᠨ ᠣᠯᠠᠨ ᠨᠡᠶ᠋ᠢᠲᠡ ᠵᠢᠨ ᠦᠢᠯᠡᠴᠢᠯᠡᠭᠡ ᠵᠢ ᠴᠢᠩᠭ᠋ᠠᠳᠬᠠᠨ᠂ ᠬᠤᠲᠠ᠎ᠳᠤ ᠡᠷᠦᠬᠡ ᠠᠮᠠ᠎ᠪᠠᠨ ᠣᠷᠣᠭᠤᠯᠤᠭᠰᠠᠨ ᠲᠠᠷᠢᠶᠠᠴᠢᠳ᠎ᠤᠨ ᠭᠠᠵᠠᠷ ᠰᠢᠷᠣᠶ ᠳᠠᠭ᠋ᠠᠭ᠋ᠠᠴᠢᠯᠠᠬᠤ ᠡᠷᠬᠡ᠂ ᠣᠷᠣᠨ ᠰᠠᠭᠤᠴᠠ ᠵᠢᠨ ᠭᠠᠵᠠᠷ᠎ᠢ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠵᠢ ᠬᠤᠪᠢᠶᠠᠷᠢᠯᠠᠬᠤ ᠡᠷᠬᠡ ᠵᠢ ᠬᠠᠮᠠᠭ᠋ᠠᠯᠠᠵᠤ᠂ ᠲᠠᠷᠢᠶᠠᠯᠠᠩ᠎ᠠᠴᠠ ᠰᠢᠯᠵᠢᠭᠰᠡᠡ ᠬᠥᠮᠦᠨ ᠠᠮᠠ ᠵᠢ ᠬᠤᠲᠠ ᠵᠢᠨ ᠠᠷᠠᠳ ᠪᠣᠯᠭ᠋ᠠᠬᠤ ᠵᠢ ᠲᠦᠷᠭᠡᠳᠬᠡᠬᠦ ᠬᠡᠷᠡᠭᠲᠡᠶ》 ᠭᠡᠵᠦ ᠴᠢᠬᠤᠯᠠᠴᠢᠯᠠᠪᠠ᠃
2020 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠵᠦ ᠪᠤᠲᠠᠲᠤ ᠦᠷ᠎ᠠ ᠠᠰᠢᠭ ᠤᠯᠬᠤ ᠵᠢ ᠠᠬᠢᠭᠤᠯᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠬᠦᠯᠵᠤ᠂ ᠲᠠᠷᠢᠶᠠᠯᠠᠩ᠎ᠠᠴᠠ ᠰᠢᠯᠵᠢᠭᠰᠡᠡ ᠬᠥᠮᠦᠨ ᠠᠮᠠ ᠵᠢ ᠬᠤᠳᠠ ᠵᠢᠨ ᠠᠷᠠᠳ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠰᠢᠶᠠᠨ᠎ᠤ ᠤᠷᠤᠨ ᠪᠦᠰᠡ ᠵᠢ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠭᠠᠷᠳᠠᠴᠠ ᠪᠣᠯᠭ᠋ᠠᠵᠤ᠂ ᠰᠢᠶᠠᠨ᠎ᠤ ᠱᠠᠲᠤᠨ᠎ᠳᠤ ᠨᠠᠩ ᠣᠯᠠᠨ ᠡᠬᠢ ᠪᠠᠶᠠᠯᠢᠭ᠎ᠢ ᠨᠡᠶ᠋ᠢᠳᠭᠡᠵᠦ ᠬᠡᠷᠡᠭᠯᠡᠬᠦ ᠡᠵᠡᠨ ᠮᠡᠳᠡᠬᠦ ᠡᠷᠬᠡ ᠣᠯᠭᠤᠵᠤ᠂ ᠰᠢᠶᠠᠨ᠎ᠤ ᠬᠤᠲᠠ ᠵᠢᠨ ᠶᠡᠷᠦᠩᠬᠡᠶ᠋ᠢᠯᠡᠭᠰᠡᠨ ᠦᠢᠯᠡᠴᠢᠯᠡᠭᠡᠨ᠎ᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠶ》 ᠭᠡᠵᠦ ᠵᠢᠭ᠋ᠠᠵᠦ ᠭᠠᠷᠭ᠋ᠠᠵᠠᠢ᠃
ᠡᠨᠡ ᠵᠢᠯ᠎ᠤᠨ 8 ᠰᠠᠷ᠎ᠠ ᠵᠢᠨ 24᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠾᠧᠪᠸᠢ ᠵᠢᠨ ᠴᠧᠩᠳᠧ ᠬᠤᠳᠠ ᠵᠢᠨ ᠱᠤᠸᠠᠩ ᠯᠤᠸᠠᠨ ᠲᠣᠭᠤᠷᠢᠭ᠎ᠤᠨ ᠫᠢᠶᠠᠠ ᠴᠢᠶᠣᠤ ᠽᠢ ᠪᠠᠯᠭ᠋ᠠᠰᠤᠨ᠎ᠤ ᠳ᠋ᠠ ᠬᠦᠢ ᠺᠸᠦ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠄ 《ᠢᠷᠡᠭᠡᠳᠦᠢ᠎ᠳᠤ ᠮᠠᠨ᠎ᠤ ᠤᠯᠤᠰ᠎ᠤᠨ ᠬᠤᠳᠠ ᠪᠠᠯᠭ᠋ᠠᠰᠤᠵᠢᠯᠳᠠ ᠮᠠᠰᠢ ᠥᠨᠳᠥᠷ ᠲᠦᠪᠰᠢᠨ᠎ᠳᠤ ᠬᠦᠷᠦᠭᠰᠡᠨ ᠴᠦ᠍᠂ ᠪᠠᠰᠠ ᠬᠡᠳᠦᠨ ᠳ᠋ᠦᠩᠰᠢᠭᠤᠷ ᠬᠥᠮᠦᠨ ᠬᠥᠳᠡᠭᠡ ᠲᠣᠰᠬᠤᠨ᠎ᠳᠤ ᠠᠵᠢᠯ ᠣᠯᠵᠤ ᠠᠮᠢᠳᠤᠷᠠᠨ᠎ᠠ᠃ ᠪᠢᠳᠡ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠳᠥᠭᠡᠨ ᠪᠠᠶ᠋ᠢᠭᠤᠯᠬᠤ᠎ᠳᠤ ᠬᠥᠷ ᠬᠥᠭᠵᠢᠶᠡᠨ᠎ᠲᠠᠢ ᠬᠤᠳᠠ ᠵᠢ ᠪᠥᠳᠥᠭᠡᠨ ᠪᠠᠶ᠋ᠢᠭᠤᠯᠬᠤ᠎ᠪᠠᠷ ᠪᠠᠷᠠᠬᠤ ᠥᠭᠡᠢ ᠪᠠᠰᠠ ᠴᠡᠴᠡᠭᠯᠡᠨ ᠬᠥᠭᠵᠢᠭᠰᠡᠨ ᠬᠥᠳᠡᠭᠡ ᠲᠣᠰᠬᠤᠨ᠎ᠢ ᠪᠥᠳᠥᠭᠡᠨ ᠪᠠᠶ᠋ᠢᠭᠤᠯᠵᠤ᠂ ᠠᠵᠤ ᠦᠢ᠍ᠯᠡᠳᠪᠦᠷᠢ ᠬᠦᠳᠡᠭᠡ ᠠᠵᠤ ᠠᠬᠤᠢ ᠬᠠᠷᠢᠯᠴᠠᠨ ᠠᠬᠢᠭᠤᠯᠤᠭᠰᠠᠨ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠭᠰᠡᠨ᠂ ᠵᠣᠬᠢᠴᠠᠩᠭᠤᠢ ᠬᠥᠭᠵᠢᠭᠰᠡᠨ᠂ ᠬᠠᠮᠲᠤ᠎ᠪᠠᠷ ᠴᠡᠴᠡᠭᠯᠡᠨ ᠬᠥᠭᠵᠢᠭᠰᠡᠨ ᠠᠵᠤ ᠦᠢ᠍ᠯᠡᠳᠪᠦᠷᠢ ᠬᠦᠳᠡᠭᠡ ᠠᠵᠤ ᠠᠬᠤᠢ ᠬᠤᠳᠠ ᠬᠥᠳᠡᠭᠡ ᠵᠢᠨ ᠰᠢᠨ᠎ᠡ ᠮᠠᠶᠢᠭ᠎ᠤᠨ ᠬᠠᠷᠢᠴᠠᠭ᠎ᠠ ᠵᠢ ᠪᠦᠷᠢᠯᠲᠦᠭᠦᠯᠬᠦ ᠵᠢ ᠠᠬᠢᠭᠤᠯᠬᠤ ᠬᠡᠷᠡᠭᠲᠡᠢ᠃ ᠡᠭᠦᠨ᠎ᠢ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠣᠣᠷ᠎ᠠ ᠰᠠᠶᠢ ᠪᠡᠶᠡᠯᠡᠭᠦᠯᠵᠦ ᠴᠢᠳᠠᠨ᠎ᠠ》 ᠭᠡᠵᠦ ᠵᠢᠭ᠋ᠠᠵᠦ ᠭᠠᠷᠭ᠋ᠠᠪᠠ᠃
ᠠᠮᠤ ᠪᠤᠳᠠᠭ᠋ᠠᠨ᠎ᠤ ᠠᠮᠤᠷ ᠲᠦᠪᠰᠢᠨ ᠪᠠ ᠣᠳᠣ ᠦᠶ᠎ᠡ ᠵᠢᠨ ᠥᠨᠳᠥᠷ ᠪᠦᠲᠦᠮᠵᠢᠲᠡᠶ ᠬᠦᠲᠡᠭᠡ ᠠᠵᠦ ᠠᠬᠤᠢ ᠵᠢ ᠨᠢᠭᠡᠳᠬᠡᠬᠦ ᠵᠢ ᠪᠡᠶᠡᠯᠡᠭᠦᠯᠦᠨ᠎ᠡ
《ᠠᠷᠠᠳ ᠪᠤᠯ ᠤᠯᠤᠰ᠎ᠤᠨ ᠰᠠᠭᠤᠷᠢ ᠮᠦᠠ᠂ ᠠᠮᠤ ᠪᠤᠲᠠᠭ᠎ᠠ ᠪᠤᠯ ᠠᠷᠠᠳ᠎ᠤᠨ ᠠᠮᠢ ᠮᠦᠨ》᠃ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠵᠢᠨ ᠬᠤᠭᠤᠯᠠ ᠬᠦᠨᠡᠰᠦᠨ᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ᠎ᠨᠢ ᠢᠮᠠᠭᠲᠠ ᠤᠯᠤᠰ᠎ᠤᠨ ᠶᠡᠭᠡ ᠶᠠᠪᠤᠳᠠᠯ ᠠᠷᠠᠳ᠎ᠤᠨ ᠠᠮᠢᠳᠤᠷᠠᠯ᠎ᠳᠤ ᠬᠤᠯᠪᠣᠭᠳᠠᠬᠤ ᠨᠢᠭᠡᠨ ᠴᠢᠬᠤᠯᠠ ᠶᠡᠭᠡ ᠠᠰᠠᠭᠤᠳᠠᠯ ᠮᠥᠨ᠃
ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠡᠶ᠋ᠢᠮᠦ ᠨᠢᠭᠡᠨ 14 ᠳ᠋ᠦᠩᠰᠢᠭᠤᠷ ᠬᠥᠮᠦᠨ ᠠᠮᠠ᠎ᠲᠠᠢ ᠲᠤᠮᠤ ᠤᠯᠤᠰ᠎ᠲᠤ ᠠᠪᠴᠤ ᠬᠡᠯᠡᠪᠡᠯ᠂ ᠬᠥᠳᠡᠭᠡ ᠠᠵᠤ ᠠᠬᠤᠢ ᠵᠢᠨ ᠰᠠᠭᠤᠷᠢ ᠪᠣᠯᠬᠤ ᠪᠠᠶ᠋ᠢᠷᠢ ᠰᠠᠭᠤᠷᠢ ᠵᠢ ᠬᠡᠵᠢᠶ᠎ᠡ ᠴᠦ᠍ ᠭᠡᠰᠡᠨ ᠣᠮᠲᠣᠭ᠋ᠠᠶ᠋ᠢᠯᠠᠬᠤ ᠪᠤᠶᠤ ᠰᠤᠯᠠᠷᠠᠭᠤᠯᠵᠤ ᠪᠣᠯᠬᠤ ᠦᠭᠡᠢ᠂ ᠬᠦᠮᠦᠷᠭᠡᠡᠳᠡᠭᠡᠨ ᠠᠮᠤ ᠪᠤᠳᠠᠭ᠎ᠠ᠎ᠲᠠᠢ ᠪᠤᠯ ᠰᠠᠶ᠋ᠢᠢ ᠰᠡᠳᠬᠢᠯ ᠲᠤᠭᠲᠠᠭᠤᠨ ᠪᠠᠶ᠋ᠢᠵᠦ ᠴᠢᠲᠠᠨ᠎ᠠ ᠭᠡᠲᠡᠭ ᠪᠤᠯ ᠬᠡᠵᠢᠶ᠎ᠡ ᠴᠦ᠍ ᠭᠡᠰᠡᠨ ᠴᠥᠮ ᠦᠨᠡᠨ ᠶᠣᠰᠣ ᠮᠥᠨ》 ᠭᠡᠵᠦ ᠵᠢᠭ᠋ᠠᠵᠦ ᠭᠠᠷᠭ᠋ᠠᠪᠠ᠃
2013 ᠣᠨ᠎ᠤ 12 ᠰᠠᠷ᠎ᠠ ᠵᠢᠨ 10᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ 《〈ᠬᠤᠩ ᠹᠠᠨ᠎ᠳᠤ ᠲᠡᠮᠳᠡᠭᠯᠡᠭᠰᠡᠨ ᠵᠠᠰᠠᠭ ᠪᠠᠷᠢᠬᠤ ᠨᠠᠢ᠌ᠮᠠᠨ ᠲᠠᠯ᠎ᠠ᠎ᠳᠤ᠂ ᠢᠳᠡᠭᠡᠨ᠎ᠢ ᠲᠡᠷᠢᠭᠦᠨ᠎ᠳᠤ ᠲᠠᠯᠪᠢᠵᠤᠬᠤᠢ〉᠃ ᠮᠠᠨ᠎ᠤ ᠤᠯᠤᠰ ᠪᠣᠯ ᠬᠥᠮᠦᠨ ᠠᠮᠠ ᠣᠯᠠᠨ᠎ᠲᠠᠢ ᠲᠤᠮᠤ ᠤᠯᠤᠰ ᠮᠥᠨ᠂ ᠠᠮᠤ ᠬᠦᠨᠡᠰᠦᠨ᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠪᠣᠯ ᠢᠮᠠᠭᠲᠠ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠵᠢᠨ ᠲᠡᠷᠢᠭᠦᠨ ᠴᠢᠬᠤᠯᠠ ᠶᠡᠭᠡ ᠶᠠᠪᠤᠳᠠᠯ ᠮᠥᠨ᠃ ᠬᠡᠳᠦ᠋ᠢ᠍ᠪᠡᠷ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠤᠭᠰᠠᠨ ᠪᠣᠯᠪᠠᠴᠤ ᠡᠨᠡ᠎ᠨᠢ ᠳᠠᠷᠤᠢ ᠪᠠᠴᠢᠭᠤ ᠲᠡᠩᠴᠡᠭᠦᠷᠢᠲᠡᠢ ᠶᠠᠪᠤᠳᠠᠯ ᠪᠣᠯᠬᠤ ᠮᠥᠷᠲᠡᠭᠡᠨ ᠪᠠᠴᠢᠭᠤ ᠲᠡᠩᠴᠡᠭᠦᠷᠢᠲᠡᠢ ᠪᠠᠶ᠋ᠢᠬᠤ᠎ᠨᠢ ᠮᠠᠨ᠎ᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠤᠷᠳᠤ ᠬᠤᠭᠤᠴᠠᠭ᠋ᠠᠨ᠎ᠤ ᠪᠠᠶ᠋ᠢᠳᠠᠯ ᠪᠠᠶ᠋ᠢᠵᠤ ᠮᠡᠳᠡᠨ᠎ᠠ᠃ ᠮᠠᠨ᠎ᠤ ᠤᠯᠤᠰ᠎ᠤᠨ ᠲᠠᠷᠢᠶᠠᠨ ᠭᠠᠵᠠᠷ ᠲᠡᠳᠦ᠋ᠢ᠍ᠯᠬᠡᠨ᠂ ᠳᠠᠯᠳᠠ ᠬᠦᠴᠦᠨ ᠲᠡᠳᠦ᠋ᠢ᠍ᠯᠬᠡᠨ᠂ ᠠᠮᠤ ᠪᠤᠳᠠᠭ᠋ᠠᠨ᠎ᠤ ᠠᠰᠠᠭᠤᠳᠠᠯ ᠳᠡᠭᠡᠷ᠎ᠡ ᠤᠷᠲᠤ ᠬᠤᠭᠤᠴᠠᠭ᠎ᠠ᠎ᠪᠠᠷ ᠰᠠᠨᠠᠭ᠎ᠠ ᠠᠮᠤᠷ ᠰᠠᠭᠤᠬᠤ ᠪᠤᠯᠤᠯᠴᠠᠭ᠎ᠠ ᠦᠭᠡᠢ᠃ ᠡᠶ᠋ᠢᠮᠦ᠎ᠠᠴᠠ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠬᠦᠲᠡᠭᠡ ᠠᠵᠦ ᠠᠬᠤᠢ᠎ᠳᠤ ᠦᠵᠡᠭᠦᠯᠬᠦ ᠳᠡᠮᠵᠢᠯᠭᠡ ᠵᠢ ᠬᠡᠵᠢ᠊ ᠡᠶ᠎ᠡ ᠴᠦ᠍ ᠰᠤᠯᠠᠷᠠᠭᠤᠯᠵᠤ ᠪᠣᠯᠬᠤ ᠦᠭᠡᠢ᠃ ᠡᠭᠦᠨ᠎ᠲᠠᠢ ᠡᠰᠡᠷᠭᠦ᠎ᠪᠠᠷ᠂ ᠪᠢᠳᠡ ᠬᠦᠲᠡᠭᠡ ᠠᠵᠦ ᠠᠬᠤᠢ ᠵᠢ ᠳᠡᠮᠵᠢᠬᠦ ᠡᠷᠴᠢᠮ ᠵᠶ᠋ᠠᠨ ᠲᠠᠰᠤᠷᠠᠯᠳᠠ ᠦᠭᠡᠢ ᠴᠢᠩᠭ᠋ᠠᠷᠠᠭᠤᠯᠬᠤ ᠬᠡᠷᠡᠭᠲᠡᠢ》 ᠭᠡᠵᠦ ᠵᠢᠭ᠋ᠠᠵᠦ ᠭᠠᠷᠭ᠋ᠠᠪᠠ᠃
2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠦᠨᠳᠦᠰᠦ᠎ᠨᠢ ᠲᠠᠷᠢᠶᠠᠨ ᠭᠠᠵᠠᠷ᠎ᠲᠤ ᠪᠤᠢ᠂ ᠲᠠᠷᠢᠶᠠᠨ ᠭᠠᠵᠠᠷ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠢᠨ ᠰᠤᠳᠠᠰᠤ ᠮᠥᠨ᠃ ᠲᠠᠷᠢᠶᠠᠴᠢᠳ᠎ᠢ ᠲᠠᠷᠢᠶᠠᠯᠠᠩ᠎ᠤᠨ ᠪᠤᠰᠤ ᠪᠣᠯᠭ᠋ᠠᠵᠤ ᠪᠣᠯᠤᠨ᠎ᠠ᠂ ᠭᠡᠪᠡᠴᠦ ᠲᠠᠷᠢᠶᠠᠨ ᠭᠠᠵᠠᠷ᠎ᠢ ᠲᠠᠷᠢᠶᠠᠯᠠᠩ᠎ᠤᠨ ᠪᠤᠰᠤ ᠪᠣᠯᠭ᠋ᠠᠵᠤ ᠪᠣᠯᠬᠤ ᠦᠭᠡᠢ᠃ ᠬᠡᠷᠪᠡ ᠲᠠᠷᠢᠶᠠᠨ ᠭᠠᠵᠠᠷ᠎ᠢ ᠪᠦᠷ ᠲᠠᠷᠢᠶᠠᠯᠠᠩ᠎ᠤᠨ ᠪᠤᠰᠤ ᠪᠣᠯᠭ᠋ᠠᠴᠢᠪᠠᠯ᠂ ᠪᠢᠳᠡᠨ᠎ᠤ ᠪᠤᠳᠠᠭ᠎ᠠ ᠢᠳᠡᠬᠦ ᠬᠥᠷᠥᠩᠭᠡ ᠦᠭᠡᠢ ᠪᠣᠯᠴᠢᠬᠠᠨ᠎ᠠ》᠃ 《ᠮᠤᠬᠤᠭ᠋ᠠᠠᠳᠤᠨᠢ ᠲᠤᠯᠭ᠋ᠠᠵᠦ ᠬᠡᠯᠡᠪᠡᠯ᠂ ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠲᠡᠦᠬᠡ ᠵᠢᠨ ᠳᠤᠷᠠᠰᠬᠠᠯᠲᠤ ᠵᠦᠢᠯ᠎ᠢ ᠬᠠᠮᠠᠭ᠋ᠠᠯᠠᠬᠤ᠎ᠲᠠᠢ ᠠᠳᠠᠯᠢ᠎ᠪᠠᠷ ᠬᠢᠬᠦ ᠬᠡᠷᠡᠭᠲᠡᠶ᠂ ᠴᠢᠨᠠᠭᠰᠢᠯᠠᠪᠠᠯ ᠮᠠᠯᠤᠷ ᠥᠲᠡᠭᠡ ᠵᠢ ᠬᠠᠮᠠᠭ᠋ᠠᠯᠠᠬᠤ᠎ᠲᠠᠢ ᠠᠳᠠᠯᠢ᠎ᠪᠠᠷ ᠬᠢᠬᠦ ᠬᠡᠷᠡᠭᠲᠡᠶ᠃ 18 ᠳ᠋ᠦᠩᠰᠢᠭᠤᠷ ᠮᠦ᠍ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠵᠤ᠂ ᠣᠯᠠᠨ ᠵᠶ᠋ᠠᠷ ᠵᠶ᠋ᠠᠨ ᠪᠠᠲᠤᠯᠠᠭ᠎ᠠ ᠵᠢᠨ ᠪᠢᠴᠢᠭ ᠪᠢᠴᠢᠵᠦ᠂ ᠡᠷᠬᠡᠪᠰᠢ ᠪᠡᠶᠡᠯᠡᠭᠦᠯᠬᠦ ᠬᠡᠷᠡᠭᠲᠡᠶ᠂ ᠵᠢᠭ᠋ᠠᠬᠠᠨ ᠴᠤ᠌ ᠦᠨ᠎ᠡ ᠬᠠᠶᠠᠯᠴᠠᠬᠤ ᠪᠣᠯᠤᠮᠵᠢ ᠦᠭᠡᠢ!》 ᠭᠡᠵᠦ ᠵᠢᠭ᠋ᠠᠵᠦ ᠭᠠᠷᠭ᠋ᠠᠵᠠᠢ᠃
《ᠬᠥᠳᠡᠭᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠠᠬᠢᠭᠤᠯᠬᠤ᠎ᠨᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠣᠮᠲᠣᠭ᠋ᠠᠶ᠋ᠢᠯᠠᠨᠠ ᠭᠡᠰᠡᠡ ᠶᠠᠪᠤᠳᠠᠯ ᠤᠭᠲᠤ ᠪᠢᠰᠢ》᠃ 2016 ᠣᠨ᠎ᠤ 12 ᠰᠠᠷ᠎ᠠ ᠵᠢᠨ 14᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ᠄ 《ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠡᠷᠴᠢᠮ᠎ᠢ ᠬᠡᠵᠢᠶ᠎ᠡ ᠴᠦ᠍ ᠭᠡᠰᠡᠡ ᠴᠢᠩᠭ᠋ᠠᠷᠠᠭᠤᠯᠵᠤ ᠴᠠᠭ ᠢᠮᠠᠭᠲᠠ ᠴᠢᠩᠭ᠋ᠠᠷᠠᠭᠤᠯᠬᠤ ᠭᠡᠷᠡᠭᠲᠡᠢ᠃ ᠳᠤᠮᠳᠠᠳᠤ ᠵᠢᠨ ᠬᠥᠮᠦᠨ ᠪᠤᠳᠠᠭ᠋ᠠᠨ ᠠᠶᠠᠭ᠎ᠠ᠎ᠪᠠᠨ ᠥᠪᠡᠷ᠎ᠤᠨ ᠭᠠᠷ᠎ᠲᠠᠭᠠᠨ ᠪᠠᠲᠤ ᠠᠳᠬᠤᠬᠤ ᠬᠡᠷᠡᠭᠲᠡᠶ ᠮᠥᠷᠲᠡᠭᠡᠨ ᠳᠣᠲᠣᠷ᠎ᠠ᠎ᠨᠢ ᠭᠤᠤᠯᠳᠠᠭᠤ ᠳᠤᠮᠳᠠᠳᠤ ᠤᠯᠤᠰ᠎ᠤᠨ ᠠᠮᠤ ᠪᠤᠳᠠᠭ᠎ᠠ ᠰᠠᠪᠠᠯᠠᠬᠰᠠᠨ ᠪᠠᠶ᠋ᠢᠬᠤ ᠬᠡᠷᠡᠭᠲᠡᠶ ᠭᠡᠵᠦ ᠪᠢ ᠬᠡᠯᠡᠵᠦ ᠦᠩᠭᠡᠷᠡᠵᠠᠢ᠃ ᠡᠨᠡ ᠪᠣᠯ ᠪᠠᠶ᠋ᠢᠯᠳᠤᠬᠤ ᠪᠤᠳᠤᠯᠭ᠎ᠠ ᠵᠢᠨ ᠲᠠᠯ᠎ᠠ᠎ᠠᠴᠠ ᠪᠣᠳᠣᠯᠬᠢᠯᠠᠭᠰᠠᠨ ᠶᠤᠮ᠃ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠠ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠲᠠᠪᠤᠷᠢ ᠵᠢ ᠪᠠᠲᠤᠯᠠᠵᠦ᠂ ᠮᠡᠷᠭᠡᠵᠢᠯ ᠵᠶ᠋ᠠᠷ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢ ᠠᠬᠢᠭᠤᠯᠵᠦ᠂ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠬᠠᠮᠠᠭ᠋ᠠᠯᠠᠨ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ ᠶᠡᠭᠡ᠎ᠪᠠᠷ ᠪᠠᠭᠤᠷᠠᠬᠤ ᠪᠠᠶ᠋ᠢᠳᠠᠯ ᠭᠠᠷᠬᠤ᠎ᠠᠴᠠ ᠰᠡᠷᠭᠡᠶ᠋ᠢᠯᠡᠬᠦ ᠬᠡᠷᠡᠭᠲᠡᠢ》 ᠭᠡᠵᠦ ᠵᠢᠭ᠋ᠠᠵᠦ ᠭᠠᠷᠭ᠋ᠠᠵᠠᠢ᠃
2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠠᠮᠤ ᠪᠤᠳᠠᠭ᠋ᠠᠨ᠎ᠤ ᠠᠰᠠᠭᠤᠳᠠᠯ᠎ᠳᠤ᠂ ᠦᠵᠡᠭᠳᠡᠯ᠎ᠢ ᠨᠡᠪᠲᠡᠯᠦᠨ ᠮᠥᠨ ᠴᠢᠨᠠᠷ᠎ᠢ᠎ᠨᠢ ᠦᠵᠡᠬᠦ᠎ᠳᠡᠭᠡᠨ ᠴᠢᠳᠠᠮᠠᠭ᠋ᠠᠢ ᠪᠠᠶ᠋ᠢᠬᠤ ᠬᠡᠷᠡᠭᠲᠡᠢ᠃ 13 ᠳ᠋ᠦᠩᠰᠢᠭᠤᠷ ᠭᠠᠷᠤᠢ ᠬᠥᠮᠦᠨ ᠠᠮᠠ᠎ᠲᠠᠢ ᠮᠠᠨ᠎ᠤ ᠡᠶ᠋ᠢᠮᠦ ᠶᠡᠭᠡ ᠤᠯᠤᠰ᠎ᠲᠤ ᠠᠮᠤ ᠪᠤᠳᠠᠭ᠎ᠠ ᠠᠷᠪᠢᠳᠬᠤ᠎ᠨᠢ ᠠᠰᠠᠭᠤᠳᠠᠯ ᠮᠥᠨ᠂ ᠬᠤᠮᠰᠠᠲᠠᠬᠤᠨᠢ ᠴᠦ᠍ ᠪᠠᠰᠠ ᠠᠰᠠᠭᠤᠳᠠᠯ ᠮᠥᠨ᠂ ᠭᠡᠪᠡᠴᠦ ᠡᠨᠡ ᠪᠣᠯ ᠬᠤᠶᠠᠷ ᠵᠦᠢ᠍ᠯ᠎ᠤᠨ ᠠᠳᠠᠯᠢ ᠪᠤᠰᠤ ᠰᠢᠨᠵᠢ ᠴᠢᠨᠠᠷᠲᠠᠢ ᠠᠰᠠᠭᠤᠳᠠᠯ ᠮᠥᠨ᠃ ᠠᠷᠪᠢᠳᠪᠠᠯ ᠬᠥᠮᠥᠷᠭᠡ ᠵᠢᠨ ᠬᠠᠳᠠᠭ᠋ᠠᠯᠠᠯᠲᠠ᠎ᠳᠤ ᠲᠠᠷᠤᠭ᠋ᠠᠰᠤ ᠪᠤᠯᠵᠦ᠂ ᠡᠳ᠋᠎ᠤᠨ ᠵᠠᠰᠠᠭ᠎ᠲᠤ ᠲᠠᠷᠤᠭ᠋ᠠᠰᠤ ᠪᠤᠯᠤᠨ᠎ᠠ; ᠬᠤᠮᠰᠠᠲᠠᠬᠤᠨᠢ ᠨᠡᠶ᠋ᠢᠭᠡᠮ᠎ᠳᠤ ᠲᠠᠷᠤᠭ᠋ᠠᠰᠤ ᠪᠤᠯᠵᠦ᠂ ᠪᠦᠬᠦ ᠲᠠᠯ᠎ᠠ᠎ᠳᠤ ᠲᠠᠷᠤᠭ᠋ᠠᠰᠤ ᠪᠣᠯᠤᠨ᠎ᠠ᠃ ᠠᠮᠤ ᠪᠤᠳᠠᠭ᠋ᠠᠨ᠎ᠤ ᠠᠰᠠᠭᠤᠳᠠᠯ᠎ᠢ ᠪᠠᠶ᠋ᠢᠯᠳᠤᠬᠤ ᠪᠤᠳᠤᠯᠭ᠎ᠠ ᠵᠢᠨ ᠲᠠᠯ᠎ᠠ᠎ᠠᠴᠠ ᠦᠵᠡᠵᠦ᠂ ᠭᠦᠨᠵᠡᠭᠡᠢ ᠰᠢᠭ᠂ ᠬᠤᠯᠠ ᠬᠠᠷᠠᠬᠤ ᠬᠡᠷᠡᠭᠲᠡᠢ》 ᠭᠡᠵᠦ ᠵᠢᠭ᠋ᠠᠵᠦ ᠭᠠᠷᠭ᠋ᠠᠵᠠᠢ᠃
ᠶᠡᠷᠦᠩᠬᠡᠢ ᠱᠦᠵᠢ ᠰᠢ ᠵᠢᠨ ᠫᠢᠩ᠄ 《ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠵᠠᠩᠭᠢᠯᠠᠭ᠎ᠠ᠎ᠨᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠵᠤ᠂ ᠬᠡᠷᠡᠭᠴᠡᠭᠡ᠎ᠲᠠᠢ ᠦᠶ᠎ᠡ᠎ᠳᠤ ᠦᠢ᠍ᠯᠡᠳᠪᠦᠷᠢᠯᠡᠵᠦ ᠳᠡᠶ᠋ᠢᠯᠬᠦ᠂ ᠬᠠᠩᠭ᠋ᠠᠵᠤ ᠳᠡᠶ᠋ᠢᠯᠬᠦ ᠵᠢ ᠪᠠᠲᠤᠯᠠᠬᠤ ᠬᠡᠷᠡᠭᠲᠡᠢ᠃ ᠡᠨᠡ᠎ᠨᠢ ᠲᠠᠷᠤᠢ ᠪᠢᠳᠡᠨ᠎ᠢ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠠᠶ᠋ᠢᠲᠤᠷ ᠪᠦᠳᠦᠭᠡᠨ ᠪᠠᠶ᠋ᠢᠭᠤᠯᠵᠤ᠂ ᠲᠠᠷᠢᠶᠠᠨ ᠭᠠᠵᠠᠷ᠎ᠤᠨ ᠤᠰᠤᠨ ᠠᠰᠢᠠᠠᠯᠠᠯᠲᠠ ᠵᠢ ᠰᠠᠶ᠋ᠢᠲᠤᠷ ᠬᠢᠵᠦ᠂ ᠤᠳᠤ ᠦᠶ᠎ᠡ ᠵᠢᠨ ᠦᠷ᠎ᠡ ᠵᠢᠨ ᠦᠢ᠍ᠯᠡᠰ᠂ ᠬᠦᠲᠡᠭᠡ ᠠᠵᠦ ᠠᠬᠤᠢ ᠵᠢᠨ ᠮᠠᠰᠢᠨ ᠮᠧᠬᠠᠨᠢᠭ ᠵᠡᠷᠭᠡ ᠮᠡᠷᠭᠡᠵᠢᠯ ᠲᠣᠨᠣᠭᠯᠠᠯ᠎ᠤᠨ ᠲᠦᠪᠰᠢᠨ᠎ᠢ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢᠳᠤ ᠣᠷᠣᠨ᠎ᠢ ᠰᠠᠶ᠋ᠢᠲᠤᠷ ᠬᠤᠪᠢᠶᠠᠷᠢᠯᠠᠨ ᠰᠠᠶ᠋ᠢᠲᠤᠷ ᠪᠦᠳᠦᠭᠡᠨ ᠪᠠᠶ᠋ᠢᠭᠤᠯᠵᠤ᠂ ᠲᠠᠷᠢᠶᠠᠠ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠲᠠᠪᠤᠷᠢ ᠵᠢ ᠪᠠᠲᠤᠯᠠᠵᠦ᠂ ᠮᠡᠷᠭᠡᠵᠢᠯ ᠵᠶ᠋ᠠᠷ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢ ᠦᠨᠡᠡᠬᠦ ᠨᠠᠶ᠋ᠢᠳᠠᠪᠤᠷᠢᠵᠢᠭᠤᠯᠬᠤ ᠵᠢ ᠱᠠᠭ᠋ᠠᠷᠳᠠᠵᠤ ᠪᠠᠶ᠋ᠢᠨ᠎ᠠ》 ᠭᠡᠵᠦ ᠴᠢᠬᠤᠯᠠᠴᠢᠯᠠᠪᠠ᠃
2020 ᠣᠨ᠎ᠤ 5 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ᠎ᠤᠨ ᠠᠵᠤ ᠠᠬᠤᠢ ᠵᠢᠨ ᠡᠲᠡᠭᠡᠳ᠎ᠤᠨ ᠭᠡᠰᠢᠭᠦᠳ᠎ᠤᠨ ᠬᠠᠮᠲᠤᠷᠠᠭᠰᠠᠨ ᠳᠤᠭᠤᠶ᠋ᠢᠯᠠᠩ᠎ᠤᠨ ᠬᠤᠷᠠᠯ᠎ᠳᠤ ᠣᠷᠣᠯᠴᠠᠬᠤ᠎ᠳᠠᠭᠠᠨ᠄ 《ᠡᠨᠡ ᠤᠳᠠᠭ᠎ᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠶ᠋ᠢᠮᠦ ᠬᠦᠨᠳᠦ ᠨᠣᠴᠢᠲᠠᠢ ᠪᠠᠶ᠋ᠢᠨ᠎ᠠ᠂ ᠭᠡᠪᠡᠴᠦ ᠮᠠᠨ᠎ᠤ ᠤᠯᠤᠰ᠎ᠤᠨ ᠨᠡᠶ᠋ᠢᠭᠡᠮ ᠢᠮᠠᠭᠲᠠ ᠲᠣᠭᠲᠠᠭᠤᠨ ᠪᠠᠶ᠋ᠢᠳᠠᠯ ᠵᠶ᠋ᠠᠨ ᠪᠠᠲᠤᠯᠠᠬᠰᠠᠨ᠎ᠳᠤ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠲᠤᠰᠠᠯᠠᠬᠤ ᠠᠵᠦ ᠠᠬᠤᠢ ᠵᠢᠨ ᠪᠦᠲᠦᠭᠡᠭᠳᠡᠬᠦᠨ᠎ᠤ ᠲᠣᠭᠲᠠᠭᠤᠨ ᠬᠠᠩᠭ᠋ᠠᠯᠭ᠎ᠠ ᠵᠢᠨ ᠭᠠᠪᠢᠶ᠎ᠠ ᠵᠢ ᠦᠭᠡᠶ᠋ᠢᠰᠬᠡᠵᠦ ᠪᠣᠯᠬᠤ ᠦᠭᠡᠢ᠃ ᠶᠡᠷᠦᠩᠬᠡᠶ᠎ᠳᠤᠨᠢ ᠠᠪᠴᠤ ᠬᠡᠯᠡᠪᠡᠯ᠂ ᠮᠠᠨ᠎ᠤ ᠤᠯᠤᠰ᠎ᠤᠨ ᠲᠠᠷᠢᠶᠠᠯᠠᠩ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠵᠤ᠂ ᠠᠮᠤ ᠪᠤᠳᠠᠭ᠋ᠠᠨ᠎ᠤ ᠨᠥᠭᠡᠴᠡ ᠭᠦᠢ᠍ᠴᠡᠳ ᠪᠠᠶ᠋ᠢᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠪᠦᠷᠢᠨ ᠪᠠᠶ᠋ᠢᠨ᠎ᠠ》 ᠭᠡᠵᠦ ᠵᠢᠭ᠋ᠠᠵᠦ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠰᠢᠨ᠎ᠡ ᠪᠠᠶ᠋ᠢᠳᠠᠯ ᠳᠣᠣᠷ᠎ᠠ᠂ ᠬᠦᠲᠡᠭᠡ ᠠᠵᠦ ᠠᠬᠤᠢ ᠵᠢᠨ ᠬᠥᠭᠵᠢᠯᠲᠡ ᠵᠢᠨ ᠳᠤᠮᠳᠠ ᠣᠷᠣᠰᠢᠵᠤ ᠪᠠᠶ᠋ᠢᠭ᠎ᠠ ᠭᠦᠨ ᠳᠠᠪᠬᠤᠷᠭ᠎ᠠ ᠵᠢᠨ ᠵᠥᠷᠢᠴᠡᠯ ᠪᠠ ᠠᠰᠠᠭᠤᠳᠠᠯ᠎ᠢ ᠴᠢᠷᠮᠠᠶ᠋ᠢᠠ ᠰᠢᠢ᠍ᠳᠪᠦᠷᠢᠯᠡᠬᠦ᠎ᠳᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠴᠡ᠂ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ᠂ ᠬᠦᠲᠡᠭᠡ ᠠᠵᠦ ᠠᠬᠤᠢ ᠵᠢᠨ ᠣᠳᠣᠬᠢᠴᠢᠯᠠᠯᠲᠠ ᠵᠢᠨ ᠲᠦᠪᠰᠢᠨ᠎ᠤ ᠲᠠᠯ᠎ᠠ᠎ᠪᠠᠷ ᠭᠤᠣᠯᠳᠠᠯᠭ᠎ᠠ᠎ᠲᠠᠢ ᠴᠢᠷᠮᠠᠶ᠋ᠢᠨ ᠬᠢᠬᠦ ᠬᠡᠷᠡᠭᠲᠡᠢ》 ᠭᠡᠵᠦ ᠴᠢᠬᠤᠯᠠᠴᠢᠯᠠᠪᠠ᠃
《ᠵᠠᠷᠢᠮ ᠬᠥᠮᠦᠨ᠎ᠤ ᠦᠵᠡᠬᠦ᠎ᠪᠠᠷ᠂ ᠵᠣᠭᠤᠰ᠎ᠲᠠᠢ ᠪᠣᠯ ᠠᠮᠤ ᠪᠤᠳᠠᠭ᠎ᠠ ᠬᠤᠳᠠᠯᠳᠤᠨ ᠠᠪᠴᠤ ᠴᠢᠳᠠᠨ᠎ᠠ᠂ ᠭᠠᠳᠠᠭ᠋ᠠᠳᠤ᠎ᠠᠴᠠ ᠢᠯᠡᠭᠦᠭᠡᠡ ᠰᠢᠭ ᠲᠠᠷᠢᠶᠠᠯᠠᠩ᠎ᠤᠨ ᠪᠦᠲᠦᠭᠡᠭᠳᠡᠬᠦᠨ ᠣᠷᠣᠭᠤᠯᠪᠠᠯ ᠪᠠᠰᠠ ᠥᠪᠡᠷ᠎ᠤᠨ ᠭᠠᠵᠠᠷ ᠲᠠᠷᠢᠶ᠎ᠠ ᠪᠠ ᠤᠰᠤ᠎ᠪᠠᠨ ᠠᠷᠪᠢᠯᠠᠵᠤ ᠴᠢᠳᠠᠨ᠎ᠠ ᠭᠡᠵᠦ ᠦᠵᠡᠵᠦ ᠪᠠᠶ᠋ᠢᠨ᠎ᠠ᠃ ᠡᠨᠡ ᠤᠳᠠᠭ᠎ᠠ ᠵᠢᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ᠂ 18 ᠤᠯᠤᠰ ᠠᠮᠤ ᠪᠤᠳᠠᠭ᠎ᠠ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠵᠢ ᠬᠢᠵᠠᠭ᠋ᠠᠷᠯᠠᠵᠤ᠂ ᠪᠦᠬᠦ ᠪᠥᠮᠪᠥᠷᠴᠡᠭ᠎ᠤᠨ ᠬᠠᠩᠭ᠋ᠠᠯᠭ᠎ᠠ ᠵᠢᠨ ᠬᠡᠯᠬᠢᠶ᠎ᠡ ᠳᠠᠭ᠋ᠠᠷᠢᠯᠲᠠ᠎ᠳᠤ ᠤᠴᠠᠷᠠᠵᠤ᠂ ᠨᠢᠭᠡ ᠦᠶ᠎ᠡ ᠭᠡᠯᠮᠡᠭᠳᠡᠯ ᠡᠭᠦᠰᠴᠦ᠂ ᠦᠨ᠎ᠡ ᠬᠠᠩᠰᠢ ᠶᠡᠭᠡ᠎ᠪᠠᠷ ᠲᠤᠭᠲᠠᠪᠤᠷᠢ ᠠᠯᠲᠠᠪᠠ᠃ ᠡᠶ᠋ᠢᠮᠦ ᠶᠠᠪᠤᠳᠠᠯ ᠤ᠊ ᠵᠢᠷᠠ ᠵᠢᠨ ᠵᠢᠯ᠎ᠤᠳ᠎ᠲᠤ ᠪᠠᠶ᠋ᠢᠨ ᠲᠠᠬᠢᠨ ᠡᠭᠦᠰᠴᠤ ᠪᠤᠢ᠂ ᠳᠡᠯᠡᠬᠡᠢ ᠳᠡᠭᠡᠷ᠎ᠡ ᠪᠠᠭ᠎ᠠ ᠯᠠ ᠦᠢ᠍ᠮᠡᠭᠡᠨ ᠳᠡᠪᠵᠢᠶᠡᠨ ᠭᠠᠷᠤᠮᠠᠭᠴᠠ ᠡᠯ᠎ᠡ ᠤᠯᠤᠰ ᠤᠷᠢᠳᠠᠪᠠᠷ ᠥᠪᠡᠷ᠎ᠤᠨ 〈ᠠᠮᠤ ᠪᠤᠲᠠᠭ᠋ᠠᠠ〉᠎ᠤ ᠬᠠᠲᠠᠭ᠋ᠠᠯᠠᠯᠲᠠᠪᠠᠨ ᠬᠠᠮᠠᠭ᠋ᠠᠯᠠᠲᠠᠭ》᠃ 2020 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠬᠡᠷᠪᠡ ᠬᠤᠭᠤᠯᠠ ᠢᠳᠡᠬᠦ ᠠᠰᠠᠭᠤᠳᠠᠯ ᠳᠡᠭᠡᠷ᠎ᠡ 〈ᠪᠠᠭ᠋ᠠᠯᠵᠤᠤᠷᠳᠠᠭᠲᠠᠬᠤᠳᠤ ᠭᠦᠷᠪᠡᠯ ᠨᠢᠭᠡᠯᠡ ᠬᠢᠲᠤᠭ᠋ᠠᠯᠠᠭᠲᠠᠭᠰᠠᠠᠲᠠᠢ ᠠᠲᠠᠯᠢ ᠪᠤᠯᠤᠨ᠎ᠠ᠃ ᠥᠪᠡᠷ᠎ᠤᠨ ᠶᠠᠪᠤᠳᠠᠯ ᠵᠶ᠋ᠠᠨ ᠰᠠᠶ᠋ᠢᠲᠤᠷ ᠬᠢᠬᠦ ᠵᠢ ᠪᠢ ᠲᠠᠬᠢᠨ ᠳᠠᠪᠲᠠᠨ ᠴᠢᠬᠤᠯᠠᠴᠢᠯᠠᠵᠤ ᠪᠠᠶ᠋ᠢᠨ᠎ᠠ᠂ ᠡᠭᠦᠨ᠎ᠤ ᠳᠣᠲᠣᠷᠠᠬᠢ ᠮᠠᠰᠢ ᠴᠢᠬᠤᠯᠠ ᠨᠢᠭᠡᠨ ᠡᠭᠦᠷᠭᠡ ᠪᠣᠯ ᠳᠠᠷᠤᠢ ᠢᠮᠠᠭᠲᠠ ᠥᠪᠡᠷ᠎ᠤᠨ ᠪᠡᠶ᠎ᠡ᠎ᠳᠡᠭᠡᠨ ᠰᠠᠭᠤᠷᠢᠯᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠢ ᠰᠠᠶ᠋ᠢᠲᠤᠷ ᠠᠳᠬᠤᠵᠤ᠂ ᠤᠯᠤᠰ᠎ᠤᠨ ᠳᠣᠲᠣᠭ᠋ᠠᠳᠤ ᠵᠢᠨ ᠲᠣᠭᠲᠠᠭᠤᠨ ᠪᠠᠶ᠋ᠢᠯᠭ᠋ᠠᠬᠤ ᠪᠠ ᠬᠠᠩᠭ᠋ᠠᠯᠭ᠎ᠠ ᠵᠢ ᠪᠠᠲᠤᠯᠠᠬᠤ ᠲᠣᠭᠲᠠᠪᠤᠷᠢᠲᠤ ᠴᠢᠨᠠᠷ ᠵᠶ᠋ᠠᠷ ᠭᠠᠳᠠᠭ᠋ᠠᠳᠤ ᠣᠷᠴᠢᠨ ᠨᠥᠬᠦᠴᠡᠯ᠎ᠤᠨ ᠲᠣᠭᠲᠠᠪᠤᠷᠢ ᠦᠭᠡᠢ ᠴᠢᠨᠠᠷ᠎ᠢ ᠠᠷᠭ᠋ᠠᠴᠠᠭ᠋ᠠᠬᠤ ᠶᠠᠪᠤᠳᠠᠯ ᠪᠣᠯᠤᠨ᠎ᠠ》 ᠭᠡᠵᠦ ᠵᠢᠭ᠋ᠠᠵᠦ ᠭᠠᠷᠭ᠋ᠠᠪᠠ᠃
ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠨᠢᠭᠡᠨᠲᠡ ᠰᠢᠨ᠎ᠡ ᠲᠡᠦᠬᠡᠨ ᠱᠠᠳᠤ ᠦᠶ᠎ᠡ᠎ᠳᠤ ᠣᠷᠣᠵᠤ᠂ ᠬᠥᠳᠡᠭᠡ ᠠᠵᠤ ᠠᠬᠤᠢ ᠵᠢᠨ ᠭᠤᠣᠯ ᠵᠥᠷᠢᠴᠡᠯ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶ᠋ᠢᠭᠰᠠᠨ᠎ᠠᠴᠠ ᠪᠦᠲᠦᠴᠡ ᠵᠢᠨ ᠴᠢᠨᠠᠷᠲᠠᠢ ᠵᠥᠷᠢᠴᠡᠯ ᠪᠣᠯᠤᠨ ᠬᠤᠪᠢᠷᠠᠵᠤ᠂ ᠵᠥᠷᠢᠴᠡᠯ᠎ᠤᠨ ᠭᠤᠣᠯ ᠲᠠᠯ᠎ᠠ᠎ᠨᠢ ᠬᠠᠩᠭ᠋ᠠᠯᠭ᠎ᠠ ᠵᠢᠨ ᠲᠠᠯ᠎ᠠ᠎ᠳᠤ ᠪᠠᠶ᠋ᠢᠨ᠎ᠠ᠂ ᠡᠷᠬᠡᠪᠰᠢ ᠬᠥᠳᠡᠭᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠲᠦᠷᠭᠡᠨ ᠪᠤᠶ᠋ᠢᠵᠢᠭᠤᠯᠵᠤ᠂ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠄ 《ᠬᠦᠲᠡᠭᠡ ᠠᠵᠦ ᠠᠬᠤᠢ ᠵᠢᠨ ᠣᠳᠣᠬᠢᠴᠢᠯᠠᠯᠲᠠ ᠵᠢᠨ ᠠᠯᠬᠤᠮ᠎ᠢ ᠲᠦᠷᠭᠡᠳᠬᠡᠬᠦ ᠵᠢ ᠪᠣᠳᠣᠯᠬᠢᠯᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠤᠨᠠᠯᠲᠠ ᠵᠢ ᠲᠣᠭᠲᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠢ ᠬᠠᠩᠭ᠋ᠠᠯᠭ᠎ᠠ ᠵᠢ ᠪᠠᠲᠤᠯᠠᠬᠤ ᠵᠢᠨ ᠬᠠᠮᠲᠤ ᠲᠠᠷᠢᠶᠠᠯᠠᠩ᠎ᠤᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠨ ᠬᠤᠪᠢᠷᠠᠭᠤᠯᠵᠤ᠂ ᠬᠦᠲᠡᠭᠡ ᠠᠵᠦ ᠠᠬᠤᠢ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠠᠯᠬᠤᠮ᠎ᠢ ᠲᠦᠷᠭᠡᠳᠬᠡᠵᠦ᠂ ᠡᠷᠴᠢᠮᠯᠢᠭ᠂ ᠥᠨᠳᠥᠷ ᠪᠦᠲᠦᠮᠵᠢᠲᠡᠢ᠂ ᠠᠮᠤᠷ ᠲᠦᠪᠰᠢᠨ᠂ ᠦᠷᠭᠦᠯᠵᠢᠯᠡᠯ᠎ᠲᠠᠢ ᠤᠳᠤ ᠦᠶ᠎ᠡ ᠵᠢᠨ ᠬᠦᠲᠡᠭᠡ ᠠᠵᠦ ᠠᠬᠤᠢ ᠵᠢᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ》 ᠭᠡᠵᠦ ᠵᠢᠭ᠋ᠠᠵᠦ ᠭᠠᠷᠭ᠋ᠠᠪᠠ᠃
2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠮᠠᠨ᠎ᠤ ᠤᠯᠤᠰ᠎ᠤᠨ ᠬᠥᠳᠡᠭᠡ ᠠᠵᠤ ᠠᠬᠤᠢ ᠶᠠᠭ ᠬᠥᠭᠵᠢᠯᠲᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ᠂ ᠠᠵᠤ ᠠᠬᠤᠢ ᠵᠢᠨ ᠪᠦᠲᠦᠴᠡ᠎ᠪᠠᠨ ᠰᠢᠯᠢᠳᠡᠭᠵᠢᠭᠦᠯᠬᠦ᠂ ᠨᠡᠮᠡᠭᠳᠡᠯ᠎ᠤᠨ ᠬᠥᠳᠡᠯᠭᠡᠬᠦ ᠬᠦᠴᠦᠨ ᠵᠶ᠋ᠠᠨ ᠬᠤᠪᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭ᠋ᠠᠨ᠎ᠳᠤ ᠣᠷᠣᠰᠢᠵᠤ ᠪᠠᠶ᠋ᠢᠨ᠎ᠠ᠂ ᠬᠥᠳᠡᠭᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠶᠠᠰᠤ ᠴᠢᠨᠠᠷ ᠵᠶ᠋ᠠᠷ ᠬᠥᠳᠡᠭᠡ ᠠᠵᠤ ᠠᠬᠤᠢ ᠵᠢ ᠬᠥᠭᠵᠢᠭᠦᠯᠬᠦ᠂ ᠪᠣᠬᠢᠷᠲᠤᠯ ᠦᠭᠡᠢ᠎ᠪᠠᠷ ᠬᠥᠳᠡᠭᠡ ᠠᠵᠤ ᠠᠬᠤᠢ ᠵᠢ ᠬᠥᠭᠵᠢᠭᠦᠯᠬᠦ ᠵᠢ ᠪᠠᠷᠢᠮᠲᠠᠯᠠᠵᠤ᠂ ᠬᠥᠳᠡᠭᠡ ᠠᠵᠤ ᠠᠬᠤᠢ ᠵᠢᠨ ᠭᠠᠷᠤᠯᠲᠠ ᠵᠢ ᠨᠡᠮᠡᠭᠳᠡᠭᠦᠯᠬᠦ ᠤᠳᠤᠷᠢᠳᠤᠮᠵᠢ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ ᠤᠳᠤᠷᠢᠳᠤᠮᠵᠢ ᠲᠡᠶ᠋ᠢᠰᠢ ᠰᠢᠯᠵᠢᠬᠦ ᠵᠢ ᠲᠦᠷᠬᠡᠨ ᠠᠬᠢᠭᠤᠯᠵᠤ᠂ ᠤᠳᠤ ᠦᠶ᠎ᠡ ᠵᠢᠨ ᠬᠥᠳᠡᠭᠡ ᠠᠵᠤ ᠠᠬᠤᠢ ᠵᠢᠨ ᠠᠵᠤ ᠦᠢ᠍ᠯᠡᠰ᠎ᠤᠨ ᠰᠢᠰᠲ᠋ᠧᠮ᠂ ᠦᠢ᠍ᠯᠡᠳᠪᠦᠷᠢᠯᠡᠯ᠎ᠤᠨ ᠰᠢᠰᠲ᠋ᠧᠮ᠂ ᠡᠵᠡᠩᠨᠡᠯᠲᠡ ᠵᠢᠨ ᠰᠢᠰᠲ᠋ᠧᠮ᠎ᠢ ᠲᠦᠷᠬᠡᠨ ᠪᠠᠶ᠋ᠢᠭᠤᠯᠵᠤ᠂ ᠮᠠᠨ᠎ᠤ ᠤᠯᠤᠰ᠎ᠤᠨ ᠬᠥᠳᠡᠭᠡ ᠠᠵᠤ ᠠᠬᠤᠢ ᠵᠢᠨ ᠶᠡᠷᠦᠩᠬᠡᠶ᠋ᠢᠯᠡᠭᠰᠡᠨ ᠦᠷ᠎ᠡ ᠠᠰᠢᠭ ᠪᠣᠯᠤᠨ ᠦᠷᠢᠰᠦᠯᠳᠦᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠵᠢᠨ ᠲᠤᠮᠤ ᠤᠯᠤᠰ᠎ᠠᠴᠠ ᠬᠥᠳᠡᠭᠡ ᠠᠵᠤ ᠠᠬᠤᠢ ᠵᠢᠨ ᠬᠦᠴᠦᠷᠭᠡᠭ ᠤᠯᠤᠰ ᠲᠡᠶ᠋ᠢᠰᠢ ᠰᠢᠯᠵᠢᠬᠦ ᠵᠢ ᠪᠡᠶᠡᠯᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠤᠳᠤ ᠦᠶ᠎ᠡ ᠵᠢᠨ ᠬᠥᠳᠡᠭᠡ ᠠᠵᠤ ᠠᠬᠤᠢ ᠵᠢ ᠬᠥᠭᠵᠢᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ᠂ ᠬᠥᠳᠡᠭᠡ ᠠᠵᠤ ᠠᠬᠤᠢ ᠵᠢᠨ ᠪᠦᠲᠦᠴᠡ ᠵᠢ ᠲᠤᠬᠢᠷᠠᠭᠤᠯᠤᠨ ᠰᠢᠯᠢᠳᠡᠭᠵᠢᠭᠦᠯᠵᠦ᠂ ᠤᠳᠤ ᠦᠶ᠎ᠡ ᠵᠢᠨ ᠬᠥᠳᠡᠭᠡ ᠠᠵᠤ ᠠᠬᠤᠢ ᠵᠢᠨ ᠠᠵᠤ ᠦᠢ᠍ᠯᠡᠰ᠎ᠤᠨ ᠰᠢᠰᠲ᠋ᠧᠮ᠂ ᠦᠢ᠍ᠯᠡᠳᠪᠦᠷᠢᠯᠡᠯ᠎ᠤᠨ ᠰᠢᠰᠲ᠋ᠧᠮ᠂ ᠡᠵᠡᠩᠨᠡᠯᠲᠡ ᠵᠢᠨ ᠰᠢᠰᠲ᠋ᠧᠮ᠎ᠢ ᠲᠦᠷᠬᠡᠨ ᠪᠠᠶ᠋ᠢᠭᠤᠯᠵᠤ᠂ ᠬᠥᠳᠡᠭᠡ ᠠᠵᠤ ᠠᠬᠤᠢ ᠵᠢᠨ ᠤᠨᠠᠯᠲᠠ ᠵᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠵᠤ ᠪᠠᠶ᠋ᠢᠭᠰᠠᠨ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠤᠳᠤᠷᠢᠳᠤᠮᠵᠢ ᠪᠣᠯᠭ᠋ᠠᠬᠤ ᠲᠡᠶ᠋ᠢᠰᠢ ᠬᠤᠪᠢᠷᠠᠬᠤ ᠵᠢ ᠠᠬᠢᠭᠤᠯᠵᠤ᠂ ᠬᠥᠳᠡᠭᠡ ᠠᠵᠤ ᠠᠬᠤᠢ ᠵᠢᠨ ᠰᠢᠨ᠎ᠡ ᠵᠢ ᠡᠭᠦᠳᠬᠦ ᠬᠦᠴᠦᠨ᠂ ᠦᠷᠢᠰᠦᠯᠳᠦᠬᠦ ᠬᠦᠴᠦᠨ᠂ ᠪᠦᠬᠦ ᠴᠢᠬᠤᠯᠠ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠵᠢᠨ ᠶᠠᠰᠤ ᠴᠢᠨᠠᠷ᠂ ᠦᠷ᠎ᠡ ᠠᠰᠢᠭ᠂ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ》 ᠭᠡᠵᠦ ᠵᠢᠭ᠋ᠠᠵᠦ ᠭᠠᠷᠭ᠋ᠠᠪᠠ᠃
2019 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠾᠧᠨᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠬᠥᠳᠡᠭᠡ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠠᠬᠢᠭᠤᠯᠬᠤ ᠬᠡᠷᠡᠭᠲᠡᠢ᠃ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠤᠨ᠂ ᠠᠮᠤ ᠪᠤᠳᠠᠭ᠎ᠠ ᠭᠡᠬᠦ ᠡᠨᠡ ᠬᠦ᠌ ᠭᠤᠤᠯᠯᠠᠬᠤ ᠥᠷᠢᠰᠦᠯᠳᠦᠬᠦ ᠬᠦᠴᠦᠨ᠎ᠢ ᠠᠳᠬᠤᠵᠤ᠂ ᠠᠮᠤ ᠪᠤᠳᠠᠭ᠋ᠠᠨ᠎ᠤ ᠠᠵᠤ ᠦᠢᠯᠡᠰ᠎ᠤᠨ ᠬᠡᠯᠬᠢᠶ᠎ᠡ ᠵᠢ ᠤᠷᠲᠤᠳᠬᠠᠨ᠂ ᠥᠷᠲᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠬᠠᠩᠭ᠋ᠠᠯᠭ᠎ᠠ ᠵᠢᠨ ᠬᠡᠯᠬᠢᠶ᠎ᠡ ᠵᠢ ᠴᠣᠭᠴᠠᠯᠠᠨ᠂ ᠬᠦᠲᠡᠭᠡ ᠠᠵᠦ ᠠᠬᠤᠢ ᠵᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ ᠪᠠ ᠣᠲᠣ ᠦᠶ᠎ᠡ ᠵᠢᠨ ᠥᠨᠳᠥᠷ ᠪᠦᠲᠦᠮᠵᠢᠲᠡᠶ ᠬᠦᠲᠡᠭᠡ ᠠᠵᠦ ᠠᠬᠤᠢ ᠵᠢᠨ ᠨᠢᠭᠡᠳᠦᠯ᠎ᠢ ᠪᠡᠶᠡᠯᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃
ᠲᠠᠷᠢᠶᠠᠯᠠᠩ᠎ᠤᠨ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠦᠷ᠎ᠡ ᠪᠣᠯ ᠰᠠᠭᠤᠷᠢ ᠮᠦᠨ᠃ ᠨᠢᠭᠡ ᠮᠥᠬᠦᠯᠢᠭ ᠦᠷ᠎ᠡ ᠶᠢᠷᠲᠢᠨᠴᠦ ᠵᠢ ᠬᠤᠪᠢᠷᠠᠭᠤᠯᠵᠤ᠂ ᠨᠢᠭᠡ ᠮᠡᠷᠭᠡᠵᠢᠯ ᠨᠢᠭᠡ ᠭᠠᠶ᠋ᠢᠬᠠᠮᠰᠢᠭ᠎ᠢ ᠡᠭᠦᠳᠴᠦ ᠴᠢᠳᠠᠨ᠎ᠠ᠃
《ᠲᠠᠷᠢᠶᠠᠴᠢᠳ᠂ 〈ᠰᠠᠶ᠋ᠢᠨ ᠬᠦᠦ᠎ᠳᠤ ᠰᠠᠶ᠋ᠢᠨ ᠡᠬᠡ ᠪᠠᠶ᠋ᠢᠵᠦ᠂ ᠰᠠᠶ᠋ᠢᠨ ᠦᠷ᠎ᠡ ᠲᠠᠷᠢᠪᠠᠯ ᠢᠯᠡᠭᠦᠬᠡᠨ ᠠᠮᠤ ᠪᠤᠳᠠᠭ᠎ᠠ ᠬᠤᠷᠢᠶᠠᠨ᠎ᠠ〉᠂ 〈ᠲᠠᠷᠢᠶ᠎ᠠ ᠲᠠᠷᠢᠬᠤ᠎ᠳᠠᠭᠠᠨ ᠦᠷ᠎ᠠ ᠵᠢ ᠰᠠᠶ᠋ᠢᠨ ᠰᠤᠩᠭᠤᠬᠤ ᠦᠭᠡᠢ ᠪᠣᠯ ᠶᠠᠳᠠᠷᠠᠵᠤ ᠵᠦᠲᠡᠷᠡᠭᠰᠡᠡ ᠴᠤ᠌ ᠬᠤᠭᠤᠰᠤᠲᠠᠬᠤᠨᠢ ᠲᠡᠷᠡ〉 ᠭᠡᠵᠤ ᠶᠠᠷᠢᠳᠠᠭ᠃ ᠦᠨᠳᠦᠰᠦᠲᠡᠨ᠎ᠤ ᠦᠷ᠎ᠡ ᠵᠢᠨ ᠦᠢ᠍ᠯᠡᠰ᠎ᠢ ᠬᠥᠭᠵᠢᠭᠦᠯᠬᠦ᠎ᠪᠠᠷ ᠵᠤᠷᠢᠭ ᠰᠢᠭᠤᠳᠴᠤ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠰᠢᠯᠢᠳᠡᠭ ᠡᠭᠦᠯᠳᠡᠷ᠎ᠤᠨ ᠦᠷ᠎ᠠ ᠵᠢ ᠱᠠᠯᠠᠪᠳᠠᠨ ᠪᠤᠶ᠋ᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠡᠬᠢ ᠡᠭᠦᠰᠦᠯ᠎ᠠᠴᠠ᠎ᠨᠢ ᠪᠠᠲᠤᠯᠠᠬᠤ ᠬᠡᠷᠡᠭᠲᠡᠢ》᠃ 2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠂ 《ᠬᠦᠴᠦ᠎ᠪᠠᠨ ᠬᠠᠷᠠᠮ ᠦᠭᠡᠢ ᠰᠢᠪᠬᠠᠵᠤ᠂ ᠣᠷᠣᠭᠤᠯᠤᠯᠲᠠ᠎ᠪᠠᠨ ᠨᠡᠮᠡᠭᠳᠡᠭᠦᠯᠵᠦ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠣᠯᠤᠨ ᠦᠢ᠍ᠯᠡᠳᠪᠦᠷᠢᠯᠡᠯ᠎ᠤᠨ ᠠᠰᠠᠭᠤᠳᠠᠯ᠎ᠢ ᠭᠤᠣᠯᠴᠢᠯᠠᠨ ᠰᠠᠶ᠋ᠢᠲᠤᠷ ᠰᠢᠢ᠍ᠳᠪᠦᠷᠢᠯᠡᠵᠦ᠂ ᠬᠥᠳᠡᠭᠡ ᠠᠵᠤ ᠠᠬᠤᠢ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠢᠭᠦᠷ ᠤᠷᠭᠤᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
ᠡᠨᠡ ᠵᠢᠯ᠎ᠤᠨ 5 ᠰᠠᠷ᠎ᠠ ᠵᠢᠨ 13᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠬᠤᠷᠢᠳᠤᠭ᠋ᠠᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ᠄ 《ᠲᠠᠷᠢᠶᠠᠯᠠᠩ᠎ᠤᠨ ᠣᠳᠣᠬᠢᠴᠢᠯᠠᠯᠲᠠ᠎ᠳᠤ ᠦᠷ᠎ᠡ ᠪᠣᠯ ᠰᠠᠭᠤᠷᠢ ᠮᠥᠨ᠂ ᠡᠷᠬᠡᠪᠰᠢ ᠦᠨᠳᠦᠰᠦᠲᠡᠨ᠎ᠤ ᠦᠷ᠎ᠡ ᠵᠢᠨ ᠦᠢ᠍ᠯᠡᠰ᠎ᠢ ᠬᠥᠭᠵᠢᠭᠦᠯᠵᠦ᠂ ᠦᠷ᠎ᠡ ᠵᠢᠨ ᠢᠷᠡᠯᠳᠡ ᠵᠢᠨ ᠠᠮᠤᠷ ᠲᠦᠪᠰᠢᠨ᠎ᠢ ᠤᠯᠤᠰ᠎ᠤᠨ ᠠᠮᠤᠷ ᠲᠦᠪᠰᠢᠨ᠎ᠳᠤ ᠬᠤᠯᠪᠣᠭᠳᠠᠬᠤ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠳᠤ ᠬᠦᠷᠭᠡᠵᠦ᠂ ᠬᠦᠴᠦᠨ ᠵᠶ᠋ᠠᠨ ᠲᠥᠪᠯᠡᠷᠡᠭᠦᠯᠦᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠳᠤᠲᠠᠭᠤᠳᠠᠯ ᠵᠶ᠋ᠠᠨ ᠨᠥᠬᠦᠪᠥᠷᠢᠯᠡᠵᠦ᠂ ᠳᠠᠪᠠᠭᠤᠯᠢᠭ ᠵᠶ᠋ᠠᠨ ᠴᠢᠩᠭ᠋ᠠᠷᠠᠭᠤᠯᠵᠤ᠂ ᠠᠶᠤᠯ ᠲᠦᠭᠰᠢᠭᠦᠷᠢ ᠵᠢ ᠡᠵᠡᠮᠳᠡᠵᠦ᠂ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠂ ᠦᠷ᠎ᠡ ᠵᠢᠨ ᠢᠷᠡᠯᠳᠡ ᠵᠢ ᠪᠡᠶ᠎ᠡ᠎ᠪᠠᠨ ᠳᠠᠭ᠋ᠠᠭ᠋ᠠᠵᠤ ᠡᠵᠡᠮᠳᠡᠬᠦ ᠵᠢ ᠪᠡᠶᠡᠯᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃
ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠣᠯ 《ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠭᠤᠣᠯ ᠡᠭᠦᠷᠭᠡ ᠮᠥᠨ
《ᠤᠯᠤᠰ᠎ᠢ ᠵᠠᠰᠠᠬᠤ ᠶᠣᠰᠣ ᠠᠨ᠎ᠤ ᠠᠷᠠᠳ᠎ᠢ ᠪᠠᠶᠠᠵᠢᠭᠤᠯᠬᠤ᠎ᠠᠴᠠ ᠡᠬᠢᠯᠡᠳᠡᠭ》᠃ ᠶᠠᠳᠠᠭᠤ ᠬᠦᠴᠢᠷᠳᠡᠯ᠎ᠢ ᠠᠷᠢᠯᠭ᠋ᠠᠨ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠵᠤ᠂ ᠬᠠᠮᠲᠤ᠎ᠪᠠᠷ ᠪᠠᠶᠠᠵᠢᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠪᠣᠯ ᠨᠡᠶ᠋ᠢᠭᠡᠮ ᠵᠢᠷᠤᠮ᠎ᠤᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠂ ᠮᠠᠨ᠎ᠤ ᠨᠠᠮ᠎ᠤᠨ ᠴᠢᠬᠤᠯᠠ ᠡᠭᠦᠷᠭᠡ ᠮᠥᠨ᠃
ᠶᠡᠷᠦᠩᠬᠡᠢ ᠱᠦᠵᠢ ᠰᠢ ᠵᠢᠨ ᠫᠢᠩ᠄ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢᠨ ᠬᠠᠮᠤᠭ᠎ᠤᠨ ᠪᠡᠷᠬᠡ ᠬᠠᠲᠠᠭᠤᠵᠢᠯᠲᠠᠢ ᠬᠠᠮᠤᠭ᠎ᠤᠨ ᠨᠦᠰᠡᠷ ᠬᠦᠨᠳᠦ ᠡᠭᠦᠷᠭᠡ᠎ᠨᠢ ᠬᠥᠳᠡᠭᠡ ᠲᠣᠰᠬᠤᠨ᠎ᠳᠤ ᠪᠠᠶ᠋ᠢᠨ᠎ᠠ᠂ ᠢᠯᠠᠩᠭᠤᠶ᠎ᠠ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠳᠤ ᠪᠠᠶ᠋ᠢᠨ᠎ᠠ᠃ ᠬᠥᠳᠡᠭᠡ ᠲᠣᠰᠬᠤᠨ᠎ᠤ ᠴᠢᠨᠡᠭᠡᠯᠢᠭᠵᠢᠯ ᠪᠠᠶ᠋ᠢᠬᠤ ᠦᠭᠡᠢ᠂ ᠢᠯᠠᠩᠭᠤᠶ᠎ᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠴᠢᠨᠡᠭᠡᠯᠢᠭᠵᠢᠯ ᠪᠠᠶ᠋ᠢᠬᠤ ᠦᠭᠡᠢ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ ᠴᠢᠳᠠᠬᠤ ᠦᠭᠡᠢ ᠶᠤᠮ》 ᠭᠡᠵᠦ ᠵᠢᠭ᠋ᠠᠵᠤ ᠭᠠᠷᠭ᠋ᠠᠪᠠ᠃
2014 ᠣᠨ᠎ᠤ 3 ᠰᠠᠷ᠎ᠠ ᠵᠢᠨ 7᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠭᠦᠢ᠍ᠵᠧᠦ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠳᠠᠭᠠᠨ᠄ 《ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠤᠨ ᠳᠠᠷᠠᠭ᠎ᠠ᠂ ᠪᠢ ᠬᠤᠶᠠᠳᠤᠭ᠋ᠠᠷ ᠤᠳᠠᠭ᠎ᠠ ᠣᠷᠣᠨ ᠨᠤᠲᠤᠭ᠎ᠲᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ᠂ ᠾᠧᠪᠸᠢ ᠵᠢᠨ ᠹᠦᠫᠢᠩ ᠰᠢᠶᠠᠨ᠎ᠳᠤ ᠬᠦᠷᠪᠡ᠂ ᠰᠡᠭᠦᠯᠡᠷ᠎ᠨᠢ ᠪᠠᠰᠠ ᠴᠥᠭᠡᠨ ᠪᠤᠰᠤ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠤ ᠣᠴᠢᠵᠠᠢ᠃ ᠪᠢ ᠡᠳᠡᠭᠡᠷ ᠭᠠᠵᠠᠷ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠭᠰᠡᠨ᠎ᠤ ᠨᠢᠭᠡ ᠯᠡ ᠵᠣᠷᠢᠯᠭ᠎ᠠ ᠪᠣᠯ ᠳᠠᠷᠤᠢ ᠦᠨᠡᠨ ᠶᠠᠳᠠᠭᠤ ᠵᠢ ᠦᠵᠡᠵᠦ᠂ ᠦᠨᠡᠨ ᠶᠠᠳᠠᠭᠤ ᠵᠢ ᠲᠡᠳᠬᠦᠵᠦ᠂ ᠦᠨᠡᠨ ᠬᠦ᠌ ᠶᠠᠳᠠᠭᠤ ᠵᠢ ᠲᠡᠳᠬᠦᠬᠦ ᠶᠠᠪᠤᠳᠠᠯ ᠪᠣᠯᠤᠨ᠎ᠠ᠃ ᠬᠥᠳᠡᠭᠡ ᠲᠣᠰᠬᠤᠨ᠎ᠢ ᠣᠶ᠋ᠢᠯᠠᠭ᠋ᠠᠬᠤ ᠦᠭᠡᠢ᠂ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠣᠶ᠋ᠢᠯᠠᠭ᠋ᠠᠬᠤ ᠦᠭᠡᠢ᠂ ᠲᠠᠷᠢᠶᠠᠴᠢᠳ ᠢᠯᠠᠩᠭᠤᠶ᠎ᠠ ᠶᠠᠳᠠᠭᠤ ᠬᠦᠴᠢᠷᠳᠡᠯᠲᠡᠢ ᠲᠠᠷᠢᠶᠠᠴᠢᠳ᠎ᠢ ᠣᠶ᠋ᠢᠯᠠᠭ᠋ᠠᠬᠤ ᠦᠭᠡᠢ ᠪᠣᠯ ᠳᠤᠮᠳᠠᠳᠤ ᠤᠯᠤᠰ᠎ᠢ ᠦᠨᠡᠨ ᠬᠦ᠌ ᠣᠶ᠋ᠢᠯᠠᠭ᠋ᠠᠵᠤ ᠴᠢᠳᠠᠬᠤ ᠦᠭᠡᠢ᠂ ᠳᠤᠮᠳᠠᠳᠤ ᠤᠯᠤᠰ᠎ᠢ ᠦᠨᠡᠨ ᠬᠦ᠌ ᠭᠦᠨᠵᠡᠭᠡᠢ ᠣᠶ᠋ᠢᠯᠠᠭ᠋ᠠᠵᠤ ᠴᠢᠳᠠᠬᠤ ᠦᠭᠡᠢ᠂ ᠳᠤᠮᠳᠠᠳᠤ ᠤᠯᠤᠰ᠎ᠢ ᠨᠡᠩ ᠴᠤ᠌ ᠰᠠᠶ᠋ᠢᠲᠤᠷ ᠵᠠᠰᠠᠵᠤ ᠴᠢᠳᠠᠬᠤ ᠦᠭᠡᠢ ᠶᠤᠮ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠵᠠᠪᠠᠯ ᠬᠥᠳᠡᠭᠡ ᠲᠣᠰᠬᠤᠨ᠎ᠳᠤ ᠢᠯᠡᠭᠦᠬᠡᠨ ᠣᠴᠢᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ᠎ᠳᠤ ᠢᠯᠡᠭᠦᠬᠡᠨ ᠣᠴᠢᠵᠤ᠂ ᠦᠨᠡᠨ ᠪᠣᠳᠠᠲᠠᠢ ᠪᠠᠶ᠋ᠢᠳᠠᠯ᠎ᠢ ᠣᠶ᠋ᠢᠯᠠᠭ᠋ᠠᠵᠤ᠂ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ᠎ᠪᠠᠷ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠢ ᠰᠠᠶ᠋ᠢᠲᠤᠷ ᠬᠢᠵᠦ᠂ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠢ ᠴᠢᠩᠭ᠎ᠠ᠎ᠠᠴᠠ ᠴᠢᠩᠭ᠎ᠠ ᠠᠳᠬᠤᠵᠤ᠂ ᠪᠣᠳᠠᠲᠠᠢ᠎ᠠᠴᠠ ᠪᠣᠳᠠᠲᠠᠢ ᠬᠢᠵᠦ᠂ ᠦᠨᠡᠨ ᠬᠦ᠌ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠤᠯᠠᠨ ᠲᠦᠮᠡᠨ᠎ᠳᠤ ᠲᠠᠰᠤᠷᠠᠯᠳᠠ ᠦᠭᠡᠢ ᠦᠨᠡᠨ ᠪᠣᠳᠠᠲᠠᠢ ᠠᠰᠢᠭ ᠬᠦᠷᠲᠡᠭᠡᠬᠦ ᠬᠡᠷᠡᠭᠲᠡᠢ》 ᠭᠡᠵᠦ ᠴᠢᠬᠤᠯᠠᠴᠢᠯᠠᠪᠠ᠃
2015 ᠣᠨ᠎ᠤ 10 ᠰᠠᠷ᠎ᠠ ᠵᠢᠨ 29᠎ᠤ ᠡᠳᠦᠷ᠂ ᠶᠡᠷᠦᠩᠬᠡᠢ ᠱᠦᠵᠢ ᠰᠢ ᠵᠢᠨᠫᠢᠩ ᠠᠷᠪᠠᠨ ᠨᠠᠢ᠌ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠬᠤᠶᠠᠳᠤᠭ᠋ᠠᠷ ᠪᠦᠬᠦᠳᠠ ᠬᠤᠷᠠᠯ ᠳᠡᠭᠡᠷ᠎ᠡ᠄ 《ᠬᠥᠳᠡᠭᠡ ᠲᠣᠰᠬᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠪᠣᠯ ᠬᠠᠮᠤᠭ᠎ᠤᠨ ᠲᠤᠪᠤᠶ᠋ᠢᠮ᠎ᠠ ᠳᠤᠲᠠᠭᠤᠳᠠᠯ ᠪᠣᠯᠤᠨ᠎ᠠ᠃ ᠬᠡᠳᠦ᠋ᠢ᠍ᠪᠡᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠨᠢ ᠬᠥᠮᠦᠨ ᠪᠦᠬᠦᠨ᠎ᠢ ᠠᠳᠠᠯᠢᠬᠠᠨ ᠴᠢᠨᠡᠭᠡᠯᠢᠭ ᠪᠤᠯᠭ᠋ᠠᠳᠠᠭ ᠪᠢᠰᠢ ᠪᠣᠯᠪᠠᠴᠤ᠂ ᠬᠡᠷᠪᠡ ᠤᠳᠤ ᠪᠠᠶ᠋ᠢᠭ᠎ᠠ ᠬᠥᠳᠡᠭᠡ ᠲᠣᠰᠬᠤᠨ᠎ᠤ 7000 ᠭᠠᠷᠤᠢ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠠᠮᠢᠳᠤᠷᠠᠯ᠎ᠤᠨ ᠲᠦᠪᠰᠢᠨ ᠢᠯᠡᠳᠲᠡ ᠳᠡᠭᠡᠭᠰᠢᠯᠡᠬᠦ ᠦᠭᠡᠢ ᠪᠣᠯ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠨᠢ ᠬᠥᠮᠦᠰ᠎ᠢ ᠪᠢᠰᠢᠷᠡᠭᠦᠯᠵᠦ ᠳᠡᠶ᠋ᠢᠯᠬᠦ ᠦᠭᠡᠢ ᠶᠤᠮ》 ᠭᠡᠵᠦ ᠵᠢᠭ᠋ᠠᠵᠤ ᠭᠠᠷᠭ᠋ᠠᠪᠠ᠃
2015 ᠣᠨ᠎ᠤ 11 ᠰᠠᠷ᠎ᠠ ᠵᠢᠨ 27᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠬᠤᠷᠠᠯ ᠳᠡᠭᠡᠷ᠎ᠡ᠄ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ᠂ ᠬᠥᠳᠡᠭᠡ ᠲᠣᠰᠬᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠪᠣᠯ ᠪᠡᠯᠭᠡ ᠳᠡᠮᠳᠡᠭ᠎ᠤᠨ ᠴᠢᠨᠠᠷᠲᠠᠢ ᠭᠦᠢ᠍ᠴᠡᠳᠬᠡᠯ ᠲᠤᠭ᠎ᠠ ᠪᠣᠯᠤᠨ᠎ᠠ᠃ ᠡᠨᠡ ᠠᠰᠠᠭᠤᠳᠠᠯ᠎ᠤᠨ ᠲᠤᠬᠠᠢ ᠪᠢ ᠪᠣᠳᠣᠯᠬᠢᠯᠠᠭᠰᠠᠭ᠋ᠠᠷ ᠢᠷᠡᠭᠰᠡᠨ ᠪᠥᠭᠡᠳ ᠴᠢᠬᠤᠯᠠᠴᠢᠯᠠᠭᠰᠠᠭ᠋ᠠᠷ ᠢᠷᠡᠭᠰᠠᠨ᠎ᠨᠢ ᠳᠠᠷᠤᠢ ᠳᠣᠲᠣᠷ᠎ᠠ᠎ᠪᠠᠨ ᠲᠤᠭ᠎ᠠ ᠦᠭᠡᠢ ᠪᠠᠶ᠋ᠢᠬᠤ᠎ᠠᠴᠠ ᠪᠤᠯᠤᠭᠰᠠᠨ ᠶᠤᠮ᠃ ᠡᠶ᠋ᠢᠮᠦ᠎ᠠᠴᠠ ᠴᠢᠨᠡᠭᠡᠯᠢᠭ ᠪᠣᠯᠤᠭᠰᠠᠨ ᠡᠰᠡᠬᠦ ᠵᠢ ᠦᠵᠡᠬᠦ᠎ᠳᠤ ᠵᠠᠩᠭᠢᠯᠠᠭ᠎ᠠ᠎ᠨᠢ ᠠᠷᠠᠳ᠎ᠤᠨ ᠠᠮᠢᠳᠤᠷᠠᠯ᠎ᠢ ᠦᠵᠡᠨ᠎ᠡ᠂ ᠵᠠᠩᠭᠢᠯᠠᠭ᠎ᠠ᠎ᠨᠢ ᠶᠠᠳᠠᠭᠤ ᠬᠦᠴᠢᠷᠳᠡᠯᠲᠡᠢ ᠠᠷᠠᠳ᠎ᠤᠨ ᠶᠠᠳᠠᠭᠤ᠎ᠠᠴᠠ ᠠᠩᠭᠢᠵᠢᠷᠠᠵᠤ ᠳᠡᠶ᠋ᠢᠯᠬᠦ ᠡᠰᠡᠬᠦ ᠵᠢ ᠦᠵᠡᠨ᠎ᠡ᠃ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠣᠯ ᠪᠢᠳᠡᠨ᠎ᠤ ᠪᠦᠬᠦ ᠤᠯᠤᠰ᠎ᠤᠨ ᠠᠷᠠᠳ ᠲᠦᠮᠡᠨ᠎ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠡᠭᠦᠨ᠎ᠢ ᠡᠷᠬᠡᠪᠰᠢ ᠪᠡᠶᠡᠯᠡᠭᠦᠯᠬᠦ ᠬᠡᠷᠡᠭᠲᠡᠢ ᠮᠥᠷᠲᠡᠭᠡᠨ ᠡᠷᠬᠡᠪᠰᠢ ᠪᠦᠬᠦ ᠲᠠᠯ᠎ᠠ᠎ᠪᠠᠷ ᠪᠡᠶᠡᠯᠡᠭᠦᠯᠬᠦ ᠬᠡᠷᠡᠭᠲᠡᠢ᠂ ᠶᠠᠮᠠᠷ ᠴᠤ᠌ ᠦᠨ᠎ᠡ ᠬᠠᠶᠠᠯᠴᠠᠬᠤ ᠪᠣᠯᠤᠮᠵᠢ ᠦᠭᠡᠢ ᠶᠤᠮ》 ᠭᠡᠵᠦ ᠵᠢᠭ᠋ᠠᠵᠤ ᠭᠠᠷᠭ᠋ᠠᠪᠠ᠃
《ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠣᠯ 〈ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠭᠤᠤᠯ ᠡᠭᠦᠷᠭᠡ ᠮᠥᠨ᠃ ᠲᠠᠷᠢᠶᠠᠴᠢᠳ᠎ᠤᠨ ᠴᠢᠨᠡᠭᠡᠯᠢᠭᠵᠢᠭᠰᠡᠨ ᠡᠰᠡᠬᠦ ᠵᠢᠨ ᠵᠠᠩᠭᠢᠯᠠᠭ᠎ᠠ᠎ᠨᠢ ᠣᠷᠣᠯᠭ᠎ᠠ ᠵᠢ ᠦᠵᠡᠨ᠎ᠡ᠃ ᠲᠠᠷᠢᠶᠠᠴᠢᠳ᠎ᠤᠨ ᠴᠦᠡᠭᠬᠦ ᠭᠦᠳᠦ᠋ᠢ᠍ᠭᠰᠡᠨ ᠡᠰᠡᠬᠦ ᠵᠢ ᠦᠵᠡᠬᠦ ᠪᠣᠯ ᠬᠥᠳᠡᠭᠡ ᠲᠣᠰᠬᠤᠨ᠎ᠤ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠰᠢᠯᠭ᠋ᠠᠬᠤ ᠨᠢᠭᠡᠨ ᠴᠢᠬᠤᠯᠠ ᠬᠡᠮᠵᠢᠭᠦᠷ ᠮᠥᠨ》᠃ 2016 ᠣᠨ᠎ᠤ 4 ᠰᠠᠷ᠎ᠠ ᠵᠢᠨ 25᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠬᠥᠳᠡᠭᠡ ᠲᠣᠰᠬᠤᠨ᠎ᠤ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠄ 《ᠲᠠᠷᠢᠶᠠᠴᠢᠳ᠎ᠤᠨ ᠣᠷᠣᠯᠭ᠎ᠠ ᠵᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠬᠦ ᠵᠢ ᠠᠬᠢᠭᠤᠯᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠪᠠᠶ᠋ᠢᠭᠤᠯᠵᠤ᠂ ᠬᠥᠳᠡᠭᠡ ᠲᠣᠰᠬᠤᠨ᠎ᠤ ᠠᠵᠤ ᠠᠬᠤᠶ ᠵᠢ ᠬᠥᠭᠵᠢᠭᠦᠯᠬᠦ᠂ ᠲᠠᠷᠢᠶᠠᠴᠢᠳ᠎ᠤᠨ ᠭᠠᠳᠠᠭᠰᠢ ᠭᠠᠷᠴᠤ ᠠᠵᠢᠯ ᠬᠢᠵᠦ ᠬᠤᠳᠠᠯᠳᠤᠭ᠎ᠠ ᠡᠷᠭᠢᠯᠡᠬᠦ ᠵᠢ ᠵᠣᠬᠢᠶᠠᠨ ᠪᠠᠶ᠋ᠢᠭᠤᠯᠬᠤ᠂ ᠲᠠᠷᠢᠶᠠᠴᠢᠳ᠎ᠤᠨ ᠡᠳ᠋ ᠬᠥᠷᠥᠩᠭᠡ ᠵᠢᠨ ᠴᠢᠨᠠᠷᠲᠠᠶ ᠣᠷᠣᠯᠭ᠎ᠠ ᠵᠢ ᠨᠡᠮᠡᠭᠳᠡᠭᠦᠯᠬᠦ ᠵᠡᠷᠭᠡ ᠣᠯᠠᠨ ᠵᠦᠢᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠵᠢ ᠲᠠᠰᠤᠷᠠᠯᠲᠠ ᠥᠬᠡᠶ ᠪᠠᠭ᠋ᠠᠰᠬᠠᠵᠤ᠂ ᠥᠷᠭᠡᠨ ᠣᠯᠠᠨ ᠲᠠᠷᠢᠶᠠᠴᠢᠳ᠎ᠢ ᠲᠦᠷᠭᠡᠬᠡᠨ ᠪᠠᠶᠠᠵᠢᠭᠤᠯᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ᠃
2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ ᠳᠡᠶ᠋ᠢᠯᠬᠦ ᠡᠰᠡᠬᠦ ᠵᠢᠨ ᠵᠠᠩᠭᠢᠯᠠᠭ᠎ᠠ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ ᠳᠡᠶ᠋ᠢᠯᠬᠦ ᠡᠰᠡᠬᠦ᠎ᠳᠤ ᠪᠠᠶ᠋ᠢᠨ᠎ᠠ᠃ ᠬᠥᠳᠡᠭᠡ ᠲᠣᠰᠬᠤᠨ᠎ᠤ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠦᠭᠡᠢ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠶᠠᠪᠤᠳᠠᠯ ᠪᠠᠶ᠋ᠢᠵᠤ ᠴᠢᠳᠠᠬᠤ ᠦᠭᠡᠢ᠂ ᠡᠨᠡ ᠬᠦ᠌ ᠬᠤᠷᠢᠭ᠎ᠠ ᠱᠤᠭᠤᠮ᠎ᠤᠨ ᠡᠭᠦᠷᠭᠡ ᠵᠢ ᠥᠴᠦᠬᠡᠨ ᠴᠦ᠍ ᠨᠤᠭᠤᠯᠤᠨ ᠰᠠᠭᠤᠳᠬᠠᠵᠤ ᠪᠣᠯᠬᠤ ᠦᠭᠡᠢ᠂ ᠮᠠᠨ᠎ᠤ ᠨᠠᠮ᠎ᠤᠨ ᠠᠷᠠᠳ ᠲᠦᠮᠡᠨ᠎ᠳᠤ ᠬᠢᠭᠰᠡᠨ ᠠᠮᠠᠯᠠᠯᠲᠠ ᠵᠢ ᠥᠴᠦᠬᠡᠨ ᠴᠦ᠍ ᠨᠤᠭᠤᠯᠤᠨ ᠰᠠᠭᠤᠳᠬᠠᠵᠤ ᠪᠣᠯᠬᠤ ᠦᠭᠡᠢ》 ᠭᠡᠵᠦ ᠴᠢᠬᠤᠯᠠᠴᠢᠯᠠᠪᠠ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠤ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠶᠠᠷᠢᠯᠴᠠᠬᠤ᠎ᠳᠤ ᠣᠷᠣᠯᠴᠠᠬᠤ ᠳᠠᠭᠠᠨ᠄ 《ᠬᠥᠳᠡᠭᠡ ᠲᠣᠰᠬᠤᠨ᠎ᠤ ᠠᠵᠤ ᠦᠢᠯᠡᠰ᠎ᠤᠨ ᠬᠥᠭᠵᠢᠯ ᠮᠠᠨᠳᠤᠯ᠎ᠢ ᠠᠬᠢᠭᠤᠯᠵᠤ᠂ ᠣᠲᠣ ᠦᠶ᠎ᠡ ᠵᠢᠨ ᠲᠠᠷᠢᠶᠠᠯᠠᠩ᠎ᠢ ᠬᠥᠭᠵᠢᠭᠦᠯᠬᠦ᠎ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢᠯᠡᠰ᠎ᠢ ᠠᠭᠤᠰᠤᠯᠴᠠᠭᠤᠯᠤᠨᠬᠥᠭᠵᠢᠭᠦᠯᠬᠦᠲᠠᠢ ᠤᠶᠠᠯᠳᠤᠭᠤᠯᠤᠨ᠂ ᠬᠥᠳᠡᠭᠡ ᠲᠣᠰᠬᠤᠨ᠎ᠤ ᠠᠵᠤ ᠦᠢᠯᠡᠰ᠎ᠤᠨ ᠰᠢᠰᠲ᠋ᠧᠮ᠎ᠢ ᠪᠠᠶ᠋ᠢᠭᠤᠯᠵᠤ᠂ ᠠᠵᠤ ᠦᠢᠯᠡᠰ᠎ᠤᠨ ᠬᠥᠭᠵᠢᠯᠲᠡ ᠵᠢ ᠪᠡᠶᠡᠯᠡᠭᠦᠯᠦᠨ᠂ ᠠᠵᠤ ᠦᠢᠯᠡᠰ᠎ᠤᠨ ᠬᠥᠭᠵᠢᠯᠲᠡ ᠵᠢ ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠳᠡᠭᠡᠷ᠎ᠡ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠤᠨ᠎ᠤ ᠶᠠᠳᠠᠭᠤ ᠬᠦᠴᠢᠷᠳᠡᠯ᠎ᠢ ᠪᠥᠬᠦ ᠬᠦᠴᠦᠨ ᠵᠶ᠋ᠠᠷ ᠵᠶ᠋ᠠᠨ ᠠᠷᠢᠯᠭ᠋ᠠᠨ᠂ ᠬᠥᠳᠡᠭᠡ ᠲᠣᠰᠬᠤᠨ᠎ᠤ ᠠᠮᠢᠳᠤᠷᠠᠯ᠎ᠢ ᠴᠢᠨᠡᠭᠡᠯᠢᠭᠵᠢᠭᠦᠯᠬᠦ ᠵᠢ ᠠᠬᠢᠭᠤᠯᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ᠃
《ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠠᠵᠢᠯ᠎ᠢ ᠭᠡᠳᠦᠢ ᠤᠯᠠᠨ ᠶᠠᠷᠢᠭᠰᠠᠨ ᠴᠦ᠍ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠣᠯ ᠵᠠᠩᠭᠢᠯᠠᠭ᠎ᠠ ᠪᠣᠯᠤᠨ᠎ᠠ᠃ ᠲᠠᠷᠢᠶᠠᠴᠢᠳ᠎ᠤᠨ ᠣᠷᠣᠯᠭ᠎ᠠ ᠵᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠬᠦ ᠵᠢ ᠠᠬᠢᠭᠤᠯᠬᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠦᠷᠭᠡᠨ ᠪᠠᠶ᠋ᠢᠭᠤᠯᠵᠤ᠂ ᠥᠷᠭᠡᠨ ᠣᠯᠠᠨ ᠲᠠᠷᠢᠶᠠᠴᠢᠳ᠎ᠢ ᠡᠷᠲᠡᠬᠡᠨ ᠴᠢᠨᠡᠭᠡᠯᠢᠭᠵᠢᠭᠦᠯᠬᠦ ᠬᠡᠷᠡᠭᠲᠡᠶ》 ᠭᠡᠵᠦ 2018 ᠣᠨ᠎ᠤ 6 ᠰᠠᠷ᠎ᠠ ᠵᠢᠨ 14᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨᠳᠦ᠋ᠩ ᠮᠤᠵᠢ ᠵᠢᠨ ᠵᠢᠨᠠᠨ ᠬᠤᠳᠠ ᠵᠢᠨ ᠵᠠᠩᠴᠢᠦ ᠲᠣᠭᠤᠷᠢᠭ᠎ᠤᠨ ᠱᠤᠸᠠᠩ ᠱᠠᠨ ᠵᠡᠭᠡᠯᠢ ᠭᠤᠳᠤᠮᠵᠢ ᠵᠢᠨ ᠰᠠᠨ ᠵᠢᠶᠠᠨ ᠰᠢ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠵᠢᠭ᠋ᠠᠵᠤ ᠭᠠᠷᠭ᠋ᠠᠪᠠ᠃
2018 ᠣᠨ᠎ᠤ 9 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠪᠣᠯ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢᠨ ᠲᠡᠷᠢᠭᠦᠨ ᠴᠢᠬᠤᠯᠠ ᠡᠭᠦᠷᠭᠡ ᠮᠥᠨ᠃ ᠶᠠᠳᠠᠭᠤ ᠬᠦᠴᠢᠷᠳᠡᠯᠲᠡᠢ ᠲᠣᠰᠬᠤᠨ ᠪᠣᠯᠤᠨ ᠲᠡᠭᠦᠨ᠎ᠤ ᠪᠠᠶ᠋ᠢᠭ᠎ᠠ ᠰᠢᠶᠠᠨ ᠰᠢᠶᠠᠩ᠎ᠤᠨ ᠣᠳᠣᠬᠠᠨ᠎ᠤ ᠠᠵᠢᠯ᠎ᠤᠨ ᠭᠤᠣᠯᠳᠠᠯᠭ᠎ᠠ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠠᠶ᠋ᠢᠵᠤ᠂ ᠬᠠᠷᠠᠯᠲᠠ ᠵᠢ ᠬᠤᠪᠢᠷᠠᠭᠤᠯᠬᠤ ᠦᠭᠡᠢ᠂ ᠬᠠᠷᠠᠯᠲᠠ᠎ᠠᠴᠠ ᠵᠠᠶ᠋ᠢᠳᠠᠬᠤ ᠦᠭᠡᠢ᠂ ᠭᠤᠤᠯ ᠰᠡᠳᠦᠪ ᠵᠶ᠋ᠠᠨ ᠬᠤᠪᠢᠷᠠᠭᠤᠯᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠢ᠃ 2020 ᠣᠨ᠎ᠳᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠦᠭᠰᠡᠨ᠎ᠤ ᠲᠠᠷᠠᠭ᠎ᠠ᠂ ᠪᠢᠳᠡ ᠬᠠᠷᠢᠴᠠᠯᠠᠰᠢᠭᠦᠢ ᠶᠠᠳᠠᠭᠤ ᠬᠦᠴᠢᠷᠳᠡᠯ᠎ᠢ ᠠᠷᠢᠯᠭ᠋ᠠᠬᠤ ᠪᠣᠯᠤᠨ᠎ᠠ᠂ ᠭᠡᠪᠡᠴᠦ ᠬᠠᠷᠢᠴᠠᠩᠭᠤᠢ ᠶᠠᠳᠠᠭᠤ ᠬᠦᠴᠢᠷᠳᠡᠯ ᠮᠥᠨ ᠭᠦ᠌ ᠤᠷᠳᠤ ᠬᠤᠭᠤᠴᠠᠭ᠎ᠠ᠎ᠪᠠᠷ ᠣᠷᠣᠰᠢᠬᠤ ᠪᠣᠯᠤᠨ᠎ᠠ᠃ ᠲᠡᠷᠡ ᠦᠶ᠎ᠡ ᠪᠣᠯᠬᠤ᠎ᠳᠤ᠂ ᠤᠳᠤ ᠵᠢᠨ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ ᠪᠠᠶ᠋ᠢᠳᠠᠯ᠎ᠳᠤ ᠴᠢᠭᠯᠡᠭᠦᠯᠦᠭᠰᠡᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠵᠢ ᠠᠯᠬᠤᠮ ᠠᠯᠬᠤᠮ ᠵᠶ᠋ᠠᠷ ᠬᠠᠷᠢᠴᠠᠩᠭᠤᠢ ᠶᠠᠳᠠᠭᠤ ᠬᠦᠴᠢᠷᠳᠡᠯᠲᠡᠢ ᠪᠠᠶ᠋ᠢᠳᠠᠯ᠎ᠳᠤ ᠴᠢᠭᠯᠡᠭᠦᠯᠦᠭᠰᠡᠨ ᠡᠳᠦᠷ ᠲᠤᠳᠤᠮ᠎ᠤᠨ ᠴᠢᠨᠠᠷᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠣᠯᠭ᠋ᠠᠨ ᠲᠤᠬᠢᠷᠠᠭᠤᠯᠬᠤ ᠪᠥᠭᠡᠳ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠪᠦᠲᠦᠴᠡ ᠳᠣᠣᠷ᠎ᠠ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠬᠡᠷᠡᠭᠲᠡᠢ᠃ ᠡᠨᠡ ᠠᠰᠠᠭᠤᠳᠠᠯ᠎ᠢ ᠡᠷᠲᠡᠬᠡᠨ ᠲᠥᠯᠥᠪᠯᠡᠵᠦ᠂ ᠡᠷᠲᠡᠬᠡᠨ ᠪᠣᠳᠣᠯᠬᠢᠯᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
《ᠴᠧ ᠯᠢᠩ᠎ᠳᠤ ᠲᠡᠷᠭᠡ᠎ᠪᠠᠷ ᠬᠦᠷᠬᠦᠶ᠎ᠡ ᠲᠩᠷᠢ᠎ᠳᠤ ᠭᠠᠷᠬᠤ᠎ᠠᠴᠠ ᠴᠤ᠌ ᠬᠦᠴᠢᠷ᠂ ᠵᠢᠦ ᠯᠢᠩ᠎ᠤᠨ ᠳᠠᠪᠠᠭ᠎ᠠ ᠵᠢ ᠶᠢᠰᠦᠨ ᠵᠢᠯ ᠮᠠᠴᠤᠮᠤᠢ》᠃ ᠲᠤᠬᠠᠢ ᠵᠢᠨ ᠵᠢᠯ᠎ᠳᠤ 〈ᠭᠤᠷᠪᠠ ᠤᠳᠠᠭ᠎ᠠ ᠰᠢᠶᠠ ᠳ᠋ᠠᠩ᠎ᠳᠤ ᠬᠦᠷᠦᠭᠰᠡᠨ〉 ᠪᠠᠶ᠋ᠢᠳᠠᠯ ᠡᠳᠦᠭᠡ ᠴᠤ᠌ ᠨᠢᠳᠦᠨ ᠡᠮᠦᠨ᠎ᠡ ᠲᠤᠳᠤᠬᠠᠨ ᠬᠠᠷᠠᠭᠳᠠᠨ᠎ᠠ᠃ 30 ᠵᠢᠯ᠎ᠤᠨ ᠴᠥᠬᠦᠷᠡᠰᠢ ᠦᠭᠡᠢ ᠲᠡᠮᠡᠴᠡᠯ ᠵᠶ᠋ᠠᠷ ᠳᠠᠮᠵᠢᠨ᠂ ᠰᠢᠶᠠ ᠳ᠋ᠠᠩ᠎ᠤᠨ ᠪᠠᠶ᠋ᠢᠭ᠋ᠠᠯᠢ ᠵᠢᠨ ᠪᠠᠷᠲᠠᠭ᠋ᠠᠲᠤ ᠠᠭᠤᠯᠠᠨ᠎ᠳᠤ ᠳᠠᠷᠳᠠᠩ ᠵᠠᠮ ᠨᠡᠪᠲᠡᠷᠡᠵᠦ᠂ ᠬᠠᠭᠤᠴᠢᠨ ᠪᠠᠶ᠋ᠢᠳᠠᠯ᠎ᠨᠢ ᠰᠢᠨ᠎ᠡ ᠳᠦᠷᠬᠦ᠎ᠪᠠᠷ ᠰᠤᠯᠢᠭᠳᠠᠨ᠂ ᠨᠤᠲᠤᠭ᠎ᠤᠨ ᠠᠬ᠎ᠠ ᠳᠡᠭᠦᠦ ᠨᠡᠷ ᠤᠯᠠᠮ ᠢᠯᠡᠭᠦᠦ ᠵᠢᠷᠭ᠋ᠠᠯᠲᠤ ᠲᠦᠷᠦᠭᠳᠡᠯ᠂ ᠬᠦᠷᠲᠡᠮᠵᠢ ᠵᠢᠨ ᠲᠦᠷᠦᠭᠳᠡᠯ᠎ᠲᠠᠢ ᠪᠣᠯᠵᠤ ᠪᠠᠶ᠋ᠢᠨ᠎ᠠ᠂ ᠡᠨᠡ᠎ᠨᠢ ᠶᠠᠪᠠᠭ᠋ᠠᠨ ᠬᠦᠮᠦᠨ ᠠᠶᠠᠨ᠎ᠳᠠᠭᠠᠨ ᠤᠷᠢᠳ ᠵᠶ᠋ᠠᠷ ᠮᠤᠷᠳᠠᠬᠤ᠂ ᠤᠰᠤᠨ᠎ᠤ ᠳᠤᠰᠤᠯ ᠴᠢᠯᠠᠭᠤ ᠵᠢ ᠴᠤᠭᠤᠯᠬᠤ ᠶᠣᠰᠣ ᠵᠢ ᠠᠮᠢᠳᠤᠯᠢᠭ ᠵᠶ᠋ᠠᠷ ᠭᠡᠷᠡᠴᠢᠯᠡᠭᠰᠡᠨ ᠪᠠᠶ᠋ᠢᠨ᠎ᠠ》 ᠭᠡᠵᠦ 2019 ᠣᠨ᠎ᠤ 8 ᠰᠠᠷ᠎ᠠ ᠵᠢᠨ 4᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠹᠦᠵᠢᠶᠠᠨ᠎ᠤ ᠱᠸᠤ ᠨᠢᠩ ᠰᠢᠶᠠᠨ᠎ᠤ ᠰᠢᠶᠠ ᠳ᠋ᠠᠩ ᠰᠢᠶᠠᠩ᠎ᠤᠨ ᠨᠤᠲᠤᠭ᠎ᠤᠨ ᠠᠬ᠎ᠠ ᠳᠡᠭᠦᠦ ᠨᠡᠷ᠎ᠲᠤ ᠬᠠᠷᠢᠭᠤ ᠵᠠᠬᠢᠳᠠᠯ ᠢᠯᠡᠭᠡᠬᠦ᠎ᠳᠡᠭᠡᠨ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠨᠤᠲᠤᠭ᠎ᠤᠨ ᠠᠬ᠎ᠠ ᠳᠡᠭᠦᠦ ᠨᠡᠷ ᠤᠰᠤᠨ᠎ᠤ ᠳᠤᠰᠤᠯ ᠴᠢᠯᠠᠭᠤ ᠵᠢ ᠴᠤᠭᠤᠯᠬᠤ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠴᠥᠬᠦᠷᠡᠰᠢ ᠦᠭᠡᠢ ᠴᠢᠷᠮᠠᠶ᠋ᠢᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠪᠠᠬᠢᠵᠢᠭᠦᠯᠵᠦ᠂ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠢᠳᠡᠪᠬᠢᠲᠡᠢ ᠪᠦᠳᠦᠭᠡᠨ ᠪᠠᠶ᠋ᠢᠭᠤᠯᠵᠤ᠂ ᠹᠦᠵᠢᠶᠠᠨ᠎ᠤ ᠵᠡᠭᠦᠨ ᠬᠡᠰᠡᠭ᠎ᠤᠨ ᠦᠪᠡᠷᠮᠢᠴᠡ ᠣᠨᠴᠠᠯᠢᠭ᠎ᠲᠠᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠠᠮ᠎ᠢ ᠴᠢᠷᠮᠠᠶ᠋ᠢᠨ ᠨᠡᠭᠡᠭᠡᠬᠦ ᠵᠢ ᠬᠦᠰᠡᠵᠦ ᠪᠠᠶ᠋ᠢᠨ᠎ᠠ》 ᠭᠡᠵᠦ ᠴᠢᠬᠤᠯᠠᠴᠢᠯᠠᠪᠠ᠃
《ᠨᠠᠮ᠎ᠤᠨ ᠠᠯᠢᠪᠠ ᠠᠵᠢᠯ ᠴᠥᠮ ᠠᠷᠠᠳ ᠲᠦᠮᠡᠨ᠎ᠤ ᠠᠰᠢᠭ ᠲᠤᠰᠠ ᠵᠢᠨ ᠲᠥᠯᠥᠭᠡ ᠪᠣᠳᠣᠯᠬᠢᠯᠠᠳᠠᠭ᠂ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ ᠪᠣᠯ ᠨᠠᠮ᠎ᠤᠨ ᠦᠢ᠍ᠯᠡᠰ ᠮᠥᠨ》᠃ 2019 ᠣᠨ᠎ᠤ 8 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠭᠠᠨᠰᠦ ᠵᠢᠨ ᠦ᠋ ᠸᠧᠢ ᠬᠤᠳᠠ ᠵᠢᠨ ᠬᠦ᠋ ᠯᠠᠩ ᠰᠢᠶᠠᠨ᠎ᠤ ᠬᠤᠸᠠᠩ ᠬᠤᠸᠠ ᠲᠠᠨ ᠠᠮᠢ ᠠᠬᠤᠢ ᠵᠢᠨ ᠨᠡᠭᠦᠳᠡᠯ ᠠᠷᠠᠳ᠎ᠤᠨ ᠲᠣᠭᠤᠷᠢᠭ᠎ᠤᠨ ᠹᠦ᠋ ᠮᠢᠨ ᠰᠢᠨ᠎ᠡ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ 《ᠶᠠᠳᠠᠭᠤ ᠬᠦᠴᠢᠷᠳᠡᠯᠲᠡᠢ ᠨᠤᠲᠤᠭ᠎ᠤᠨ ᠠᠬ᠎ᠠ ᠳᠡᠭᠦᠦ ᠨᠡᠷ᠎ᠢ ᠶᠠᠳᠠᠭᠤ᠎ᠠᠴᠠ ᠠᠩᠭᠢᠵᠢᠷᠠᠭᠤᠯᠬᠤ ᠪᠣᠯ ᠨᠢᠭᠡᠳᠦᠭᠡᠷ ᠠᠯᠬᠤᠮ ᠪᠣᠯᠤᠨ᠎ᠠ᠂ ᠵᠠᠯᠭ᠋ᠠᠭ᠋ᠠᠳ ᠨᠤᠲᠤᠭ᠎ᠤᠨ ᠠᠬ᠎ᠠ ᠳᠡᠭᠦᠦ ᠨᠡᠷ᠎ᠢ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠵᠢ ᠪᠠᠲᠤᠯᠠᠬᠤ ᠬᠡᠷᠡᠭᠲᠡᠢ᠂ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠪᠣᠯᠤᠨ ᠶᠠᠳᠠᠭᠤ ᠵᠢ ᠲᠡᠳᠬᠦᠬᠦ ᠡᠩᠨᠡᠭᠡ ᠵᠢ ᠬᠡᠰᠡᠭ ᠬᠤᠭᠤᠴᠠᠭ᠎ᠠ ᠦᠯᠡᠳᠡᠭᠡᠵᠦ᠂ ᠠᠵᠤ ᠦᠢ᠍ᠯᠡᠰ᠎ᠢ ᠬᠥᠭᠵᠢᠭᠦᠯᠬᠦ᠂ ᠬᠠᠮᠲᠤ ᠵᠢᠨ ᠠᠵᠤ ᠠᠬᠤᠢ ᠵᠢ ᠪᠤᠵᠠᠭ᠋ᠠᠶ᠋ᠢᠷᠠᠭᠤᠯᠬᠤ ᠵᠡᠷᠭᠡ ᠲᠠᠯ᠎ᠠ᠎ᠪᠠᠷ ᠠᠷᠭ᠎ᠠ ᠰᠦᠪᠡᠭᠴᠢᠯᠡᠵᠦ᠂ ᠭᠠᠷᠬᠤ ᠵᠠᠮ ᠡᠷᠢᠵᠦ᠂ ᠣᠨᠳᠣᠣ ᠭᠠᠵᠠᠷ᠎ᠲᠤ ᠨᠡᠭᠦᠯᠭᠡᠭᠰᠡᠨ ᠤᠯᠠᠨ ᠲᠦᠮᠡᠨ᠎ᠢ ᠦᠯᠡᠳᠡᠭᠡᠵᠦ ᠳᠡᠶ᠋ᠢᠯᠬᠦ᠂ ᠠᠵᠢᠯ ᠣᠯᠭᠤᠵᠤ ᠳᠡᠶ᠋ᠢᠯᠬᠦ᠂ ᠣᠷᠣᠯᠭ᠎ᠠ᠎ᠲᠠᠢ ᠪᠣᠯᠭ᠋ᠠᠵᠤ᠂ ᠠᠮᠢᠳᠤᠷᠠᠯ᠎ᠢ᠎ᠨᠢ ᠡᠳᠦᠷ᠎ᠠᠴᠠ ᠡᠳᠦᠷ ᠰᠠᠶ᠋ᠢᠵᠢᠷᠠᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2020 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠨᠠᠮ᠎ᠤᠨ ᠲᠥᠪ ᠬᠤᠷᠢᠶ᠎ᠠ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠵᠢ ᠪᠡᠶᠡᠯᠡᠭᠦᠯᠦᠭᠰᠡᠨ᠎ᠤ ᠳᠠᠷᠠᠭ᠎ᠠ᠂ ᠶᠠᠳᠠᠭᠤ᠎ᠠᠴᠠ ᠠᠩᠭᠢᠵᠢᠷᠠᠭᠰᠠᠨ ᠰᠢᠶᠠᠨ᠎ᠳᠤ᠂ ᠶᠠᠳᠠᠭᠤ᠎ᠠᠴᠠ ᠠᠩᠭᠢᠵᠢᠷᠠᠭᠰᠠᠨ ᠡᠳᠦᠷ᠎ᠠᠴᠠ ᠡᠬᠢᠯᠡᠨ 5 ᠵᠢᠯ᠎ᠤᠨ ᠰᠢᠯᠵᠢᠯᠲᠡ ᠵᠢᠨ ᠬᠤᠭᠤᠴᠠᠭ᠎ᠠ ᠭᠠᠷᠭ᠋ᠠᠬᠤ᠎ᠪᠠᠷ ᠲᠣᠭᠲᠠᠪᠠ᠃ ᠰᠢᠯᠵᠢᠯᠲᠡ ᠵᠢᠨ ᠬᠤᠭᠤᠴᠠᠭ᠋ᠠᠨ᠎ᠳᠤ ᠭᠤᠤᠯ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠶᠡᠷᠦᠩᠬᠡᠶ᠎ᠳᠡᠭᠡᠨ ᠲᠣᠭᠲᠠᠭᠤᠨ ᠪᠠᠶ᠋ᠢᠯᠭ᠋ᠠᠬᠤ ᠬᠡᠷᠡᠭᠲᠡᠶ᠃ ᠣᠲᠣ ᠵᠢᠨ ᠪᠠᠶ᠋ᠢᠭ᠎ᠠ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠵᠦᠢᠯ ᠳᠠᠷᠠᠭ᠋ᠠᠯᠠᠨ ᠲᠥᠷᠥᠯ ᠬᠤᠪᠢᠶᠠᠨ ᠰᠢᠯᠢᠳᠡᠭᠵᠢᠭᠦᠯᠦᠨ ᠲᠣᠬᠢᠷᠠᠭᠤᠯᠵᠤ᠂ ᠲᠣᠬᠢᠷᠠᠭᠤᠯᠤᠯᠲᠠ ᠵᠢᠨ ᠠᠶ᠋ᠢᠵᠠᠮ᠂ ᠡᠷᠴᠢᠮ᠂ ᠴᠠᠭ᠎ᠤᠨ ᠬᠢᠵᠠᠭ᠋ᠠᠷ᠎ᠢ ᠵᠦᠶ ᠵᠣᠬᠢᠰᠲᠠᠶ ᠡᠵᠡᠮᠳᠡᠨ᠂ ᠡᠬᠢ ᠪᠠᠶᠠᠯᠢᠭ᠎ᠢ ᠲᠥᠪᠯᠡᠷᠡᠭᠦᠯᠦᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠵᠢ ᠳᠡᠮᠵᠢᠵᠦ ᠪᠠᠶ᠋ᠢᠭᠰᠠᠨ᠎ᠠᠴᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠲᠡᠶ᠋ᠢᠰᠢ ᠲᠣᠭᠲᠠᠭᠤᠨ ᠵᠶ᠋ᠠᠷ ᠰᠢᠯᠵᠢᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
ᠡᠨᠡ ᠵᠢᠯ᠎ᠤᠨ 2 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠳ᠋ᠦᠩᠨᠡᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ᠄ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠪᠦᠬᠦ ᠲᠠᠯ᠎ᠠ ᠵᠢᠨ ᠢᠯᠠᠯᠲᠠ᠎ᠨᠢ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠠᠶ᠋ᠢᠨ ᠰᠠᠶ᠋ᠢᠬᠠᠨ ᠠᠮᠢᠳᠤᠷᠠᠯ᠎ᠢ ᠴᠣᠭᠴᠠᠯᠠᠬᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ ᠵᠠᠮ ᠳᠡᠭᠡᠷ᠎ᠡ ᠪᠠᠲᠤ ᠪᠠᠬᠢ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠶ᠋ᠢᠨ᠎ᠠ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠬᠥᠭᠵᠢᠯᠲᠡ ᠲᠡᠩᠴᠡᠭᠦᠷᠢ ᠦᠬᠡᠢ ᠭᠦᠢ᠍ᠴᠡᠳ ᠦᠬᠡᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠵᠦ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠦᠷᠢᠶ᠎ᠡ᠎ᠶᠢ ᠪᠠᠭ᠋ᠠᠰᠬᠠᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ ᠪᠣᠯᠤᠨ ᠪᠦᠬᠦ ᠠᠷᠠᠳ᠎ᠤᠨ ᠬᠠᠮᠲᠤ ᠵᠢᠨ ᠴᠢᠨᠡᠭᠡᠯᠢᠭᠵᠢᠯ᠎ᠢ ᠪᠡᠶᠡᠯᠡᠭᠦᠯᠬᠦ᠎ᠳᠤ ᠡᠭᠦᠷᠭᠡ ᠬᠦᠨᠳᠦ ᠵᠠᠮ ᠬᠤᠯᠠ ᠪᠠᠶ᠋ᠢᠨ᠎ᠠ᠃ ᠪᠢᠳᠡᠨ᠎ᠳᠤ ᠣᠮᠣᠷᠬᠠᠭᠯᠠᠨ ᠪᠠᠷᠳᠠᠮᠨᠠᠬᠤ᠂ ᠲᠠᠯᠪᠢᠭᠤᠷᠠᠵᠤ ᠠᠮᠤᠰᠬᠢᠬᠦ ᠶᠠᠮᠠᠷ ᠴᠤ᠌ ᠰᠢᠯᠲᠠᠭ᠋ᠠᠨ ᠪᠠᠶ᠋ᠢᠬᠤ ᠦᠭᠡᠢ᠂ ᠡᠷᠬᠡᠪᠰᠢ ᠠᠰᠢᠭᠲᠠᠢ ᠪᠠᠶ᠋ᠢᠳᠠᠯ᠎ᠢ ᠠᠮᠵᠢᠨ ᠤᠷᠤᠭᠰᠢᠯᠠᠵᠤ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠦᠷᠭᠦᠯᠵᠢᠯᠡᠨ ᠲᠡᠮᠡᠴᠡᠬᠦ ᠬᠡᠷᠡᠭᠲᠡᠢ》 ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠪᠡ
ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠡᠶ᠎ᠡ ᠵᠣᠬᠢᠴᠠᠩᠭᠤᠢ ᠲᠣᠭᠲᠠᠭᠤᠨ ᠨᠡᠶ᠋ᠢᠭᠡᠮ᠎ᠤᠨ ᠣᠷᠴᠢᠨ ᠲᠣᠭᠤᠷᠢᠨ᠎ᠠᠴᠠ ᠰᠠᠯᠵᠤ ᠴᠢᠳᠠᠬᠤ ᠦᠭᠡᠢ ᠶᠤᠮ᠃
ᠣᠳᠣᠬᠠᠨ᠎ᠳᠤ᠂ ᠮᠠᠨ᠎ᠤ ᠤᠯᠤᠰ᠎ᠤᠨ ᠬᠤᠲᠠ ᠬᠥᠳᠡᠭᠡ ᠵᠢᠨ ᠠᠰᠢᠭ ᠲᠤᠰᠠ ᠵᠢᠨ ᠪᠠᠶ᠋ᠢᠷᠢᠰᠢᠯ᠎ᠳᠤ ᠭᠦᠨᠵᠡᠭᠡᠶ ᠲᠣᠬᠢᠷᠠᠭᠤᠯᠤᠯᠲᠠ ᠬᠢᠵᠦ᠂ ᠬᠥᠳᠡᠭᠡ ᠲᠣᠰᠬᠤᠨ᠎ᠤ ᠨᠡᠶ᠋ᠢᠭᠡᠮ᠎ᠤᠨ ᠪᠦᠲᠦᠴᠡ᠎ᠳᠤ ᠭᠦᠨᠵᠡᠭᠡᠶ ᠬᠤᠪᠢᠷᠠᠯᠲᠠ ᠭᠠᠷᠴᠤ᠂ ᠲᠠᠷᠢᠶᠠᠴᠢᠳ᠎ᠤᠨ ᠦᠵᠡᠯ ᠰᠠᠨᠠᠭ᠎ᠠ ᠣᠶ᠋ᠢᠯᠠᠭ᠋ᠠᠭᠳᠠᠬᠤᠨ᠎ᠳᠤ ᠭᠦᠨᠵᠡᠭᠡᠶ ᠬᠤᠪᠢᠷᠠᠯᠲᠠ ᠭᠠᠷᠴᠤ ᠪᠠᠶ᠋ᠢᠨ᠎ᠠ᠃ ᠡᠶ᠋ᠢᠮᠦᠷᠬᠦ ᠤᠷᠢᠳ ᠡᠮᠦᠨ᠎ᠡ ᠪᠠᠶ᠋ᠢᠭ᠎ᠠ ᠦᠭᠡᠢ ᠬᠤᠪᠢᠷᠠᠯᠲᠠ᠎ᠨᠢ ᠬᠥᠳᠡᠭᠡ ᠲᠣᠰᠬᠤᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠯᠤᠲᠤ ᠶᠡᠭᠡ ᠠᠮᠢᠵᠢᠷᠠᠯ᠎ᠤᠨ ᠬᠦᠴᠦᠨ᠎ᠢ ᠠᠪᠴᠢᠷᠠᠭᠰᠠᠨ᠎ᠤ ᠬᠠᠮᠲᠤ ᠪᠠᠰᠠ ᠵᠠᠷᠢᠮ ᠲᠤᠪᠤᠶ᠋ᠢᠮ᠎ᠠ ᠵᠥᠷᠢᠴᠡᠯ ᠪᠠ ᠠᠰᠠᠭᠤᠳᠠᠯ᠎ᠢ ᠪᠤᠢ ᠪᠣᠯᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠬᠥᠳᠡᠭᠡ ᠲᠣᠰᠬᠤᠨ᠎ᠤ ᠵᠠᠰᠠᠯᠲᠠ ᠵᠢ ᠴᠢᠩᠭ᠋ᠠᠳᠬᠠᠨ ᠰᠢᠨᠡᠴᠢᠯᠡᠵᠦ᠂ ᠨᠠᠮ᠎ᠤᠨ ᠬᠤᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠨᠡᠶ᠋ᠢᠭᠡᠮ ᠵᠶ᠋ᠠᠷ ᠵᠶ᠋ᠠᠨ ᠬᠠᠮᠵᠢᠯᠴᠠᠭᠰᠠᠨ᠂ ᠤᠯᠠᠨ ᠨᠡᠶ᠋ᠢᠲᠡ᠎ᠪᠠᠷ ᠵᠶ᠋ᠠᠨ ᠣᠷᠣᠯᠴᠠᠭᠰᠠᠨ᠂ ᠬᠠᠤᠯᠢᠵᠢᠯ᠎ᠤᠨ ᠪᠠᠲᠤᠯᠠᠭ᠎ᠠ᠎ᠲᠠᠢ ᠤᠳᠤ ᠦᠶ᠎ᠡ ᠵᠢᠨ ᠬᠥᠳᠡᠭᠡ ᠲᠣᠰᠬᠤᠨ᠎ᠤ ᠨᠡᠶ᠋ᠢᠭᠡᠮ᠎ᠤᠨ ᠵᠠᠰᠠᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠤᠨ ᠪᠦᠷᠢᠨᠰᠢᠬᠦᠯᠵᠤ᠂ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠣᠰᠣ ᠰᠤᠷᠲᠠᠬᠤᠨ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠤ᠂ ᠬᠥᠳᠡᠭᠡ ᠲᠣᠰᠬᠤᠨ᠎ᠤ ᠨᠡᠶ᠋ᠢᠭᠡᠮ᠎ᠢ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠥᠭᠡᠳ ᠡᠶ᠎ᠡ ᠵᠣᠬᠢᠴᠠᠩᠭᠤᠢ ᠡᠮᠬᠢ ᠳᠢᠭᠯᠢᠮ᠎ᠲᠠᠢ ᠪᠣᠯᠭ᠋ᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠬᠥᠳᠡᠭᠡ ᠲᠣᠰᠬᠤᠨ᠎ᠤ ᠨᠡᠶ᠋ᠢᠭᠡᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠬᠦ᠎ᠳᠤ᠂ ᠬᠥᠳᠡᠭᠡ ᠲᠣᠰᠬᠤᠨ᠎ᠤ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠪᠠᠷ ᠲᠡᠷᠢᠭᠦᠨ ᠴᠢᠭᠯᠡᠯ ᠪᠣᠯᠭ᠋ᠠᠵᠤ᠂ ᠰᠢᠰᠲ᠋ᠧᠮ᠎ᠲᠠᠢ ᠵᠠᠰᠠᠬᠤ᠂ ᠬᠠᠤᠯᠢ ᠶᠣᠰᠣᠭ᠋ᠠᠷ ᠵᠠᠰᠠᠬᠤ᠂ ᠶᠡᠷᠦᠩᠬᠡᠶ᠋ᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠤ᠊ ᠵᠢᠯᠠᠭ᠋ᠠᠭᠳᠠᠬᠤᠨᠢ ᠪᠤᠢ ᠪᠣᠯᠭ᠋ᠠᠵᠤ᠂ ᠥᠷᠭᠡᠨ ᠤᠯᠠᠨ ᠲᠠᠷᠢᠶᠠᠴᠢᠨ᠎ᠤ ᠠᠮᠤᠷ ᠲᠠᠶ᠋ᠢᠪᠤᠩ ᠠᠵᠤ ᠲᠦᠷᠦᠭᠦ᠂ ᠬᠥᠳᠡᠭᠡ ᠲᠣᠰᠬᠤᠨ᠎ᠤ ᠨᠡᠶ᠋ᠢᠭᠡᠮ᠎ᠤᠨ ᠠᠮᠤᠷ ᠲᠣᠭᠲᠠᠭᠤᠨ ᠡᠮᠬᠢ ᠳᠢᠭᠯᠢᠮ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠶ ᠱᠦᠵᠢ ᠰᠢ ᠵᠢᠨ ᠫᠢᠩ᠄ 《ᠨᠡᠶ᠋ᠢᠭᠡᠮ᠎ᠤᠨ ᠵᠥᠷᠢᠴᠡᠯ᠎ᠢ ᠰᠡᠷᠭᠡᠶ᠋ᠢᠯᠡᠨ ᠠᠷᠢᠯᠭ᠋ᠠᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ᠎ᠳᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠰᠢᠰᠲ᠋ᠧᠮ᠎ᠢ ᠪᠦᠷᠢᠨᠰᠢᠭᠦᠯᠬᠦ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠲᠣᠭᠲᠠᠴᠠ ᠵᠢᠨ ᠰᠢᠨ᠎ᠡ ᠵᠢ ᠡᠭᠦᠳᠬᠦ ᠵᠡᠷᠭᠡ ᠲᠠᠯ᠎ᠠ᠎ᠠᠴᠠ ᠭᠠᠷᠳᠠᠵᠤ᠂ ᠲᠠᠷᠢᠶᠠᠴᠢᠳ᠎ᠤᠨ ᠡᠯ᠎ᠡ ᠲᠠᠯ᠎ᠠ ᠵᠢᠨ ᠠᠰᠢᠭ ᠲᠤᠰᠠ ᠵᠢᠨ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠲᠤᠰᠬᠠᠬᠤ ᠪᠠ ᠵᠣᠬᠢᠴᠠᠭᠤᠯᠵᠤ᠂ ᠵᠠᠰᠠᠭ᠎ᠤᠨ ᠣᠷᠳᠣᠨ ᠪᠣᠯᠤᠨ ᠣᠯᠠᠨ ᠲᠦᠮᠡᠨ᠎ᠤ ᠠᠰᠢᠭ ᠲᠤᠰᠠ ᠵᠢᠨ ᠬᠠᠷᠢᠴᠠᠭ᠎ᠠ ᠵᠢ ᠰᠠᠶ᠋ᠢᠲᠤᠷ ᠰᠢᠢᠳᠪᠦᠷᠢᠯᠡᠨ᠂ ᠨᠡᠶ᠋ᠢᠭᠡᠮ᠎ᠤᠨ ᠵᠥᠷᠢᠴᠡᠯ᠎ᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠪᠠᠭ᠋ᠠᠰᠬᠠᠵᠤ᠂ ᠵᠥᠷᠢᠴᠡᠯ ᠵᠢᠭᠤᠷᠠᠯᠳᠤᠭ᠋ᠠᠨ᠎ᠢ ᠡᠬᠢ ᠡᠭᠦᠰᠦᠯ᠎ᠠᠴᠠ᠎ᠨᠢ ᠠᠷᠢᠯᠭ᠋ᠠᠬᠤ ᠪᠠ ᠭᠡᠨᠡᠳᠲᠡ ᠡᠭᠦᠰᠦᠭᠰᠡᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠡᠷᠲᠡ ᠣᠯᠵᠤ ᠮᠡᠳᠡᠬᠦ᠂ ᠰᠡᠷᠭᠡᠶ᠋ᠢᠯᠡᠬᠦ ᠵᠢ ᠲᠡᠷᠢᠭᠦᠨ᠎ᠳᠤ ᠳᠠᠯᠪᠢᠬᠤ᠂ ᠪᠠᠭ᠎ᠠ ᠳᠡᠭᠡᠷ᠎ᠡ᠎ᠨᠢ ᠰᠢᠢᠳᠪᠦᠷᠢᠯᠡᠬᠦ᠂ ᠨᠡᠶ᠋ᠢᠯᠡᠵᠦ ᠳᠠᠪᠬᠤᠴᠠᠵᠤ ᠳᠡᠯᠭᠡᠷᠡᠵᠦ ᠳᠡᠰ ᠳᠡᠪᠰᠢᠬᠦ ᠵᠢ ᠰᠡᠷᠭᠡᠶ᠋ᠢᠯᠡᠬᠦ ᠬᠡᠷᠡᠭᠲᠡᠶ᠃ 〈ᠹᠧᠩ ᠴᠢᠶᠣᠤ ᠵᠢᠨ ᠲᠤᠷᠰᠢᠯᠭ᠎ᠠ〉 ᠵᠢ ᠰᠤᠷᠤᠯᠴᠠᠨ ᠳᠡᠯᠭᠡᠷᠡᠭᠦᠯᠵᠦ᠂ 〈ᠪᠠᠭ᠎ᠠ ᠶᠠᠪᠤᠳᠠᠯ᠎ᠢ ᠲᠣᠰᠬᠤᠨ᠎ᠠᠴᠠ᠎ᠪᠠᠨ ᠭᠠᠷᠭ᠋ᠠᠬᠤ ᠦᠭᠡᠢ᠂ ᠶᠡᠭᠡ ᠶᠠᠪᠤᠳᠠᠯ᠎ᠢ ᠪᠠᠯᠭ᠋ᠠᠰᠤ᠎ᠠᠴᠠ᠎ᠪᠠᠨ ᠭᠠᠷᠭ᠋ᠠᠬᠤ ᠦᠭᠡᠢ᠂ ᠵᠥᠷᠢᠴᠡᠯ᠎ᠢ ᠳᠡᠭᠡᠭᠰᠢ ᠲᠤᠰᠢᠶᠠᠬᠤ ᠦᠭᠡᠢ〉 ᠪᠠᠶ᠋ᠢᠯᠭ᠋ᠠᠬᠤ ᠬᠡᠷᠡᠭᠲᠡᠢ》 ᠭᠡᠵᠦ ᠴᠢᠬᠤᠯᠠᠴᠢᠯᠠᠪᠠ᠃
2016 ᠣᠨ᠎ᠤ 4 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠬᠥᠳᠡᠭᠡ ᠲᠣᠰᠬᠤᠨ᠎ᠤ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ᠄ 《ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ᠎ᠨᠢ ᠲᠣᠭᠲᠠᠭᠤᠨ ᠨᠡᠶ᠋ᠢᠭᠡᠮ᠎ᠤᠨ ᠣᠷᠴᠢᠨ ᠲᠣᠭᠤᠷᠢᠨ᠎ᠠᠴᠠ ᠰᠠᠯᠵᠤ ᠴᠢᠳᠠᠬᠤ ᠦᠭᠡᠢ᠃ ᠲᠣᠭᠲᠠᠭᠤᠨ ᠪᠠᠶ᠋ᠢᠬᠤ ᠪᠣᠯ ᠮᠦᠨ ᠴᠤ᠌ ᠥᠷᠭᠡᠨ ᠤᠯᠠᠨ ᠲᠠᠷᠢᠶᠠᠴᠢᠳ᠎ᠤᠨ ᠬᠤᠪᠢ ᠵᠢᠨ ᠠᠰᠢᠭ ᠲᠤᠰᠠᠲᠠᠢ ᠬᠤᠯᠪᠤᠭᠳᠠᠵᠤ ᠪᠠᠶ᠋ᠢᠳᠠᠭ᠃ ᠬᠥᠳᠡᠭᠡ ᠲᠣᠰᠬᠤᠨ᠎ᠤ ᠭᠠᠵᠠᠷ ᠨᠤᠲᠤᠭ ᠥᠷᠭᠡᠨ ᠠᠭᠤᠳᠠᠮ᠂ ᠲᠠᠷᠢᠶᠠᠴᠢᠳ᠎ᠤᠨ ᠰᠠᠭᠤᠷᠢᠰᠢᠯ ᠲᠠᠷᠠᠬᠠᠶ ᠪᠤᠲᠠᠷᠬᠠᠶ᠂ ᠨᠤᠲᠤᠭ᠎ᠤᠨ ᠪᠠᠶ᠋ᠢᠳᠠᠯ ᠶᠡᠭᠡ ᠵᠥᠷᠢᠶ᠎ᠡ᠎ᠲᠠᠢ ᠪᠠᠶ᠋ᠢᠵᠤ᠂ ᠨᠡᠶ᠋ᠢᠭᠡᠮ᠎ᠤᠨ ᠬᠠᠮᠢᠶᠠᠷᠤᠯᠲᠠ ᠵᠢᠨ ᠡᠭᠦᠷᠭᠡ ᠨᠦᠰᠡᠷ ᠬᠦᠨᠳᠦ ᠪᠠᠶ᠋ᠢᠳᠠᠭ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠠᠮᠤᠭᠤᠯᠠᠩᠳᠤ ᠰᠢᠶᠠᠩ ᠪᠠᠯᠭ᠋ᠠᠰᠤ᠂ ᠠᠮᠤᠭᠤᠯᠠᠩᠳᠤ ᠠᠶ᠋ᠢᠯ ᠲᠣᠰᠬᠤᠨ᠎ᠤ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠥᠳᠡᠭᠡ ᠲᠣᠰᠬᠤᠨ᠎ᠤ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ᠎ᠤ ᠶᠡᠷᠦᠩᠬᠡᠶ᠋ᠢᠯᠡᠨ ᠵᠠᠰᠠᠬᠤ ᠲᠥᠪ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠥᠳᠡᠭᠡ ᠲᠣᠰᠬᠤᠨ᠎ᠤ ᠪᠣᠰᠤᠭ᠎ᠠ ᠴᠣᠭᠴᠠᠲᠤ ᠨᠡᠶ᠋ᠢᠭᠡᠮ᠎ᠤᠨ ᠠᠮᠤᠷ᠎ᠢ ᠬᠠᠮᠠᠭ᠋ᠠᠯᠠᠵᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠪᠠᠶ᠋ᠢᠭᠤᠯᠵᠤ᠂ ᠠᠮᠤᠷ᠎ᠢ ᠬᠠᠮᠠᠭ᠋ᠠᠯᠠᠬᠤ ᠲᠤᠪᠤᠶ᠋ᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠬᠥᠳᠡᠭᠡ ᠲᠣᠰᠬᠤᠨ᠎ᠤ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠰᠠᠮᠠᠭᠤᠷᠠᠭᠤᠯᠬᠤ᠂ ᠲᠠᠷᠢᠶᠠᠴᠢᠳ᠎ᠤᠨ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠬᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠭᠠᠵᠢᠭᠤ ᠨᠣᠮᠯᠠᠯ᠂ ᠭᠠᠳᠠᠭ᠋ᠠᠳᠤ ᠬᠦᠴᠦᠨ᠎ᠤ ᠬᠠᠷᠰᠢᠯᠠᠯ ᠨᠡᠪᠴᠢᠯᠲᠡ ᠵᠢᠨ ᠠᠵᠢᠯᠯᠠᠭ᠎ᠠ ᠵᠢ ᠪᠦᠲᠦᠮᠵᠢᠲᠡᠢ ᠰᠡᠷᠭᠡᠶ᠋ᠢᠯᠡᠨ ᠴᠣᠬᠢᠯᠲᠠ ᠥᠭᠬᠦ ᠬᠡᠷᠡᠭᠲᠡᠢ᠃ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠲᠠᠷᠢᠶᠠᠴᠢᠨ᠎ᠢ ᠬᠦᠳᠦᠯᠥᠨ ᠵᠢᠯᠤᠭᠤᠳᠴᠤ ᠬᠠᠤᠯᠢ ᠵᠢ ᠰᠠᠬᠢᠵᠤ ᠬᠠᠤᠯᠢ ᠵᠢ ᠬᠡᠷᠡᠭᠯᠡᠬᠦ ᠤᠬᠠᠮᠰᠠᠷ᠎ᠢ᠎ᠨᠢ ᠴᠢᠩᠭ᠋ᠠᠳᠬᠠᠵᠤ᠂ ᠲᠣᠰᠬᠤᠨ᠎ᠤ ᠲᠦᠷᠢᠮ ᠠᠷᠠᠳ᠎ᠤᠨ ᠭᠡᠷ᠎ᠡ᠂ ᠲᠣᠰᠬᠤᠨ᠎ᠤ ᠠᠷᠠᠳ᠎ᠤᠨ ᠠᠷᠠᠳᠴᠢᠯᠠᠯ ᠵᠶ᠋ᠠᠷ ᠵᠥᠪᠯᠡᠬᠦ᠂ ᠲᠣᠰᠬᠤᠨ᠎ᠤ ᠠᠷᠠᠳ᠎ᠤᠨ ᠥᠪᠡᠷ᠎ᠢ᠎ᠪᠠᠨ ᠬᠢᠵᠠᠭ᠋ᠠᠷᠯᠠᠵᠤ ᠥᠪᠡᠷ᠎ᠢ᠎ᠪᠠᠨ ᠬᠠᠮᠢᠶᠠᠷᠬᠤ ᠵᠢᠨ ᠬᠥᠳᠡᠭᠡ ᠲᠣᠰᠬᠤᠨ᠎ᠤ ᠵᠠᠰᠠᠯᠲᠠ ᠳᠤᠮᠳᠠᠬᠢ ᠢᠳᠡᠪᠬᠢ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
《ᠥᠪᠡᠷᠲᠡᠭᠡᠨ ᠵᠠᠰᠠᠬᠤ᠂ ᠬᠠᠤᠯᠢᠵᠢᠯ᠂ ᠶᠣᠰᠣ ᠰᠤᠷᠲᠠᠬᠤᠨ ᠵᠶ᠋ᠠᠷ ᠵᠠᠰᠠᠬᠤ ᠵᠢ ᠤᠶᠠᠯᠳᠤᠭᠤᠯᠤᠭᠰᠠᠨ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠬᠦᠯᠬᠦ ᠪᠣᠯ ᠬᠥᠳᠡᠭᠡ ᠲᠣᠰᠬᠤᠨ᠎ᠢ ᠴᠢᠳᠠᠮᠠᠭ᠋ᠠᠢ᠎ᠪᠠᠷ ᠵᠠᠰᠠᠬᠤ ᠪᠦᠲᠦᠮᠵᠢᠲᠡᠢ ᠠᠷᠭ᠎ᠠ ᠵᠠᠮ ᠮᠥᠨ》᠃ 2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠂ 《ᠨᠠᠮ᠎ᠤᠨ ᠤᠳᠤᠷᠢᠳᠤᠯᠭ᠎ᠠ᠎ᠪᠠᠷ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠵᠦ᠂ ᠲᠣᠰᠬᠤᠨ᠎ᠤ ᠠᠷᠠᠳ᠎ᠤᠨ ᠥᠪᠡᠷᠲᠡᠭᠡᠨ ᠵᠠᠰᠠᠬᠤ ᠵᠢ ᠪᠡᠶᠡᠯᠡᠭᠦᠯᠬᠦ ᠪᠦᠲᠦᠮᠵᠢᠲᠡᠢ ᠬᠡᠯᠪᠡᠷᠢ ᠵᠢᠨ ᠰᠢᠨ᠎ᠡ ᠵᠢ ᠡᠭᠦᠳᠴᠦ᠂ ᠨᠡᠶ᠋ᠢᠭᠡᠮ᠎ᠤᠨ ᠵᠠᠰᠠᠯᠲᠠ ᠪᠠ ᠦᠢ᠍ᠯᠡᠴᠢᠯᠡᠭᠡᠨ᠎ᠤ ᠭᠤᠣᠯᠳᠠᠯᠭ᠎ᠠ ᠵᠢ ᠦᠨᠳᠦᠰᠦᠨ ᠱᠠᠳᠤ ᠲᠡᠶ᠋ᠢᠰᠢ ᠰᠢᠯᠵᠢᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠠᠷᠠᠳᠴᠢᠯᠠᠯ ᠵᠶ᠋ᠠᠷ ᠵᠥᠪᠯᠡᠬᠦ ᠵᠢᠨ ᠪᠡᠶᠡᠯᠡᠭᠳᠡᠬᠦ ᠬᠡᠯᠪᠡᠷᠢ ᠵᠢ ᠪᠠᠶᠠᠯᠢᠭᠵᠢᠭᠤᠯᠵᠤ᠂ ᠲᠣᠰᠬᠤᠨ᠎ᠤ ᠠᠷᠠᠳ᠎ᠤᠨ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠵᠤ᠂ ᠲᠠᠷᠢᠶᠠᠴᠢᠳ᠎ᠢ ᠥᠪᠡᠷ ᠵᠶ᠋ᠠᠨ 〈ᠤᠴᠢᠷ ᠶᠠᠪᠤᠳᠠᠯ ᠬᠡᠯᠡᠬᠦ᠂ ᠤᠴᠢᠷ ᠶᠠᠪᠤᠳᠠᠯ ᠵᠥᠪᠯᠡᠬᠦ᠂ ᠤᠴᠢᠷ ᠶᠠᠪᠤᠳᠠᠯ ᠡᠷᠬᠢᠯᠡᠬᠦ〉 ᠪᠣᠯᠭ᠋ᠠᠵᠤ᠂ ᠲᠣᠰᠬᠤᠨ᠎ᠤ ᠤᠴᠢᠷ ᠶᠠᠪᠤᠳᠠᠯ᠎ᠢ ᠲᠣᠰᠬᠤᠨ᠎ᠤ ᠠᠷᠠᠳ ᠵᠥᠪᠳᠡᠯᠴᠡᠵᠦ ᠪᠠᠶ᠋ᠢᠭ᠋ᠠᠳ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ᠃ ᠣᠷᠣᠨ ᠨᠤᠲᠤᠭ᠎ᠤᠨ ᠣᠨᠴᠠᠯᠢᠭ ᠪᠠ ᠴᠠᠭ ᠦᠶ᠎ᠡ ᠵᠢᠨ ᠵᠣᠷᠢᠭ ᠰᠠᠨᠠᠭ᠎ᠠ᠎ᠲᠠᠢ ᠰᠢᠨ᠎ᠡ ᠨᠤᠲᠤᠭ᠎ᠤᠨ ᠮᠡᠷᠭᠡᠳ᠎ᠤᠨ ᠰᠣᠶᠣᠯ᠎ᠢ ᠪᠤᠶ᠋ᠢᠵᠢᠭᠤᠯᠵᠤ᠂ ᠲᠡᠭᠦᠨ᠎ᠤ ᠬᠥᠳᠡᠭᠡ ᠲᠣᠰᠬᠤᠨ᠎ᠤ ᠵᠠᠰᠠᠯᠲᠠ ᠳᠤᠮᠳᠠᠬᠢ ᠢᠳᠡᠪᠬᠢ ᠦᠢᠯᠡᠳᠦᠯ᠎ᠢ ᠪᠠᠳᠠᠷᠠᠭᠤᠯᠬᠤ ᠬᠡᠷᠡᠭᠲᠡᠶ᠃ ᠬᠠᠤᠯᠢᠵᠢᠯ ᠪᠤᠯ ᠬᠥᠳᠡᠭᠡ ᠲᠣᠰᠬᠤᠨ᠎ᠤ ᠵᠠᠰᠠᠯᠲᠠ ᠵᠢᠨ ᠤᠷᠢᠲᠠᠯ ᠪᠠ ᠪᠠᠲᠤᠯᠠᠭ᠎ᠠ ᠮᠥᠨ᠂ ᠵᠠᠰᠠᠭ᠎ᠤᠨ ᠣᠷᠳᠣᠨ᠎ᠤ ᠬᠦᠳᠡᠭᠡ ᠲᠤᠰᠬᠤᠨ᠎ᠳᠤ ᠬᠤᠯᠪᠣᠭᠳᠠᠬᠤ ᠡᠯ᠎ᠡ ᠵᠦᠢ᠍ᠯ᠎ᠤᠨ ᠠᠵᠢᠯ᠎ᠢ ᠬᠠᠤᠯᠢᠵᠢᠯ᠎ᠤᠨ ᠵᠠᠮ᠎ᠳᠤ ᠣᠷᠣᠭᠤᠯᠵᠤ᠂ ᠬᠥᠳᠡᠭᠡ ᠲᠣᠰᠬᠤᠨ᠎ᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠬᠥᠳᠡᠭᠡ ᠲᠣᠰᠬᠤᠨ᠎ᠤ ᠬᠠᠤᠯᠢᠵᠢᠯ᠎ᠤᠨ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠺᠠᠳ᠋ᠷ ᠤᠯᠠᠨ ᠲᠦᠮᠡᠨ᠎ᠤ ᠬᠠᠤᠯᠢ ᠵᠢ ᠬᠦᠨᠳᠦᠳᠬᠡᠬᠦ ᠬᠠᠤᠯᠢ ᠵᠢ ᠰᠤᠷᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ᠂ ᠬᠠᠤᠯᠢ᠎ᠪᠠᠷ ᠭᠤᠮᠣᠳᠠᠯ ᠱᠠᠭ᠋ᠠᠷᠳᠠᠯᠭ᠎ᠠ᠎ᠪᠠᠨ ᠢᠯᠡᠳᠬᠡᠬᠦ᠂ ᠵᠠᠭᠤᠷᠠᠯᠳᠤᠭ᠋ᠠᠨ᠎ᠢ ᠰᠢᠢ᠍ᠳᠪᠦᠷᠢᠯᠡᠬᠦ᠂ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠬᠦᠲᠦᠯᠦᠨ ᠵᠢᠯᠣᠭᠤᠳᠬᠤ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠬᠥᠳᠡᠭᠡ ᠲᠣᠰᠬᠤᠨ᠎ᠤ ᠰᠣᠶᠣᠯ᠎ᠤᠨ ᠬᠥᠭᠵᠢᠯ ᠮᠠᠨᠳᠤᠯ᠎ᠢ ᠠᠬᠢᠭᠤᠯᠵᠤ᠂ ᠬᠥᠳᠡᠭᠡ ᠲᠣᠰᠬᠤᠨ᠎ᠤ ᠦᠵᠡᠯ ᠰᠠᠨᠠᠭ᠎ᠠ ᠶᠣᠰᠣ ᠰᠤᠷᠳᠠᠬᠤᠨ᠎ᠤ ᠪᠠᠶ᠋ᠢᠭᠤᠯᠤᠯᠲᠠ ᠪᠠ ᠤᠯᠠᠨ ᠨᠡᠶ᠋ᠢᠲᠡ ᠵᠢᠨ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠵᠤ᠂ ᠰᠢᠯᠢᠳᠡᠭ ᠤᠯᠠᠮᠵᠢᠯᠠᠯᠲᠤ ᠲᠠᠷᠢᠶᠠᠯᠠᠬᠤ ᠰᠣᠶᠣᠯ᠎ᠤᠨ ᠠᠭᠤᠯᠤᠭᠳᠠᠬᠤᠨ᠂ ᠬᠥᠮᠦᠨ ᠰᠣᠶᠣᠯ᠎ᠤᠨ ᠵᠣᠷᠢᠭ ᠰᠠᠨᠠᠭ᠎ᠠ᠂ ᠶᠣᠰᠣ ᠰᠤᠷᠲᠠᠬᠤᠨ᠎ᠤ ᠳᠦᠷᠢᠮᠵᠢᠯ᠎ᠢ ᠬᠦᠨᠵᠡᠭᠡᠢ ᠠᠭᠤᠳᠠᠯᠵᠤ᠂ ᠨᠤᠲᠤᠭ᠎ᠤᠨ ᠰᠣᠶᠣᠯ᠎ᠤᠨ ᠴᠢᠳᠠᠪᠤᠷᠢᠲᠠᠨ᠎ᠢ ᠬᠥᠮᠦᠵᠢᠭᠦᠯᠦᠨ ᠠᠭᠤᠳᠠᠯᠵᠤ᠂ ᠭᠤᠤᠯ ᠬᠥᠭ ᠠᠶᠠᠰ ᠪᠠ ᠨᠡᠶ᠋ᠢᠭᠡᠮ᠎ᠤᠨ ᠲᠥᠪ ᠰᠤᠷᠲᠠᠯ᠎ᠢ ᠪᠠᠳᠠᠷᠠᠭᠤᠯᠵᠤ᠂ ᠪᠣᠯᠪᠠᠰᠤᠨ ᠨᠤᠲᠤᠭ᠎ᠤᠨ ᠰᠤᠷᠲᠠᠯ᠂ ᠰᠠᠶ᠋ᠢᠨ ᠰᠠᠶ᠋ᠢᠬᠠᠨ ᠭᠡᠷ᠎ᠤᠨ ᠰᠤᠷᠲᠠᠯ᠂ ᠪᠣᠷᠣᠭᠵᠢᠭᠤᠨ ᠠᠷᠠᠳ᠎ᠤᠨ ᠰᠤᠷᠲᠠᠯ᠎ᠢ ᠪᠤᠶ᠋ᠢᠵᠢᠭᠤᠯᠵᠤ᠂ ᠲᠠᠷᠢᠶᠠᠴᠢᠨ᠎ᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠰᠠᠶ᠋ᠢᠵᠢᠷᠠᠭᠤᠯᠵᠤ᠂ ᠬᠥᠳᠡᠭᠡ ᠲᠣᠰᠬᠤᠨ᠎ᠤ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠵᠤ᠂ ᠬᠥᠳᠡᠭᠡ ᠲᠣᠰᠬᠤᠨ᠎ᠤ ᠪᠣᠯᠪᠠᠰᠤᠨ᠎ᠤ ᠰᠢᠨ᠎ᠡ ᠳᠦᠷᠰᠦ ᠪᠠᠶ᠋ᠢᠳᠠᠯ᠎ᠢ ᠪᠠᠳᠠᠷᠠᠭᠤᠯᠬᠤ ᠭᠡᠷᠡᠭᠳᠠᠢ》 ᠭᠡᠵᠤ ᠴᠢᠬᠤᠯᠠᠴᠢᠯᠠᠪᠠ᠃
2018 ᠣᠨ᠎ᠤ 9 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠢ᠍ᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠬᠥᠳᠡᠭᠡ ᠲᠣᠰᠬᠤᠨ᠎ᠤ ᠣᠳᠣᠬᠢᠴᠢᠯᠠᠯᠲᠠ ᠳᠤ 〈ᠪᠣᠳᠠᠰ〉᠎ᠤᠨ ᠣᠳᠣᠬᠢᠴᠢᠯᠠᠯᠲᠠ ᠪᠠᠭᠲᠠᠬᠤ ᠪᠥᠭᠡᠳ 〈ᠬᠥᠮᠦᠨ〉᠎ᠤ ᠣᠳᠣᠬᠢᠴᠢᠯᠠᠯᠲᠠ ᠴᠤ᠌ ᠪᠠᠭᠲᠠᠨ᠎ᠠ᠂ ᠪᠠᠰᠠ ᠬᠥᠳᠡᠭᠡ ᠲᠣᠰᠬᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠴᠤ᠌ ᠪᠠᠭᠲᠠᠨ᠎ᠠ᠃ ᠪᠢᠳᠡ ᠲᠠᠷᠢᠶᠠᠯᠠᠩ᠎ᠤᠨ ᠣᠳᠣᠬᠢᠴᠢᠯᠠᠯᠲᠠ ᠪᠠ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠨᠢᠭᠡ ᠴᠤᠭᠴᠠᠵᠢᠭᠤᠯᠤᠨ ᠵᠢᠷᠤᠵᠤ ᠲᠥᠯᠥᠪᠯᠡᠬᠦ᠂ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠵᠤ᠂ ᠲᠠᠷᠢᠶᠠᠯᠠᠩ᠎ᠤᠨ ᠲᠤᠮᠤ ᠤᠯᠤᠰ᠎ᠠᠴᠠ ᠲᠠᠷᠢᠶᠠᠯᠠᠩ᠎ᠤᠨ ᠬᠦᠴᠦᠷᠬᠡᠭ ᠤᠯᠤᠰ ᠪᠣᠯᠬᠤ ᠳᠠᠪᠠᠯᠲᠠ ᠵᠢ ᠪᠡᠶᠡᠯᠡᠭᠦᠯᠬᠦ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠤᠯᠤᠰ᠎ᠤᠨ ᠲᠠᠷᠢᠶᠠᠯᠠᠬᠤ ᠪᠣᠯᠪᠠᠰᠤᠨ ᠥᠨᠢ ᠤᠳᠠᠭ᠋ᠠᠨ ᠤᠯᠠᠮᠵᠢᠯᠠᠯ᠎ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠶ᠋ᠢᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠨᠳᠦᠰᠦ ᠪᠣᠯᠤᠨ᠎ᠠ᠃ ᠮᠠᠨ᠎ᠤ ᠤᠯᠤᠰ᠎ᠤᠨ ᠮᠠᠰᠢ ᠤᠯᠠᠨ ᠬᠦᠳᠡᠭᠡ ᠲᠣᠰᠬᠤᠨ ᠬᠡᠳᠦᠨ ᠵᠠᠭᠤᠨ ᠵᠢᠯ ᠴᠢᠨᠠᠭᠰᠢᠯᠠᠪᠠᠯ ᠮᠢᠩᠭ᠎ᠠ ᠭᠠᠷᠤᠢ ᠵᠢᠯ᠎ᠤᠨ ᠲᠡᠦᠬᠡ᠎ᠲᠠᠢ ᠪᠠᠶ᠋ᠢᠵᠤ᠂ ᠤᠳᠤ ᠪᠣᠯᠲᠠᠯ᠎ᠠ ᠪᠦᠷᠢᠨ ᠪᠦᠲᠦᠨ ᠪᠠᠶ᠋ᠢᠭᠰᠠᠭ᠋ᠠᠷ ᠶᠤᠮ᠃ ᠮᠠᠰᠢ ᠤᠯᠠᠨ ᠵᠠᠩ ᠳᠠᠳᠬᠠᠯ᠂ ᠲᠣᠰᠬᠤᠨ᠎ᠤ ᠲᠦᠷᠢᠮ ᠠᠷᠠᠳ᠎ᠤᠨ ᠭᠡᠷ᠎ᠡ ᠵᠡᠷᠭᠡ᠎ᠨᠢ ᠭᠦᠨ ᠵᠤᠵᠠᠭ᠋ᠠᠨ ᠤᠯᠠᠮᠵᠢᠯᠠᠯᠲᠤ ᠰᠣᠶᠣᠯ᠎ᠤᠨ ᠤᠳᠤᠮᠰᠢᠯ᠎ᠲᠠᠢ ᠪᠠᠶ᠋ᠢᠵᠤ᠂ ᠤᠳᠤ ᠪᠣᠯᠲᠠᠯ᠎ᠠ ᠴᠢᠬᠤᠯᠠ ᠦᠢ᠍ᠯᠡᠳᠦᠯ ᠦᠵᠡᠭᠦᠯᠦᠭᠰᠡᠭᠡᠷ ᠪᠠᠶ᠋ᠢᠨ᠎ᠡ᠃ ᠥᠪᠡᠷᠲᠡᠭᠡᠨ ᠵᠠᠰᠠᠬᠤ ᠪᠠ ᠬᠠᠤᠯᠢᠵᠢᠯ᠎ᠢ ᠬᠡᠷᠡᠭᠵᠢᠭᠦᠯᠬᠦ ᠵᠢᠨ ᠬᠠᠮᠲᠤ ᠶᠣᠰᠣ ᠰᠤᠷᠲᠠᠬᠤᠨ ᠵᠶ᠋ᠠᠷ ᠵᠠᠰᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠵᠢ ᠴᠢᠬᠤᠯᠠᠴᠢᠯᠠᠵᠤ᠂ ᠶᠣᠰᠣᠯᠠᠯ᠎ᠤᠨ ᠤᠯᠤᠰ᠂ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠬᠠᠷᠢᠯᠴᠠᠨ ᠨᠥᠬᠦᠴᠡᠯᠳᠦᠬᠦ ᠵᠢ ᠠᠬᠢᠭᠤᠯᠬᠤ ᠬᠡᠷᠡᠭᠲᠡᠢ᠃ ᠡᠨᠡ ᠲᠠᠯ᠎ᠠ ᠵᠢᠨ ᠰᠦᠪᠡᠭᠴᠢᠯᠡᠯᠳᠡ ᠪᠠ ᠰᠢᠨ᠎ᠡ ᠡᠭᠦᠳᠦᠯᠲᠡ ᠵᠢ ᠦᠷᠭᠦᠯᠵᠢᠯᠡᠨ ᠬᠢᠬᠦ ᠵᠢᠨ ᠬᠠᠮᠲᠤ ᠲᠠᠰᠤᠷᠠᠯᠳᠠ ᠦᠭᠡᠢ ᠳ᠋ᠦᠩᠨᠡᠨ ᠳᠡᠯᠭᠡᠷᠡᠭᠦᠯᠬᠦ ᠬᠡᠷᠡᠭᠲᠡᠢ》 ᠭᠡᠵᠤ ᠴᠢᠬᠤᠯᠠᠴᠢᠯᠠᠪᠠ᠃
《ᠲᠡᠭᠡᠷ᠎ᠡ ᠱᠠᠳᠤᠨ᠎ᠤ ᠲᠦᠷᠦ ᠵᠢᠨ ᠪᠤᠳᠤᠯᠭ᠎ᠠ ᠵᠢ ᠲᠤᠤᠷ᠎ᠡ ᠱᠠᠳᠤᠨ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨᠡ》᠃ ᠬᠥᠳᠡᠭᠡ ᠲᠣᠰᠬᠤᠨ᠎ᠤ ᠲᠦᠷᠦ ᠵᠢᠨ ᠪᠤᠳᠤᠯᠭ᠎ᠠ ᠵᠢ ᠡᠴᠦᠰ᠎ᠲᠡᠭᠡᠨ ᠪᠦᠷ ᠦᠨᠳᠦᠰᠦᠨ ᠱᠠᠲᠤᠨ᠎ᠤ ᠺᠠᠳ᠋ᠷ᠎ᠲᠤ ᠲᠦᠰᠢᠭᠯᠡᠨ ᠨᠠᠶ᠋ᠢᠳᠠᠪᠤᠷᠢᠵᠢᠭᠤᠯᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠤᠯᠤᠰ᠎ᠲᠤ ᠬᠡᠳᠦᠨ ᠵᠠᠭᠤᠨ ᠲᠦᠮᠡᠨ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ ᠪᠤᠢ᠂ ᠵᠢᠯ ᠲᠤᠷᠰᠢ ᠰᠠᠯᠬᠢ ᠪᠣᠷᠣᠭ᠋ᠠᠨ᠎ᠢ ᠰᠥᠷᠴᠦ᠂ ᠲᠠᠷᠢᠶᠠᠴᠢᠳ᠎ᠲᠠᠢ ᠰᠢᠭᠤᠳ ᠬᠠᠷᠢᠯᠴᠠᠵᠤ᠂ ᠬᠥᠳᠡᠭᠡ ᠲᠣᠰᠬᠤᠨ᠎ᠤ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠦᠨᠳᠦᠰᠦᠨ ᠬᠦᠴᠦᠨ ᠮᠥᠨ᠃ ᠡᠨᠡ ᠡᠩᠨᠡᠭᠡ ᠶᠡᠷᠦᠩᠬᠡᠢ᠎ᠳᠡᠭᠡᠨ ᠰᠠᠶ᠋ᠢᠨ᠂ ᠢᠲᠡᠭᠡᠯ᠎ᠲᠠᠢ᠂ ᠨᠠᠶ᠋ᠢᠳᠠᠪᠤᠷᠢᠲᠠᠢ᠂ ᠲᠠᠶ᠋ᠢᠴᠢᠨ ᠬᠦᠴᠦᠨ᠎ᠲᠠᠢ ᠪᠠᠶ᠋ᠢᠨ᠎ᠡ》 ᠭᠡᠵᠤ ᠵᠢᠭ᠋ᠠᠵᠤ ᠭᠠᠷᠭ᠋ᠠᠪᠠ᠃
《ᠥᠷᠭᠡᠨ ᠤᠯᠠᠨ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ᠎ᠢ ᠤᠯᠤᠰ ᠲᠦᠷᠦ ᠵᠢᠨ ᠲᠠᠯ᠎ᠠ᠎ᠪᠠᠷ ᠢᠲᠡᠭᠡᠵᠦ᠂ ᠠᠵᠢᠯ᠎ᠤᠨ ᠲᠠᠯ᠎ᠠ᠎ᠪᠠᠷ ᠲᠦᠰᠢᠭᠯᠡᠵᠦ᠂ ᠠᠮᠢᠳᠤᠷᠠᠯ᠎ᠤᠨ ᠲᠠᠯ᠎ᠠ᠎ᠪᠠᠷ ᠬᠠᠯᠠᠮᠵᠢᠯᠠᠬᠤ ᠬᠡᠷᠡᠭᠲᠡᠢ》᠃ 2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠂ 《ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ᠎ᠢ ᠰᠤᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ ᠲᠦᠷᠢᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠥᠨᠳᠥᠷ ᠬᠡᠪ ᠪᠣᠯᠪᠠᠰᠤᠷᠠᠯ᠎ᠲᠠᠢ ᠲᠠᠭ᠋ᠠᠭᠤᠯᠤᠬ᠍ᠴᠢ ᠵᠢᠨ ᠡᠩᠨᠡᠭᠡ ᠵᠢ ᠪᠠᠶ᠋ᠢᠭᠤᠯᠵᠤ᠂ ᠲᠣᠰᠬᠤᠨ᠎ᠤ ᠰᠢᠯᠢᠳᠡᠭ ᠺᠠᠳ᠋ᠷ᠎ᠤᠨ ᠳᠤᠮᠳᠠ᠎ᠠᠴᠠ ᠰᠢᠶᠠᠩ ᠪᠠᠯᠭ᠋ᠠᠰᠤᠨ᠎ᠤ ᠠᠯᠪᠠᠳᠠᠨ ᠪᠣᠯᠤᠨ ᠰᠢᠶᠠᠩ ᠪᠠᠯᠭ᠋ᠠᠰᠤᠨ᠎ᠤ ᠤᠳᠤᠷᠢᠳᠬᠤ ᠺᠠᠳ᠋ᠷ᠎ᠢ ᠰᠢᠯᠭ᠋ᠠᠨ ᠡᠯᠰᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠥᠳᠡᠭᠡ ᠲᠣᠰᠬᠤᠨ᠎ᠤ ᠨᠡᠶ᠋ᠢᠭᠡᠮ᠎ᠤᠨ ᠵᠠᠰᠠᠯᠲᠠ ᠵᠢᠨ ᠦᠢ᠍ᠯᠡᠴᠢᠯᠡᠭᠡ ᠵᠢ ᠴᠢᠩᠭ᠋ᠠᠳᠬᠠᠬᠤ᠎ᠳᠤ ᠰᠢᠨ᠎ᠡ ᠬᠦᠴᠦᠨ ᠨᠡᠮᠡᠷᠢᠯᠡᠬᠦ ᠬᠡᠷᠡᠭᠲᠡᠢ᠃ ᠲᠣᠰᠬᠤᠨ᠎ᠤ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠡᠷᠬᠢᠯᠳᠡ ᠪᠣᠯᠤᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠵᠠᠷᠤᠳᠠᠯ᠎ᠢ ᠪᠠᠲᠤᠯᠠᠬᠤ ᠲᠣᠭᠲᠠᠭᠤᠨ ᠳᠦᠷᠢᠮ᠎ᠢ ᠪᠠᠶ᠋ᠢᠭᠤᠯᠵᠤ᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ᠎ᠤᠨ ᠬᠥᠯᠥᠰᠥ ᠣᠯᠭᠤᠮᠵᠢ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ ᠪᠣᠯᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠳᠬᠠᠵᠤ᠂ ᠲᠡᠳᠡᠨ᠎ᠢ ᠬᠥᠲᠥᠯᠥᠨ ᠵᠢᠯᠣᠭᠤᠳᠴᠤ ᠠᠷᠠᠳ ᠲᠦᠮᠡᠨ᠎ᠳᠤ ᠦᠢ᠍ᠯᠡᠴᠢᠯᠡᠬᠦ ᠴᠢᠳᠠᠪᠤᠷᠢ ᠵᠢ᠎ᠨᠢ ᠳᠡᠭᠡᠭᠰᠢᠯᠡᠭᠦᠯᠦᠨ᠂ ᠠᠷᠢᠭᠤᠨ ᠴᠢᠬᠡᠴᠢ᠎ᠪᠠᠷ ᠲᠤᠰᠢᠶᠠᠯ ᠵᠶ᠋ᠠᠨ ᠭᠦᠢ᠍ᠴᠡᠳᠬᠡᠬᠦ ᠦᠵᠡᠯ ᠤᠬᠠᠮᠰᠠᠷ᠎ᠢ᠎ᠨᠢ ᠴᠢᠩᠭ᠋ᠠᠷᠠᠭᠤᠯᠵᠤ᠂ ᠣᠳᠣ ᠦᠶ᠎ᠡ ᠵᠢᠨ ᠲᠠᠷᠢᠶᠠᠯᠠᠩ ᠪᠣᠯᠤᠨ ᠰᠢᠨ᠎ᠡ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ》 ᠭᠡᠵᠤ ᠴᠢᠬᠤᠯᠠᠴᠢᠯᠠᠪᠠ᠃
2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠺᠠᠳ᠋ᠷ᠎ᠤᠨ ᠡᠩᠨᠡᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠴᠢᠳ᠎ᠤᠨ ᠠᠰᠢᠭ ᠲᠤᠰᠠ᠎ᠳᠤ ᠬᠠᠯᠳᠠᠭᠰᠠᠨ 〈ᠪᠢᠴᠢᠯ ᠢᠯᠵᠢᠷᠡᠯ〉᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠠᠷᠠᠳ ᠤᠯᠠᠨ᠎ᠳᠤ ᠲᠥᠪ ᠭᠤᠣᠯᠴᠢ ᠠᠷᠢᠭᠤᠨ ᠴᠢᠬᠡᠴᠢ ᠬᠥᠳᠡᠭᠡ ᠲᠣᠰᠬᠤᠨ᠎ᠢ ᠪᠠᠶ᠋ᠢᠭᠤᠯᠵᠤ ᠥᠭᠬᠦ ᠬᠡᠷᠡᠭᠲᠡᠢ᠃ ᠲᠠᠷᠢᠶᠠᠴᠢᠨ ᠲᠦᠮᠡᠨ᠎ᠤ ᠠᠩᠬᠠᠷᠴᠤ ᠪᠠᠶ᠋ᠢᠭ᠎ᠠ ᠲᠣᠪᠤᠶ᠋ᠢᠮ᠎ᠠ ᠠᠰᠠᠭᠤᠳᠠᠯ᠎ᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠭᠤᠤᠯᠳᠠᠯᠭ᠎ᠠ ᠪᠣᠯᠭ᠋ᠠᠵᠤ᠂ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥᠯ ᠵᠦᠢᠯ᠎ᠤᠨ ᠪᠠᠯᠠ ᠮᠥᠩᠭᠦ᠂ ᠬᠠᠮᠲᠤ ᠵᠢᠨ ᠡᠳ᠋ ᠬᠥᠷᠥᠩᠭᠡ ᠵᠢᠨ ᠬᠠᠮᠢᠶᠠᠷᠤᠯᠲᠠ᠂ ᠭᠠᠵᠠᠷ ᠰᠢᠷᠣᠶ ᠲᠠᠲᠠᠪᠤᠷᠢᠯᠠᠬᠤ ᠵᠡᠷᠭᠡ ᠬᠦᠷᠢᠶᠡᠨ᠎ᠳᠠᠬᠢ ᠲᠣᠪᠤᠶ᠋ᠢᠮ᠎ᠠ ᠠᠰᠠᠭᠤᠳᠠᠯ᠎ᠢ ᠦᠷᠭᠦᠯᠵᠢᠯᠡᠨ ᠴᠢᠩᠭ᠎ᠠ ᠠᠩᠬᠠᠷᠴᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠴᠥᠬᠦᠷᠡᠰᠢ ᠥᠬᠡᠶ ᠪᠠᠷᠢᠮᠲᠠᠯᠠᠬᠤ ᠬᠡᠷᠡᠭᠲᠡᠶ᠃ ᠶᠠᠳᠠᠭᠤ ᠵᠢ ᠲᠡᠳᠬᠦᠬᠦ ᠬᠦᠷᠢᠶᠡᠨ᠎ᠳᠠᠬᠢ ᠢᠯᠵᠠᠷᠠᠯ ᠪᠠ ᠰᠤᠷᠲᠠᠯ᠎ᠤᠨ ᠠᠰᠠᠭᠤᠳᠠᠯ᠎ᠳᠤ ᠴᠢᠭᠯᠡᠭᠦᠯᠦᠨ᠂ ᠲᠤᠰᠬᠠᠢ ᠵᠠᠰᠠᠯᠲᠠ ᠵᠢ ᠪᠠᠶ᠋ᠢᠷᠢᠯᠠᠭᠤᠯᠤᠨ ᠥᠷᠨᠢᠭᠦᠯᠬᠦ ᠬᠡᠷᠡᠭᠳᠡᠢ᠃ ᠬᠦᠳᠡᠭᠡ ᠲᠤᠰᠬᠤᠨ᠎ᠳᠤ ᠬᠥᠨᠳᠡᠯᠡᠨ ᠭᠤᠯᠳᠤ ᠠᠭ᠋ᠠᠰᠢᠯᠠᠵᠤ ᠪᠠᠶ᠋ᠢᠭ᠎ᠠ᠂ ᠠᠷᠠᠳ ᠢᠷᠭᠡᠳ᠎ᠢ ᠳᠠᠷᠤᠯᠠᠵᠤ ᠪᠠᠶ᠋ᠢᠭ᠎ᠠ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠬᠠᠮᠠᠭ᠋ᠠᠯᠠᠭᠴᠢ ᠰᠢᠬᠦᠷ ᠪᠣᠯᠤᠭᠰᠠᠨ ᠨᠠᠮ᠎ᠤᠨ ᠭᠡᠰᠢᠭᠦᠨ ᠺᠠᠳ᠋ᠷ᠎ᠢ ᠴᠢᠩᠭ᠎ᠠ ᠰᠢᠢ᠍ᠳᠬᠡᠵᠦ᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠬᠦᠯᠬᠦ ᠭᠡᠷᠡᠭᠳᠠᠢ》 ᠭᠡᠵᠤ ᠵᠢᠭ᠋ᠠᠵᠤ ᠭᠠᠷᠭ᠋ᠠᠪᠠ᠃
2020 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠴᠠᠭ᠋ᠠᠷᠠᠬᠰᠡᠨ᠂ ᠣᠪᠣᠷ ᠰᠤᠷᠲᠠᠯ᠎ᠤᠨ ᠲᠠᠯ᠎ᠠ᠎ᠪᠠᠷ ᠪᠠᠲᠤ ᠴᠢᠩᠭ᠎ᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠺᠠᠳ᠋ᠷ᠎ᠤᠨ ᠡᠩᠨᠡᠭᠡ ᠵᠢ ᠪᠠᠶ᠋ᠢᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠤᠨ ᠠᠵᠢᠯ᠎ᠤᠨ ᠪᠠᠶ᠋ᠢᠷᠢ᠎ᠳᠤ ᠨᠢᠭᠡ ᠪᠦᠯᠦᠭ ᠰᠢᠯᠢᠳᠡᠭ ᠺᠠᠳ᠋ᠷ᠎ᠢ ᠰᠣᠩᠭᠤᠨ ᠲᠣᠮᠢᠯᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠺᠠᠳ᠋ᠷ᠎ᠢ ᠬᠥᠮᠦᠵᠢᠭᠦᠯᠵᠤ ᠲᠠᠪᠳᠠᠨ ᠪᠣᠯᠪᠠᠰᠤᠷᠠᠭᠤᠯᠬᠤ ᠥᠷᠭᠡᠨ ᠠᠭᠤᠳᠠᠮ ᠲᠠᠪᠴᠠᠩ ᠪᠣᠯᠭ᠋ᠠᠬᠤ ᠬᠡᠷᠡᠭᠲᠡᠶ᠃ ᠡᠯ᠎ᠡ ᠲᠦᠷᠦᠯ᠎ᠤᠨ ᠴᠢᠳᠠᠪᠤᠷᠢᠲᠠᠨ᠎ᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠭᠠᠪᠢᠶ᠎ᠠ ᠵᠢᠳᠬᠦᠯ ᠦᠵᠡᠭᠦᠯᠬᠦ ᠵᠢ ᠲᠠᠳᠠᠵᠤ᠂ ᠥᠷᠭᠡᠨ ᠤᠯᠠᠨ ᠲᠠᠷᠢᠶᠠᠴᠢᠨ ᠲᠦᠮᠡᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠬᠥᠭᠵᠢᠭᠡᠬᠦ ᠬᠡᠷᠡᠭᠲᠡᠢ》 ᠭᠡᠵᠤ ᠴᠢᠬᠤᠯᠠᠴᠢᠯᠠᠪᠠ᠃
ᠲᠠᠷᠢᠶᠠᠴᠢᠳ᠎ᠤᠨ ᠠᠮᠤᠷ ᠵᠢᠮᠦᠷ ᠠᠵᠤ ᠲᠦᠷᠦᠭᠦ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠴᠣᠭᠴᠠᠯᠠᠨ᠎ᠠ
ᠣᠷᠣᠰᠢᠨ ᠰᠠᠭᠤᠬᠤ ᠰᠠᠶ᠋ᠢᠨ ᠰᠠᠶ᠋ᠢᠬᠠᠨ ᠣᠷᠴᠢᠨ ᠨᠥᠬᠦᠴᠡᠯ ᠪᠣᠯ ᠥᠷᠭᠡᠨ ᠤᠯᠠᠨ ᠲᠠᠷᠢᠶᠠᠴᠢᠳ᠎ᠤᠨ ᠴᠢᠩ ᠰᠡᠳᠬᠢᠯ᠎ᠤᠨ ᠬᠦᠰᠡᠯ ᠡᠷᠡᠮᠡᠯᠵᠡᠯ ᠮᠥᠨ᠃
ᠶᠡᠷᠦᠩᠬᠡᠢ ᠱᠦᠵᠢ ᠰᠢ ᠵᠢᠨ ᠫᠢᠩ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢᠨ ᠨᠢᠭᠡᠨ ᠴᠢᠬᠤᠯᠠ ᠡᠭᠦᠷᠭᠡ ᠪᠣᠯ ᠳᠠᠷᠤᠢ ᠪᠣᠬᠢᠷᠲᠤᠯ ᠦᠭᠡᠢ ᠬᠥᠭᠵᠢᠯᠲᠡ ᠵᠢᠨ ᠠᠷᠭ᠎ᠠ ᠬᠡᠯᠪᠡᠷᠢ ᠪᠠ ᠠᠮᠢᠳᠤᠷᠠᠯ᠎ᠤᠨ ᠠᠷᠭ᠎ᠠ ᠬᠡᠯᠪᠡᠷᠢ ᠵᠢ ᠬᠡᠷᠡᠭᠵᠢᠭᠦᠯᠵᠦ᠂ ᠠᠮᠢ ᠠᠬᠤᠢ ᠵᠢ ᠦᠵᠡᠰᠬᠦᠯᠡᠩᠲᠦ ᠰᠠᠶ᠋ᠢᠬᠠᠨ ᠪᠣᠯᠭ᠋ᠠᠵᠤ᠂ ᠣᠷᠴᠢᠨ ᠲᠣᠭᠤᠷᠢᠨ᠎ᠢ ᠭᠤᠶᠤ ᠰᠠᠶ᠋ᠢᠬᠠᠨ ᠪᠣᠯᠭ᠋ᠠᠵᠤ᠂ ᠠᠭᠤᠯᠠ᠎ᠨᠢ ᠬᠦᠬᠡᠮᠳᠦᠭ ᠤᠰᠤ᠎ᠨᠢ ᠲᠤᠩᠭ᠋ᠠᠯᠠᠭ᠂ ᠲᠩᠷᠢ᠎ᠨᠢ ᠴᠡᠯᠮᠡᠭ ᠭᠠᠵᠠᠷ᠎ᠨᠢ ᠨᠣᠭᠤᠭ᠋ᠠᠨ᠂ ᠲᠣᠰᠬᠤᠨ᠎ᠨᠢ ᠭᠤᠶᠤ ᠬᠥᠮᠦᠨ᠎ᠨᠢ ᠡᠶ᠎ᠡ ᠵᠤᠬᠢᠴᠠᠩᠭᠤᠢ ᠪᠠᠶ᠋ᠢᠬᠤ ᠦᠵᠡᠰᠬᠦᠯᠡᠩᠲᠦ ᠰᠠᠶ᠋ᠢᠬᠠᠨ ᠪᠠᠶ᠋ᠢᠳᠠᠯ᠎ᠢ ᠲᠠᠬᠢᠨ ᠢᠯᠡᠷᠡᠭᠦᠯᠬᠦ ᠶᠠᠪᠤᠳᠠᠯ ᠪᠣᠯᠤᠨ᠎ᠠ》 ᠭᠡᠵᠤ ᠵᠢᠭ᠋ᠠᠵᠤ ᠭᠠᠷᠭ᠋ᠠᠪᠠ᠃
2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠰᠢᠨ᠎ᠡ ᠬᠥᠳᠡᠭᠡ ᠲᠣᠰᠬᠤᠨ᠎ᠢ ᠪᠦᠳᠦᠭᠡᠨ ᠪᠠᠶ᠋ᠢᠭᠤᠯᠬᠤ᠎ᠳᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠠᠩᠬᠠᠷᠴᠤ᠂ ᠨᠤᠲᠤᠭ᠎ᠤᠨ ᠦᠨᠦᠷ ᠠᠮᠲᠠ ᠵᠢ ᠠᠩᠬᠠᠷᠴᠤ᠂ ᠬᠥᠳᠡᠭᠡ ᠲᠣᠰᠬᠤᠨ᠎ᠤ ᠣᠨᠴᠠᠯᠢᠭ᠎ᠢ ᠢᠯᠡᠷᠡᠭᠦᠯᠵᠦ᠂ ᠬᠥᠳᠡᠭᠡ ᠲᠣᠰᠬᠤᠨ᠎ᠤ ᠳᠦᠷᠰᠦ ᠪᠠᠶ᠋ᠢᠳᠠᠯ᠎ᠢ ᠦᠯᠡᠳᠡᠭᠡᠬᠦ ᠬᠡᠷᠡᠭᠲᠡᠢ᠂ ᠬᠤᠳᠠ ᠪᠠᠯᠭ᠋ᠠᠰᠤ ᠵᠢ ᠪᠦᠳᠦᠬᠡᠨ ᠪᠠᠶ᠋ᠢᠭᠤᠯᠬᠤ ᠬᠡᠯᠪᠡᠷᠢ ᠵᠢ ᠲᠡᠷᠡ ᠬᠡᠪ ᠵᠶ᠋ᠠᠷ᠎ᠨᠢ ᠨᠡᠭᠦᠯᠭᠡᠨ ᠬᠡᠷᠡᠭᠯᠡᠵᠦ᠂ ᠬᠤᠳᠠ ᠵᠢ ᠬᠤᠳᠠ ᠪᠢᠰᠢ ᠪᠤᠯᠭ᠋ᠠᠵᠤ᠂ ᠬᠥᠳᠡᠭᠡ ᠲᠣᠰᠬᠤᠨ᠎ᠢ ᠬᠥᠳᠡᠭᠡ ᠲᠣᠰᠬᠤᠨ ᠪᠢᠰᠢ ᠪᠤᠯᠭ᠋ᠠᠵᠤ ᠪᠤᠯᠬᠤ ᠦᠭᠡᠢ》 ᠭᠡᠵᠤ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠰᠢᠨ᠎ᠡ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠬᠢᠬᠦ᠎ᠳᠤ᠂ ᠶᠠᠭ᠋ᠠᠬᠢᠭᠰᠠᠨ ᠴᠤ᠌ ᠡᠳᠡᠭᠡᠷ ᠨᠤᠲᠤᠭ᠎ᠤᠨ ᠪᠠᠶ᠋ᠢᠳᠠᠯ᠎ᠢ ᠦᠭᠡᠢ ᠦᠵᠡᠰᠬᠦᠯᠡᠩ᠎ᠳᠤ ᠦᠵᠡᠮᠵᠢ ᠵᠢ ᠦᠬᠡᠢ ᠪᠣᠯᠭ᠋ᠠᠵᠤ ᠪᠤᠯᠬᠤ ᠦᠬᠡᠢ᠂ ᠬᠠᠷᠢᠨ ᠲᠡᠳᠡᠭᠡᠷ᠎ᠢ ᠣᠳᠣ ᠦᠶ᠎ᠡ ᠵᠢᠨ ᠠᠮᠢᠳᠤᠷᠠᠯ᠎ᠲᠠᠢ ᠨᠢᠭᠡ ᠴᠣᠭᠴᠠ ᠪᠣᠯᠭ᠋ᠠᠨ ᠠᠭᠤᠰᠤᠯᠴᠠᠭᠤᠯᠬᠤ ᠬᠡᠷᠡᠭᠲᠡᠢ᠂ ᠡᠶ᠋ᠢᠮᠦ᠎ᠠᠴᠠ ᠪᠢ ᠮᠣᠳᠣ ᠵᠢ ᠣᠭᠲᠣᠯᠬᠤ ᠵᠢ ᠬᠢᠴᠢᠶᠡᠵᠦ᠂ ᠠᠭᠤᠯᠠ ᠵᠢ ᠮᠠᠯᠲᠠᠬᠤ ᠵᠢ ᠴᠠᠭ᠋ᠠᠵᠠᠯᠠᠵᠤ᠂ ᠨᠠᠭᠤᠷ᠎ᠢ ᠪᠥᠭᠯᠡᠬᠦ ᠦᠭᠡᠢ᠂ ᠭᠡᠷ ᠪᠠᠶ᠋ᠢᠰᠢᠩ᠎ᠢ ᠴᠥᠭᠡᠨ ᠨᠤᠷᠠᠭ᠋ᠠᠬᠤ ᠬᠡᠷᠡᠭᠲᠡᠢ ᠭᠡᠵᠦ ᠬᠡᠯᠡᠵᠤ ᠪᠠᠶ᠋ᠢᠨ᠎ᠠ》 ᠭᠡᠵᠤ ᠴᠢᠬᠤᠯᠠᠴᠢᠯᠠᠪᠠ᠃
2014 ᠣᠨ᠎ᠤ 12 ᠰᠠᠷ᠎ᠠ ᠵᠢᠨ 9᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ᠄ 《ᠬᠥᠳᠡᠭᠡ ᠠᠵᠤ ᠠᠬᠤᠢ ᠵᠢᠨ ᠬᠥᠭᠵᠢᠯᠲᠡ᠎ᠨᠢ ᠠᠮᠢ ᠠᠬᠤᠢ ᠣᠷᠴᠢᠨ ᠲᠣᠭᠤᠷᠢᠨ᠎ᠤ ᠰᠢᠨ᠎ᠡ ᠥᠷᠢ ᠵᠢ ᠦᠷᠢᠳᠦᠬᠦ᠎ᠠᠴᠠ ᠪᠤᠯᠭᠤᠮᠵᠢᠯᠠᠬᠤ ᠪᠦ᠍ᠭᠡᠳ ᠪᠠᠰᠠ ᠬᠠᠭᠤᠴᠢᠨ ᠥᠷᠢ ᠵᠢ ᠠᠯᠬᠤᠮ ᠠᠯᠬᠤᠮ ᠵᠶ᠋ᠠᠷ ᠲᠦᠯᠦᠬᠦ ᠬᠡᠷᠡᠭᠲᠡᠢ᠃ ᠲᠠᠷᠢᠶᠠᠯᠠᠩ᠎ᠤᠨ ᠪᠠᠷᠢᠮᠵᠢᠶᠠᠵᠢᠭᠰᠠᠨ ᠠᠷᠢᠭᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠵᠤ᠂ ᠤᠰᠤ ᠠᠷᠪᠢᠯᠠᠬᠤ᠂ ᠪᠤᠷᠳᠤᠭᠤᠷ᠎ᠢ ᠠᠷᠪᠢᠯᠠᠬᠤ᠂ ᠲᠠᠷᠢᠶᠠᠨ ᠡᠮ᠎ᠢ ᠠᠷᠪᠢᠯᠠᠬᠤ ᠵᠢ ᠤᠷᠮᠠᠰᠢᠭᠤᠯᠤᠨ ᠬᠢᠵᠠᠭ᠋ᠠᠷᠯᠠᠬᠤ ᠲᠣᠭᠲᠡᠴᠡ ᠵᠢ ᠲᠡᠭᠦᠯᠳᠡᠷᠵᠢᠭᠦᠯᠵᠦ᠂ ᠠᠮᠢ ᠠᠬᠤᠢ ᠵᠢᠨ ᠡᠷᠬᠢᠯᠳᠡᠳᠤ ᠲᠠᠷᠢᠶᠠᠯᠠᠩ᠎ᠢ ᠬᠥᠭᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠬᠤ ᠬᠡᠷᠡᠭᠲᠡᠢ᠃ ᠠᠭᠤᠯᠠ ᠤᠰᠤ ᠤᠢ ᠮᠤᠳᠤ ᠲᠠᠷᠢᠶᠠᠨ ᠭᠠᠵᠠᠷ ᠨᠠᠭᠤᠷ ᠪᠦᠷᠢ᠎ᠳᠤ ᠵᠢ ᠨᠡᠩ ᠴᠢᠩᠭ᠎ᠠ ᠬᠠᠮᠠᠭ᠋ᠠᠯᠠᠵᠤ᠂ ᠠᠮᠢ ᠠᠬᠤᠢ ᠵᠢᠨ ᠬᠡᠪᠡᠷᠡᠭ ᠣᠷᠣᠨ᠂ ᠭᠠᠵᠠᠷ ᠳᠣᠣᠷᠠᠬᠢ ᠤᠰᠤ ᠭᠤᠭᠤᠵᠢᠭᠰᠠᠨ ᠣᠷᠣᠨ᠂ ᠬᠥᠷᠥᠰᠥ ᠰᠢᠷᠣᠢ ᠬᠦᠨᠳᠦ ᠲᠡᠮᠦᠷᠯᠢᠭ᠎ᠤᠨ ᠪᠣᠬᠢᠷᠲᠤᠯ᠎ᠲᠠᠢ ᠣᠷᠣᠨ᠎ᠤ ᠵᠠᠰᠠᠯᠲᠠ ᠵᠢ ᠲᠦᠷᠭᠡᠳᠬᠡᠵᠦ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠭᠡᠷᠡᠭᠳᠠᠢ᠃ ᠬᠤᠶᠠᠷ ᠵᠠᠬ᠎ᠠ ᠳᠡᠯᠭᠡᠭᠦᠷ ᠬᠤᠶᠠᠷ ᠵᠦᠢ᠍ᠯ᠎ᠤᠨ ᠡᠬᠢ ᠪᠠᠶᠠᠯᠢᠭ᠎ᠢ ᠰᠠᠶ᠋ᠢᠲᠤᠷ ᠬᠡᠷᠡᠭᠯᠡᠵᠦ᠂ ᠲᠠᠷᠢᠶᠠᠯᠠᠩ᠎ᠤᠨ ᠬᠥᠭᠵᠢᠯᠲᠡ ᠵᠢᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ᠃
2014 ᠣᠨ᠎ᠤ 12 ᠰᠠᠷ᠎ᠠ ᠵᠢᠨ 13᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠵᠢᠶᠠᠩᠰᠦ ᠮᠤᠵᠢ ᠵᠢᠨ ᠵᠧᠵᠢᠶᠠᠩ ᠬᠤᠲᠠ ᠵᠢᠨ ᠳ᠋ᠠᠨ ᠲᠦ᠋ ᠲᠣᠭᠤᠷᠢᠭ᠎ᠤᠨ ᠱ᠌ᠢ ᠶᠧ ᠪᠠᠯᠭ᠋ᠠᠰᠤᠨ᠎ᠤ ᠶᠦᠩ ᠮᠤᠤ ᠸᠧᠶ ᠪᠠᠶ᠋ᠢᠭ᠋ᠠᠯᠢ ᠲᠣᠰᠬᠤᠨ᠎ᠳᠤ ᠪᠠᠶ᠋ᠢᠴᠠᠭ᠋ᠠᠨ ᠰᠤᠳᠤᠯᠬᠤ᠎ᠳᠠᠭᠠᠨ᠄ 《ᠵᠣᠷᠯᠣᠩ᠎ᠤᠨ ᠠᠰᠠᠭᠤᠳᠠᠯ᠎ᠢ ᠰᠠᠶ᠋ᠢᠲᠤᠷ ᠰᠢᠢᠳᠪᠦᠷᠢᠯᠡᠬᠦ᠎ᠨᠢ ᠰᠢᠨ᠎ᠡ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ᠎ᠳᠤ ᠪᠡᠯᠭᠡ ᠲᠡᠮᠳᠡᠭ᠎ᠤᠨ ᠴᠢᠨᠠᠷᠲᠠᠶ ᠠᠴᠢ ᠬᠤᠯᠪᠣᠭᠳᠠᠯ᠎ᠲᠠᠢ ᠶᠤᠮ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠵᠣᠷᠯᠣᠩ᠎ᠤᠨ ᠤᠰᠤ ᠭᠠᠳᠠᠬᠰᠢᠯᠠᠭᠤᠯᠬᠤ ᠬᠤᠭᠤᠯᠠᠶ ᠵᠢᠨ ᠲᠤᠤᠷ᠎ᠤᠨ ᠪᠥᠲᠥᠭᠡᠨ ᠪᠠᠶ᠋ᠢᠭᠤᠯᠤᠯᠲᠠ ᠪᠠ ᠬᠥᠳᠡᠭᠡ ᠲᠣᠰᠬᠤᠨ᠎ᠤ ᠪᠣᠬᠢᠷ ᠤᠰᠤ ᠵᠢ ᠰᠢᠢᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠲᠠᠷᠢᠶᠠᠴᠢᠳ᠎ᠤᠨ ᠠᠮᠢᠳᠤᠷᠠᠯ᠎ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ》 ᠭᠡᠵᠤ ᠴᠢᠬᠤᠯᠠᠴᠢᠯᠠᠪᠠ᠃ ᠶᠡᠷᠦᠩᠬᠡᠢ ᠱᠦᠵᠢ ᠪᠠᠰᠠ ᠲᠤᠬᠠᠢ ᠵᠢᠨ ᠭᠠᠵᠠᠷ᠎ᠤᠨ ᠺᠠᠳ᠋ᠷᠴᠤᠳ᠎ᠲᠤ ᠬᠤᠳᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠬᠦ ᠵᠢ ᠭᠦᠨᠵᠡᠭᠡᠶ᠋ᠢᠷᠡᠭᠦᠯᠵᠦ᠂ ᠬᠤᠳᠠ ᠬᠥᠳᠡᠭᠡ ᠵᠢ ᠨᠢᠭᠡ ᠴᠤᠬ᠍ᠴᠠᠵᠢᠭᠤᠯᠤᠨ ᠬᠥᠭᠵᠢᠭᠦᠯᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ᠎ᠢ ᠠᠮᠤᠷ ᠠᠮᠤᠭᠤᠯᠠᠩ ᠠᠵᠤ ᠲᠦᠷᠦᠭᠦ ᠦᠵᠡᠰᠬᠦᠯᠡᠩᠲᠦ ᠰᠠᠶ᠋ᠢᠬᠠᠨ ᠭᠡᠷ ᠣᠷᠣᠨ ᠪᠣᠯᠭ᠋ᠠᠬᠤ ᠬᠡᠷᠡᠭᠲᠡᠢ ᠭᠡᠵᠦ ᠵᠠᠬᠢᠪᠠ᠃
2015 ᠣᠨ᠎ᠤ 1 ᠰᠠᠷ᠎ᠠ ᠵᠢᠨ 20᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠶᠦᠨᠨᠠᠨ᠎ᠤ ᠳ᠋ᠠ ᠯᠢ ᠵᠢᠨ ᠪᠠᠶ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠤ ᠵᠢᠨ ᠳ᠋ᠡ ᠯᠢ ᠬᠤᠲᠠ ᠵᠢᠨ ᠸᠠᠨ ᠴᠢᠶᠣᠤ ᠪᠠᠯᠭ᠋ᠠᠰᠤᠨ᠎ᠤ ᠬᠥ᠋ ᠱᠧᠩ ᠲᠣᠰᠬᠤᠨ᠎ᠳᠤ ᠪᠠᠶ᠋ᠢᠴᠠᠭ᠋ᠠᠨ ᠰᠤᠳᠤᠯᠬᠤ᠎ᠳᠠᠭᠠᠨ᠂ 《ᠰᠢᠨ᠎ᠡ ᠬᠥᠳᠡᠭᠡ ᠲᠣᠰᠬᠤᠨ᠎ᠤ ᠪᠦᠳᠦᠭᠡᠨ ᠪᠠᠶ᠋ᠢᠭᠤᠯᠤᠯᠲᠠ᠎ᠨᠢ ᠡᠷᠬᠡᠪᠰᠢ ᠬᠥᠳᠡᠭᠡ ᠲᠣᠰᠬᠤᠨ᠎ᠤ ᠪᠣᠳᠠᠲᠤ ᠪᠠᠶ᠋ᠢᠳᠠᠯ᠎ᠳᠤ ᠨᠡᠶ᠋ᠢᠴᠡᠬᠦ ᠵᠠᠮ ᠵᠶ᠋ᠠᠷ ᠵᠠᠮᠨᠠᠵᠤ᠂ ᠬᠥᠳᠡᠭᠡ ᠲᠣᠰᠬᠤᠨ᠎ᠤ ᠲᠤᠰ ᠪᠡᠶ᠎ᠡ ᠵᠢᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠵᠤ᠂ ᠬᠥᠳᠡᠭᠡ ᠲᠣᠰᠬᠤᠨ᠎ᠤ ᠣᠨᠴᠠᠯᠢᠭ᠎ᠢ ᠭᠦᠢ᠍ᠴᠡᠳ ᠢᠯᠡᠷᠡᠭᠦᠯᠵᠦ᠂ ᠨᠤᠲᠤᠭ᠎ᠤᠨ ᠦᠨᠦᠷ ᠠᠮᠲᠠ ᠵᠢ ᠠᠩᠬᠠᠷᠴᠤ᠂ ᠬᠥᠳᠡᠭᠡ ᠲᠣᠰᠬᠤᠨ᠎ᠤ ᠳᠦᠷᠰᠦ ᠪᠠᠶ᠋ᠢᠳᠠᠯ᠎ᠢ ᠦᠯᠡᠳᠡᠭᠡᠵᠦ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠦᠯᠡᠳᠡᠭᠡᠵᠦ᠂ ᠨᠤᠲᠤᠭ᠎ᠤᠨ ᠮᠥᠷᠥᠭᠡᠳᠦᠯ᠎ᠢ ᠴᠡᠭᠡᠵᠢᠯᠡᠵᠦ ᠳᠡᠶ᠋ᠢᠯᠬᠦ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ᠃
《ᠣᠷᠳᠣ ᠬᠤᠭᠤᠴᠠᠭ᠋ᠠᠨ᠎ᠤ ᠬᠥᠭᠵᠢᠯᠲᠡ᠎ᠪᠠᠷ ᠳᠡᠮᠵᠢᠨ᠂ ᠮᠠᠨ᠎ᠤ ᠤᠯᠤᠰ᠎ᠤᠨ ᠲᠠᠷᠢᠶᠠᠨ ᠭᠠᠵᠠᠷ᠎ᠢ ᠨᠡᠭᠡᠭᠡᠨ ᠠᠰᠢᠬᠯᠠᠬᠤ ᠡᠷᠴᠢᠮ ᠬᠡᠲᠦᠷᠬᠡᠶ ᠴᠢᠩᠭ᠋ᠠᠷᠠᠵᠤ᠂ ᠵᠠᠷᠢᠮ ᠭᠠᠵᠠᠷ ᠣᠷᠣᠨ᠎ᠤ ᠭᠠᠵᠠᠷ᠎ᠤᠨ ᠬᠦᠴᠦᠨ᠎ᠢ ᠬᠡᠲᠦᠷᠡᠲᠡᠯ᠎ᠡ ᠵᠠᠷᠤᠬᠤ᠂ ᠬᠥᠷᠥᠰᠥ ᠰᠢᠷᠣᠶ ᠢᠳᠡᠭᠳᠡᠬᠦ᠂ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠮᠠᠯᠲᠠᠬᠤ᠂ ᠬᠥᠷᠥᠰᠥ ᠰᠢᠷᠣᠶ ᠮᠠᠭᠤᠳᠠᠬᠤ᠂ ᠣᠯᠠᠨ ᠡᠬᠢᠳᠤ ᠪᠣᠬᠢᠷᠲᠤᠯ ᠬᠡᠴᠡᠭᠦᠳᠡᠵᠤ᠂ ᠨᠢᠭᠡᠨᠲᠡ ᠲᠠᠷᠢᠶᠠᠯᠠᠩ᠎ᠤᠨ ᠦᠷᠭᠦᠯᠵᠢᠯᠡᠬᠦ ᠬᠥᠭᠵᠢᠯᠲᠡ ᠵᠢ ᠬᠢᠵᠠᠭ᠋ᠠᠷᠯᠠᠬᠤ ᠲᠣᠪᠤᠶ᠋ᠢᠮ᠎ᠠ ᠵᠥᠷᠢᠴᠡᠯ ᠪᠣᠯᠤᠭᠰᠠᠨ ᠪᠠᠶ᠋ᠢᠨ᠎ᠡ》᠃ 2015 ᠣᠨ᠎ᠤ 10 ᠰᠠᠷ᠎ᠠ ᠵᠢᠨ 26᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ 《〈ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢ ᠲᠣᠭᠲᠠᠭ᠋ᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ〉 ᠵᠢᠨ ᠲᠤᠬᠠᠢ ᠲᠣᠳᠣᠷᠬᠠᠶ᠋ᠢᠯᠠᠯᠲᠠ》᠎ᠳᠤ᠄ 《ᠣᠳᠣᠬᠢ ᠱᠠᠲᠤᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠠᠮᠤ ᠪᠤᠳᠠᠭ᠋ᠠᠨ᠎ᠤ ᠬᠠᠩᠭ᠋ᠠᠯᠭ᠎ᠠ ᠡᠯᠪᠡᠭ ᠪᠠᠶ᠋ᠢᠬᠤ ᠲᠣᠬᠢᠶᠠᠯ᠎ᠢ ᠠᠰᠢᠬᠯᠡᠨ᠂ ᠬᠡᠰᠡᠭ ᠭᠠᠵᠠᠷ ᠣᠷᠣᠨ᠎ᠳᠤ ᠲᠠᠷᠢᠶᠠᠨ ᠭᠠᠵᠠᠷ᠎ᠢ ᠰᠡᠯᠬᠦᠨ ᠲᠠᠷᠢᠬᠤ ᠪᠠ ᠦᠨᠵᠢᠨ ᠲᠠᠷᠢᠬᠤ ᠵᠢ ᠬᠡᠷᠡᠭᠵᠢᠭᠦᠯᠬᠦ᠎ᠨᠢ ᠲᠠᠷᠢᠶᠠᠨ ᠭᠠᠵᠠᠷ᠎ᠢ ᠠᠮᠠᠷᠠᠭᠤᠯᠤᠨ ᠰᠡᠷᠭᠦᠭᠡᠬᠦ ᠪᠠ ᠲᠠᠷᠢᠶᠠᠯᠠᠩ᠎ᠤᠨ ᠦᠷᠭᠦᠯᠵᠢᠯᠡᠬᠦ ᠬᠥᠭᠵᠢᠯᠲᠡ᠎ᠳᠤ ᠠᠰᠢᠭᠲᠠᠢ ᠮᠥᠷᠲᠡᠭᠡᠨ ᠪᠠᠰᠠ ᠠᠮᠤ ᠪᠤᠳᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠲᠡᠩᠴᠡᠭᠦᠷᠢᠲᠡᠢ ᠪᠠᠶ᠋ᠢᠯᠭ᠋ᠠᠬᠤ᠂ ᠲᠠᠷᠢᠶᠠᠴᠢᠳ᠎ᠤᠨ ᠣᠷᠣᠯᠭ᠎ᠠ ᠵᠢ ᠲᠣᠭᠲᠠᠪᠤᠷᠢᠵᠢᠭᠤᠯᠬᠤ᠂ ᠡᠳ᠋᠎ᠤᠨ ᠵᠠᠰᠠᠭ᠎ᠤᠨ ᠳᠠᠷᠤᠯᠲᠠ ᠵᠢ ᠬᠥᠩᠭᠡᠷᠡᠭᠦᠯᠬᠦ᠎ᠳᠤ ᠠᠰᠢᠭᠲᠠᠢ ᠶᠤᠮ》 ᠭᠡᠵᠤ ᠴᠢᠬᠤᠯᠠᠴᠢᠯᠠᠪᠠ᠃
《ᠤᠳᠤ ᠪᠢᠳᠡ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠦᠳᠦᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠡᠷᠬᠡᠪᠰᠢ ᠴᠢᠩᠭ᠋ᠠᠳᠬᠠᠬᠤ ᠴᠠᠭ ᠪᠣᠯᠤᠬᠰᠡᠨ ᠪᠦᠭᠡᠳ ᠪᠠᠰᠠ ᠡᠨᠡ ᠶᠠᠪᠤᠳᠠᠯ᠎ᠢ ᠰᠠᠶ᠋ᠢᠲᠤᠷ ᠬᠢᠬᠦ ᠴᠢᠳᠠᠪᠤᠷᠢ᠎ᠲᠠᠢ ᠴᠠᠭ ᠪᠣᠯᠵᠠᠢ᠃ 2016 ᠣᠨ᠎ᠤ 8 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ᠄ 《ᠥᠩᠭᠡᠷᠡᠭᠰᠡᠨ᠎ᠳᠤ ᠦᠢᠯᠡᠳᠪᠦᠷᠢᠯᠡᠯ᠎ᠤᠨ ᠬᠦᠴᠦᠨ᠎ᠤ ᠲᠦᠪᠰᠢᠨ ᠳᠤᠤᠷ᠎ᠠ ᠪᠠᠶ᠋ᠢᠭᠰᠠᠨ᠎ᠠᠴᠠ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢᠨ ᠲᠥᠯᠥᠭᠡ ᠠᠷᠭ᠎ᠠ ᠪᠤᠰᠤ ᠣᠶ ᠰᠢᠭᠤᠶ ᠵᠢ ᠡᠪᠳᠡᠨ ᠠᠲᠠᠷ ᠬᠠᠭ᠋ᠠᠯᠪᠤᠷᠢᠯᠠᠵᠤ᠂ ᠡᠪᠡᠰᠦ ᠪᠡᠯᠴᠢᠭᠡᠷ᠎ᠢ ᠡᠪᠳᠡᠨ ᠠᠲᠠᠷ ᠬᠠᠭ᠋ᠠᠯᠪᠤᠷᠢᠯᠠᠵᠤ᠂ ᠨᠠᠭᠤᠷ᠎ᠢ ᠪᠥᠭᠯᠡᠨ ᠲᠠᠷᠢᠶ᠎ᠠ ᠭᠠᠷᠭ᠋ᠠᠭᠰᠠᠨ ᠶᠤᠮ᠂ ᠣᠲᠣ ᠢᠳᠡᠵᠦ ᠡᠮᠦᠰᠬᠦ᠎ᠳᠡᠭᠡᠨ ᠵᠥᠪ ᠪᠣᠯᠬᠤ ᠠᠰᠠᠭᠤᠳᠠᠯ᠎ᠢ ᠲᠣᠭᠲᠠᠭᠤᠨ ᠵᠶ᠋ᠠᠷ ᠰᠢᠢᠳᠪᠦᠷᠢᠯᠡᠵᠦ᠂ ᠠᠮᠢ ᠠᠬᠤᠶ ᠣᠷᠴᠢᠨ ᠲᠤᠭᠤᠷᠢᠨ᠎ᠢ ᠬᠠᠮᠠᠭ᠋ᠠᠯᠠᠬᠤ ᠶᠠᠪᠤᠳᠠᠯ᠎ᠨᠢ ᠬᠥᠭᠵᠢᠯᠲᠡ ᠵᠢᠨ ᠪᠠᠶ᠋ᠢᠪᠠᠰᠤ ᠵᠣᠬᠢᠬᠤ ᠪᠥᠭᠡᠳ ᠡᠷᠬᠡᠪᠰᠢ ᠪᠠᠶ᠋ᠢᠪᠠᠰᠤ ᠵᠤᠬᠢᠬᠤ ᠠᠭᠤᠯᠭ᠎ᠠ ᠪᠤᠯᠵᠠᠢ》 ᠭᠡᠵᠤ ᠵᠢᠭ᠋ᠠᠵᠤ ᠭᠠᠷᠭ᠋ᠠᠪᠠ᠃
2016 ᠣᠨ᠎ᠤ 12 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠷᠪᠠᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠬᠦ᠎ᠳᠡᠭᠡᠨ᠄ 《ᠮᠠᠯ ᠵᠢᠭᠦᠷᠲᠡᠨ ᠲᠡᠵᠢᠭᠡᠪᠦᠷᠢ ᠵᠢᠨ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠬᠤ ᠵᠢ ᠲᠦᠷᠭᠡᠳᠬᠡᠨ ᠠᠬᠢᠭᠤᠯᠬᠤ᠎ᠨᠢ ᠬᠥᠳᠡᠭᠡ ᠲᠣᠰᠬᠤᠨ᠎ᠤ 6 ᠳ᠋ᠦᠩᠰᠢᠭᠤᠷ ᠭᠠᠷᠤᠢ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠤᠷᠢᠨ᠎ᠲᠠᠢ ᠬᠤᠯᠪᠣᠭᠳᠠᠵᠤ᠂ ᠬᠥᠳᠡᠭᠡ ᠲᠣᠰᠬᠤᠨ᠎ᠤ ᠡᠨᠧᠷᠭᠢ ᠵᠢᠨ ᠬᠤᠪᠢᠰᠬᠠᠯ᠎ᠲᠠᠢ ᠬᠤᠯᠪᠣᠭᠳᠠᠵᠤ᠂ ᠬᠥᠷᠥᠰᠥ ᠰᠢᠷᠣᠢ ᠭᠠᠵᠠᠷ᠎ᠤᠨ ᠬᠦᠴᠦᠨ᠎ᠢ ᠲᠠᠰᠤᠷᠠᠯᠳᠠ ᠦᠬᠡᠢ ᠰᠠᠶ᠋ᠢᠵᠢᠷᠠᠭᠤᠯᠵᠤ ᠴᠢᠳᠠᠬᠤ ᠡᠰᠡᠬᠦ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠰᠠᠶ᠋ᠢᠲᠤᠷ ᠵᠠᠰᠠᠬᠤ᠎ᠲᠠᠢ ᠬᠤᠯᠪᠣᠭᠳᠠᠵᠤ᠂ ᠤᠯᠤᠰ᠎ᠲᠤ ᠠᠰᠢᠭᠲᠠᠢ ᠠᠷᠠᠳ᠎ᠲᠤ ᠠᠰᠢᠭᠲᠠᠢ ᠠᠯᠤᠰ ᠬᠡᠳᠤ᠎ᠳᠤ ᠠᠰᠢᠭᠲᠠᠢ ᠶᠡᠭᠡ ᠰᠠᠶ᠋ᠢᠨ ᠶᠠᠪᠤᠳᠠᠯ ᠪᠣᠯᠤᠨ᠎ᠡ》 ᠭᠡᠵᠤ ᠴᠢᠬᠤᠯᠠᠴᠢᠯᠠᠪᠠ᠃
《ᠰᠠᠶ᠋ᠢᠨ ᠰᠠᠶ᠋ᠢᠬᠠᠨ ᠠᠮᠢ ᠠᠬᠤᠢ ᠤᠷᠴᠢᠨ ᠲᠤᠭᠤᠷᠢᠨ ᠪᠣᠯ ᠬᠥᠳᠡᠭᠡ ᠲᠣᠰᠬᠤᠨ᠎ᠤ ᠬᠠᠮᠤᠭ᠎ᠤᠨ ᠶᠡᠭᠡ ᠳᠠᠪᠠᠭᠤᠯᠢᠭ ᠪᠠ ᠡᠷᠬᠢᠮ ᠨᠠᠨᠳᠢᠨ ᠦᠪ ᠬᠦᠷᠦᠩᠬᠡ ᠮᠥᠨ᠃ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ᠂ ᠬᠥᠳᠡᠭᠡ ᠲᠣᠰᠬᠤᠨ᠎ᠤ ᠪᠠᠶ᠋ᠢᠭ᠋ᠠᠯᠢ ᠵᠢᠨ ᠬᠥᠷᠥᠩᠭᠡ ᠵᠢᠨ ᠥᠷᠲᠡᠭ ᠵᠶ᠋ᠠᠨ ᠲᠦᠷᠭᠡᠳᠬᠡᠨ ᠨᠡᠮᠡᠭᠳᠡᠭᠦᠯᠬᠦ ᠵᠢ ᠠᠬᠢᠭᠤᠯᠵᠤ᠂ ᠰᠠᠶ᠋ᠢᠨ ᠰᠠᠶ᠋ᠢᠬᠠᠨ ᠠᠮᠢ ᠠᠬᠤᠶ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠶ》᠃ 2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠮᠠᠨ᠎ᠤ ᠡᠨᠡ ᠦᠶ᠎ᠡ ᠵᠢᠨ ᠬᠥᠮᠦᠰ᠎ᠤᠨ ᠲᠤᠷᠠᠰᠤᠮᠵᠢ᠎ᠳᠤ᠂ ᠪᠠᠭ᠎ᠠ ᠵᠢᠨ ᠦᠶ᠎ᠡ ᠵᠢᠨ ᠬᠥᠳᠡᠭᠡ ᠲᠣᠰᠬᠤᠨ᠎ᠳᠤ ᠭᠤᠣᠯ᠎ᠳᠤ ᠤᠮᠪᠠᠭ᠍ᠤ᠂ ᠭᠤᠣᠯ᠎ᠠᠴᠠ ᠵᠢᠭ᠋ᠠᠰᠤ ᠪᠠᠷᠢᠬᠤ᠂ ᠴᠥᠭᠦᠷᠥᠮ᠎ᠳᠤ ᠨᠣᠭᠤᠭ᠎ᠠ ᠤᠬᠢᠶᠠᠬᠤ ᠰᠠᠶ᠋ᠢᠬᠠᠨ ᠦᠵᠡᠮᠵᠢ ᠢᠯᠡᠷᠡᠳᠡᠭ ᠪᠠᠶ᠋ᠢᠬᠰᠠᠨ᠃ ᠰᠠᠶᠢ ᠬᠡᠳᠦᠨ ᠠᠷᠪᠠᠨ ᠵᠢᠯ ᠪᠤᠯᠵᠦ ᠪᠠᠶ᠋ᠢᠨ᠎ᠡ᠂ ᠤᠳᠦ ᠵᠠᠷᠢᠮ ᠬᠥᠳᠡᠭᠡ ᠲᠣᠰᠬᠤᠨ᠎ᠤ ᠪᠠᠶ᠋ᠢᠳᠠᠯ ᠶᠠᠮᠠᠷ ᠪᠣᠯᠤᠭᠰᠠᠨ᠎ᠢ ᠤᠯᠡᠠ ᠵᠶ᠋ᠠᠷ ᠵᠶ᠋ᠠᠨ ᠪᠦᠷ ᠮᠡᠳᠡᠵᠦ ᠪᠠᠶ᠋ᠢᠨ᠎ᠡ》 ᠭᠡᠵᠤ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠪᠢᠳᠡ ᠡᠷᠬᠡᠪᠰᠢ ᠠᠵᠤ ᠠᠬᠤᠢ ᠵᠢᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠬᠠᠰᠤᠬᠤ ᠶᠣᠰᠣᠲᠠᠢ ᠵᠢ᠎ᠨᠢ ᠬᠠᠰᠤᠵᠤ᠂ ᠪᠤᠴᠠᠭ᠋ᠠᠬᠤ ᠶᠣᠰᠣᠲᠠᠢ ᠵᠢ᠎ᠨᠢ ᠪᠤᠴᠠᠭ᠋ᠠᠵᠤ᠂ ᠵᠠᠰᠠᠬᠤ ᠶᠣᠰᠣᠲᠠᠢ ᠵᠢ᠎ᠨᠢ ᠵᠠᠰᠠᠬᠤ ᠬᠡᠷᠡᠭᠲᠡᠢ᠃ ᠬᠥᠳᠡᠭᠡ ᠲᠣᠰᠬᠤᠨ᠎ᠤ ᠠᠮᠢ ᠠᠬᠤᠢ ᠣᠷᠴᠢᠨ ᠲᠣᠭᠤᠷᠢᠨ ᠰᠠᠶ᠋ᠢᠵᠢᠷᠠᠪᠠᠯ᠂ ᠭᠠᠵᠠᠷ ᠰᠢᠷᠣᠢ᠎ᠠᠴᠠ ᠠᠯᠳᠠᠨ ᠶᠤᠸᠠᠮᠪᠤᠤ ᠢᠯᠡᠷᠡᠵᠤ᠂ ᠠᠮᠢ ᠠᠬᠤᠢ᠎ᠨᠢ ᠡᠳ᠋ ᠡᠷᠳᠡᠨᠢᠰ᠎ᠤᠨ ᠮᠣᠳᠣ ᠪᠤᠯᠵᠤ᠂ ᠬᠥᠳᠡᠭᠡ ᠨᠤᠲᠤᠭ᠎ᠤᠨ ᠦᠩᠭᠡ ᠦᠵᠡᠮᠵᠢ᠂ ᠠᠭᠤᠯᠠ ᠤᠰᠤᠨ᠎ᠤ ᠦᠩᠭᠡ ᠦᠵᠡᠮᠵᠢ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠨᠢ ᠡᠷᠳᠡᠨᠢᠰ᠎ᠤᠨ ᠰᠠᠩ ᠪᠤᠯᠵᠤ᠂ ᠠᠮᠢ ᠠᠬᠤᠢ ᠵᠢᠨ ᠲᠠᠷᠢᠶᠠᠯᠠᠩ᠂ ᠪᠡᠶ᠎ᠡ ᠰᠤᠪᠢᠯᠠᠯᠲᠠ ᠨᠠᠰᠤᠵᠢᠯ᠎ᠤᠨ ᠠᠰᠠᠷᠠᠮᠵᠢ᠂ ᠤᠢ ᠰᠢᠭᠤᠢ ᠵᠢᠨ ᠡᠷᠡᠭᠦᠯᠵᠢᠯ ᠰᠤᠪᠢᠯᠠᠯᠲᠠ ᠪᠤᠯᠵᠤ᠂ ᠬᠥᠳᠡᠭᠡ ᠲᠣᠰᠬᠤᠨ᠎ᠤ ᠵᠢᠭᠤᠯᠴᠢᠯᠠᠯ ᠬᠥᠭᠵᠢᠶᠡᠨᠲᠡᠢ ᠪᠣᠯᠤᠨ᠎ᠠ》 ᠭᠡᠵᠤ ᠴᠢᠬᠤᠯᠠᠴᠢᠯᠠᠪᠠ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠬᠥᠳᠡᠭᠡ ᠲᠣᠰᠬᠤᠨ᠎ᠤ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠵᠤ᠂ ᠬᠥᠳᠡᠭᠡ ᠲᠣᠰᠬᠤᠨ᠎ᠤ ᠣᠷᠴᠢᠨ ᠲᠣᠭᠤᠷᠢᠨ᠎ᠤ ᠲᠤᠪᠤᠶ᠋ᠢᠮ᠎ᠠ ᠠᠰᠠᠭᠤᠳᠠᠯ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠬᠥᠳᠡᠭᠡ ᠲᠣᠰᠬᠤᠨ᠎ᠤ 〈ᠵᠣᠷᠯᠣᠩ᠎ᠤᠨ ᠬᠤᠪᠢᠰᠬᠠᠯ〉᠎ᠢ ᠠᠬᠢᠭᠤᠯᠵᠤ᠂ ᠬᠥᠳᠡᠭᠡ ᠲᠣᠰᠬᠤᠨ᠎ᠤ ᠠᠮᠢᠳᠤᠷᠠᠯ᠎ᠤᠨ ᠲᠤᠨᠤᠭ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠲᠠᠷᠢᠶᠠᠴᠢᠳ᠎ᠤᠨ ᠠᠮᠤᠷ ᠵᠢᠮᠤᠷ ᠠᠵᠤ ᠲᠦᠷᠦᠭᠦ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠪᠠᠶ᠋ᠢᠭᠤᠯᠵᠤ᠂ ᠰᠠᠶ᠋ᠢᠨ ᠰᠠᠶ᠋ᠢᠬᠠᠨ ᠠᠮᠢ ᠠᠬᠤᠢ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠢ》 ᠭᠡᠵᠤ ᠵᠢᠭ᠋ᠠᠵᠤ ᠭᠠᠷᠭ᠋ᠠᠪᠠ᠃
2018 ᠣᠨ᠎ᠤ 5 ᠰᠠᠷ᠎ᠠ ᠵᠢᠨ 18᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ ᠳᠡᠭᠡᠷ᠎ᠡ᠄ 《ᠬᠥᠳᠡᠭᠡ ᠲᠣᠰᠬᠤᠨ᠎ᠤ ᠣᠷᠴᠢᠨ ᠲᠣᠭᠤᠷᠢᠨ᠎ᠨᠢ ᠠᠮᠤ ᠪᠤᠳᠠᠭ᠎ᠠ᠂ ᠬᠤᠯᠢᠰᠢᠨ ᠢᠳᠡᠭᠡᠨ᠂ ᠤᠰᠤᠨ ᠭᠠᠩ᠂ ᠬᠤᠳᠠ ᠪᠠᠯᠭ᠋ᠠᠰᠤᠨ᠎ᠤ ᠠᠷᠤ ᠵᠢᠨ ᠴᠡᠴᠡᠷᠯᠢᠭ᠎ᠢ ᠰᠢᠭᠤᠳ ᠨᠥᠯᠥᠭᠡᠯᠡᠨ᠎ᠡ᠃ ᠲᠠᠷᠢᠶᠠᠯᠠᠩ᠎ᠤᠨ ᠣᠷᠣᠭᠤᠯᠤᠯᠲᠠ ᠵᠢᠨ ᠪᠦᠲᠦᠴᠡ᠎ᠳᠤ ᠲᠣᠬᠢᠷᠠᠭᠤᠯᠤᠯᠲᠠ ᠬᠢᠵᠦ᠂ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠂ ᠣᠷᠭ᠋ᠠᠨᠢᠭ ᠪᠣᠷᠳᠣᠭᠤᠷ ᠬᠡᠷᠡᠭᠯᠡᠬᠦ ᠬᠤᠪᠢ ᠵᠢᠨ ᠵᠢᠩ᠎ᠢ ᠨᠡᠮᠡᠭᠳᠡᠭᠦᠯᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠵᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠶ᠃ ᠬᠥᠳᠡᠭᠡ ᠲᠣᠰᠬᠤᠨ᠎ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠦᠬᠦ ᠤᠯᠤᠰ᠎ᠤᠨ ᠵᠠᠰᠠᠭ ᠵᠠᠬᠢᠷᠭ᠋ᠠᠨ᠎ᠤ ᠲᠣᠰᠬᠤᠨ᠎ᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠵᠢ ᠪᠦᠬᠦᠨ᠎ᠢ ᠪᠦᠷᠬᠦᠬᠦᠯᠬᠦ ᠵᠢ ᠪᠡᠶᠡᠯᠡᠭᠦᠯᠵᠦ᠂ ᠬᠥᠳᠡᠭᠡ ᠲᠣᠰᠬᠤᠨ᠎ᠤ ᠬᠤᠭ ᠨᠣᠪᠰᠢ᠂ ᠪᠣᠬᠢᠷ ᠤᠰᠤ᠂ ᠵᠣᠷᠯᠣᠩ᠎ᠤᠨ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠵᠦ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠴᠣᠭᠴᠠᠯᠠᠵᠤ᠂ ᠠᠷᠠᠳ ᠤᠯᠠᠨ᠎ᠳᠤ ᠰᠢᠪᠠᠭᠤᠳ᠎ᠨᠢ ᠵᠢᠷᠭᠢᠨ ᠴᠡᠴᠡᠭ᠎ᠨᠢ ᠳᠡᠯᠭᠡᠷᠡᠭᠰᠡᠨ ᠬᠥᠳᠡᠭᠡ ᠨᠤᠲᠤᠭ᠎ᠤᠨ ᠦᠩᠭᠡ ᠦᠵᠡᠮᠵᠢ ᠵᠢ ᠦᠯᠡᠳᠡᠭᠡᠵᠦ ᠥᠭᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠰᠠᠶ᠋ᠢᠨ ᠰᠠᠶ᠋ᠢᠬᠠᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠪᠣᠯ ᠥᠷᠭᠡᠨ ᠤᠯᠠᠨ ᠲᠠᠷᠢᠶᠠᠴᠢᠳ᠎ᠤᠨ ᠴᠢᠩ ᠰᠡᠳᠬᠢᠯ᠎ᠤᠨ ᠬᠦᠰᠡᠯ ᠡᠷᠡᠮᠡᠯᠵᠡᠯ ᠮᠥᠨ᠂ ᠬᠥᠳᠡᠭᠡ ᠲᠣᠰᠬᠤᠨ᠎ᠤ ᠵᠠᠷᠢᠮ 〈ᠪᠤᠵᠠᠷ ᠰᠠᠮᠠᠭᠤᠨ ᠪᠠᠷᠤᠭᠲᠠᠢ〉 ᠳᠦᠷᠰᠦ ᠪᠠᠶ᠋ᠢᠳᠠᠯ᠎ᠢ ᠡᠷᠬᠡᠪᠰᠢ ᠲᠦᠷᠭᠡᠳᠭᠡᠨ ᠬᠤᠪᠢᠷᠠᠭᠤᠯᠬᠤ ᠬᠡᠷᠡᠭᠲᠡᠢ》᠃ 《ᠵᠣᠷᠯᠣᠩ᠎ᠤᠨ ᠠᠰᠠᠭᠤᠳᠠᠯ ᠪᠣᠯ ᠪᠠᠭ᠎ᠠ ᠶᠠᠪᠤᠳᠠᠯ ᠪᠢᠰᠢ᠂ ᠲᠠᠷᠢᠶᠠᠴᠢᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠲᠠᠢ ᠰᠢᠭᠤᠳ ᠬᠤᠯᠪᠣᠭᠳᠠᠳᠠᠭ᠂ ᠲᠡᠭᠦᠨ᠎ᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠨᠢᠭᠡ ᠪᠣᠳᠠᠲᠠᠶ ᠠᠵᠢᠯ ᠪᠣᠯᠭ᠋ᠠᠨ ᠠᠬᠢᠭᠤᠯᠵᠤ᠂ ᠲᠠᠰᠤᠷᠠᠯᠲᠠ ᠥᠬᠡᠶ ᠦᠷ᠎ᠡ ᠪᠦᠲᠦᠮᠵᠢ ᠭᠠᠷᠭ᠋ᠠᠬᠤ ᠬᠡᠷᠡᠭᠲᠡᠶ》 ᠭᠡᠵᠦ ᠴᠢᠬᠤᠯᠠᠴᠢᠯᠠᠪᠠ᠃
《〈ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ〉 ᠭᠡᠬᠦ ᠣᠶ᠋ᠢᠯᠠᠭ᠋ᠠᠭᠳᠠᠬᠤᠨ᠎ᠨᠢ ᠨᠢᠭᠡᠨᠲᠡ ᠪᠦᠬᠦ ᠨᠠᠮ ᠪᠦᠬᠦ ᠨᠡᠶ᠋ᠢᠭᠡᠮ᠎ᠤᠨ ᠬᠠᠮᠲᠤ ᠵᠢᠨ ᠲᠠᠨᠢᠯᠲᠠ ᠪᠠ ᠠᠵᠢᠯᠯᠠᠭ᠎ᠠ ᠪᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠤ ᠴᠢᠬᠤᠯᠠ ᠪᠦᠷᠢᠯᠳᠦᠬᠦᠨ ᠬᠡᠰᠡᠭ ᠪᠣᠯᠵᠠᠢ᠃ ᠠᠵᠤ ᠠᠬᠤᠢ ᠵᠢ ᠬᠥᠭᠵᠢᠭᠦᠯᠬᠦ᠎ᠳᠤ ᠠᠮᠢ ᠠᠬᠤᠢ ᠵᠢ ᠡᠪᠳᠡᠬᠦ᠎ᠪᠠᠷ ᠦᠷᠡᠭᠳᠡᠯ ᠪᠣᠯᠭ᠋ᠠᠵᠤ ᠪᠣᠯᠬᠤ ᠦᠭᠡᠢ᠂ ᠠᠮᠢ ᠠᠬᠤᠢ ᠵᠢᠨ ᠲᠤᠰ ᠪᠡᠶ᠎ᠡ᠎ᠨᠢ ᠳᠠᠷᠤᠢ ᠠᠵᠤ ᠠᠬᠤᠢ ᠮᠥᠨ᠂ ᠠᠮᠢ ᠠᠬᠤᠢ ᠵᠢ ᠬᠠᠮᠠᠭ᠋ᠠᠯᠠᠬᠤ ᠪᠣᠯ ᠳᠠᠷᠤᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠶᠠᠪᠤᠳᠠᠯ ᠮᠥᠨ ᠭᠡᠳᠡᠭ᠎ᠢ ᠦᠢ᠍ᠯᠡᠳᠦᠯᠭᠡ ᠭᠡᠷᠡᠴᠢᠯᠡᠭᠰᠡᠨ ᠪᠠᠶ᠋ᠢᠨ᠎ᠠ》᠃ 2020 ᠣᠨ᠎ᠤ 3 ᠰᠠᠷ᠎ᠠ ᠵᠢᠨ 30᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠵᠧᠵᠢᠶᠠᠩ᠎ᠤᠨ ᠬᠤᠵᠸᠦ ᠬᠤᠳᠠ ᠵᠢᠨ ᠠᠨ ᠵᠢᠢ ᠰᠢᠶᠠᠨ᠎ᠤ ᠲᠢᠶᠠᠨ ᠬᠤᠸᠠᠩ ᠫᠢᠩ ᠪᠠᠯᠭ᠋ᠠᠰᠤ ᠵᠢᠨ ᠢᠦᠢ ᠼᠦᠨ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ 《ᠨᠤᠲᠤᠭ᠎ᠤᠨ ᠠᠬ᠎ᠠ ᠳᠡᠭᠦᠦ ᠨᠡᠷ ᠦᠷᠭᠦᠯᠵᠢᠯᠡᠬᠦ ᠬᠥᠭᠵᠢᠯᠲᠡ ᠵᠢᠨ ᠵᠠᠮ ᠵᠶ᠋ᠠᠷ ᠡᠷᠡᠰ ᠵᠠᠮᠨᠠᠵᠤ᠂ ᠠᠮᠢ ᠠᠬᠤᠢ ᠵᠢ ᠰᠠᠶ᠋ᠢᠲᠤᠷ ᠬᠠᠮᠠᠭ᠋ᠠᠯᠠᠭᠰᠠᠨ ᠤᠷᠢᠲᠠᠯ ᠳᠣᠣᠷ᠎ᠠ᠂ ᠤᠯᠠᠨ ᠲᠦᠷᠦᠯ᠎ᠤᠨ ᠡᠵᠡᠩᠨᠡᠯᠲᠡ ᠵᠢ ᠢᠳᠡᠪᠬᠢᠲᠡᠢ ᠬᠥᠭᠵᠢᠭᠦᠯᠵᠦ᠂ ᠠᠮᠢ ᠠᠬᠤᠢ ᠵᠢᠨ ᠦᠷ᠎ᠡ ᠠᠰᠢᠭ᠎ᠢ ᠨᠡᠩ ᠰᠠᠶ᠋ᠢᠳᠤᠷ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ ᠪᠣᠯᠭ᠋ᠠᠨ ᠬᠤᠪᠢᠷᠠᠭᠤᠯᠬᠤ ᠵᠢ ᠬᠦᠰᠡᠵᠦ ᠪᠠᠶ᠋ᠢᠨ᠎ᠠ》 ᠭᠡᠵᠦ ᠵᠢᠭ᠋ᠠᠵᠤ ᠭᠠᠷᠭ᠋ᠠᠪᠠ᠃
ᠡᠨᠡ ᠵᠢᠯ᠎ᠤᠨ 4 ᠰᠠᠷ᠎ᠠ ᠵᠢᠨ 30᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠠᠬᠢᠭᠤᠯᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ ᠪᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠠᠶᠤᠯ ᠲᠦᠭᠰᠢᠭᠦᠷᠢ ᠵᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠡᠷᠡᠭᠲᠡᠢ》᠃ 《ᠪᠣᠬᠢᠷᠲᠤᠯ᠎ᠤᠨ ᠵᠠᠰᠠᠯᠲᠠ ᠵᠢ ᠰᠢᠶᠠᠩ ᠪᠠᠯᠭ᠋ᠠᠰᠤ᠂ ᠬᠥᠳᠡᠭᠡ ᠲᠣᠰᠬᠤᠨ ᠲᠡᠶ᠋ᠢᠰᠢ ᠤᠷᠲᠤᠳᠬᠠᠬᠤ ᠵᠢ ᠠᠬᠢᠭᠤᠯᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠤᠨ ᠵᠠᠰᠠᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ᠎ᠢ ᠢᠯᠡᠳᠲᠡ ᠰᠠᠶ᠋ᠢᠵᠢᠷᠠᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ
ᠬᠥᠳᠡᠭᠡ ᠲᠣᠰᠬᠤᠨ᠎ᠤ ᠶᠠᠪᠤᠳᠠᠯ᠎ᠢ ᠰᠠᠶ᠋ᠢᠲᠤᠷ ᠬᠢᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ ᠵᠢᠨ ᠵᠠᠩᠭᠢᠯᠠᠭ᠎ᠠ᠎ᠨᠢ ᠨᠠᠮ᠎ᠳᠤ ᠪᠠᠶ᠋ᠢᠨ᠎ᠠ᠃
ᠶᠡᠷᠦᠩᠬᠡᠢ ᠱᠦᠵᠢ ᠰᠢ ᠵᠢᠨ ᠫᠢᠩ᠄ 《ᠡᠷᠬᠡᠪᠰᠢ ᠨᠠᠮ᠎ᠤᠨ ᠴᠢᠭᠯᠡᠯ᠎ᠢ ᠡᠵᠡᠮᠳᠡᠬᠦ᠂ ᠶᠡᠭᠡ ᠲᠠᠯ᠎ᠠ ᠵᠢ ᠲᠥᠯᠥᠪᠵᠢᠭᠦᠯᠬᠦ᠂ ᠲᠦᠷᠦ ᠵᠢᠨ ᠪᠤᠳᠤᠯᠭ᠎ᠠ ᠲᠣᠭᠲᠠᠭ᠋ᠠᠬᠤ᠂ ᠥᠭᠡᠷᠡᠴᠢᠯᠡᠯᠲᠡ ᠵᠢ ᠠᠬᠢᠭᠤᠯᠬᠤ ᠴᠢᠳᠠᠪᠤᠷᠢ ᠪᠣᠯᠤᠨ ᠲᠣᠭᠲᠠᠯ ᠬᠦᠴᠦᠨ᠎ᠢ ᠳᠡᠭᠡᠭᠰᠢᠯᠡᠭᠦᠯᠵᠦ᠂ ᠨᠠᠮ᠎ᠤᠨ ᠢᠮᠠᠭᠲᠠ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠵᠢ ᠪᠠᠲᠤᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠬᠥᠳᠡᠭᠡ ᠲᠣᠰᠬᠤᠨ᠎ᠤ ᠠᠵᠢᠯ᠎ᠢ ᠪᠦᠬᠦ ᠲᠠᠯ᠎ᠠ᠎ᠪᠠᠷ ᠤᠳᠤᠷᠢᠳᠬᠤ ᠴᠢᠳᠠᠪᠤᠷᠢ ᠪᠣᠯᠤᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ》 ᠬᠡᠵᠤ ᠵᠢᠭ᠋ᠠᠵᠤ ᠭᠠᠷᠭ᠋ᠠᠵᠠᠢ᠃
2012 ᠣᠨ᠎ᠤ 12 ᠰᠠᠷ᠎ᠠ ᠵᠢᠨ ᠡᠴᠦᠰ ᠵᠶ᠋ᠠᠷ᠂ ᠶᠡᠷᠦᠩᠬᠡᠢ ᠱᠦᠵᠢ ᠰᠢ ᠵᠢᠨ ᠫᠢᠩ ᠾᠧᠪᠸᠢ ᠵᠢᠨ ᠹᠦᠫᠢᠩ ᠰᠢᠶᠠᠨ᠎ᠳᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠢ ᠰᠢᠨᠵᠢᠯᠡᠨ ᠪᠠᠶ᠋ᠢᠴᠠᠭ᠋ᠠᠬᠤ᠎ᠳᠠᠭᠠᠨ᠄ 《ᠲᠥᠪ ᠠᠴᠠ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠂ ᠡᠳᠡᠭᠡᠷ ᠵᠢᠯ᠎ᠤᠳ᠎ᠲᠤ ᠵᠢᠯ ᠪᠦᠷᠢ ᠵᠢᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠨᠢ ᠴᠥᠮ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠲᠤᠬᠠᠢ ᠶᠤᠮ᠂ ᠤᠳᠤ ᠲᠥᠪ᠎ᠠᠴᠠ ᠲᠠᠷᠢᠶᠠᠯᠠᠩ᠎ᠢ ᠬᠦᠴᠦᠷᠬᠡᠭᠵᠢᠭᠦᠯᠵᠦ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠠᠯᠢ ᠤᠯᠠᠨ ᠲᠦᠷᠦ ᠵᠢᠨ ᠪᠤᠳᠤᠯᠭ᠎ᠠ ᠪᠠ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠲᠦᠷᠦ ᠵᠢᠨ ᠪᠤᠳᠤᠯᠭ᠎ᠠ᠎ᠲᠠᠢ ᠪᠣᠯᠵᠠᠢ᠂ ᠡᠳᠡᠭᠡᠷ ᠲᠦᠷᠦ ᠵᠢᠨ ᠪᠤᠳᠤᠯᠭ᠎ᠠ ᠵᠢ ᠥᠴᠦᠬᠡᠨ ᠴᠦ᠍ ᠣᠰᠣᠯᠳᠠᠬᠤ ᠦᠭᠡᠢ ᠦᠴᠦᠬᠡᠨ ᠴᠤ᠌ ᠬᠤᠪᠢᠷᠠᠭᠤᠯᠬᠤ ᠦᠭᠡᠢ᠎ᠪᠠᠷ ᠦᠨᠳᠦᠰᠦᠨ ᠱᠠᠲᠤᠨ᠎ᠳᠤ ᠨᠠᠶ᠋ᠢᠳᠠᠪᠤᠷᠢᠵᠢᠭᠤᠯᠵᠤ᠂ ᠲᠦᠷᠦ ᠵᠢᠨ ᠪᠤᠳᠤᠯᠭ᠎ᠠ ᠵᠢᠨ ᠰᠠᠶ᠋ᠢᠨ ᠲᠠᠯ᠎ᠠ ᠵᠢ ᠪᠦᠬᠦᠨ᠎ᠢ ᠦᠨᠳᠦᠰᠦᠨ ᠱᠠᠲᠤᠨ᠎ᠳᠤ ᠨᠠᠶ᠋ᠢᠳᠠᠪᠤᠷᠢᠵᠢᠭᠤᠯᠵᠤ᠂ ᠲᠠᠷᠢᠶᠠᠴᠢᠨ ᠨᠢᠭᠡᠪᠦᠷᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠨᠠᠮ ᠪᠣᠯᠤᠨ ᠵᠠᠰᠠᠭ᠎ᠤᠨ ᠣᠷᠳᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠲᠦᠷᠦ ᠵᠢᠨ ᠪᠤᠳᠤᠯᠭ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠵᠢ ᠳᠡᠮᠵᠢᠬᠦ ᠲᠦᠷᠦ ᠵᠢᠨ ᠪᠤᠳᠤᠯᠭ᠎ᠠ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠳᠡᠮᠵᠢᠬᠦ ᠲᠦᠷᠦ ᠵᠢᠨ ᠪᠤᠳᠤᠯᠭ᠎ᠠ ᠵᠢ ᠨᠤᠲᠤᠭ᠎ᠤᠨ ᠠᠬ᠎ᠠ ᠳᠡᠭᠦᠦ ᠨᠡᠷ᠎ᠲᠤ ᠲᠡᠷᠡ ᠬᠡᠪ ᠵᠶ᠋ᠠᠷ᠎ᠨᠢ ᠳᠠᠮᠵᠢᠭᠤᠯᠵᠤ᠂ ᠨᠤᠲᠤᠭ᠎ᠤᠨ ᠠᠬ᠎ᠠ ᠳᠡᠭᠦᠦ ᠨᠡᠷ᠎ᠲᠤ ᠨᠠᠮ ᠪᠣᠯᠤᠨ ᠵᠠᠰᠠᠭ᠎ᠤᠨ ᠣᠷᠳᠣᠨ᠎ᠤ ᠲᠦᠷᠦ ᠵᠢᠨ ᠪᠤᠳᠤᠯᠭ᠎ᠠ ᠵᠢ ᠤ᠊ ᠵᠢᠯᠠᠭ᠋ᠠᠭᠤᠯᠵᠤ᠂ ᠲᠦᠷᠦ ᠵᠢᠨ ᠪᠤᠳᠤᠯᠭ᠎ᠠ ᠵᠢᠨ ᠠᠰᠢᠭ᠎ᠢ ᠦᠨᠡᠨ ᠬᠦ᠌ ᠬᠦᠷᠲᠡᠭᠡᠵᠦ᠂ ᠲᠦᠷᠦ ᠵᠢᠨ ᠪᠤᠳᠤᠯᠭ᠎ᠠ ᠵᠢ ᠬᠠᠮᠲᠤ᠎ᠪᠠᠷ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
2013 ᠣᠨ᠎ᠤ 12 ᠰᠠᠷ᠎ᠠ ᠵᠢᠨ 23᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠄ 《ᠰᠠᠭᠤᠷᠢᠨ᠎ᠢ ᠪᠠᠲᠤ ᠪᠢᠰᠢ ᠪᠣᠯ ᠭᠠᠵᠠᠷ ᠬᠦᠳᠡᠯᠵᠦ ᠠᠭᠤᠯᠠ ᠨᠤᠷᠠᠨ᠎ᠠ᠃ ᠬᠥᠳᠡᠭᠡ ᠲᠣᠰᠬᠤᠨ᠎ᠤ ᠠᠵᠢᠯ ᠮᠢᠩᠭ᠎ᠠ ᠲᠦᠮᠡᠨ ᠵᠦᠢ᠍ᠯ ᠪᠠᠶ᠋ᠢᠵᠤ᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠤᠬ᠍ᠴᠠᠯᠠᠯᠳᠠ ᠵᠢ ᠰᠠᠶ᠋ᠢᠲᠤᠷ ᠠᠳᠬᠤᠬᠤ ᠪᠣᠯ ᠵᠠᠩᠭᠢᠯᠠᠭ᠎ᠠ ᠪᠣᠯᠤᠨ᠎ᠠ᠃ ᠬᠥᠳᠡᠭᠡ ᠲᠣᠰᠬᠤᠨ᠎ᠤ ᠨᠡᠶ᠋ᠢᠭᠡᠮ᠎ᠤᠨ ᠪᠦᠲᠦᠴᠡ ᠬᠡᠷᠬᠢᠨ ᠬᠤᠪᠢᠷᠠᠬᠰᠠᠨ ᠴᠤ᠌᠂ ᠡᠯ᠎ᠡ ᠲᠦᠷᠦᠯ᠎ᠤᠨ ᠠᠵᠤ ᠠᠬᠤᠢ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠬᠡᠷᠬᠢᠨ ᠦᠰᠦᠨ ᠪᠤᠶ᠋ᠢᠵᠢᠭᠰᠠᠨ ᠴᠤ᠌᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠶ᠋ᠢᠷᠢ ᠰᠠᠭᠤᠷᠢ ᠵᠢ ᠭᠤᠶ᠋ᠢᠪᠢᠯᠵᠠᠭᠤᠯᠵᠤ ᠪᠣᠯᠬᠤ ᠦᠭᠡᠢ᠂ ᠲᠠᠶ᠋ᠢᠴᠢᠨ ᠪᠠᠬᠢᠯᠡᠯᠲᠡ ᠵᠢᠨ ᠦᠢ᠍ᠯᠡᠳᠦᠯ᠎ᠢ ᠰᠤᠯᠠᠷᠠᠭᠤᠯᠵᠤ ᠪᠣᠯᠬᠤ ᠦᠭᠡᠢ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠨᠠᠮ᠎ᠠᠴᠠ ᠬᠥᠳᠡᠭᠡ ᠲᠣᠰᠬᠤᠨ᠎ᠤ ᠠᠵᠢᠯ᠎ᠢ ᠬᠠᠮᠢᠶᠠᠷᠬᠤ ᠪᠣᠯ ᠮᠠᠨ᠎ᠤ ᠤᠯᠠᠮᠵᠢᠯᠠᠯ ᠮᠥᠨ᠃ ᠡᠨᠡ ᠤᠯᠠᠮᠵᠢᠯᠠᠯ ᠵᠶ᠋ᠠᠨ ᠬᠠᠶᠠᠵᠤ ᠪᠣᠯᠬᠤ ᠦᠭᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠲᠤᠬᠠᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠴᠥᠮ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠴᠢᠬᠤᠯᠠᠴᠢᠯᠠᠨ᠂ ᠬᠥᠳᠡᠭᠡ ᠲᠣᠰᠬᠤᠨ ᠵᠶ᠋ᠠᠷ ᠢᠯᠡᠭᠦᠬᠡᠨ ᠶᠠᠪᠤᠵᠤ᠂ ᠲᠠᠷᠢᠶᠠᠴᠢᠳ᠎ᠤᠨ ᠭᠡᠷ᠎ᠲᠤ ᠢᠯᠡᠭᠦᠬᠡᠨ ᠣᠴᠢᠵᠤ ᠦᠵᠡᠨ᠂ ᠲᠠᠷᠢᠶᠠᠴᠢᠳ᠎ᠤᠨ ᠬᠦᠰᠡᠯ ᠱᠠᠭ᠋ᠠᠷᠳᠠᠯᠭ᠎ᠠ ᠪᠠ ᠬᠦᠰᠡᠯ ᠡᠷᠡᠮᠡᠯᠵᠡᠯ᠎ᠢ ᠦᠨᠡᠨ ᠬᠦ᠌ ᠣᠶ᠋ᠢᠯᠠᠭ᠋ᠠᠵᠤ᠂ ᠲᠠᠷᠢᠶᠠᠴᠢᠳ᠎ᠢ ᠦᠨᠡᠨ ᠰᠡᠳᠬᠢᠯ᠎ᠠᠴᠠ᠎ᠪᠠᠨ ᠬᠠᠪᠰᠤᠷᠤᠨ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠᠬᠢ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠬᠥᠳᠡᠭᠡ ᠲᠣᠰᠬᠤᠨ᠎ᠤ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠵᠠᠷᠢᠮ ᠭᠠᠵᠠᠷ᠎ᠤᠨ᠎ᠬᠢᠨ ᠪᠠᠶ᠋ᠢᠭᠤᠯᠭ᠎ᠠ ᠵᠢᠨ ᠰᠢᠯᠢᠳᠡᠭ ᠺᠠᠳ᠋ᠷ᠎ᠢ ᠲᠣᠰᠬᠤᠨ᠎ᠳᠤ ᠰᠣᠩᠭᠤᠨ ᠲᠣᠮᠢᠯᠠᠵᠤ ᠲᠤᠰᠢᠶᠠᠯ ᠡᠭᠦᠷᠭᠡᠯᠡᠭᠦᠯᠬᠦ᠂ ᠲᠦᠷ ᠴᠠᠭ ᠲᠤᠰᠢᠶᠠᠯ ᠡᠭᠦᠷᠭᠡᠯᠡᠭᠦᠯᠬᠦ᠎ᠨᠢ ᠦᠨᠳᠦᠰᠦᠨ ᠱᠠᠲᠤᠨ᠎ᠤ ᠦᠨᠡᠨ ᠪᠠᠶ᠋ᠢᠳᠠᠯ᠎ᠢ ᠣᠶ᠋ᠢᠯᠠᠭ᠋ᠠᠬᠤ᠂ ᠦᠨᠳᠦᠰᠦᠨ ᠱᠠᠲᠤᠨ᠎ᠤ ᠠᠵᠢᠯ᠎ᠤᠨ ᠰᠠᠭᠤᠷᠢ ᠵᠢ ᠪᠠᠬᠢᠵᠢᠭᠦᠯᠬᠦ᠂ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠠᠷᠭ᠎ᠠ ᠪᠠᠷᠢᠯ᠎ᠳᠤ ᠠᠰᠢᠭᠲᠠᠢ ᠪᠠᠶ᠋ᠢᠵᠤ᠂ ᠨᠢᠭᠡ ᠯᠡ ᠳᠡᠭᠡᠷ᠎ᠡ ᠤᠯᠠᠨ ᠶᠠᠪᠤᠳᠠᠯ᠎ᠢ ᠪᠦᠲᠦᠭᠡᠬᠦ ᠪᠣᠯᠤᠨ᠎ᠠ》 ᠭᠡᠵᠦ ᠴᠢᠬᠤᠯᠠᠴᠢᠯᠠᠪᠠ᠃
《〈ᠭᠠᠴᠠᠭ᠎ᠠ ᠲᠣᠰᠬᠤᠨ᠎ᠨᠢ ᠬᠤᠭᠤᠷᠤᠨᠳᠤ᠎ᠪᠠᠨ ᠦᠵᠡᠵᠦ᠂ ᠡᠷᠦᠬᠡ᠎ᠨᠢ ᠡᠷᠦᠬᠡ᠎ᠪᠠᠨ ᠦᠵᠡᠵᠦ᠂ ᠲᠠᠷᠢᠶᠠᠴᠢᠨ᠎ᠨᠢ ᠨᠠᠮ᠎ᠤᠨ ᠡᠭᠦᠷ ᠵᠶ᠋ᠠᠷ ᠦᠵᠡᠨ᠎ᠡ〉᠂ 〈ᠵᠣᠭᠤᠰ ᠮᠥᠩᠭᠦ ᠡᠳ᠋ ᠪᠣᠳᠠᠰ ᠥᠭᠴᠦ᠂ ᠪᠠᠰᠠ ᠰᠠᠶ᠋ᠢᠨ ᠨᠠᠮ᠎ᠤᠨ ᠡᠭᠦᠷ ᠪᠠᠶ᠋ᠢᠭᠤᠯᠬᠤ ᠬᠡᠷᠡᠭᠲᠡᠶ〉 ᠭᠡᠵᠦ ᠪᠢᠳᠡ ᠦᠷᠭᠦᠯᠵᠢ ᠶᠠᠷᠢᠳᠠᠭ᠃ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠤᠬ᠍ᠴᠠᠯᠠᠯᠳᠠ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠨᠠᠮ᠎ᠤᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠂ ᠲᠠᠷᠢᠶᠠᠴᠢᠳ᠎ᠢ ᠳᠠᠭ᠋ᠠᠭᠤᠯᠤᠨ ᠪᠠᠶᠠᠵᠢᠭᠤᠯᠬᠤ᠂ ᠤᠯᠠᠨ ᠲᠦᠮᠡᠨ᠎ᠲᠠᠢ ᠨᠢᠭᠲᠠ ᠬᠠᠷᠢᠯᠴᠠᠬᠤ᠂ ᠬᠥᠳᠡᠭᠡ ᠲᠣᠰᠬᠤᠨ᠎ᠤ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠭ᠋ᠠᠨ ᠪᠠᠶ᠋ᠢᠭᠤᠯᠬᠤ ᠬᠡᠷᠡᠭᠲᠡᠢ》᠃ 2016 ᠣᠨ᠎ᠤ 4 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠬᠥᠳᠡᠭᠡ ᠲᠣᠰᠬᠤᠨ᠎ᠤ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠵᠢᠭ᠋ᠠᠵᠤ ᠭᠠᠷᠭ᠋ᠠᠵᠠᠢ᠃
《ᠲᠡᠪᠡᠯ᠎ᠳᠤ ᠵᠠᠬ᠎ᠠ᠎ᠲᠠᠢ᠂ ᠬᠦᠮᠦᠨ᠎ᠳᠤ ᠠᠬ᠎ᠠ᠎ᠲᠠᠢ᠃ ᠬᠥᠳᠡᠭᠡ ᠲᠣᠰᠬᠤᠨ᠎ᠤ ᠠᠵᠢᠯ᠎ᠢ ᠰᠠᠶ᠋ᠢᠲᠤᠷ ᠬᠢᠬᠦ᠎ᠳᠤ ᠰᠠᠶ᠋ᠢᠨ ᠲᠠᠭ᠋ᠠᠭᠤᠯᠤᠬ᠍ᠴᠢ᠎ᠳᠤ ᠲᠦᠰᠢᠭᠯᠡᠨ᠎ᠡ᠂ ᠨᠢᠭᠡᠨ ᠰᠠᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠦᠰᠢᠭᠯᠡᠨ᠎ᠡ》᠃ 2017 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ᠂ 《ᠬᠥᠳᠡᠭᠡ ᠲᠣᠰᠬᠤᠨ᠎ᠤ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠦᠷᠢᠨᠰᠢᠬᠦᠯᠬᠦ ᠡᠨᠡ ᠬᠦ᠌ ᠵᠠᠩᠭᠢᠯᠠᠭ᠎ᠠ ᠵᠢ ᠠᠳᠬᠤᠵᠤ᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠵᠣᠷᠢᠯᠲᠠ ᠵᠢ ᠤᠬᠠᠭᠤᠯᠬᠤ᠂ ᠨᠠᠮ᠎ᠤᠨ ᠲᠣᠭᠲᠠᠭ᠋ᠠᠯ᠎ᠢ ᠲᠤᠭᠤᠰᠢᠯᠠᠭᠤᠯᠬᠤ᠂ ᠦᠨᠳᠦᠰᠦᠨ ᠱᠠᠲᠤᠨ᠎ᠤ ᠵᠠᠰᠠᠯᠲᠠ ᠵᠢ ᠤᠳᠤᠷᠢᠳᠬᠤ᠂ ᠤᠯᠠᠨ ᠲᠦᠮᠡᠨ᠎ᠢ ᠪᠦᠯᠬᠦᠮᠳᠡᠭᠦᠯᠦᠨ ᠳᠠᠶ᠋ᠢᠴᠢᠯᠠᠬᠤ᠂ ᠥᠭᠡᠷᠡᠴᠢᠯᠡᠯᠲᠡ ᠪᠠ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ ᠵᠢᠨ ᠲᠠᠶ᠋ᠢᠴᠢᠨ ᠪᠠᠬᠢᠯᠡᠯᠲᠡ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠭ᠋ᠠᠭᠤᠯᠤᠭᠴᠢ ᠵᠢᠨ ᠡᠩᠨᠡᠭᠡ ᠪᠣᠯᠤᠨ ᠨᠠᠮ᠎ᠤᠨ ᠭᠡᠰᠢᠭᠦᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠴᠡᠭᠴᠡᠯᠡᠵᠦ᠂ ᠰᠤᠯᠠᠷᠠᠵᠤ ᠪᠠᠶ᠋ᠢᠭ᠎ᠠ᠂ ᠲᠤᠷᠤᠢ ᠪᠠᠭᠤᠷᠠᠢ ᠪᠤᠯᠵᠤ ᠪᠠᠶ᠋ᠢᠭ᠎ᠠ᠂ ᠵᠠᠬ᠎ᠠ ᠬᠦᠪᠡᠭᠡᠳᠡᠵᠤ ᠪᠠᠶ᠋ᠢᠭ᠎ᠠ ᠠᠰᠠᠭᠤᠳᠠᠯ᠎ᠢ ᠰᠢᠢᠳᠪᠦᠷᠢᠯᠡᠵᠦ᠂ ᠬᠢᠷᠢ ᠲᠡᠩᠴᠡᠬᠦ ᠦᠭᠡᠶ ᠨᠠᠮ᠎ᠤᠨ ᠭᠡᠰᠢᠭᠦᠨ᠎ᠢ ᠰᠢᠢᠳᠪᠦᠷᠢᠯᠡᠬᠦ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠥᠷᠨᠢᠭᠦᠯᠵᠦ᠂ ᠬᠥᠳᠡᠭᠡ ᠲᠣᠰᠬᠤᠨ᠎ᠤ ᠨᠠᠮ᠎ᠤᠨ ᠭᠡᠰᠢᠭᠦᠨ᠎ᠢ ᠬᠥᠲᠥᠯᠥᠨ ᠵᠢᠯᠣᠭᠤᠳᠴᠤ ᠬᠤᠰᠢᠭᠤᠴᠢ ᠵᠢᠱ᠌ᠢᠶᠡᠴᠢ ᠦᠢ᠍ᠯᠡᠳᠦᠯ᠎ᠢ᠎ᠨᠢ ᠪᠠᠳᠠᠷᠠᠭᠤᠯᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ᠃
ᠶᠡᠷᠦᠩᠬᠡᠢ ᠱᠦᠵᠢ ᠰᠢ ᠵᠢᠨ ᠫᠢᠩ᠄ 《ᠨᠠᠮ᠎ᠤᠨ ᠬᠤᠷᠢᠶ᠎ᠠ ᠪᠦᠬᠦ ᠲᠠᠯ᠎ᠠ᠎ᠪᠠᠷ ᠨᠢᠭᠡᠳᠦᠯᠲᠡᠢ ᠤᠳᠤᠷᠢᠳᠬᠤ᠂ ᠵᠠᠰᠠᠭ᠎ᠤᠨ ᠣᠷᠳᠣᠨ ᠬᠠᠷᠢᠭᠤᠴᠠᠬᠤ᠂ ᠨᠠᠮ᠎ᠤᠨ ᠬᠤᠷᠢᠶᠠᠨ᠎ᠤ ᠬᠥᠳᠡᠭᠡ ᠲᠣᠰᠬᠤᠨ᠎ᠤ ᠠᠵᠢᠯ᠎ᠤᠨ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠬᠥᠳᠡᠭᠡ ᠲᠣᠰᠬᠤᠨ᠎ᠤ ᠠᠵᠢᠯ᠎ᠢ ᠤᠳᠤᠷᠢᠳᠬᠤ ᠪᠠᠶ᠋ᠢᠭᠤᠯᠤᠮᠵᠢ ᠵᠢ ᠪᠦᠷᠢᠨᠰᠢᠬᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠭᠤᠣᠯ ᠤᠳᠤᠷᠢᠳᠤᠯᠭ᠎ᠠ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ ᠵᠣᠶ᠋ᠢᠯᠠᠭ᠋ᠠᠵᠤ᠂ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠢ ᠠᠳᠬᠤᠵᠤ᠂ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠤᠨ ᠮᠡᠷᠭᠡᠵᠢᠯᠲᠡᠨ ᠪᠣᠯᠬᠤ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠵᠤ᠂ ᠲᠥᠪ᠎ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ᠂ ᠬᠤᠲᠠ ᠰᠢᠶᠠᠨ᠎ᠠᠴᠠ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠲᠣᠭᠲᠠᠴᠠ ᠵᠢ ᠬᠡᠷᠡᠭᠵᠢᠭᠦᠯᠬᠦ ᠬᠡᠷᠡᠭᠲᠡᠢ᠃ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠨᠢᠭᠡᠳᠦᠭᠡᠷ ᠭᠠᠷ ᠪᠣᠯ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠲᠠᠪᠤᠨ ᠱᠠᠲᠤᠨ᠎ᠤ ᠱᠦᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠨ᠎ᠠ》 ᠭᠡᠵᠦ ᠴᠢᠬᠤᠯᠠᠴᠢᠯᠠᠪᠠ᠃
ᠶᠡᠷᠦᠩᠬᠡᠢ ᠱᠦᠵᠢ ᠰᠢ ᠵᠢᠨ ᠫᠢᠩ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠣᠯ ᠤᠷᠢᠶ᠎ᠠ ᠪᠢᠰᠢ᠂ ᠬᠠᠷᠢᠨ 〈ᠪᠣᠳᠠᠲᠠᠢ〉 ᠪᠠᠶ᠋ᠢᠬᠤ ᠵᠢ ᠡᠷᠬᠢᠮᠯᠡᠨ᠎ᠡ᠂ ᠬᠥᠳᠡᠭᠡ ᠲᠣᠰᠬᠤᠨ᠎ᠤ ᠠᠵᠢᠯ᠎ᠤᠨ ᠺᠠᠳ᠋ᠷ ᠤᠯᠠᠨ ᠲᠦᠮᠡᠨ᠎ᠤ ᠳᠤᠮᠳᠠ ᠦᠨᠡᠨ ᠬᠦ᠌ ᠭᠦᠨᠵᠡᠭᠡᠶ᠋ᠢᠷᠡᠵᠦ᠂ ᠦᠨᠡᠨ ᠰᠡᠳᠬᠢᠯ᠎ᠠᠴᠠ᠎ᠪᠠᠨ ᠤᠯᠠᠨ ᠲᠦᠮᠡᠨ᠎ᠳᠤ ᠲᠦᠰᠢᠭᠯᠡᠵᠦ᠂ ᠴᠢᠩ ᠰᠡᠳᠬᠢᠯ᠎ᠠᠴᠠ᠎ᠪᠠᠨ ᠤᠯᠠᠨ ᠲᠦᠮᠡᠨ᠎ᠢ ᠬᠠᠶ᠋ᠢᠷᠠᠯᠠᠨ ᠬᠠᠯᠠᠮᠵᠢᠯᠠᠵᠤ᠂ ᠴᠢᠩ ᠦᠨᠡᠨᠴᠢ᠎ᠪᠠᠷ ᠤᠯᠠᠨ ᠲᠦᠮᠡᠨ᠎ᠳᠤ ᠦᠢ᠍ᠯᠡᠴᠢᠯᠡᠬᠦ ᠬᠡᠷᠡᠭᠲᠡᠢ᠃ ᠪᠠᠶ᠋ᠢᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠭᠡ᠎ᠪᠠᠷ ᠪᠠᠳᠠᠷᠠᠭᠤᠯᠵᠤ᠂ ᠦᠨᠡᠨ᠎ᠢ ᠪᠠᠷᠢᠮᠲᠠᠯᠠᠨ ᠪᠣᠳᠠᠲᠠᠶ ᠵᠢ ᠡᠷᠬᠢᠮᠯᠡᠬᠦ ᠵᠣᠷᠢᠭ ᠰᠠᠨᠠᠭ᠎ᠠ ᠵᠢ ᠰᠠᠨᠠᠭ᠋ᠠᠴᠢᠯᠠᠵᠤ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠦᠳᠳᠡᠷ ᠲᠦᠷᠬᠡᠨ ᠦᠷ᠎ᠠ ᠪᠦᠳᠦᠮᠵᠢ ᠭᠠᠷᠭ᠋ᠠᠵᠤ᠂ ᠤᠴᠢᠷ ᠶᠠᠪᠤᠳᠠᠯ ᠬᠢᠬᠦ᠎ᠳᠡᠭᠡᠨ ᠦᠨᠳᠦᠰᠦ ᠪᠠᠷᠢᠮᠳᠠ᠎ᠲᠠᠢ ᠪᠠᠶ᠋ᠢᠵᠤ᠂ ᠥᠩᠭᠡᠨ ᠲᠠᠯ᠎ᠠ᠎ᠳᠤ ᠬᠥᠪᠴᠦ᠂ ᠬᠡᠯᠪᠡᠷᠢ ᠵᠢᠨ ᠲᠡᠳᠦᠶ ᠬᠢᠵᠦ᠂ ᠠᠭᠤᠯᠠ ᠠᠯᠤᠰᠯᠠᠨ ᠦᠬᠡᠷ᠎ᠢ ᠴᠣᠬᠢᠬᠤ ᠵᠢ ᠡᠷᠡᠰ ᠴᠡᠬᠡᠷᠯᠡᠵᠤ᠂ ᠰᠤᠷᠲᠠᠯ᠎ᠤᠨ ᠳᠡᠭᠡᠭᠰᠢᠯᠡᠯᠲᠡ᠎ᠪᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ᠃
2018 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠵᠧᠵᠢᠶᠠᠩ᠎ᠤᠨ ᠨᠢᠩᠪᠦ᠋ᠸᠧ ᠵᠢᠨ ᠢᠦᠢ ᠶᠣᠣ ᠬᠤᠳᠠ ᠵᠢᠨ ᠯᠢᠶᠠᠩ ᠨᠦᠩ ᠪᠠᠯᠭ᠋ᠠᠰᠤ ᠵᠢᠨ ᠾᠧᠩ ᠺᠠᠨ ᠳᠧᠦ ᠲᠣᠰᠬᠤᠨ᠎ᠤ ᠪᠦᠬᠦ ᠨᠠᠮ᠎ᠤᠨ ᠭᠡᠰᠢᠭᠦᠨ᠎ᠳᠤ ᠬᠠᠷᠢᠭᠤ ᠵᠠᠬᠢᠳᠠᠯ ᠢᠯᠡᠭᠡᠵᠦ᠄ 《ᠬᠥᠳᠡᠭᠡ ᠲᠣᠰᠬᠤᠨ᠎ᠤ ᠶᠠᠪᠤᠳᠠᠯ᠎ᠢ ᠰᠠᠶ᠋ᠢᠲᠤᠷ ᠬᠢᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ᠎ᠳᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠡᠷᠬᠡᠪᠰᠢ ᠪᠠᠲᠤ ᠴᠢᠩᠭ᠎ᠠ ᠪᠠᠶ᠋ᠢᠵᠤ᠂ ᠨᠠᠮ᠎ᠤᠨ ᠭᠡᠰᠢᠭᠦᠨ᠎ᠤ ᠡᠩᠨᠡᠭᠡ ᠡᠷᠬᠡᠪᠰᠢ ᠪᠠᠲᠤ ᠴᠢᠩᠭ᠎ᠠ ᠪᠠᠶ᠋ᠢᠬᠤ ᠬᠡᠷᠡᠭᠲᠡᠢ᠃ ᠲᠠ᠎ᠨᠠᠷ᠎ᠤᠨ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠤᠪᠢᠰᠬᠠᠯ᠎ᠤᠨ ᠤᠳᠤᠮᠰᠢᠯ᠎ᠢ ᠰᠠᠶ᠋ᠢᠲᠤᠷ ᠵᠠᠯᠭ᠋ᠠᠮᠵᠢᠯᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠠᠬᠢᠯᠡᠯᠲᠡ ᠵᠢᠨ ᠦᠢᠯᠡᠳᠦᠯ ᠪᠣᠯᠤᠨ ᠨᠠᠮ᠎ᠤᠨ ᠭᠡᠰᠢᠭᠦᠨ᠎ᠤ ᠬᠤᠰᠢᠭᠤᠴᠢ ᠵᠢᠱ᠌ᠢᠶᠡᠴᠢ ᠦᠢᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠨᠤᠲᠤᠭ᠎ᠤᠨ ᠠᠬ᠎ᠠ ᠳᠡᠭᠦᠦ ᠨᠡᠷ᠎ᠲᠠᠢ ᠬᠠᠮᠲᠤ᠎ᠪᠠᠷ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠰᠢᠷᠭ᠋ᠠᠭᠤ ᠠᠵᠢᠯᠯᠠᠵᠤ ᠪᠣᠳᠠᠲᠠᠶ ᠠᠵᠢᠯᠯᠠᠵᠤ᠂ ᠲᠣᠰ ᠪᠡᠶ᠎ᠡ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠠᠶᠠᠨ ᠴᠢᠨᠡᠭᠡᠯᠢᠭ᠂ ᠪᠣᠯᠪᠠᠰᠤᠨ᠂ ᠣᠷᠣᠰᠢᠨ ᠰᠠᠭᠤᠬᠤ᠎ᠳᠤ ᠲᠠᠭ᠋ᠠᠯᠠᠮᠵᠢᠲᠠᠶ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠴᠢᠷᠮᠠᠶ᠋ᠢᠨ ᠪᠥᠲᠥᠭᠡᠨ ᠪᠠᠶ᠋ᠢᠭᠤᠯᠵᠤ᠂ ᠨᠤᠲᠤᠭ᠎ᠤᠨ ᠠᠬ᠎ᠠ ᠳᠡᠭᠦᠦ ᠨᠡᠷ᠎ᠤᠨ ᠠᠮᠢᠳᠤᠷᠠᠯ᠎ᠢ ᠶᠠᠪᠤᠬᠤ ᠲᠤᠲᠤᠮ ᠥᠭᠡᠳᠡᠯᠡᠭᠦᠯᠬᠦ ᠵᠢ ᠬᠦᠰᠡᠵᠦ ᠪᠠᠶ᠋ᠢᠨ᠎ᠠ》 ᠭᠡᠵᠦ ᠴᠢᠬᠤᠯᠠᠴᠢᠯᠠᠪᠠ᠃
2018 ᠣᠨ᠎ᠤ 3 ᠰᠠᠷ᠎ᠠ ᠵᠢᠨ 8᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠱᠠᠨᠳᠦ᠋ᠩ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠳᠠᠭᠠᠨ᠄ 《ᠬᠥᠳᠡᠭᠡ ᠲᠣᠰᠬᠤᠨ᠎ᠤ ᠵᠣᠬᠢᠶᠠᠨ ᠪᠠᠶ᠋ᠢᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠬᠥᠳᠡᠭᠡ ᠲᠣᠰᠬᠤᠨ᠎ᠤ ᠲᠦᠭ ᠲᠦᠮᠡᠨ ᠪᠠᠲᠤ ᠴᠢᠩᠭ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠵᠤ᠂ ᠬᠥᠳᠡᠭᠡ ᠲᠣᠰᠬᠤᠨ᠎ᠤ ᠲᠦᠭ ᠲᠦᠮᠡᠨ ᠰᠢᠯᠢᠳᠡᠭ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢ ᠬᠥᠮᠦᠵᠢᠭᠦᠯᠵᠦ᠂ ᠲᠣᠰᠬᠤᠨ᠎ᠤ ᠠᠷᠠᠳ᠎ᠤᠨ ᠥᠪᠡᠷᠲᠡᠭᠡᠨ ᠵᠠᠰᠠᠬᠤ ᠦᠢ᠍ᠯᠡᠳᠦᠯᠭᠡ ᠵᠢ ᠭᠦᠨᠵᠡᠭᠡᠶ᠋ᠢᠷᠡᠭᠦᠯᠵᠦ᠂ ᠲᠠᠷᠢᠶᠠᠴᠢᠳ᠎ᠤᠨ ᠬᠤᠷᠰᠢᠭᠰᠠᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢ ᠬᠥᠭᠵᠢᠭᠦᠯᠵᠦ᠂ ᠨᠠᠮ᠎ᠤᠨ ᠬᠤᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠬᠠᠷᠢᠭᠤᠴᠠᠬᠤ᠂ ᠨᠡᠶ᠋ᠢᠭᠡᠮ ᠵᠶ᠋ᠠᠷ ᠵᠶ᠋ᠠᠨ ᠬᠠᠮᠵᠢᠯᠴᠠᠬᠤ᠂ ᠤᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠬᠠᠤᠯᠢᠵᠢᠯ ᠵᠶ᠋ᠠᠷ ᠪᠠᠲᠤᠯᠠᠬᠤ ᠤᠳᠤ ᠦᠶ᠎ᠡ ᠵᠢᠨ ᠬᠥᠳᠡᠭᠡ ᠲᠣᠰᠬᠤᠨ᠎ᠤ ᠨᠡᠶ᠋ᠢᠭᠡᠮ᠎ᠤᠨ ᠵᠠᠰᠠᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠤᠨ ᠪᠦᠷᠢᠨᠰᠢᠬᠦᠯᠵᠤ᠂ ᠬᠥᠳᠡᠭᠡ ᠲᠣᠰᠬᠤᠨ᠎ᠤ ᠨᠡᠶ᠋ᠢᠭᠡᠮ᠎ᠤᠨ ᠠᠮᠢᠵᠢᠷᠠᠯ᠎ᠤᠨ ᠬᠦᠴᠦᠨ ᠵᠶ᠋ᠠᠷ ᠪᠢᠯᠬᠠᠨ᠂ ᠠᠮᠤᠷ ᠲᠣᠭᠲᠠᠭᠤᠨ ᠡᠮᠬᠢ ᠳᠢᠭᠯᠢᠮ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2018 ᠣᠨ᠎ᠤ 4 ᠰᠠᠷ᠎ᠠ ᠵᠢᠨ 24᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠬᠤᠪᠸᠢ ᠵᠢᠨ ᠢᠴᠠᠩ ᠬᠤᠳᠠ ᠵᠢᠨ ᠢᠯᠢᠩ ᠲᠣᠭᠤᠷᠢᠭ᠎ᠤᠨ᠎ᠲᠠᠢ ᠫᠢᠩ ᠰᠢ ᠪᠠᠯᠭ᠋ᠠᠰᠤᠨ᠎ᠤ ᠰᠢᠤᠢ ᠵᠢᠶᠠ ᠴᠥᠩ ᠲᠣᠰᠬᠤᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠨᠢ ᠵᠦᠭᠡᠷ ᠰᠠᠭᠤᠵᠤ ᠪᠡᠯᠡᠨ᠎ᠢ ᠢᠳᠡᠵᠦ᠂ ᠬᠦᠯᠢᠶᠡᠵᠦ ᠪᠠᠶ᠋ᠢᠪᠠᠯ ᠢᠷᠡᠴᠢᠬᠡᠬᠦ ᠪᠢᠰᠢ᠂ ᠬᠦᠷᠭᠡᠵᠦ ᠢᠷᠡᠬᠦ ᠴᠦ᠍ ᠪᠢᠰᠢ᠂ ᠬᠠᠷᠢᠨ ᠥᠷᠭᠡᠨ ᠤᠯᠠᠨ ᠲᠠᠷᠢᠶᠠᠴᠢᠳ᠎ᠤᠨ ᠲᠡᠮᠡᠴᠡᠯ᠎ᠳᠤ ᠲᠦᠰᠢᠭᠯᠡᠨ᠎ᠡ᠃ ᠲᠣᠰᠬᠤᠨ᠎ᠤ ᠨᠠᠮ᠎ᠤᠨ ᠡᠭᠦᠷ ᠲᠠᠷᠢᠶᠠᠴᠢᠳ᠎ᠢ ᠬᠠᠪᠰᠤᠷᠤᠨ ᠪᠠᠶᠠᠵᠢᠭᠤᠯᠬᠤ᠂ ᠬᠥᠳᠡᠭᠡ ᠲᠣᠰᠬᠤᠨ᠎ᠤ ᠲᠣᠭᠲᠠᠭᠤᠨ᠎ᠢ ᠬᠠᠮᠠᠭ᠋ᠠᠯᠠᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠠᠲᠤ ᠴᠢᠩᠭ᠎ᠠ ᠳᠠᠶ᠋ᠢᠴᠢᠨ ᠪᠠᠬᠢᠯᠡᠯᠲᠡ ᠪᠣᠯᠬᠤ ᠬᠡᠷᠡᠭᠲᠡᠶ》 ᠬᠡᠵᠤ ᠴᠢᠬᠤᠯᠠᠴᠢᠯᠠᠪᠠ᠃
2018 ᠣᠨ᠎ᠤ 9 ᠰᠠᠷ᠎ᠠ ᠵᠢᠨ 21᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠶ᠋ᠢᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠄ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠳᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠨᠠᠮ᠎ᠤᠨ ᠵᠣᠬᠢᠶᠠᠨ ᠪᠠᠶ᠋ᠢᠭᠤᠯᠤᠯᠲᠠ ᠡᠷᠬᠡᠪᠰᠢ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠪᠦᠬᠦ ᠨᠠᠮ᠎ᠤᠨ᠂ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠷᠬᠡᠭ ᠶᠡᠭᠡ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠤᠯᠤᠰ ᠲᠦᠷᠦ ᠵᠢᠨ ᠴᠢᠭᠯᠡᠯ᠎ᠢ ᠰᠠᠶ᠋ᠢᠲᠤᠷ ᠡᠵᠡᠮᠳᠡᠵᠦ᠂ ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠬᠠᠮᠲᠤ ᠵᠢᠨ ᠥᠮᠴᠢᠯᠡᠯ᠎ᠤᠨ ᠰᠢᠨᠵᠢ ᠴᠢᠨᠠᠷ᠎ᠢ ᠪᠠᠷᠢᠮᠲᠠᠯᠠᠵᠤ᠂ ᠰᠢᠨ᠎ᠡ ᠬᠡᠯᠪᠡᠷᠢ ᠵᠢᠨ ᠬᠠᠮᠲᠤ ᠵᠢᠨ ᠠᠵᠤ ᠠᠬᠤᠢ ᠵᠢ ᠬᠥᠭᠵᠢᠭᠦᠯᠵᠦ᠂ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ ᠬᠡᠷᠡᠭᠲᠡᠢ᠃ ᠬᠥᠳᠡᠭᠡ ᠲᠣᠰᠬᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠰᠠᠶ᠋ᠢᠲᠤᠷ ᠪᠠᠶ᠋ᠢᠭᠤᠯᠵᠤ᠂ ᠤᠳᠤᠷᠢᠳᠬᠤ ᠪᠠᠭ᠎ᠢ ᠬᠦᠴᠦᠷᠬᠡᠭᠵᠢᠭᠦᠯᠬᠦ ᠬᠡᠷᠡᠭᠲᠡᠢ᠃ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠰᠠᠭᠤᠷᠢ ᠪᠣᠯᠤᠨ᠎ᠠ᠂ ᠬᠥᠳᠡᠭᠡ ᠲᠣᠰᠬᠤᠨ᠎ᠤ ᠴᠢᠳᠠᠪᠤᠷᠢᠲᠠᠨ᠎ᠤ ᠠᠵᠢᠯ᠎ᠤᠨ ᠪᠠᠶ᠋ᠢᠭᠤᠯᠤᠮᠵᠢ ᠲᠣᠭᠲᠠᠴᠠ ᠵᠢ ᠰᠢᠨᠡᠴᠢᠯᠡᠵᠦ᠂ ᠬᠥᠳᠡᠭᠡ ᠲᠣᠰᠬᠤᠨ᠎ᠤ ᠤᠳᠤ ᠵᠢᠨ ᠪᠠᠶ᠋ᠢᠭ᠎ᠠ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠨᠡᠩ ᠤᠯᠠᠨ ᠬᠤᠳᠠ ᠵᠢᠨ ᠴᠢᠳᠠᠪᠤᠷᠢᠲᠠᠨ᠎ᠢ ᠬᠥᠳᠡᠭᠡ ᠲᠣᠰᠬᠤᠨ᠎ᠤ ᠰᠢᠨ᠎ᠡ ᠵᠢ ᠡᠭᠦᠳᠬᠦ ᠦᠢ᠍ᠯᠡᠰ ᠪᠤᠰᠬᠠᠬᠤ ᠲᠡᠶ᠋ᠢᠰᠢ ᠬᠦᠳᠦᠯᠦᠨ ᠳᠠᠭ᠋ᠠᠭᠤᠯᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃
2020 ᠣᠨ᠎ᠤ 12 ᠰᠠᠷ᠎ᠠ ᠵᠢᠨ 28᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠬᠥᠳᠡᠭᠡ ᠲᠣᠰᠬᠤᠨ᠎ᠤ ᠠᠵᠢᠯ ᠊ᠤᠨᠬᠤᠷᠠᠯ ᠳᠡᠭᠡᠷ᠎ᠡ᠄ 《ᠨᠠᠮ᠎ᠤᠨ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠴᠢᠭᠯᠡᠯᠲᠡ ᠵᠢ ᠨᠠᠶ᠋ᠢᠳᠠᠪᠤᠷᠢᠵᠢᠭᠤᠯᠵᠤ᠂ ᠨᠡᠩ ᠶᠡᠭᠡ ᠡᠷᠴᠢᠮ ᠵᠶ᠋ᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ᠃ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠭᠤᠤᠯ ᠣᠶᠤᠨ ᠴᠢᠳᠠᠯ ᠵᠶ᠋ᠠᠨ 〈ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ〉᠎ᠤ ᠠᠵᠢᠯ ᠳᠡᠭᠡᠷ᠎ᠡ ᠲᠠᠯᠪᠢᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ 〈ᠡᠮᠦᠨ᠎ᠡ ᠹᠷᠣᠨᠲ᠎ᠤᠨ ᠶᠡᠷᠦᠩᠬᠡᠶ ᠵᠢᠯᠣᠭᠤᠳᠣᠭᠴᠢ〉 ᠪᠣᠯᠬᠤ ᠬᠡᠷᠡᠭᠲᠡᠶ᠃ ᠰᠢᠶᠠᠩ ᠪᠠᠯᠭ᠋ᠠᠰᠤᠨ᠎ᠤ ᠤᠳᠤᠷᠢᠳᠬᠤ ᠪᠠᠭ᠂ ᠲᠣᠰᠬᠤᠨ᠎ᠤ 〈ᠬᠤᠶᠠᠷ ᠵᠥᠪᠯᠡᠯ〉᠎ᠤᠨ ᠪᠦᠷᠢᠯᠳᠦᠬᠦᠨ ᠢᠯᠠᠩᠭᠤᠶ᠎ᠠ ᠲᠣᠰᠬᠤᠨ᠎ᠤ ᠨᠠᠮ᠎ᠤᠨ ᠡᠭᠦᠷ᠎ᠤᠨ ᠱᠦᠵᠢ ᠵᠢ ᠰᠢᠯᠢᠳᠡᠭ ᠬᠦᠴᠦᠷᠬᠡᠭ᠎ᠢ ᠰᠣᠩᠭᠤᠬᠤ ᠬᠡᠷᠡᠭᠲᠡᠢ᠃ ᠦᠨᠳᠦᠰᠦᠨ ᠱᠠᠳᠤ ᠵᠢ ᠠᠳᠬᠤᠬᠤ᠂ ᠰᠠᠭᠤᠷᠢ ᠵᠢ ᠪᠠᠬᠢᠵᠢᠭᠦᠯᠬᠦ᠂ ᠦᠨᠳᠦᠰᠦᠨ ᠵᠦᠢ᠍ᠯ᠎ᠢ ᠪᠠᠬᠢᠵᠢᠭᠦᠯᠬᠦ ᠠᠵᠢᠯ᠎ᠤᠨ ᠤᠳᠤᠷᠢᠳᠤᠮᠵᠢ ᠵᠢ ᠲᠤᠪᠤᠶ᠋ᠢᠯᠭ᠋ᠠᠨ᠂ ᠡᠯ᠎ᠡ ᠲᠦᠷᠦᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠠᠵᠢᠯ ᠬᠢᠵᠦ ᠦᠢ᠍ᠯᠡᠰ ᠪᠤᠰᠬᠠᠬᠤ᠎ᠳᠤ ᠨᠡᠩ ᠰᠠᠶ᠋ᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ》 ᠭᠡᠵᠦ ᠴᠢᠬᠤᠯᠠᠴᠢᠯᠠᠪᠠ᠃
ᠡᠨᠡ ᠵᠢᠯ᠎ᠤᠨ 2 ᠰᠠᠷ᠎ᠠ ᠵᠢᠨ 7᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠾᠧᠪᠸᠢ ᠵᠢᠨ ᠫᠢᠩᠱ᠌ᠠᠨ ᠰᠢᠶᠠᠨ᠎ᠤ ᠰᠢ ᠪᠠᠢ ᠫᠦᠸᠧ ᠪᠠᠯᠭ᠋ᠠᠰᠤ ᠵᠢᠨ ᠪᠸᠢ ᠵᠤᠸᠠᠩ ᠲᠣᠰᠬᠤᠨ᠎ᠤ ᠪᠦᠬᠦ ᠨᠠᠮ᠎ᠤᠨ ᠭᠡᠰᠢᠭᠦᠨ᠎ᠳᠤ ᠬᠠᠷᠢᠭᠤ ᠵᠠᠬᠢᠳᠠᠯ ᠢᠯᠡᠭᠡᠬᠦ᠎ᠳᠡᠭᠡᠨ᠄ 《ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ᠂ ᠲᠠ ᠨᠠᠷ ᠨᠠᠮ᠎ᠤᠨ ᠲᠥᠪ ᠬᠤᠷᠢᠶᠠᠨ᠎ᠤ ᠤᠷᠢᠶᠠᠯᠠᠭ᠎ᠠ ᠵᠢ ᠡᠷᠡᠰ ᠴᠤᠤᠷᠢᠶᠠᠲᠤᠨ ᠲᠠᠭ᠋ᠠᠵᠥ᠂ ᠬᠤᠰᠢᠭᠤᠴᠢ ᠵᠢᠱ᠌ᠢᠶᠡᠴᠢ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠨᠤᠲᠤᠭ᠎ᠤᠨ ᠠᠬ᠎ᠠ ᠳᠡᠭᠦᠦ ᠨᠡᠷ ᠵᠶ᠋ᠠᠨ ᠨᠡᠩ ᠰᠠᠶ᠋ᠢᠲᠤᠷ ᠪᠦᠯᠬᠦᠮᠳᠡᠭᠦᠯᠦᠨ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠠᠮᠢᠳᠤᠷᠠᠯ ᠵᠶ᠋ᠠᠨ ᠨᠡᠩ ᠥᠭᠡᠳᠡᠯᠡᠭᠦᠯᠬᠦ ᠵᠢ ᠬᠦᠰᠡᠵᠦ ᠪᠠᠶ᠋ᠢᠨ᠎ᠠ》 ᠭᠡᠵᠦ ᠵᠢᠭ᠋ᠠᠵᠤ ᠭᠠᠷᠭ᠋ᠠᠪᠠ᠃
《ᠲᠠᠷᠢᠶᠠᠯᠠᠩ ᠪᠣᠯᠪᠠᠰᠤ ᠳᠡᠯᠡᠬᠡᠢ ᠳ᠋ᠠᠬᠢᠨ᠎ᠤ ᠶᠡᠭᠡ ᠦᠢ᠍ᠯᠡᠰ ᠪᠣᠯᠠᠢ》᠃ ᠪᠢᠳᠡᠨ᠎ᠳᠤ ᠨᠠᠮ᠎ᠤᠨ ᠤᠳᠤᠷᠢᠳᠤᠯᠭ᠎ᠠ ᠵᠢᠨ ᠤᠯᠤᠰ ᠲᠦᠷᠦ ᠵᠢᠨ ᠳᠠᠪᠠᠭᠤᠯᠢᠭ᠎ᠲᠠᠢ᠂ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠲᠠᠢ᠂ ᠲᠦᠭ ᠲᠦᠮᠡᠨ ᠲᠠᠷᠢᠶᠠᠴᠢᠨ᠎ᠤ ᠪᠦᠲᠦᠭᠡᠯᠴᠢ ᠵᠣᠷᠢᠭ ᠰᠠᠨᠠᠭ᠎ᠠ᠎ᠲᠠᠢ᠂ ᠬᠦᠴᠦᠷᠬᠡᠭ ᠶᠡᠭᠡ ᠠᠵᠤ ᠠᠬᠤᠢ ᠵᠢᠨ ᠪᠣᠳᠠᠲᠤ ᠬᠦᠴᠦᠨ᠎ᠤ ᠲᠤᠯᠭ᠋ᠠᠭᠤᠷᠢᠯᠠᠯ᠎ᠲᠠᠢ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠡᠨᠡ ᠬᠦ᠌ ᠶᠡᠭᠡ ᠶᠠᠪᠤᠳᠠᠯ᠎ᠢ ᠰᠠᠶ᠋ᠢᠲᠤᠷ ᠬᠢᠵᠦ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠴᠦ ᠪᠣᠯᠤᠨ᠎ᠠ᠃ ᠪᠢᠳᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠦᠷᠢᠶ᠎ᠡ ᠵᠢ ᠦᠷᠭᠦᠯᠵᠢᠯᠡᠨ ᠪᠠᠭ᠋ᠠᠰᠬᠠᠵᠤ᠂ ᠨᠡᠩ ᠬᠦᠴᠦᠲᠡᠢ ᠠᠷᠭ᠎ᠠ ᠬᠡᠮᠵᠢᠶ᠎ᠡ᠎ᠪᠠᠷ᠂ ᠨᠡᠩ ᠬᠦᠴᠦᠷᠬᠡᠭ ᠶᠡᠭᠡ ᠬᠦᠴᠦᠨ᠎ᠢ ᠨᠢᠭᠲᠠᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠣᠳᠣᠬᠢᠴᠢᠯᠠᠯᠲᠠ ᠵᠢᠨ ᠠᠯᠬᠤᠮ᠎ᠢ ᠲᠦᠷᠭᠡᠳᠬᠡᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠰᠦᠷᠯᠢᠭ ᠰᠠᠶ᠋ᠢᠬᠠᠨ ᠵᠢᠷᠤᠭ᠎ᠢ ᠴᠢᠷᠮᠠᠶ᠋ᠢᠨ ᠵᠢᠷᠤᠭᠯᠠᠶ᠎ᠠ!