ᠲᠤᠰ ᠰᠦᠯᠵᠢᠶᠡᠨ ᠤ ᠮᠡᠳᠡᠭᠡ 5 ᠰᠠᠷ᠎ᠠ ᠵᠢᠨ 21᠎ᠤ ᠡᠳᠦᠷ᠂ ᠬᠠᠢ ᠡᠾᠧ ᠵᠢᠨ ᠤᠰᠤᠨ ᠠᠰᠢᠭᠯᠠᠯᠳᠠ ᠵᠢᠨ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ (ᠥᠷᠭᠡᠳᠬᠡᠭᠰᠡᠨ) ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠤᠰᠬᠠᠢ ᠰᠡᠳᠦᠪ ᠵᠶ᠋ᠠᠷ ᠰᠤᠳᠤᠯᠤᠨ ᠪᠠᠶ᠋ᠢᠷᠢᠯᠠᠭᠤᠯᠪᠠ᠃ ᠬᠠᠢ ᠡᠾᠧ ᠵᠢᠨ ᠤᠰᠤᠨ ᠠᠰᠢᠭᠯᠠᠯᠳᠠ ᠵᠢᠨ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠍ᠢ᠍ᠯᠠᠩ᠎ᠤᠨ ᠱᠦᠵᠢ᠂ ᠡᠷᠬᠢᠯᠡᠭᠴᠢ ᠸᠠᠩ ᠸᠧᠨ ᠱᠧᠩ ᠬᠤᠷᠠᠯ᠎ᠢ ᠡᠷᠬᠢᠯᠡᠵᠦ ᠶᠠᠷᠢᠶ᠎ᠠ ᠳᠠᠯᠪᠢᠪᠠ᠃ ᠨᠠᠮ᠎ᠤᠨ ᠤᠳᠤᠷᠢᠳᠬᠤ ᠳᠤᠭᠤᠢ᠍ᠢ᠍ᠯᠠᠩ᠎ᠤᠨ ᠬᠡᠰᠢᠬᠦᠨ ᠬᠤ᠌ ᠽᠦᠧᠧ ᠯᠢᠶᠠᠩ᠂ ᠱ᠌ᠢ ᠰᠢᠤᠸᠠᠢ ᠵᠢᠶᠦ᠋ᠨ᠂ ᠯᠢᠦ ᠰᠢᠤᠸᠠᠢ ᠹᠧᠩ᠂ ᠵᠠᠩ ᠱᠧᠩ ᠬᠣᠩ᠂ ᠴᠢᠨ ᠬᠠᠢ ᠫᠧᠩ᠂ ᠮᠠ ᠲᠤᠤ ᠶᠠᠷᠢᠶ᠎ᠠ ᠲᠠᠯᠪᠢᠵᠤ ᠰᠠᠨᠠᠯ ᠵᠶ᠋ᠠᠨ ᠰᠤᠯᠢᠯᠴᠠᠵᠤ᠂ ᠬᠠᠢ ᠡᠾᠧ ᠵᠢᠨ ᠨᠠᠮ᠎ᠤᠨ ᠬᠤᠷᠢᠶ᠎ᠠ ᠵᠢᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠲᠢᠶᠠᠨ ᠶᠢᠦ᠂ ᠵᠢᠨ ᠬᠤᠸᠠᠢ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠲᠠᠯ᠎ᠠ᠎ᠳᠤ ᠦᠵᠡᠭᠦᠯᠦᠭᠰᠡᠨ ᠴᠢᠬᠤᠯᠠ ᠦᠢ᠍ᠯᠡᠳᠦᠯ᠎ᠢ ᠭᠦᠢ᠍ᠴᠡᠳ ᠨᠤᠲᠠᠯᠠᠵᠤ᠂ ᠮᠠᠨ᠎ᠤ ᠤᠯᠤᠰ᠎ᠤᠨ ᠴᠢᠬᠤᠯᠠ ᠶᠡᠬᠡ ᠰᠠᠪᠠ ᠭᠠᠵᠠᠷ ᠠᠯᠤᠰᠯᠠᠨ ᠤᠰᠤ ᠲᠠᠲᠠᠭᠰᠠᠨ ᠬᠣᠪᠣᠷ ᠨᠠᠨᠳᠢᠨ ᠲᠤᠷᠰᠢᠯᠭ᠎ᠠ ᠵᠢ ᠭᠦᠨᠵᠡᠭᠡᠶ ᠳ᠋ᠦᠩᠨᠡᠵᠦ᠂ ᠤᠰᠤ ᠲᠠᠲᠠᠬᠤ ᠢᠨᠵᠧᠨᠧᠷᠢᠩ᠎ᠢ ᠦᠷᠭᠦᠯᠵᠢᠯᠡᠨ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠬᠦ ᠶᠡᠷᠦᠩᠬᠡᠶ ᠱᠠᠭ᠋ᠠᠷᠳᠠᠯᠭ᠎ᠠ ᠵᠢ ᠲᠣᠳᠣᠷᠬᠠᠶ ᠳᠤᠷᠠᠳᠴᠤ᠂ ᠰᠢᠨ᠎ᠡ ᠪᠠᠶ᠋ᠢᠳᠠᠯ ᠳᠤᠤᠷ᠎ᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠭᠰᠠᠨ ᠪᠥᠭᠡᠳ ᠰᠢᠨ᠎ᠡ ᠴᠠᠭ ᠦᠶ᠎ᠡ ᠵᠢᠨ ᠬᠠᠢ ᠾᠧ ᠭᠤᠤᠯ᠎ᠤᠨ ᠰᠠᠪᠠ ᠭᠠᠵᠠᠷ᠎ᠤᠨ ᠤᠰᠤᠨ ᠠᠰᠢᠭᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ 《ᠤᠯᠤᠰ᠎ᠤᠨ ᠶᠡᠬᠡ ᠶᠠᠪᠤᠳᠠᠯ》 ᠳᠤ ᠰᠠᠨᠠᠭ᠎ᠠ ᠳᠠᠯᠪᠢᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠪᠣᠯᠤᠨ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ 《ᠭᠤᠷᠪᠠ ᠵᠢ ᠪᠠᠷᠢᠮᠵᠢᠶᠠᠯᠠᠬᠤ᠂ ᠨᠢᠭᠡ ᠵᠢ ᠲᠥᠯᠥᠪᠵᠢᠭᠦᠯᠬᠦ》 ᠲᠤᠰᠬᠠᠢ ᠠᠵᠢᠯᠯᠠᠭ᠎ᠠ᠎ᠲᠠᠢ ᠤᠶᠠᠯᠳᠤᠭᠤᠯᠵᠤ᠂ ᠨᠠᠷᠢᠨ ᠬᠢᠨᠠᠮᠠᠭ᠋ᠠᠢ ᠬᠠᠷᠭᠤᠭᠤᠯᠤᠨ ᠪᠠᠷᠢᠮᠵᠢᠶᠠᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠬᠦᠯᠢᠶᠡᠨ ᠠᠪᠴᠤ᠂ ᠨᠠᠶ᠋ᠢᠳᠠᠪᠤᠷᠢᠵᠢᠭᠤᠯᠤᠯᠲᠠ ᠵᠢ ᠨᠢᠭᠡᠳ ᠨᠢᠭᠡ᠎ᠪᠠᠷ ᠰᠠᠶ᠋ᠢᠲᠤᠷ ᠠᠳᠬᠤᠵᠤ᠂ 《ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ》 ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠬᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ᠎ᠬᠢᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨ᠊ ᠵᠭᠡᠳᠬᠡᠵᠦ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ ᠬᠠᠢ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠭᠦᠨᠵᠡᠭᠡᠢ ᠵᠠᠳᠠᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠬᠠᠢ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠵᠤ ᠠᠮᠤᠷ ᠲᠦᠪᠰᠢᠨ ᠵᠶ᠋ᠠᠷ ᠠᠰᠢᠭᠯᠠᠬᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠨᠢᠭᠡ᠎ᠳᠤ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠤᠰᠤ ᠠᠷᠪᠢᠯᠠᠬᠤ ᠵᠢ ᠬᠠᠢ ᠡᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠠᠷᠭ᠎ᠠ ᠵᠠᠮ ᠪᠣᠯᠭ᠋ᠠᠵᠤ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠤᠰᠤ ᠠᠷᠪᠢᠯᠠᠬᠤ ᠠᠵᠢᠯ᠎ᠢ ᠴᠢᠩᠭ᠋ᠠᠳᠬᠠᠵᠤ᠂ ᠤᠰᠤ ᠠᠷᠪᠢᠯᠠᠬᠤ ᠠᠵᠢᠯ᠎ᠢ ᠤᠷᠳᠤ ᠬᠤᠭᠤᠴᠠᠭ᠎ᠠ᠎ᠪᠠᠷ ᠭᠦᠨᠵᠡᠭᠡᠢ ᠰᠠᠶ᠋ᠢᠲᠤᠷ ᠬᠢᠬᠦ ᠬᠡᠷᠡᠭᠳᠡᠢ᠃ ᠬᠣᠶᠠᠷ᠎ᠲᠤ᠂ ᠤᠯᠤᠰ᠎ᠤᠨ ᠤᠰᠤᠨ ᠲᠤᠤᠷ᠎ᠤᠨ ᠴᠢᠬᠤᠯᠠ ᠶᠡᠬᠡ ᠢᠨᠵᠧᠨᠧᠷᠢᠩ᠎ᠳᠤ ᠲᠦᠰᠢᠭᠯᠡᠨ᠂ ᠰᠠᠪᠠ ᠭᠠᠵᠠᠷ᠎ᠤᠨ 《ᠬᠣᠶᠠᠷ ᠭᠤᠯᠳᠤ ᠵᠢᠷᠭᠤᠭ᠋ᠠᠨ ᠬᠥᠨᠳᠡᠯᠡᠨ》 ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠰᠢᠰᠲ᠋ᠧᠮ᠎ᠢ ᠲᠡᠭᠦᠯᠳᠡᠷᠵᠢᠭᠦᠯᠵᠦ᠂ ᠭᠤᠤᠯᠳᠠᠯᠭ᠎ᠠ᠎ᠲᠠᠢ ᠤᠰᠤᠨ ᠰᠤᠷᠪᠤᠯᠵᠢ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ ᠪᠠᠶ᠋ᠢᠯᠳᠤᠬᠤ ᠪᠣᠳᠣᠯᠭ᠎ᠠ ᠵᠢᠨ ᠨᠥᠭᠡᠴᠡ ᠵᠢ ᠴᠢᠩᠭ᠋ᠠᠳᠬᠠᠨ᠂ ᠪᠡᠭᠡᠵᠢᠩ᠂ ᠲᠢᠶᠠᠨᠵᠢᠨ ᠪᠣᠯᠤᠨ ᠰᠢᠶᠦᠢ᠍ᠩ ᠠᠨ ᠰᠢᠨ᠎ᠡ ᠲᠣᠭᠣᠷᠢᠭ ᠵᠡᠷᠭᠡ ᠴᠢᠬᠤᠯᠠ ᠬᠣᠲᠠ᠂ ᠭᠤᠤᠯᠳᠠᠯᠭ᠎ᠠ᠎ᠲᠠᠢ ᠣᠷᠣᠨ ᠪᠦᠰᠡ ᠵᠢᠨ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠬᠤ ᠬᠡᠷᠡᠭᠳᠡᠢ᠃ ᠭᠤᠷᠪᠠ᠎ᠳᠤ᠂ ᠤᠰᠤ ᠬᠠᠩᠭ᠋ᠠᠬᠤ ᠰᠦᠯᠵᠢᠶᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠣᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠲᠣᠬᠢᠷᠠᠭᠤᠯᠬᠤ ᠲᠦᠪᠰᠢᠨ᠎ᠢ ᠳᠡᠭᠡᠭᠰᠢᠯᠡᠭᠦᠯᠵᠦ᠂ ᠬᠣᠲᠠ ᠬᠥᠳᠡᠭᠡ ᠵᠢᠨ ᠤᠰᠤ ᠬᠠᠩᠭ᠋ᠠᠬᠤ ᠵᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠪᠠᠲᠤ ᠪᠡᠬᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠬᠠᠩᠭ᠋ᠠᠬᠤ ᠬᠡᠷᠡᠭᠳᠡᠢ᠃ ᠳᠥᠷᠪᠡ᠎ᠳᠤ᠂ ᠬᠡᠮᠵᠢᠶ᠎ᠡ ᠦᠷ᠎ᠡ ᠠᠰᠢᠭ ᠬᠣᠶᠠᠷ᠎ᠢ ᠬᠢᠵᠠᠭ᠋ᠠᠷᠯᠠᠬᠤ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠪᠠᠶ᠋ᠢᠭᠤᠯᠵᠤ᠂ ᠤᠰᠤᠨ᠎ᠤ ᠬᠡᠮᠵᠢᠶ᠎ᠡ᠎ᠪᠠᠷ ᠲᠣᠭᠲᠠᠭ᠋ᠠᠵᠤ᠂ ᠤᠰᠤᠨ᠎ᠤ ᠬᠡᠮᠵᠢᠶ᠎ᠡ᠎ᠪᠠᠷ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠵᠦᠶ ᠵᠣᠬᠢᠰᠲᠠᠶ ᠥᠨᠳᠥᠷ ᠪᠦᠲᠦᠮᠵᠢᠲᠡᠶ ᠠᠰᠢᠭᠯᠠᠬᠤ ᠵᠢ ᠭᠡᠳᠡᠷᠭᠦ ᠰᠢᠬᠠᠮᠳᠠᠭᠤᠯᠵᠤ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠬᠡᠲᠦᠷᠡᠲᠡᠯ᠎ᠡ ᠨᠡᠭᠡᠭᠡᠨ ᠠᠰᠢᠭᠯᠠᠬᠤ᠂ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠠᠪᠬᠤ ᠵᠡᠷᠭᠡ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠬᠦ ᠬᠡᠷᠡᠭᠳᠡᠢ᠃ ᠲᠠᠪᠤ᠎ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠤᠰᠤᠨ ᠰᠤᠷᠪᠤᠯᠵᠢ ᠵᠢᠨ ᠣᠷᠣᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠰᠤᠨ᠎ᠤ ᠬᠡᠮᠵᠢᠶ᠎ᠡ ᠵᠢ ᠪᠠᠲᠤᠯᠠᠵᠤ᠂ ᠶᠦᠩ ᠳ᠋ᠢᠩ ᠾᠧ ᠭᠣᠣᠯ᠂ ᠳ᠋ᠠ ᠴᠢᠩ ᠾᠧ ᠭᠣᠣᠯ᠂ ᠶᠡᠬᠡ ᠲᠠᠲᠠᠮᠠᠯ ᠭᠣᠣᠯ ᠵᠡᠷᠭᠡ ᠭᠣᠣᠯ ᠮᠥᠷᠡᠨ᠎ᠤ ᠪᠣᠬᠢᠷᠲᠤᠯ ᠦᠭᠡᠢ ᠠᠮᠢ ᠠᠬᠤᠢ ᠵᠢᠨ ᠬᠤᠩᠬᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠰᠠᠪᠠ ᠭᠠᠵᠠᠷ᠎ᠤᠨ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠳᠡᠢ᠃ ᠵᠢᠷᠭᠤᠭ᠎ᠠ᠎ᠳᠤ ᠤᠰᠤᠨ ᠠᠰᠢᠭᠯᠠᠯᠲᠠ ᠵᠢᠨ ᠶᠠᠮᠤᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠵᠢᠨ ᠶᠣᠰᠣᠭ᠋ᠠᠷ᠂ ᠵᠢᠮ᠎ᠡ ᠶᠣᠰᠣ ᠵᠢ ᠵᠢᠷᠤᠮᠯᠠᠬᠤ᠂ ᠠᠷᠪᠢᠲᠠᠶ ᠪᠥᠭᠡᠳ ᠵᠦᠢ ᠵᠣᠬᠢᠰᠲᠠᠶ ᠪᠠᠶ᠋ᠢᠬᠤ ᠵᠢ ᠪᠠᠷᠢᠮᠲᠠᠯᠠᠨ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠲᠥᠯᠥᠪᠵᠢᠭᠦᠯᠭᠡ ᠵᠢᠨ ᠬᠠᠶ᠋ᠢᠾᠧ ᠭᠣᠣᠯ᠎ᠤᠨ ᠰᠠᠪᠠ ᠭᠠᠵᠠᠷ᠎ᠢ ᠵᠢᠷᠤᠭᠯᠠᠨ ᠲᠥᠯᠥᠪᠯᠡᠬᠦ ᠬᠣᠯᠪᠣᠭᠳᠠᠯ ᠪᠦᠬᠦᠢ ᠠᠵᠢᠯ᠎ᠢ ᠢᠳᠡᠪᠬᠢᠲᠡᠶ᠎ᠪᠠᠷ ᠰᠠᠶ᠋ᠢᠲᠤᠷ ᠬᠢᠵᠦ᠂ ᠪᠠᠷᠢᠯᠭ᠎ᠠ ᠵᠢᠨ ᠲᠥᠰᠦᠯ᠎ᠤᠨ ᠲᠡᠦᠬᠡ ᠪᠣᠯᠤᠨ ᠦᠢ᠍ᠯᠡᠳᠦᠯᠭᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠵᠢ ᠦᠨᠡᠨᠬᠦ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃
ᠬᠤᠷᠠᠯ᠎ᠠᠴᠠ᠂ ᠤᠰᠤᠨ ᠠᠰᠢᠭᠯᠠᠯᠲᠠ ᠵᠢᠨ ᠶᠠᠮᠤᠨ᠎ᠤ ᠶᠡᠷᠦᠩᠬᠡᠢ ᠱᠦᠵᠢ ᠰᠢ ᠵᠢᠨ ᠫᠢᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠥᠰᠦᠯ ᠵᠶ᠋ᠠᠷ ᠵᠢᠯᠤᠭᠤᠳᠤᠯᠭ᠎ᠠ ᠪᠣᠯᠭ᠋ᠠᠬᠤ ᠬᠡᠷᠡᠭᠲᠡᠢ᠂ ᠲᠥᠰᠦᠯ᠎ᠤᠨ ᠠᠷᠭ᠎ᠠ ᠬᠡᠮᠵᠢᠶ᠎ᠡ ᠵᠢ ᠱᠠᠯᠠᠪᠳᠠᠨ ᠲᠣᠭᠲᠠᠭ᠋ᠠᠵᠤ᠂ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ᠲᠦᠷᠦᠭᠦᠯᠡᠨ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠺᠠᠳ᠋ᠷ ᠠᠵᠢᠯᠳᠠᠨ ᠠᠵᠢᠯᠴᠢᠨ ᠵᠶ᠋ᠠᠨ ᠵᠣᠬᠢᠶᠠᠨ ᠪᠠᠶ᠋ᠢᠭᠤᠯᠵᠤ ᠬᠢᠨᠠᠮᠠᠭ᠋ᠠᠢ ᠰᠤᠷᠤᠯᠴᠠᠬᠤ ᠬᠡᠷᠡᠭᠲᠡᠢ᠂ ᠭᠦᠨᠵᠡᠭᠡᠶ ᠰᠤᠷᠤᠯᠴᠠᠬᠤ᠂ ᠦᠷᠬᠦᠯᠵᠢᠯᠡᠭᠰᠡᠨ ᠰᠤᠳᠤᠯᠤᠯ᠂ ᠪᠦᠬᠦ ᠲᠠᠯ᠎ᠠ᠎ᠪᠠᠷ ᠣᠶ᠋ᠢᠯᠠᠭ᠋ᠠᠬᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ᠎ᠢ ᠣᠨᠣᠪᠴᠢᠲᠠᠢ ᠡᠵᠡᠮᠳᠡᠬᠦ ᠬᠡᠷᠡᠭᠲᠡᠢ᠂ ᠵᠣᠷᠢᠭ ᠰᠠᠨᠠᠭ᠋ᠠᠨ᠎ᠤ ᠮᠥᠨ ᠴᠢᠨᠠᠷ ᠪᠠ ᠦᠢ᠍ᠯᠡᠳᠦᠯᠬᠡ ᠵᠢᠨ ᠱᠠᠭ᠋ᠠᠷᠳᠠᠯᠭ᠎ᠠ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠶᠠᠪᠤᠴᠠ᠎ᠳᠤ ᠬᠡᠷᠡᠭᠯᠡᠵᠦ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ᠎ᠪᠠᠷ᠂ ᠪᠦᠬᠦ ᠬᠦᠴᠦ᠎ᠪᠠᠷ ᠵᠶ᠋ᠠᠨ ᠴᠢᠷᠮᠠᠶ᠋ᠢᠬᠤ᠂ ᠬᠣᠯᠪᠣᠭᠳᠠᠯ ᠪᠦᠬᠦᠢ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠬᠡᠵᠦ ᠱᠠᠭ᠋ᠠᠷᠳᠠᠪᠠ᠃
ᠬᠠᠢ ᠡᠾᠧ ᠵᠢᠨ ᠤᠰᠤᠨ ᠠᠰᠢᠭᠯᠠᠯᠳᠠ ᠵᠢᠨ ᠵᠦᠪᠯᠡᠯ᠎ᠤᠨ ᠡᠯ᠎ᠡ ᠰᠠᠯᠠᠭ᠎ᠠ ᠮᠥᠴᠢᠷ᠂ ᠵᠥᠪᠯᠡᠯ᠎ᠤᠨ ᠰᠢᠭᠤᠳ ᠬᠠᠷᠢᠶ᠎ᠠ ᠡᠯ᠎ᠡ ᠬᠠᠮᠢᠶᠠᠷᠤᠯᠲᠠ ᠵᠢᠨ ᠲᠣᠪᠴᠢᠶᠠᠨ᠎ᠤ ᠬᠠᠷᠢᠭᠤᠴᠠᠯᠭ᠋ᠠᠲᠠᠨ ᠬᠤᠷᠠᠯ᠎ᠳᠤ ᠰᠤᠯᠠ ᠣᠷᠣᠯᠴᠠᠪᠠ᠃