ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠰᠢᠷᠦᠭᠦᠨ ᠪᠣᠷᠣᠭ᠋ᠠᠨ᠎ᠢ ᠰᠡᠷᠭᠡᠶ᠋ᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠪᠡᠯᠡᠳᠬᠡᠯ ᠠᠵᠢᠯ᠎ᠢ ᠵᠥᠪᠳᠡᠯᠴᠡᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2021-05-25

      ᠲᠤᠰ ᠰᠦᠯᠵᠢᠶᠡᠨ᠎ᠤ ᠮᠡᠳᠡᠭᠡ 5 ᠰᠠᠷ᠎ᠠ ᠵᠢᠨ 22᠎ᠤᠨ ᠡᠳᠦᠷ᠂ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠤᠨ ᠡᠷᠬᠢᠯᠡᠭᠴᠢ ᠮᠠ ᠵᠢᠶᠠᠨ ᠬᠤᠸᠠ ᠦᠶᠡᠷ᠎ᠢ ᠰᠡᠷᠭᠡᠶ᠋ᠢᠯᠡᠬᠦ   ᠵᠦᠪᠳᠡᠯᠴᠡᠬᠦ   ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠶ᠋ᠢᠷ᠎ᠠ ᠵᠢᠨ ᠬᠤᠭᠤᠴᠠᠭ᠋ᠠᠨ᠎ᠤ ᠰᠠᠪᠠ ᠭᠠᠵᠠᠷ᠎ᠲᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠤ᠂ ᠶᠦᠨᠨᠠᠨ ᠮᠤᠵᠢ ᠵᠢᠨ ᠶᠠᠩ ᠪᠢ ᠰᠢᠶᠠᠨ ᠪᠣᠯᠤᠨ ᠬᠥᠬᠡᠨᠠᠭᠤᠷ ᠮᠤᠵᠢ ᠵᠢᠨ ᠮᠠ ᠳ᠋ᠥᠸᠧ ᠰᠢᠶᠠᠨ᠎ᠤ ᠭᠠᠵᠠᠷ ᠬᠥᠳᠡᠯᠦᠯᠲᠡ ᠵᠢᠨ ᠭᠠᠮᠰᠢᠭ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠵᠢᠨ ᠰᠢᠩ ᠫᠢᠩ ᠬᠤᠷᠠᠯ᠎ᠳᠤ ᠣᠷᠣᠯᠴᠠᠪᠠ᠃
      ᠤᠰᠤᠨ ᠵᠦᠶ ᠵᠢᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠰᠢᠷᠦᠭᠦᠨ ᠪᠣᠷᠣᠭ᠋ᠠᠨ᠎ᠤ ᠨᠥᠯᠥᠭᠡ᠎ᠪᠠᠷ᠂ ᠬᠣᠶᠠᠷ ᠨᠠᠭᠤᠷ᠎ᠤᠨ ᠤᠰᠤᠨ ᠰᠢᠰᠲ᠋ᠧᠮ᠎ᠤᠨ   ᠢᠷᠡᠯᠳᠡ ᠨᠡᠮᠡᠭᠳᠡᠪᠡ᠃ 22᠎ᠤᠨ ᠡᠳᠦᠷ᠎ᠤᠨ 14 ᠴᠠᠭ ᠪᠣᠯᠲᠠᠯ᠎ᠠ᠂ ᠬᠥᠬᠡᠮᠥ᠋ᠷᠡᠨ᠎ᠤ ᠰᠠᠪᠠ ᠭᠠᠵᠠᠷ᠎ᠲᠤ 5 ᠥᠷᠲᠡᠭᠡ ᠰᠡᠷᠡᠮᠵᠢ ᠵᠢᠨ ᠱᠤᠭᠤᠮ᠎ᠠᠴᠠ   ᠳᠠᠪᠠᠵᠤ᠂ ᠰᠡᠷᠡᠮᠵᠢ ᠵᠢᠨ ᠱᠤᠭᠤᠮ᠎ᠠᠴᠠ 0 . 091 . 30 ᠮᠧᠲᠷ ᠳᠠᠪᠠᠵᠤ᠂ ᠭᠤᠤᠯᠳᠠᠭᠤ ᠳ᠋ᠦᠩ ᠲᠢᠩ ᠬᠤ᠌ ᠨᠠᠭᠤᠷ᠎ᠤᠨ ᠰᠢᠶᠠᠩ ᠵᠢᠶᠠᠩ ᠮᠥᠷᠡᠨ᠂   ᠪᠦᠧᠧ ᠶᠠᠩ   ᠬᠤ᠌ ᠨᠠᠭᠤᠷ᠎ᠤᠨ ᠰᠢᠨ ᠵᠢᠶᠠᠩ ᠮᠥᠷᠡᠨ᠎ᠳᠤ ᠲᠠᠷᠬᠠᠵᠤ ᠪᠣᠶ᠃ ᠬᠥᠬᠡᠮᠥ᠋ᠷᠡᠨ᠎ᠤ ᠳᠤᠮᠳᠠᠳᠤ ᠳᠤᠤᠷᠠᠳᠤ ᠤᠷᠤᠰᠬᠠᠯ᠎ᠤᠨ ᠭᠤᠤᠯ ᠤᠷᠤᠰᠬᠠᠯ ᠵᠢᠴᠢ ᠬᠣᠶᠠᠷ ᠨᠠᠭᠤᠷ᠎ᠤᠨ ᠡᠵᠡᠮᠰᠢᠯ ᠥᠷᠲᠡᠭᠡ ᠵᠢᠨ ᠤᠰᠤᠨ ᠲᠦᠪᠰᠢᠨ ᠲᠦᠷᠭᠡᠨ ᠳᠡᠭᠡᠭᠰᠢᠯᠡᠵᠦ᠂ 22᠎ᠤᠨ ᠡᠳᠦᠷ᠎ᠤᠨ 14᠄ 00 ᠴᠠᠭ᠎ᠲᠤ ᠴᠢ ᠯᠢ ᠱᠠᠨ ᠠᠭᠤᠯᠠ᠂ ᠬᠠᠨᠺᠸᠤ᠂ ᠬᠤᠺᠸᠤ᠂ ᠳ᠋ᠠ ᠲᠦᠩ ᠥᠷᠲᠡᠭᠡ ᠵᠢᠨ ᠤᠰᠤᠨ ᠲᠦᠪᠰᠢᠨ ᠲᠣᠰ ᠲᠣᠰ 30 . 42 ᠮᠧᠲᠷ᠂ 23 . 69 ᠮᠧᠲᠷ᠂ 16 . 88 ᠮᠧᠲᠷ᠂ 11 . 50 ᠮᠧᠲᠷ ᠪᠣᠯᠵᠠᠶ᠂ ᠡᠭᠦᠨ᠎ᠳᠤ ᠴᠢ ᠯᠢ ᠱᠠᠨ ᠥᠷᠲᠡᠭᠡ ᠵᠢᠨ ᠤᠰᠤᠨ ᠲᠦᠪᠰᠢᠨ᠎ᠨᠢ 30 ᠵᠢᠯ᠎ᠤᠨ ᠲᠡᠦᠬᠡ ᠵᠢᠨ ᠠᠳᠠᠯᠢ ᠬᠤᠭᠤᠴᠠᠭ᠋ᠠᠨ᠎ᠤ ᠤᠰᠤᠨ ᠲᠦᠪᠰᠢᠨ᠎ᠤ ᠳᠣᠲᠣᠷ᠎ᠠ   ᠬᠤᠶᠠᠳᠤᠭ᠋ᠠᠷ ᠥᠨᠳᠥᠷ ᠪᠠᠶ᠋ᠢᠪᠠ᠃ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ 5 ᠰᠠᠷ᠎ᠠ ᠵᠢᠨ 22  ᠎ᠠᠴᠠ 28᠎ᠤ ᠡᠳᠦᠷ ᠪᠣᠯᠲᠠᠯ᠎ᠠ᠂ ᠦᠵᠢᠶᠠᠩ ᠮᠥᠷᠡᠨ᠂ ᠬᠥᠬᠡᠮᠥ᠋ᠷᠡᠨ᠎ᠤ ᠳᠤᠮᠳᠠᠳᠤ ᠳᠤᠤᠷᠠᠳᠤ ᠤᠷᠤᠰᠬᠠᠯ᠎ᠤᠨ ᠭᠤᠤᠯ ᠤᠷᠤᠰᠬᠠᠯ ᠵᠢᠴᠢ ᠡᠮᠦᠨᠡᠰᠢᠬᠢ ᠭᠠᠵᠠᠷ ᠣᠷᠣᠨ᠎ᠳᠤ 3 ᠤᠳᠠᠭ᠎ᠠ ᠪᠣᠷᠣᠭ᠋ᠠᠨ ᠣᠷᠣᠨ᠎ᠠ᠂ ᠪᠣᠷᠣᠭ᠋ᠠᠨ᠎ᠤ ᠬᠦᠴᠦᠯᠡᠴᠡ᠎ᠨᠢ ᠶᠡᠬᠡ ᠪᠣᠷᠣᠭ᠋ᠠᠨ ᠵᠶ᠋ᠠᠷ ᠭᠤᠤᠯᠯᠠᠵᠤ᠂ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠨ᠎ᠠ; ᠬᠥᠬᠡᠮᠥ᠋ᠷᠡᠨ᠎ᠤ ᠳᠤᠮᠳᠠᠳᠤ ᠳᠤᠤᠷᠠᠳᠤ ᠤᠷᠤᠰᠬᠠᠯ᠎ᠤᠨ ᠤᠰᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠢᠷᠡᠬᠦ 5 ᠡᠳᠦᠷ᠎ᠲᠤ ᠲᠣᠰ ᠲᠣᠰ ᠭᠤᠤᠯ ᠡᠵᠡᠮᠳᠡᠬᠦ ᠥᠷᠲᠡᠭᠡ ᠵᠢᠨ ᠶᠡᠷᠦᠩᠬᠡᠶ ᠥᠰᠥᠯᠲᠡ ᠵᠢᠨ ᠬᠡᠮᠵᠢᠶ᠎ᠡ᠎ᠨᠢ 1 . 01 . 8 ᠮᠧᠲᠷ ᠪᠣᠯᠤᠨ᠎ᠠ᠃
      ᠬᠤᠷᠠᠯ  ᠎ᠠᠴᠠ᠂ ᠣᠳᠣᠬᠠᠨ᠎ᠳᠤ ᠬᠥᠬᠡᠮᠥ᠋ᠷᠡᠨ᠎ᠤ ᠰᠠᠪᠠ ᠭᠠᠵᠠᠷ᠎ᠤᠨ ᠳ᠋ᠦᠩ ᠲᠢᠩ ᠬᠤ᠌ ᠨᠠᠭᠤᠷ᠂ ᠫᠦᠧᠧ ᠶᠠᠩ ᠬᠤ᠌ ᠨᠠᠭᠤᠷ᠎ᠤᠨ ᠬᠡᠰᠡᠭ ᠰᠠᠯᠪᠤᠷᠢ ᠤᠷᠤᠰᠬᠠᠯ ᠪᠠ   ᠯᠤ᠌ ᠱᠦᠢ ᠵᠢᠨ ᠦᠶᠡᠷ᠎ᠤᠨ ᠪᠠᠶ᠋ᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ ᠪᠠᠶ᠋ᠢᠬᠤ ᠪᠥᠭᠡᠳ ᠶᠦᠨᠨᠠᠨ ᠪᠠ ᠬᠥᠬᠡᠨᠠᠭᠤᠷ᠎ᠲᠤ ᠵᠠᠯᠭ᠋ᠠᠭ᠎ᠠ᠎ᠪᠠᠷ ᠭᠠᠵᠠᠷ ᠬᠥᠳᠡᠯᠦᠯᠲᠡ ᠡᠭᠦᠰᠴᠦ ᠪᠠᠶ᠋ᠢᠨ᠎ᠠ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠠ ᠨᠢᠭᠡᠴᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠡᠷᠭᠡᠶ᠋ᠢᠯᠡᠨ ᠬᠣᠷᠢᠭᠯᠠᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ᠃ ᠨᠢᠭᠡ᠎ᠳᠤ᠂ ᠤᠰᠤ ᠪᠣᠷᠣᠭ᠋ᠠᠨ᠎ᠤ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠢᠵᠢᠭᠦᠷᠯᠡᠨ ᠰᠠᠬᠢᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ᠃ ᠬᠣᠶᠠᠷ᠎ᠲᠤ᠂   ᠯᠤ᠌ ᠱᠦᠢ   ᠵᠢᠨ ᠤᠰᠤᠨ ᠴᠥᠭᠥᠷᠥᠮ᠎ᠤᠨ ᠤᠰᠤᠨ᠎ᠤ ᠪᠠᠶ᠋ᠢᠳᠠᠯ᠎ᠢ ᠴᠢᠩᠭ᠎ᠠ ᠠᠩᠬᠠᠷᠴᠤ᠂ ᠤᠷᠢᠳᠴᠢᠯᠠᠨ ᠮᠡᠳᠡᠭᠦᠯᠵᠦ ᠲᠣᠬᠢᠷᠠᠭᠤᠯᠬᠤ ᠲᠥᠰᠦᠯ᠎ᠳᠤ ᠦᠷᠭᠦᠯᠵᠢᠯᠡᠨ ᠵᠠᠰᠠᠪᠤᠷᠢ ᠣᠷᠣᠭᠤᠯᠵᠤ᠂ ᠦᠶᠡᠷ ᠵᠠᠯᠠᠬᠤ ᠪᠡᠯᠡᠳᠬᠡᠯ᠎ᠢ ᠰᠠᠶ᠋ᠢᠲᠤᠷ ᠬᠢᠵᠦ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠶᠦᠨᠨᠠᠨ ᠮᠤᠵᠢ ᠪᠣᠯᠤᠨ ᠬᠥᠬᠡᠨᠠᠭᠤᠷ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠵᠤ᠂ ᠭᠠᠵᠠᠷ ᠬᠥᠳᠡᠯᠦᠯᠲᠡ  ᠎ᠠᠴᠠ   ᠪᠤᠯᠵᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠣᠬᠢᠷᠠᠭᠰᠠᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠦ᠂ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠲᠣᠮᠢᠯᠠᠨ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠢ ᠲᠤᠰᠠᠯᠠᠬᠤ ᠡᠯ᠎ᠡ   ᠵᠦᠢ᠍ᠯ᠎ᠤᠨ ᠪᠡᠯᠡᠳᠬᠡᠯ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠬᠦ ᠬᠡᠷᠡᠭᠲᠡᠶ   ᠭᠡᠵᠦ ᠵᠦᠪᠳᠡᠯᠴᠡᠪᠡ᠃
      ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠤᠨ ᠳᠡᠳ᠋ ᠶᠡᠷᠦᠩᠬᠡᠢ ᠠᠵᠢᠯᠯᠠᠭᠴᠢ ᠴᠧᠨ ᠬᠦᠢ ᠶᠠ᠂ ᠬᠤᠸᠠᠩ ᠶᠠᠨ᠂ ᠨᠠᠮ᠎ᠤᠨ ᠬᠣᠷᠢᠶᠠᠨ᠎ᠤ ᠰᠡᠷᠭᠡᠶ᠋ᠢᠯᠡᠯᠲᠡ ᠵᠢᠨ   ᠲᠤᠪᠴᠢᠶ᠎ᠠ᠂ ᠤᠰᠤᠨ ᠵᠦᠢ ᠵᠢᠨ   ᠲᠤᠪᠴᠢᠶ᠎ᠠ᠂ ᠵᠢᠷᠤᠭ ᠲᠥᠯᠥᠪᠯᠡᠭᠡᠨ᠎ᠤ ᠬᠦᠷᠢᠶᠡᠯᠡᠩ ᠵᠡᠷᠭᠡ ᠰᠠᠯᠠᠭ᠎ᠠ ᠮᠥᠴᠢᠷ ᠪᠣᠯᠤᠨ   ᠨᠢᠬᠡᠴᠢ ᠵᠢᠨ ᠤᠳᠤᠷᠢᠳᠬᠤ ᠲᠤᠰᠬᠠᠢ ᠮᠡᠷᠭᠡᠵᠢᠯᠲᠡᠨ ᠵᠥᠪᠳᠡᠯᠴᠡᠭᠡ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠲᠠᠪᠤᠨ ᠵᠢᠯ ᠳᠠᠷᠠᠭ᠋ᠠᠯᠠᠨ ᠬᠤᠪᠸᠢ ᠮᠤᠵᠢ ᠵᠢᠨ 《ᠶᠠᠳᠠᠭᠤ ᠵᠢ ᠲᠡᠳᠬᠦᠬᠦ ᠠᠵᠢᠯ᠎ᠤᠨ ᠲᠣᠪᠣᠶ᠋ᠢᠮ᠎ᠠ ᠳᠡᠮᠵᠢᠯᠭᠡ ᠵᠢᠨ ᠨᠢᠭᠡᠴᠢ》 ᠵᠢᠨ ᠢᠷᠠᠭᠤ ᠠᠯᠳᠠᠷ᠎ᠢ ᠭᠥᠷᠳᠡᠪᠡ
ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠬᠣᠷᠢᠶ᠎ᠠ 《ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠵᠢᠨ ᠴᠠᠭ ᠦᠶ᠎ᠡ ᠵᠢᠨ ᠲᠡᠦᠬᠡ》 ᠵᠢ ᠲᠤᠰᠬᠠᠶ ᠰᠡᠳᠦᠪ ᠵᠶ᠋ᠠᠷ ᠰᠤᠷᠤᠯᠴᠠᠵᠤ ᠰᠤᠳᠤᠯᠤᠨ ᠶᠠᠷᠢᠯᠴᠠᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠍ᠢ᠍ᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠍ᠢ᠍ᠳᠡᠯᠡᠭᠦ ᠬᠤᠷᠠᠯ
ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠠᠶᠤᠯᠬᠦᠢ ᠦᠢ᠍ᠯᠡᠳᠪᠦᠷᠢᠯᠡᠯ᠎ᠢ ᠪᠠᠷᠢᠮᠵᠢᠶᠠᠵᠢᠭᠤᠯᠤᠭᠰᠠᠨ ᠪᠠᠷᠢᠮᠵᠢᠶ᠎ᠠ᠎ᠳᠤ ᠬᠦᠷᠦᠭᠰᠡᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠬᠦ ᠰᠠᠨᠠᠯ
 
            