ᠲᠤᠰ ᠰᠦᠯᠵᠢᠶᠡᠨ᠎ᠤ ᠮᠡᠳᠡᠭᠡ 5 ᠰᠠᠷ᠎ᠠ ᠵᠢᠨ 19᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠯᠢ ᠭᠦᠸᠧ ᠶᠢᠩ ᠶᠠᠮᠤᠨ᠎ᠤ ᠶᠠᠪᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠤᠰᠤᠨ ᠠᠰᠢᠭᠯᠠᠯᠲᠠ ᠵᠢᠨ ᠶᠠᠮᠤᠨ᠎ᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠬᠢᠨᠠᠨ ᠵᠥᠪᠯᠡᠪᠡ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠂ ᠲᠡᠦᠬᠡᠲᠦ ᠡᠭᠦᠷᠭᠡᠲᠦ ᠰᠡᠳᠬᠢᠯᠭᠡ ᠪᠠ ᠴᠠᠭ ᠪᠢᠳᠡᠨ᠎ᠢ ᠬᠦᠯᠢᠶᠡᠬᠦ ᠦᠭᠡᠢ ᠲᠤᠯᠭ᠋ᠠᠮ᠎ᠠ ᠰᠡᠳᠬᠢᠯᠭᠡ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶ᠋ᠢᠲᠤᠷ ᠠᠳᠬᠤᠬᠤ ᠬᠡᠷᠡᠭᠲᠡᠢ᠂ ᠪᠦᠬᠦ ᠬᠦᠴᠦ᠎ᠪᠠᠷ ᠵᠶ᠋ᠠᠨ ᠴᠢᠷᠮᠠᠶ᠋ᠢᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ ᠬᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠪᠠᠶ᠋ᠢᠯᠳᠤᠬᠤ ᠪᠣᠳᠣᠯᠭ᠎ᠠ ᠵᠢᠨ ᠪᠥᠬᠥ ᠲᠠᠯ᠎ᠠ ᠪᠠ ᠠᠯᠤᠰ ᠬᠡᠲᠦ ᠵᠢᠨ ᠬᠥᠭᠵᠢᠯᠲᠡ ᠵᠢᠨ ᠦᠨᠳᠦᠷᠴᠡ᠎ᠠᠴᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠠᠭᠤᠷᠢ ᠪᠣᠯᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠨᠤᠲᠠᠯᠠᠪᠠ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠭᠰᠡᠨ ᠨᠠᠨᠳᠢᠨ ᠲᠤᠷᠰᠢᠯᠭ᠎ᠠ ᠵᠢ ᠪᠦᠬᠦ ᠲᠠᠯ᠎ᠠ᠎ᠪᠠᠷ ᠳ᠋ᠦᠩᠨᠡᠵᠦ᠂ ᠤᠰᠤ ᠲᠠᠲᠠᠬᠤ ᠢᠨᠵᠧᠨᠧᠷᠢᠩ᠎ᠢ ᠦᠷᠭᠦᠯᠵᠢᠯᠡᠨ ᠰᠢᠨᠵᠢᠯᠡᠬᠦ ᠤᠬᠠᠭ᠋ᠠᠨᠴᠢ᠎ᠪᠠᠷ ᠲᠦᠯᠬᠢᠨ ᠠᠬᠢᠭᠤᠯᠬᠤ ᠶᠡᠷᠦᠩᠬᠡᠶ ᠱᠠᠭ᠋ᠠᠷᠳᠠᠯᠭ᠎ᠠ ᠵᠢ ᠲᠣᠳᠣᠷᠬᠠᠶ ᠳᠤᠷᠠᠳᠴᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠭᠦᠨᠵᠡᠭᠡᠶ ᠵᠠᠳᠠᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠭᠣᠣᠯᠳᠠᠯᠭ᠎ᠠ᠎ᠲᠠᠢ ᠡᠭᠦᠷᠭᠡ ᠵᠢ ᠰᠢᠰᠲ᠋ᠧᠮ᠎ᠲᠠᠢ ᠪᠠᠶ᠋ᠢᠷᠢᠯᠠᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠴᠢᠭᠯᠡᠯ᠎ᠢ ᠲᠣᠳᠣᠷᠬᠠᠶ ᠵᠢᠭ᠋ᠠᠵᠤ ᠥᠭᠬᠦᠨ ᠦᠨᠳᠦᠰᠦᠨ ᠵᠢᠷᠤᠮᠯᠠᠯ ᠬᠠᠩᠭ᠋ᠠᠬᠤ ᠬᠡᠷᠡᠭᠲᠡᠢ ᠬᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ᠂ ᠰᠠᠶ᠋ᠢᠲᠤᠷ ᠣᠶ᠋ᠢᠯᠠᠭ᠋ᠠᠵᠤ᠂ ᠰᠠᠶ᠋ᠢᠲᠤᠷ ᠲᠤᠭᠤᠰᠢᠯᠠᠭᠤᠯᠵᠤ᠂ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ ᠂ 《ᠤᠯᠤᠰ ᠤᠨ ᠶᠡᠬᠡ ᠶᠠᠪᠤᠳᠠᠯ 》 ᠬᠡᠬᠦ ᠤᠯᠤᠰ ᠲᠥᠷᠥ ᠵᠢᠨ ᠣᠪᠣᠷ ᠵᠶ᠋ᠠᠷ᠂ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠰᠠᠶ᠋ᠢᠲᠤᠷ ᠡᠭᠦᠷᠭᠡᠯᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠣᠳᠠᠲᠤ ᠦᠷ᠎ᠡ ᠪᠦᠲᠦᠮᠵᠢ ᠵᠢ 《ᠳᠥᠷᠪᠡᠨ ᠤᠬᠠᠮᠰᠠᠷ 》 ᠵᠶ᠋ᠠᠨ ᠴᠢᠩᠭ᠋ᠠᠳᠬᠠᠬᠤ᠂
《ᠳᠥᠷᠪᠡᠨ ᠢᠲᠡᠭᠡᠯ》 ᠵᠶ᠋ᠠᠨ ᠪᠠᠲᠤᠳᠬᠠᠬᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠪᠣᠳᠠᠲᠠᠶ ᠰᠢᠯᠭ᠋ᠠᠯᠲᠠ ᠪᠣᠯᠭ᠋ᠠᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭ᠋ᠠᠨ᠎ᠤ ᠮᠥᠨ ᠴᠢᠨᠠᠷ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠬᠤ ᠬᠡᠷᠡᠭᠲᠡᠢ; ᠬᠠᠷᠠᠯᠲᠠ᠎ᠪᠠᠨ ᠣᠨᠣᠴᠠᠲᠠᠶ ᠲᠣᠭᠲᠠᠭ᠋ᠠᠵᠤ᠂ ᠡᠭᠦᠷᠭᠡ᠎ᠪᠠᠨ ᠨᠠᠷᠢᠯᠢᠭᠵᠢᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠲᠠᠢ ᠨᠠᠷᠢᠨ ᠬᠢᠨᠠᠮᠠᠭ᠋ᠠᠶ ᠬᠠᠷᠭᠤᠭᠤᠯᠤᠨ ᠪᠠᠷᠢᠮᠵᠢᠶᠠᠯᠠᠵᠤ᠂ ᠨᠢᠭᠡ ᠨᠢᠭᠡ᠎ᠪᠠᠷ ᠲᠣᠳᠣᠷᠬᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ; ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠵᠣᠬᠢᠶᠠᠨ ᠪᠠᠶ᠋ᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠣᠯᠪᠣᠭᠳᠠᠯ ᠪᠥᠬᠥᠶ ᠴᠢᠬᠤᠯᠠ ᠶᠡᠬᠡ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠶ; ᠬᠠᠷᠢᠭᠤᠴᠠᠯᠭ᠎ᠠ ᠵᠢ ᠬᠥᠮᠦᠨ᠎ᠳᠤ᠎ᠨᠢ ᠨᠠᠢ᠌ᠳᠠᠪᠤᠷᠢᠵᠢᠭᠤᠯᠵᠤ᠂ ᠠᠵᠢᠯ᠎ᠢ ᠪᠣᠳᠠᠲᠠᠶ᠋ᠢᠵᠢᠭᠤᠯᠵᠤ᠂ ᠡᠭᠦᠷᠭᠡ ᠵᠢ ᠨᠠᠶ᠋ᠢᠳᠠᠪᠤᠷᠢᠵᠢᠭᠤᠯᠬᠤ ᠬᠠᠷᠢᠭᠤᠴᠠᠯᠭ᠋ᠠᠲᠤ ᠨᠢᠬᠡᠴᠢ᠂ ᠬᠠᠷᠢᠭᠤᠴᠠᠯᠭ᠋ᠠᠲᠠᠨ᠎ᠢ ᠲᠦᠷᠦᠯ ᠵᠦᠢ᠍ᠯ ᠳᠠᠷᠠᠭ᠋ᠠᠯᠠᠨ ᠲᠣᠳᠣᠷᠬᠠᠶ᠋ᠢᠯᠠᠵᠤ᠂ ᠠᠵᠢᠯ᠎ᠤᠨ ᠶᠠᠰᠤ ᠴᠢᠨᠠᠷ᠎ᠤᠨ ᠪᠠᠷᠢᠮᠵᠢᠶ᠎ᠠ ᠪᠣᠯᠤᠨ ᠰᠢᠯᠭ᠋ᠠᠨ ᠠᠪᠬᠤ ᠲᠣᠭᠲᠠᠴᠠ ᠵᠢ ᠲᠦᠷᠦᠯ ᠵᠦᠢ᠍ᠯ ᠳᠠᠷᠠᠭ᠋ᠠᠯᠠᠨ ᠲᠣᠳᠣᠷᠬᠠᠶ᠋ᠢᠯᠠᠵᠤ᠂ ᠭᠠᠷᠭ᠋ᠠᠭᠰᠠᠨ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠲᠥᠰᠦᠯ᠎ᠨᠢ ᠲᠡᠦᠬᠡ ᠪᠣᠯᠤᠨ ᠦᠢ᠍ᠯᠡᠳᠦᠯᠭᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠵᠢ ᠦᠨᠡᠨᠬᠦ ᠪᠠᠲᠤᠯᠠᠬᠤ ᠬᠡᠷᠡᠭᠲᠡᠶ; ᠡᠬᠡ ᠲᠠᠩᠰᠠ ᠪᠠᠶ᠋ᠢᠭᠤᠯᠵᠤ᠂ ᠬᠥᠳᠡᠯᠦᠩᠭᠦᠶ ᠬᠠᠮᠢᠶᠠᠷᠤᠯᠲᠠ ᠬᠢᠵᠦ᠂ ᠡᠭᠦᠷᠭᠡ᠎ᠪᠠᠨ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠠᠵᠢᠯ᠎ᠤᠨ ᠬᠤᠭᠤᠴᠠᠭ᠎ᠠ ᠵᠢ ᠡᠳᠦᠷ ᠳᠤᠭ᠋ᠠᠯᠠᠨ ᠵᠢᠭᠰᠠᠭ᠋ᠠᠵᠤ᠂ ᠵᠠᠩᠭᠢᠯᠠᠭ᠎ᠠ ᠵᠢᠨ ᠴᠡᠭ᠎ᠢ ᠡᠵᠡᠮᠳᠡᠨ᠂ ᠠᠵᠢᠯ᠎ᠤᠨ ᠠᠬᠢᠴᠠ ᠵᠢ ᠴᠠᠭ ᠲᠤᠬᠠᠶ᠎ᠳᠤᠨᠢ ᠡᠵᠡᠮᠰᠢᠬᠦ ᠬᠡᠷᠡᠭᠲᠡᠶ; ᠲᠤᠬᠢᠷᠠᠭᠤᠯᠭ᠎ᠠ᠎ᠪᠠᠨ ᠴᠢᠩᠭ᠋ᠠᠳᠬᠠᠵᠤ᠂ ᠬᠦᠴᠦᠲᠡᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠲᠡᠷᠡ ᠶᠣᠰᠣᠭ᠋ᠠᠷ᠎ᠨᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃